ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠴᠠᠬᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ ᠴᠣᠬᠢᠯᠲᠠ ᠥᠭᠭᠦ ᠤᠷᠢᠳᠴᠢᠯᠡᠨ ᠰᠡᠷᠭᠡᠶ᠋ᠢᠯᠡᠬᠦ ᠬᠠᠮᠢᠶᠡᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶ᠋ᠢᠳᠠᠯ᠎ᠢ ᠡᠷᠡᠰ ᠬᠣᠷᠢᠬᠯᠠᠬᠤ ᠭᠡᠷᠡᠭᠳᠠᠢ ᠯᠢ ᠺᠸ ᠴᠢᠶᠠᠩ ᠴᠣᠬᠣᠯᠠᠪᠤᠷᠢ ᠥᠭᠴᠡᠢ
ᠨᠡᠶ᠋ᠢᠲᠡᠯᠡᠭᠰᠡᠨ ᠴᠠᠭ᠄ 2021-04-12

      ᠰᠢᠨᠬᠤᠸᠠ ᠬᠣᠷᠢᠶᠠᠨ᠎ᠤ ᠪᠡᠭᠡᠵᠢᠩ᠎ᠤᠨ 4 ᠰᠠᠷ᠎ᠠ ᠵᠢᠨ 9᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ ᠵᠢᠨ ᠡᠳᠦᠷ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠳᠤ ᠴᠢᠬᠤᠯᠠ ᠵᠢᠭ᠋ᠠᠪᠤᠷᠢ ᠥᠭᠬᠦ᠎ᠳᠡᠭᠡᠨ᠂ ᠤᠢ᠍ᠢ᠍ᠷ᠎ᠠ ᠵᠢᠨ ᠵᠢᠯ᠎ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠦᠭᠡᠳ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠨ᠂ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮᠳᠦ ᠦᠵᠡᠯᠲᠡ ᠪᠠ ᠬᠠᠤᠯᠢᠵᠢᠯ᠎ᠤᠨ ᠰᠡᠳᠬᠢᠬᠦᠢ ᠵᠢ ᠴᠢᠩᠭ᠋ᠠᠳᠬᠠᠨ᠂ ᠡᠬᠢ ᠡᠭᠦᠰᠦᠯ᠎ᠠᠴᠠ᠎ᠨᠢ ᠵᠠᠰᠠᠬᠤ ᠪᠠ ᠶᠡᠷᠦᠩᠬᠡᠶ᠋ᠢᠯᠡᠨ ᠵᠠᠰᠠᠬᠤ ᠵᠢ ᠴᠢᠬᠤᠯᠠᠴᠢᠯᠠᠵᠤ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ ᠪᠠ ᠤᠯᠠᠨ ᠵᠶ᠋ᠠᠷ ᠵᠶ᠋ᠠᠨ ᠰᠡᠷᠭᠡᠶ᠋ᠢᠯᠡᠵᠦ ᠤᠯᠠᠨ ᠵᠶ᠋ᠠᠷ ᠵᠶ᠋ᠠᠨ ᠵᠠᠰᠠᠬᠤ ᠵᠢ ᠪᠠᠷᠢᠮᠲᠠᠯᠠᠨ᠂ ᠴᠣᠬᠢᠯᠲᠠ ᠥᠭᠬᠦ ᠤᠷᠢᠳᠴᠢᠯᠡᠨ ᠰᠡᠷᠭᠡᠶ᠋ᠢᠯᠡᠬᠦ ᠬᠠᠮᠢᠶᠠᠷᠤᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠪᠣᠯᠤᠨ ᠮᠥᠩᠭᠥᠨ ᠭᠦᠢ᠍ᠯᠭᠡᠭᠡᠨ᠂ ᠴᠢᠮᠡᠭᠡ ᠬᠣᠯᠪᠣᠭ᠎ᠠ᠂ ᠢᠨᠲᠸᠷ ᠰᠦᠯᠵᠢᠶ᠎ᠡ ᠵᠡᠷᠭᠡ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠤᠯᠢ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠨᠡᠶ᠋ᠢᠭᠡᠮ᠎ᠤᠨ ᠤᠬᠠᠭᠤᠯᠭ᠎ᠠ ᠬᠥᠮᠦᠵᠢᠯ ᠰᠡᠷᠭᠡᠶ᠋ᠢᠯᠡᠯᠲᠡ ᠵᠢ ᠴᠢᠩᠭ᠋ᠠᠳᠬᠠᠵᠤ᠂ ᠤᠯᠠᠨ ᠤᠯᠤᠰ᠎ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠵᠢ ᠠᠬᠢᠭᠤᠯᠤᠨ᠂ ᠡᠶ᠋ᠢᠮᠦ ᠲᠦᠷᠦᠯ᠎ᠤᠨ ᠶᠠᠯᠠᠲᠤ ᠠᠵᠢᠯᠯᠠᠭ᠎ᠠ ᠤᠯᠠᠨ ᠡᠭᠦᠰᠬᠦ ᠪᠠᠶ᠋ᠢᠳᠠᠯ᠎ᠢ ᠡᠷᠡᠰ ᠬᠣᠷᠢᠬᠯᠠᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠨᠭ᠌ᠳᠤ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠪᠦᠳᠦᠬᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠳᠡᠢ ᠭᠡᠵᠤ ᠴᠢᠬᠤᠯᠠᠴᠢᠯᠠᠪᠠ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠴᠣᠬᠣᠯᠠᠪᠤᠷᠢ ᠥᠭᠴᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠤᠨ ᠭᠦᠨᠵᠡᠭᠡᠶ᠋ᠢᠷᠡᠭᠦᠯᠵᠦ᠂ ᠠᠷᠠᠳ ᠤᠯᠠᠨ᠎ᠤ ᠡᠳ᠋ ᠬᠦᠷᠦᠩᠭᠡ ᠵᠢᠨ ᠠᠮᠤᠷ ᠲᠦᠪᠰᠢᠨ ᠪᠣᠯᠤᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
      ᠪᠦᠬᠦ ᠤᠯᠤᠰ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠤᠨ ᠲᠧᠯᠸᠢᠰ ᠤᠲᠠᠰᠤ ᠬᠤᠷᠠᠯ 8᠎ᠤ ᠡᠳᠦᠷ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠣᠯᠤᠨ ᠯᠢ ᠺᠸ ᠴᠢᠶᠠᠩ᠎ᠤᠨ ᠴᠣᠬᠣᠯᠠᠪᠤᠷᠢ ᠵᠢ ᠤᠯᠠᠮᠵᠢᠯᠠᠪᠠ᠃ ᠲᠦᠷᠦ ᠵᠢᠨ ᠶᠠᠪᠤᠳᠠᠯ᠎ᠤᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠶᠡᠷᠦᠩᠬᠡᠢ ᠬᠤᠷᠠᠯᠳᠤᠭᠤᠯᠤᠭᠴᠢ ᠵᠤᠤ ᠺᠸ ᡁᠢ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠎ᠨᠢ ᠣᠳᠣᠬᠠᠨ ᠪᠠ ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠢ ᠰᠠᠶ᠋ᠢᠲᠤᠷ ᠬᠢᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠨ ᠦᠭᠴᠤ᠂ ᠦᠨᠳᠦᠰᠦᠨ ᠵᠢᠷᠤᠮᠯᠠᠯ ᠬᠠᠩᠭ᠋ᠠᠵᠠᠢ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ 《ᠳᠥᠷᠪᠡᠨ ᠢᠲᠡᠭᠡᠯ》 ᠵᠶ᠋ᠠᠨ ᠪᠠᠲᠤᠳᠬᠠᠵᠤ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠴᠣᠬᠢᠯᠲᠠ ᠥᠭᠬᠦ ᠤᠷᠢᠳᠴᠢᠯᠡᠨ ᠰᠡᠷᠭᠡᠶ᠋ᠢᠯᠡᠬᠦ ᠬᠠᠮᠢᠶᠠᠷᠤᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠦᠨᠡᠨ ᠬᠦ᠌ ᠨᠠᠷᠢᠯᠢᠭ ᠠᠳᠬᠤᠵᠤ ᠪᠣᠳᠠᠲᠠᠶ ᠠᠳᠬᠤᠨ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶ᠋ᠢᠳᠠᠯ᠎ᠢ ᠡᠷᠡᠰ ᠬᠣᠷᠢᠬᠯᠠᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠴᠢᠬᠤᠯᠠᠴᠢᠯᠠᠬᠰᠠᠨ᠎ᠨᠢ ᠤᠳᠤ ᠦᠶ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠢᠰᠲ᠋ᠧᠮ᠎ᠢ ᠲᠦᠷᠭᠡᠳᠭᠡᠨ ᠪᠠᠢ᠍ᠢ᠍ᠭᠤᠯᠵᠦ ᠨᠡᠩ ᠤᠯᠠᠨ ᠬᠡᠪ ᠴᠢᠨᠠᠷ ᠰᠠᠢ᠍ᠢ᠍ᠲᠠᠢ ᠤᠷ᠎ᠠ ᠮᠡᠷᠭᠡᠵᠢᠯ᠎ᠤᠨ ᠴᠢᠳᠠᠪᠤᠷᠢᠳᠠᠨ ᠶᠡᠬᠡ ᠤᠯᠤᠰ᠎ᠤᠨ ᠤᠷᠠᠨ ᠳᠠᠷᠬᠠᠨ᠎ᠢ ᠬᠦᠮᠦᠵᠢᠬᠦᠯᠬᠦ ᠭᠡᠷᠡᠭᠲᠡᠢ ᠯᠢ ᠺᠸ ᠴᠢᠶᠠᠩ ᠴᠤᠬᠤᠯᠠᠪᠤᠷᠢ ᠦᠭᠪᠡ
ᠰᠢ ᠵᠢᠨ ᠫᠢᠩ ᠭᠠᠳᠠᠭ᠋ᠠᠳᠦ ᠤᠯᠤᠰ᠎ᠤᠨ ᠰᠢᠨ᠎ᠠ᠎ᠪᠠᠷ ᠲᠤᠰᠢᠶᠠᠯ᠎ᠳᠤ ᠭᠠᠷᠤᠭᠰᠠᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢ᠍ᠢ᠍ᠳ᠎ᠤᠨ ᠲᠡᠪᠰᠢᠬᠦᠯᠦᠭᠰᠡᠨ ᠲᠦᠷᠦ ᠵᠢᠨ ᠪᠢᠴᠢᠭ᠎ᠢ ᠬᠦᠯᠢᠶᠡᠨ ᠠᠪᠤᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠠᠩᠰᠠᠯᠠᠨ ᠬᠠᠮᠢᠶᠠᠷᠬᠤ ᠲᠦᠷᠢᠮ (ᠲᠥᠰᠦᠯ)》᠎ᠢ ᠪᠠᠲᠤᠯᠠᠪᠠ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ 《ᠳᠤᠮᠳᠠᠳᠤ ᠤᠯᠤᠰ᠎ᠤᠨ ᠡᠪ ᠬᠠᠮᠳᠦ ᠨᠠᠮ ᠪᠠᠢ᠍ᠢ᠍ᠭᠤᠯᠤᠭᠳᠠᠬᠰᠠᠨ 95 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ》
ᠰᠢ ᠵᠢᠨ ᠫᠢᠩ ᠹᠷᠠᠨᠼᠢ ᠭᠧᠷᠮᠠᠨ᠎ᠤ ᠤᠳᠤᠷᠢᠳᠬᠤ ᠬᠥᠮᠦᠰ᠎ᠲᠠᠢ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ
 
            