ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠡᠢ
ᠨᠡᠶ᠋ᠢᠲᠡᠯᠡᠭᠰᠡᠨ ᠴᠠᠭ᠄ 2021-03-31

      ᠰᠢ ᠵᠢᠨ ᠫᠢᠩ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠬᠤᠪᠢᠰᠬᠠᠯ᠎ᠤᠨ ᠲᠡᠤᠬᠡ ᠵᠢᠨ ᠲᠤᠷᠠᠰᠬᠠᠯᠲᠦ ᠵᠦᠢ᠍ᠯᠡᠰ᠎ᠢ ᠦᠨᠡᠨ ᠬᠦ᠌ ᠰᠠᠶ᠋ᠢᠲᠤᠷ ᠬᠠᠮᠠᠭ᠋ᠠᠯᠠᠵᠤ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠵᠦ ᠥᠷᠭᠡᠨ ᠤᠯᠠᠨ ᠺᠠᠳ᠋ᠷ ᠤᠯᠠᠨ ᠲᠦᠮᠡᠨ᠎ᠤ ᠤᠶᠤᠨ ᠰᠠᠨᠠᠭ᠋ᠠᠨ᠎ᠤ ᠬᠦᠴᠦᠨ ᠴᠢᠳᠠᠯ᠎ᠢ ᠪᠠᠳᠠᠷᠠᠭᠤᠯᠬᠤ ᠬᠡᠷᠡᠭᠲᠡᠢ

      ᠰᠢᠨᠬᠤᠸᠠ ᠬᠤᠷᠢᠶᠠᠠ᠎ᠤ ᠪᠡᠭᠡᠵᠢᠩ᠎ᠤᠨ 3 ᠰᠠᠷ᠎ᠠ ᠵᠢᠨ 30᠎ᠤ ᠴᠠᠬᠢᠯᠭ᠋ᠠᠠ ᠮᠡᠲᠡᠭᠡ  ᠨᠠᠮ᠎ᠤᠨ ᠲᠦᠪ ᠬᠤᠷᠢᠶᠠᠠ᠎ᠤ ᠶᠡᠷᠦᠩᠭᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ᠎ᠳᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠨᠢ ᠨᠠᠮ ᠪᠠ ᠠᠷᠠᠳ ᠲᠦᠮᠡᠨ᠎ᠤ ᠡᠷᠡᠯᠬᠡᠭ ᠪᠠᠭ᠋ᠠᠲᠤᠷᠯᠢᠭ ᠵᠶ᠋ᠡᠷ ᠲᠡᠮᠡᠴᠡᠭᠰᠡᠨ ᠢᠷᠠᠭᠤ ᠠᠯᠳᠠᠷᠲᠤ ᠲᠡᠦᠬᠡ ᠵᠢ ᠠᠴᠢᠶᠠᠯᠠᠵᠤ᠂ ᠳᠤᠮᠳᠠᠳᠤ ᠤᠯᠤᠰ᠎ᠤᠨ ᠬᠤᠪᠢᠰᠬᠠᠯ᠎ᠤᠨ ᠠᠭᠤᠤ ᠶᠡᠬᠡ ᠦᠩᠭᠡᠷᠡᠯᠳᠡ ᠪᠠ ᠬᠦᠮᠦᠰ᠎ᠤᠨ ᠰᠡᠳᠬᠢᠯ᠎ᠢ ᠬᠥᠳᠡᠯᠭᠡᠮ᠎ᠡ ᠦᠢ᠍ᠯᠡ ᠶᠠᠪᠤᠳᠠᠯ᠎ᠢ ᠲᠡᠮᠳᠡᠭᠯᠡᠵᠦ᠂ ᠨᠠᠮ ᠪᠠ ᠤᠯᠤᠰ᠎ᠤᠨ ᠡᠷᠬᠢᠮ ᠨᠠᠨᠳᠢᠨ ᠦᠪ ᠬᠦᠷᠦᠩᠭᠡ ᠮᠥᠨ᠂ ᠬᠤᠪᠢᠰᠬᠠᠯᠲᠤ ᠤᠯᠠᠮᠵᠢᠯᠠᠯ ᠪᠠ ᠬᠤᠪᠢᠰᠬᠠᠯᠳᠤ ᠰᠣᠶᠣᠯ᠎ᠢ ᠪᠠᠳᠠᠷᠠᠭᠤᠯᠬᠤ᠂ ᠨᠡᠶ᠋ᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠬᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠥᠭᠵᠢᠭᠡᠬᠦ ᠠᠮᠢᠳᠤᠯᠢᠭ ᠵᠢᠭ᠋ᠠᠬᠤ ᠮᠠᠲ᠋ᠧᠷᠢᠶᠠᠯ ᠮᠦᠨ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠠᠰᠢᠠᠠᠯᠠᠬᠤ ᠵᠢ ᠴᠢᠩᠭ᠋ᠠᠳᠬᠠᠵᠤ᠂ ᠬᠤᠪᠢᠰᠬᠠᠯᠲᠦ ᠰᠣᠶᠣᠯ᠎ᠢ ᠪᠠᠳᠠᠷᠠᠭᠤᠯᠤᠨ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠬᠤ ᠪᠣᠯ ᠪᠦᠬᠦ ᠨᠠᠮ ᠪᠦᠬᠦ ᠨᠡᠶ᠋ᠢᠭᠡᠮ᠎ᠤᠨ ᠬᠠᠮᠲᠤ ᠵᠢᠨ ᠬᠠᠷᠢᠭᠤᠴᠠᠯᠭ᠎ᠠ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠤᠯᠤᠨ ᠵᠠᠰᠠᠭ᠎ᠤᠨ ᠣᠷᠳᠣᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠠᠰᠢᠠᠠᠯᠠᠬᠤ ᠠᠵᠢᠯ᠎ᠢ ᠡᠳᠦᠷ ᠲᠤᠳᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠤᠨ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠦᠨᠡᠨ ᠬᠦ᠌ ᠰᠠᠶ᠋ᠢᠲᠤᠷ ᠬᠠᠮᠠᠭ᠋ᠠᠯᠠᠵᠤ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠵᠤ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠂ ᠬᠤᠪᠢᠰᠬᠠᠯᠲᠦ ᠤᠯᠠᠮᠵᠢᠯᠠᠯ᠎ᠤᠨ ᠬᠥᠮᠦᠵᠢᠯ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ ᠵᠡᠷᠭᠡ ᠲᠠᠯ᠎ᠠ᠎ᠳᠠᠬᠢ ᠴᠢᠬᠤᠯᠠ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠤᠶᠤᠨ ᠰᠠᠨᠠᠭ᠋ᠠᠨ᠎ᠤ ᠬᠦᠴᠦᠨ ᠴᠢᠳᠠᠯ᠎ᠢ ᠪᠠᠳᠠᠷᠠᠭᠤᠯᠤᠨ᠂ ᠢᠲᠡᠭᠡᠯ ᠲᠡᠭᠦᠯᠲᠡᠷ ᠵᠶ᠋ᠠᠷ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠪᠠᠷ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠪᠦᠬᠦ ᠤᠯᠤᠰ᠎ᠤᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠬᠤᠷᠠᠯ 30᠎ᠤ ᠡᠳᠦᠷ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠰᠦᠨ ᠴᠦᠨ ᠯᠠᠨ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠪᠠ᠃
      ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠬᠤᠸᠠᠩ ᠺᠦᠨ ᠮᠢᠩ ᠬᠤᠷᠠᠯ ᠳᠡᠭᠡᠷ᠎ᠡ ᠶᠠᠷᠢᠶ᠎ᠠ ᠲᠠᠯᠪᠢᠬᠤ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠎ᠨᠢ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠬᠠᠷᠠᠯᠲᠠ ᠡᠭᠦᠷᠭᠡ ᠪᠣᠯᠤᠨ ᠦᠨᠳᠦᠰᠦᠨ ᠱᠠᠭ᠋ᠠᠷᠳᠠᠯᠭ᠎ᠠ ᠵᠢ ᠭᠦᠨᠵᠡᠭᠡᠶ ᠲᠣᠳᠣᠷᠬᠠᠶ᠋ᠢᠯᠠᠨ ᠥᠭᠦᠯᠡᠵᠦ᠂ ᠰᠢ ᠵᠢᠨ ᠫᠢᠩ ᠨᠥᠬᠥᠷ ᠵᠶ᠋ᠡᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠬᠤᠪᠢᠰᠬᠠᠯ᠎ᠤᠨ ᠲᠡᠦᠬᠡ ᠵᠢ ᠭᠡᠷᠡᠴᠢᠯᠡᠬᠦ᠂ ᠬᠤᠪᠢᠰᠬᠠᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ᠎ᠪᠠᠷ᠎ᠬᠢ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠲᠠᠨᠢᠵᠤ᠂ ᠰᠢᠨ᠎ᠡ ᠴᠠᠭ ᠦᠶ᠎ᠡ ᠰᠢᠨ᠎ᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠠᠮᠠᠭ᠋ᠠᠯᠠᠬᠤ ᠬᠠᠮᠢᠶᠠᠷᠬᠤ ᠬᠡᠷᠡᠭᠯᠡᠬᠦ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠪᠣᠯᠤᠨ ᠵᠢᠶᠠᠩᠰᠢ᠂ ᠱᠠᠨᠰᠢ᠂ ᠬᠤᠨᠠᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠦᠬᠦᠳ ᠶᠡᠬᠡ ᠬᠤᠷᠠᠯ ᠳᠡᠭᠡᠷ᠎ᠡ ᠦᠭᠡ ᠬᠡᠯᠡᠪᠠ᠃
      ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠠᠰᠢᠠᠠᠯᠠᠬᠤ ᠭᠠᠵᠠᠷ ᠣᠷᠣᠨ᠎ᠤ ᠲᠥᠯᠥᠭᠡᠯᠡᠭᠴᠢ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠰᠬᠠᠢ ᠮᠡᠷᠭᠡᠵᠢᠯᠲᠡᠨ᠎ᠤ ᠲᠥᠯᠥᠭᠡᠯᠡᠭᠴᠢ ᠨᠡᠷ ᠬᠤᠷᠠᠯ᠎ᠳᠤ ᠣᠷᠣᠯᠴᠠᠪᠠ᠃

 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠡ ᠬᠤᠷᠠᠯ ᠬᠤᠷᠠᠯᠳᠤᠭᠤᠯᠵᠤ ᠰᠢ ᠵᠢᠨ ᠫᠢᠩ ᠬᠤᠷᠠᠯ᠎ᠢ ᠡᠷᠬᠢᠯᠡᠵᠠᠢ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ 《ᠨᠠᠮ᠎ᠤᠨ ᠳᠡᠥᠬᠡ ᠵᠢᠨ ᠰᠤᠷᠤᠯᠴᠠᠯᠭ᠎ᠠ ᠬᠦᠮᠦᠵᠢᠯ᠎ᠤᠨ ᠳᠠᠢ᠍ᠢ᠍ᠴᠢᠯᠠᠯᠳᠠ ᠵᠢᠨ ᠶᠡᠬᠡ ᠬᠤᠷᠠᠯ ᠳᠡᠭᠡᠷᠡᠬᠢ ᠶᠠᠷᠢᠶ᠎ᠠ》 ᠵᠢ ᠨᠡᠢ᠍ᠢ᠍ᠳᠡᠯᠡᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ ᠵᠡᠷᠭᠡ ᠵᠢ ᠨᠡᠶ᠋ᠢᠲᠡᠯᠡᠪᠡ
ᠰᠢ ᠵᠢᠨ ᠫᠢᠩ ᠴᠠᠬᠢᠯᠭ᠋ᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠵᠢᠨ ᠸᠢᠶᠸᠲᠨᠠᠮ᠎ᠤᠨ ᠤᠯᠤᠰ᠎ᠤᠨ ᠲᠡᠷᠢᠬᠦᠯᠡᠭᠴᠢ᠎ᠪᠠᠷ ᠰᠤᠨᠭ᠌ᠭᠤᠬᠳᠠᠬᠰᠡᠨ᠎ᠳᠤ ᠪᠠᠶᠠᠷ ᠬᠦᠷᠭᠡᠪᠡ
ᠰᠢ ᠵᠢᠨ ᠫᠢᠩ ᠨᠡᠶ᠋ᠢᠰᠯᠡᠯ᠎ᠤᠨ ᠠᠯᠪᠡᠨ ᠵᠢᠷᠤᠮ᠎ᠤᠨ ᠮᠤᠳᠤ ᠲᠠᠷᠢᠬᠤ ᠠᠵᠢᠯᠯᠠᠭ᠎ᠠ᠎ᠳᠤ ᠤᠷᠤᠯᠴᠠᠬᠤ᠎ᠳᠠᠭᠠᠨ ᠴᠢᠬᠤᠯᠠᠴᠢᠯᠠᠬᠰᠠᠨ᠎ᠨᠢ᠄ ᠬᠦᠮᠦᠨ ᠪᠤᠯᠭ᠋ᠠᠨ ᠡᠪᠡᠰᠤ ᠮᠤᠳᠤ ᠵᠢ ᠬᠠᠶ᠋ᠢᠷᠠᠯᠠᠬᠤ ᠲᠠᠷᠢᠬᠤ ᠬᠠᠮᠠᠭ᠋ᠠᠯᠠᠬᠤ ᠪᠤᠯᠪᠠᠰᠤᠨ ᠬᠡᠪ ᠰᠤᠷᠳᠠᠯ᠎ᠢ ᠰᠠᠨᠠᠭ᠋ᠠᠴᠢᠯᠠᠵᠦ ᠬᠦᠮᠦᠨ ᠪᠤᠯᠤᠨ ᠪᠠᠶ᠋ᠢᠭ᠋ᠠᠯᠢ ᠡᠶ᠎ᠡ ᠵᠤᠬᠢᠴᠠᠩᠭᠤᠢ ᠬᠠᠮᠳᠤ᠎ᠪᠠᠷ ᠤᠷᠤᠰᠢᠬᠤ ᠦᠵᠡᠰᠬᠦᠯᠡᠩᠳᠦ ᠰᠠᠶ᠋ᠢᠬᠠᠨ ᠭᠡᠷ ᠤᠷᠤᠨ᠎ᠢ ᠬᠠᠮᠳᠤ᠎ᠪᠠᠷ ᠪᠦᠳᠦᠭᠡᠨ ᠪᠠᠶ᠋ᠢᠭᠤᠯᠬᠤ ᠭᠡᠷᠡᠭᠲᠡᠢ
 
            