ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠹᠷᠠᠨᠼᠢ ᠭᠧᠷᠮᠠᠨ᠎ᠤ ᠤᠳᠤᠷᠢᠳᠬᠤ ᠬᠥᠮᠦᠰ᠎ᠲᠠᠢ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-04-19

      4 ᠰᠠᠷ᠎ᠠ ᠵᠢᠨ 16᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠹᠷᠠᠨᠼᠢ ᠵᠢᠨ ᠶᠡᠷᠦᠩᠬᠡᠶ᠋ᠢᠯᠡᠭᠴᠢ ᠮᠠᠢ᠍ᠢ᠍ᠺᠷᠤᠨ᠂ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠳᠤᠮᠳᠠᠳᠤ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠤᠨ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ᠃ ᠭᠤᠷᠪᠠᠨ ᠤᠯᠤᠰ᠎ᠤᠨ ᠤᠳᠤᠷᠢᠳᠬᠤ ᠬᠥᠮᠦᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠳᠤᠮᠳᠠᠳᠤ ᠧᠦ᠋ᠷᠣᠫᠠ ᠵᠢᠨ ᠬᠠᠷᠢᠯᠴᠠᠭ᠎ᠠ᠂ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠵᠢᠴᠢ ᠳᠡᠯᠡᠬᠡᠢ ᠵᠢᠨ ᠪᠠ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃


11.jpg

      4 ᠰᠠᠷ᠎ᠠ ᠵᠢᠨ 16᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠹᠷᠠᠨᠼᠢ ᠵᠢᠨ ᠶᠡᠷᠦᠩᠬᠡᠶ᠋ᠢᠯᠡᠭᠴᠢ ᠮᠠᠢ᠍ᠢ᠍ᠺᠷᠤᠨ᠂ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠳᠤᠮᠳᠠᠳᠤ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠤᠨ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠯᠢ ᠰᠢᠤᠸᠠᠢ ᠷᠧᠨ ᠰᠡᠬᠦᠳᠡᠷᠯᠡᠪᠡ


22.jpg

      4 ᠰᠠᠷ᠎ᠠ ᠵᠢᠨ 16᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠹᠷᠠᠨᠼᠢ ᠵᠢᠨ ᠶᠡᠷᠦᠩᠬᠡᠶ᠋ᠢᠯᠡᠭᠴᠢ ᠮᠠᠢ᠍ᠢ᠍ᠺᠷᠤᠨ᠂ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠳᠤᠮᠳᠠᠳᠤ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠤᠨ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠬᠦᠳᠡᠷᠯᠡᠪᠡ


      ᠰᠢ ᠵᠢᠨ ᠫᠢᠩ᠂ ᠪᠢ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠵᠢ ᠵᠣᠷᠢᠭᠰᠠᠭ᠋ᠠᠷ ᠢᠷᠡᠪᠡ᠂ ᠳᠤᠷᠠᠲᠠᠶ᠎ᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠲᠤᠬᠠᠢ ᠹᠷᠠᠨᠼᠢ ᠭ᠋ᠸᠷᠮᠠᠨ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠪᠢ ᠳᠤᠮᠳᠠᠳᠤ ᠤᠯᠤᠰ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠵᠦ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠦᠨ᠎ᠡ ᠭᠡᠵᠦ ᠨᠡᠶ᠋ᠢᠲᠡᠯᠡᠪᠡ᠂ ᠡᠨᠡ᠎ᠨᠢ ᠳᠤᠮᠳᠠᠳᠤ ᠤᠯᠤᠰ ᠳᠡᠯᠡᠬᠡᠢ ᠳᠡᠭᠡᠷᠡᠬᠢ ᠬᠠᠮᠤᠭ᠎ᠤᠨ ᠶᠡᠬᠡ ᠬᠥᠭᠵᠢᠵᠦ ᠪᠠᠶ᠋ᠢᠭ᠎ᠠ ᠤᠯᠤᠰ ᠪᠣᠯᠤᠭᠰᠠᠨ᠎ᠤ ᠬᠤᠪᠢ᠎ᠳᠤ᠂ ᠪᠦᠬᠦ ᠪᠥᠮᠪᠥᠷᠴᠡᠭ᠎ᠤᠨ ᠨᠡᠭᠦᠷᠡᠰᠦᠲᠥ᠋ᠷᠥᠭᠴᠢ ᠵᠢ ᠭᠠᠳᠠᠭᠰᠢᠯᠠᠭᠤᠯᠬᠤ ᠬᠠᠮᠤᠭ᠎ᠤᠨ ᠥᠨᠳᠥᠷ ᠬᠦᠴᠦᠯᠡᠴᠡ᠎ᠲᠠᠢ ᠪᠠᠭᠤᠷᠠᠯᠲᠠ ᠵᠢ ᠪᠡᠶᠡᠯᠡᠭᠦᠯᠵᠦ᠂ ᠪᠦᠬᠦ ᠳᠡᠯᠡᠬᠡᠢ ᠵᠢᠨ ᠲᠡᠦᠬᠡᠨ ᠳᠡᠭᠡᠷᠡᠬᠢ ᠬᠠᠮᠤᠭ᠎ᠤᠨ ᠣᠬᠣᠷᠬᠠᠨ ᠬᠤᠭᠤᠴᠠᠭ᠋ᠠᠨ᠎ᠳᠤ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠬᠦ᠎ᠠᠴᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ ᠵᠢ ᠬᠠᠷᠠᠭᠤᠯᠵᠤ ᠪᠠᠶ᠋ᠢᠨ᠎ᠠ᠃ ᠡᠨᠡ᠎ᠨᠢ ᠯᠠᠪᠳᠠᠢ ᠨᠢᠬᠡᠨ ᠬᠠᠳᠠᠭᠤ ᠳᠠᠢ᠍ᠢ᠍ᠯᠠᠯᠳᠤᠭ᠋ᠠᠨ ᠪᠤᠯᠬᠤ ᠶᠤᠮ᠃ ᠳᠤᠮᠳᠠᠳᠤ ᠵᠢᠨ ᠲᠠᠯ᠎ᠠ ᠬᠡᠯᠡᠪᠡᠯ ᠬᠢᠵᠦ ᠬᠢᠪᠡᠯ ᠪᠦᠲᠦᠭᠡᠨ᠎ᠡ᠂ ᠪᠢᠳᠡ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠬᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠵᠢ ᠠᠮᠢ  ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ᠎ᠳᠤ ᠪᠠᠬᠳᠠᠭ᠋ᠠᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠬᠰᠢᠯᠠᠭᠤᠯᠬᠤ ᠡᠷᠬᠢᠯᠳᠡᠳᠤ ᠠᠵᠤ ᠠᠬᠤᠢ ᠵᠢᠨ ᠬᠥᠭᠵᠢᠯᠲᠡ ᠵᠢ ᠪᠦᠬᠦ ᠲᠠᠯ᠎ᠠ ᠎ᠪᠠᠷ ᠠᠬᠢᠭᠤᠯᠤᠨ᠎ᠠ᠃ ᠳᠤᠮᠳᠠᠳᠤ ᠤᠯᠤᠰ ᠨᠢᠭᠡᠨᠲᠡ 《〈ᠮᠤᠨᠲᠷᠤᠶᠠᠯ᠎ᠤᠨ ᠵᠦᠪᠯᠡᠨ ᠲᠤᠬᠳᠠᠭ᠋ᠠᠬᠤ ᠪᠢᠴᠢᠭ〉᠎ᠤᠨ ᠺᠢᠭ᠋ᠠᠯᠢ ᠵᠢᠨ ᠵᠠᠰᠠᠪᠤᠷᠢ ᠣᠷᠣᠭᠤᠯᠤᠬᠰᠠᠨ ᠲᠥᠰᠦᠯ》᠎ᠢ ᠬᠦᠯᠢᠶᠡᠨ ᠠᠪᠴᠤ᠂ ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢ ᠵᠢᠨ ᠨᠢᠭᠡᠳᠪᠦᠷᠢ ᠵᠡᠷᠭᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠪᠤᠰᠤ ᠬᠦᠯᠡᠮᠵᠢ ᠵᠢᠨ ᠬᠡᠢ ᠪᠡᠶᠡᠲᠦ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠬᠤ᠎ᠪᠠᠷ ᠲᠣᠭᠲᠠᠪᠠ᠃ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠣᠯ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠢ᠍ᠯᠡᠰ ᠮᠥᠨ᠂ ᠭᠠᠵᠠᠷ ᠣᠷᠣᠨ ᠵᠶ᠋ᠠᠷ ᠰᠢᠯᠳᠠᠭ᠋ᠠᠯᠠᠬᠳᠠᠬᠤ ᠤᠯᠤᠰ ᠲᠦᠷᠦ ᠵᠢᠨ ᠨᠥᠬᠥᠴᠡᠯ᠂ ᠪᠤᠰᠤᠳ ᠤᠯᠤᠰ᠎ᠲᠤ ᠳᠠᠭ᠋ᠠᠷᠢᠯᠳᠠ ᠬᠢᠬᠦ ᠬᠠᠷᠠᠯᠳᠠ᠂ ᠠᠷᠠᠯᠵᠢᠶᠠᠨ᠎ᠤ ᠪᠡᠬᠢᠯᠡᠯᠲᠡ ᠵᠢᠨ ᠰᠢᠯᠲᠠᠭ ᠪᠤᠯᠵᠤ ᠪᠣᠯᠬᠤ ᠦᠭᠡᠢ᠃ ᠳᠤᠮᠳᠠᠳᠤ ᠤᠯᠤᠰ ᠲᠥᠪ ᠭᠣᠣᠯᠴᠢ᠂ ᠬᠠᠮᠲᠤ ᠵᠢᠨ ᠪᠣᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ᠂ ᠥᠪᠡᠷ ᠥᠪᠡᠷ᠎ᠤᠨ ᠴᠢᠳᠠᠪᠤᠷᠢ᠎ᠪᠠᠨ ᠦᠨᠳᠦᠰᠦᠯᠡᠵᠦ ᠬᠢᠬᠦ ᠵᠠᠷᠴᠢᠮ᠎ᠢ ᠪᠠᠷᠢᠮᠲᠠᠯᠠᠵᠤ᠂ 《ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠣᠷᠣ ᠲᠥᠯᠥᠪ᠎ᠤᠨ ᠨᠡᠶ᠋ᠢᠲᠡ ᠵᠢᠨ ᠭᠡᠷ᠎ᠡ》 ᠵᠢᠴᠢ 《ᠫᠠᠷᠢᠰ᠎ᠤᠨ ᠬᠡᠯᠡᠯᠴᠡᠭᠡᠷ》᠎ᠢ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠲᠠᠯ᠎ᠠ᠎ᠪᠠᠷ᠎ᠬᠢ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠦᠨ᠎ᠡ᠃ ᠬᠥᠭᠵᠢᠭᠰᠡᠨ ᠠᠵᠤ ᠠᠬᠤᠶ ᠵᠢᠨ ᠴᠣᠭᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠎ᠠ ᠵᠢᠨ ᠡᠷᠴᠢᠮ᠎ᠤᠨ ᠲᠠᠯ᠎ᠠ᠎ᠪᠠᠷ ᠥᠯᠢᠭᠡᠷ ᠳᠠᠭᠤᠷᠢᠶᠠᠯ ᠦᠵᠡᠭᠦᠯᠬᠦ ᠵᠢᠨ ᠬᠠᠮᠲᠤ ᠠᠭᠤᠷ ᠠᠮᠢᠰᠬᠤᠯ᠎ᠢ ᠠᠷᠭ᠋ᠠᠴᠠᠭ᠋ᠠᠬᠤ᠎ᠳᠤ ᠪᠠᠯᠠ ᠮᠥᠩᠭᠥ ᠭᠠᠷᠭ᠋ᠠᠬᠤ ᠠᠮᠠᠯᠠᠯᠲᠠ᠎ᠪᠠᠨ ᠲᠦᠷᠦᠭᠦᠯᠡᠨ ᠪᠡᠶᠡᠯᠡᠭᠦᠯᠵᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠭᠦᠢ᠍ᠴᠡᠳ ᠮᠡᠷᠭᠡᠵᠢᠯ᠂ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠲᠠᠯ᠎ᠠ ᠵᠢᠨ ᠳᠡᠮᠵᠢᠯᠭᠡ ᠬᠠᠩᠭ᠋ᠠᠬᠤ ᠵᠢ ᠬᠦᠰᠡᠵᠦ ᠪᠠᠶ᠋ᠢᠨ᠎ᠠ ᠬᠡᠵᠥ ᠴᠢᠬᠤᠯᠠᠴᠢᠯᠠᠪᠠ᠃
      ᠰᠢ ᠵᠢᠨ ᠫᠢᠩ᠂ ᠣᠳᠣᠬᠠᠨ᠎ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠮᠥᠨ ᠬᠦ᠌ ᠪᠦᠬᠦ ᠳᠡᠯᠡᠬᠡᠢ᠎ᠳᠤ ᠦᠷᠪᠢᠰᠦᠨ ᠳᠡᠯᠭᠡᠷᠡᠵᠦ᠂ ᠳᠡᠯᠡᠬᠡᠢ ᠵᠢᠨ ᠠᠵᠤ ᠠᠬᠤᠢ ᠵᠢ ᠰᠡᠷᠭᠦᠭᠡᠬᠦ ᠡᠭᠦᠷᠭᠡ ᠲᠤᠶ᠋ᠢᠯ᠎ᠤᠨ ᠪᠡᠷᠬᠡ ᠬᠠᠲᠠᠭᠤᠵᠢᠯᠲᠠᠢ ᠪᠠᠶ᠋ᠢᠨ᠎ᠠ᠃ ᠳᠤᠮᠳᠠᠳᠤ ᠡᠧᠦ᠋ᠷᠣᠫᠠ ᠵᠢᠨ ᠬᠠᠷᠢᠯᠴᠠᠭ᠎ᠠ᠎ᠳᠤ ᠰᠢᠨ᠎ᠡ ᠬᠥᠭᠵᠢᠯᠲᠡ ᠵᠢᠨ ᠠᠵᠠ ᠲᠣᠬᠢᠶᠠᠯ ᠲᠤᠯᠭ᠋ᠠᠷᠠᠵᠤ ᠪᠠᠶ᠋ᠢᠬᠤ ᠪᠥᠭᠡᠳ ᠪᠠᠰᠠ ᠡᠯ᠎ᠡ ᠵᠦᠢ᠍ᠯ᠎ᠤᠨ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠃ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠳᠤᠮᠳᠠᠳᠤ ᠧᠦ᠋ᠷᠣᠫᠠ ᠵᠢᠨ ᠬᠠᠷᠢᠯᠴᠠᠭ᠋ᠠᠨ᠎ᠤ ᠬᠥᠭᠵᠢᠯᠲᠡ ᠵᠢᠨ ᠶᠡᠬᠡ ᠴᠢᠭᠯᠡᠯ ᠪᠣᠯᠤᠨ ᠭᠣᠣᠯ ᠬᠦᠭ ᠠᠶᠠᠰ᠎ᠢ ᠪᠠᠲᠤ ᠡᠵᠡᠮᠳᠡᠶ᠎ᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠳᠠ᠎ᠪᠠᠨ ᠥᠷᠭᠡᠳᠬᠡᠵᠦ᠂ ᠹᠷᠠᠨᠼᠢ᠂ ᠭ᠋ᠸᠷᠮᠠᠨ᠎ᠤ ᠠᠵᠤ ᠠᠬᠤᠶ᠋ᠢᠯᠠᠯ᠎ᠢ ᠪᠠᠭᠲᠠᠭ᠋ᠠᠭᠰᠠᠨ ᠭᠠᠳᠠᠭ᠋ᠠᠳᠤ ᠵᠢᠨ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠳᠤ ᠡᠷᠬᠡ ᠲᠡᠭᠰᠢ᠂ ᠲᠥᠪ ᠭᠣᠣᠯᠴᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠦᠷᠢᠯᠳᠦᠭᠦᠯᠦᠨ ᠦᠭᠭᠦᠨ᠎ᠠ᠂ ᠡᠧᠦ᠋ᠷᠣᠫᠠ ᠵᠢᠨ᠎ᠬᠢᠨ ᠴᠦ᠍ ᠡᠶ᠋ᠢᠮᠦ ᠢᠳᠡᠪᠬᠢᠲᠡᠢ ᠣᠪᠣᠷ ᠵᠶ᠋ᠠᠷ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠳᠤ ᠬᠠᠨᠳᠤᠵᠤ᠂ ᠳᠤᠮᠳᠠᠳᠤ ᠤᠯᠤᠰ᠎ᠲᠠᠢ ᠬᠠᠮᠲᠤ᠎ᠪᠠᠷ ᠳᠤᠮᠳᠠᠳᠤ ᠧᠦ᠋ᠷᠣᠫᠠ ᠵᠢᠨ ᠪᠣᠬᠢᠷᠲᠤᠯ ᠦᠭᠡᠢ᠂ ᠲᠣᠭ᠋ᠠᠴᠢᠯᠠᠭᠰᠠᠨ ᠬᠠᠨᠢᠲᠠᠨ᠎ᠤ ᠬᠠᠷᠢᠯᠴᠠᠭ᠎ᠠ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠬᠢᠵᠢᠭ᠎ᠲᠠᠢ ᠲᠡᠮᠡᠴᠡᠬᠦ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ᠃ ᠳᠤᠮᠳᠠᠳᠤ ᠤᠯᠤᠰ 《ᠸᠠᠺᠼᠢᠨ᠎ᠤ ᠦᠨᠳᠦᠰᠦᠲᠡᠨ᠎ᠤ ᠦᠵᠡᠯ》᠎ᠢ ᠡᠰᠡᠷᠭᠦᠴᠡᠵᠦ᠂ ᠵᠣᠷᠢᠭᠤᠳᠠ᠎ᠪᠠᠷ ᠦᠯᠦ ᠬᠠᠯᠳᠠᠭ᠋ᠠᠬᠤ ᠴᠢᠳᠠᠪᠤᠷᠢ ᠵᠢᠨ ᠲᠠᠯ᠎ᠠ᠎ᠪᠠᠷ ᠵᠦᠷᠢᠴᠡᠯ ᠭᠠᠷᠭ᠋ᠠᠬᠤ ᠵᠢ ᠡᠰᠡᠷᠭᠦᠴᠡᠵᠤ᠂ ᠳᠤᠷᠠᠲᠠᠶ᠎ᠠ ᠹᠷᠠᠨᠼᠢ᠂ ᠭᠧᠷᠮᠠᠨ᠎ᠢ ᠪᠠᠭᠲᠠᠭ᠋ᠠᠭᠰᠠᠨ ᠳᠡᠯᠡᠬᠡᠶ ᠨᠡᠶ᠋ᠢᠭᠡᠮ᠎ᠤᠨ᠎ᠬᠢᠨ᠎ᠲᠠᠢ ᠬᠠᠮᠲᠤ᠎ᠪᠠᠷ᠂ ᠬᠥᠭᠵᠢᠵᠦ ᠪᠠᠶ᠋ᠢᠭ᠎ᠠ ᠤᠯᠤᠰ᠎ᠤᠳ ᠴᠠᠭ ᠲᠤᠬᠠᠶ᠎ᠳᠤᠨᠢ ᠸᠠᠺᠼᠢᠨ ᠤᠯᠬᠤ ᠵᠢ ᠳᠡᠮᠵᠢᠨ ᠬᠠᠪᠰᠤᠷᠤᠨ᠎ᠠ᠃ ᠳᠤᠮᠳᠠᠳᠤ ᠤᠯᠤᠰ ᠳᠤᠷᠠᠲᠠᠶ᠎ᠠ ᠤᠯᠠᠨ ᠤᠯᠤᠰ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠲᠠᠢ ᠬᠠᠮᠲᠤᠷᠠᠯᠴᠠᠵᠤ᠂ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ᠎ᠪᠠᠷ ᠪᠠᠶ᠋ᠢᠭ᠎ᠠ ᠲᠠᠮᠢᠷᠴᠢᠳ᠎ᠲᠤ ᠸᠠᠺᠼᠢᠨ ᠬᠠᠩᠭ᠋ᠠᠨ᠎ᠠ ᠭᠡᠵᠤ ᠵᠢᠭ᠋ᠠᠵᠤ ᠭᠠᠷᠭ᠋ᠠᠪᠠ᠃
      ᠮᠠᠢ᠍ᠢ᠍ᠺᠷᠤᠨ᠂ ᠳᠤᠮᠳᠠᠳᠤ ᠵᠢᠨ ᠲᠠᠯ᠎ᠠ ᠵᠢᠨ᠎ᠬᠢᠨ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ᠎ᠪᠠᠷ ᠨᠡᠢ᠌ᠲᠡᠯᠡᠭᠰᠡᠨ᠎ᠢ ᠹᠷᠠᠨᠼᠢ ᠵᠢᠨ᠎ᠬᠢᠨ ᠪᠠᠶᠠᠷᠯᠠᠨ ᠤᠭᠳᠤᠵᠤ ᠪᠠᠢ᠍ᠢ᠍ᠨ᠎ᠠ᠂ ᠡᠨᠡ ᠬᠦ᠌ ᠴᠢᠬᠤᠯᠠ ᠶᠡᠬᠡ ᠠᠮᠠᠯᠠᠯᠲᠠ᠎ᠨᠢ ᠳᠤᠮᠳᠠᠳᠤ ᠵᠢᠨ ᠲᠠᠯ᠎ᠠ ᠵᠢᠨ᠎ᠬᠢᠨ ᠰᠠᠨᠠᠭ᠋ᠠᠴᠢᠯᠠᠭ᠎ᠠ᠎ᠠᠴᠠ᠎ᠪᠠᠨ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠢ᠍ᠢ᠍ᠬᠤ ᠵᠢ ᠬᠠᠷᠠᠭᠤᠯᠵᠦ ᠪᠠᠢ᠍ᠢ᠍ᠨ᠎ᠠ᠃ ᠹᠷᠠᠨᠼᠢ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠹᠷᠠᠨᠼᠢ ᠳᠤᠮᠳᠠᠳᠤ᠂ ᠡᠧᠦ᠋ᠷᠣᠫᠠ ᠳᠤᠮᠳᠠᠳᠤ ᠵᠢᠨ ᠠᠵᠤ ᠠᠬᠤᠢ ᠵᠢᠨ ᠬᠠᠷᠢᠯᠴᠠᠭ᠎ᠠ ᠤᠯᠠᠮ ᠴᠢᠨᠠᠭᠰᠢᠳᠠ ᠬᠥᠭᠵᠢᠬᠦ ᠵᠢ ᠠᠬᠢᠭᠤᠯᠵᠤ᠂ ᠭᠠᠷ ᠬᠣᠯᠪᠣᠨ ᠠᠹᠷᠢᠺᠠ ᠲᠢᠪ᠎ᠢ ᠬᠠᠪᠰᠤᠷᠤᠨ ᠪᠣᠬᠢᠷᠲᠤᠯ ᠦᠭᠡᠢ ᠬᠥᠭᠵᠢᠯᠲᠡ ᠵᠢ ᠪᠡᠶᠡᠯᠡᠭᠦᠯᠬᠦ ᠵᠢᠨ ᠬᠠᠮᠲᠤ ᠬᠥᠭᠵᠢᠵᠦ ᠪᠠᠶ᠋ᠢᠭ᠎ᠠ ᠤᠯᠤᠰ᠎ᠤᠳ᠎ᠤᠨ ᠥᠷᠢ ᠦᠭᠴᠡᠭᠡ ᠵᠢ᠎ᠨᠢ ᠬᠥᠩᠭᠡᠷᠡᠭᠦᠯᠵᠦ ᠬᠣᠶ᠋ᠢᠰᠢᠯᠠᠭᠤᠯᠬᠤ ᠵᠢᠨ ᠲᠥᠯᠥᠭᠡ ᠬᠠᠮᠲᠤ᠎ᠪᠠᠷ ᠴᠢᠷᠮᠠᠶ᠋ᠢᠨ᠎ᠠ᠃ ᠸᠠᠺᠼᠢᠨ᠎ᠨᠢ ᠶᠡᠬᠡ ᠤᠯᠤᠰ᠎ᠤᠨ ᠥᠷᠢᠰᠥᠯᠳᠦᠭᠡᠨ᠎ᠤ ᠪᠠᠭ᠋ᠠᠵᠢ ᠪᠣᠯᠵᠤ ᠪᠣᠯᠬᠤ ᠥᠬᠡᠶ᠂ ᠹᠷᠠᠨᠼᠢ ᠵᠢᠨ᠎ᠬᠢᠨ ᠳᠤᠷᠠᠲᠠᠶ᠎ᠠ ᠳᠤᠮᠳᠠᠳᠤ ᠵᠢᠨ ᠲᠠᠯ᠎ᠠ᠎ᠯᠤᠭ᠎ᠠ ᠸᠠᠺᠼᠢᠨ᠎ᠢ ᠡᠷᠬᠡ ᠲᠡᠭᠰᠢ᠎ᠪᠠᠷ ᠬᠤᠪᠢᠶᠠᠷᠢᠯᠠᠬᠤ ᠲᠤᠬᠠᠶ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠢᠷᠠᠨ᠎ᠤ ᠴᠥᠮ᠎ᠡ ᠵᠢᠨ ᠠᠰᠠᠭᠤᠳᠠᠯ ᠵᠡᠷᠭᠡ ᠭᠠᠵᠠᠷ ᠣᠷᠣᠨ᠎ᠤ ᠠᠰᠠᠭᠤᠳᠠᠯ᠎ᠤᠨ ᠲᠤᠬᠠᠶ ᠵᠣᠬᠢᠴᠠᠭᠤᠯᠭ᠎ᠠ᠎ᠪᠠᠨ ᠴᠢᠩᠭ᠋ᠠᠳᠬᠠᠨ᠎ᠠ ᠭᠡᠵᠤ ᠢᠯᠡᠳᠭᠡᠵᠠᠢ᠃
      ᠮᠤᠺᠸᠷ᠂ ᠭ᠋ᠸᠷᠮᠠᠨ ᠹᠷᠠᠨᠼᠢ ᠳᠤᠮᠳᠠᠳᠤ ᠭᠤᠷᠪᠠᠨ ᠤᠯᠤᠰ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠨᠢ ᠲᠤᠶ᠋ᠢᠯ᠎ᠤᠨ ᠴᠢᠬᠤᠯᠠ ᠶᠤᠮ᠃ ᠳᠤᠮᠳᠠᠳᠤ ᠤᠯᠤᠰ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠪᠠᠨ ᠲᠤᠩᠬᠠᠭᠯᠠᠭᠰᠠᠨ᠎ᠨᠢ ᠠᠤᠭ᠎ᠠ ᠰᠠᠨᠠᠭ᠎ᠠ᠎ᠲᠠᠢ ᠪᠥᠭᠡᠳ ᠪᠠᠰᠠ ᠪᠠᠶᠠᠯᠢᠭ ᠦᠷᠢᠰᠦᠯᠲᠦᠭᠡᠡ᠎ᠲᠠᠢ ᠶᠤᠮ᠂ ᠡᠨᠡ᠎ᠨᠢ ᠪᠦᠬᠦ ᠲᠡᠯᠡᠭᠡᠢ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠲᠤᠶ᠋ᠢᠯ᠎ᠤᠨ ᠴᠢᠬᠤᠯᠠ ᠶᠤᠮ᠂ ᠡᠧᠦ᠋ᠷᠣᠫᠠ ᠲᠢᠪ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠲᠦᠷᠦ ᠵᠢᠨ ᠪᠤᠳᠤᠯᠭ᠎ᠠ ᠵᠢᠨ ᠤᠯᠤᠯᠴᠠᠭ᠎ᠠ ᠪᠣᠯᠤᠨ ᠵᠣᠯᠭ᠋ᠠᠯᠴᠠᠭ᠎ᠠ᠎ᠪᠠᠨ ᠴᠢᠩᠭ᠋ᠠᠳᠬᠠᠨ᠎ᠠ᠃ ᠳᠤᠮᠳᠠᠳᠤ ᠤᠯᠤᠰ ᠡᠩ ᠲᠡᠷᠢᠭᠦᠨ᠎ᠳᠤ ᠠᠵᠤ ᠠᠬᠤᠢ ᠵᠢᠨ ᠨᠡᠮᠡᠭᠳᠡᠯ ᠵᠶ᠋ᠠᠨ ᠰᠡᠷᠭᠦᠭᠡᠭᠰᠡᠨ᠎ᠨᠢ ᠳᠡᠯᠡᠬᠡᠢ ᠳ᠋ᠠᠬᠢᠨ᠎ᠳᠤ ᠠᠪᠴᠤ ᠬᠡᠯᠡᠪᠡᠯ ᠰᠠᠢ᠍ᠢ᠍ᠨ ᠴᠢᠮᠡᠭᠡ ᠪᠣᠯᠤᠨ᠎ᠠ᠃ ᠭ᠋ᠸᠷᠮᠠᠨ᠎ᠤ ᠲᠠᠯ᠎ᠠ ᠵᠢᠨ᠎ᠬᠢᠨ ᠳᠤᠮᠳᠠᠳᠤ ᠤᠯᠤᠰ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠦᠭᠡᠳ ᠭ᠋ᠸᠷᠮᠠᠨ ᠳᠤᠮᠳᠠᠳᠤ᠂ ᠧᠦ᠋ᠷᠣᠫᠠ ᠳᠤᠮᠳᠠᠳᠤ ᠵᠢᠨ ᠬᠠᠮᠲᠤᠷᠠᠯᠴᠠᠭ᠎ᠠ᠎ᠳᠤ ᠤᠯᠭᠤᠬᠰᠠᠨ ᠴᠢᠬᠤᠯᠠ ᠠᠵᠠ ᠲᠣᠬᠢᠶᠠᠯ᠎ᠢ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠷᠢᠯᠴᠠᠨ ᠠᠰᠢᠭᠲᠠᠢ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠲᠣᠭ᠋ᠠᠴᠢᠯᠠᠭᠰᠠᠨ ᠠᠵᠤ ᠠᠬᠤᠢ᠂ ᠰᠦᠯᠵᠢᠶᠡᠨ᠎ᠤ ᠠᠮᠤᠷ ᠲᠦᠪᠰᠢᠨ ᠵᠡᠷᠭᠡ ᠠᠰᠠᠭᠤᠳᠠᠯ᠎ᠤᠨ ᠲᠤᠬᠠᠢ ᠤᠯᠤᠯᠴᠠᠭ᠎ᠠ᠎ᠪᠠᠨ ᠴᠢᠩᠭ᠋ᠠᠳᠬᠠᠵᠤ᠂ ᠡᠯ᠎ᠡ ᠤᠯᠤᠰ᠎ᠤᠨ ᠠᠵᠤ ᠠᠬᠤᠶ᠋ᠢᠯᠠᠯ᠎ᠳᠤ ᠡᠭᠡᠭᠡ ᠠᠳᠠᠯᠢ᠎ᠪᠠᠷ ᠬᠠᠨᠳᠤᠵᠤ᠂ ᠠᠷᠠᠯᠵᠢᠶᠠᠨ᠎ᠤ ᠪᠡᠬᠢᠯᠡᠯᠲᠡ᠎ᠠᠴᠠ ᠵᠠᠶ᠋ᠢᠯᠠᠰᠬᠢᠨ᠎ᠡ᠃ ᠬᠣᠶᠠᠷ ᠲᠠᠯ᠎ᠠ᠎ᠪᠠᠷ ᠵᠶ᠋ᠠᠨ ᠬᠠᠮᠲᠤ᠎ᠪᠠᠷ ᠴᠢᠷᠮᠠᠶ᠋ᠢᠵᠤ᠂ 《ᠧᠦ᠋ᠷᠣᠫᠠ ᠳᠤᠮᠳᠠᠳᠤ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ》 ᠲᠦᠷᠭᠡᠨ  ᠵᠥᠪᠰᠢᠶᠡᠷᠡᠭᠳᠡᠵᠦ ᠬᠦᠴᠦᠨ᠎ᠲᠠᠢ ᠪᠣᠯᠬᠤ ᠵᠢ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃


33.jpg

      4 ᠰᠠᠷ᠎ᠠ ᠵᠢᠨ 16᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠹᠷᠠᠨᠼᠢ ᠵᠢᠨ ᠶᠡᠷᠦᠩᠬᠡᠶ᠋ᠢᠯᠡᠭᠴᠢ ᠮᠠᠢ᠍ᠢ᠍ᠺᠷᠤᠨ᠂ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠳᠤᠮᠳᠠᠳᠤ ᠹᠷᠠᠨᠼᠢ ᠭ᠋ᠸᠷᠮᠠᠨ᠎ᠤ ᠤᠳᠤᠷᠢᠳᠬᠤ ᠬᠥᠮᠦᠰ᠎ᠤᠨ ᠸᠢᠳᠢᠣ᠋ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ᠃

      ᠭᠤᠷᠪᠠᠨ ᠤᠯᠤᠰ᠎ᠤᠨ ᠤᠳᠤᠷᠢᠳᠬᠤ ᠬᠥᠮᠦᠰ᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ 《ᠫᠠᠷᠢᠰ᠎ᠤᠨ ᠬᠡᠯᠡᠯᠴᠡᠭᠡᠷ》᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠲᠥᠪ ᠭᠣᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲᠸᠮ᠎ᠢ ᠬᠠᠮᠲᠤ᠎ᠪᠠᠷ ᠪᠠᠶ᠋ᠢᠭᠤᠯᠵᠤ᠂ ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ ᠢᠳᠡᠪᠬᠢᠲᠡᠢ᠂ ᠲᠡᠩᠴᠡᠭᠦᠷᠢᠲᠡᠢ᠂ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠭᠡᠯ ᠤᠯᠬᠤ ᠵᠢ ᠠᠬᠢᠭᠤᠯᠤᠨ᠎ᠠ; ᠠᠭᠤᠷ ᠠᠮᠢᠰᠬᠤᠯ᠎ᠤᠨ ᠲᠦᠷᠦ ᠵᠢᠨ ᠪᠤᠳᠤᠯᠭ᠎ᠠ ᠵᠢᠨ ᠶᠠᠷᠢᠯᠴᠠᠭ᠎ᠠ ᠪᠠ ᠪᠣᠬᠢᠷᠲᠤᠯ ᠦᠭᠡᠢ ᠬᠥᠭᠵᠢᠯᠲᠡ ᠵᠢᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠳᠤᠮᠳᠠᠳᠤ ᠧᠦ᠋ᠷᠣᠫᠠ ᠵᠢᠨ ᠬᠠᠮᠲᠤᠷᠠᠯᠴᠠᠭ᠋ᠠᠨ᠎ᠤ ᠴᠢᠬᠤᠯᠠ ᠲᠤᠯᠭ᠋ᠠᠭᠤᠷᠢ ᠪᠣᠯᠭ᠋ᠠᠨ᠎ᠠ; ᠺᠦᠨᠮᠢᠩ᠎ᠤᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠡᠶ᠋ᠢᠲᠡ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠂ ᠭᠯᠠᠰᠭᠣ᠋ ᠵᠢᠨ 《ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠶ᠋ᠢᠲᠡ ᠵᠢᠨ ᠭᠡᠷ᠎ᠡ》 ᠵᠢᠨ ᠬᠣᠷᠢᠨ ᠵᠢᠷᠭᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠂ ᠮᠠᠷᠰᠸᠢ ᠵᠢᠨ ᠳᠣᠯᠣᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠶᠡᠬᠡ ᠬᠤᠷᠠᠯ ᠵᠡᠷᠭᠡ ᠴᠢᠬᠤᠯᠠ ᠤᠯᠠᠨ ᠲᠠᠯ᠎ᠠ ᠵᠢᠨ ᠵᠥᠪᠯᠡᠬᠦ ᠵᠦᠢ᠍ᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠪᠦᠬᠦ ᠲᠡᠯᠡᠭᠡᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠨ᠎ᠡ ᠪᠠᠶ᠋ᠢᠷᠢᠰᠢᠯ᠎ᠢ ᠪᠤᠢ ᠪᠣᠯᠭ᠋ᠠᠨ᠎ᠠ; 《ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ᠤᠨ ᠸᠠᠺᠼᠢᠨ ᠎ᠤ ᠬᠡᠷᠡᠭᠵᠢᠭᠦᠯᠬᠦ ᠲᠥᠯᠥᠪᠯᠡᠭᠡ》 ᠵᠢ ᠳᠡᠮᠵᠢᠵᠦ᠂ ᠬᠥᠮᠦᠰ᠎ᠤᠨ ᠡᠷᠡᠭᠦᠯ ᠮᠡᠨᠳᠦ ᠠᠮᠤᠷ ᠲᠦᠪᠰᠢᠨ ᠡᠮᠬᠢ ᠵᠢᠷᠤᠮ᠎ᠲᠠᠢ ᠶᠠᠪᠤᠯᠴᠠᠭ᠎ᠠ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠤᠷᠤᠭᠰᠢᠲᠠᠶ ᠲᠣᠭᠲᠠᠭᠤᠨ ᠪᠠᠶ᠋ᠢᠬᠤ ᠵᠢ ᠬᠠᠮᠠᠭ᠋ᠠᠯᠠᠵᠤ᠂ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠡᠷᠲᠡᠬᠡᠨ ᠬᠡᠪ᠎ᠤᠨ ᠪᠠᠶ᠋ᠢᠳᠠᠯ ᠵᠶ᠋ᠠᠨ ᠰᠡᠷᠭᠦᠭᠡᠬᠦ ᠵᠢ ᠠᠬᠢᠭᠤᠯᠤᠨ᠎ᠠ; ᠬᠥᠭᠵᠢᠵᠦ ᠪᠠᠶ᠋ᠢᠭ᠎ᠠ ᠤᠯᠤᠰ᠎ᠤᠳ᠎ᠤᠨ ᠡᠨᠧᠷᠭᠢ ᠵᠢᠨ ᠬᠠᠩᠭ᠋ᠠᠯᠭ᠎ᠠ ᠵᠢ ᠥᠨᠳᠥᠷ ᠪᠦᠲᠦᠮᠵᠢᠲᠡᠢ᠂ ᠠᠷᠢᠭᠤᠨ ᠴᠡᠪᠡᠷ᠂ ᠤᠯᠠᠨ ᠡᠰᠢᠴᠢᠯᠡᠭᠰᠡᠨ ᠴᠢᠭᠯᠡᠯ ᠵᠶ᠋ᠠᠷ ᠬᠥᠭᠵᠢᠭᠦᠯᠬᠦ ᠵᠢ ᠳᠡᠮᠵᠢᠨ᠎ᠡ ᠭᠡᠵᠦ ᠰᠠᠨᠠᠯ ᠨᠢᠭᠡᠲᠡᠢ ᠦᠵᠡᠵᠡᠭᠡᠪᠡ᠃
      ᠶᠠᠩ ᠵᠢᠶᠸ ᠊ᠤᠤᠢ᠂ ᠸᠠᠩ ᠢ᠂ ᠡᡁᠸ ᠯᠢ ᠹᠸᠩ ᠨᠠᠷ ᠬᠤᠷᠠᠯ᠎ᠳᠤ ᠣᠷᠣᠯᠴᠠᠪᠠ᠃

 

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠢᠩᠬᠤᠸᠠ ᠶᠡᠬᠡ ᠰᠤᠷᠭ᠋ᠠᠭᠤᠯᠢ᠎ᠳᠤ ᠠᠵᠢᠯ᠎ᠤᠨ ᠪᠠᠢ᠌ᠴᠠᠭ᠋ᠠᠯᠲᠠ ᠬᠢᠪᠡ
ᠰᠢ ᠵᠢᠨ ᠫᠢᠩ ᠪᠥᠸᠧ ᠣᠣ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
ᠰᠢ ᠵᠢᠨ ᠫᠢᠩ ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ᠎ᠳᠤ ᠤᠷᠤᠯᠴᠠᠭᠰᠠᠨ ᠪᠦᠭᠡᠳ ᠴᠢᠬᠤᠯᠠ ᠶᠠᠷᠢᠶ᠎ᠠ ᠳᠠᠯᠪᠢᠪᠠ
ᠰᠢ ᠵᠢᠨ ᠫᠢᠩ ᠭᠤᠸᠠᠩᠰᠢ᠎ᠳᠤ ᠬᠦᠷᠴᠦ ᠰᠢᠨᠵᠢᠯᠡᠨ ᠪᠠᠢ᠌ᠴᠠᠭ᠋ᠠᠪᠠ
 
            