25᠎ᠤ ᠦᠳᠡ ᠵᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠭᠤᠸᠠᠩᠰᠢ ᠵᠢᠨ ᠭᠦᠢ᠍ᠯᠢᠨᠤ ᠴᠢᠤᠸᠠᠨᠵᠸᠤ ᠰᠢᠶᠠᠨ᠎ᠤ ᠼᠠᠢ ᠸᠠᠨ ᠪᠠᠯᠭ᠋ᠠᠰᠤ ᠵᠢᠨ ᠤᠯᠠᠭ᠋ᠠᠨ ᠴᠡᠷᠢᠭ᠎ᠤᠨ ᠤᠷᠳᠤ ᠵᠠᠮ᠎ᠤᠨ ᠠᠶᠠᠨ ᠲᠠᠢ᠍ᠢ᠍ᠨ᠎ᠤ ᠰᠢᠶᠠᠩᠵᠢᠶᠠᠩ᠎ᠤᠨ ᠳᠠᠢ᠌ᠯᠠᠯᠳᠤᠭ᠋ᠠᠨ᠎ᠤ ᠳᠤᠷᠠᠰᠬᠠᠯ᠎ᠤᠨ ᠬᠦᠷᠢᠶᠡᠯᠡᠩ᠎ᠳᠤ ᠬᠦᠷᠴᠦ᠂ ᠰᠢᠶᠠᠩᠵᠢᠶᠠᠩ᠎ᠤᠨ ᠳᠠᠢ᠌ᠯᠠᠯᠳᠤᠭ᠋ᠠᠨ ᠳᠤ ᠦᠷᠡᠭᠳᠡᠭᠰᠡᠨ ᠤᠯᠠᠭ᠋ᠠᠨ ᠴᠡᠷᠢᠭ᠎ᠤᠨ ᠪᠠᠭ᠋ᠠᠲᠤᠷᠴᠤᠳ᠎ᠲᠤ ᠴᠡᠴᠡᠭᠲᠦ ᠰᠠᠭᠰᠤ ᠬᠦᠷᠭᠡᠨ᠂ ᠤᠯᠠᠭ᠋ᠠᠨ ᠴᠡᠷᠢᠭ᠎ᠤᠨ ᠤᠷᠳᠤ ᠵᠠᠮ᠎ᠤᠨ ᠠᠶᠠᠨ ᠲᠠᠢ᠍ᠢ᠍ᠨ᠎ᠤ ᠰᠢᠶᠠᠩᠵᠢᠶᠠᠩ᠎ᠤᠨ ᠳᠠᠢ᠌ᠯᠠᠯᠳᠤᠭ᠋ᠠᠨ᠎ᠤ ᠳᠤᠷᠠᠰᠬᠠᠯ᠎ᠤᠨ ᠣᠷᠳᠣᠨ ᠵᠶ᠋ᠠᠷ ᠲᠣᠭᠣᠷᠢᠨ ᠦᠵᠡᠵᠦ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠢ ᠳᠤᠷᠠᠰᠤᠨ ᠰᠠᠨᠠᠭ᠋ᠠᠯᠵᠠᠵᠤ᠂ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠠᠮᠢᠨ ᠰᠤᠳᠠᠰᠤ ᠵᠢ ᠦᠷᠭᠦᠯᠵᠢᠯᠡᠭᠦᠯᠪᠡ᠃ ᠲᠠᠷᠠᠭ᠎ᠠ᠎ᠨᠢ᠂ ᠰᠢ ᠵᠢᠨ ᠫᠢᠩ ᠼᠠᠢ ᠸᠠᠨ ᠪᠠᠯᠭ᠋ᠠᠰᠤᠨ᠎ᠤ ᠮᠤᠤ ᠵᠦ᠍ ᠱᠠᠨ ᠲᠣᠰᠬᠣᠨ᠎ᠳᠤ ᠬᠦᠷᠴᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢ ᠠᠭᠢᠭᠤᠯᠤᠭᠰᠠᠨ ᠵᠡᠷᠭᠡ ᠪᠠᠢ᠌ᠳᠠᠯ᠎ᠢ ᠰᠢᠨᠵᠢᠯᠡᠨ ᠪᠠᠢ᠌ᠴᠠᠭ᠋ᠠᠵᠠᠢ᠃ ᠲᠤᠰ ᠡᠳᠦᠷ᠎ᠤᠨ ᠦᠳᠡ ᠵᠢᠨ ᠬᠣᠢ᠌ᠨ᠎ᠠ᠂ ᠰᠢ ᠵᠢᠨ ᠫᠢᠩ ᠯᠢᠵᠢᠶᠠᠩ᠎ᠤᠨ ᠶᠠᠩ ᠱᠦᠸᠸ ᠵᠢᠨ ᠬᠡᠰᠡᠭ᠎ᠲᠠᠬᠢ ᠯᠢᠵᠢᠶᠠᠩ᠎ᠤᠨ ᠰᠠᠪᠠ ᠭᠠᠵᠠᠷ᠎ᠤᠨ ᠶᠡᠷᠦᠩᠬᠡᠢ᠌ᠯᠡᠭᠰᠡᠨ ᠵᠠᠰᠠᠯᠲᠠ᠂ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠪᠠᠢ᠌ᠳᠠᠯ᠎ᠢ ᠲᠤᠬᠠᠢ ᠵᠢᠨ ᠭᠠᠵᠠᠷ᠎ᠲᠤᠨᠢ ᠬᠦᠷᠴᠦ ᠦᠢ᠍ᠯᠡᠭ᠋ᠠᠭᠰᠠᠨ ᠪᠠᠢ᠌ᠨ᠎ᠠ᠃ (ᠰᠤᠷᠪᠤᠯᠵᠢᠯᠠᠭᠴᠢ᠄ ᠵᠠᠩ ᠰᠢᠶᠤᠤ ᠰᠦᠩ᠂ ᠵᠤ᠌ ᠵᠢᠢ ᠴᠠᠢ ᠰᠡᠭᠦᠳᠡᠷᠯᠡᠭᠴᠢ᠄ ᠵᠢᠤᠢ ᠫᠸᠩ᠂ ᠰᠢᠶᠸ ᠬᠤᠸᠠᠨ ᡂᠢ᠂ ᠱᠸᠨ ᠬᠣᠩ᠂ ᠶᠢᠨ ᠪᠦᠸᠸ ᠭᠦ᠋)












