ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠠᠩᠰᠠᠯᠠᠨ ᠬᠠᠮᠢᠶᠠᠷᠬᠤ ᠲᠦᠷᠢᠮ (ᠲᠥᠰᠦᠯ)》᠎ᠢ ᠪᠠᠲᠤᠯᠠᠪᠠ
ᠨᠡᠶ᠋ᠢᠲᠡᠯᠡᠭᠰᠡᠨ ᠴᠠᠭ᠄ 2021-04-15

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠬᠤᠷᠠᠯᠳᠤᠭᠤᠯᠪᠠ
      《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠳᠡᠩᠰᠡᠯᠡᠨ ᠬᠠᠮᠢᠶᠠᠷᠬᠤ ᠲᠦᠷᠢᠮ (ᠲᠥᠰᠦᠯ)》᠎ᠢ ᠪᠠᠲᠤᠯᠠᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠪᠠ ᠭᠣᠤᠯᠴᠢ ᠥᠷᠢᠰᠦᠯᠳᠦᠭᠡᠨ ᠵᠢ ᠠᠬᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭ᠋ᠠᠪᠠ


      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 4 ᠳ᠋ᠦ᠍ᠭᠡᠷ ᠰᠠᠷ᠎ᠠ ᠵᠢᠨ 14᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠳᠡᠩᠰᠡᠯᠡᠨ ᠬᠠᠮᠢᠶᠠᠷᠬᠤ ᠳᠦᠷᠢᠮ (ᠲᠥᠰᠦᠯ)》᠎ᠢ ᠪᠠᠲᠤᠯᠠᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠪᠠ ᠭᠣᠣᠯᠴᠢ ᠥᠷᠢᠰᠥᠯᠳᠦᠭᠡᠨ᠎ᠢ ᠠᠬᠢᠭᠤᠯᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭ᠋ᠠᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ᠎ᠨᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢ ᠬᠥᠭᠵᠢᠭᠦᠯᠬᠦ᠎ᠳᠤ ᠲᠤᠶ᠋ᠢᠯ᠎ᠤᠨ ᠴᠢᠬᠤᠯᠠ ᠶᠤᠮ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠣᠶ᠋ᠢᠷ᠎ᠠ ᠵᠢᠨ ᠵᠢᠯ᠎ᠤᠳ᠎ᠲᠤ ᠦᠢ᠍ᠯᠡᠳᠪᠦᠷᠢ ᠬᠤᠳᠠᠯᠳᠤᠭ᠋ᠠᠨ᠎ᠤ ᠵᠦᠢ᠍ᠯᠡᠰ᠎ᠤᠨ ᠲᠦᠷᠢᠮ ᠵᠡᠷᠭᠡ ᠵᠢᠨ ᠥᠭᠡᠷᠡᠴᠢᠯᠡᠯᠲᠡ ᠵᠢ ᠠᠬᠢᠭᠤᠯᠬᠤ᠎ᠪᠠᠷ ᠳᠡᠮᠵᠢᠨ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠲᠣᠭ᠎ᠠ 《13·5》 ᠵᠢᠨ ᠬᠤᠭᠤᠴᠠᠭ᠋ᠠᠨ᠎ᠳᠤ 6000 ᠭᠠᠷᠤᠶ ᠲᠦᠮᠡᠨ ᠡᠷᠦᠬᠡ ᠰᠢᠨ᠎ᠡ᠎ᠪᠠᠷ ᠨᠡᠮᠡᠭᠳᠡᠵᠦ᠂ ᠠᠵᠤ ᠠᠬᠤᠶ ᠵᠢᠨ ᠠᠮᠢᠵᠢᠷᠠᠯ᠎ᠤᠨ ᠬᠦᠴᠦᠨ ᠪᠠ ᠤᠶᠠᠨ ᠬᠠᠳᠠᠨ ᠴᠢᠨᠠᠷ᠎ᠢ ᠴᠢᠩᠭ᠋ᠠᠷᠠᠭᠤᠯᠤᠨ᠂ ᠶᠡᠬᠡ ᠬᠡᠮᠵᠢᠶᠡᠨ᠎ᠤ ᠠᠵᠢᠯ ᠣᠯᠭᠣᠯᠲᠠ ᠵᠢ ᠠᠬᠢᠭᠤᠯᠤᠭᠰᠠᠨ ᠪᠠᠶ᠋ᠢᠨ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠦᠲᠦᠮᠵᠢᠲᠡᠶ ᠠᠷᠭ᠎ᠠ ᠬᠢᠳᠡᠯ᠎ᠢ ᠲᠦᠷᠢᠮ᠎ᠤᠨ ᠵᠢᠷᠤᠮᠵᠢᠯ ᠪᠣᠯᠭ᠋ᠠᠨ ᠳᠡᠭᠡᠭᠰᠢᠯᠡᠭᠦᠯᠵᠦ᠂ ᠢᠯᠠᠩᠭᠤᠶ᠎ᠠ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠳᠡᠩᠰᠡᠯᠡᠨ ᠬᠠᠮᠢᠶᠠᠷᠬᠤ ᠡᠨᠡ ᠬᠦ᠌ ᠰᠠᠭᠤᠷᠢ ᠴᠢᠨᠠᠷᠲᠠᠶ ᠲᠦᠷᠢᠮ᠎ᠢ ᠪᠦᠷᠢᠨᠰᠢᠭᠦᠯᠬᠦ ᠬᠡᠷᠡᠭᠲᠡᠶ ᠭᠡᠵᠡᠢ᠃ ᠬᠤᠷᠠᠯ᠎ᠠᠴᠠ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠠᠩᠰᠠᠯᠠᠨ ᠬᠠᠮᠢᠶᠠᠷᠬᠤ ᠲᠦᠷᠢᠮ (ᠲᠥᠰᠦᠯ)》᠎ᠢ ᠪᠠᠲᠤᠯᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠦᠢ᠍ᠯᠡᠰ ᠪᠤᠰᠬᠠᠵᠤ ᠰᠢᠨ᠎ᠡ ᠵᠢ ᠡᠭᠦᠳᠬᠦ ᠵᠢ ᠠᠬᠢᠭᠤᠯᠬᠤ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠮᠠᠭ᠋ᠠᠯᠠᠬᠤ᠎ᠳᠤ ᠬᠠᠤᠯᠢᠵᠢᠯ᠎ᠤᠨ ᠪᠠᠲᠤᠯᠠᠭ᠎ᠠ ᠬᠠᠩᠭ᠋ᠠᠪᠠ᠃ ᠲᠥᠰᠦᠯ᠎ᠳᠤ ᠨᠢᠭᠡᠨᠲᠡ ᠨᠡᠶ᠋ᠢᠲᠡᠯᠡᠭᠰᠡᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠳᠡᠩᠰᠡᠯᠡᠨ ᠬᠠᠮᠢᠶᠠᠷᠬᠤ ᠲᠤᠬᠠᠶ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠡᠮᠬᠢᠯᠡᠨ ᠨᠡᠶ᠋ᠢᠯᠡᠭᠦᠯᠵᠦ᠂ ᠮᠠᠨ᠎ᠤ ᠤᠯᠤᠰ᠎ᠤᠨ ᠬᠢᠯᠢ ᠳᠣᠲᠣᠷ᠎ᠠ ᠠᠰᠢᠭ ᠬᠣᠨᠵᠢᠪᠣᠷᠢ ᠤᠯᠬᠤ ᠵᠣᠷᠢᠯᠭ᠎ᠠ᠎ᠪᠠᠷ ᠡᠵᠡᠩᠨᠡᠯᠲᠡ ᠵᠢᠨ ᠠᠵᠢᠯᠯᠠᠭ᠎ᠠ ᠬᠢᠵᠦ ᠪᠠᠶ᠋ᠢᠭ᠎ᠠ ᠡᠯ᠎ᠡ ᠲᠥᠷᠥᠯ᠎ᠤᠨ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠲᠠᠷᠢᠶᠠᠴᠢᠨ᠎ᠤ ᠲᠤᠰᠬᠠᠶ ᠠᠵᠢᠯ᠎ᠤᠨ ᠬᠣᠷᠰᠢᠶ᠎ᠠ ᠵᠡᠷᠭᠡ ᠵᠢ ᠳᠡᠩᠰᠡᠯᠡᠨ ᠬᠠᠮᠢᠶᠠᠷᠬᠤ ᠲᠤᠬᠠᠶ ᠨᠢᠭᠡᠳᠦᠯᠲᠡᠶ ᠲᠣᠭᠲᠠᠭ᠋ᠠᠯ ᠭᠠᠷᠭ᠋ᠠᠪᠠ᠃ ᠡᠭᠦᠨ᠎ᠳᠤ ᠭᠣᠤᠯᠳᠠᠭᠤ᠄ (1) ᠳᠡᠩᠰᠡᠯᠡᠨ ᠲᠡᠮᠳᠡᠭᠯᠡᠬᠦ᠎ᠳᠤ ᠲᠥᠬᠥᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠲᠤᠬᠠᠶ ᠵᠢᠨ ᠭᠠᠵᠠᠷ᠎ᠲᠤ᠎ᠨᠢ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ᠂ ᠴᠠᠭ ᠬᠢᠵᠠᠭ᠋ᠠᠷᠯᠠᠨ ᠭᠦᠢ᠍ᠴᠡᠳᠬᠡᠬᠦ᠂ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠣᠨᠳᠣᠤ ᠭᠠᠵᠠᠷ᠎ᠲᠤ ᠭᠦᠢ᠍ᠴᠡᠳᠬᠡᠬᠦ ᠵᠢ ᠬᠡᠷᠡᠭᠵᠢᠭᠦᠯᠦᠨ᠎ᠡ᠃ ᠭᠤᠶᠤᠴᠢᠯᠠᠯ᠎ᠤᠨ ᠮᠠᠲ᠋ᠧᠷᠢᠶᠠᠯ᠎ᠨᠢ ᠬᠠᠤᠯᠢ᠎ᠳᠤ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ ᠳᠠᠩᠰᠠᠯᠠᠬᠤ ᠪᠠᠶ᠋ᠢᠭᠤᠯᠭ᠎ᠠ ᠲᠤᠬᠠᠶ ᠵᠢᠨ ᠭᠠᠵᠠᠷ᠎ᠲᠤ᠎ᠨᠢ ᠳᠠᠩᠰᠠᠯᠠᠬᠤ ᠬᠡᠷᠡᠭᠲᠡᠶ; ᠲᠤᠬᠠᠶ ᠵᠢᠨ ᠭᠠᠵᠠᠷ᠎ᠲᠤ᠎ᠨᠢ ᠳᠠᠩᠰᠠᠯᠠᠭᠤᠯᠵᠤ ᠳᠡᠶ᠋ᠢᠯᠬᠦ ᠦᠭᠡᠢ ᠪᠣᠯ᠂ ᠡᠩ᠎ᠤᠨ ᠪᠠᠶ᠋ᠢᠳᠠᠯ᠎ᠳᠤ 3 ᠠᠵᠢᠯᠯᠠᠬᠤ ᠡᠳᠦᠷ᠎ᠤᠨ ᠳᠣᠲᠣᠷ᠎ᠠ ᠳᠠᠩᠰᠠᠯᠠᠵᠤ ᠥᠭᠬᠦ ᠬᠡᠷᠡᠭᠲᠡᠶ᠃ ᠡᠯᠧᠺᠲᠷᠣᠨ ᠪᠣᠯᠤᠨ ᠴᠠᠭ᠋ᠠᠰᠤᠨ ᠡᠵᠡᠩᠨᠡᠯᠲᠡ ᠵᠢᠨ ᠦᠨᠡᠮᠯᠡᠯ᠎ᠨᠢ ᠠᠳᠠᠯᠢᠬᠠᠨ ᠬᠠᠤᠯᠢ ᠵᠢᠨ ᠬᠦᠴᠦᠨ᠎ᠲᠠᠢ᠃ (2) ᠭᠤᠶᠤᠴᠢᠯᠠᠬᠤ ᠮᠠᠲ᠋ᠧᠷᠢᠶᠠᠯ ᠪᠠ ᠳᠠᠩᠰᠠᠯᠠᠬᠤ  ᠭᠣᠭᠴᠣᠭ᠎ᠠ ᠵᠢ ᠴᠥᠭᠡᠳᠬᠡᠨ᠎ᠡ᠃ ᠳᠠᠩᠰᠠᠯᠠᠬᠤ ᠪᠠᠶ᠋ᠢᠭᠤᠯᠭ᠎ᠠ᠎ᠨᠢ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠠᠪᠴᠠᠩ ᠵᠶ᠋ᠠᠷ ᠳᠡᠮᠵᠢᠨ ᠣᠯᠤᠭᠰᠠᠨ ᠬᠠᠮᠢᠶ᠎ᠠ ᠪᠥᠬᠥᠶ ᠮᠡᠳᠡᠭᠡ ᠵᠠᠩᠭᠢ ᠵᠢ ᠭᠤᠶᠤᠴᠢᠯᠠᠭᠴᠢ᠎ᠪᠠᠷ ᠳᠠᠪᠬᠤᠷᠳᠠᠭᠤᠯᠤᠨ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠥᠬᠡᠶ᠃ ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠪᠤᠰᠤ ᠪᠤᠶᠤ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠦᠭᠡᠢ ᠪᠣᠯ᠂ ᠳᠠᠩᠰᠠᠯᠠᠬᠤ ᠪᠠᠶ᠋ᠢᠭᠤᠯᠭ᠎ᠠ᠎ᠨᠢ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠶ ᠮᠠᠲ᠋ᠧᠷᠢᠶᠠᠯ᠎ᠢ ᠭᠤᠶᠤᠴᠢᠯᠠᠭᠴᠢ᠎ᠳᠤ ᠨᠢᠭᠡ ᠯᠡ ᠤᠳᠠᠭ᠎ᠠ᠎ᠳᠤ ᠮᠡᠳᠡᠭᠳᠡᠬᠦ ᠬᠡᠷᠡᠭᠲᠡᠶ᠃ (3) 《ᠬᠦᠴᠦᠨ ᠥᠬᠡᠶ ᠪᠣᠯᠭ᠋ᠠᠬᠤ᠎ᠳᠤ ᠬᠦᠴᠢᠷᠲᠡᠶ》 ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠵᠢᠨ ᠲᠥᠯᠥᠭᠡ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠨᠢ ᠠᠪᠴᠠᠭ᠎ᠠ ᠥᠭᠴᠡᠭᠡ᠂ ᠠᠵᠢᠯᠲᠠᠨ ᠠᠵᠢᠯᠴᠢᠨ᠎ᠤ ᠴᠠᠯᠢᠩ᠂ ᠨᠡᠶ᠋ᠢᠭᠡᠮ᠎ᠤᠨ ᠳᠠᠭ᠋ᠠᠳᠬᠠᠯ᠎ᠤᠨ ᠵᠠᠷᠤᠳᠠᠯ᠂ ᠲᠤᠰᠢᠶᠠᠬᠤ ᠶᠣᠰᠣᠲᠠᠶ ᠭᠠᠶ᠋ᠢᠯᠢ ᠵᠢᠨ ᠮᠥᠩᠭᠥ ᠵᠡᠷᠭᠡ ᠥᠷᠢᠲᠦᠭᠰᠡᠨ ᠶᠠᠪᠤᠳᠠᠯ ᠦᠭᠡᠢ ᠪᠤᠶᠤ ᠨᠢᠭᠡᠨᠲᠡ ᠳᠥᠯᠥᠵᠦ ᠳᠠᠭᠤᠰᠬᠠᠭ᠋ᠠᠳ᠂ ᠬᠣᠯᠪᠣᠭᠳᠠᠯ ᠪᠥᠬᠥᠶ ᠬᠠᠤᠯᠢ ᠵᠢᠨ ᠬᠠᠷᠢᠭᠤᠴᠠᠯᠭ᠎ᠠ ᠵᠢ ᠡᠭᠦᠷᠭᠡᠯᠡᠬᠦ ᠪᠢᠴᠢᠭ᠎ᠤᠨ ᠠᠮᠠᠯᠠᠯᠲᠠ ᠬᠢᠭᠰᠡᠨ ᠪᠠ ᠲᠣᠭᠲᠠᠭ᠋ᠠᠯ ᠶᠣᠰᠣᠭ᠋ᠠᠷ ᠵᠠᠷᠯᠠᠨ ᠨᠡᠶ᠋ᠢᠲᠡᠯᠡᠭᠰᠡᠨ ᠪᠣᠯ᠂ ᠬᠢᠯᠪᠠᠷᠴᠢᠯᠠᠭᠰᠠᠨ ᠳᠡᠰ ᠳᠠᠷᠠᠭ᠋ᠠᠯᠠᠯ ᠵᠶ᠋ᠠᠷ ᠬᠦᠴᠦᠨ ᠥᠬᠡᠶ ᠪᠣᠯᠭ᠋ᠠᠵᠤ ᠪᠣᠯᠤᠨ᠎ᠠ᠂ ᠡᠭᠦᠨ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠵᠠᠷᠯᠠᠨ ᠨᠡᠶ᠋ᠢᠲᠡᠯᠡᠬᠦ ᠴᠢᠬᠤᠯᠠ ᠥᠬᠡᠶ ᠭᠡᠵᠦ ᠲᠣᠳᠣᠷᠬᠠᠢ ᠲᠣᠭᠲᠠᠭ᠋ᠠᠵᠠᠢ᠃ (4) ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠬᠡᠪ ᠵᠶ᠋ᠠᠷ ᠪᠠᠶ᠋ᠢᠯᠭ᠋ᠠᠬᠤ ᠥᠪᠡᠷ᠎ᠤᠨ ᠦᠷᠳᠡᠭ᠎ᠢ ᠪᠠᠭᠤᠷᠠᠭᠤᠯᠬᠤ ᠵᠢᠨ ᠲᠥᠯᠥᠭᠡ᠂ ᠠᠵᠢᠯ ᠵᠣᠭᠰᠣᠬᠤ ᠲᠦᠷᠢᠮ᠎ᠢ ᠲᠣᠭᠲᠠᠭ᠋ᠠᠨ᠎ᠠ᠃ ᠪᠠᠶ᠋ᠢᠭ᠋ᠠᠯᠢ ᠵᠢᠨ ᠭᠠᠮᠰᠢᠭ᠂ ᠡᠨᠳᠡᠯ᠎ᠤᠨ ᠭᠠᠮᠰᠢᠭ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠵᠡᠷᠭᠡ᠎ᠠᠴᠠ ᠪᠣᠯᠵᠣ ᠡᠵᠡᠩᠨᠡᠯᠲᠡ᠎ᠨᠢ ᠬᠦᠴᠢᠷᠳᠡᠯ᠎ᠲᠠᠢ ᠪᠣᠯᠤᠭᠰᠠᠨ ᠪᠣᠯ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠨᠢ ᠥᠪᠡᠷ ᠵᠶ᠋ᠡᠨ ᠡᠵᠡᠨ ᠮᠡᠳᠡᠵᠦ ᠵᠣᠬᠢᠬᠤ ᠬᠤᠭᠤᠴᠠᠭ᠋ᠠᠨ᠎ᠤ ᠳᠣᠲᠣᠷ᠎ᠠ ᠠᠵᠢᠯ ᠵᠶ᠋ᠠᠨ ᠵᠣᠭᠰᠣᠭ᠋ᠠᠬᠤ᠎ᠪᠠᠷ ᠲᠣᠭᠲᠠᠭ᠋ᠠᠬᠤ ᠵᠢᠨ ᠬᠠᠮᠲᠤ ᠳᠠᠩᠰᠠᠯᠠᠬᠤ ᠪᠠᠶ᠋ᠢᠭᠤᠯᠭ᠎ᠠ᠎ᠳᠤ ᠳᠠᠩᠰᠠᠯᠠᠭᠤᠯᠵᠤ ᠪᠣᠯᠤᠨ᠎ᠠ᠂ ᠠᠵᠢᠯ ᠵᠣᠭᠰᠣᠬᠣ ᠬᠠᠮᠤᠭ᠎ᠤᠨ ᠣᠷᠳᠣ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠥᠬᠡᠶ᠃ (5) ᠦᠨᠡᠨᠴᠢ ᠢᠲᠡᠭᠡᠮᠵᠢᠲᠡᠶ ᠪᠠᠶ᠋ᠢᠬᠤ ᠪᠠ ᠬᠢᠨᠠᠨ ᠬᠠᠮᠢᠶᠠᠷᠬᠤ ᠱᠠᠭ᠋ᠠᠷᠳᠠᠯᠭ᠎ᠠ ᠵᠢ ᠲᠣᠳᠣᠷᠬᠠᠶ ᠪᠣᠯᠭ᠋ᠠᠨ᠎ᠠ᠃ ᠵᠠᠬ᠎ᠠ ᠳᠡᠯᠭᠡᠭᠦᠷ᠎ᠤᠨ ᠭᠣᠤᠯ ᠴᠣᠭᠴᠠ᠎ᠨᠢ ᠦᠨᠡᠨ ᠨᠡᠷ᠎ᠡ᠎ᠪᠠᠷ ᠵᠶ᠋ᠠᠨ ᠳᠠᠩᠰᠠᠯᠠᠭᠤᠯᠬᠤ ᠵᠢ ᠬᠡᠷᠡᠭᠵᠢᠭᠦᠯᠵᠦ᠂ ᠲᠤᠰᠢᠶᠠᠭᠰᠠᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠪᠠ ᠪᠦᠳᠦᠮᠵᠢᠳᠤ ᠴᠢᠨᠠᠷ᠎ᠲᠤ ᠬᠠᠷᠢᠭᠤᠴᠠᠬᠤ ᠵᠢᠨ ᠬᠠᠮᠲᠤ᠂ ᠲᠣᠭᠲᠠᠭ᠋ᠠᠯ ᠶᠣᠰᠣᠭ᠋ᠠᠷ ᠣᠨ᠎ᠤ ᠮᠡᠳᠡᠭᠦᠯᠦᠯᠲᠡ ᠪᠠ ᠳᠡᠩᠰᠡᠯᠡᠯᠲᠡ ᠵᠢᠨ ᠬᠠᠮᠢᠶ᠎ᠠ ᠪᠥᠬᠥᠶ ᠮᠡᠳᠡᠭᠡ ᠵᠠᠩᠭᠢ ᠵᠢ ᠢᠯᠡ ᠨᠡᠶ᠋ᠢᠲᠡᠯᠡᠨ᠎ᠡ᠃ ᠳᠠᠩᠰᠠᠯᠠᠭᠤᠯᠬᠤ᠎ᠳᠤ᠎ᠪᠠᠨ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠪᠤᠰᠤᠳ ᠮᠡᠬᠡᠯᠡᠬᠦ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠲᠡᠭᠦᠨ᠎ᠤ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠳᠡᠩᠰᠡᠯᠡᠯᠲᠡ ᠵᠢ ᠬᠦᠴᠦᠨ ᠥᠬᠡᠶ ᠪᠣᠯᠭ᠋ᠠᠵᠤ᠂ ᠰᠢᠭᠤᠳ ᠬᠠᠷᠢᠭᠤᠴᠠᠯᠭ᠋ᠠᠲᠠᠨ᠎ᠨᠢ 3 ᠵᠢᠯ᠎ᠤᠨ ᠳᠣᠲᠣᠷ᠎ᠠ ᠳᠠᠭᠢᠵᠤ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠬᠤ ᠥᠬᠡᠶ᠃ ᠳᠠᠩᠰᠠᠯᠠᠬᠤ ᠪᠠᠶ᠋ᠢᠭᠤᠯᠭ᠎ᠠ᠎ᠨᠢ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠢᠲᠡᠭᠡᠮᠵᠢ ᠵᠢᠨ ᠪᠠᠶ᠋ᠢᠳᠠᠯ᠎ᠢ ᠦᠨᠳᠦᠰᠦᠯᠡᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠵᠦ᠂ 《ᠬᠣᠶᠠᠷ ᠲᠠᠰᠢᠷᠠᠮ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠠᠷᠭ᠎ᠠ ᠵᠢ ᠬᠡᠷᠡᠭᠯᠡᠨ ᠳᠠᠩᠰᠠᠯᠠᠬᠤ ᠵᠦᠢ᠍ᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ᠃ (6) ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠬᠠᠤᠯᠢ ᠵᠢᠨ ᠬᠠᠷᠢᠭᠤᠴᠠᠯᠭ᠎ᠠ ᠪᠠ ᠰᠢᠢ᠍ᠳᠬᠡᠬᠦ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠎ᠠ᠃ ᠰᠢᠢ᠍ᠳᠬᠡᠯ᠎ᠤᠨ ᠬᠠᠨᠳᠤᠯᠭ᠋ᠠᠲᠤ ᠴᠢᠨᠠᠷ᠎ᠢ ᠴᠢᠩᠭ᠋ᠠᠷᠠᠭᠤᠯᠵᠤ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠡᠵᠡᠩᠨᠡᠯᠲᠡ ᠵᠢᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠵᠤ᠂ ᠦᠨᠡᠨᠴᠢ ᠢᠲᠡᠭᠡᠮᠵᠢᠲᠡᠶ ᠪᠠᠶ᠋ᠢᠬᠤ᠂ ᠭᠣᠣᠯᠴᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭ᠋ᠠᠯᠠᠨ᠎ᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠦᠨᠡᠨ》 ᠰᠡᠳᠬᠦᠯ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠤᠬᠢᠶᠠᠯ᠎ᠢ ᠨᠡᠢ᠍ᠢ᠍ᠳᠡᠯᠡᠪᠡ 《ᠳᠤᠮᠳᠠᠳᠤ ᠤᠯᠤᠰ᠎ᠤᠨ ᠡᠪ ᠬᠠᠮᠳᠦ ᠨᠠᠮ ᠪᠠᠢ᠍ᠢ᠍ᠭᠤᠯᠤᠭᠳᠠᠬᠰᠠᠨ 95 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ》
ᠰᠢ ᠵᠢᠨ ᠫᠢᠩ ᠹᠷᠠᠨᠼᠢ ᠭᠧᠷᠮᠠᠨ᠎ᠤ ᠤᠳᠤᠷᠢᠳᠬᠤ ᠬᠥᠮᠦᠰ᠎ᠲᠠᠢ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ
ᠰᠢ ᠵᠢᠨ ᠫᠢᠩ ᠴᠢᠩᠬᠤᠸᠠ ᠶᠡᠬᠡ ᠰᠤᠷᠭ᠋ᠠᠭᠤᠯᠢ᠎ᠳᠤ ᠠᠵᠢᠯ᠎ᠤᠨ ᠪᠠᠢ᠌ᠴᠠᠭ᠋ᠠᠯᠲᠠ ᠬᠢᠪᠡ
ᠰᠢ ᠵᠢᠨ ᠫᠢᠩ ᠪᠥᠸᠧ ᠣᠣ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
 
            