ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠥᠸᠧ ᠣᠣ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ
ᠨᠡᠶ᠋ᠢᠲᠡᠯᠡᠭᠰᠡᠨ ᠴᠠᠭ᠄ 2021-04-21

      ᠰᠢ ᠵᠢᠨ ᠫᠢᠩ ᠪᠥᠸᠧ ᠣᠣ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷ᠎ᠡ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ

      ᠠᠽᠢᠶ᠎ᠠ ᠲᠢᠪ ᠪᠣᠯᠤᠨ ᠳᠡᠯᠡᠬᠡᠢ ᠵᠢᠨ ᠡᠯ᠎ᠡ ᠤᠯᠤᠰ᠎ᠤᠨ᠎ᠬᠢᠨ ᠴᠠᠭ ᠦᠶ᠎ᠡ ᠵᠢᠨ ᠤᠷᠢᠶᠠᠯᠠᠭ᠎ᠠ᠎ᠳᠤ ᠬᠠᠷᠢᠭᠤᠯᠲᠠ ᠥᠭᠴᠦ ᠭᠠᠷ ᠬᠣᠯᠪᠣᠨ ᠬᠢᠵᠢᠭ᠎ᠤᠨ ᠪᠠᠶ᠋ᠢᠳᠠᠯ᠎ᠢ ᠬᠠᠮᠲᠤ᠎ᠪᠠᠷ ᠲᠤᠭᠤᠯᠵᠥ

      ᠪᠦᠬᠦ ᠪᠥᠮᠪᠥᠷᠴᠡᠭ᠎ᠤᠨ ᠵᠠᠰᠠᠯᠲᠠ ᠵᠢ ᠴᠢᠩᠭ᠋ᠠᠳᠬᠠᠠ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ᠎ᠪᠠᠷ ᠬᠠᠮᠲᠤ᠎ᠪᠠᠷ ᠪᠦᠳᠦᠭᠡᠨ ᠪᠠᠶ᠋ᠢᠭᠤᠯᠵᠤ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠴᠢᠭᠯᠡᠯ ᠲᠡᠶ᠋ᠢᠰᠢ ᠲᠠᠰᠤᠷᠠᠯᠳᠠ ᠦᠭᠡᠢ ᠤᠷᠤᠭᠰᠢᠯᠠᠬᠤ ᠵᠢ ᠰᠠᠨᠠᠭ᠋ᠠᠴᠢᠯᠠᠪᠠ


      ᠰᠢᠨᠬᠤᠸᠠ ᠬᠣᠷᠢᠶᠠᠨ᠎ᠤ ᠪᠡᠭᠡᠵᠢᠩ᠎ᠤᠨ 4 ᠰᠠᠷ᠎ᠠ ᠵᠢᠨ 20᠎ᠤ  ᠴᠠᠬᠢᠯᠭ᠋ᠠᠨ ᠮᠡᠳᠡᠭᠡ   ᠪᠥᠸᠧ ᠣᠣ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ 20᠎ᠤ ᠦᠳᠡ ᠵᠢᠨ ᠡᠮᠦᠨ᠎ᠡ ᠬᠠᠶ᠋ᠢᠨᠠᠨ᠎ᠤ ᠪᠥᠸᠧ ᠣᠣ᠎ᠳᠤ ᠶᠠᠪᠤᠭᠳᠠᠵᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠳᠢᠣ᠋ ᠬᠡᠯᠪᠡᠷᠢ᠎ᠪᠠᠷ 《ᠵᠢᠷᠭ᠋ᠠᠯ ᠵᠤᠪᠠᠯᠠᠩ ᠵᠶ᠋ᠡᠨ ᠬᠠᠮᠳᠤᠳᠬᠠᠨ ᠬᠠᠲᠠᠭᠤ ᠪᠡᠷᠬᠡᠰᠢᠶᠡᠯ᠎ᠢ ᠲᠤᠭᠤᠯᠵᠤ ᠬᠤᠪᠢ ᠵᠠᠶᠠᠭ᠎ᠠ᠎ᠪᠠᠨ ᠨᠢᠭᠡᠳᠭᠡᠨ ᠢᠷᠡᠭᠡᠳᠦᠢ᠎ᠪᠠᠨ ᠬᠠᠮᠲᠤ᠎ᠪᠠᠷ ᠴᠣᠭᠴᠠᠯᠠᠶ᠎ᠠ》 ᠭᠡᠬᠦ ᠰᠡᠳᠦᠪ ᠵᠶ᠋ᠠᠷ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃


0421习近平在博鳌亚洲论坛2021年年会开幕式上发表主旨演讲.jpg


      4 ᠰᠠᠷ᠎ᠠ ᠵᠢᠨ 20᠎ᠤ ᠦᠳᠡ ᠵᠢᠨ ᠡᠮᠤᠨ᠎ᠠ᠂ ᠪᠥᠸᠧ ᠡᠤᠤ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠤᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠬᠠᠶ᠋ᠢᠨᠠᠨ᠎ᠤ ᠪᠥᠸᠧ ᠡᠤᠤ᠎ᠳᠤ ᠶᠠᠪᠤᠭᠳᠠᠵᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠳᠢᠣ᠋ ᠬᠡᠯᠪᠡᠷᠢ᠎ᠪᠠᠷ 《ᠵᠢᠷᠭ᠋ᠠᠯ ᠵᠤᠪᠠᠯᠠᠩ ᠵᠶ᠋ᠡᠨ ᠬᠠᠮᠳᠤᠳᠬᠠᠨ ᠬᠠᠲᠠᠭᠤ ᠪᠡᠷᠬᠡᠰᠢᠶᠡᠯ᠎ᠢ ᠲᠤᠭᠤᠯᠵᠤ ᠬᠤᠪᠢ ᠵᠠᠶᠠᠭ᠎ᠠ᠎ᠪᠠᠨ ᠨᠢᠭᠡᠳᠭᠡᠨ ᠢᠷᠡᠭᠡᠳᠦᠢ᠎ᠪᠠᠨ ᠬᠠᠮᠲᠤ᠎ᠪᠠᠷ ᠴᠣᠭᠴᠠᠯᠠᠶ᠎ᠠ》 ᠭᠡᠬᠦ ᠰᠡᠳᠦᠪ ᠵᠶ᠋ᠠᠷ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃
      ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ   ᠵᠢᠤᠢ ᠫᠸᠩ ᠰᠡᠬᠦᠳᠡᠷᠯᠡᠪᠡ
     


      ᠰᠢ ᠵᠢᠨ ᠫᠢᠩ᠂ ᠪᠥᠸᠧ ᠡᠤᠤ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ ᠪᠠᠶ᠋ᠢᠭᠤᠯᠤᠭᠳᠠᠭᠰᠠᠨ 20 ᠵᠢᠯ᠎ᠤᠨ ᠲᠤᠷᠰᠢ᠂ ᠳᠤᠮᠳᠠᠳᠤ ᠤᠯᠤᠰ᠂ ᠠᠽᠢᠶ᠎ᠠ ᠲᠢᠪ᠂ ᠳᠡᠯᠡᠬᠡᠢ ᠵᠢᠨ ᠶᠠᠪᠤᠵᠤ ᠦᠩᠭᠡᠷᠡᠭᠦᠯᠦᠭᠰᠡᠨ ᠶᠡᠷᠦ ᠪᠤᠰᠤ ᠵᠢᠨ ᠲᠡᠦᠬᠡᠨ ᠶᠠᠪᠤᠴᠠ ᠵᠢ ᠭᠡᠷᠡᠴᠢᠯᠡᠵᠦ᠂ ᠠᠽᠢᠶ᠎ᠠ ᠲᠢᠪ ᠪᠣᠯᠤᠨ ᠳᠡᠯᠡᠬᠡᠢ ᠵᠢᠨ ᠬᠥᠭᠵᠢᠯᠲᠡ ᠵᠢ ᠠᠬᠢᠭᠤᠯᠬᠤ᠎ᠳᠤ ᠴᠢᠬᠤᠯᠠ ᠨᠥᠯᠥᠭᠡᠯᠡᠬᠦ ᠬᠦᠴᠦᠨ ᠪᠠ ᠠᠬᠢᠭᠤᠯᠬᠤ ᠬᠦᠴᠦᠨ ᠦᠵᠡᠭᠦᠯᠵᠠᠢ᠃ ᠡᠳᠦᠭᠡ ᠵᠠᠭᠤᠨ ᠵᠢᠯ᠎ᠤᠨ ᠶᠡᠬᠡ ᠬᠤᠪᠢᠰᠤᠯᠲᠠ ᠪᠠ ᠡᠷᠢᠨ ᠵᠠᠭᠤᠨ᠎ᠤ ᠬᠢᠵᠢᠭ᠎ᠤᠨ ᠪᠠᠶ᠋ᠢᠳᠠᠯ ᠰᠣᠯᠪᠢᠴᠠᠨ ᠳᠠᠪᠬᠤᠴᠠᠵᠤ᠂ ᠳᠡᠯᠡᠬᠡᠶ ᠶᠢᠷᠲᠢᠨᠴᠦ ᠣᠷᠣᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠪᠠ᠃ ᠪᠢᠳᠡ ᠥᠷᠢᠰᠥᠯᠳᠦᠭᠡᠨ ᠵᠶ᠋ᠠᠷ ᠳᠦᠭᠦᠷᠦᠭᠰᠡᠨ ᠪᠦᠭᠡᠳ ᠬᠦᠰᠡᠯ ᠡᠷᠡᠮᠡᠯᠵᠡᠯ ᠵᠶ᠋ᠠᠷ ᠪᠢᠯᠬᠠᠮ᠎ᠠ ᠴᠠᠭ ᠦᠶ᠎ᠡ᠎ᠳᠤ ᠤᠷᠤᠰᠢᠵᠤ ᠪᠤᠢ᠃ ᠬᠥᠮᠦᠨ ᠲᠥᠷᠥᠯᠬᠢᠲᠡᠨ᠎ᠤ ᠨᠡᠶ᠋ᠢᠭᠡᠮ ᠬᠠᠮᠢᠭ᠋ᠠᠰᠢ᠎ᠪᠠᠨ ᠶᠠᠪᠤᠪᠠᠯ ᠵᠣᠬᠢᠬᠤ ᠪᠤᠢ? ᠪᠢᠳᠡ ᠦᠷ᠎ᠡ ᠬᠣᠶ᠋ᠢᠴᠢᠰ᠎ᠲᠠᠭᠠᠨ ᠶᠠᠮᠠᠷ ᠶᠠᠩᠵᠤ ᠵᠢᠨ ᠢᠷᠡᠭᠡᠳᠦᠶ ᠵᠢ ᠴᠤᠭᠴᠠᠯᠠᠵᠤ ᠥᠭᠪᠡᠯ ᠵᠣᠬᠢᠬᠤ ᠪᠣᠶ? ᠡᠨᠡ ᠬᠦ᠌ ᠴᠢᠬᠤᠯᠠ ᠶᠡᠬᠡ ᠰᠡᠳᠦᠪ᠎ᠲᠤ ᠪᠢᠳᠡ ᠬᠥᠮᠦᠨ ᠲᠥᠷᠥᠯᠬᠢᠲᠡᠨ᠎ᠤ ᠬᠠᠮᠲᠤ ᠵᠢᠨ ᠠᠰᠢᠭ ᠲᠤᠰᠠ᠎ᠠᠴᠠ ᠡᠭᠦᠰᠴᠦ᠂ ᠬᠠᠷᠢᠭᠤᠴᠠᠯᠭ᠎ᠠ᠎ᠲᠠᠢ ᠣᠪᠣᠷ ᠵᠶ᠋ᠠᠷ ᠮᠡᠷᠭᠡᠨ ᠰᠣᠩᠭᠣᠯᠲᠠ ᠬᠢᠬᠦ ᠬᠡᠷᠡᠭᠲᠡᠢ᠃ ᠠᠽᠢᠶ᠎ᠠ ᠲᠢᠪ ᠪᠣᠯᠤᠨ ᠳᠡᠯᠡᠬᠡᠢ ᠵᠢᠨ ᠡᠯ᠎ᠡ ᠤᠯᠤᠰ᠎ᠤᠨ᠎ᠬᠢᠨ ᠴᠠᠭ ᠦᠶ᠎ᠡ ᠵᠢᠨ ᠤᠷᠢᠶᠠᠯᠠᠭ᠎ᠠ᠎ᠳᠤ ᠬᠠᠷᠢᠭᠤᠯᠲᠠ ᠥᠭᠴᠦ᠂ ᠭᠠᠷ ᠬᠣᠯᠪᠣᠨ ᠬᠢᠵᠢᠭ᠎ᠤᠨ ᠪᠠᠶ᠋ᠢᠳᠠᠯ᠎ᠢ ᠬᠠᠮᠲᠤ᠎ᠪᠠᠷ ᠲᠤᠭᠤᠯᠵᠤ᠂ ᠪᠦᠬᠦ ᠪᠥᠮᠪᠥᠷᠴᠡᠭ᠎ᠤᠨ ᠵᠠᠰᠠᠯᠲᠠ ᠵᠢ ᠴᠢᠩᠭ᠋ᠠᠳᠬᠠᠨ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢ ᠪᠠᠶ᠋ᠢᠭᠤᠯᠬᠤ ᠴᠢᠭᠯᠡᠯ ᠲᠡᠶ᠋ᠢᠰᠢ ᠲᠠᠰᠤᠷᠠᠯᠳᠠ ᠦᠭᠡᠢ ᠤᠷᠤᠭᠰᠢᠯᠠᠬᠤ ᠵᠢ ᠳᠤᠮᠳᠠᠳᠤ ᠤᠯᠤᠰ ᠰᠠᠨᠠᠭ᠋ᠠᠴᠢᠯᠠᠵᠤ ᠪᠠᠶ᠋ᠢᠨ᠎ᠠ᠃
      — ᠪᠢᠳᠠ ᠡᠷᠬᠡ ᠲᠡᠭᠰᠢ᠎ᠪᠠᠷ ᠵᠥᠪᠳᠡᠯᠴᠡᠵᠦ᠂ ᠬᠠᠮᠲᠤ᠎ᠪᠠᠷ ᠠᠰᠢᠭ ᠬᠦᠷᠳᠡᠵᠦ ᠬᠠᠮᠲᠤ᠎ᠪᠠᠷ ᠡᠳ᠋ᠯᠡᠬᠦ ᠢᠷᠡᠭᠡᠳᠦᠢ ᠵᠢ ᠴᠣᠭᠴᠠᠯᠠᠶ᠎ᠠ᠃ ᠵᠢᠩᠬᠢᠨᠢ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠵᠶ᠋ᠠᠷ ᠬᠥᠭᠵᠢᠬᠦ ᠵᠢ ᠠᠬᠢᠭᠤᠯᠪᠠᠯ ᠵᠣᠬᠢᠨ᠎ᠠ᠃ ᠤᠯᠠᠨ ᠤᠯᠤᠰ᠎ᠤᠨ ᠬᠡᠷᠡᠭ ᠶᠠᠪᠤᠳᠠᠯ᠎ᠢ ᠤᠯᠠᠨ ᠵᠶ᠋ᠠᠷ ᠵᠶ᠋ᠡᠨ ᠵᠥᠪᠳᠡᠯᠴᠡᠵᠦ ᠪᠠᠶ᠋ᠢᠭ᠋ᠠᠳ ᠰᠢᠢ᠍ᠳᠪᠦᠷᠢᠯᠡᠪᠡᠯ ᠵᠣᠬᠢᠨ᠎ᠠ᠂ ᠳᠡᠯᠡᠬᠡᠢ ᠵᠢᠨ ᠢᠷᠡᠭᠡᠳᠦᠢ ᠵᠢᠨ ᠬᠤᠪᠢ ᠵᠠᠶᠠᠭ᠎ᠠ ᠵᠢ ᠡᠯ᠎ᠡ ᠤᠯᠤᠰ ᠬᠠᠮᠲᠤ᠎ᠪᠠᠷ ᠡᠵᠡᠮᠰᠢᠪᠡᠯ ᠵᠣᠬᠢᠨ᠎ᠠ᠂ ᠳᠡᠯᠡᠬᠡᠢ ᠶᠢᠷᠲᠢᠨᠴᠦ ᠲᠥᠪ ᠭᠣᠣᠯᠴᠢ ᠪᠠᠶ᠋ᠢᠬᠤ ᠬᠡᠷᠡᠭᠲᠡᠢ᠂ ᠡᠵᠡᠷᠬᠡᠭ ᠬᠠᠷᠬᠢᠰ ᠪᠠᠶ᠋ᠢᠵᠤ ᠪᠣᠯᠬᠤ ᠦᠭᠡᠢ᠃ ᠲᠤᠮᠤ ᠤᠯᠤᠰ᠎ᠨᠢ ᠲᠤᠮᠤ ᠤᠯᠤᠰ᠎ᠤᠨ ᠶᠠᠩᠵᠤ᠎ᠲᠠᠢ ᠪᠠᠶ᠋ᠢᠬᠤ ᠬᠡᠷᠡᠭᠲᠡᠢ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡᠯ ᠵᠤᠬᠢᠨ᠎ᠠ᠃
      — ᠪᠢᠳᠡ ᠨᠡᠭᠡᠭᠡᠯᠲᠡ ᠬᠢᠵᠦ ᠰᠢᠨ᠎ᠡ ᠵᠢ ᠡᠭᠦᠳᠴᠦ᠂ ᠬᠥᠭᠵᠢᠨ ᠴᠡᠴᠡᠭᠯᠡᠭᠰᠡᠨ ᠢᠷᠡᠭᠡᠳᠦᠶ ᠵᠢ ᠴᠣᠭᠴᠠᠯᠠᠶ᠎ᠠ᠃ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠵᠢᠨ ᠴᠢᠯᠥᠭᠡᠵᠢᠯᠲᠡ ᠳᠥᠭᠥᠮᠵᠢᠯᠲᠡ ᠵᠢ ᠠᠬᠢᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠨᠢᠭᠡ ᠴᠤᠭᠴᠠᠵᠢᠯᠳᠠ ᠵᠢ ᠭᠦᠨᠵᠡᠭᠡᠶ᠋ᠢᠷᠡᠭᠦᠯᠤᠨ᠂ ᠬᠠᠩᠭ᠋ᠠᠯᠭ᠎ᠠ ᠵᠢᠨ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠲᠣᠭ᠎ᠠ ᠪᠠᠷᠢᠮᠲᠠ ᠵᠢᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠵᠢ ᠪᠡᠬᠢᠵᠢᠭᠦᠯᠵᠦ᠂ ᠨᠡᠭᠡᠭᠡᠯᠲᠡᠲᠦ ᠮᠠᠶᠢᠭ᠎ᠤᠨ ᠳᠡᠯᠡᠬᠡᠢ ᠵᠢᠨ ᠠᠵᠤ ᠠᠬᠤᠢ ᠵᠢ ᠪᠠᠶ᠋ᠢᠭᠤᠯᠤᠶ᠎ᠠ᠃ ᠵᠤᠷᠢᠭᠤᠳᠠ 《ᠬᠡᠷᠡᠮ ᠪᠤᠰᠬᠠᠬᠤ》᠂ 《ᠬᠠᠷᠢᠴᠠᠭ᠎ᠠ᠎ᠪᠠᠨ ᠲᠠᠰᠤᠯᠬᠤ》᠎ᠨᠢ ᠠᠵᠤ ᠠᠬᠤᠢ ᠵᠢᠨ ᠵᠢᠮ᠎ᠡ ᠶᠣᠰᠣ ᠪᠣᠯᠤᠨ ᠵᠠᠬ᠎ᠠ ᠳᠡᠯᠭᠡᠭᠦᠷ᠎ᠤᠨ ᠵᠢᠮ᠎ᠠ ᠶᠤᠰᠤ᠎ᠠᠴᠠ ᠲᠡᠷᠰᠯᠡᠵᠦ᠂ ᠪᠤᠰᠤᠳ᠎ᠢ ᠬᠣᠬᠢᠷᠠᠭᠤᠯᠵᠤ ᠥᠪᠡᠷ᠎ᠤᠨ ᠪᠡᠶ᠎ᠡ᠎ᠳᠡᠭᠡᠨ ᠴᠤ᠌ ᠠᠰᠢᠭ ᠦᠭᠡᠢ ᠪᠠᠶ᠋ᠢᠳᠠᠭ᠃
      — ᠪᠢᠳᠡ ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠵᠤ᠂ ᠡᠷᠡᠭᠦᠯ ᠮᠡᠨᠳᠦ ᠠᠮᠤᠷ ᠲᠦᠪᠰᠢᠨ ᠢᠷᠡᠭᠡᠳᠦᠶ ᠵᠢ ᠴᠣᠭᠴᠠᠯᠠᠶ᠎ᠡ᠃ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠵᠢ ᠴᠢᠩᠭ᠋ᠠᠳᠬᠠᠨ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ᠎ᠤᠨ ᠸᠠᠺᠼᠢᠨ᠎ᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠪᠦᠬᠦ ᠪᠦᠮᠪᠦᠷᠴᠡᠭ᠎ᠤᠨ ᠤᠯᠠᠨ ᠨᠡᠢ᠍ᠢ᠍ᠳᠠ ᠵᠢᠨ ᠡᠷᠡᠬᠦᠯ ᠬᠠᠮᠠᠭ᠋ᠠᠯᠠᠯ᠎ᠤᠨ ᠠᠮᠤᠷ ᠲᠦᠪᠰᠢᠨ᠎ᠤ ᠵᠠᠰᠠᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠬᠦᠮᠤᠨ ᠲᠦᠷᠤᠯᠬᠢᠳᠠᠨ᠎ᠤ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠬᠠᠮᠳᠤ ᠴᠤᠬ᠍ᠴᠠ ᠵᠢ ᠬᠠᠮᠳᠤ᠎ᠪᠠᠷ ᠪᠠᠢ᠍ᠢ᠍ᠭᠤᠯᠤᠶ᠎ᠠ᠃ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠤᠯᠠᠨ ᠤᠯᠤᠰ᠎ᠤᠨ ᠬᠠᠮᠳᠤᠷᠠᠯᠴᠠᠭ᠎ᠠ ᠵᠢ ᠠᠬᠢᠭᠤᠯᠤᠨ᠎ᠠ᠃
      — ᠪᠢᠳᠡ ᠰᠢᠳᠤᠷᠭᠤ ᠶᠣᠰᠣ ᠵᠢ ᠪᠠᠲᠤ ᠰᠠᠬᠢᠵᠤ᠂ ᠬᠠᠷᠢᠯᠴᠠᠨ ᠬᠦᠨᠳᠦᠳᠬᠡᠵᠦ ᠬᠠᠷᠢᠯᠴᠠᠨ ᠲᠤᠯᠢᠯᠠᠬᠤ ᠢᠷᠡᠭᠡᠳᠦᠢ ᠵᠢ ᠴᠣᠭᠴᠠᠯᠠᠶ᠎ᠠ᠃ ᠬᠦᠢ᠍ᠳᠡᠨ ᠲᠠᠢ᠍ᠢ᠍ᠨ᠎ᠤ ᠰᠡᠳᠬᠢᠬᠦᠢ ᠪᠣᠯᠤᠨ ᠲᠡᠭ ᠨᠡᠢ᠍ᠢ᠍ᠯᠡᠪᠤᠷᠢ ᠵᠢᠨ ᠦᠵᠡᠯᠴᠡᠭᠡᠨ᠎ᠢ ᠲᠠᠶᠠᠭᠳᠠᠵᠤ᠂ ᠶᠠᠮᠠᠷᠪᠠ ᠬᠡᠯᠪᠡᠷᠢ ᠵᠢᠨ 《ᠰᠢᠨ᠎ᠡ ᠬᠦᠢ᠍ᠳᠡᠨ ᠲᠠᠢ᠍ᠢ᠍ᠨ》 ᠪᠣᠯᠤᠨ ᠦᠵᠡᠯ ᠤᠬᠠᠮᠰᠠᠷ᠎ᠤᠨ ᠬᠡᠯᠪᠡᠷᠢ ᠵᠢᠨ ᠡᠰᠡᠷᠭᠦᠴᠡᠯᠳᠦᠯ᠎ᠢ ᠡᠰᠡᠷᠭᠦᠴᠡᠬᠦ ᠬᠡᠷᠡᠭᠲᠡᠢ᠃ ᠡᠯ᠎ᠠ ᠤᠯᠤᠰ ᠬᠣᠭᠣᠷᠣᠨᠳᠣ᠎ᠪᠠᠨ ᠬᠠᠷᠢᠯᠴᠠᠬᠤ᠎ᠳᠠᠭᠠᠨ ᠬᠠᠷᠢᠯᠴᠠᠨ ᠡᠷᠬᠡ ᠲᠡᠭᠰᠢ᠎ᠪᠠᠷ ᠬᠠᠨᠳᠤᠬᠤ᠂ ᠬᠠᠷᠢᠯᠴᠠᠨ ᠬᠦᠨᠳᠦᠳᠬᠡᠵᠦ ᠬᠠᠷᠢᠯᠴᠠᠨ ᠢᠲᠡᠭᠡᠯᠴᠡᠬᠦ ᠵᠢ ᠲᠡᠷᠢᠭᠦᠨ᠎ᠳᠤ ᠲᠠᠯᠪᠢᠬᠤ ᠭᠡᠷᠡᠭᠳᠠᠢ᠃ ᠡᠩᠬᠡ ᠲᠠᠶ᠋ᠢᠪᠤᠩ᠂ ᠬᠥᠭᠵᠢᠯᠲᠡ᠂ ᠲᠥᠪ ᠭᠣᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ᠎ᠲᠠᠢ ᠪᠠᠢ᠍ᠢ᠍ᠬᠤ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ᠂ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠢ ᠰᠠᠨᠠᠭ᠋ᠠᠴᠢᠯᠠᠬᠤ ᠭᠡᠷᠡᠭᠳᠠᠢ᠃


0421习近平在博鳌亚洲论坛2021年年会开幕式上发表主旨演讲2.jpg


      4 ᠰᠠᠷ᠎ᠠ ᠵᠢᠨ 20᠎ᠤ ᠦᠳᠡ ᠵᠢᠨ ᠡᠮᠤᠨ᠎ᠠ᠂ ᠪᠥᠸᠧ ᠡᠤᠤ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2021 ᠣᠨ᠎ᠤ ᠤᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠬᠠᠶ᠋ᠢᠨᠠᠨ᠎ᠤ ᠪᠥᠸᠧ ᠡᠤᠤ᠎ᠳᠤ ᠶᠠᠪᠤᠭᠳᠠᠵᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠸᠢᠳᠢᠣ᠋ ᠬᠡᠯᠪᠡᠷᠢ᠎ᠪᠠᠷ 《ᠵᠢᠷᠭ᠋ᠠᠯ ᠵᠤᠪᠠᠯᠠᠩ ᠵᠶ᠋ᠡᠨ ᠬᠠᠮᠳᠤᠳᠬᠠᠨ ᠬᠠᠲᠠᠭᠤ ᠪᠡᠷᠬᠡᠰᠢᠶᠡᠯ᠎ᠢ ᠲᠤᠭᠤᠯᠵᠤ ᠬᠤᠪᠢ ᠵᠠᠶᠠᠭ᠎ᠠ᠎ᠪᠠᠨ ᠨᠢᠭᠡᠳᠭᠡᠨ ᠢᠷᠡᠭᠡᠳᠦᠢ᠎ᠪᠠᠨ ᠬᠠᠮᠲᠤ᠎ᠪᠠᠷ ᠴᠣᠭᠴᠠᠯᠠᠶ᠎ᠠ》 ᠭᠡᠬᠦ ᠰᠡᠳᠦᠪ ᠵᠶ᠋ᠠᠷ ᠭᠣᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃
      ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ   ᠯᠢ ᠲᠤᠤ ᠰᠡᠬᠦᠳᠡᠷᠯᠡᠪᠡ 

    

      ᠰᠢ ᠵᠢᠨ ᠫᠢᠩ᠂ ᠳᠤᠮᠳᠠᠳᠤ ᠤᠯᠤᠰ ᠬᠢᠵᠢᠭ᠎ᠤᠨ ᠪᠠᠶ᠋ᠢᠳᠠᠯ᠎ᠢ ᠡᠵᠡᠮᠳᠡᠭᠰᠡᠨ᠎ᠤ ᠲᠠᠷᠠᠭ᠎ᠠ ᠳᠠᠷᠤᠢ᠍ᠢ᠍ᠬᠠᠨ ᠬᠣᠶᠠᠳᠤᠭ᠋ᠠᠷ ᠬᠤᠭᠤᠴᠠᠭ᠋ᠠᠨ᠎ᠤ ᠠᠽᠢᠶ᠎ᠠ ᠲᠢᠪ᠎ᠤᠨ ᠪᠣᠯᠪᠠᠰᠤᠨ᠎ᠤ ᠶᠠᠷᠢᠯᠴᠠᠭ᠋ᠠᠨ᠎ᠤ ᠶᠡᠬᠡ ᠬᠤᠷᠠᠯ᠎ᠢ ᠬᠤᠷᠠᠯᠳᠤᠭᠤᠯᠵᠤ᠂ ᠠᠽᠢᠶ᠎ᠠ ᠲᠢᠪ ᠪᠣᠯᠤᠨ ᠳᠡᠯᠡᠬᠡᠢ ᠵᠢᠨ ᠪᠣᠯᠪᠠᠰᠤᠨ᠎ᠤ ᠶᠠᠷᠢᠯᠴᠠᠭ᠎ᠠ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠨ᠎ᠡ ᠭᠡᠵᠦ ᠨᠡᠶ᠋ᠢᠲᠡᠯᠡᠪᠡ᠃
      ᠰᠢ ᠵᠢᠨ ᠫᠢᠩ᠂ 《ᠨᠢᠭᠡ ᠪᠦᠰᠡ ᠨᠢᠭᠡ ᠵᠠᠮ》 ᠪᠣᠯ ᠪᠢᠳᠡ ᠤᠯᠠᠨ᠎ᠤ ᠭᠠᠷ ᠬᠣᠯᠪᠣᠨ ᠤᠷᠤᠭᠰᠢᠯᠠᠬᠤ ᠰᠠᠷᠠᠭᠤᠯ ᠳᠠᠷᠳᠠᠩ ᠵᠠᠮ ᠮᠥᠨ᠂ ᠬᠠᠷᠢᠨ ᠠᠯᠢ ᠨᠢᠭᠡ ᠲᠠᠯ᠎ᠠ ᠵᠢᠨ ᠬᠤᠪᠢ ᠵᠢᠨ ᠵᠥᠷᠢᠭ ᠵᠠᠮ ᠪᠢᠰᠢ᠂ ᠬᠥᠭᠡᠭᠡᠴᠡᠯᠳᠦᠵᠦ ᠪᠠᠶ᠋ᠢᠭ᠎ᠠ᠎ᠨᠢ ᠬᠥᠭᠵᠢᠯᠲᠡ᠂ ᠡᠷᠬᠢᠮᠯᠡᠵᠦ ᠪᠠᠶ᠋ᠢᠭ᠎ᠠ᠎ᠨᠢ ᠬᠠᠮᠲᠤ ᠵᠢᠨ ᠠᠰᠢᠭ᠂ ᠳᠠᠮᠵᠢᠭᠤᠯᠵᠤ ᠪᠠᠶ᠋ᠢᠭ᠎ᠠ᠎ᠨᠢ ᠬᠦᠰᠡᠯ ᠡᠷᠡᠮᠡᠯᠵᠡᠯ ᠪᠣᠯᠤᠨ᠎ᠠ᠃ ᠪᠢᠳᠡ ᠡᠯ᠎ᠡ ᠲᠠᠯ᠎ᠠ ᠵᠢᠨ᠎ᠬᠢᠨ᠎ᠲᠠᠢ 《ᠨᠢᠭᠡ ᠪᠦᠰᠡ ᠨᠢᠭᠡ ᠵᠠᠮ》᠎ᠢ ᠦᠷᠭᠦᠯᠵᠢᠯᠡᠨ ᠴᠢᠨᠠᠷ ᠰᠠᠶ᠋ᠢᠲᠠᠶ᠎ᠪᠠᠷ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠬᠠᠮᠲᠤ᠎ᠪᠠᠷ ᠵᠥᠪᠳᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠠᠷᠴᠢᠮ᠎ᠢ ᠦᠢ᠍ᠯᠡᠳᠦᠯᠭᠡᠵᠢᠭᠦᠯᠦᠨ᠂ ᠨᠡᠭᠡᠭᠡᠯᠲᠡᠲᠦ᠂ ᠪᠣᠬᠢᠷᠲᠤᠯ ᠥᠬᠡᠶ᠂ ᠠᠷᠢᠭᠤᠨ ᠴᠢᠬᠡᠴᠢ ᠪᠠᠶ᠋ᠢᠬᠤ ᠣᠶ᠋ᠢᠯᠠᠭ᠋ᠠᠭᠳᠠᠬᠤᠨ᠎ᠢ ᠪᠠᠳᠠᠷᠠᠭᠤᠯᠵᠤ᠂ ᠥᠨᠳᠥᠷ ᠪᠠᠷᠢᠮᠵᠢᠶᠠᠳᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠦᠷᠭᠦᠯᠵᠢᠯᠡᠬᠦ ᠬᠦᠭᠵᠢᠯᠳᠡ ᠵᠢᠨ ᠬᠠᠷᠠᠯᠲᠠ ᠵᠢ ᠴᠢᠷᠮᠠᠶ᠋ᠢᠨ ᠪᠡᠶᠡᠯᠡᠭᠦᠯᠦᠨ᠎ᠡ᠃ ᠪᠢᠳᠡ ᠨᠡᠩ ᠨᠢᠭᠲᠠ ᠡᠷᠡᠭᠦᠯ ᠬᠠᠮᠠᠭ᠋ᠠᠯᠠᠯ᠎ᠤᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ᠂ ᠨᠡᠩ ᠨᠢᠭᠲᠠ ᠬᠣᠯᠪᠣᠯᠳᠤᠨ ᠨᠡᠪᠲᠡᠷᠡᠯᠴᠡᠬᠦ ᠬᠠᠨᠢᠲᠠᠨ᠎ᠤ ᠬᠠᠷᠢᠯᠴᠠᠭ᠎ᠠ᠂ ᠨᠡᠩ ᠨᠢᠭᠲᠠ ᠪᠣᠬᠢᠷᠲᠤᠯ ᠦᠭᠡᠢ ᠬᠥᠭᠵᠢᠯᠲᠡ ᠵᠢᠨ ᠬᠠᠨᠢᠲᠠᠨ᠎ᠤ ᠬᠠᠷᠢᠯᠴᠠᠭ᠎ᠠ᠂ ᠨᠡᠩ ᠨᠢᠭᠲᠠ ᠨᠡᠭᠡᠭᠡᠯᠲᠡᠳᠠᠢ ᠪᠠᠭᠲᠠᠭ᠋ᠠᠮᠵᠢᠲᠠᠢ ᠬᠠᠨᠢᠲᠠᠨ᠎ᠤ ᠬᠠᠷᠢᠯᠴᠠᠭ᠎ᠠ ᠵᠢ ᠪᠠᠶ᠋ᠢᠭᠤᠯᠵᠤ᠂ ᠬᠥᠮᠦᠨ ᠲᠥᠷᠥᠯᠬᠢᠲᠡᠨ᠎ᠤ ᠬᠠᠮᠲᠤ ᠵᠢᠨ ᠬᠥᠭᠵᠢᠯ ᠴᠡᠴᠡᠭᠯᠡᠯ ᠲᠡᠢ᠍ᠢ᠍ᠰᠢ ᠤᠷᠤᠭᠰᠢᠯᠠᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠤᠯᠤᠨ᠎ᠠ ᠭᠡᠵᠤ ᠵᠢᠭ᠋ᠠᠵᠤ ᠭᠠᠷᠭ᠋ᠠᠵᠠᠢ᠃
      ᠰᠢ ᠵᠢᠨ ᠫᠢᠩ᠂ 2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠂ ᠳᠡᠯᠡᠬᠡᠢ ᠳ᠋ᠠᠬᠢᠨ᠎ᠤ ᠡᠪ ᠨᠢᠭᠡᠳᠦᠯ᠎ᠢ ᠪᠡᠶᠡᠯᠡᠭᠦᠯᠬᠦ᠎ᠪᠠᠷ ᠲᠡᠮᠡᠴᠡᠪᠡ᠃ ᠳᠤᠮᠳᠠᠳᠤ ᠤᠯᠤᠰ ᠦᠷᠭᠦᠯᠵᠢᠯᠡᠨ ᠳᠡᠯᠡᠬᠡᠢ ᠵᠢᠨ ᠡᠩᠬᠡ ᠲᠠᠶ᠋ᠢᠪᠤᠩ᠎ᠤᠨ ᠪᠦᠳᠦᠭᠡᠨ ᠪᠠᠶ᠋ᠢᠭᠤᠯᠤᠭᠴᠢ᠂ ᠪᠦᠬᠦ ᠪᠥᠮᠪᠥᠷᠴᠡᠭ᠎ᠤᠨ ᠬᠥᠭᠵᠢᠯᠲᠡ ᠵᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ᠎ᠤᠨ ᠡᠮᠬᠢ ᠳᠢᠭᠯᠢᠮ᠎ᠤᠨ ᠬᠠᠮᠠᠭ᠋ᠠᠯᠠᠭᠴᠢ ᠪᠣᠯᠤᠨ᠎ᠠ᠃ ᠳᠤᠮᠳᠠᠳᠤ ᠤᠯᠤᠰ ᠢᠮᠠᠭᠳᠠ ᠡᠩᠬᠡ ᠲᠠᠶ᠋ᠢᠪᠤᠩ᠂ ᠬᠥᠭᠵᠢᠯᠲᠡ᠂ ᠬᠠᠮᠳᠤᠷᠠᠯᠴᠠᠬᠤ᠂ ᠬᠠᠮᠲᠤ᠎ᠪᠠᠷ ᠠᠰᠢᠭ ᠬᠦᠷᠲᠡᠬᠦ ᠲᠤᠭ᠎ᠢ ᠥᠨᠳᠥᠷ ᠮᠠᠨᠳᠤᠭᠤᠯᠵᠤ᠂ ᠰᠢᠨ᠎ᠡ ᠬᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠎ᠠ ᠵᠢ ᠪᠠᠶ᠋ᠢᠭᠤᠯᠬᠤ ᠵᠢ ᠢᠳᠡᠪᠬᠢᠲᠡᠢ ᠠᠬᠢᠭᠤᠯᠤᠨ᠎ᠠ᠃ ᠳᠤᠮᠳᠠᠳᠤ ᠤᠯᠤᠰ ᠬᠥᠭᠵᠢᠭᠡᠳ ᠶᠠᠮᠠᠷ ᠬᠡᠮᠵᠢᠶᠡᠨ᠎ᠳᠤ ᠬᠦᠷᠦᠭᠰᠡᠨ ᠴᠦ᠍ ᠬᠡᠵᠢᠶᠡᠳᠡ ᠡᠵᠡᠷᠬᠡᠭᠴᠢ ᠪᠣᠯᠬᠤ ᠦᠭᠡᠢ᠂ ᠭᠠᠳᠠᠭᠰᠢ᠎ᠪᠠᠨ ᠥᠷᠭᠡᠳᠬᠡᠬᠦ ᠦᠭᠡᠢ᠂ ᠬᠦᠴᠦᠨ᠎ᠤ ᠬᠡᠪᠴᠢᠶ᠎ᠡ ᠵᠢ ᠬᠥᠭᠡᠭᠡᠴᠡᠯᠳᠦᠬᠦ ᠦᠭᠡᠢ᠂ ᠴᠡᠷᠢᠭ ᠵᠡᠪᠰᠡᠭ᠎ᠤᠨ ᠤᠷᠤᠯᠳᠤᠭ᠋ᠠᠨ ᠶᠠᠪᠤᠭᠤᠯᠬᠤ ᠦᠭᠡᠢ᠃ ᠳᠤᠮᠳᠠᠳᠤ ᠤᠯᠤᠰ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠬᠦᠷᠢᠶᠡᠨ᠎ᠳᠠᠬᠢ ᠤᠯᠠᠨ ᠲᠠᠯᠠᠲᠤ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠵᠤ᠂ ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠬᠤ ᠵᠢ ᠠᠬᠢᠭᠤᠯᠤᠨ᠎ᠠ᠃ ᠡᠯ᠎ᠡ ᠲᠠᠯ᠎ᠠ ᠵᠢᠨ᠎ᠬᠢᠨ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠤᠨ ᠯᠤᠲᠤ ᠶᠡᠬᠡ ᠠᠵᠠ ᠲᠣᠬᠢᠶᠠᠯ᠎ᠢ ᠬᠤᠪᠢᠶᠠᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ ᠭᠡᠵᠤ ᠴᠢᠬᠤᠯᠠᠴᠢᠯᠠᠵᠠᠢ᠃
      ᠰᠢ ᠵᠢᠨ ᠫᠢᠩ ᠬᠠᠮᠤᠭ ᠰᠡᠭᠦᠯ᠎ᠳᠤ᠂ ᠳᠠᠷᠪᠠᠭᠤᠯ ᠪᠤᠰᠬᠠᠨ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠰᠠᠯᠬᠢ ᠳᠠᠪᠠᠯᠭ᠋ᠠᠨ᠎ᠢ ᠵᠦᠰᠦᠨ ᠠᠯᠤᠰ᠎ᠢ ᠵᠤᠷᠢᠨ ᠤᠷᠤᠭᠰᠢᠯᠠᠨᠠᠮ᠃ ᠵᠠᠷᠢᠮ᠎ᠳᠠᠭᠠᠨ ᠲᠤᠭᠰᠢᠨ ᠳᠠᠪᠠᠯᠭ᠋ᠠᠨ ᠰᠢᠷᠦᠭᠦᠨ ᠳᠤᠯᠬᠢᠶᠠᠨ ᠪᠠ ᠰᠥᠷᠭᠡᠦ ᠤᠷᠤᠰᠬᠠᠯ ᠪᠠᠷᠳᠠᠭ᠋ᠠᠳᠤ ᠳᠠᠩ ᠬᠠᠷᠭᠤᠳᠠᠭ ᠴᠤ᠌᠂ ᠪᠢᠳᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠠᠶᠠᠯᠠᠯ᠎ᠤᠨ ᠴᠢᠭᠯᠡᠯ ᠵᠶ᠋ᠠᠨ ᠵᠥᠪ ᠡᠵᠡᠮᠳᠡᠳᠡᠭ ᠯᠡ ᠶᠤᠮ ᠪᠣᠯ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠬᠥᠭᠵᠢᠯᠲᠡ ᠵᠢᠨ ᠲᠤᠮᠤ ᠬᠥᠯᠭᠡ ᠣᠩᠭᠣᠴᠠ ᠯᠠᠪᠲᠠᠢ ᠯᠠᠪᠳᠠᠭᠤᠨ ᠵᠶ᠋ᠠᠷ ᠬᠤᠯᠠ ᠠᠶᠠᠯᠠᠵᠤ᠂ ᠨᠡᠩ ᠰᠠᠢ᠍ᠢ᠍ᠨ ᠰᠠᠶ᠋ᠢᠬᠠᠨ ᠢᠷᠡᠭᠡᠳᠦᠢ ᠵᠦᠭ ᠤᠷᠤᠭᠰᠢᠯᠠᠬᠤ ᠪᠣᠯᠤᠨ᠎ᠠ ᠭᠡᠵᠤ ᠬᠡᠯᠡᠪᠡ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠪᠠᠢ᠌ᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠢ᠌ᠲᠤᠷ ᠬᠡᠷᠡᠭᠵᠢᠭᠦᠯᠬᠦ ᠲᠤᠬᠠᠶ ᠪᠠᠢ᠌ᠷᠢᠯᠠᠭᠤᠯᠪᠠ
ᠰᠢ ᠵᠢᠨ ᠫᠢᠩ ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ᠎ᠳᠤ ᠤᠷᠤᠯᠴᠠᠭᠰᠠᠨ ᠪᠦᠭᠡᠳ ᠴᠢᠬᠤᠯᠠ ᠶᠠᠷᠢᠶ᠎ᠠ ᠳᠠᠯᠪᠢᠪᠠ
ᠰᠢ ᠵᠢᠨ ᠫᠢᠩ ᠭᠤᠸᠠᠩᠰᠢ᠎ᠳᠤ ᠬᠦᠷᠴᠦ ᠰᠢᠨᠵᠢᠯᠡᠨ ᠪᠠᠢ᠌ᠴᠠᠭ᠋ᠠᠪᠠ
ᠰᠢ ᠵᠢᠨ ᠫᠢᠩ ᠯᠢᠦᠵᠧᠦ᠎ᠳᠤ ᠪᠠᠶ᠋ᠢᠴᠠᠭ᠋ᠠᠨ ᠰᠤᠳᠤᠯᠤᠯᠲᠠ ᠬᠢᠪᠡ
ᠰᠢ ᠵᠢᠨ ᠫᠢᠩ᠎ᠤᠨ 《ᠤᠳᠤᠷᠢᠳᠬᠤ ᠬᠥᠮᠦᠰ᠎ᠤᠨ ᠠᠭᠤᠷ ᠠᠮᠢᠰᠬᠤᠯ᠎ᠤᠨ ᠲᠦᠷᠦᠭᠦᠴᠦᠳ᠎ᠤᠨ ᠬᠤᠷᠠᠯ》 ᠳᠡᠭᠡᠷᠡᠬᠢ ᠶᠠᠷᠢᠶ᠎ᠠ
 
            