ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠵᠢᠷᠭᠤᠳᠤᠭ᠋ᠠᠷ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠶᠠᠪᠤᠭᠳᠠᠪᠠ ᠯᠢ ᠺᠸ ᠴᠢᠶᠠᠩ᠄ ᠳᠤᠮᠳᠠᠳᠤ ᠭ᠋ᠸᠷᠮᠠᠨ᠎ᠤ᠎ᠬᠢᠨ ᠨᠡᠬᠡᠬᠡᠯᠳᠡ ᠬᠢᠬᠦ᠂ ᠬᠠᠷᠢᠯᠴᠠᠨ ᠠᠰᠢᠭᠲᠠᠢ ᠪᠠᠢ᠌ᠬᠤ᠂ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ᠎ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ
ᠨᠡᠶ᠋ᠢᠲᠡᠯᠡᠭᠰᠡᠨ ᠴᠠᠭ᠄ 2021-04-29

      ᠵᠢᠷᠭᠤᠳᠤᠭ᠋ᠠᠷ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠶᠠᠪᠤᠭᠳᠠᠪᠠ
      ᠯᠢ ᠺᠸ ᠴᠢᠶᠠᠩ᠄ ᠳᠤᠮᠳᠠᠳᠤ ᠭ᠋ᠸᠷᠮᠠᠨ᠎ᠤ᠎ᠬᠢᠨ ᠨᠡᠭᠡᠭᠡᠯᠲᠡ ᠬᠢᠬᠦ᠂ ᠬᠠᠷᠢᠯᠴᠠᠨ ᠠᠰᠢᠭᠲᠠᠶ ᠪᠠᠶ᠋ᠢᠬᠤ᠂ ᠬᠠᠮᠲᠤ᠎ᠪᠠᠷ ᠠᠰᠢᠭ ᠭᠥᠷᠳᠡᠬᠦ ᠬᠠᠮᠲᠤᠷᠠᠯᠴᠠᠭ᠎ᠠ᠎ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ


      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 4 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠣᠶ᠋ᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠸᠢᠳᠢᠣ᠋ ᠬᠡᠯᠪᠡᠷᠢ᠎ᠪᠠᠷ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠬᠠᠮᠲᠤ᠎ᠪᠠᠷ ᠵᠢᠷᠭᠤᠳᠤᠭ᠋ᠠᠷ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠵᠢ ᠡᠷᠬᠢᠯᠡᠪᠡ᠃


11.jpg


      ᠯᠢ ᠺᠸ ᠴᠢᠶᠠᠩ ᠡᠩ ᠲᠡᠷᠢᠭᠦᠨ᠎ᠳᠤ ᠡᠬᠢᠯᠡᠯᠲᠡ ᠵᠢᠨ ᠦᠭᠡ ᠬᠡᠯᠡᠪᠡ᠃ ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠬᠢᠬᠦ ᠲᠣᠭᠲᠠᠴᠠ᠎ᠨᠢ ᠳᠤᠮᠳᠠᠳᠤ ᠭ᠋ᠸᠷᠮᠠᠨ᠎ᠤ ᠪᠣᠳᠠᠲᠠᠢ ᠵᠢ ᠡᠷᠬᠢᠮᠯᠡᠨ ᠬᠠᠮᠲᠤᠷᠠᠯᠴᠠᠭ᠎ᠠ ᠬᠢᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠠᠯ᠎ᠠ᠎ᠪᠠᠷ ᠶᠡᠷᠦ᠎ᠠᠴᠠ᠎ᠪᠠᠨ 《ᠳᠡᠰ᠎ᠠᠴᠠ ᠳᠠᠪᠠᠭᠰᠠᠨ ᠬᠥᠳᠡᠯᠭᠡᠭᠦᠷ ᠮᠠᠰᠢᠨ》᠎ᠤ ᠦᠢ᠍ᠯᠡᠳᠦᠯ᠎ᠢ ᠪᠠᠳᠠᠷᠠᠭᠤᠯᠤᠭᠰᠠᠭ᠋ᠠᠷ ᠢᠷᠡᠵᠠᠢ ᠭᠡᠵᠦ ᠬᠡᠯᠡᠵᠦ ᠪᠣᠯᠣᠨ᠎ᠠ᠃ ᠣᠳᠣᠬᠠᠨ᠎ᠤ ᠬᠢᠵᠢᠭ᠎ᠤᠨ ᠪᠠᠶ᠋ᠢᠳᠠᠯ ᠮᠥᠨ ᠬᠦ᠌ ᠥᠷᠭᠡᠵᠢᠨ ᠳᠡᠯᠭᠡᠷᠡᠵᠦ ᠪᠠᠶ᠋ᠢᠭ᠎ᠠ ᠪᠠᠶ᠋ᠢᠳᠠᠯ ᠳᠣᠣᠷ᠎ᠠ᠂ ᠪᠢᠳᠡ 《ᠡᠭᠦᠯᠡᠨ ᠶᠠᠷᠢᠯᠴᠠᠭ᠎ᠠ》 ᠭᠡᠬᠦ ᠣᠨᠴᠠᠭ᠋ᠠᠶ ᠠᠷᠭ᠎ᠠ ᠮᠠᠶᠢᠭ ᠵᠶ᠋ᠠᠷ ᠳᠠᠮᠵᠢᠭᠤᠯᠤᠨ ᠵᠥᠪᠳᠡᠯᠴᠡᠭᠡ ᠬᠢᠵᠦ᠂ ᠬᠣᠶᠠᠷ ᠲᠠᠯ᠎ᠠ ᠵᠢᠨ᠎ᠬᠢᠨ᠎ᠤ 25 ᠶᠠᠮᠤᠨ᠎ᠤ  ᠰᠠᠢ᠌ᠳ ᠣᠷᠣᠯᠴᠠᠵᠤ᠂ ᠡᠨᠡ᠎ᠨᠢ ᠡᠳᠡᠭᠡᠷ ᠵᠢᠯ᠎ᠤᠳ᠎ᠤᠨ ᠬᠠᠮᠤᠭ᠎ᠤᠨ ᠶᠡᠬᠡ ᠡᠩᠨᠡᠭᠡ ᠪᠠᠢ᠌ᠵᠤ᠂ ᠪᠢᠳᠡ ᠳᠤᠮᠳᠠᠳᠤ ᠭᠧᠷᠮᠠᠨ᠎ᠤ ᠬᠠᠷᠢᠴᠠᠭ᠎ᠠ ᠪᠣᠯᠤᠨ ᠪᠣᠳᠠᠲᠤ ᠠᠵᠢᠯᠯᠠᠭ᠎ᠠ ᠵᠢ ᠡᠷᠬᠢᠮᠯᠡᠨ ᠬᠠᠮᠲᠤᠷᠠᠯᠴᠠᠭ᠎ᠠ ᠬᠢᠬᠦ ᠵᠢ ᠴᠢᠬᠤᠯᠠᠴᠢᠯᠠᠵᠤ ᠪᠠᠶ᠋ᠢᠭ᠎ᠠ ᠵᠢ ᠭᠦᠢ᠍ᠴᠡᠳ ᠬᠠᠷᠠᠭᠤᠯᠵᠤ ᠪᠠᠶ᠋ᠢᠭ᠎ᠠ ᠶᠤᠮ᠃ ᠬᠦᠨᠳᠦ ᠨᠣᠴᠢᠲᠠᠢ ᠬᠢᠵᠢᠭ᠎ᠤᠨ ᠪᠠᠶ᠋ᠢᠳᠠᠯ᠎ᠨᠢ ᠳᠡᠯᠡᠬᠡᠢ ᠨᠡᠶ᠋ᠢᠭᠡᠮ᠎ᠤᠨ᠎ᠬᠢᠨ᠎ᠢ ᠬᠠᠮᠲᠤᠷᠠᠯᠴᠠᠭ᠎ᠠ ᠬᠢᠬᠦ ᠬᠦᠴᠦᠲᠦ ᠳᠠᠭᠤᠨ᠎ᠢ ᠴᠤᠤᠷᠢᠶᠠᠲᠤᠭᠤᠯᠵᠤ᠂ ᠪᠦᠯᠬᠦᠮᠳᠡᠯ᠎ᠤᠨ ᠬᠦᠴᠦᠨ ᠵᠶ᠋ᠡᠨ ᠢᠯᠡᠷᠡᠭᠦᠯᠬᠦ ᠵᠢ ᠤᠷᠢᠶᠠᠯᠠᠵᠤ ᠪᠠᠶ᠋ᠢᠨ᠎ᠠ᠃ ᠭᠠᠭᠴᠠ ᠬᠦ᠌ ᠪᠦᠯᠬᠦᠮᠳᠡᠨ ᠬᠠᠮᠲᠤᠷᠠᠯᠴᠠᠪᠠᠯ ᠡᠯ᠎ᠡ ᠤᠯᠤᠰ ᠰᠠᠶᠢ ᠬᠥᠮᠦᠨ ᠲᠥᠷᠥᠯᠬᠢᠲᠡᠨ᠎ᠳᠤ ᠲᠤᠯᠭ᠋ᠠᠷᠠᠵᠤ ᠪᠠᠶ᠋ᠢᠭ᠎ᠠ ᠡᠪᠡᠳᠴᠢᠨ᠎ᠤ ᠸᠢᠷᠦ᠋ᠰ᠎ᠢ ᠬᠠᠮᠲᠤ᠎ᠪᠠᠷ ᠢᠯᠠᠵᠤ ᠴᠢᠳᠠᠨ᠎ᠠ᠃ ᠭᠠᠭᠴᠠ ᠬᠦ᠌ ᠪᠦᠯᠬᠦᠮᠳᠡᠨ ᠬᠠᠮᠲᠤᠷᠠᠯᠴᠠᠪᠠᠯ ᠪᠢᠳᠡ ᠰᠠᠶᠢ ᠳᠡᠯᠡᠬᠡᠶ ᠵᠢᠨ ᠠᠵᠤ ᠠᠬᠤᠶ ᠵᠢᠨ ᠰᠡᠷᠭᠦᠯᠲᠡ ᠨᠡᠮᠡᠭᠳᠡᠯ᠎ᠢ ᠠᠬᠢᠭᠤᠯᠵᠤ ᠴᠢᠳᠠᠨ᠎ᠠ ᠭᠡᠵᠡᠢ᠃


22.jpg


      ᠯᠢ ᠺᠸ ᠴᠢᠶᠠᠩ ᠵᠢᠭ᠋ᠠᠬᠤ᠎ᠳᠤ᠎ᠪᠠᠨ᠂ ᠳᠡᠭᠡᠷ᠎ᠡ ᠤᠳᠠᠭ᠎ᠠ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ᠎ᠠᠴᠠ ᠨᠠᠭ᠋ᠠᠰᠢᠬᠢ ᠬᠣᠶᠠᠷ ᠵᠢᠯ ᠭᠠᠷᠤᠢ ᠵᠢᠨ ᠬᠤᠭᠤᠴᠠᠭ᠎ᠠ ᠵᠢ ᠡᠷᠭᠢᠴᠡᠭᠦᠯᠪᠡᠯ᠂ ᠬᠣᠶᠠᠷ ᠤᠯᠤᠰ᠎ᠤᠨ ᠬᠠᠮᠲᠤᠷᠠᠯᠴᠠᠭ᠎ᠠ ᠪᠠᠰᠠ ᠰᠢᠨ᠎ᠡ ᠠᠬᠢᠴᠠ᠎ᠲᠠᠢ ᠪᠣᠯᠪᠠ᠃ ᠳᠤᠮᠳᠠᠳᠤ ᠤᠯᠤᠰ᠎ᠤᠨ ᠭᠠᠳᠠᠭ᠋ᠠᠳᠤ ᠨᠡᠬᠡᠬᠡᠯᠳᠡ ᠳᠠᠰᠤᠷᠠᠯᠳᠠ ᠦᠬᠡᠢ ᠥᠷᠭᠡᠵᠢᠵᠦ᠂ ᠬᠣᠯᠪᠣᠭᠳᠠᠯ ᠪᠦᠬᠦᠢ ᠰᠢᠨ᠎ᠡ ᠠᠷᠭ᠎ᠠ ᠬᠡᠮᠵᠢᠶ᠎ᠡ ᠵᠢ ᠠᠯᠬᠤᠮ ᠠᠯᠬᠤᠮ ᠵᠶ᠋ᠠᠷ ᠨᠠᠢ᠌ᠳᠠᠪᠤᠷᠢᠵᠢᠭᠤᠯᠵᠤ᠂ ᠭ᠋ᠸᠷᠮᠠᠨ᠎ᠢ ᠪᠠᠭᠲᠠᠭ᠋ᠠᠭᠰᠠᠨ ᠡᠯ᠎ᠡ ᠤᠯᠤᠰ᠎ᠤᠨ ᠠᠵᠤ ᠠᠬᠤᠶ᠋ᠢᠯᠠᠯ ᠡᠭᠦᠨ᠎ᠠᠴᠠ ᠠᠰᠢᠭ ᠬᠦᠷᠳᠡᠵᠤ ᠪᠠᠶ᠋ᠢᠨ᠎ᠠ᠃ ᠨᠢᠳᠤᠨᠤᠨ ᠬᠡᠳᠦᠶ᠋ᠢᠪᠡᠷ ᠬᠢᠵᠢᠭ᠎ᠤᠨ ᠲᠠᠭ᠋ᠠᠷᠢᠯᠳᠠ᠎ᠳᠤ ᠤᠴᠠᠷᠠᠭᠰᠠᠨ ᠪᠣᠯᠪᠠᠴᠤ᠂ ᠳᠤᠮᠳᠠᠳᠤ ᠭ᠋ᠸᠷᠮᠠᠨ ᠬᠣᠶᠠᠷ ᠲᠠᠯ᠎ᠠ ᠵᠢᠨ ᠠᠷᠠᠯᠵᠢᠶᠠᠨ᠎ᠤ ᠬᠡᠮᠵᠢᠶ᠎ᠡ ᠮᠥᠨ ᠬᠦ᠌ ᠤᠷᠤᠰᠬᠠᠯ ᠰᠥᠷᠥᠨ ᠨᠡᠮᠡᠭᠳᠡᠵᠦ᠂ ᠳᠤᠮᠳᠠᠳᠤ ᠭ᠋ᠸᠷᠮᠠᠨ᠎ᠤ ᠬᠠᠮᠲᠤᠷᠠᠯᠴᠠᠭ᠎ᠠ ᠵᠢᠨ ᠥᠨᠳᠥᠷ ᠲᠦᠪᠰᠢᠨ ᠪᠠ ᠯᠤᠲᠤ ᠶᠡᠬᠡ ᠲᠠᠯᠳᠠ ᠬᠦᠴᠦᠨ᠎ᠢ ᠭᠦᠢ᠍ᠴᠡᠳ ᠢᠯᠡᠷᠡᠭᠦᠯᠵᠡᠢ᠃ ᠳᠤᠮᠳᠠᠳᠤ ᠭ᠋ᠸᠷᠮᠠᠨ᠎ᠤ ᠬᠠᠮᠲᠤᠷᠠᠯᠴᠠᠭ᠎ᠠ ᠵᠢᠨ ᠰᠢᠭᠤᠳ ᠠᠰᠢᠭ ᠬᠦᠷᠳᠡᠭᠴᠢ ᠪᠣᠯ ᠬᠣᠶᠠᠷ ᠤᠯᠤᠰ᠎ᠤᠨ ᠠᠷᠠᠳ ᠲᠦᠮᠡᠨ ᠪᠣᠯᠤᠨ᠎ᠠ᠂ ᠡᠭᠦᠨ᠎ᠤ ᠬᠠᠮᠲᠤ ᠳᠡᠯᠡᠬᠡᠢ ᠵᠢᠨ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠭᠤᠨ ᠪᠠᠢ᠌ᠯᠭ᠋ᠠᠬᠤ᠎ᠳᠤ ᠠᠰᠢᠭᠲᠠᠢ ᠶᠤᠮ᠃ ᠣᠳᠣᠬᠠᠨ᠎ᠳᠤ ᠳᠡᠯᠡᠬᠡᠶ ᠵᠢᠨ ᠪᠠᠶ᠋ᠢᠳᠠᠯ᠎ᠳᠤ ᠨᠠᠷᠢᠨ ᠪᠤᠳᠤᠯᠢᠶᠠᠨᠲᠠᠶ ᠪᠥᠭᠡᠳ ᠭᠦᠨᠵᠡᠭᠡᠶ ᠬᠤᠪᠢᠷᠠᠯᠲᠠ ᠭᠠᠷᠴᠤ᠂ ᠬᠢᠵᠢᠭ᠎ᠤᠨ ᠪᠠᠶ᠋ᠢᠳᠠᠯ ᠬᠠᠷᠠᠬᠠᠨ ᠠᠷᠢᠯᠤᠭ᠎ᠠ ᠥᠬᠡᠶ᠂ ᠬᠠᠮᠠᠭ᠋ᠠᠯᠠᠬᠤ ᠦᠵᠡᠯ ᠦᠷᠭᠦᠯᠵᠢᠯᠡᠨ ᠣᠷᠣᠰᠢᠵᠤ ᠪᠣᠢ᠃ ᠳᠤᠮᠳᠠᠳᠤ ᠭ᠋ᠸᠷᠮᠠᠨ ᠬᠣᠶᠠᠷ ᠤᠯᠤᠰ ᠳᠡᠯᠡᠬᠡᠢ ᠵᠢᠨ ᠭᠣᠣᠯ ᠪᠣᠯᠬᠤ ᠠᠵᠤ ᠠᠬᠤᠢ ᠵᠢᠨ ᠴᠣᠭᠴᠠ ᠪᠠ ᠨᠥᠯᠥᠭᠡᠯᠡᠬᠦ ᠬᠦᠴᠦᠨ ᠪᠦᠬᠦᠢ ᠤᠯᠤᠰ ᠪᠣᠯᠤᠭᠰᠠᠨ᠎ᠤ ᠬᠤᠪᠢ᠎ᠳᠤ᠂ ᠴᠥᠮ ᠤᠯᠠᠨ ᠲᠠᠯᠠᠲᠤ ᠦᠵᠡᠯ ᠪᠠ ᠴᠢᠯᠥᠭᠡᠲᠦ ᠠᠷᠠᠯᠵᠢᠶ᠎ᠠ ᠵᠢ ᠳᠡᠮᠵᠢᠵᠦ᠂ ᠬᠣᠶᠠᠷ ᠲᠠᠯ᠎ᠠ᠎ᠪᠠᠷ ᠵᠶ᠋ᠠᠨ ᠨᠡᠬᠡᠬᠡᠯᠳᠡ ᠬᠢᠬᠦ᠂ ᠬᠠᠷᠢᠯᠴᠠᠨ ᠠᠰᠢᠭᠲᠠᠢ ᠪᠠᠢ᠌ᠬᠤ᠂ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ᠎ᠳᠤ ᠦᠯᠢᠭᠡᠷ ᠳᠠᠭᠤᠷᠢᠶᠠᠯ ᠦᠵᠡᠭᠦᠯᠪᠡᠯ ᠵᠣᠬᠢᠨ᠎ᠠ ᠭᠡᠵᠡᠢ᠃
      ᠯᠢ ᠺᠸ ᠴᠢᠶᠠᠩ ᠴᠢᠬᠤᠯᠠᠴᠢᠯᠠᠬᠤ᠎ᠳᠤ᠎ᠪᠠᠨ᠂ ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠵᠠᠷᠢᠮ ᠠᠰᠠᠭᠤᠳᠠᠯ᠎ᠤᠨ ᠲᠠᠯ᠎ᠠ᠎ᠪᠠᠷ ᠠᠳᠠᠯᠢ ᠪᠤᠰᠤ ᠦᠵᠡᠯᠲᠡ᠎ᠲᠠᠢ ᠪᠠᠶ᠋ᠢᠨ᠎ᠠ᠂ ᠡᠨᠡ ᠪᠣᠯ ᠪᠤᠰᠤᠳᠴᠢ ᠪᠣᠳᠠᠲᠤ ᠶᠠᠪᠤᠳᠠᠯ ᠮᠥᠨ᠃ ᠬᠣᠶᠠᠷ ᠲᠠᠯ᠎ᠠ᠎ᠪᠠᠷ ᠵᠶ᠋ᠠᠨ ᠨᠦᠬᠦᠬᠡ ᠡᠲᠡᠭᠡᠳ᠎ᠤᠨ ᠵᠶ᠋ᠠᠨ ᠭᠣᠣᠯᠯᠠᠭᠴᠢ ᠠᠰᠢᠭ ᠲᠤᠰᠠ ᠪᠣᠯᠤᠨ ᠠᠩᠬᠠᠷᠤᠯ ᠲᠠᠯᠪᠢᠵᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠢ ᠬᠦᠨᠳᠦᠳᠬᠡᠵᠦ᠂ ᠬᠠᠷᠢᠯᠴᠠᠨ ᠡᠷᠬᠡ ᠲᠡᠭᠰᠢ᠎ᠪᠠᠷ ᠬᠠᠨᠲᠤᠵᠤ᠂ ᠬᠠᠷᠢᠯᠴᠠᠨ ᠳᠣᠲᠣᠭ᠋ᠠᠳᠤ ᠵᠠᠰᠠᠭ᠎ᠲᠤ ᠭᠠᠷ ᠦᠯᠦ ᠲᠦᠷᠦᠭᠦ ᠰᠠᠭᠤᠷᠢᠨ ᠳᠡᠭᠡᠷ᠎ᠡ ᠣᠢ᠌ᠯᠠᠭ᠋ᠠᠯᠴᠠᠭ᠎ᠠ ᠰᠣᠯᠢᠯᠴᠠᠭ᠎ᠠ ᠬᠢᠵᠦ᠂ ᠢᠲᠡᠭᠡᠯᠴᠡᠭᠡ᠎ᠪᠠᠨ ᠨᠡᠮᠡᠭᠳᠡᠭᠦᠯᠦᠨ ᠡᠷᠡᠭᠡᠯᠵᠡᠭᠡ ᠰᠡᠵᠢᠭᠯᠡᠯ ᠵᠶ᠋ᠠᠨ ᠲᠠᠢ᠍ᠢ᠍ᠯᠵᠤ᠂ ᠵᠥᠷᠢᠯᠳᠦᠭᠡᠨ ᠵᠶ᠋ᠠᠨ ᠪᠠᠭ᠋ᠠᠰᠬᠠᠵᠤ᠂ ᠬᠠᠮᠲᠤᠷᠠᠯᠴᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠳᠡᠭ ᠯᠡ ᠶᠤᠮ ᠪᠣᠯ ᠶᠠᠷᠢᠯᠴᠠᠭ᠎ᠠ ᠬᠠᠮᠲᠤᠷᠠᠯᠴᠠᠭ᠎ᠠ᠎ᠪᠠᠨ ᠴᠢᠨᠠᠭᠰᠢᠳᠠ ᠤᠷᠤᠭᠰᠢᠲᠠᠢ ᠥᠷᠨᠢᠭᠦᠯᠬᠦ᠎ᠳᠤ ᠠᠰᠢᠭᠲᠠᠢ ᠨᠥᠬᠥᠴᠡᠯ᠎ᠢ ᠡᠭᠦᠳᠴᠦ ᠴᠢᠳᠠᠨ᠎ᠠ᠃ ᠢᠷᠡᠬᠦ ᠵᠢᠯ ᠪᠣᠯ ᠳᠤᠮᠳᠠᠳᠤ ᠭ᠋ᠸᠷᠮᠠᠨ᠎ᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ ᠪᠣᠯᠤᠨ᠎ᠠ᠂ ᠬᠣᠶᠠᠷ ᠲᠠᠯ᠎ᠠ᠎ᠪᠠᠷ ᠵᠶ᠋ᠠᠨ ᠢᠷᠡᠭᠡᠳᠦᠢ ᠵᠢᠨ 50 ᠵᠢᠯ᠎ᠤᠨ ᠬᠠᠮᠲᠤᠷᠠᠯᠴᠠᠭ᠎ᠠ ᠵᠢ ᠪᠣᠳᠣᠯᠬᠢᠯᠠᠵᠤ᠂ ᠬᠠᠷᠢᠯᠴᠠᠨ ᠦᠨᠡᠨᠴᠢ᠎ᠪᠠᠷ ᠬᠠᠨᠳᠤᠵᠤ᠂ ᠬᠠᠮᠲᠤᠷᠠᠯᠴᠠᠨ ᠬᠠᠮᠲᠤ᠎ᠪᠠᠷ ᠠᠰᠢᠭ ᠬᠦᠷᠳᠡᠬᠦ ᠵᠢ ᠪᠠᠷᠢᠮᠲᠠᠯᠠᠵᠤ᠂ ᠴᠢᠬᠤᠯᠠ ᠪᠤᠰᠤ ᠬᠠᠷᠰᠢᠯᠠᠯ᠎ᠢ ᠠᠷᠢᠯᠭ᠋ᠠᠵᠤ᠂ ᠬᠣᠶᠠᠷ ᠤᠯᠤᠰ᠎ᠤᠨ ᠬᠠᠷᠢᠯᠴᠠᠭ᠎ᠠ ᠵᠢᠨ ᠤᠷᠳᠤ ᠬᠤᠭᠤᠴᠠᠭ᠎ᠠ᠎ᠪᠠᠷ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠪᠠᠲᠤᠯᠠᠬᠤ ᠵᠢ ᠬᠦᠰᠡᠵᠦ ᠪᠠᠶ᠋ᠢᠨ᠎ᠠ᠃ ᠡᠨᠡ᠎ᠨᠢ ᠳᠤᠮᠳᠠᠳᠤ ᠭ᠋ᠸᠷᠮᠠᠨ᠎ᠳᠤ ᠠᠰᠢᠭᠲᠠᠢ᠎ᠪᠠᠷ ᠪᠠᠷᠠᠬᠤ ᠦᠭᠡᠢ ᠳᠡᠯᠡᠬᠡᠢ ᠳ᠋ᠠᠬᠢᠨ᠎ᠳᠤ ᠴᠤ᠌ ᠠᠰᠢᠭᠲᠠᠢ ᠶᠤᠮ ᠭᠡᠵᠡᠢ᠃


33.jpg


      ᠮᠤᠺᠸᠷ ᠡᠬᠢᠯᠡᠯᠲᠡ ᠵᠢᠨ ᠦᠭᠡ᠎ᠳᠤ᠎ᠪᠠᠨ ᠢᠯᠡᠷᠬᠡᠢ᠌ᠯᠡᠭᠰᠡᠨ᠎ᠨᠢ᠂ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠬᠢᠬᠦ ᠲᠣᠭᠲᠠᠴᠠ ᠵᠢᠨ ᠠᠬᠢᠭᠤᠯᠤᠯ ᠳᠣᠣᠷ᠎ᠠ᠂ ᠬᠣᠶᠠᠷ ᠲᠠᠯ᠎ᠠ ᠵᠢᠨ ᠭᠠᠳᠠᠭ᠋ᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ᠂ ᠨᠡᠶ᠋ᠢᠭᠡᠮ᠂ ᠢᠳᠡᠭᠡᠨ᠎ᠤ ᠠᠮᠤᠷ ᠲᠦᠪᠰᠢᠨ᠂ ᠦᠷᠭᠦᠯᠵᠢᠯᠡᠬᠦᠢ᠌ᠴᠡ ᠬᠥᠭᠵᠢᠯᠲᠡ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠰᠢᠨ᠎ᠡ ᠥᠷᠭᠡᠴᠡ ᠪᠠ ᠭᠦᠨᠴᠡ᠎ᠲᠠᠢ ᠪᠣᠯᠵᠠᠢ᠂ ᠡᠨᠡ ᠬᠦ᠌ ᠲᠣᠭᠲᠠᠴᠠ ᠵᠢᠨ ᠦᠷᠭᠦᠯᠵᠢᠯᠡᠨ ᠶᠠᠪᠤᠭᠳᠠᠬᠤ ᠵᠢ ᠬᠦᠰᠡᠵᠦ ᠪᠠᠶ᠋ᠢᠨ᠎ᠠ᠃ ᠳᠤᠮᠳᠠᠳᠤ ᠭ᠋ᠸᠷᠮᠠᠨ ᠬᠣᠶᠠᠷ ᠤᠯᠤᠰ ᠳᠡᠯᠡᠬᠡᠢ ᠨᠡᠶ᠋ᠢᠭᠡᠮ᠎ᠤᠨ ᠬᠢᠵᠢᠭ᠎ᠤᠨ ᠪᠠᠶ᠋ᠢᠳᠠᠯ᠎ᠢ ᠬᠠᠮᠲᠤ᠎ᠪᠠᠷ ᠡᠰᠡᠷᠭᠦᠴᠡᠬᠦ᠎ᠳᠤ ᠴᠢᠬᠤᠯᠠ ᠦᠢ᠍ᠯᠡᠳᠦᠯ ᠦᠵᠡᠭᠦᠯᠵᠦ ᠪᠤᠢ᠂ ᠭ᠋ᠸᠷᠮᠠᠨ᠎ᠤ ᠲᠠᠯ᠎ᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠸᠠᠺᠼᠢᠨ᠎ᠤ ᠦᠢ᠍ᠯᠡᠳᠪᠦᠷᠢᠯᠡᠯ ᠪᠣᠯᠤᠨ ᠬᠠᠷᠢᠯᠴᠠᠨ ᠮᠠᠭ᠋ᠠᠳᠯᠠᠨ ᠲᠣᠭᠲᠠᠭ᠋ᠠᠬᠤ ᠬᠠᠮᠲᠤᠷᠠᠯᠴᠠᠭ᠎ᠠ ᠵᠢ ᠴᠢᠨᠠᠭᠰᠢᠳᠠ ᠠᠬᠢᠭᠤᠯᠤᠨ᠎ᠠ᠃ ᠧᠦ᠋ᠷᠣᠫᠠ ᠳᠤᠮᠳᠠᠳᠤ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ ᠪᠣᠯ ᠢᠯᠡ ᠲᠣᠳᠣ ᠪᠥᠭᠡᠳ ᠡᠷᠬᠡ ᠲᠡᠭᠰᠢ ᠪᠠᠶ᠋ᠢᠵᠤ᠂ ᠬᠣᠶᠠᠷ ᠲᠠᠯ᠎ᠠ ᠵᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠳᠤ ᠨᠡᠩ ᠤᠯᠠᠨ ᠪᠠᠲᠤᠯᠠᠭ᠎ᠠ ᠬᠠᠩᠭ᠋ᠠᠬᠤ ᠪᠣᠯᠤᠨ᠎ᠠ᠃ ᠭ᠋ᠸᠷᠮᠠᠨ ᠳᠤᠮᠳᠠᠳᠤ ᠪᠣᠯ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ ᠮᠥᠨ᠂ ᠳᠤᠮᠳᠠᠳᠤ ᠵᠢᠨ ᠲᠠᠯ᠎ᠠ ᠵᠢᠨ᠎ᠬᠢᠨ᠎ᠲᠠᠢ ᠶᠠᠷᠢᠯᠴᠠᠭ᠎ᠠ ᠰᠣᠯᠢᠯᠴᠠᠭ᠎ᠠ᠎ᠪᠠᠨ ᠪᠠᠲᠤᠯᠠᠵᠤ᠂ ᠣᠶ᠋ᠢᠯᠠᠭ᠋ᠠᠯᠴᠠᠭ᠎ᠠ᠎ᠪᠠᠨ ᠤᠯᠠᠮ ᠴᠢᠨᠠᠭᠰᠢᠳᠠ ᠨᠡᠮᠡᠭᠳᠡᠭᠦᠯᠬᠦ ᠵᠢ ᠭ᠋ᠸᠷᠮᠠᠨ᠎ᠤ ᠲᠠᠯ᠎ᠠ ᠵᠢᠨ᠎ᠬᠢᠨ ᠬᠦᠰᠡᠵᠦ ᠪᠠᠶ᠋ᠢᠨ᠎ᠠ᠃
      ᠸᠠᠩ ᠢ᠂ ᠡᡁᠸ ᠯᠢ ᠹᠸᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠭᠤᠸᠠᠩᠰᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠦᠵᠡᠯ ᠰᠠᠨᠠᠭ᠎ᠠ᠎ᠪᠠᠨ ᠴᠢᠯᠥᠭᠡᠯᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠰᠦᠷᠯᠢᠭ ᠰᠠᠶ᠋ᠢᠬᠠᠨ ᠭᠤᠸᠠᠩᠰᠢ ᠵᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠬᠡ ᠵᠢᠨ ᠲᠢᠶᠠᠠ ᠡᡁᠸ ᠭᠣᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶ᠎ᠠ ᠬᠤᠷᠠᠯ ᠬᠤᠷᠠᠯᠳᠤᠭᠤᠯᠪᠠ
ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢ ᠶᠢᠰᠦᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ᠎ᠢ ᠪᠠᠲᠤᠯᠠᠵᠦ ᠬᠥᠮᠦᠨ ᠪᠤᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ᠎ᠪᠠᠷ ᠣᠷᠣᠰᠢᠬᠤ ᠣᠳᠣᠬᠢᠴᠢᠯᠠᠯᠲᠠ ᠵᠢ ᠴᠢᠷᠮᠠᠶ᠋ᠢᠨ ᠪᠠᠶ᠋ᠢᠭᠤᠯᠬᠤ ᠭᠡᠷᠡᠭᠲᠡᠢ
ᠯᠢ ᠺᠸ ᠴᠢᠶᠠᠩ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠬᠠᠮᠲᠤ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠭ᠋ᠸᠷᠮᠠᠨ᠎ᠤ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠳᠤ ᠣᠷᠣᠯᠴᠠᠭᠰᠠᠨ ᠬᠣᠶᠠᠷ ᠤᠯᠤᠰ᠎ᠤᠨ ᠠᠵᠤ ᠠᠬᠤᠢ ᠵᠢᠨ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ
 
            