ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠵᠡᠪᠰᠡᠭᠲᠦ ᠴᠠᠭᠳᠠᠭ᠎ᠠ ᠵᠢᠨ ᠬᠤᠶᠠᠳᠤᠭ᠋ᠠᠷ ᠪᠡᠯᠡᠳᠬᠡᠯ ᠶᠡᠷᠦᠩᠬᠡᠶ ᠠᠩᠭᠢ ᠵᠢ ᠪᠠᠶ᠋ᠢᠴᠠᠭ᠋ᠠᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠴᠡᠷᠢᠭ ᠪᠣᠯᠪᠠᠰᠤᠷᠠᠭᠤᠯᠵᠤ ᠲᠡᠶ᠋ᠢᠨ᠎ᠳᠤ ᠪᠡᠯᠡᠳᠬᠡᠬᠦ ᠵᠢ ᠪᠥᠬᠦ ᠲᠠᠯ᠎ᠠ᠎ᠪᠠᠷ ᠴᠢᠩᠭ᠋ᠠᠳᠬᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ᠎ᠪᠠᠨ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠳᠡᠢ
ᠨᠡᠶ᠋ᠢᠲᠡᠯᠡᠭᠰᠡᠨ ᠴᠠᠭ᠄ 2021-03-29

      ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ 24᠎ᠤ ᠡᠳᠦᠷ ᠵᠡᠪᠰᠡᠭᠲᠦ ᠴᠠᠭᠳᠠᠭ᠎ᠠ ᠵᠢᠨ ᠬᠤᠶᠠᠳᠤᠭ᠋ᠠᠷ ᠪᠡᠯᠡᠳᠬᠡᠯ ᠶᠡᠷᠦᠩᠬᠡᠢ ᠠᠩᠬᠢ ᠵᠢ ᠪᠠᠶ᠋ᠢᠴᠠᠭ᠋ᠠᠨ ᠦᠵᠡᠪᠡ᠃ ᠲᠡᠷᠡ᠂ ᠵᠡᠪᠰᠡᠭᠲᠦ ᠴᠠᠭᠳᠠᠭ᠎ᠠ ᠵᠢᠨ ᠪᠡᠯᠡᠳᠬᠡᠯ ᠶᠡᠷᠦᠩᠬᠡᠢ ᠠᠩᠬᠢ ᠪᠣᠯ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠬᠥᠳᠡᠯᠦᠩᠭᠦᠢ ᠪᠠᠶ᠋ᠢᠯᠳᠤᠭ᠋ᠠᠨ ᠬᠢᠬᠦ ᠴᠢᠬᠤᠯᠠ ᠬᠦᠴᠦᠨ ᠮᠥᠨ᠂ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠰᠢᠨ᠎ᠡ ᠴᠠᠭ ᠦᠶ᠎ᠡ ᠵᠢᠨ ᠨᠠᠮ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠤᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠴᠡᠷᠢᠭ ᠪᠣᠯᠪᠠᠰᠤᠷᠠᠭᠤᠯᠵᠤ ᠲᠡᠶ᠋ᠢᠨ᠎ᠳᠤ ᠪᠡᠯᠡᠳᠬᠡᠬᠦ ᠵᠢ ᠪᠥᠬᠦ ᠲᠠᠯ᠎ᠠ᠎ᠪᠠᠷ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ᠎ᠪᠠᠨ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠴᠡᠷᠢᠭ ᠠᠩᠭᠢ ᠵᠢᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠦ᠂ ᠰᠢᠯᠢᠳᠡᠭ ᠠᠮᠵᠢᠯᠲᠠ᠎ᠪᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃


1.jpg


      ᠭᠤᠷᠪᠠᠨ ᠰᠠᠷ᠎ᠠ ᠵᠢᠨ ᠹᠦᠵᠢᠶᠠᠨ᠎ᠤ ᠡᠬᠡ ᠭᠠᠵᠠᠷ᠎ᠲᠤ᠂ ᠠᠭᠤᠯᠠ ᠤᠰᠤ ᠲᠤᠩᠭ᠋ᠠᠯᠠᠭ ᠰᠠᠶ᠋ᠢᠬᠠᠨ ᠪᠠᠶ᠋ᠢᠵᠤ᠂ ᠬᠠᠪᠤᠷ᠎ᠤᠨ ᠤᠷᠢ ᠪᠢᠯᠬᠠᠨ᠎ᠠ᠃ ᠦᠳᠡ ᠵᠢᠨ ᠡᠮᠦᠨᠡᠬᠢ 10 ᠴᠠᠭ 15 ᠮᠢᠨᠦ᠋ᠲ᠎ᠤᠨ ᠦᠶ᠎ᠡ᠎ᠪᠠᠷ᠂ ᠰᠢ ᠵᠢᠨ ᠫᠢᠩ ᠵᠡᠪᠰᠡᠭᠲᠦ ᠴᠠᠭᠳᠠᠭ᠎ᠠ ᠵᠢᠨ ᠬᠤᠶᠠᠳᠤᠭ᠋ᠠᠷ ᠪᠡᠯᠡᠳᠬᠡᠯ ᠶᠡᠷᠦᠩᠬᠡᠢ ᠠᠩᠬᠢ᠎ᠳᠤ ᠬᠦᠷᠪᠡ᠃ ᠵᠡᠪᠰᠡᠭᠲᠦ ᠴᠠᠭᠳᠠᠭ᠎ᠠ ᠵᠢᠨ ᠬᠤᠶᠠᠳᠤᠭ᠋ᠠᠷ ᠪᠡᠯᠡᠳᠬᠡᠯ ᠶᠡᠷᠦᠩᠬᠡᠶ ᠠᠩᠭᠢ ᠪᠣᠯ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠤᠮᠳᠠ ᠲᠣᠬᠢᠷᠠᠭᠤᠯᠤᠯᠲᠠ ᠬᠢᠵᠦ ᠪᠠᠶ᠋ᠢᠭᠤᠯᠤᠭᠰᠠᠨ ᠶᠤᠮ᠂ ᠣᠶ᠋ᠢᠷ᠎ᠠ ᠵᠢᠨ ᠵᠢᠯ᠎ᠤᠳ᠎ᠲᠤ ᠠᠯᠢ ᠣᠯᠠᠨ ᠪᠠᠴᠢᠮ ᠲᠤᠯᠭ᠋ᠠᠮ ᠪᠡᠷᠬᠡ ᠬᠠᠳᠠᠭᠤᠵᠢᠯᠳᠠᠢ ᠠᠶᠤᠯ ᠲᠦᠭᠰᠢᠭᠦᠷᠢᠲᠡᠢ ᠬᠦᠨᠳᠦ ᠡᠭᠦᠷᠭᠡ ᠵᠢ ᠭᠠᠷᠮᠠᠭ᠋ᠠᠶ ᠪᠡᠶᠡᠯᠡᠭᠦᠯᠪᠡ᠃ ᠰᠢ ᠵᠢᠨ ᠫᠢᠩ ᠴᠡᠷᠢᠭ ᠪᠤᠯᠪᠠᠰᠤᠷᠠᠭᠤᠯᠵᠤ ᠲᠠᠶ᠋ᠢᠨ᠎ᠳᠤ ᠪᠡᠯᠡᠳᠬᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠷᠭᠡᠨ᠎ᠠᠴᠠ ᠪᠠᠭᠤᠮᠠᠭᠴᠠ ᠴᠡᠷᠢᠭ ᠠᠩᠬᠢ ᠵᠢᠨ ᠪᠣᠯᠪᠠᠰᠤᠷᠠᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠪᠣᠯᠪᠠᠰᠤᠷᠠᠯ᠎ᠤᠨ ᠲᠠᠯᠠᠪᠠᠢ᠎ᠳᠤ᠂ ᠪᠤᠯᠪᠠᠰᠤᠷᠠᠯ᠎ᠤᠨ ᠠᠮᠠᠨ ᠲᠤᠬᠢᠶ᠎ᠠ ᠲᠠᠰᠤᠷᠠᠯᠳᠠ ᠦᠭᠡᠢ ᠰᠤᠨᠤᠰᠳᠠᠵᠤ᠂ ᠲᠤᠰᠬᠠᠢ᠍ᠢ᠍ᠵᠢᠭᠰᠠᠨ ᠲᠤᠨᠤᠭᠯᠠᠯ ᠲᠦᠬᠦᠭᠡᠷᠤᠮᠵᠢ ᠬᠦᠷᠴᠢᠭᠢᠨᠡᠨ ᠲᠤᠤᠭ᠋ᠠᠷᠴᠤ᠂ ᠴᠡᠷᠢᠭ᠎ᠤᠳ ᠶᠠᠭ᠋ᠠᠷᠠᠯᠲᠠᠢ ᠪᠤᠯᠪᠠᠰᠤᠷᠠᠵᠤ ᠪᠠᠶ᠋ᠢᠯ᠎ᠠ᠃ ᠰᠢ ᠵᠢᠨ ᠫᠢᠩ ᠳᠡᠯᠪᠡᠷᠡᠯᠲᠡ ᠵᠢ ᠰᠡᠷᠭᠡᠶ᠋ᠢᠯᠡᠬᠦ ᠪᠠᠭ᠋ᠠᠵᠢ ᠬᠡᠷᠡᠭᠰᠡᠯ᠎ᠤᠨ ᠬᠡᠷᠡᠭᠯᠡᠭᠡ᠂ ᠬᠢᠮᠢ ᠵᠢᠨ ᠵᠡᠪᠰᠡᠭ᠎ᠢ ᠰᠡᠷᠭᠡᠶ᠋ᠢᠯᠡᠨ ᠲᠠᠩᠨᠠᠨ ᠪᠠᠶ᠋ᠢᠴᠠᠭ᠋ᠠᠵᠤ ᠠᠷᠢᠭᠤᠳᠬᠠᠨ ᠠᠷᠢᠯᠭ᠋ᠠᠬᠤ᠂ ᠪᠠᠷᠢᠯᠭ᠎ᠠ ᠵᠢᠨ ᠮᠠᠰᠢᠨ ᠮᠧᠬᠠᠨᠢᠭ᠎ᠤᠨ ᠬᠡᠷᠡᠭᠯᠡᠭᠡ᠂ ᠬᠥᠭᠦᠷᠭᠡ ᠲᠠᠯᠪᠢᠬᠤ ᠵᠡᠷᠭᠡ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠳᠡᠰ ᠳᠠᠷᠠᠭ᠋ᠠᠯᠠᠨ ᠪᠠᠶ᠋ᠢᠴᠠᠭ᠋ᠠᠨ ᠦᠵᠡᠵᠦ᠂ ᠬᠤᠯᠪᠣᠭᠳᠠᠯ ᠪᠦᠬᠦᠢ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠢ ᠵᠢᠨ ᠫᠢᠩ ᠪᠠᠷᠢᠯᠭ᠎ᠠ ᠵᠢᠨ ᠮᠠᠰᠢᠨ ᠮᠧᠬᠠᠨᠢᠭ᠎ᠢ ᠠᠵᠢᠯᠯᠠᠭᠤᠯᠤᠭᠴᠢ᠎ᠲᠠᠢ ᠳᠣᠲᠣᠨᠣ᠎ᠪᠠᠷ ᠶᠠᠷᠢᠯᠴᠠᠵᠤ᠂ ᠤᠯᠠᠨ᠎ᠢ ᠰᠢᠷᠭ᠋ᠠᠭᠤ ᠬᠠᠲᠠᠭᠤᠵᠢᠯᠲᠠᠶ ᠪᠣᠯᠪᠠᠰᠤᠷᠠᠵᠤ᠂ ᠰᠢᠨᠵᠢᠯᠡᠬᠦ ᠤᠬᠠᠭ᠋ᠠᠨᠴᠢ᠎ᠪᠠᠷ ᠪᠣᠯᠪᠠᠰᠤᠷᠠᠵᠤ᠂ ᠡᠭᠦᠷᠭᠡ ᠭᠦᠢ᠍ᠴᠡᠳᠭᠡᠬᠦ ᠴᠢᠳᠠᠪᠤᠷᠢ᠎ᠪᠠᠨ ᠳᠡᠭᠡᠭᠰᠢᠯᠡᠭᠦᠯᠦᠭᠡᠷᠡᠶ ᠭᠡᠵᠦ ᠵᠣᠷᠢᠭᠵᠢᠭᠤᠯᠪᠠ᠃ ᠪᠣᠯᠪᠠᠰᠤᠷᠠᠯ᠎ᠤᠨ ᠲᠠᠯᠠᠪᠠᠢ᠎ᠠᠴᠠ ᠰᠠᠯᠬᠤ ᠦᠶ᠎ᠡ᠎ᠳᠤ᠂ ᠳᠠᠷᠤᠭ᠎ᠠ ᠪᠠᠶ᠋ᠢᠯᠳᠤᠭᠴᠢᠳ ᠲᠡᠷᠢ ᠲᠡᠭᠰᠢ ᠵᠢᠭᠰᠠᠨ᠂ ᠲᠡᠷᠢᠭᠦᠯᠡᠭᠴᠢ ᠰᠢ ᠵᠢᠨ ᠫᠢᠩ᠎ᠳᠤ ᠶᠣᠰᠣᠯᠠᠵᠤ᠂ 《ᠨᠠᠮ᠎ᠤᠨ ᠵᠢᠯᠤᠭᠤᠳᠤᠯᠭ᠎ᠠ ᠵᠢ ᠲᠠᠭ᠋ᠠᠵᠤ᠂ ᠢᠯᠠᠭᠤᠭᠰᠠᠨ ᠲᠠᠶ᠋ᠢᠨ ᠬᠢᠵᠦ᠂ ᠰᠢᠯᠢᠳᠡᠭ ᠰᠠᠶ᠋ᠢᠨ ᠰᠤᠷᠳᠠᠯ᠎ᠢ ᠪᠤᠢ ᠪᠤᠯᠭ᠋ᠠᠨ᠎ᠠ》 ᠭᠡᠵᠦ ᠲᠠᠭᠤᠨ ᠨᠢᠭᠡᠲᠡᠢ ᠬᠠᠰᠬᠢᠷᠪᠠ᠃
      ᠳᠠᠷᠠᠭ᠎ᠠ᠎ᠨᠢ᠂ ᠰᠢ ᠵᠢᠨ ᠫᠢᠩ ᠶᠡᠷᠦᠩᠬᠡᠶ ᠠᠩᠭᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠤᠰᠬᠠᠭᠰᠠᠨ ᠬᠠᠮ ᠵᠠᠭᠤᠴᠢᠯᠠᠭᠤᠷ᠎ᠤᠨ ᠹᠢᠯᠢᠮ᠎ᠢ ᠰᠤᠨᠢᠷᠬᠠᠵᠦ᠂ ᠸᠢᠳᠢᠣ᠋ ᠰᠢᠰᠲ᠋ᠧᠮ ᠵᠶ᠋ᠠᠷ ᠶᠡᠷᠦᠩᠬᠡᠶ ᠠᠩᠭᠢ ᠵᠢᠨ ᠬᠤᠯᠪᠣᠭᠳᠠᠯ ᠪᠥᠬᠦᠶ ᠡᠭᠦᠷᠭᠡ ᠵᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠰᠢ ᠵᠢᠨ ᠫᠢᠩ ᠴᠡᠷᠢᠭ ᠠᠩᠬᠢ ᠵᠢᠨ ᠪᠦᠳᠦᠬᠡᠨ ᠪᠠᠶ᠋ᠢᠭᠤᠯᠤᠯᠲᠠ ᠪᠣᠯᠤᠨ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠨᠤᠲᠠᠯᠠᠪᠠ᠃ ᠲᠡᠷᠡ᠂ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠡᠭᠦᠷᠭᠡ ᠵᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠨ᠂ ᠲᠥᠰᠦᠯ ᠵᠶ᠋ᠠᠨ ᠲᠡᠭᠦᠯᠳᠡᠷᠵᠢᠭᠦᠯᠵᠦ᠂ ᠬᠦᠴᠦᠨ᠎ᠤ ᠪᠡᠯᠡᠳᠬᠡᠯ᠎ᠢ ᠰᠠᠶ᠋ᠢᠲᠤᠷ ᠬᠢᠵᠦ᠂ ᠶᠠᠮᠠᠷᠪᠠ ᠪᠠᠶ᠋ᠢᠳᠠᠯ ᠲᠤᠯᠭ᠋ᠠᠷᠠᠭᠰᠠᠨ ᠴᠤ᠌ ᠲᠦᠷᠭᠡᠨ ᠪᠥᠭᠡᠳ ᠪᠦᠲᠦᠮᠵᠢᠲᠡᠢ ᠠᠷᠭ᠋ᠠᠴᠠᠭ᠋ᠠᠵᠤ᠂ ᠡᠭᠦᠷᠭᠡ᠎ᠪᠠᠨ ᠰᠠᠶ᠋ᠢᠲᠤᠷ ᠪᠡᠶᠡᠯᠡᠭᠦᠯᠬᠦ ᠵᠢ ᠪᠠᠳᠤᠯᠠᠬᠤ ᠬᠡᠷᠡᠭᠲᠡᠢ ᠬᠡᠵᠥ ᠴᠢᠬᠤᠯᠠᠴᠢᠯᠠᠪᠠ᠃
      ᠰᠢ ᠵᠢᠨ ᠫᠢᠩ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠴᠡᠷᠢᠭ᠎ᠤᠨ ᠪᠣᠯᠪᠠᠰᠤᠷᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠠᠶ᠋ᠢᠨ᠎ᠳᠤ ᠪᠡᠯᠡᠳᠬᠡᠵᠦ ᠪᠠᠶ᠋ᠢᠯᠳᠤᠭ᠋ᠠᠨ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠨ᠂ ᠪᠤᠲᠠᠲᠤ ᠪᠠᠶ᠋ᠢᠯᠳᠤᠭ᠋ᠠᠨ ᠪᠤᠳᠠᠳᠤ ᠪᠣᠯᠪᠠᠰᠤᠷᠠᠯ᠂ ᠬᠠᠮᠲᠤᠷᠠᠭᠰᠠᠨ ᠪᠠᠶ᠋ᠢᠯᠳᠤᠭ᠋ᠠᠨ ᠬᠠᠮᠳᠤᠷᠠᠭᠰᠠᠨ ᠪᠤᠯᠪᠠᠰᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠪᠣᠯᠪᠠᠰᠤᠷᠠᠯ᠎ᠢ ᠴᠢᠩᠭ᠋ᠠᠳᠬᠠᠬᠤ᠂ ᠬᠠᠤᠯᠢ ᠶᠣᠰᠣᠭ᠋ᠠᠷ ᠪᠣᠯᠪᠠᠰᠤᠷᠠᠯ᠎ᠢ ᠵᠠᠰᠠᠬᠤ ᠵᠢ ᠭᠦᠨᠵᠡᠭᠡᠢ ᠠᠬᠢᠭᠤᠯᠵᠤ᠂ ᠤᠯᠠᠨ ᠶᠠᠩᠵᠤᠲᠤ ᠡᠭᠦᠷᠭᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠬᠠᠨᠳᠤᠯᠭ᠋ᠠᠲᠤ ᠴᠢᠨᠠᠷᠲᠠᠢ ᠵᠣᠬᠢᠴᠠᠬᠤ ᠴᠢᠨᠠᠷᠲᠠᠢ ᠪᠣᠯᠪᠠᠰᠤᠷᠠᠯ᠎ᠢ ᠴᠢᠩᠭ᠋ᠠᠳᠬᠠᠵᠤ᠂ ᠨᠡᠶ᠋ᠢᠯᠡᠮᠡᠯ ᠲᠤᠰᠬᠠᠶ᠋ᠢᠵᠢᠭᠰᠠᠨ ᠪᠣᠯᠪᠠᠰᠤᠷᠠᠯ᠎ᠢ ᠴᠢᠩᠭ᠋ᠠᠳᠬᠠᠨ᠂ ᠰᠢᠨ᠎ᠡ ᠬᠦᠴᠦᠨ ᠰᠢᠨ᠎ᠡ ᠲᠣᠨᠣᠭᠯᠠᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠪᠣᠯᠪᠠᠰᠤᠷᠠᠯ᠎ᠤᠨ ᠶᠠᠰᠤ ᠴᠢᠨᠠᠷ ᠪᠣᠯᠤᠨ ᠲᠡᠰ ᠳᠠᠪᠬᠤᠷᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠪᠠᠶ᠋ᠢᠯᠳᠤᠭ᠋ᠠᠨ ᠵᠶ᠋ᠠᠷ ᠪᠦᠲᠦᠭᠡᠨ ᠪᠠᠶ᠋ᠢᠭᠤᠯᠤᠯᠲᠠ ᠵᠢ ᠬᠦᠲᠦᠯᠦᠨ ᠳᠠᠭ᠋ᠠᠭᠤᠯᠬᠤ᠂ ᠪᠣᠯᠪᠠᠰᠤᠷᠠᠯ ᠵᠶ᠋ᠠᠷ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠢ ᠪᠠᠷᠢᠮᠲᠠᠯᠠᠵᠤ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠬᠢ ᠵᠢᠨ ᠬᠡᠯᠪᠡᠷᠢ᠎ᠪᠠᠨ ᠬᠤᠪᠢᠷᠠᠭᠤᠯᠬᠤ ᠪᠦᠲᠦᠭᠡᠨ ᠪᠠᠶ᠋ᠢᠭᠤᠯᠤᠯᠳᠠ ᠵᠢᠨ ᠱᠠᠭ᠋ᠠᠷᠳᠠᠯᠭ᠎ᠠ ᠵᠢ ᠲᠤᠭᠤᠰᠢᠯᠠᠭᠤᠯᠤᠨ᠂ ᠶᠡᠷᠦᠩᠬᠡᠢ ᠠᠩᠬᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠲᠥᠯᠥᠪᠯᠡᠭᠡ ᠵᠢ ᠰᠠᠶ᠋ᠢᠲᠤᠷ ᠲᠣᠭᠲᠠᠭ᠋ᠠᠨ ᠬᠡᠷᠡᠭᠵᠢᠭᠦᠯᠵᠦ᠂ ᠴᠡᠷᠢᠭ ᠠᠩᠬᠢ ᠵᠢᠨ ᠣᠳᠣᠬᠢᠴᠢᠯᠠᠯᠲᠠ ᠵᠢᠨ ᠲᠦᠪᠰᠢᠨ ᠪᠣᠯᠤᠨ ᠪᠣᠳᠠᠲᠤ ᠪᠠᠶ᠋ᠢᠯᠳᠤᠭ᠋ᠠᠨ᠎ᠤ ᠴᠢᠳᠠᠪᠤᠷᠢ ᠵᠢᠨ ᠲᠦᠷᠭᠡᠨ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃


2.jpg


      ᠰᠢ ᠵᠢᠨ ᠫᠢᠩ᠂ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠪᠦᠬᠦ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ ᠵᠢ ᠴᠢᠩᠭ᠎ᠠ ᠠᠳᠬᠤᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠰᠠᠶ᠋ᠢᠲᠤᠷ ᠬᠢᠵᠦ᠂ ᠴᠡᠷᠢᠭ ᠠᠩᠬᠢ ᠵᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶ᠋ᠢᠳᠠᠪᠤᠷᠢᠲᠠᠢ ᠪᠠᠶ᠋ᠢᠵᠤ᠂ ᠥᠨᠢ ᠡᠭᠦᠷᠢᠳᠡ ᠨᠠᠮ ᠪᠣᠯᠤᠨ ᠠᠷᠠᠳ ᠲᠦᠮᠡᠨ᠎ᠤ ᠰᠢᠳᠤᠷᠭᠤ ᠬᠠᠮᠠᠭ᠋ᠠᠯᠠᠭᠴᠢ ᠪᠣᠯᠬᠤ ᠵᠢ ᠪᠠᠳᠤᠯᠠᠬᠤ ᠬᠡᠷᠡᠭᠲᠡᠢ᠃ ᠨᠠᠮ᠎ᠤᠨ ᠲᠥᠪ ᠬᠤᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠵᠤ᠂ ᠨᠠᠮ᠎ᠤᠨ ᠲᠡᠦᠬᠡ ᠵᠢ ᠰᠤᠷᠤᠯᠴᠠᠬᠤ᠂ ᠦᠵᠡᠯ ᠰᠠᠨᠠᠭ᠎ᠠ ᠵᠢ᠎ᠨᠢ ᠤᠬᠠᠪᠤᠷᠢᠯᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶ᠋ᠢᠳᠠᠯ᠎ᠢ ᠡᠭᠦᠳᠬᠦ ᠵᠢ ᠳᠣᠪᠤᠶ᠋ᠢᠯᠭ᠋ᠠᠨ᠂ ᠳᠠᠷᠤᠭ᠎ᠠ ᠪᠠᠶ᠋ᠢᠯᠳᠤᠭᠴᠢᠳ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠤᠪᠢᠰᠬᠠᠯ᠎ᠤᠨ ᠤᠯᠠᠮᠵᠢᠯᠠᠯ᠎ᠢ ᠵᠠᠯᠭ᠋ᠠᠮᠵᠢᠯᠠᠨ᠂ ᠴᠡᠷᠢᠭ᠎ᠢ ᠬᠦᠴᠦᠷᠬᠡᠭᠵᠢᠭᠦᠯᠬᠦ ᠬᠦᠨᠳᠦ ᠡᠭᠦᠷᠭᠡ ᠵᠢ ᠡᠭᠦᠷᠭᠡᠯᠡᠬᠦ ᠵᠢ ᠬᠥᠮᠦᠵᠢᠭᠦᠯᠤᠨ ᠵᠢᠯᠣᠭᠤᠳᠬᠤ ᠬᠡᠷᠡᠭᠲᠡᠶ᠃ ᠰᠠᠭᠤᠷᠢ ᠵᠢ ᠪᠠᠲᠤᠳᠬᠠᠨ ᠦᠨᠳᠦᠰᠦ ᠵᠢ ᠪᠠᠬᠢᠵᠢᠭᠦᠯᠬᠦ ᠵᠢ ᠪᠠᠷᠢᠮᠲᠠᠯᠠᠵᠤ᠂ ᠴᠥᠬᠦᠷᠡᠰᠢ ᠦᠭᠡᠢ᠎ᠪᠠᠷ ᠦᠨᠳᠦᠰᠦᠨ ᠱᠠᠳᠤ ᠵᠢ ᠠᠳᠬᠤᠨ ᠰᠠᠭᠤᠷᠢ ᠲᠠᠯᠪᠢᠵᠤ᠂ ᠴᠡᠷᠢᠭ ᠠᠩᠬᠢ ᠵᠢᠨ ᠬᠥᠮᠦᠵᠢᠯ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯ ᠵᠶ᠋ᠠᠷ ᠳᠠᠷᠤᠭ᠎ᠠ ᠪᠠᠶ᠋ᠢᠯᠳᠤᠭᠴᠢᠳ᠎ᠤᠨ ᠬᠦᠴᠢᠷ ᠵᠣᠪᠠᠭᠤᠷᠢ ᠵᠢ ᠰᠢᠢ᠍ᠳᠪᠦᠷᠢᠯᠡᠠ ᠦᠭᠴᠤ᠂ ᠪᠠᠳᠤ ᠴᠢᠩᠭ᠎ᠠ ᠦᠨᠳᠦᠰᠦᠨ ᠱᠠᠳᠤ ᠵᠢ ᠪᠦᠬᠦ ᠲᠠᠯ᠎ᠠ᠎ᠪᠠᠷ ᠪᠦᠳᠦᠬᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢᠤᠢ ᠴᠢ ᠯᠢᠶᠠᠩ ᠨᠠᠷ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠦᠬᠦ ᠤᠯᠤᠰ᠎ᠤᠨ ᠬᠠᠷ᠎ᠠ ᠪᠦᠯᠦᠭᠲᠡᠡ ᠬᠠᠷᠬᠢᠰ ᠬᠦᠴᠤᠠ᠎ᠢ ᠠᠷᠢᠯᠭ᠋ᠠᠬᠤ ᠲᠤᠰᠬᠠᠢ ᠲᠡᠮᠡᠴᠡᠯ᠎ᠢ ᠳ᠋ᠦᠩᠨᠡᠵᠥ ᠬᠦᠬᠢᠭᠦᠯᠦᠨ ᠰᠠᠢ᠍ᠢ᠍ᠰᠢᠶᠠᠬᠤ ᠶᠡᠬᠡ ᠬᠤᠷᠠᠯ᠎ᠳᠤ ᠤᠷᠤᠯᠴᠠᠭᠰᠠᠠ ᠲᠦᠯᠦᠭᠡᠯᠡᠭᠴᠢᠳ᠎ᠲᠠᠢ ᠠᠭᠤᠯᠵᠠᠵᠠᠢ ᠸᠠᠩ ᠬᠤ᠌ ᠨᠢᠩ ᠵᠤᠤ ᠯᠸ ᠵᠢᠢ ᠠᠭᠤᠯᠵᠠᠯᠲᠠ᠎ᠳᠤ ᠤᠷᠤᠯᠴᠠᠪᠠ
ᠰᠢ ᠵᠢᠨ ᠫᠢᠩ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠡᠢ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠡ ᠬᠤᠷᠠᠯ ᠬᠤᠷᠠᠯᠳᠤᠭᠤᠯᠵᠤ ᠰᠢ ᠵᠢᠨ ᠫᠢᠩ ᠬᠤᠷᠠᠯ᠎ᠢ ᠡᠷᠬᠢᠯᠡᠵᠠᠢ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ 《ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠤᠨ ᠳᠠᠢ᠍ᠢ᠍ᠴᠢᠯᠠᠯᠳᠠ ᠵᠢᠨ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠢ᠍ᠢ᠍ᠳᠡᠯᠡᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠡᠷᠭᠡ ᠵᠢ ᠨᠡᠶ᠋ᠢᠲᠡᠯᠡᠪᠡ
 
            