ᠰᠢ ᠵᠢᠨ ᠫᠢᠩ ᠬᠦᠬᠡᠨᠠᠭᠤᠷ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ᠎ᠳᠠᠭᠠᠨ ᠴᠢᠬᠤᠯᠠᠴᠢᠯᠠᠬᠰᠠᠨ᠎ᠨᠢ
ᠴᠢᠨᠠᠷ ᠰᠠᠢ᠍ᠢ᠍ᠳᠠᠢ ᠬᠦᠭᠵᠢᠯᠳᠠ ᠵᠢᠨ ᠵᠠᠮ ᠵᠶ᠋ᠠᠷ ᠭᠤᠢ᠍ᠢ᠍ᠪᠢᠰᠢ ᠦᠭᠡᠢ ᠵᠠᠮᠨᠠᠵᠦ
ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠭᠤᠢ᠍ᠢ᠍ᠪᠢᠰᠢ ᠦᠭᠡᠢ᠎ᠪᠠᠷ ᠨᠡᠮᠡᠭᠳᠡᠬᠦᠯᠬᠦ ᠭᠡᠷᠡᠭᠲᠡᠢ
ᠰᠢᠨᠬᠤᠸᠠ ᠬᠤᠷᠢᠶᠠᠨ᠎ᠤ ᠪᠡᠭᠡᠵᠢᠩ᠎ᠤᠨ 3 ᠰᠠᠷ᠎ᠠ ᠵᠢᠨ 7᠎ᠤ ᠴᠠᠬᠢᠯᠭ᠋ᠠᠨ ᠮᠡᠳᠡᠭᠡ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ 7᠎ᠤ ᠦᠳᠡ ᠵᠢᠨ ᠬᠤᠢ᠍ᠢ᠍ᠨ᠎ᠠ ᠠᠷᠪᠡᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠦᠷᠪᠡᠳᠦᠭᠡᠷ ᠬᠤᠷᠠᠯ᠎ᠤᠨ ᠬᠦᠬᠡᠨᠠᠭᠤᠷ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠡᠨ ᠵᠦᠪᠯᠡᠬᠦ᠎ᠳᠤ ᠤᠷᠤᠯᠴᠠᠬᠤ᠎ᠳᠠᠭᠠᠨ᠂ ᠴᠢᠨᠠᠷ ᠰᠠᠢ᠍ᠢ᠍ᠳᠠᠢ ᠬᠦᠭᠵᠢᠯᠳᠠ ᠪᠤᠯ 《ᠠᠷᠪᠡᠨ ᠲᠦᠷᠪᠡᠳᠦᠭᠡᠷ ᠲᠠᠪᠤᠨ ᠵᠢᠯ》᠂ ᠴᠢᠨᠠᠬᠰᠢᠯᠠᠪᠠᠯ ᠨᠡᠩ ᠤᠷᠳᠤ ᠬᠤᠭᠤᠴᠠᠭ᠋ᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢᠨ ᠭᠤᠤᠯ ᠰᠡᠳᠦᠪ ᠮᠦᠨ᠂ ᠡᠨᠡ᠎ᠨᠢ ᠮᠠᠨ᠎ᠤ ᠤᠯᠤᠰ᠎ᠤᠨ ᠨᠡᠢ᠍ᠢ᠍ᠭᠡᠮ ᠵᠢᠷᠤᠮ᠎ᠤᠨ ᠤᠳᠤᠬᠢᠴᠢᠯᠠᠯᠳᠠ ᠵᠢᠨ ᠪᠦᠳᠦᠭᠡᠨ ᠪᠠᠢ᠍ᠢ᠍ᠭᠤᠯᠤᠯᠳᠠ ᠵᠢᠨ ᠪᠦᠬᠦ ᠲᠠᠯ᠎ᠠ᠎ᠳᠤ ᠬᠤᠯᠪᠤᠬᠳᠠᠨ᠎ᠠ᠃ ᠴᠢᠨᠠᠷ ᠰᠠᠢ᠍ᠢ᠍ᠳᠠᠢ ᠬᠦᠭᠵᠢᠯᠳᠠ᠎ᠨᠢ ᠠᠵᠤ ᠠᠬᠤᠢ ᠵᠢᠨ ᠱᠠᠭ᠋ᠠᠷᠳᠠᠯᠭ᠎ᠠ ᠪᠤᠯᠬᠤ᠎ᠪᠠᠷ ᠪᠠᠷᠠᠬᠤ ᠦᠭᠡᠢ ᠪᠠᠰᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢᠨ ᠲᠠᠯ᠎ᠠ ᠪᠦᠬᠦᠨ᠎ᠤ ᠶᠡᠷᠦᠩᠭᠡᠢ ᠱᠠᠭ᠋ᠠᠷᠳᠠᠯᠭ᠎ᠠ ᠪᠤᠯᠤᠨ᠎ᠠ; ᠠᠵᠤ ᠠᠬᠤᠢ ᠬᠦᠭᠵᠢᠭᠰᠡᠨ ᠭᠠᠵᠠᠷ ᠤᠷᠤᠨ᠎ᠳᠤ ᠯᠡ ᠲᠠᠯᠪᠢᠬᠤ ᠱᠠᠭ᠋ᠠᠷᠳᠠᠯᠭ᠎ᠠ ᠪᠢᠰᠢ᠂ ᠬᠠᠷᠢᠨ ᠠᠯᠢᠪᠠ ᠭᠠᠵᠠᠷ ᠤᠷᠤᠨ᠎ᠤ ᠬᠦᠭᠵᠢᠯᠳᠠ᠎ᠳᠤ ᠡᠷᠭᠡᠪᠰᠢ ᠲᠤᠭᠤᠰᠢᠯᠠᠭᠤᠯᠬᠤ ᠱᠠᠭ᠋ᠠᠷᠳᠠᠯᠭ᠎ᠠ ᠪᠤᠯᠤᠨ᠎ᠠ; ᠨᠢᠭᠡ ᠴᠠᠬ ᠨᠢᠭᠡ ᠶᠠᠪᠤᠳᠠᠯ᠎ᠳᠤ ᠯᠡ ᠲᠠᠯᠪᠢᠬᠤ ᠱᠠᠭ᠋ᠠᠷᠳᠠᠯᠭ᠎ᠠ ᠪᠢᠰᠢ᠂ ᠬᠠᠷᠢᠨ ᠡᠷᠭᠡᠪᠰᠢ ᠤᠷᠳᠤ ᠬᠤᠭᠤᠴᠠᠭ᠎ᠠ᠎ᠪᠠᠷ ᠪᠠᠷᠢᠮᠳᠠᠯᠠᠬᠤ ᠶᠤᠰᠤᠳᠠᠢ ᠱᠠᠭ᠋ᠠᠷᠳᠠᠯᠭ᠎ᠠ ᠪᠤᠯᠤᠨ᠎ᠠ᠃ ᠡᠯ᠎ᠠ ᠭᠠᠵᠠᠷ ᠤᠷᠤᠨ᠎ᠤ᠎ᠬᠢᠨ ᠪᠤᠳᠠᠳᠤ ᠪᠠᠢ᠍ᠢ᠍ᠳᠠᠯ᠎ᠲᠠᠢ᠎ᠪᠠᠨ ᠤᠶᠠᠯᠳᠤᠭᠤᠯᠵᠤ᠂ ᠲᠤᠬᠠᠢ ᠵᠢᠨ ᠭᠠᠵᠠᠷ᠎ᠤᠨ ᠪᠠᠢ᠍ᠢ᠍ᠳᠠᠯ᠎ᠳᠠᠭᠠᠨ ᠵᠤᠬᠢᠴᠠᠭᠤᠯᠵᠤ ᠲᠠᠪᠠᠭᠤᠯᠢᠬ ᠵᠶ᠋ᠠᠨ ᠪᠠᠳᠠᠷᠠᠭᠤᠯᠤᠨ ᠳᠤᠳᠠᠭᠤᠳᠠᠯ ᠵᠶ᠋ᠠᠨ ᠨᠦᠬᠦᠪᠦᠷᠢᠯᠡᠵᠦ᠂ ᠤᠷᠤᠨ ᠨᠤᠳᠤᠭ᠎ᠤᠨ ᠵᠶ᠋ᠠᠨ ᠪᠤᠳᠠᠳᠤ ᠪᠠᠢ᠍ᠢ᠍ᠳᠠᠯ᠎ᠲᠠᠢ ᠨᠡᠢ᠍ᠢ᠍ᠴᠡᠭᠰᠡᠨ ᠴᠢᠨᠠᠷ ᠰᠠᠢ᠍ᠢ᠍ᠳᠠᠢ ᠬᠦᠭᠵᠢᠯᠳᠠ ᠵᠢᠨ ᠵᠠᠮ ᠵᠶ᠋ᠠᠷ ᠵᠠᠮᠨᠠᠬᠤ ᠭᠡᠷᠡᠭᠲᠡᠢ᠃ ᠬᠠᠮᠤᠭ᠎ᠤᠨ ᠦᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠬ ᠲᠤᠰᠠ ᠵᠢ ᠢᠮᠠᠬᠳᠠ ᠰᠡᠳᠬᠢᠯ᠎ᠳᠡᠭᠡᠨ ᠳᠡᠭᠡᠳᠦᠯᠡᠨ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠭᠤᠢ᠍ᠢ᠍ᠪᠢᠰᠢ ᠦᠭᠡᠢ᠎ᠪᠠᠷ ᠨᠡᠮᠡᠭᠳᠡᠬᠦᠯᠵᠤ᠂ ᠴᠢᠨᠠᠷ ᠰᠠᠢ᠍ᠢ᠍ᠳᠠᠢ ᠬᠦᠭᠵᠢᠯᠳᠠ ᠪᠤᠯᠤᠨ ᠠᠷᠠᠳ ᠲᠦᠮᠡᠨ᠎ᠤ ᠰᠠᠢ᠍ᠢ᠍ᠨ ᠰᠠᠢ᠍ᠢ᠍ᠬᠠᠨ ᠠᠮᠢᠳᠤᠷᠠᠯ᠎ᠤᠨ ᠭᠡᠷᠡᠭᠴᠡᠭᠡ ᠵᠢ ᠨᠢᠬᠳᠠ ᠤᠶᠠᠯᠳᠤᠭᠤᠯᠤᠨ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠤ ᠵᠢ ᠪᠠᠷᠢᠮᠳᠠᠯᠠᠬᠤ᠂ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ᠂ ᠪᠠᠶᠠᠨ ᠲᠠᠩᠰᠤᠬ ᠠᠮᠢᠳᠤᠷᠠᠯ᠎ᠢ ᠴᠤᠬ᠍ᠴᠠᠯᠠᠬᠤ ᠵᠢ ᠤᠷᠭ᠋ᠠᠨᠢᠬ ᠵᠶ᠋ᠠᠷ ᠤᠶᠠᠯᠳᠤᠭᠤᠯᠵᠦ᠂ ᠬᠠᠷᠢᠯᠴᠠᠨ ᠬᠠᠮᠵᠢᠯᠴᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠠ᠂ ᠸᠠᠩ ᠵᠢᠶᠠᠨ ᠵᠢᠶᠦ᠋ᠨ᠂ ᠠ ᠱᠸᠩ ᠴᠢᠩ᠂ ᠺᠦᠩ ᠴᠢᠩ ᠵᠢᠦᠢ᠂ ᠷᠠᠰᠢᠳᠤᠷᠵᠢ᠂ ᠮᠸᠩ ᠬᠠᠢ᠂ ᠱᠠ ᠹᠸᠩ ᠵᠡᠷᠭᠡ 6 ᠲᠦᠯᠦᠭᠡᠯᠡᠭᠴᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠳᠦᠭᠡᠯ᠂ ᠴᠢ ᠯᠢᠶᠠᠨ ᠱᠠᠨ ᠠᠭᠤᠯᠠ ᠵᠢᠨ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ᠂ ᠢᠤᠢ ᠱᠦ᠍ ᠵᠢᠨ ᠭᠠᠮᠰᠢᠬ᠎ᠤᠨ ᠳᠠᠷᠠᠭ᠎ᠠ ᠲᠠᠬᠢᠨ ᠪᠦᠳᠦᠭᠡᠨ ᠪᠠᠢ᠍ᠢ᠍ᠭᠤᠯᠤᠯᠳᠠ ᠬᠢᠭᠰᠡᠨ ᠰᠢᠨ᠎ᠠ ᠬᠤᠪᠢᠷᠠᠯᠳᠠ᠂ ᠮᠦᠷ᠎ᠢ ᠵᠢᠨ ᠨᠡᠬᠦᠷᠡᠰᠦᠨ ᠠᠭᠤᠷᠬᠠᠢ ᠵᠢ ᠶᠡᠷᠦᠩᠭᠡᠢ᠍ᠢ᠍ᠯᠡᠨ ᠴᠡᠭᠴᠡᠯᠡᠨ ᠵᠠᠰᠠᠬᠤ᠂ ᠦᠨᠳᠦᠰᠦᠨ ᠱᠠᠳᠤᠨ᠎ᠤ ᠨᠡᠢ᠍ᠢ᠍ᠭᠡᠮ᠎ᠤᠨ ᠵᠠᠰᠠᠯᠳᠠ ᠵᠢ ᠠᠬᠢᠭᠤᠯᠬᠤ ᠵᠡᠷᠭᠡ ᠠᠰᠠᠭᠤᠳᠠᠯ᠎ᠤᠨ ᠲᠤᠭᠤᠷᠢᠨ᠎ᠳᠤ ᠰᠠᠨᠠᠯ ᠵᠶ᠋ᠠᠨ ᠢᠯᠡᠳᠭᠡᠵᠡᠢ᠃ ᠰᠢ ᠵᠢᠨ ᠫᠢᠩ ᠰᠤᠨᠤᠰᠬᠤ ᠵᠢᠨ ᠳᠠᠭ᠋ᠠᠤ ᠳᠡᠮᠳᠡᠭᠯᠡᠵᠦ᠂ ᠪᠠᠢ᠍ᠢ᠍ᠨ ᠪᠠᠢ᠍ᠢ᠍ᠨ ᠠᠰᠠᠭᠤᠨ ᠯᠠᠪᠯᠠᠵᠦ᠂ ᠲᠦᠯᠦᠭᠡᠯᠡᠭᠴᠢᠳ᠎ᠲᠠᠢ ᠪᠤᠳᠤᠯ ᠰᠠᠨᠠᠯ ᠵᠶ᠋ᠠᠨ ᠰᠤᠯᠢᠯᠴᠠᠵᠦ ᠪᠠᠢ᠍ᠢ᠍ᠯ᠎ᠠ᠃
ᠲᠦᠯᠦᠭᠡᠯᠡᠭᠴᠢᠳ᠎ᠤᠨ ᠬᠡᠯᠡᠬᠦ ᠵᠢ ᠨᠠᠷᠢᠨ ᠬᠢᠨᠠᠮᠠᠭ᠋ᠠᠢ ᠰᠤᠨᠤᠰᠤᠬᠰᠡᠨᠤ ᠲᠠᠷᠠᠭ᠎ᠡ ᠰᠢ ᠵᠢᠨ ᠫᠢᠩ ᠶᠠᠷᠢᠶ᠎ᠡ ᠲᠠᠯᠪᠢᠪᠠ᠃ ᠰᠢ ᠵᠢᠨ ᠫᠢᠩ ᠬᠦᠭᠡᠨᠠᠭᠤᠷ᠎ᠤᠨ ᠨᠢᠭᠡ ᠵᠢᠯ᠎ᠤᠨ ᠲᠤᠷᠰᠢᠬᠢ ᠠᠵᠢᠯ ᠪᠤᠯᠤᠨ 《ᠠᠷᠪᠡᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠤ ᠬᠦᠭᠵᠢᠯᠳᠠ ᠵᠢ ᠬᠦᠢ᠍ᠴᠡᠳ ᠨᠤᠳᠠᠯᠠᠭᠰᠠᠨ ᠪᠠᠢ᠍ᠢ᠍ᠨ᠎ᠠ᠂ ᠬᠦᠭᠡᠨᠠᠭᠤᠷ᠎ᠤᠨ ᠨᠦᠬᠦᠳ ᠨᠠᠮ᠎ᠤᠨ ᠲᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠪᠦᠬᠦ ᠲᠠᠯ᠎ᠡ᠎ᠪᠠᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠰᠢᠨ᠎ᠡ ᠬᠦᠭᠵᠢᠯᠳᠠ ᠵᠢᠨ ᠤᠢ᠍ᠢ᠍ᠯᠠᠭ᠋ᠠᠬᠳᠠᠬᠤᠨ᠎ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ ᠲᠠᠯ᠎ᠡ᠎ᠪᠠᠷ ᠲᠤᠭᠤᠰᠢᠯᠠᠭᠤᠯᠤᠨ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠵᠢ ᠪᠠᠷᠢᠮᠳᠠᠯᠠᠵᠤ᠂ ᠲᠤᠬᠳᠠᠭᠤᠨ᠎ᠤ ᠲᠤᠮᠳᠠ ᠤᠷᠤᠬᠰᠢᠯᠠᠨ ᠲᠠᠪᠰᠢᠬᠤ ᠠᠵᠢᠯ᠎ᠤᠨ ᠶᠡᠷᠤᠨᠭ᠌ᠭᠡᠢ ᠬᠦᠭ ᠠᠶᠠᠰ᠎ᠢ ᠪᠠᠷᠢᠮᠳᠠᠯᠠᠨ᠂ ᠦᠭᠡᠷᠡᠴᠢᠯᠡᠯᠳᠠ ᠨᠡᠭᠡᠭᠡᠯᠳᠠ ᠵᠢ ᠦᠷᠬᠦᠯᠵᠢᠯᠡᠨ ᠬᠦᠨᠵᠡᠭᠡᠢ᠍ᠢ᠍ᠷᠠᠬᠦᠯᠵᠤ᠂ ᠬᠦᠭᠵᠢᠯᠳᠠ ᠪᠠ ᠠᠮᠤᠷ ᠲᠦᠪᠰᠢᠨ᠎ᠢ ᠨᠢᠭᠡᠳᠤᠯᠳᠠᠢ ᠲᠦᠯᠦᠪᠵᠢᠬᠦᠯᠤᠨ᠂ ᠢᠷᠠᠭᠤ ᠠᠯᠳᠠᠷᠳᠤ ᠤᠯᠠᠮᠵᠢᠯᠠᠯ ᠪᠠ ᠲᠡᠮᠡᠴᠠᠯ᠎ᠤᠨ ᠵᠤᠷᠢᠭ ᠰᠠᠨᠠᠭ᠎ᠡ ᠵᠢ ᠪᠠᠳᠠᠷᠠᠭᠤᠯᠵᠤ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠤ ᠵᠢ ᠪᠠᠷᠢᠮᠳᠠᠯᠠᠬᠤ᠂ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ᠂ ᠪᠠᠶᠠᠨ ᠲᠠᠩᠰᠤᠬ ᠠᠮᠢᠳᠤᠷᠠᠯ᠎ᠢ ᠴᠤᠬ᠍ᠴᠠᠯᠠᠬᠤ ᠪᠠᠢ᠍ᠢ᠍ᠷᠢᠯᠠᠭᠤᠯᠤᠯᠳᠠ ᠵᠢ ᠪᠤᠳᠠᠳᠠᠢ᠎ᠳᠤ ᠨᠠᠢ᠍ᠢ᠍ᠳᠠᠪᠤᠷᠢᠵᠢᠭᠤᠯᠵᠤ᠂ ᠬᠦᠭᠡᠨᠠᠭᠤᠷ ᠲᠦᠪᠡᠳ᠎ᠤᠨ ᠦᠨᠳᠤᠷᠯᠢᠭ᠌᠎ᠤᠨ ᠠᠮᠢ ᠠᠬᠤᠢ ᠵᠢᠨ ᠬᠠᠮᠠᠭ᠋ᠠᠯᠠᠯᠳᠠ ᠪᠠ ᠦᠷᠬᠦᠯᠵᠢᠯᠡᠬᠦ ᠬᠦᠭᠵᠢᠯᠳᠠ ᠵᠢ ᠠᠬᠢᠭᠤᠯᠬᠤ ᠲᠠᠯ᠎ᠡ᠎ᠪᠠᠷ ᠲᠠᠰᠤᠷᠠᠯᠳᠠ ᠦᠭᠡᠢ ᠰᠢᠨ᠎ᠡ ᠠᠮᠵᠢᠯᠳᠠ ᠪᠦᠳᠦᠮᠵᠢ ᠤᠯᠵᠤ᠂ ᠰᠢᠨ᠎ᠡ ᠴᠠᠭ ᠦᠶ᠎ᠡ ᠵᠢᠨ ᠬᠦᠭᠡᠨᠠᠭᠤᠷ᠎ᠤᠨ ᠰᠢᠨ᠎ᠡ ᠬᠠᠭᠤᠳᠠᠰᠤ ᠵᠢ ᠪᠢᠴᠢᠭᠯᠡᠬᠦ ᠪᠤᠯᠳᠤᠭ᠋ᠠᠢ ᠭᠡᠵᠦ ᠬᠦᠰᠡᠪᠡ᠃

ᠰᠢ ᠵᠢᠨ ᠫᠢᠩ᠂ ᠰᠢᠨ᠎ᠡ ᠬᠦᠭᠵᠢᠯᠳᠠ ᠵᠢᠨ ᠱᠠᠳᠤᠨ᠎ᠳᠤ ᠰᠠᠭᠤᠷᠢᠯᠠᠵᠤ᠂ ᠰᠢᠨ᠎ᠡ ᠬᠦᠭᠵᠢᠯᠳᠠ ᠵᠢᠨ ᠤᠢ᠍ᠢ᠍ᠯᠠᠭ᠋ᠠᠬᠳᠠᠬᠤᠨ᠎ᠢ ᠲᠤᠭᠤᠰᠢᠯᠠᠭᠤᠯᠤᠨ᠂ ᠰᠢᠨ᠎ᠡ ᠬᠦᠭᠵᠢᠯᠳᠠ ᠵᠢᠨ ᠪᠠᠢ᠍ᠢ᠍ᠷᠢᠰᠢᠯ᠎ᠢ ᠴᠤᠭᠴᠠᠯᠠᠵᠤ᠂ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ ᠪᠤᠯ ᠤᠳᠤᠬᠠᠨ ᠪᠠ ᠬᠤᠢ᠍ᠢ᠍ᠰᠢᠳᠠ ᠵᠢᠨ ᠭᠡᠰᠡᠭ ᠬᠤᠭᠤᠴᠠᠭ᠋ᠠᠨ᠎ᠤ ᠪᠦᠬᠦ ᠨᠠᠮ ᠪᠦᠬᠦ ᠤᠯᠤᠰ᠎ᠤᠨ ᠡᠷᠬᠡᠪᠰᠢ ᠴᠢᠨᠭᠭ᠎ᠡ ᠠᠳᠬᠤᠬᠤ ᠰᠠᠢ᠍ᠢ᠍ᠳᠤᠷ ᠠᠳᠬᠤᠬᠤ ᠴᠢᠬᠤᠯᠠᠳᠠᠢ ᠠᠵᠢᠯ ᠮᠦᠨ᠃ ᠴᠢᠨᠠᠷ ᠰᠠᠢ᠍ᠢ᠍ᠳᠠᠢ ᠬᠦᠭᠵᠢᠯᠳᠠ ᠵᠢᠨ ᠵᠠᠮ ᠵᠶ᠋ᠠᠷ ᠵᠠᠮᠨᠠᠬᠤ᠎ᠳᠤ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠬᠦᠭᠵᠢᠯᠳᠠ ᠵᠢᠨ ᠦᠵᠡᠯ ᠰᠠᠨᠠᠭ᠎ᠡ ᠵᠢ ᠪᠠᠷᠢᠮᠳᠠᠯᠠᠨ ᠰᠢᠨ᠎ᠡ ᠵᠢ ᠡᠬᠦᠳᠬᠦ᠂ ᠵᠤᠬᠢᠴᠠᠨᠭ᠌ᠭᠤᠢ᠂ ᠪᠤᠬᠢᠷᠳᠤᠯ ᠦᠭᠡᠢ᠂ ᠨᠡᠭᠡᠭᠡᠯᠳᠡᠳᠦ᠂ ᠬᠠᠮᠳᠤ᠎ᠪᠠᠷ ᠡᠳ᠋ᠯᠡᠬᠦ ᠬᠦᠭᠵᠢᠯᠳᠠ ᠵᠢ ᠪᠠᠷᠢᠮᠳᠠᠯᠠᠬᠤ ᠭᠡᠷᠡᠭᠳᠠᠢ᠃ ᠬᠦᠬᠡᠨᠠᠭᠤᠷ᠎ᠤᠨ ᠲᠠᠪᠠᠭᠤᠯᠢᠭ ᠪᠠ ᠡᠬᠢ ᠪᠠᠶᠠᠯᠢᠭ᠎ᠯᠤᠭ᠎ᠠ ᠤᠶᠠᠯᠳᠤᠭᠤᠯᠤᠨ᠂ ᠰᠢᠨ᠎ᠡ ᠵᠢ ᠡᠬᠦᠳᠬᠦ᠎ᠪᠠᠷ ᠬᠦᠭᠵᠢᠯᠳᠠ ᠵᠢᠨ ᠬᠦᠳᠡᠯᠭᠡᠬᠦᠷ ᠪᠤᠯᠭ᠋ᠠᠬᠤ ᠪᠠᠢ᠍ᠢ᠍ᠯᠳᠤᠬᠤ ᠪᠤᠳᠤᠯᠭ᠎ᠡ ᠵᠢ ᠲᠤᠭᠤᠰᠢᠯᠠᠭᠤᠯᠵᠤ᠂ ᠲᠡᠯᠡᠭᠡᠢ ᠵᠢᠨ ᠲᠡᠰ᠎ᠤᠨ ᠲᠠᠪᠤᠰᠤᠨ ᠨᠠᠭᠤᠷ᠎ᠤᠨ ᠠᠵᠤ ᠦᠢ᠍ᠯᠡᠰ᠎ᠤᠨ ᠰᠠᠭᠤᠷᠢᠨ᠎ᠢ ᠱᠠᠯᠠᠪᠳᠠᠨ ᠪᠦᠳᠦᠭᠡᠨ ᠪᠠᠢ᠍ᠢ᠍ᠭᠤᠯᠵᠤ᠂ ᠤᠯᠤᠰ᠎ᠤᠨ ᠠᠷᠢᠭᠤᠨ ᠴᠡᠪᠡᠷ ᠡᠨ᠋ᠸᠷᠬᠢ ᠵᠢᠨ ᠰᠠᠭᠤᠷᠢᠨ᠎ᠤ ᠦᠨᠳᠤᠷᠯᠢᠭ᠌᠂ ᠤᠯᠠᠨ ᠤᠯᠤᠰ᠎ᠤᠨ ᠠᠮᠢ ᠠᠬᠤᠢ ᠵᠢᠨ ᠵᠢᠭᠤᠯᠴᠢᠯᠠᠯ᠎ᠤᠨ ᠬᠠᠷᠠᠯᠳᠠᠳᠦ ᠤᠷᠤᠨ᠂ ᠪᠤᠬᠢᠷᠳᠤᠯ ᠦᠭᠡᠢ ᠤᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠳᠦᠭᠡᠭᠳᠡᠬᠦᠨ᠎ᠤ ᠭᠠᠷᠭ᠋ᠠᠯᠳᠠ ᠵᠢᠨ ᠭᠠᠵᠠᠷ᠎ᠢ ᠪᠦᠳᠦᠬᠡᠨ ᠪᠠᠢ᠍ᠢ᠍ᠭᠤᠯᠵᠤ᠂ ᠪᠤᠬᠢᠷᠳᠤᠯ ᠦᠭᠡᠢ ᠨᠡᠬᠦᠷᠡᠰᠤᠳᠦ᠋ᠷᠦᠭᠴᠢ ᠪᠠᠭᠡ ᠭᠠᠳᠠᠬᠰᠢᠯᠠᠭᠤᠯᠬᠤ ᠡᠷᠭᠢᠯᠳᠡᠳᠦ ᠬᠦᠭᠵᠢᠯᠳᠠ ᠵᠢᠨ ᠠᠵᠤ ᠠᠬᠤᠢ ᠵᠢᠨ ᠰᠢᠰᠲ᠋ᠧᠮ᠎ᠢ ᠴᠤᠭᠴᠠᠯᠠᠵᠤ᠂ ᠲᠤᠬᠠᠢ ᠵᠢᠨ ᠭᠠᠵᠠᠷ᠎ᠤᠨ ᠤᠨᠴᠠᠯᠢᠭ᠎ᠢ ᠬᠠᠷᠠᠭᠤᠯᠵᠤ ᠲᠠᠢ᠍ᠢ᠍ᠯᠬᠦ ᠤᠳᠤᠬᠢᠴᠢᠯᠠᠬᠰᠡᠨ ᠠᠵᠤ ᠠᠬᠤᠢ ᠵᠢᠨ ᠰᠢᠰᠲ᠋ᠧᠮ᠎ᠢ ᠴᠤᠭᠴᠠᠯᠠᠬᠤ ᠭᠡᠷᠡᠭᠳᠠᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠬᠦᠭᠡᠨᠠᠭᠤᠷᠤᠨᠬᠢᠨ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠦᠨᠳᠤᠰᠤᠳᠡᠨ᠎ᠤ ᠡᠦᠢ᠍ᠨᠢᠳᠠ ᠵᠢᠨ ᠬᠦᠭᠵᠢᠯᠳᠠ᠎ᠳᠤ ᠴᠢᠬᠤᠯᠠ ᠬᠠᠷᠢᠭᠤᠴᠠᠯᠭ᠎ᠡ ᠡᠬᠦᠷᠭᠡᠯᠡᠵᠤ ᠪᠠᠢ᠍ᠢ᠍ᠨ᠎ᠠ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠭᠤᠷᠪᠡᠨ ᠮᠦᠷᠡᠨ᠎ᠤ ᠡᠬᠢ ᠠᠪᠤᠬᠰᠠᠨ ᠭᠠᠵᠠᠷ᠎ᠢ ᠬᠠᠮᠠᠭ᠋ᠠᠯᠠᠬᠤ᠂
《ᠲᠤᠮᠳᠠᠳᠤ ᠵᠢᠨ ᠤᠰᠤᠨ ᠴᠠᠮᠬᠠᠭ》᠎ᠢ ᠬᠠᠮᠠᠭ᠋ᠠᠯᠠᠬᠤ ᠴᠢᠬᠤᠯᠠ ᠶᠡᠭᠡ ᠡᠬᠦᠷᠭᠡ ᠵᠢ ᠡᠷᠬᠡᠪᠰᠢ ᠰᠠᠢ᠍ᠢ᠍ᠳᠤᠷ ᠡᠬᠦᠷᠭᠡᠯᠡᠨ ᠤᠯᠤᠰ᠂ ᠦᠨᠳᠤᠰᠤᠳᠡᠨ ᠪᠠ ᠦᠷ᠎ᠡ ᠬᠤᠢ᠍ᠢ᠍ᠴᠢᠰᠲᠠᠭᠠᠨ ᠬᠠᠷᠢᠭᠤᠴᠠᠬᠤ ᠭᠡᠷᠡᠭᠳᠠᠢ᠃ ᠡᠳᠡᠬᠡᠷ ᠵᠢᠯ᠎ᠤᠳ᠎ᠲᠤ᠂ ᠬᠦᠬᠡᠨᠠᠭᠤᠷ᠎ᠤᠨ᠎ᠬᠢᠨ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢᠨ ᠲᠠᠯ᠎ᠠ᠎ᠪᠠᠷ ᠶᠡᠬᠡ ᠴᠢᠷᠮᠠᠢ᠍ᠢ᠍ᠯᠭ᠎ᠠ ᠭᠠᠷᠭ᠋ᠠᠬᠰᠠᠨ ᠪᠤᠯᠪᠠᠴᠤ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠵᠠᠮ ᠬᠤᠯᠠ ᠡᠬᠦᠷᠬᠡ ᠬᠦᠨᠳᠤ ᠪᠠᠢ᠍ᠢ᠍ᠭᠰᠠᠭ᠋ᠠᠷ᠃ ᠠᠮᠢ ᠠᠬᠤᠢ ᠵᠢᠨ ᠬᠠᠮᠠᠭ᠋ᠠᠯᠠᠯᠳᠠ ᠵᠢ ᠲᠡᠷᠢᠬᠦᠨ᠎ᠳᠤ ᠲᠠᠯᠪᠢᠵᠤ᠂ ᠠᠮᠢ ᠠᠬᠤᠢ ᠵᠢᠨ ᠬᠠᠮᠠᠭ᠋ᠠᠯᠠᠯᠳᠠ ᠵᠢᠨ ᠤᠯᠤᠰ ᠲᠦᠷᠤ ᠵᠢᠨ ᠤᠬᠠᠮᠰᠠᠷ᠎ᠢ ᠢᠯᠡᠷᠡᠭᠦᠯᠬᠦ ᠬᠡᠷᠡᠭᠳᠠᠢ᠃ ᠤᠯᠤᠰ᠎ᠤᠨ ᠨᠤᠳᠤᠭ ᠲᠡᠪᠢᠰᠭᠡᠷ᠎ᠤᠨ ᠤᠷᠤᠨ ᠵᠠᠢ ᠵᠢ ᠨᠡᠬᠡᠬᠡᠨ ᠬᠦᠭᠵᠢᠬᠦᠯᠵᠤ ᠬᠠᠮᠠᠭ᠋ᠠᠯᠠᠬᠤ ᠪᠠᠢ᠍ᠢ᠍ᠷᠢᠰᠢᠯ᠎ᠢ ᠰᠢᠯᠢᠳᠡᠭᠵᠢᠬᠦᠯᠤᠨ᠂ ᠭᠤᠤᠯ ᠴᠢᠳᠠᠮᠵᠢᠳᠤ ᠤᠷᠤᠨ᠎ᠤ ᠪᠠᠢ᠍ᠢ᠍ᠷᠢᠰᠢᠭᠤᠯᠤᠯᠳᠠ ᠵᠢ ᠴᠢᠩᠭ᠎ᠠ ᠨᠠᠢ᠍ᠢ᠍ᠳᠠᠪᠤᠷᠢᠵᠢᠭᠤᠯᠵᠤ᠂ ᠠᠮᠢ ᠠᠬᠤᠢ ᠵᠢᠨ ᠪᠤᠯᠪᠠᠰᠤᠨ᠎ᠤ ᠪᠠᠢ᠍ᠢ᠍ᠭᠤᠯᠤᠯᠳᠠ ᠵᠢᠨ ᠲᠦᠷᠢᠮ᠎ᠤᠨ ᠰᠢᠰᠲᠸᠮ᠎ᠢ ᠲᠦᠷᠬᠡᠳᠬᠡᠨ ᠲᠡᠬᠦᠯᠳᠡᠷᠵᠢᠬᠦᠯᠵᠤ᠂ ᠠᠮᠢ ᠠᠬᠤᠢ ᠵᠢᠨ ᠵᠢᠭᠤᠯᠴᠢᠯᠠᠯ᠎ᠢ ᠬᠦᠭᠵᠢᠬᠦᠯᠬᠦ ᠪᠠ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠬᠠᠷᠢᠴᠠᠭ᠎ᠠ ᠵᠢ ᠵᠦᠪ ᠵᠶ᠋ᠠᠷ ᠰᠢᠢ᠍ᠳᠪᠤᠷᠢᠯᠠᠨ᠂ ᠠᠮᠢ ᠠᠬᠤᠢ ᠵᠢᠨ ᠬᠦᠷᠢᠶᠠᠨ᠎ᠤ ᠲᠤᠪᠤᠢ᠍ᠢ᠍ᠮ᠎ᠠ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠤᠯᠤᠰ᠎ᠤᠨ ᠴᠡᠴᠡᠷᠯᠢᠭ ᠵᠶ᠋ᠠᠷ ᠭᠤᠤᠯ ᠴᠤᠬ᠍ᠴᠠ ᠪᠤᠯᠭ᠋ᠠᠬᠰᠠᠨ ᠪᠠᠢ᠍ᠢ᠍ᠭ᠋ᠠᠯᠢ ᠵᠢᠨ ᠬᠠᠮᠠᠭ᠋ᠠᠯᠠᠯᠳᠠ ᠵᠢᠨ ᠰᠢᠰᠲᠸᠮ᠎ᠢ ᠴᠤᠭᠴᠠᠯᠠᠬᠤ ᠲᠠᠯ᠎ᠠ᠎ᠪᠠᠷ ᠡᠮᠤᠨ᠎ᠠ ᠡᠨᠭᠨᠡᠭᠡᠨᠳᠤ ᠶᠠᠪᠤᠵᠤ᠂ ᠬᠦᠬᠡᠮᠳᠦᠭ ᠨᠤᠭᠤᠭ᠋ᠠᠨ ᠠᠭᠤᠯᠠ ᠤᠰᠤ ᠵᠢ ᠡᠬᠦᠷᠢᠳᠠ ᠬᠦᠬᠡᠨᠠᠭᠤᠷ᠎ᠤᠨ ᠲᠠᠪᠠᠭᠤᠯᠢᠬ ᠪᠠ ᠤᠮᠤᠬᠰᠢᠯ ᠪᠤᠯᠭ᠋ᠠᠨ᠂ ᠠᠷᠠᠳ ᠲᠦᠮᠡᠨ᠎ᠳᠤ ᠪᠤᠶᠠᠨ ᠤᠢ᠍ᠢ᠍ᠯᠡᠳᠴᠤ᠂ ᠬᠤᠢ᠍ᠢ᠍ᠴᠢ ᠦᠶ᠎ᠠ᠎ᠳᠡᠭᠡᠨ ᠠᠰᠢᠬ ᠬᠦᠷᠳᠡᠭᠡᠬᠦ ᠭᠡᠷᠡᠭᠳᠠᠢ ᠬᠡᠵᠤ ᠵᠢᠭ᠋ᠠᠵᠤ ᠭᠠᠷᠭ᠋ᠠᠪᠠ᠃

ᠰᠢ ᠵᠢᠨ ᠫᠢᠩ᠂ ᠠᠷᠠᠳ᠎ᠤᠨ ᠠᠮᠢᠳᠤᠷᠠᠯ᠎ᠤᠨ ᠲᠤᠳᠠᠭᠤᠳᠠᠯ᠎ᠢ ᠬᠦᠴᠤᠯᠠᠨ ᠨᠦᠬᠦᠪᠤᠷᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢ᠍ᠳᠪᠤᠷᠢᠯᠠᠨ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠳᠤ ᠰᠠᠬᠢᠵᠦ᠂ ᠠᠵᠢᠯ ᠤᠯᠭᠤᠯᠳᠠ᠂ ᠰᠤᠷᠭ᠋ᠠᠨ ᠬᠦᠮᠤᠵᠢᠯ᠂ ᠨᠡᠢ᠍ᠢ᠍ᠬᠡᠮ᠎ᠤᠨ ᠪᠠᠳᠤᠯᠠᠭ᠎ᠠ᠂ ᠡᠮᠴᠢᠯᠡᠬᠡᠨ᠂ ᠨᠠᠰᠤᠵᠢᠯ᠂ ᠬᠡᠤᠬᠡᠳ ᠰᠠᠭ᠋ᠠᠳᠠᠭᠤᠯᠬᠤ᠂ ᠤᠷᠤᠨ ᠰᠠᠭᠤᠴᠠ ᠵᠡᠷᠬᠡ ᠠᠷᠠᠳ᠎ᠤᠨ ᠠᠮᠢᠳᠤᠷᠠᠯ᠎ᠤᠨ ᠪᠤᠳᠠᠳᠤ ᠶᠠᠪᠤᠳᠠᠯ᠎ᠤᠳ᠎ᠢ ᠰᠠᠢ᠍ᠢ᠍ᠳᠤᠷ ᠬᠢᠵᠤ᠂ ᠤᠯᠠᠨ ᠨᠡᠢ᠍ᠢ᠍ᠳᠠ ᠵᠢᠨ ᠤᠢ᠍ᠢ᠍ᠯᠡᠴᠢᠯᠡᠬᠡᠨ᠎ᠤ ᠬᠠᠮᠤᠷᠬᠤ ᠬᠡᠪᠴᠢᠶ᠎ᠡ ᠪᠤᠯᠤᠨ ᠲᠡᠩᠴᠡᠬᠦᠷᠢᠰᠢᠯᠳᠠ ᠵᠢᠨ ᠲᠦᠪᠰᠢᠨ᠎ᠢ ᠲᠡᠭᠡᠭᠰᠢᠯᠡᠬᠦᠯᠬᠦ ᠭᠡᠷᠡᠭᠳᠠᠢ᠃ ᠬᠤᠳᠠ ᠬᠦᠳᠡᠬᠡ ᠤᠷᠤᠨ ᠪᠦᠰᠠ ᠵᠢᠨ ᠵᠤᠬᠢᠴᠠᠩᠭᠤᠢ ᠬᠦᠭᠵᠢᠯᠳᠠ ᠵᠢ ᠠᠬᠢᠭᠤᠯᠤᠨ᠂ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠭᠡᠷᠡᠭᠵᠢᠬᠦᠯᠵᠤ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠵᠶ᠋ᠠᠨ ᠪᠠᠬᠢᠵᠢᠬᠦᠯᠦᠨ ᠦᠷᠬᠡᠳᠬᠡᠬᠦ ᠵᠢ ᠬᠦᠳᠡᠬᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ᠎ᠲᠠᠢ ᠪᠦᠳᠤᠮᠵᠢᠳᠠᠢ ᠵᠤᠯᠭ᠋ᠠᠭᠤᠯᠬᠤ ᠵᠢ ᠪᠡᠶᠡᠯᠡᠬᠦᠯᠵᠤ᠂ ᠬᠤᠳᠠ ᠬᠦᠳᠡᠬᠡ ᠵᠢᠨ ᠰᠠᠭᠤᠭ᠋ᠠᠯᠢ ᠠᠷᠠᠳ᠎ᠤᠨ ᠤᠢ᠍ᠢ᠍ᠯᠡᠳᠪᠤᠷᠢᠯᠠᠯ ᠠᠮᠢᠳᠤᠷᠠᠯ᠎ᠤᠨ ᠨᠦᠬᠦᠴᠠᠯ᠎ᠢ ᠰᠠᠢ᠍ᠢ᠍ᠵᠢᠷᠠᠭᠤᠯᠤᠨ᠂ ᠬᠦᠳᠡᠬᠡ ᠲᠤᠰᠬᠤᠨ᠎ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ᠎ᠢ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠵᠦ᠂ ᠬᠦᠳᠡᠬᠡ ᠨᠤᠳᠤᠭ᠎ᠤᠨ ᠪᠤᠯᠪᠠᠰᠤᠨ ᠰᠤᠷᠳᠠᠯ᠎ᠢ ᠬᠦᠮᠤᠵᠢᠬᠦᠯᠵᠤ᠂ ᠦᠵᠡᠰᠬᠦᠯᠡᠩ᠎ᠳᠤ ᠰᠠᠢ᠍ᠢ᠍ᠬᠠᠨ ᠲᠠᠭ᠋ᠠᠯᠠᠮᠵᠢᠳᠠᠢ ᠠᠵᠢᠯ ᠤᠢ᠍ᠢ᠍ᠯᠡᠰ ᠬᠦᠭᠵᠢᠯᠲᠠᠢ ᠬᠦᠮᠦᠨ ᠠᠷᠠᠳ ᠨᠠᠢ᠍ᠢ᠍ᠷᠠᠮᠳᠠᠭᠤ ᠨᠡᠢ᠍ᠢ᠍ᠬᠡᠮ ᠵᠢᠷᠤᠮ᠎ᠤᠨ ᠰᠢᠨ᠎ᠠ ᠬᠦᠳᠡᠬᠡ ᠲᠤᠰᠬᠤᠨ᠎ᠢ ᠪᠦᠳᠤᠬᠡᠨ ᠪᠠᠢ᠍ᠢ᠍ᠭᠤᠯᠬᠤ ᠭᠡᠷᠡᠭᠳᠠᠢ᠃ ᠨᠠᠮ᠎ᠤᠨ ᠦᠨᠳᠤᠰᠤᠳᠠᠨ᠎ᠤ ᠲᠦᠷᠤ ᠵᠢᠨ ᠪᠤᠳᠤᠯᠭ᠎ᠠ ᠪᠤᠯᠤᠨ ᠱᠠᠰᠢᠨ ᠰᠤᠷᠳᠠᠬᠤᠨ᠎ᠤ ᠲᠦᠷᠤ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠨᠳᠤᠰᠤᠳᠠᠨ᠎ᠤ ᠪᠦᠯᠬᠦᠮᠳᠡᠯ ᠲᠠᠪᠰᠢᠯᠳᠠ ᠵᠢᠨ ᠬᠦᠮᠤᠵᠢᠯ᠎ᠢ ᠴᠢᠩᠭ᠋ᠠᠳᠬᠠᠨ᠂ ᠦᠨᠳᠤᠰᠤᠳᠠᠨ᠎ᠤ ᠤᠷᠤᠨ᠎ᠤ ᠬᠦᠭᠵᠢᠯᠳᠠ ᠵᠢ ᠲᠦᠷᠬᠡᠳᠬᠡᠵᠤ᠂ ᠦᠨᠳᠤᠰᠤᠳᠠᠨ᠎ᠨᠦᠭᠦᠳ᠎ᠤᠨ ᠤᠯᠠᠨ ᠲᠦᠮᠡᠨ᠎ᠳᠤ ᠢᠯᠡᠬᠦᠬᠡᠨ ᠰᠠᠢ᠍ᠢ᠍ᠨ ᠶᠠᠪᠤᠳᠠᠯ ᠪᠤᠳᠠᠳᠠᠢ ᠶᠠᠪᠤᠳᠠᠯ ᠬᠢᠵᠤ ᠬᠦᠴᠢᠷ ᠠᠰᠠᠭᠤᠳᠠᠯ᠎ᠢ᠎ᠨᠢ ᠰᠢᠢ᠍ᠳᠪᠤᠷᠢᠯᠠᠨ ᠦᠭᠴᠤ᠂ ᠦᠨᠳᠤᠰᠤᠳᠠᠨ᠎ᠨᠦᠭᠦᠳ᠎ᠤᠨ ᠤᠯᠠᠨ ᠲᠦᠮᠡᠨ᠎ᠤ ᠬᠠᠮᠳᠤ᠎ᠪᠠᠷ ᠪᠠᠶᠠᠵᠢᠨ ᠴᠢᠨᠡᠭᠡᠯᠢᠭᠵᠢᠬᠦ ᠵᠢ ᠠᠬᠢᠭᠤᠯᠤᠨ᠂ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠤ ᠶᠡᠬᠡ ᠪᠦᠯᠬᠦᠮᠳᠡᠯ᠎ᠢ ᠠᠬᠢᠭᠤᠯᠵᠤ᠂ ᠭᠠᠷ ᠬᠤᠯᠪᠤᠯᠴᠠᠨ ᠦᠵᠡᠰᠬᠦᠯᠡᠩ᠎ᠳᠤ ᠰᠠᠢ᠍ᠢ᠍ᠬᠠᠨ ᠬᠡᠷ ᠤᠷᠤᠨ ᠵᠶ᠋ᠠᠨ ᠪᠦᠳᠤᠬᠡᠨ ᠪᠠᠢ᠍ᠢ᠍ᠭᠤᠯᠬᠤ ᠭᠡᠷᠡᠭᠳᠠᠢ᠃ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠨ ᠰᠢᠨᠡᠴᠢᠯᠡᠵᠦ᠂ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠤᠨ᠂ ᠡᠯ᠎ᠡ ᠲᠦᠷᠦᠯ᠎ᠤᠨ ᠠᠶᠤᠯ ᠲᠦᠭᠰᠢᠭᠦᠷᠢ ᠭᠡᠮ ᠰᠣᠭᠣᠭ᠎ᠢ ᠴᠠᠭ ᠲᠤᠬᠠᠢᠳᠤᠨᠢ ᠠᠷᠢᠯᠭ᠋ᠠᠵᠤ᠂ ᠤᠯᠤᠰ᠎ᠤᠨ ᠠᠮᠤᠷ ᠲᠦᠪᠰᠢᠨ ᠪᠤᠯᠤᠨ ᠠᠷᠠᠳ ᠲᠦᠮᠡᠨ᠎ᠤ ᠠᠮᠤᠷ ᠠᠮᠤᠭᠤᠯᠠᠩ ᠠᠵᠤ ᠲᠦᠷᠦᠭᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠪᠦᠬᠦ ᠨᠠᠮ᠎ᠳᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ 《ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠬᠥᠭᠵᠢᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠪᠤᠯᠤᠨ᠎ᠠ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠴᠢᠬᠤᠯᠠ ᠨᠢᠭᠡ ᠡᠭᠦᠷᠭᠡ ᠪᠣᠯ ᠪᠦᠬᠦ ᠨᠠᠮ᠎ᠤᠨ ᠨᠥᠬᠥᠳ᠎ᠢ ᠬᠦᠮᠦᠵᠢᠭᠦᠯᠵᠤ ᠬᠦᠳᠦᠯᠤᠨ ᠵᠢᠯᠤᠭᠤᠳᠴᠦ ᠪᠠᠢ᠍ᠢ᠍ᠭ᠋ᠠᠳ ᠬᠦᠰᠡᠯᠡᠩ ᠢᠲᠡᠭᠡᠯ ᠪᠢᠰᠢᠷᠡᠯ᠎ᠢ᠎ᠨᠢ ᠪᠠᠲᠤᠳᠬᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ᠎ᠨᠢ ᠪᠠᠲᠤ ᠴᠣᠭᠴᠠᠯᠠᠬᠤ ᠶᠠᠪᠤᠳᠠᠯ ᠪᠤᠯᠬᠤ ᠶᠤᠮ᠃ ᠡᠨᠡ ᠲᠠᠯ᠎ᠠ᠎ᠪᠠᠷ ᠨᠠᠮ᠎ᠤᠨ ᠲᠥᠪ ᠬᠣᠷᠢᠶ᠎ᠠ ᠨᠢᠭᠡᠨᠲᠡ ᠪᠠᠶ᠋ᠢᠷᠢᠯᠠᠭᠤᠯᠤᠯᠲᠠ ᠬᠢᠵᠠᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ᠎ᠬᠢᠨ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠡᠨ ᠬᠦ᠌ ᠠᠳᠬᠤᠨ ᠦᠷ᠎ᠡ ᠪᠦᠲᠦᠮᠵᠢ ᠭᠠᠷᠭ᠋ᠠᠬᠤ ᠬᠡᠷᠡᠭᠲᠡᠢ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ ᠳᠤᠮᠳᠠ᠂ ᠬᠤᠪᠢᠰᠬᠠᠯ᠎ᠤᠨ ᠡᠬᠢ ᠪᠠᠶᠠᠯᠢᠭ᠎ᠢ ᠭᠦᠢ᠍ᠴᠡᠳ ᠠᠰᠢᠠᠠᠯᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠢ ᠬᠦᠮᠦᠵᠢᠭᠦᠯᠵᠤ ᠬᠦᠳᠦᠯᠤᠨ ᠵᠢᠯᠤᠭᠤᠳᠴᠦ ᠪᠠᠢ᠍ᠢ᠍ᠭ᠋ᠠᠳ ᠬᠦᠰᠡᠯᠡᠩ ᠢᠲᠡᠭᠡᠯ ᠪᠢᠰᠢᠷᠡᠯ᠎ᠢ᠎ᠨᠢ ᠪᠠᠲᠤᠳᠬᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ᠎ᠨᠢ ᠪᠠᠳᠤ ᠴᠤᠭᠴᠠᠯᠠᠵᠤ᠂ ᠲᠡᠮᠡᠴᠡᠯ᠎ᠤᠨ ᠵᠣᠷᠢᠭ ᠰᠠᠨᠠᠭ᠎ᠠ ᠵᠢ᠎ᠨᠢ ᠲᠠᠰᠤᠷᠠᠯᠲᠠ ᠦᠭᠡᠢ ᠴᠢᠩᠭ᠋ᠠᠳᠬᠠᠨ ᠲᠡᠮᠡᠴᠡᠯ᠎ᠤᠨ ᠴᠢᠳᠠᠪᠤᠷᠢ ᠵᠢ᠎ᠨᠢ ᠲᠠᠰᠤᠷᠠᠯᠳᠠ ᠦᠬᠡᠢ ᠳᠡᠭᠡᠭᠰᠢᠯᠡᠭᠦᠯᠵᠦ᠂ ᠨᠠᠷᠢᠨ ᠪᠤᠳᠤᠯᠢᠶᠠᠨᠲᠠᠢ ᠪᠠᠶ᠋ᠢᠳᠠᠯ᠎ᠤᠨ ᠡᠮᠦᠨ᠎ᠡ ᠴᠢᠭᠯᠡᠯ ᠵᠶ᠋ᠠᠨ ᠠᠯᠳᠠᠬᠤ ᠦᠭᠡᠢ ᠪᠡᠷᠬᠡ ᠬᠠᠲᠠᠭᠤᠵᠢᠯᠲᠠᠢ ᠲᠡᠮᠡᠴᠡᠯ᠎ᠤᠨ ᠡᠮᠦᠨ᠎ᠡ ᠤᠬᠤᠷᠢᠵᠦ ᠵᠠᠢ᠍ᠢ᠍ᠯᠠᠬᠤ ᠦᠭᠡᠢ ᠪᠠᠶ᠋ᠢᠬᠤ ᠪᠤᠯᠭ᠋ᠠᠬᠤ ᠬᠡᠷᠡᠭᠲᠡᠢ᠃ ᠨᠡᠶ᠋ᠢᠭᠡᠮ ᠳᠠᠶᠠᠭ᠋ᠠᠷ᠎ᠲᠤ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢᠨ ᠬᠥᠮᠦᠵᠢᠯ᠎ᠢ ᠥᠷᠨᠢᠭᠦᠯᠬᠦ᠎ᠪᠠᠷ ᠲᠠᠮᠵᠢᠨ ᠥᠷᠭᠡᠨ ᠣᠯᠠᠨ ᠠᠷᠠᠳ ᠲᠦᠮᠡᠨ᠂ ᠢᠯᠠᠩᠭᠤᠶ᠎ᠠ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ 《ᠬᠢᠵᠦ ᠲᠡᠢ᠍ᠢ᠍ᠯᠬᠦ》᠂ ᠮᠠᠷᠺᠰ᠎ᠤᠨ ᠦᠵᠡᠯ ᠶᠠᠭ᠋ᠠᠬᠢᠭ᠋ᠠᠳ 《ᠪᠣᠯᠬᠤ》᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭ᠋ᠠᠬᠢᠭ᠋ᠠᠳ 《ᠰᠠᠶ᠋ᠢᠨ ᠪᠠᠶ᠋ᠢᠬᠤ》 ᠵᠡᠷᠭᠡ ᠦᠨᠳᠦᠰᠦᠨ ᠶᠣᠰᠣ ᠵᠢ ᠲᠣᠳᠣᠷᠬᠠᠶ ᠣᠶ᠋ᠢᠯᠠᠭ᠋ᠠᠭᠤᠯᠵᠤ᠂ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠦᠭᠡ ᠵᠢ ᠰᠣᠨᠣᠰᠤᠨ ᠨᠠᠮ ᠵᠶ᠋ᠠᠨ ᠳᠠᠭ᠋ᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠭᠤᠤ ᠶᠡᠬᠡ ᠦᠢ᠍ᠯᠡᠳᠦᠯᠭᠡ ᠳᠤᠮᠳᠠ ᠭᠠᠪᠢᠶ᠎ᠠ ᠪᠠᠶ᠋ᠢᠭᠤᠯᠵᠤ ᠦᠢ᠍ᠯᠡᠰ ᠪᠤᠰᠬᠠᠭᠤᠯᠬᠤ ᠬᠡᠷᠡᠭᠲᠡᠶ ᠭᠡᠵᠦ ᠵᠢᠭ᠋ᠠᠵᠦ ᠭᠠᠷᠭ᠋ᠠᠪᠠ᠃
ᠳ᠋ᠢᠩ ᠰᠢᠤᠸᠠᠢ ᠰᠢᠶᠠᠩ᠂ ᠴᠧᠨ ᠰᠢ᠂ ᠶᠢᠦ ᠴᠢᠤᠸᠠᠨ ᠨᠠᠷ ᠬᠢᠨᠠᠨ ᠵᠥᠪᠯᠡᠬᠦ᠎ᠳᠤ ᠣᠷᠣᠯᠴᠠᠵᠠᠢ᠃