ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠴᠢᠬᠤᠯᠠᠴᠢᠯᠠᠬᠰᠠᠨ᠎ᠨᠢ ᠤᠳᠤ ᠦᠶ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠢᠰᠲ᠋ᠧᠮ᠎ᠢ ᠲᠦᠷᠭᠡᠳᠭᠡᠨ ᠪᠠᠢ᠍ᠢ᠍ᠭᠤᠯᠵᠦ ᠨᠡᠩ ᠤᠯᠠᠨ ᠬᠡᠪ ᠴᠢᠨᠠᠷ ᠰᠠᠢ᠍ᠢ᠍ᠲᠠᠢ ᠤᠷ᠎ᠠ ᠮᠡᠷᠭᠡᠵᠢᠯ᠎ᠤᠨ ᠴᠢᠳᠠᠪᠤᠷᠢᠳᠠᠨ ᠶᠡᠬᠡ ᠤᠯᠤᠰ᠎ᠤᠨ ᠤᠷᠠᠨ ᠳᠠᠷᠬᠠᠨ᠎ᠢ ᠬᠦᠮᠦᠵᠢᠬᠦᠯᠬᠦ ᠭᠡᠷᠡᠭᠲᠡᠢ ᠯᠢ ᠺᠸ ᠴᠢᠶᠠᠩ ᠴᠤᠬᠤᠯᠠᠪᠤᠷᠢ ᠦᠭᠪᠡ
ᠨᠡᠶ᠋ᠢᠲᠡᠯᠡᠭᠰᠡᠨ ᠴᠠᠭ᠄ 2021-04-14

      ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 13᠎ᠤ ᠴᠠᠬᠢᠯᠭ᠋ᠠᠨ ᠮᠡᠳᠡᠭᠡ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠬᠦ᠎ᠳᠡᠭᠡᠨ᠂ ᠨᠡᠢ᠍ᠢ᠍ᠭᠡᠮ ᠵᠢᠷᠤᠮᠳᠦ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠍ᠢ᠍ᠭᠤᠯᠬᠤ ᠰᠢᠨ᠎ᠠ ᠠᠶᠠᠨ ᠳᠤᠮᠳᠠ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠠᠯᠤᠰ ᠢᠷᠡᠭᠡᠳᠦᠢ ᠭᠡᠭᠡᠨ ᠰᠠᠷᠠᠭᠤᠯ᠂ ᠶᠡᠭᠡᠭᠡᠨ ᠠᠵᠢᠯ ᠶᠠᠪᠤᠳᠠᠯ ᠪᠦᠳᠦᠭᠡᠵᠦ ᠪᠤᠯᠤᠨ᠎ᠠ᠃ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠵᠦ᠂ ᠰᠤᠷᠭ᠋ᠠᠭᠤᠯᠢ ᠡᠷᠬᠢᠯᠡᠬᠦ ᠵᠦᠪ ᠴᠢᠭᠯᠡᠯ᠎ᠢ ᠪᠠᠷᠢᠮᠳᠠᠯᠠᠨ᠂ ᠶᠤᠰᠤ ᠰᠤᠷᠳᠠᠬᠤᠨ ᠵᠶ᠋ᠠᠷ ᠬᠦᠮᠦᠨ ᠬᠦᠮᠦᠵᠢᠬᠦᠯᠬᠦ ᠵᠢ ᠪᠠᠷᠢᠮᠳᠠᠯᠠᠵᠦ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠲᠦᠷᠦᠯ ᠭᠡᠯᠪᠡᠷᠢ ᠵᠢᠨ ᠪᠠᠢ᠍ᠢ᠍ᠷᠢ ᠲᠤᠭᠳᠠᠭ᠋ᠠᠯᠳᠠ ᠵᠢ ᠰᠢᠯᠢᠳᠡᠭᠵᠢᠬᠦᠯᠦᠨ᠂ ᠦᠢ᠍ᠯᠡᠳᠪᠤᠷᠢᠯᠡᠯ ᠬᠢᠴᠢᠶᠡᠯ ᠬᠦᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠠᠵᠤ ᠠᠬᠤᠢ᠍ᠢ᠍ᠯᠠᠯ᠎ᠤᠨ ᠬᠠᠮᠳᠤᠷᠠᠯᠴᠠᠭ᠎ᠠ ᠵᠢ ᠬᠦᠨᠵᠡᠭᠡᠢ᠍ᠢ᠍ᠷᠡᠬᠦᠯᠵᠦ᠂ ᠬᠦᠮᠦᠨ ᠬᠦᠮᠦᠵᠢᠬᠦᠯᠬᠦ ᠠᠷᠭ᠎ᠠ ᠭᠡᠯᠪᠡᠷᠢ᠂ ᠰᠤᠷᠭ᠋ᠠᠭᠤᠯᠢ ᠡᠷᠬᠢᠯᠡᠬᠦ ᠵᠠᠬ᠍ᠪᠤᠷ᠂ ᠬᠠᠮᠢᠶᠠᠷᠤᠯᠳᠠ ᠵᠢᠨ ᠪᠠᠢ᠍ᠢ᠍ᠭᠤᠯᠤᠮᠵᠢ᠂ ᠪᠠᠳᠤᠯᠠᠭ᠋ᠠᠨ᠎ᠤ ᠲᠤᠭᠳᠠᠴᠠ ᠵᠢᠨ ᠦᠭᠡᠷᠡᠴᠢᠯᠡᠯᠳᠠ ᠵᠢ ᠬᠦᠨᠵᠡᠭᠡᠢ ᠠᠬᠢᠭᠤᠯᠤᠨ᠂ ᠠᠵᠢᠯ ᠮᠡᠷᠭᠡᠵᠢᠯ᠎ᠤᠨ ᠵᠢᠩᠬᠢᠨᠢ ᠠᠩᠬᠢ ᠵᠢᠨ ᠰᠤᠷᠭ᠋ᠠᠨ ᠬᠦᠮᠦᠵᠢᠯ᠎ᠢ ᠲᠤᠭᠳᠠᠭᠤᠨ ᠵᠶ᠋ᠠᠷ ᠬᠦᠭᠵᠢᠬᠦᠯᠵᠦ᠂ ᠨᠢᠭᠡ ᠪᠦᠯᠦᠭ ᠦᠨᠳᠦᠷ ᠲᠦᠪᠰᠢᠨ᠎ᠲᠠᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠ ᠲᠤᠰᠬᠠᠢ ᠮᠡᠷᠭᠡᠵᠢᠯ᠎ᠢ ᠪᠦᠳᠦᠭᠡᠨ ᠪᠠᠢ᠍ᠢ᠍ᠭᠤᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ ᠪᠠ ᠡᠩ᠎ᠤᠨ ᠰᠤᠷᠭ᠋ᠠᠨ ᠬᠦᠮᠦᠵᠢᠯ᠎ᠤᠨ ᠠᠭᠤᠰᠤᠯᠴᠠᠭ᠎ᠠ ᠨᠡᠪᠳᠡᠷᠡᠯᠴᠡᠭᠡ ᠵᠢ ᠠᠬᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠵᠤᠬᠢᠴᠠᠬᠤ ᠴᠢᠨᠠᠷ᠎ᠢ ᠴᠢᠩᠭ᠋ᠠᠳᠬᠠᠵᠦ᠂ ᠤᠳᠤ ᠦᠶ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠢᠰᠲ᠋ᠧᠮ᠎ᠢ ᠲᠦᠷᠭᠡᠳᠭᠡᠨ ᠪᠠᠢ᠍ᠢ᠍ᠭᠤᠯᠵᠦ᠂ ᠨᠡᠩ ᠤᠯᠠᠨ ᠬᠡᠪ ᠴᠢᠨᠠᠷ ᠰᠠᠢ᠍ᠢ᠍ᠲᠠᠢ ᠤᠷ᠎ᠠ ᠮᠡᠷᠭᠡᠵᠢᠯ᠎ᠤᠨ ᠴᠢᠳᠠᠪᠤᠷᠢᠳᠠᠨ ᠶᠡᠬᠡ ᠤᠯᠤᠰ᠎ᠤᠨ ᠤᠷᠠᠨ ᠳᠠᠷᠬᠠᠨ᠎ᠢ ᠬᠦᠮᠦᠵᠢᠬᠦᠯᠬᠦ ᠭᠡᠷᠡᠭᠲᠡᠢ᠃ ᠡᠯ᠎ᠠ ᠱᠠᠳᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠤᠷᠳᠤᠨ ᠲᠦᠷᠢᠮ᠎ᠤᠨ ᠰᠢᠨᠡᠴᠢᠯᠡᠯᠳᠠ᠂ ᠲᠦᠷᠦ ᠵᠢᠨ ᠪᠤᠳᠤᠯᠭ᠎ᠠ ᠵᠢᠨ ᠬᠠᠩᠭ᠋ᠠᠯᠭ᠎ᠠ᠂ ᠤᠷᠤᠭᠤᠯᠤᠯᠳᠠ ᠵᠢᠨ ᠡᠷᠴᠢᠮ ᠵᠶ᠋ᠠᠨ ᠴᠢᠨᠭ᠌ᠭ᠋ᠠᠷᠠᠭᠤᠯᠵᠦ᠂ ᠤᠷᠠᠨ ᠳᠠᠷᠬᠠᠨ᠎ᠤ ᠵᠤᠷᠢᠭ ᠰᠠᠨᠠᠭ᠎ᠠ ᠵᠢ ᠪᠠᠳᠠᠷᠠᠭᠤᠯᠤᠨ᠂ ᠤᠷ᠎ᠠ ᠮᠡᠷᠭᠡᠵᠢᠯ᠎ᠤᠨ ᠴᠢᠳᠠᠪᠤᠷᠢᠳᠠᠨ᠎ᠤ ᠨᠡᠢ᠍ᠢ᠍ᠭᠡᠮ᠎ᠤᠨ ᠪᠠᠢ᠍ᠢ᠍ᠷᠢ ᠰᠠᠭᠤᠷᠢ ᠵᠢ ᠳᠡᠭᠡᠭᠰᠢᠯᠡᠬᠦᠯᠵᠦ᠂ ᠨᠡᠢ᠍ᠢ᠍ᠭᠡᠮ ᠵᠢᠷᠤᠮᠳᠦ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠍ᠢ᠍ᠭᠤᠯᠬᠤ᠂ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠳᠤᠮᠳᠠᠳᠤ ᠵᠢᠨ ᠵᠡᠬᠦᠳᠦ ᠵᠢ ᠳᠡᠷᠭᠡᠯᠰᠢᠬᠦᠯᠬᠦ ᠵᠢᠨ ᠲᠦᠯᠦᠭᠡ ᠴᠢᠳᠠᠪᠤᠷᠢᠳᠠᠨ ᠪᠠ ᠮᠡᠷᠭᠡᠵᠢᠯ᠎ᠤᠨ ᠬᠦᠴᠦᠳᠦ ᠲᠤᠯᠭ᠋ᠠᠭᠤᠷᠢᠯᠠᠯ ᠬᠠᠩᠭ᠋ᠠᠬᠤ ᠭᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠦᠪ ᠬᠤᠷᠢᠶᠠᠨ᠎ᠤ ᠤᠯᠤᠰ ᠲᠦᠷᠤ ᠵᠢᠨ ᠲᠤᠪᠴᠢᠶᠠᠨ᠎ᠤ ᠪᠠᠢ᠍ᠢ᠍ᠨᠭ᠌ᠭᠤ ᠵᠢᠨ ᠭᠡᠰᠢᠬᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠤᠨᠭ᠌ᠭᠡᠢ ᠰᠠᠢ᠍ᠢ᠍ᠳ ᠯᠢ ᠺᠸ ᠴᠢᠶᠠᠩ ᠴᠤᠬᠤᠯᠠᠪᠤᠷᠢ ᠦᠭᠬᠦ᠎ᠳᠡᠭᠡᠨ᠂ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ ᠪᠤᠯ ᠤᠷ᠎ᠠ ᠮᠡᠷᠭᠡᠵᠢᠯ᠎ᠤᠨ ᠴᠢᠳᠠᠪᠤᠷᠢᠳᠠᠨ᠎ᠢ ᠬᠦᠮᠦᠵᠢᠬᠦᠯᠵᠤ᠂ ᠠᠵᠢᠯ ᠤᠯᠭᠤᠬᠤ ᠦᠢ᠍ᠯᠡᠰ ᠪᠤᠰᠬᠠᠬᠤ ᠰᠢᠨ᠎ᠡ ᠵᠢ ᠡᠬᠦᠳᠬᠦ ᠵᠢ ᠠᠬᠢᠭᠤᠯᠵᠤ᠂ ᠲᠤᠮᠳᠠᠳᠤ ᠤᠯᠤᠰ᠎ᠤᠨ ᠦᠢ᠍ᠯᠡᠳᠭᠡᠯ ᠪᠠ ᠦᠢ᠍ᠯᠡᠴᠢᠯᠡᠭᠡᠨ᠎ᠤ ᠲᠦᠪᠰᠢᠨ᠎ᠢ ᠲᠡᠭᠡᠭᠰᠢᠯᠡᠬᠦᠯᠬᠦ ᠵᠢ ᠠᠬᠢᠭᠤᠯᠬᠤ ᠴᠢᠬᠤᠯᠠ ᠰᠠᠭᠤᠷᠢ ᠪᠤᠯᠤᠨ᠎ᠡ᠃ ᠤᠢ᠍ᠢ᠍ᠷ᠎ᠡ ᠵᠢᠨ ᠵᠢᠯ᠎ᠠᠴᠠ᠂ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠡ ᠮᠦᠴᠢᠷ᠎ᠤᠨ᠎ᠬᠢᠨ ᠨᠠᠮ᠎ᠤᠨ ᠲᠦᠪ ᠬᠤᠷᠢᠶ᠎ᠡ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠤᠳᠤᠯᠭ᠎ᠡ ᠪᠠᠢ᠍ᠢ᠍ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠦᠮᠤᠵᠢᠯ᠎ᠤᠨ ᠬᠦᠭᠵᠢᠯᠳᠠ ᠵᠢ ᠠᠬᠢᠭᠤᠯᠤᠭ᠋ᠠᠳ ᠢᠯᠡᠳᠳᠡ ᠠᠮᠵᠢᠯᠳᠠ ᠪᠦᠳᠦᠮᠵᠢ ᠤᠯᠵᠠᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠡ᠎ᠪᠠᠷ ᠵᠢᠯᠤᠭᠤᠳᠤᠯᠭ᠎ᠡ ᠪᠤᠯᠭ᠋ᠠᠬᠤ ᠵᠢ ᠪᠠᠷᠢᠮᠳᠠᠯᠠᠵᠤ᠂ ᠤᠯᠤᠰ᠎ᠤᠨ ᠤᠳᠤᠬᠢᠴᠢᠯᠠᠯᠳᠠ ᠵᠢᠨ ᠪᠦᠳᠦᠭᠡᠨ ᠪᠠᠢ᠍ᠢ᠍ᠭᠤᠯᠤᠯᠳᠠ᠎ᠳᠤ ᠦᠢ᠍ᠯᠡᠴᠢᠯᠡᠬᠦ᠂ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠦᠭᠡᠷᠡᠴᠢᠯᠡᠯᠳᠠ ᠬᠢᠵᠦ ᠰᠢᠨ᠎ᠡ ᠵᠢ ᠡᠬᠦᠳᠬᠦ ᠵᠢ ᠬᠦᠴᠤᠯᠠᠨ ᠠᠬᠢᠭᠤᠯᠵᠤ᠂ ᠲᠡᠷᠢᠬᠦᠨ᠎ᠤ ᠲᠤᠷᠰᠢᠯᠭ᠎ᠡ᠎ᠪᠠᠷ ᠲᠤᠯᠢ ᠪᠤᠯᠭ᠋ᠠᠵᠤ᠂ ᠦᠨᠳᠤᠷ ᠲᠦᠪᠰᠢᠨ᠂ ᠦᠨᠳᠤᠷ ᠲᠡᠰ ᠲᠠᠪᠬᠤᠷᠭ᠎ᠡ ᠵᠢᠨ ᠤᠷ᠎ᠠ ᠮᠡᠷᠭᠡᠵᠢᠯ᠎ᠤᠨ ᠴᠢᠳᠠᠪᠤᠷᠢᠳᠠᠨ᠎ᠢ ᠬᠦᠮᠦᠵᠢᠬᠦᠯᠬᠦ ᠰᠢᠰᠲ᠋ᠧᠮ᠎ᠢ ᠴᠢᠷᠮᠠᠢ᠍ᠢ᠍ᠨ ᠪᠠᠢ᠍ᠢ᠍ᠭᠤᠯᠬᠤ ᠭᠡᠷᠡᠭᠳᠠᠢ᠃ ᠮᠡᠷᠭᠡᠵᠢᠯ᠎ᠤᠨ ᠬᠤᠪᠢᠰᠤᠯᠳᠠ ᠪᠠ ᠠᠵᠤ ᠦᠢ᠍ᠯᠡᠰ᠎ᠤᠨ ᠰᠢᠯᠢᠳᠡᠭᠵᠢᠨ ᠲᠡᠰ ᠲᠠᠪᠰᠢᠬᠦ ᠴᠢᠭᠯᠡᠯ᠎ᠢ ᠤᠨᠢᠯᠠᠵᠤ᠂ ᠦᠢ᠍ᠯᠡᠳᠪᠤᠷᠢᠯᠡᠯ ᠬᠢᠴᠢᠶᠠᠯ ᠬᠦᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠠᠵᠤ ᠠᠬᠤᠢ᠍ᠢ᠍ᠯᠠᠯ᠎ᠤᠨ ᠬᠠᠮᠳᠤᠷᠠᠯᠴᠠᠭ᠎ᠡ ᠵᠢ ᠠᠬᠢᠭᠤᠯᠵᠤ᠂ ᠨᠡᠩ ᠤᠯᠠᠨ ᠵᠠᠯᠠᠭᠤᠴᠤᠳ᠎ᠢ ᠲᠠᠳᠠᠨ ᠠᠪᠴᠢᠷᠠᠵᠤ ᠠᠵᠢᠯ ᠮᠡᠷᠭᠡᠵᠢᠯ᠎ᠤᠨ ᠤᠷ᠎ᠡ ᠮᠡᠷᠭᠡᠵᠢᠯ᠎ᠤᠨ ᠰᠤᠷᠭ᠋ᠠᠨ ᠬᠦᠮᠤᠵᠢᠯ ᠬᠦᠷᠳᠡᠭᠡᠵᠤ᠂ ᠰᠤᠷᠭ᠋ᠠᠨ ᠬᠦᠮᠦᠵᠢᠯ᠎ᠤᠨ ᠬᠡᠯᠬᠢᠶ᠎ᠡ᠂ ᠴᠢᠳᠠᠪᠤᠷᠢᠳᠠᠨ᠎ᠤ ᠬᠡᠯᠬᠢᠶ᠎ᠡ ᠪᠤᠯᠤᠨ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠬᠦᠳᠬᠦ ᠭᠡᠯᠬᠢᠶ᠎ᠡ ᠵᠢᠨ ᠪᠦᠳᠦᠮᠵᠢᠳᠠᠢ ᠵᠤᠯᠭ᠋ᠠᠯᠴᠠᠬᠤ ᠵᠢ ᠠᠬᠢᠭᠤᠯᠬᠤ ᠭᠡᠷᠡᠭᠳᠠᠢ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠬᠰᠢ ᠵᠢᠨ ᠡᠨᠭᠨᠡᠭᠡ ᠪᠠ ᠰᠤᠷᠭ᠋ᠠᠭᠤᠯᠢ ᠡᠷᠬᠢᠯᠡᠬᠦ ᠨᠦᠬᠦᠴᠡᠯ᠎ᠤᠨ ᠪᠦᠳᠦᠭᠡᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ᠂ ᠵᠢᠭ᠋ᠠᠬᠤ ᠮᠠᠲᠸᠷᠢᠶᠠᠯ ᠪᠠ ᠵᠢᠭ᠋ᠠᠨ ᠰᠤᠷᠭ᠋ᠠᠯᠳᠠ ᠵᠢᠨ ᠠᠷᠭ᠎ᠡ ᠬᠡᠯᠪᠡᠷᠢ ᠵᠢ ᠰᠢᠯᠢᠳᠡᠭᠵᠢᠬᠦᠯᠤᠨ ᠲᠡᠬᠦᠯᠳᠡᠷᠵᠢᠬᠦᠯᠵᠤ᠂ ᠲᠤᠮᠳᠠᠳᠤ ᠤᠯᠤᠰ᠎ᠤᠨ ᠤᠨᠴᠠᠯᠢᠭ᠎ᠲᠠᠢ ᠱᠠᠪᠢ ᠬᠦᠮᠦᠵᠢᠭᠦᠯᠬᠦ ᠲᠦᠷᠢᠮ᠎ᠢ ᠬᠠᠢ᠍ᠢ᠍ᠨ ᠰᠦᠪᠡᠭᠴᠢᠯᠡᠵᠤ᠂ ᠰᠤᠷᠤᠬ᠍ᠴᠢᠳ᠎ᠤᠨ ᠤᠷᠠᠨ ᠲᠠᠷᠬᠠᠨ᠎ᠤ ᠵᠤᠷᠢᠭ ᠰᠠᠨᠠᠭ᠎ᠡ ᠪᠠ ᠨᠢᠬᠳᠠ᠎ᠠᠴᠠ ᠨᠢᠬᠳᠠ ᠪᠠᠢ᠍ᠢ᠍ᠬᠤ ᠲᠠᠳᠬᠠᠯ᠎ᠢ ᠪᠤᠢ ᠪᠤᠯᠭ᠋ᠠᠬᠤ ᠵᠢ ᠴᠢᠬᠤᠯᠠᠴᠢᠯᠠᠵᠤ᠂ ᠬᠡᠪ ᠴᠢᠨᠠᠷ ᠰᠠᠢ᠍ᠢ᠍ᠳᠠᠢ ᠲᠦᠭ ᠲᠦᠮᠡᠨ ᠤᠷ᠎ᠠ ᠮᠡᠷᠭᠡᠵᠢᠯ᠎ᠤᠨ ᠴᠢᠳᠠᠪᠤᠷᠢᠳᠠᠨ᠎ᠢ ᠴᠢᠷᠮᠠᠢ᠍ᠢ᠍ᠨ ᠬᠦᠮᠦᠵᠢᠬᠦᠯᠵᠤ᠂ ᠨᠡᠢ᠍ᠢ᠍ᠭᠡᠮ ᠵᠢᠷᠤᠮᠳᠤ ᠤᠳᠤᠬᠢᠴᠢᠯᠠᠬᠰᠡᠨ ᠤᠯᠤᠰ᠎ᠢ ᠪᠦᠬᠦ ᠲᠠᠯ᠎ᠡ᠎ᠪᠠᠷ ᠪᠦᠳᠦᠭᠡᠨ ᠪᠠᠢ᠍ᠢ᠍ᠭᠤᠯᠬᠤ᠎ᠳᠤ ᠪᠠᠳᠤ ᠴᠢᠨᠭᠭ᠎ᠡ ᠲᠤᠯᠭ᠋ᠠᠭᠤᠷᠢᠯᠠᠯ ᠬᠠᠨᠭ᠌ᠭ᠋ᠠᠬᠤ ᠭᠡᠷᠡᠭᠳᠠᠢ ᠭᠡᠵᠤ ᠵᠢᠭ᠋ᠠᠵᠤ ᠭᠠᠷᠭ᠋ᠠᠪᠠ᠃
      ᠪᠦᠬᠦ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ 4 ᠰᠠᠷ᠎ᠠ ᠵᠢᠨ 12᠎ᠠᠴᠠ 13᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠵᠤ᠂ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠣᠯᠤᠨ ᠯᠢ ᠺᠸ ᠴᠢᠶᠠᠩ᠎ᠤᠨ ᠴᠣᠬᠣᠯᠠᠪᠤᠷᠢ ᠵᠢ ᠤᠯᠠᠮᠵᠢᠯᠠᠪᠠ᠃ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠰᠦᠨ ᠴᠦᠨ ᠯᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠰᠠᠶ᠋ᠢᠳ ᠯᠢ ᠺᠸ ᠴᠢᠶᠠᠩ᠎ᠤᠨ ᠴᠣᠬᠣᠯᠠᠪᠤᠷᠢ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠶᠤᠰᠤ ᠰᠤᠷᠳᠠᠬᠤᠨ ᠵᠶ᠋ᠠᠷ ᠬᠥᠮᠦᠨ ᠬᠥᠮᠦᠵᠢᠭᠦᠯᠬᠦ ᠵᠢ ᠪᠠᠷᠢᠮᠲᠠᠯᠠᠵᠤ᠂ ᠲᠦᠷᠦᠯ ᠬᠡᠯᠪᠡᠷᠢ ᠵᠢᠨ ᠪᠠᠶ᠋ᠢᠷᠢ ᠲᠣᠭᠲᠠᠭ᠋ᠠᠯᠲᠠ ᠵᠢ ᠰᠢᠯᠢᠳᠡᠭᠵᠢᠭᠦᠯᠵᠦ᠂ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠵᠢᠩᠬᠢᠨᠢ ᠠᠩᠭᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠮᠦᠵᠢᠭᠦᠯᠬᠦ ᠰᠢᠰᠲ᠋ᠧᠮ᠎ᠢ ᠨᠢᠭᠡ ᠴᠣᠭᠴᠠᠵᠢᠭᠤᠯᠤᠨ ᠲᠥᠯᠥᠪᠯᠡᠵᠦ᠂ 《ᠭᠤᠷᠪᠠᠨ ᠰᠤᠷᠭ᠋ᠠᠨ ᠬᠥᠮᠦᠵᠢᠯ》᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ 《ᠠᠵᠢᠯ᠎ᠤᠨ ᠪᠠᠶ᠋ᠢᠷᠢ ᠬᠢᠴᠢᠶᠡᠯ ᠤᠷᠤᠯᠳᠤᠭ᠋ᠠᠨ ᠬᠢᠷᠢ ᠭᠡᠮ᠎ᠤᠨ ᠦᠨᠡᠮᠯᠡᠯ》 ᠵᠶ᠋ᠠᠷ ᠶᠡᠷᠦᠩᠬᠡᠶ᠋ᠢᠯᠡᠨ ᠬᠥᠮᠦᠨ᠎ᠢ ᠬᠥᠮᠦᠵᠢᠭᠦᠯᠵᠦ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠶ᠃ ᠤᠯᠠᠨ ᠡᠰᠢᠴᠢᠯᠡᠭᠰᠡᠨ ᠰᠤᠷᠭ᠋ᠠᠭᠤᠯᠢ ᠡᠷᠬᠢᠯᠡᠬᠦ ᠪᠠᠶ᠋ᠢᠷᠢᠰᠢᠯ᠎ᠢ ᠪᠦᠷᠢᠨᠰᠢᠬᠦᠯᠵᠤ᠂ ᠦᠢ᠍ᠯᠡᠳᠪᠦᠷᠢᠯᠡᠯ ᠬᠢᠴᠢᠶᠡᠯ ᠬᠦᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠲᠦᠷᠦ ᠵᠢᠨ ᠪᠤᠳᠤᠯᠭ᠎ᠠ ᠵᠢ ᠨᠠᠷᠢᠯᠢᠬ᠍ᠵᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ᠎ᠲᠤ  ᠨᠡᠶ᠋ᠢᠴᠡᠭᠰᠡᠨ ᠦᠨᠡᠯᠡᠯᠲᠡ ᠵᠢᠨ ᠠᠷᠭ᠎ᠠ ᠵᠢ ᠰᠦᠪᠡᠭᠴᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠠᠲᠤᠯᠠᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠣᠯᠭᠣᠮᠵᠢ ᠬᠦᠷᠳᠡᠭᠡᠮᠵᠢ ᠵᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠬᠥᠭᠵᠢᠯᠲᠡ ᠵᠢᠨ ᠵᠠᠮ᠎ᠢ ᠰᠢᠯᠤᠭᠤᠳᠬᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠮᠡᠳᠡᠷᠡᠮᠵᠢ ᠪᠣᠯᠤᠨ ᠲᠠᠲᠠᠬᠤ ᠬᠦᠴᠦᠨ᠎ᠢ ᠨᠡᠮᠡᠭᠳᠡᠭᠦᠯᠬᠦ ᠬᠡᠷᠡᠭᠲᠡᠢ ᠬᠡᠵᠤ ᠱᠠᠭ᠋ᠠᠷᠳᠠᠪᠠ᠃
      ᠲᠦᠷᠦ ᠵᠢᠨ ᠶᠠᠪᠤᠳᠠᠯ᠎ᠤᠨ ᠭᠡᠰᠢᠭᠦᠨ ᠪᠥᠭᠡᠳ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠷᠢᠨ ᠪᠢᠴᠢᠭ᠎ᠤᠨ ᠳᠠᠷᠤᠭ᠎ᠠ ᠰᠢᠶᠤᠤ ᠵᠢᠶᠸ ᠬᠤᠷᠠᠯ᠎ᠢ ᠡᠷᠬᠢᠯᠡᠪᠡ᠃ ᠤᠯᠤᠰ᠎ᠤᠨ ᠬᠥᠭᠵᠢᠭᠦᠯᠦᠯᠲᠡ ᠦᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠱᠠᠨᠳᠦ᠋ᠩ᠂ ᠵᠢᠶᠠᠩᠰᠦ᠂ ᠵᠢᠶᠠᠩᠰᠢ᠂ ᠭᠠᠨᠰᠦ᠂ ᠳᠤᠮᠳᠠᠳᠤ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠷᠢᠶ᠎ᠠ᠂ ᠵᠦᠩ ᠴᠧ ᠪᠦᠯᠦᠭᠯᠡᠯ᠂ ᠬᠤᠸᠠ ᠸᠧᠢ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠶᠡᠬᠡ ᠬᠤᠷᠠᠯ ᠳᠡᠭᠡᠷ᠎ᠡ ᠦᠭᠡ ᠬᠡᠯᠡᠪᠡ᠃ ᠡᠯ᠎ᠡ ᠮᠤᠵᠢ ᠣᠷᠣᠨ ᠬᠤᠲᠠ ᠪᠣᠯᠤᠨ ᠲᠤᠰᠠᠭ᠋ᠠᠷ ᠲᠥᠯᠥᠪᠯᠡᠭᠡᠲᠦ ᠬᠤᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠡᠰᠡᠭ ᠠᠵᠢᠯ ᠲᠦᠷᠦᠯ᠎ᠤᠨ ᠨᠡᠶ᠋ᠢᠭᠡᠮᠯᠢᠭ᠂ ᠠᠵᠤ ᠠᠬᠤᠶ᠋ᠢᠯᠠᠯ᠂ ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠭᠠᠳᠠᠭ᠋ᠠᠳᠦ ᠤᠯᠤᠰ᠎ᠤᠨ ᠰᠢᠨ᠎ᠠ᠎ᠪᠠᠷ ᠲᠤᠰᠢᠶᠠᠯ᠎ᠳᠤ ᠭᠠᠷᠤᠭᠰᠠᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢ᠍ᠢ᠍ᠳ᠎ᠤᠨ ᠲᠡᠪᠰᠢᠬᠦᠯᠦᠭᠰᠡᠨ ᠲᠦᠷᠦ ᠵᠢᠨ ᠪᠢᠴᠢᠭ᠎ᠢ ᠬᠦᠯᠢᠶᠡᠨ ᠠᠪᠤᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠠᠩᠰᠠᠯᠠᠨ ᠬᠠᠮᠢᠶᠠᠷᠬᠤ ᠲᠦᠷᠢᠮ (ᠲᠥᠰᠦᠯ)》᠎ᠢ ᠪᠠᠲᠤᠯᠠᠪᠠ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ 《ᠳᠤᠮᠳᠠᠳᠤ ᠤᠯᠤᠰ᠎ᠤᠨ ᠡᠪ ᠬᠠᠮᠳᠦ ᠨᠠᠮ ᠪᠠᠢ᠍ᠢ᠍ᠭᠤᠯᠤᠭᠳᠠᠬᠰᠠᠨ 95 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ》
ᠰᠢ ᠵᠢᠨ ᠫᠢᠩ ᠹᠷᠠᠨᠼᠢ ᠭᠧᠷᠮᠠᠨ᠎ᠤ ᠤᠳᠤᠷᠢᠳᠬᠤ ᠬᠥᠮᠦᠰ᠎ᠲᠠᠢ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ
ᠰᠢ ᠵᠢᠨ ᠫᠢᠩ ᠴᠢᠩᠬᠤᠸᠠ ᠶᠡᠬᠡ ᠰᠤᠷᠭ᠋ᠠᠭᠤᠯᠢ᠎ᠳᠤ ᠠᠵᠢᠯ᠎ᠤᠨ ᠪᠠᠢ᠌ᠴᠠᠭ᠋ᠠᠯᠲᠠ ᠬᠢᠪᠡ
 
            