ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠡ ᠬᠤᠷᠠᠯ ᠬᠤᠷᠠᠯᠳᠤᠭᠤᠯᠪᠠ
《ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠵᠢᠯᠣᠭᠣᠳᠬᠤ ᠰᠠᠨᠠᠯ》᠎ᠢ ᠬᠢᠨᠠᠨ ᠵᠥᠪᠯᠡᠪᠡ
ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠠᠢ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠡ 3 ᠰᠠᠷ᠎ᠠ ᠵᠢᠨ 30᠎ᠤ ᠡᠳᠦᠷ ᠬᠤᠷᠠᠯ ᠬᠤᠷᠠᠯᠳᠤᠭᠤᠯᠵᠤ᠂ 《ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠵᠢᠯᠣᠭᠣᠳᠬᠤ ᠰᠠᠨᠠᠯ》᠎ᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃
ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠ ᠬᠡᠰᠡᠭ᠎ᠤᠨ ᠭᠠᠵᠠᠷ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠴᠢᠬᠤᠯᠠ ᠶᠡᠬᠡ ᠠᠮᠵᠢᠯᠲᠠ ᠪᠦᠲᠦᠮᠵᠢ ᠣᠯᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢᠨ᠂ ᠡᠨᠧᠷᠭᠢ ᠵᠢᠨ ᠲᠦᠭᠦᠬᠡᠢ ᠮᠠᠲ᠋ᠧᠷᠢᠶᠠᠯ᠎ᠤᠨ ᠰᠠᠭᠤᠷᠢᠨ᠂ ᠲᠣᠨᠣᠭᠯᠠᠯ ᠦᠢ᠍ᠯᠡᠳᠬᠦ ᠵᠢᠴᠢ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠰᠠᠭᠤᠷᠢᠨ ᠪᠣᠯᠤᠨ ᠶᠡᠷᠦᠩᠬᠡᠶ᠋ᠢᠯᠡᠭᠰᠡᠨ ᠵᠠᠮ ᠲᠡᠭᠡᠭᠡᠪᠦᠷᠢ ᠵᠢᠨ ᠬᠦᠢ᠍ᠰᠦ ᠭᠠᠵᠠᠷ᠎ᠤᠨ ᠪᠠᠶ᠋ᠢᠷᠢ ᠰᠠᠭᠤᠷᠢ ᠨᠡᠩ ᠪᠡᠬᠢᠵᠢᠪᠡ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠳᠤᠮᠳᠠ ᠬᠡᠰᠡᠭ᠎ᠤᠨ ᠭᠠᠵᠠᠷ ᠣᠷᠣᠨ᠎ᠨᠢ ᠵᠡᠭᠦᠨ ᠪᠠᠷᠠᠭᠤᠨ ᠤᠷᠤᠨ᠎ᠢ ᠬᠤᠯᠪᠤᠵᠤ ᠡᠮᠦᠨ᠎ᠡ ᠤᠮᠠᠷ᠎ᠠ ᠵᠢ ᠵᠠᠯᠭ᠋ᠠᠭᠤᠯᠵᠤ᠂ ᠡᠬᠢ ᠪᠠᠶᠠᠯᠢᠭ ᠡᠯᠪᠡᠭ ᠳᠡᠯᠪᠡᠭ᠂ ᠵᠠᠮ ᠬᠠᠷᠢᠯᠴᠠᠭ᠎ᠠ ᠬᠥᠭᠵᠢᠵᠤ᠂ ᠠᠵᠤ ᠦᠢ᠍ᠯᠡᠰ᠎ᠤᠨ ᠰᠠᠭᠤᠷᠢ ᠨᠡᠯᠢᠶᠡᠳ ᠰᠠᠶ᠋ᠢᠨ᠂ ᠰᠣᠶᠣᠯ᠎ᠤᠨ ᠤᠤᠷ ᠲᠤᠠᠳᠠᠰᠤ ᠭᠦᠨ ᠵᠤᠵᠠᠭ᠋ᠠᠨ᠂ ᠬᠥᠭᠵᠢᠯᠲᠡ ᠵᠢᠨ ᠳᠠᠯᠳᠠ ᠬᠦᠴᠦᠨ ᠮᠠᠰᠢ ᠶᠡᠬᠡ ᠪᠠᠶ᠋ᠢᠵᠤ᠂ ᠳᠤᠮᠳᠠ ᠬᠡᠰᠡᠭ᠎ᠤᠨ ᠭᠠᠵᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠨᠢ ᠪᠥᠬᠥ ᠲᠠᠯ᠎ᠠ ᠵᠢᠨ ᠴᠢᠨᠠᠷᠲᠠᠶ ᠠᠴᠢ ᠬᠣᠯᠪᠣᠭᠳᠠᠯ᠎ᠲᠠᠢ ᠶᠤᠮ᠃ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠦᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠡᠷᠡᠰ ᠭᠤᠶ᠋ᠢᠪᠢᠰᠢ ᠦᠭᠡᠢ ᠲᠤᠭᠤᠰᠢᠯᠠᠭᠤᠯᠤᠨ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠦᠯᠦᠪᠵᠢᠭᠦᠯᠬᠦ ᠵᠢ ᠪᠠᠷᠢᠮᠳᠠᠯᠠᠨ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠡᠳᠦᠪ ᠪᠣᠯᠭ᠋ᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯ ᠰᠢᠵᠢᠮ ᠪᠣᠯᠭ᠋ᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠍ᠢ᠍ᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠦᠨᠳᠦᠰᠦᠨ ᠵᠤᠷᠢᠯᠳᠠ ᠪᠣᠯᠭ᠋ᠠᠨ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠤᠤᠯ ᠴᠣᠭᠴᠠ ᠪᠣᠯᠭ᠋ᠠᠭᠰᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠱᠠᠯᠠᠪᠳᠠᠨ ᠪᠠᠢ᠍ᠢ᠍ᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠲᠤᠯᠭ᠋ᠠᠭᠤᠷᠢᠯᠠᠭᠰᠠᠨ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠪᠣᠬᠢᠷᠲᠤᠯ ᠦᠭᠡᠢ᠎ᠪᠠᠷ ᠬᠦᠭᠵᠢᠬᠦ ᠦᠵᠡᠰᠬᠦᠯᠡᠩᠲᠦ ᠰᠠᠶ᠋ᠢᠬᠠᠨ ᠳᠤᠮᠳᠠ ᠬᠡᠰᠡᠭ᠎ᠤᠨ ᠭᠠᠵᠠᠷ ᠣᠷᠣᠨ᠎ᠢ ᠬᠦᠴᠦᠯᠡᠨ ᠪᠠᠶ᠋ᠢᠭᠤᠯᠵᠤ᠂ ᠳᠣᠲᠣᠭ᠋ᠠᠳᠤ ᠬᠠᠭᠤᠷᠠᠶ ᠵᠢᠨ ᠥᠨᠳᠥᠷ ᠲᠦᠪᠰᠢᠨ ᠪᠥᠬᠥᠶ ᠨᠡᠭᠡᠭᠡᠯᠲᠡ ᠵᠢ ᠬᠦᠴᠦᠯᠡᠨ ᠠᠬᠢᠭᠤᠯᠵᠤ᠂ ᠪᠠᠶ᠋ᠢᠭᠤᠯᠤᠮᠵᠢ ᠲᠣᠭᠲᠠᠴᠠ ᠵᠢ ᠬᠦᠴᠦᠯᠡᠨ ᠥᠭᠡᠷᠡᠴᠢᠯᠡᠨ ᠲᠡᠭᠦᠯᠳᠡᠷᠵᠢᠭᠦᠯᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠣᠬᠢᠴᠠᠩᠭᠤᠢ ᠴᠢᠨᠠᠷ᠎ᠢ ᠬᠦᠴᠦᠯᠡᠨ ᠴᠢᠩᠭ᠋ᠠᠳᠬᠠᠵᠤ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠤ᠂ ᠳᠤᠮᠳᠠ ᠬᠡᠰᠡᠭ᠎ᠤᠨ ᠭᠠᠵᠠᠷ ᠣᠷᠣᠨ᠎ᠤ ᠲᠦᠷᠭᠡᠨ ᠬᠥᠭᠵᠢᠨ ᠮᠠᠨᠳᠤᠬᠤ ᠵᠢ ᠠᠬᠢᠭᠤᠯᠵᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃
ᠬᠤᠷᠠᠯ᠎ᠠᠴᠠ᠂ ᠳᠤᠮᠳᠠ ᠬᠡᠰᠡᠭ᠎ᠤᠨ ᠭᠠᠵᠠᠷ ᠣᠷᠣᠨ᠎ᠨᠢ ᠪᠦᠬᠦ ᠤᠯᠤᠰ᠎ᠤᠨ ᠲᠤᠮᠤ ᠵᠠᠬ᠎ᠠ ᠳᠡᠯᠭᠡᠭᠦᠷ᠎ᠤᠨ ᠴᠢᠬᠤᠯᠠ ᠪᠦᠷᠢᠯᠳᠦᠬᠦᠨ ᠬᠡᠰᠡᠭ ᠪᠠ ᠣᠷᠣᠨ ᠵᠠᠢ ᠵᠢᠨ ᠬᠦᠢ᠍ᠰᠦ ᠭᠠᠵᠠᠷ ᠪᠣᠯᠤᠭᠰᠠᠨ᠎ᠤ ᠬᠤᠪᠢ᠎ᠳᠤ᠂ ᠪᠠᠶ᠋ᠢᠷᠢ ᠲᠣᠭᠲᠠᠭ᠋ᠠᠯᠲᠠ᠎ᠪᠠᠨ ᠣᠨᠣᠪᠴᠢᠲᠠᠢ ᠣᠯᠵᠤ᠂ ᠳᠠᠪᠠᠭᠤᠯᠢᠭ ᠵᠶ᠋ᠠᠨ ᠪᠠᠳᠠᠷᠠᠭᠤᠯᠤᠨ᠂ ᠣᠳᠣᠬᠢᠴᠢᠯᠠᠭᠰᠠᠨ ᠰᠠᠭᠤᠷᠢ ᠲᠥᠬᠥᠭᠡᠷᠦᠮᠵᠢ ᠵᠢᠨ ᠰᠢᠰᠲᠸᠮ ᠪᠠ ᠤᠳᠤ ᠦᠶ᠎ᠡ ᠵᠢᠨ ᠭᠦᠢ᠍ᠯᠭᠡᠭᠡᠨ᠎ᠤ ᠰᠢᠰᠲᠸᠮ᠎ᠢ ᠱᠠᠯᠠᠪᠳᠠᠨ ᠪᠠᠶ᠋ᠢᠭᠤᠯᠵᠤ᠂ ᠬᠥᠬᠡᠮᠥ᠋ᠷᠡᠨ᠎ᠤ ᠳᠤᠮᠳᠠᠳᠤ ᠤᠷᠤᠰᠬᠠᠯ᠎ᠤᠨ ᠬᠤᠳᠠ ᠵᠢᠨ ᠪᠦᠯᠦᠭᠵᠢᠯ ᠪᠠ ᠳᠤᠮᠳᠠᠳᠤ ᠣᠷᠣᠨ᠎ᠤ ᠬᠤᠳᠠ ᠵᠢᠨ ᠪᠦᠯᠦᠭᠵᠢᠯ᠎ᠤᠨ ᠬᠥᠭᠵᠢᠯᠲᠡ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠢᠳᠡᠪᠬᠢᠲᠡᠢ ᠦᠢ᠍ᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠰᠢᠨ᠎ᠡ ᠵᠢ ᠡᠭᠦᠳᠬᠦ᠎ᠪᠠᠷ ᠬᠥᠭᠵᠢᠯᠲᠡ ᠵᠢ ᠬᠦᠳᠦᠯᠦᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭ᠋ᠠᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠬᠥᠭᠵᠢᠯᠲᠡ ᠵᠢ ᠬᠦᠳᠦᠯᠦᠨ ᠳᠠᠭ᠋ᠠᠭᠤᠯᠵᠤ᠂ ᠳᠣᠲᠣᠭ᠋ᠠᠳᠤ ᠬᠠᠭᠤᠷᠠᠢ ᠵᠢᠨ ᠥᠨᠳᠥᠷ ᠲᠦᠪᠰᠢᠨ ᠪᠦᠬᠦᠢ ᠨᠡᠭᠡᠭᠡᠯᠳᠡ ᠵᠢᠨ ᠰᠢᠨ᠎ᠡ ᠪᠠᠶ᠋ᠢᠭᠤᠯᠤᠮᠵᠢ ᠵᠢ ᠪᠦᠷᠢᠯᠳᠦᠭᠦᠯᠬᠦ ᠬᠡᠷᠡᠭᠲᠡᠢ᠃ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠡᠨᠧᠷᠭᠢ ᠵᠢᠨ ᠡᠬᠢ ᠪᠠᠶᠠᠯᠢᠭ᠎ᠢ ᠠᠷᠪᠢᠲᠠᠢ ᠡᠷᠴᠢᠮᠵᠢᠭᠦᠯᠦᠨ ᠠᠰᠢᠡᠡᠯᠠᠬᠤ ᠵᠢ ᠴᠢᠩᠭ᠋ᠠᠳᠬᠠᠨ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠪᠠ ᠵᠠᠰᠠᠯᠲᠠ ᠵᠢ ᠴᠢᠩᠭ᠋ᠠᠳᠬᠠᠵᠤ᠂ ᠳᠤᠮᠳᠠ ᠬᠡᠰᠡᠭ᠎ᠤᠨ ᠭᠠᠵᠠᠷ ᠣᠷᠣᠨ᠎ᠤ ᠪᠣᠬᠢᠷᠲᠤᠯ ᠦᠭᠡᠢ ᠬᠥᠭᠵᠢᠯᠲᠡ ᠮᠠᠨᠳᠤᠯᠳᠠ ᠵᠢ ᠪᠡᠶᠡᠯᠡᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃