ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 15᠎ᠤ ᠴᠠᠬᠢᠯᠭ᠋ᠠᠨ ᠮᠡᠳᠡᠭᠡ 4 ᠰᠠᠷ᠎ᠠ ᠵᠢᠨ 16᠎ᠤ ᠡᠳᠦᠷ ᠭᠡᠪᠯᠡᠭᠳᠡᠭᠰᠡᠨ 8 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ᠎ᠤᠨ ᠴᠢᠬᠤᠯᠠ ᠵᠤᠬᠢᠶᠠᠯ 《ᠳᠤᠮᠳᠠᠳᠤ ᠤᠯᠤᠰ᠎ᠤᠨ ᠡᠪ ᠬᠠᠮᠳᠦ ᠨᠠᠮ ᠪᠠᠢ᠍ᠢ᠍ᠭᠤᠯᠤᠭᠳᠠᠬᠰᠠᠨ 95 ᠵᠢᠯ᠎ᠤᠨ ᠤᠢ ᠵᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ》 ᠵᠢ ᠨᠡᠢ᠍ᠢ᠍ᠳᠡᠯᠡᠪᠡ᠃
ᠵᠤᠬᠢᠶᠠᠯ᠎ᠳᠤ᠂ ᠳᠤᠮᠳᠠᠳᠤ ᠤᠯᠤᠰ᠎ᠲᠤ ᠡᠪ ᠬᠠᠮᠲᠤ ᠨᠠᠮ ᠪᠠᠢ᠍ᠢ᠍ᠭᠤᠯᠤᠭᠳᠠᠭᠰᠠᠨ ᠪᠤᠯ ᠲᠡᠭᠷᠢ ᠭᠠᠵᠠᠷ᠎ᠢ ᠲᠤᠩᠰᠤᠯᠭ᠋ᠠᠭᠰᠠᠨ ᠶᠡᠬᠡ ᠬᠡᠷᠡᠭ ᠬᠤᠪᠢᠰᠤᠯ ᠪᠤᠯᠤᠨ᠎ᠠ᠃ ᠡᠨᠡ ᠬᠦ᠌ ᠲᠡᠭᠷᠢ ᠭᠠᠵᠠᠷ᠎ᠢ ᠲᠤᠩᠰᠤᠯᠭ᠋ᠠᠭᠰᠠᠨ ᠶᠡᠭᠡ ᠬᠡᠷᠡᠭ ᠬᠤᠪᠢᠰᠤᠯ᠎ᠨᠢ ᠤᠷᠴᠢᠨ ᠦᠶ᠎ᠡ ᠵᠢᠨ ᠳᠤᠮᠳᠠᠳᠤ ᠵᠢᠨ ᠦᠨᠳᠦᠰᠦᠲᠡᠨ᠎ᠤ ᠬᠦᠭᠵᠢᠯᠲᠡ ᠵᠢᠨ ᠴᠢᠭᠯᠡᠯ ᠪᠠ ᠠᠬᠢᠴᠠ ᠵᠢ ᠬᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ ᠵᠢᠨ ᠦᠨᠳᠦᠰᠦᠲᠡᠨ᠎ᠤ ᠢᠷᠡᠭᠡᠳᠦᠢ ᠪᠤᠯᠤᠨ ᠬᠤᠪᠢ ᠵᠠᠶᠠᠭ᠎ᠠ ᠵᠢ ᠬᠦᠨᠵᠡᠭᠡᠢ ᠬᠤᠪᠢᠷᠠᠭᠤᠯᠵᠤ᠂ ᠳᠡᠯᠡᠬᠡᠢ ᠵᠢᠨ ᠬᠦᠭᠵᠢᠯᠲᠡ ᠵᠢᠨ ᠬᠠᠨᠳᠤᠰᠢ ᠪᠠ ᠪᠠᠢ᠍ᠢ᠍ᠷᠢᠰᠢᠯ᠎ᠢ ᠬᠦᠨᠵᠡᠭᠡᠢ ᠬᠤᠪᠢᠷᠠᠭᠤᠯᠪᠠ᠃ ᠪᠢᠳᠠ ᠨᠠᠮ ᠪᠠᠢ᠍ᠢ᠍ᠭᠤᠯᠤᠭᠳᠠᠬᠤ ᠦᠶ᠎ᠠ ᠵᠢᠨ ᠳᠤᠮᠳᠠᠳᠤ ᠤᠯᠤᠰ᠎ᠤᠨ ᠡᠪ ᠬᠠᠮᠳᠤᠴᠤᠳ᠎ᠤᠨ ᠲᠡᠮᠡᠴᠡᠯ᠎ᠤᠨ ᠵᠤᠷᠢᠭ ᠰᠠᠨᠠᠭ᠎ᠠ ᠵᠢ ᠡᠬᠦᠷᠢᠳᠠ ᠪᠠᠳᠤᠯᠠᠵᠦ᠂ ᠠᠷᠠᠳ ᠲᠦᠮᠡᠨ᠎ᠤ ᠲᠦᠯᠦᠭᠡ ᠭᠡᠬᠦ ᠴᠢᠩ ᠦᠨᠡᠨᠴᠢ ᠰᠡᠳᠬᠢᠯ ᠵᠶ᠋ᠠᠨ ᠡᠬᠦᠷᠢᠳᠠ ᠪᠠᠳᠤᠯᠬᠠᠤ ᠭᠡᠷᠡᠭᠲᠡᠢ ᠭᠡᠵᠦ ᠴᠢᠬᠤᠯᠠᠴᠢᠯᠠᠪᠠ᠃
ᠵᠤᠬᠢᠶᠠᠯ᠎ᠳᠤ᠂ ᠰᠦᠷ ᠳᠠᠯᠠᠢ᠍ᠢ᠍ᠴᠠᠲᠠᠢ ᠲᠡᠤᠬᠡᠨ ᠶᠠᠪᠤᠴᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠤ ᠪᠠᠳᠤ ᠲᠦᠰᠢᠭᠯᠡᠨ ᠠᠯᠢ ᠤᠯᠠᠨ ᠬᠦᠴᠢᠷ ᠪᠡᠷᠭᠡᠰᠢᠶᠡᠯ᠎ᠢ ᠢᠯᠡᠨ ᠳᠠᠪᠠᠵᠤ᠂ ᠠᠯᠢ ᠤᠯᠠᠨ ᠢᠯᠠᠯᠲᠠ ᠵᠢ ᠤᠯᠵᠤ᠂ ᠳᠤᠮᠳᠠᠳᠤ ᠵᠢᠨ ᠦᠨᠳᠦᠰᠦᠲᠡᠨ᠎ᠳᠤ ᠠᠭᠤᠤ ᠶᠡᠬᠡ ᠲᠡᠤᠬᠡᠳᠦ ᠬᠤᠪᠢ ᠨᠡᠮᠡᠷᠢ ᠦᠵᠡᠭᠦᠯᠤᠨ᠂ ᠳᠤᠮᠳᠠᠳᠤ ᠵᠢᠨ ᠦᠨᠳᠦᠰᠦᠳᠡᠨ ᠳᠠᠰᠤᠷᠠᠯᠳᠠ ᠦᠭᠡᠢ ᠲᠤᠷᠤᠢ᠍ᠢ᠍ᠳᠠᠨ ᠪᠠᠭᠤᠷᠠᠵᠦ ᠪᠠᠢ᠍ᠢ᠍ᠬᠰᠠᠨ᠎ᠠᠴᠠ ᠬᠤᠪᠢ ᠵᠠᠶᠠᠭ᠎ᠠ᠎ᠪᠠᠨ ᠦᠨᠳᠦᠰᠦ᠎ᠠᠴᠠ᠎ᠨᠢ ᠬᠤᠪᠢᠷᠠᠭᠤᠯᠵᠦ᠂ ᠬᠦᠭᠵᠢᠯ ᠴᠡᠴᠡᠭᠯᠡᠯ ᠪᠠᠶᠠᠵᠢᠯ ᠴᠢᠨᠡᠭᠡᠯᠢᠭᠵᠢᠯ ᠲᠡᠢ᠍ᠢ᠍ᠰᠢ ᠦᠷᠬᠦᠯᠵᠢᠯᠡᠨ ᠤᠷᠤᠬᠰᠢᠯᠠᠬᠰᠠᠨ ᠠᠭᠤᠤ ᠶᠡᠭᠡ ᠦᠰᠦᠷᠦᠯᠳᠠ ᠵᠢ ᠪᠡᠶᠡᠯᠡᠬᠦᠯᠵᠦ᠂ ᠳᠤᠮᠳᠠᠳᠤ ᠤᠯᠤᠰ᠎ᠤᠨ ᠠᠷᠠᠳ ᠲᠦᠮᠡᠨ ᠪᠤᠰᠴᠦ ᠵᠤᠬᠰᠤᠭᠰᠠᠨ᠎ᠠᠴᠠ ᠪᠠᠶᠠᠵᠢᠬᠰᠠᠨ᠂ ᠬᠦᠴᠦᠷᠭᠡᠭᠵᠢᠭᠰᠡᠨ ᠬᠦᠷᠳᠡᠯᠡᠬᠢ ᠠᠭᠤᠤ ᠶᠡᠭᠡ ᠦᠰᠦᠷᠦᠯᠳᠠ ᠵᠢ ᠪᠡᠶᠡᠯᠡᠬᠦᠯᠵᠡᠢ᠃ ᠲᠡᠤᠬᠡ ᠪᠤᠯᠤᠨ ᠠᠷᠠᠳ ᠲᠦᠮᠡᠨ ᠳᠤᠮᠳᠠᠳᠦ ᠤᠯᠤᠰ᠎ᠤᠨ ᠡᠪ ᠬᠠᠮᠲᠦ ᠨᠠᠮ ᠵᠶ᠋ᠠᠷ ᠳᠤᠮᠳᠠᠳᠦ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠦᠢ᠍ᠯᠡᠰ᠎ᠢ ᠤᠳᠤᠷᠢᠳᠤᠭᠤᠯᠤᠭᠰᠠᠨ᠎ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠳᠠᠢ᠂ ᠡᠭᠦᠷᠢᠳᠡ ᠭᠤᠢ᠍ᠢ᠍ᠪᠢᠯᠵᠠᠵᠦ ᠪᠤᠯᠬᠤ ᠦᠭᠡᠢ; ᠳᠤᠮᠳᠠᠳᠦ ᠤᠯᠤᠰ᠎ᠤᠨ ᠡᠪ ᠬᠠᠮᠲᠦ ᠨᠠᠮ ᠳᠤᠮᠳᠠᠳᠦ ᠤᠯᠤᠰ᠎ᠤᠨ ᠠᠷᠠᠳ ᠲᠦᠮᠡᠨ᠎ᠢ ᠤᠳᠤᠷᠢᠳᠤᠨ ᠨᠡᠭᠡᠭᠡᠭᠰᠡᠨ ᠳᠤᠮᠳᠠᠳᠦ ᠤᠯᠤᠰ᠎ᠤᠨ ᠤᠨᠴᠠᠯᠢᠭ᠎ᠲᠠᠢ ᠨᠠᠢ᠍ᠢ᠍ᠭᠡᠮ ᠵᠢᠷᠤᠮ᠎ᠤᠨ ᠵᠠᠮ᠎ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠳᠠᠢ᠂ ᠡᠬᠦᠷᠢᠳᠡ ᠭᠤᠢ᠍ᠢ᠍ᠪᠢᠯᠵᠠᠵᠦ ᠪᠤᠯᠬᠤ ᠦᠭᠡᠢ; ᠳᠤᠮᠳᠠᠳᠦ ᠤᠯᠤᠰ᠎ᠤᠨ ᠡᠪ ᠬᠠᠮᠲᠦ ᠨᠠᠮ ᠪᠤᠯᠤᠨ ᠳᠤᠮᠳᠠᠳᠦ ᠤᠯᠤᠰ᠎ᠤᠨ ᠠᠷᠠᠳ ᠲᠦᠮᠡᠨ ᠳᠤᠮᠳᠠᠳᠦ ᠤᠯᠤᠰ᠎ᠤᠨ ᠡᠬᠡ ᠭᠠᠵᠠᠷ᠎ᠲᠤ ᠦᠨᠳᠦᠰᠦᠯᠡᠵᠦ᠂ ᠬᠦᠮᠦᠨ ᠲᠦᠷᠦᠯᠬᠢᠲᠡᠨ᠎ᠤ ᠪᠤᠯᠪᠠᠰᠤᠨ ᠰᠤᠶᠤᠯ᠎ᠤᠨ ᠰᠢᠯᠢᠳᠡᠭ ᠦᠷ᠎ᠡ ᠪᠦᠲᠦᠭᠡᠯ᠎ᠢ ᠰᠢᠨᠭᠭᠡᠭᠡᠨ ᠠᠪᠴᠤ᠂ ᠪᠡᠶ᠎ᠡ᠎ᠪᠠᠨ ᠲᠠᠭ᠋ᠠᠭ᠋ᠠᠨ ᠡᠵᠡᠨ ᠮᠡᠳᠡᠵᠤ ᠤᠯᠤᠰ ᠵᠶ᠋ᠠᠨ ᠬᠦᠭᠵᠢᠬᠦᠯᠬᠦ ᠪᠠᠢ᠍ᠢ᠍ᠯᠳᠤᠬᠤ ᠪᠤᠳᠤᠯᠭ᠎ᠠ ᠵᠢ ᠬᠡᠷᠡᠭᠵᠢᠭᠦᠯᠦᠭᠰᠡᠨ᠎ᠨᠢ ᠵᠦᠪ ᠶᠤᠮ᠂ ᠡᠷᠬᠡᠪᠰᠢ ᠤᠷᠲᠦ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠳᠠᠢ᠂ ᠡᠬᠦᠷᠢᠳᠡ ᠭᠤᠢ᠍ᠢ᠍ᠪᠢᠯᠵᠠᠵᠦ ᠪᠣᠯᠬᠤ ᠦᠭᠡᠢ ᠭᠡᠵᠦ ᠵᠢᠭ᠋ᠠᠵᠦ ᠭᠠᠷᠭ᠋ᠠᠪᠠ᠃
ᠵᠤᠬᠢᠶᠠᠯ᠎ᠳᠤ᠂ ᠡᠳᠦᠭᠡ᠂ ᠪᠢᠳᠠ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢ ᠪᠡᠶᠡᠯᠡᠭᠦᠯᠬᠦ ᠬᠠᠷᠠᠯᠳᠠᠳᠤ ᠲᠡᠦᠭᠡ ᠵᠢᠨ ᠠᠯᠢ ᠴᠦ᠍ ᠦᠶ᠎ᠡ᠎ᠠᠴᠠ ᠢᠯᠡᠬᠦᠦ ᠤᠢ᠍ᠢ᠍ᠷᠠᠳᠴᠦ᠂ ᠡᠨᠡ ᠬᠦ᠌ ᠬᠠᠷᠠᠯᠳᠠ᠎ᠪᠠᠨ ᠪᠡᠶᠡᠯᠡᠬᠦᠯᠬᠦ᠎ᠳᠤ ᠲᠡᠦᠭᠡ ᠵᠢᠨ ᠠᠯᠢ ᠴᠦ᠍ ᠦᠶ᠎ᠠ᠎ᠠᠴᠠ ᠢᠯᠡᠭᠦᠦ ᠢᠳᠡᠭᠡᠯ᠎ᠲᠠᠢ᠂ ᠴᠢᠳᠠᠪᠤᠷᠢ᠎ᠲᠠᠢ ᠪᠤᠯᠵᠠᠢ᠃ ᠳᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠳᠤᠮᠳᠠᠳᠤ ᠵᠢᠨ ᠵᠡᠬᠦᠳᠦ ᠵᠢ ᠵᠠᠪᠠᠯ ᠳᠡᠷᠭᠡᠯᠰᠢᠬᠦᠯᠦᠨᠠ᠂ ᠯᠠᠪᠳᠠᠢ ᠳᠡᠷᠭᠡᠯᠰᠢᠬᠦᠯᠵᠦ ᠴᠢᠳᠠᠨ᠎ᠠ ᠭᠡᠵᠦ ᠪᠢᠳᠡ ᠢᠳᠡᠭᠡᠯ ᠲᠡᠬᠦᠯᠳᠡᠷ ᠭᠡᠯᠡᠵᠦ ᠴᠢᠳᠠᠬᠤ ᠪᠤᠯᠵᠠᠢ ᠭᠡᠵᠦ ᠴᠢᠬᠤᠯᠠᠴᠢᠯᠠᠪᠠ᠃