ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠡᠷᠭᠡ ᠠᠵᠢᠯ᠎ᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-04-28

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
      ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠦᠢ᠍ᠯᠭᠡᠭᠡ ᠵᠢ ᠰᠠᠭ᠋ᠠᠳ ᠥᠬᠡᠶ ᠨᠡᠪᠲᠡᠷᠡᠭᠦᠯᠬᠦ ᠪᠠ ᠲᠠᠷᠢᠶᠠᠴᠢᠳ᠎ᠤᠨ ᠣᠷᠣᠯᠭ᠎ᠠ ᠬᠥᠳᠡᠭᠡ ᠲᠣᠰᠬᠣᠨ᠎ᠤ ᠬᠡᠷᠡᠭᠯᠡᠭᠡ ᠵᠢ ᠵᠡᠷᠭᠡ᠎ᠪᠠᠷ ᠳᠡᠭᠡᠭᠰᠢᠯᠡᠭᠦᠯᠬᠦ ᠵᠢ ᠠᠬᠢᠭᠤᠯᠪᠠ
      ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠰᠢᠨ᠎ᠡ ᠠᠷᠭ᠎ᠠ ᠬᠡᠮᠵᠢᠶ᠎ᠡ ᠵᠢ ᠲᠣᠭᠲᠠᠭ᠋ᠠᠵᠤ  ᠠᠳᠠᠯ ᠦᠢ᠍ᠯᠡᠰ ᠪᠣᠰᠬᠠᠵᠤ ᠰᠢᠨ᠎ᠡ ᠵᠢ ᠡᠭᠦᠳᠬᠦ᠎ᠳᠤ ᠨᠠᠩ ᠲᠥᠬᠥᠮ ᠦᠵᠡᠭᠦᠯᠵᠦ  ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ
      ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠬᠤᠭᠤᠴᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ  ᠠᠶᠤᠯ ᠦᠭᠡᠢ ᠦᠢ᠍ᠯᠡᠳᠪᠦᠷᠢᠯᠡᠯ ᠵᠡᠷᠭᠡ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠪᠠ


      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 4 ᠳ᠋ᠦ᠍ᠭᠡᠷ ᠰᠠᠷ᠎ᠠ ᠵᠢᠨ 27᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠦᠢ᠍ᠯᠭᠡᠭᠡ ᠵᠢ ᠰᠠᠭ᠋ᠠᠳ ᠥᠬᠡᠶ ᠨᠡᠪᠲᠡᠷᠡᠭᠦᠯᠬᠦ ᠪᠠ ᠲᠠᠷᠢᠶᠠᠴᠢᠳ᠎ᠤᠨ ᠣᠷᠣᠯᠭ᠎ᠠ ᠬᠥᠳᠡᠭᠡ ᠲᠣᠰᠬᠣᠨ᠎ᠤ ᠬᠡᠷᠡᠭᠯᠡᠭᠡ ᠵᠢ ᠵᠡᠷᠭᠡ᠎ᠪᠠᠷ ᠳᠡᠭᠡᠭᠰᠢᠯᠡᠭᠦᠯᠬᠦ ᠵᠢ ᠠᠬᠢᠭᠤᠯᠪᠠ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠰᠢᠨ᠎ᠡ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠳᠠᠯ ᠦᠢ᠍ᠯᠡᠰ ᠪᠣᠰᠬᠠᠵᠤ ᠰᠢᠨ᠎ᠡ ᠵᠢ ᠡᠭᠦᠳᠬᠦ᠎ᠳᠤ ᠨᠠᠩ ᠲᠥᠬᠥᠮ ᠦᠵᠡᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ; 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠶᠤᠯ ᠦᠭᠡᠢ ᠦᠢ᠍ᠯᠡᠳᠪᠦᠷᠢᠯᠡᠯ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠢ ᠪᠠᠶ᠋ᠢᠷᠢᠯᠠᠭᠤᠯᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠰᠢᠶᠠᠨ᠎ᠤ ᠬᠡᠪᠴᠢᠶᠡᠨ᠎ᠤ ᠬᠡᠷᠡᠭᠯᠡᠭᠡ ᠵᠢᠨ ᠣᠷᠴᠢᠨ ᠨᠥᠬᠥᠴᠡᠯ᠎ᠢ ᠰᠠᠶ᠋ᠢᠵᠢᠷᠠᠭᠤᠯᠵᠤ᠂ ᠬᠥᠳᠡᠭᠡ ᠲᠣᠰᠬᠣᠨ᠎ᠤ ᠬᠡᠷᠡᠭᠯᠡᠭᠡ ᠵᠢ ᠠᠬᠢᠭᠤᠯᠬᠤ ᠪᠣᠯ ᠳᠣᠲᠣᠭ᠋ᠠᠳᠤ ᠬᠡᠷᠡᠭᠴᠡᠭᠡ ᠵᠢ ᠳᠠᠶ᠋ᠢᠴᠢᠯᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠴᠢᠬᠤᠯᠠ ᠠᠷᠭ᠎ᠠ ᠬᠡᠮᠵᠢᠶ᠎ᠡ ᠪᠠᠢ᠌ᠵᠤ᠂ ᠡᠨᠡ᠎ᠨᠢ ᠯᠤᠲᠤ ᠶᠡᠬᠡ ᠳᠠᠯᠳᠠ ᠬᠦᠴᠦᠨ᠎ᠲᠠᠢ ᠶᠤᠮ ᠭᠡᠵᠡᠢ᠃ ᠨᠢᠭᠡ᠎ᠳᠤ᠂ ᠰᠢᠶᠠᠨ᠎ᠤ ᠬᠡᠪᠴᠢᠶ᠎ᠡ ᠵᠢ ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠬᠥᠭᠵᠢᠯᠲᠡ ᠵᠢ ᠨᠢᠭᠡᠳᠦᠯᠲᠡᠶ ᠲᠥᠯᠥᠪᠯᠡᠬᠦ ᠴᠢᠬᠤᠯᠠ  ᠭᠠᠷᠳᠠᠴᠠ ᠪᠣᠯᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠰᠢᠶᠠᠨ᠎ᠤ ᠬᠤᠳᠠ ᠵᠢᠨ ᠬᠤᠳᠠᠯᠳᠤᠭ᠋ᠠᠨ᠎ᠤ  ᠪᠡᠯᠡᠳᠬᠡᠮᠵᠢ ᠵᠢ ᠥᠭᠡᠷᠡᠴᠢᠯᠡᠨ ᠳᠡᠭᠡᠭᠰᠢᠯᠡᠭᠦᠯᠬᠦ ᠵᠢ ᠲᠡᠮᠵᠢᠵᠤ᠂ ᠰᠢᠶᠠᠨ ᠰᠢᠶᠠᠩ ᠭᠠᠴᠠᠭ᠋ᠠᠨ᠎ᠤ ᠬᠤᠳᠠᠯᠳᠤᠭ᠋ᠠᠨ᠎ᠤ ᠲᠣᠣᠷ ᠰᠦᠯᠵᠢᠶ᠎ᠡ ᠵᠢᠨ ᠬᠡᠯᠬᠢᠶᠡᠵᠢᠯ᠎ᠢ ᠠᠬᠢᠭᠤᠯᠬᠤ ᠬᠡᠷᠡᠭᠲᠡᠢ᠃ ᠨᠥᠬᠥᠴᠡᠯ᠎ᠲᠠᠢ ᠰᠢᠶᠠᠩ ᠪᠠᠯᠭ᠋ᠠᠰᠤ ᠵᠢᠨ ᠪᠠᠷᠠᠭ᠎ᠠ ᠬᠤᠳᠠᠯᠳᠤᠭ᠋ᠠᠯᠠᠬᠤ᠂ ᠨᠠᠭ᠋ᠠᠳᠤᠨ ᠵᠤᠭ᠋ᠠᠯᠠᠬᠤ᠂ ᠲᠣᠭᠣᠷᠢᠨ ᠰᠡᠯᠡᠭᠦᠴᠡᠬᠦ ᠵᠡᠷᠭᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠠᠭᠤᠰᠤᠯᠴᠠᠭᠤᠯᠤᠭᠰᠠᠨ ᠠᠷᠠᠯᠵᠢᠶ᠎ᠠ ᠬᠤᠳᠠᠯᠳᠤᠭ᠋ᠠᠨ᠎ᠤ ᠲᠥᠪ ᠪᠠᠶ᠋ᠢᠭᠤᠯᠬᠤ ᠵᠢ ᠳᠡᠮᠵᠢᠵᠦ᠂ ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠲᠦᠬᠦᠮ ᠬᠤᠳᠠᠯᠳᠤᠭ᠎ᠠ ᠳᠡᠯᠭᠡᠭᠦᠷ᠎ᠢ ᠬᠥᠭᠵᠢᠭᠦᠯᠬᠦ ᠬᠡᠷᠡᠭᠲᠡᠢ᠃ ᠬᠣᠶᠠᠷ᠎ᠲᠤ᠂ ᠠᠵᠤ ᠠᠬᠤᠶ᠋ᠢᠯᠠᠯ᠎ᠤᠳ᠎ᠤᠨ ᠲᠠᠷᠢᠶᠠᠴᠢᠳ᠎ᠤᠨ ᠬᠡᠷᠡᠭᠴᠡᠭᠡ᠎ᠳᠤ ᠳᠣᠭᠢᠷᠬᠠᠰᠠᠨ ᠦᠢ᠍ᠯᠡᠳᠬᠦᠨ ᠪᠠ ᠦᠢ᠍ᠯᠡᠴᠢᠯᠡᠭᠡ ᠵᠢ ᠨᠡᠭᠡᠭᠡᠨ ᠬᠥᠭᠵᠢᠭᠦᠯᠬᠦ ᠵᠢ  ᠵᠣᠷᠢᠭᠵᠢᠭᠤᠯᠬᠤ ᠬᠡᠷᠡᠭᠲᠡᠢ᠃ ᠬᠥᠳᠡᠭᠡ ᠲᠣᠰᠬᠣᠨ᠎ᠤ ᠠᠷᠠᠳ᠎ᠤᠨ ᠣᠷᠣᠨ ᠰᠠᠭᠤᠴᠠ᠂ ᠰᠡᠯᠡᠭᠦᠴᠡᠯ ᠲᠠᠷᠢᠶᠠᠯᠠᠩ ᠵᠡᠷᠭᠡ ᠵᠢᠨ ᠬᠥᠭᠵᠢᠯᠲᠡ ᠵᠢ ᠳᠡᠮᠵᠢᠵᠦ᠂ ᠬᠣᠲᠠ ᠵᠢᠨ ᠰᠠᠭᠤᠭ᠋ᠠᠯᠢ ᠠᠷᠠᠳ᠎ᠤᠨ ᠬᠥᠳᠡᠭᠡ ᠪᠠᠭᠤᠵᠤ ᠬᠡᠷᠡᠭᠯᠡᠭᠡ ᠬᠢᠬᠦ ᠵᠢ ᠲᠠᠲᠠᠬᠤ ᠬᠡᠷᠡᠭᠲᠡᠢ᠃ ᠭᠤᠷᠪᠠ᠎ᠳᠤ᠂ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠪᠠ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠵᠢ ᠲᠦᠷᠭᠡᠳᠬᠡᠨ ᠠᠬᠢᠭᠤᠯᠵᠤ᠂ ᠭᠠᠷᠤᠯᠲᠠ ᠵᠢᠨ ᠣᠷᠣᠨ᠎ᠤ ᠲᠤᠰᠬᠠᠢ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠳᠡᠮᠵᠢᠵᠦ᠂ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭ᠋ᠠᠨ᠎ᠤ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠲᠠᠷᠢᠶᠠᠴᠢᠨ ᠡᠷᠦᠬᠡ ᠪᠣᠯᠤᠨ ᠵᠠᠬ᠎ᠠ ᠳᠡᠯᠭᠡᠭᠦᠷ᠎ᠢ ᠪᠦᠲᠦᠮᠵᠢᠲᠡᠢ ᠵᠣᠯᠭ᠋ᠠᠯᠳᠤᠭᠤᠯᠬᠤ ᠵᠢ ᠠᠬᠢᠭᠤᠯᠬᠤ ᠬᠡᠷᠡᠭᠲᠡᠢ᠃ ᠲᠠᠷᠢᠶᠠᠯᠠᠩ᠎ᠤᠨ ᠪᠠᠭ᠋ᠠᠵᠢ ᠬᠡᠷᠡᠭᠰᠡᠯ᠎ᠢ ᠰᠢᠭᠤᠳ ᠬᠠᠩᠭ᠋ᠠᠵᠤ ᠰᠢᠭᠤᠳ ᠪᠣᠷᠣᠯᠠᠭᠤᠯᠬᠤ᠂ ᠬᠡᠯᠬᠢᠶᠡᠵᠢᠭᠦᠯᠦᠨ ᠡᠵᠡᠩᠨᠡᠬᠦ᠂ ᠨᠢᠭᠡᠳᠦᠯᠲᠡᠶ ᠲᠣᠬᠢᠷᠠᠭᠤᠯᠤᠨ ᠬᠦᠷᠭᠡᠬᠦ ᠵᠢ ᠬᠥᠭᠵᠢᠭᠦᠯᠬᠦ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠬᠦᠢ᠍ᠲᠡᠨ ᠵᠶ᠋ᠡᠷ ᠬᠠᠳᠠᠭ᠋ᠠᠯᠠᠵᠤ ᠰᠣᠷᠭᠣᠭ᠎ᠢ ᠪᠠᠲᠤᠯᠠᠬᠤ᠂ ᠪᠣᠯᠪᠠᠰᠤᠷᠠᠭᠤᠯᠤᠨ ᠡᠳ᠋ᠰᠢᠭᠦᠯᠬᠦ ᠵᠡᠷᠭᠡ ᠦᠢ᠍ᠯᠡᠴᠢᠯᠡᠭᠡ ᠵᠢ ᠬᠥᠭᠵᠢᠭᠦᠯᠬᠦ ᠬᠡᠷᠡᠭᠲᠡᠢ᠃ ᠲᠠᠷᠢᠶᠠᠴᠢᠳ᠎ᠤᠨ ᠣᠷᠣᠯᠭ᠎ᠠ ᠵᠢ ᠤᠯᠠᠨ ᠠᠷᠭ᠎ᠠ ᠵᠠᠮ ᠵᠶ᠋ᠠᠷ ᠨᠡᠮᠡᠭᠳᠡᠭᠦᠯᠬᠦ ᠬᠡᠷᠡᠭᠲᠡᠢ᠃ ᠲᠦᠷᠪᠡ᠎ᠳᠤ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ  ᠪᠡᠯᠡᠳᠬᠡᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠬᠡᠷᠡᠭᠯᠡᠬᠦ ᠭᠠᠵᠠᠷ᠂ ᠮᠥᠩᠭᠥᠨ ᠭᠦᠢ᠍ᠯᠭᠡᠭᠡ ᠵᠡᠷᠭᠡ᠎ᠳᠤ ᠦᠵᠡᠭᠦᠯᠬᠦ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠲᠡᠭᠦᠯᠳᠡᠷᠵᠢᠭᠦᠯᠬᠦ ᠬᠡᠷᠡᠭᠲᠡᠢ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ  ᠪᠡᠯᠡᠳᠬᠡᠮᠵᠢ᠂ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠤ ᠭᠦᠢ᠍ᠯᠭᠡᠭᠡᠨ᠎ᠤ  ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠬᠢᠵᠦ ᠪᠠᠲᠤᠯᠠᠬᠤ ᠬᠡᠪᠴᠢᠶᠡᠨ᠎ᠳᠤ ᠣᠷᠣᠭᠤᠯᠵᠤ᠂ ᠰᠢᠨ᠎ᠡ ᠰᠣᠷᠭᠣᠭ ᠲᠠᠷᠢᠶᠠᠯᠠᠩ᠎ᠤᠨ ᠪᠦᠲᠦᠭᠡᠭᠳᠡᠬᠦᠨ᠎ᠢ ᠲᠡᠭᠡᠭᠡᠪᠦᠷᠢᠯᠡᠬᠦ᠎ᠳᠤ ᠲᠦᠷᠭᠡᠨ ᠨᠡᠪᠲᠡᠷᠡᠬᠦ᠂ ᠲᠡᠷᠭᠡ ᠬᠥᠰᠬᠡ ᠵᠢᠨ ᠨᠡᠪᠲᠡᠷᠡᠬᠦ ᠵᠠᠷᠤᠳᠠᠯ᠎ᠢ ᠬᠠᠰᠤᠵᠤ ᠭᠡᠯᠲᠦᠷᠢᠭᠦᠯᠬᠦ ᠵᠡᠷᠭᠡ ᠳᠡᠮᠵᠢᠯᠡᠭᠡ ᠵᠢ ᠬᠦᠷᠲᠡᠭᠡᠬᠦ ᠬᠡᠷᠡᠭᠲᠡᠢ᠃ ᠲᠠᠪᠤ᠎ᠳᠤ᠂ ᠬᠥᠳᠡᠭᠡ ᠲᠣᠰᠬᠣᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠶᠠᠰᠤ ᠴᠢᠨᠠᠷ᠎ᠤᠨ  ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠪᠦᠲᠦᠭᠡᠭᠳᠡᠬᠦᠨ ᠦᠢ᠍ᠯᠡᠳᠴᠦ ᠪᠣᠷᠣᠯᠠᠭᠤᠯᠬᠤ ᠵᠡᠷᠭᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠡᠯ᠎ᠡ ᠬᠦᠷᠢᠶᠡᠨ᠎ᠳᠠᠬᠢ ᠵᠤᠬᠢᠰ ᠦᠭᠡᠢ ᠲᠣᠭᠲᠠᠭ᠋ᠠᠯ᠎ᠢ ᠱᠠᠯᠠᠪᠳᠠᠨ ᠢᠯᠭ᠋ᠠᠨ ᠴᠡᠪᠡᠷᠯᠡᠵᠦ᠂ ᠳᠤᠷ᠎ᠠ᠎ᠪᠠᠷ ᠵᠣᠭᠣᠰ ᠲᠣᠷᠭ᠋ᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠮᠡᠳᠡᠯᠭᠡ ᠵᠢᠨ  ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠡᠭᠦᠳᠦᠨ ᠪᠦᠲᠦᠭᠡᠬᠦ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠨᠡᠩ ᠶᠡᠬᠡ᠎ᠪᠠᠷ ᠬᠥᠭᠵᠢᠭᠡᠬᠦ ᠬᠡᠷᠡᠭᠲᠡᠢ ᠭᠡᠵᠡᠢ᠃ ᠬᠤᠷᠠᠯ᠎ᠠᠴᠠ ᠲᠣᠭᠲᠠᠭ᠋ᠠᠭᠰᠠᠨ᠎ᠨᠢ᠂ ᠨᠢᠭᠡ᠎ᠳᠤ᠂ ᠲᠠᠸᠠᠷ᠎ᠤᠨ ᠲᠡᠮᠳᠡᠭ᠂ ᠲᠤᠰᠬᠠᠢ ᠠᠰᠢᠭ᠎ᠤᠨ ᠬᠢᠨᠠᠨ ᠪᠠᠶ᠋ᠢᠴᠠᠭ᠋ᠠᠯᠲᠠ ᠵᠢᠨ ᠦᠶᠡᠯᠡᠯ᠎ᠤᠨ ᠬᠤᠭᠤᠴᠠᠭ᠎ᠠ ᠵᠢ ᠤᠯᠠᠮ ᠨᠢᠭᠡ ᠠᠯᠬᠤᠮ ᠪᠣᠭᠣᠨᠢᠰᠬᠠᠬᠤ ᠬᠡᠷᠡᠭᠲᠡᠢ᠃ ᠡᠨᠡ ᠵᠢᠯ᠎ᠤᠨ ᠰᠡᠭᠦᠯᠴᠢ᠎ᠠᠴᠠ ᠡᠮᠦᠨ᠎ᠡ ᠶᠡᠷᠦ ᠵᠢᠨ ᠪᠠᠶ᠋ᠢᠳᠠᠯ᠎ᠤᠨ ᠲᠠᠸᠠᠷ᠎ᠤᠨ ᠲᠡᠮᠳᠡᠭᠲᠦ ᠳᠠᠩᠰᠠᠯᠠᠭᠤᠯᠬᠤ ᠦᠶᠡᠯᠡᠯ᠎ᠤᠨ ᠬᠤᠭᠤᠴᠠᠭ᠎ᠠ ᠵᠢ 8 ᠰᠠᠷ᠎ᠠ ᠪᠠᠶ᠋ᠢᠭᠰᠠᠨ᠎ᠠᠴᠠ 7 ᠰᠠᠷ᠎ᠠ ᠪᠣᠯᠭ᠋ᠠᠨ ᠪᠣᠭᠣᠨᠢᠰᠬᠠᠨ᠎ᠠ᠃ ᠲᠤᠰᠬᠠᠶ ᠠᠰᠢᠭ᠎ᠢ ᠤᠷᠢᠳ ᠵᠶ᠋ᠠᠷ ᠬᠢᠨᠠᠨ ᠪᠠᠶ᠋ᠢᠴᠠᠭ᠋ᠠᠬᠤ ᠪᠠ ᠳᠠᠨᠵᠢᠯᠠᠵᠤ ᠳᠠᠩᠰᠠᠯᠠᠭᠤᠯᠬᠤ ᠡᠯᠧᠺᠲᠷᠣᠨ ᠭᠤᠶᠤᠴᠢᠯᠠᠯ᠎ᠤᠨ ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠠᠬᠢᠭᠤᠯᠵᠤ᠂ ᠲᠠᠸᠠᠷ᠎ᠤᠨ ᠲᠡᠮᠳᠡᠭ᠎ᠤᠨ ᠡᠯᠧᠺᠲᠷᠣᠨ ᠳᠠᠩᠰᠠᠯᠠᠭᠤᠯᠤᠭᠰᠠᠨ ᠦᠨᠡᠮᠯᠡᠯ ᠪᠠ ᠲᠤᠰᠬᠠᠶ ᠠᠰᠢᠭ᠎ᠤᠨ ᠡᠯᠧᠺᠲᠷᠣᠨ ᠦᠨᠡᠮᠯᠡᠯ᠎ᠢ ᠬᠡᠷᠡᠭᠵᠢᠭᠦᠯᠦᠨ᠂ ᠰᠢᠨ᠎ᠡ ᠡᠭᠦᠳᠦᠯᠲᠡ ᠵᠢᠨ ᠲᠤᠰᠬᠠᠶ ᠠᠰᠢᠭ ᠪᠠ ᠡᠯᠧᠺᠲᠷᠣᠨ ᠭᠤᠶᠤᠴᠢᠯᠠᠯ᠎ᠤᠨ ᠲᠠᠸᠠᠷ᠎ᠤᠨ ᠲᠡᠮᠳᠡᠭ᠎ᠤᠨ ᠬᠤᠪᠢᠷᠠᠭᠤᠯᠤᠯᠲᠠ ᠵᠢ ᠤᠷᠲᠤᠳᠬᠠᠨ ᠬᠢᠨᠠᠨ ᠪᠠᠶ᠋ᠢᠴᠠᠭ᠋ᠠᠬᠤ ᠦᠶᠡᠯᠡᠯ᠎ᠤᠨ ᠬᠤᠭᠤᠴᠠᠭ᠎ᠠ ᠵᠢ ᠢᠯᠡᠳᠲᠡ ᠪᠣᠭᠣᠨᠢᠰᠬᠠᠨ᠎ᠠ᠃ ᠲᠠᠸᠠᠷ᠎ᠤᠨ ᠲᠡᠮᠳᠡᠭ ᠪᠠ ᠲᠤᠰᠬᠠᠶ ᠠᠰᠢᠭ᠎ᠢ ᠳᠠᠨᠵᠢᠯᠠᠨ ᠳᠠᠩᠰᠠᠯᠠᠭᠤᠯᠬᠤ᠂ ᠲᠤᠰᠬᠠᠶ ᠣᠷᠣᠯᠠᠬᠤ ᠪᠠᠶ᠋ᠢᠭᠤᠯᠤᠮᠵᠢ ᠵᠢᠨ ᠠᠵᠢᠯ ᠡᠷᠭᠢᠯᠡᠬᠦ ᠵᠥᠪᠰᠢᠶᠡᠷᠡᠯ ᠵᠡᠷᠭᠡ ᠵᠢ ᠬᠢᠨᠠᠨ ᠵᠥᠪᠰᠢᠶᠡᠷᠡᠬᠦ᠎ᠳᠤ ᠮᠡᠳᠡᠭᠳᠡᠨ ᠠᠮᠠᠯᠠᠯᠲᠠ ᠬᠢᠬᠦ ᠲᠦᠷᠢᠮ᠎ᠢ ᠬᠡᠷᠡᠭᠵᠢᠭᠦᠯᠦᠨ᠎ᠡ᠃ ᠬᠣᠶᠠᠷ᠎ᠲᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠲᠣᠭ᠎ᠠ ᠬᠡᠮᠵᠢᠶ᠎ᠡ ᠵᠢ ᠥᠷᠥᠭᠡᠰᠦᠭᠡᠯ ᠵᠶ᠋ᠠᠷ ᠬᠥᠭᠡᠭᠡᠴᠡᠯᠳᠦᠬᠦ ᠬᠡᠯᠪᠡᠷᠢᠯ᠎ᠢ ᠵᠠᠯᠠᠷᠠᠭᠤᠯᠵᠤ᠂ ᠲᠤᠰᠬᠠᠶ ᠠᠰᠢᠭ ᠭᠤᠶᠤᠴᠢᠯᠠᠭᠰᠠᠨ ᠪᠠ ᠡᠷᠬᠡ ᠣᠯᠭᠣᠭᠰᠠᠨ ᠲᠣᠭ᠎ᠠ ᠬᠡᠮᠵᠢᠶ᠎ᠡ᠎ᠪᠠᠷ ᠰᠢᠭᠤᠳ ᠱᠠᠩᠨᠠᠯ ᠬᠦᠷᠲᠡᠭᠡᠬᠦ ᠪᠤᠶᠤ ᠬᠢᠷᠢ ᠴᠢᠳᠠᠮᠵᠢ ᠬᠢᠷᠢ ᠬᠡᠮ᠎ᠢ ᠦᠨᠡᠯᠡᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠢᠨ ᠭᠣᠤᠯ ᠨᠥᠬᠥᠴᠡᠯ ᠪᠣᠯᠭ᠋ᠠᠵᠤ ᠪᠣᠯᠬᠤ ᠥᠬᠡᠶ᠂ ᠲᠠᠸᠠᠷ᠎ᠤᠨ ᠲᠡᠮᠳᠡᠭ ᠪᠠ ᠲᠤᠰᠬᠠᠶ ᠠᠰᠢᠭ ᠭᠤᠶᠤᠴᠢᠯᠠᠬᠤ ᠱᠠᠲᠤ ᠦᠶ᠎ᠡ᠎ᠳᠠᠬᠢ ᠲᠤᠰᠠᠯᠠᠮᠵᠢ ᠪᠠ ᠱᠠᠩᠨᠠᠯ᠎ᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠵᠤ᠂ ᠨᠢᠭᠡ ᠰᠡᠳᠬᠢᠯ ᠵᠶ᠋ᠡᠷ ᠰᠤᠳᠤᠯᠭ᠋ᠠᠨ ᠬᠢᠬᠦ ᠠᠭᠤᠷ ᠠᠮᠢᠰᠬᠤᠯ᠎ᠢ ᠬᠦᠴᠦᠯᠡᠨ ᠪᠣᠶ ᠪᠣᠯᠭ᠋ᠠᠵᠤ᠂ ᠰᠠᠭᠤᠷᠢ ᠴᠢᠨᠠᠷᠲᠠᠶ᠂ ᠤᠤᠭ᠋ᠠᠯ ᠡᠭᠦᠳᠦᠯᠲᠡ ᠵᠢᠨ ᠴᠢᠨᠠᠷᠲᠠᠶ ᠦᠷ᠎ᠡ ᠪᠦᠲᠦᠭᠡᠯ᠎ᠢ ᠢᠯᠡᠭᠦᠬᠡᠨ ᠭᠠᠷᠭ᠋ᠠᠬᠤ ᠵᠢ ᠠᠬᠢᠭᠤᠯᠤᠨ᠎ᠠ᠃ ᠭᠤᠷᠪᠠ᠎ᠳᠤ᠂ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠭᠤᠷᠢ ᠲᠣᠭ᠎ᠠ ᠪᠠᠷᠢᠮᠲᠠ᠎ᠳᠤ ᠨᠡᠭᠡᠭᠡᠯᠲᠡ ᠬᠢᠵᠦ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠵᠦ ᠡᠭᠦᠳᠦᠨ ᠪᠦᠲᠦᠭᠡᠬᠦ᠎ᠳᠤ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠥᠬᠥ ᠬᠡᠯᠬᠢᠶ᠎ᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠨ ᠣᠷᠣᠯᠠᠨ ᠭᠦᠢ᠍ᠴᠡᠳᠬᠡᠬᠦ ᠪᠠ ᠲᠠᠸᠠᠷ᠎ᠤᠨ ᠲᠡᠮᠳᠡᠭᠲᠦ ᠵᠢ ᠵᠣᠷᠢᠭᠤᠳᠠ ᠮᠠᠭᠤ ᠰᠠᠨᠠᠭ᠋ᠠᠯᠠᠵᠤ ᠳᠠᠩᠰᠠᠯᠠᠬᠤ᠂ ᠬᠡᠪ᠎ᠤᠨ ᠪᠤᠰᠤ ᠲᠤᠰᠬᠠᠶ ᠠᠰᠢᠭ ᠭᠤᠶᠤᠴᠢᠯᠠᠬᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠢ᠃
      ᠣᠶ᠋ᠢᠷ᠎ᠠ ᠵᠢᠨ ᠬᠤᠭᠤᠴᠠᠭ᠋ᠠᠨ᠎ᠳᠤ ᠪᠦᠬᠦ ᠪᠥᠮᠪᠥᠷᠴᠡᠭ᠎ᠤᠨ ᠬᠢᠵᠢᠭ᠎ᠤᠨ ᠪᠠᠶ᠋ᠢᠳᠠᠯ᠎ᠳᠤ ᠪᠤᠳᠤᠯᠢᠶᠠᠨᠲᠠᠶ ᠬᠦᠨᠳᠦ ᠨᠣᠴᠢᠲᠠᠶ ᠰᠢᠨ᠎ᠡ ᠪᠠᠶ᠋ᠢᠳᠠᠯ ᠢᠯᠡᠷᠡᠵᠦ᠂

《5.1》᠎ᠤ ᠠᠮᠠᠷᠠᠯᠲᠠ ᠵᠢᠨ ᠬᠤᠭᠤᠴᠠᠭ᠋ᠠᠨ᠎ᠳᠤ ᠣᠯᠠᠨ ᠬᠥᠮᠦᠰ ᠴᠤᠭᠯᠠᠷᠠᠨ ᠨᠠᠭ᠋ᠠᠰᠢ ᠴᠠᠭ᠋ᠠᠰᠢ ᠶᠠᠪᠤᠵᠤ ᠰᠠᠭᠤᠬᠤ ᠱᠠᠭ᠋ᠠᠷᠳᠠᠯᠭ᠎ᠠ᠎ᠳᠤ ᠴᠢᠭᠯᠡᠭᠦᠯᠦᠨ᠂ ᠬᠤᠷᠠᠯ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ᠎ᠪᠠᠷ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠵᠢᠯᠣᠭᠣᠳᠤᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠥᠩᠭᠡᠷᠡᠭᠰᠡᠨ᠎ᠤ ᠬᠡᠷᠡᠭᠵᠢᠭᠦᠯᠵᠦ ᠪᠠᠶ᠋ᠢᠭᠰᠠᠨ ᠪᠦᠲᠦᠮᠵᠢᠲᠡᠢ ᠠᠷᠭ᠎ᠠ ᠬᠢᠳᠡᠯ ᠵᠶ᠋ᠠᠷ ᠲᠣᠯᠢᠯᠠᠵᠤ᠂ ᠠᠮᠠᠷᠠᠯᠲᠠ ᠵᠢᠨ ᠬᠤᠭᠤᠴᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠪᠠᠶ᠋ᠢᠩᠭᠤ ᠵᠢᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠥᠮᠥᠨ᠎ᠤ ᠤᠷᠤᠰᠬᠠᠯ᠎ᠢ ᠬᠢᠵᠠᠭ᠋ᠠᠷᠯᠠᠬᠤ᠂ ᠤᠷᠢᠳᠴᠢᠯᠠᠨ ᠪᠣᠯᠵᠣᠬᠤ᠂ ᠤᠷᠬᠢᠯ ᠦᠶ᠎ᠡ᠎ᠠᠴᠠ ᠵᠥᠷᠢᠭᠦᠯᠬᠦ ᠵᠡᠷᠭᠡ ᠠᠷᠭ᠎ᠠ ᠠᠪᠴᠠᠯ᠎ᠢ ᠬᠡᠷᠡᠭᠯᠡᠵᠦ᠂ ᠦᠵᠡᠮᠵᠢ ᠵᠢᠨ ᠣᠷᠣᠨ ᠵᠡᠷᠭᠡ ᠲᠠᠯᠠᠪᠤᠷ᠎ᠲᠤ ᠬᠥᠮᠦᠰ ᠬᠡᠲᠦᠷᠬᠡᠢ ᠲᠥᠪᠯᠡᠷᠡᠬᠦ᠎ᠠᠴᠠ ᠰᠡᠷᠭᠡᠶ᠋ᠢᠯᠡᠬᠦ ᠬᠡᠷᠡᠭᠲᠡᠢ᠃ ᠡᠭᠦᠨ᠎ᠤ ᠵᠡᠷᠭᠡᠴᠡᠭᠡ᠎ᠪᠠᠷ᠂ ᠡᠯ᠎ᠡ ᠭᠠᠵᠠᠷ᠎ᠤᠨ᠎ᠬᠢᠨ ᠵᠠᠮ ᠬᠠᠷᠢᠯᠴᠠᠭ᠎ᠠ᠂ ᠦᠢ᠍ᠯᠡᠳᠪᠦᠷᠢᠯᠡᠯ ᠵᠡᠷᠭᠡ ᠡᠯ᠎ᠡ ᠬᠦᠷᠢᠶᠡᠨ᠎ᠤ  ᠠᠶᠤᠯ ᠦᠭᠡᠢ ᠵᠢ ᠪᠠᠲᠤᠯᠠᠬᠤ ᠠᠵᠢᠯ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠵᠢᠷᠭᠤᠳᠤᠭ᠋ᠠᠷ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠶᠠᠪᠤᠭᠳᠠᠪᠠ ᠯᠢ ᠺᠸ ᠴᠢᠶᠠᠩ᠄ ᠳᠤᠮᠳᠠᠳᠤ ᠭ᠋ᠸᠷᠮᠠᠨ᠎ᠤ᠎ᠬᠢᠨ ᠨᠡᠬᠡᠬᠡᠯᠳᠡ ᠬᠢᠬᠦ᠂ ᠬᠠᠷᠢᠯᠴᠠᠨ ᠠᠰᠢᠭᠲᠠᠢ ᠪᠠᠢ᠌ᠬᠤ᠂ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ᠎ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ
ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠦᠵᠡᠯ ᠰᠠᠨᠠᠭ᠎ᠠ᠎ᠪᠠᠨ ᠴᠢᠯᠥᠭᠡᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠬᠡ ᠵᠢᠨ ᠲᠢᠶᠠᠠ ᠡᡁᠸ ᠭᠣᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ
ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠦ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠠᠶ᠋ᠢᠭᠤᠯᠬᠤ ᠭᠡᠷᠡᠭᠲᠡᠢ
 
            