ᠴᠢᠩᠬᠤᠸᠠ ᠶᠡᠬᠡ ᠰᠤᠷᠭ᠋ᠠᠭᠤᠯᠢ ᠪᠠᠶ᠋ᠢᠭᠤᠯᠤᠭᠳᠠᠭᠰᠠᠨ 110 ᠵᠢᠯ᠎ᠤᠨ ᠣᠶ ᠪᠣᠯᠬᠤ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠴᠢᠩᠬᠤᠸᠠ ᠶᠡᠬᠡ ᠰᠤᠷᠭ᠋ᠠᠭᠤᠯᠢ᠎ᠳᠤ ᠬᠦᠷᠴᠦ᠂ ᠤᠷᠢᠳ ᠬᠣᠵᠢᠳ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ᠂ ᠳᠦᠷᠰᠦ ᠪᠦᠲᠦᠭᠡᠯᠲᠡ ᠪᠠ ᠣᠶᠤᠨᠲᠤ ᠮᠡᠷᠭᠡᠵᠢᠯ᠎ᠤᠨ ᠲᠤᠷᠰᠢᠯᠲᠠ ᠵᠢᠨ ᠲᠠᠰᠤᠭ᠂ ᠭᠣᠣᠯᠳᠠᠯᠭ᠎ᠠ᠎ᠲᠠᠢ ᠵᠢᠭ᠋ᠠᠨ ᠰᠤᠷᠭ᠋ᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠤᠨ ᠦᠵᠡᠭᠦᠯᠭᠡ᠂ ᠪᠠᠷᠠᠭᠤᠨ ᠪᠡᠶ᠎ᠡ ᠵᠢᠨ ᠲᠠᠮᠢᠷ᠎ᠤᠨ ᠣᠷᠳᠣᠨ᠎ᠢ ᠪᠠᠢ᠌ᠴᠠᠭ᠋ᠠᠨ ᠦᠵᠡᠵᠦ᠂ ᠰᠤᠷᠭ᠋ᠠᠭᠤᠯᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠭᠰᠡᠨ᠂ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠤᠭᠰᠠᠨ᠂ ᠵᠢᠭ᠋ᠠᠨ ᠰᠤᠷᠭ᠋ᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠰᠢᠨ᠎ᠡ ᠵᠢ ᠡᠭᠦᠳᠦᠭᠰᠡᠨ ᠪᠠ ᠤᠯᠤᠰ᠎ᠤᠨ ᠬᠥᠭᠵᠢᠯᠲᠡ᠎ᠳᠤ ᠦᠢ᠍ᠯᠡᠴᠢᠯᠡᠭᠰᠡᠨ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃ ᠵᠠᠯᠭ᠋ᠠᠭ᠋ᠠᠳ ᠰᠢ ᠵᠢᠨ ᠫᠢᠩ ᠪᠠᠭᠰᠢ ᠰᠤᠷᠤᠭᠴᠢᠳ᠎ᠤᠨ ᠲᠥᠯᠥᠭᠡᠯᠡᠭᠴᠢᠳ᠎ᠲᠠᠢ ᠶᠠᠷᠢᠯᠴᠠᠬᠤ ᠬᠤᠷᠠᠯ ᠬᠢᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ (ᠦᠰᠦᠭ ᠪᠢᠴᠢᠭ᠎ᠤᠨ ᠰᠤᠷᠪᠤᠯᠵᠢᠯᠠᠭᠴᠢ᠄ ᠰᠦᠨ ᠲᠢᠶᠧ ᠰᠢᠶᠠᠩ᠂ ᠬᠤ᠌ ᠬᠤᠤ; ᠭᠡᠷᠡᠯ ᠵᠢᠷᠤᠭ᠎ᠤᠨ ᠰᠤᠷᠪᠤᠯᠵᠢᠯᠠᠭᠴᠢ᠄ ᠵᠢᠤᠢ ᠫᠧᠩ᠂ ᠬᠤᠸᠠᠩ ᠵᠢᠩ ᠸᠧᠨ᠂ ᠭᠣᠣ ᠵᠢᠶᠧ᠂ ᠳ᠋ᠢᠩ ᠯᠢᠨ)







