ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠴᠠᠬᠢᠯᠭ᠋ᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠵᠢᠨ ᠸᠢᠶᠸᠲᠨᠠᠮ᠎ᠤᠨ ᠤᠯᠤᠰ᠎ᠤᠨ ᠲᠡᠷᠢᠬᠦᠯᠡᠭᠴᠢ᠎ᠪᠠᠷ ᠰᠤᠨᠭ᠌ᠭᠤᠬᠳᠠᠬᠰᠡᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2021-04-06

      ᠰᠢ ᠵᠢᠨ ᠫᠢᠩ ᠴᠠᠬᠢᠯᠭ᠋ᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠵᠢᠨ ᠸᠢᠶᠸᠲᠨᠠᠮ᠎ᠤᠨ ᠤᠯᠤᠰ᠎ᠤᠨ ᠲᠡᠷᠢᠬᠦᠯᠡᠭᠴᠢ᠎ᠪᠠᠷ ᠰᠤᠨᠭ᠌ᠭᠤᠬᠳᠠᠬᠰᠡᠨ᠎ᠳᠤ ᠪᠠᠶᠠᠷ ᠬᠦᠷᠭᠡᠪᠡ

      ᠯᠢ ᠺᠸ ᠴᠢᠶᠠᠩ ᠴᠠᠬᠢᠯᠭ᠋ᠠᠨ ᠴᠢᠮᠡᠭᠡ ᠶᠠᠪᠤᠭᠤᠯᠵᠤ ᠹᠠᠨ ᠮᠢᠩ ᠵᠸᠩ᠎ᠤᠨ ᠸᠢᠶᠸᠲᠨᠠᠮ᠎ᠤᠨ ᠵᠠᠰᠠᠭ᠎ᠤᠨ ᠤᠷᠳᠤᠨ᠎ᠤ ᠶᠡᠷᠤᠨᠭ᠌ᠭᠡᠢ ᠰᠠᠢ᠍ᠢ᠍ᠳ ᠵᠶ᠋ᠠᠷ ᠰᠤᠨᠭ᠌ᠭᠤᠬᠳᠠᠬᠰᠡᠨ᠎ᠳᠤ ᠪᠠᠶᠠᠷ ᠬᠦᠷᠭᠡᠵᠠᠢ
      ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠡ ᠵᠢᠨ 5᠎ᠤ ᠴᠠᠬᠢᠯᠭ᠋ᠠᠨ ᠮᠡᠳᠡᠭᠡ  4 ᠰᠠᠷ᠎ᠡ ᠵᠢᠨ 5᠎ᠤ ᠡᠳᠦᠷ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠷᠤᠸᠠᠨ ᠴᠦᠨ ᠹᠦ᠋᠎ᠳᠤ ᠴᠠᠬᠢᠯᠭ᠋ᠠᠨ ᠴᠢᠮᠡᠭᠡ ᠶᠠᠪᠤᠭᠤᠯᠵᠤ᠂ ᠲᠡᠬᠦᠨ᠎ᠤ ᠸᠢᠶᠸᠲᠨᠠᠮ᠎ᠤᠨ ᠤᠯᠤᠰ᠎ᠤᠨ ᠲᠡᠷᠢᠬᠦᠯᠡᠭᠴᠢ᠎ᠪᠠᠷ ᠰᠤᠨᠭ᠌ᠭᠤᠬᠳᠠᠬᠰᠡᠨ᠎ᠳᠤ ᠪᠠᠶᠠᠷ ᠬᠦᠷᠭᠡᠪᠠ᠃
      ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠲᠤᠮᠳᠠᠳᠤ ᠸᠢᠶᠸᠲᠨᠠᠮ ᠪᠤᠯ ᠠᠭᠤᠯᠠ ᠤᠰᠤ᠎ᠪᠠᠷ ᠵᠶ᠋ᠠᠨ ᠵᠠᠯᠭ᠋ᠠᠯᠳᠤᠬᠰᠡᠨ ᠨᠡᠢ᠍ᠢ᠍ᠭᠡᠮ ᠵᠢᠷᠤᠮᠳᠤ ᠬᠦᠷᠰᠢ ᠤᠯᠤᠰ ᠪᠤᠯᠤᠨ᠎ᠡ᠃ ᠨᠢᠳᠤᠨᠤᠨ᠎ᠠᠴᠠ ᠨᠠᠭ᠋ᠠᠰᠢ᠂ ᠬᠤᠶᠠᠷ ᠲᠠᠯ᠎ᠡ᠎ᠪᠠᠷ ᠵᠶ᠋ᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠳᠤ᠎ᠪᠠᠷ ᠰᠢᠨ᠎ᠡ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠢ ᠰᠡᠷᠭᠡᠢ᠍ᠢ᠍ᠯᠡᠨ ᠡᠵᠡᠮᠳᠡᠬᠦ ᠲᠠᠯ᠎ᠠ᠎ᠪᠠᠷ ᠴᠢᠬᠤᠯᠠ ᠶᠡᠭᠡ ᠦᠷ᠎ᠡ ᠪᠦᠳᠦᠭᠡᠯ ᠤᠯᠵᠤ᠂ ᠬᠤᠶᠠᠷ ᠤᠯᠤᠰ᠎ᠤᠨ ᠬᠠᠷᠢᠯᠴᠠᠭ᠎ᠡ ᠦᠷᠬᠦᠯᠵᠢᠯᠡᠨ ᠰᠠᠢ᠍ᠢ᠍ᠨ ᠲᠠᠢ᠍ᠢ᠍ᠰᠢ ᠬᠦᠭᠵᠢᠵᠤ᠂ ᠲᠤᠮᠳᠠᠳᠤ ᠸᠢᠶᠸᠲᠨᠠᠮ᠎ᠤᠨ ᠡᠶᠡᠯᠳᠡᠭ ᠬᠦᠷᠰᠢ ᠵᠢᠨ ᠨᠦᠬᠦᠷᠰᠡᠭ ᠬᠠᠷᠢᠯᠴᠠᠭ᠎ᠡ ᠵᠢᠨ ᠰᠢᠨ᠎ᠡ ᠬᠠᠭᠤᠳᠠᠰᠤ ᠵᠢ ᠬᠠᠮᠳᠤ᠎ᠪᠠᠷ ᠪᠢᠴᠢᠭᠯᠡᠵᠠᠢ ᠭᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠤᠳᠤᠬᠠᠨ᠎ᠤ ᠲᠡᠯᠡᠭᠡᠢ ᠶᠢᠷᠳᠢᠨᠴᠤ ᠶᠠᠭ ᠵᠠᠭᠤᠨ ᠵᠢᠯ᠎ᠳᠤ ᠲᠤᠬᠢᠶᠠᠯᠳᠤᠭ᠎ᠡ ᠦᠭᠡᠢ ᠶᠡᠭᠡ ᠬᠤᠪᠢᠰᠤᠯᠳᠠ᠎ᠳᠤ ᠲᠤᠯᠭ᠋ᠠᠷᠠᠵᠤ ᠪᠠᠢ᠍ᠢ᠍ᠨ᠎ᠡ᠂ ᠲᠤᠮᠳᠠᠳᠤ ᠸᠢᠶᠸᠲᠨᠠᠮ᠎ᠤᠨ ᠬᠠᠷᠢᠯᠴᠠᠭ᠎ᠡ ᠪᠠ ᠬᠤᠶᠠᠷ ᠤᠯᠤᠰ᠎ᠤᠨ ᠨᠡᠢ᠍ᠢ᠍ᠭᠡᠮ ᠵᠢᠷᠤᠮ᠎ᠤᠨ ᠪᠦᠳᠦᠭᠡᠨ ᠪᠠᠢ᠍ᠢ᠍ᠭᠤᠯᠤᠯᠳᠠ ᠵᠢᠨ ᠦᠢ᠍ᠯᠡᠰ ᠤᠷᠢᠳᠤᠬᠢ ᠵᠢ ᠵᠠᠯᠭ᠋ᠠᠮᠵᠢᠯᠠᠵᠤ ᠬᠤᠢ᠍ᠢ᠍ᠰᠢᠬᠢ ᠵᠢ ᠰᠡᠨᠭᠭᠡᠷᠡᠬᠦᠯᠬᠦ ᠵᠠᠨᠭ᠌ᠭᠢᠯᠠᠭ᠎ᠡ ᠵᠢᠨ ᠱᠠᠳᠤᠨ᠎ᠳᠤ ᠤᠷᠤᠪᠠ᠃ ᠪᠢ ᠲᠤᠮᠳᠠᠳᠤ ᠸᠢᠶᠸᠲᠨᠠᠮ᠎ᠤᠨ ᠬᠠᠷᠢᠯᠴᠠᠭ᠎ᠡ ᠵᠢᠨ ᠬᠦᠭᠵᠢᠯᠳᠠ ᠵᠢ ᠲᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ ᠪᠠᠢ᠍ᠢ᠍ᠨ᠎ᠡ᠂ ᠲᠤᠷᠠᠳᠠᠶ᠎ᠡ ᠲᠠᠨ᠎ᠲᠠᠢ ᠬᠠᠮᠳᠤ᠎ᠪᠠᠷ ᠴᠢᠷᠮᠠᠢ᠍ᠢ᠍ᠵᠤ᠂ ᠬᠤᠶᠠᠷ ᠲᠠᠯ᠎ᠡ᠎ᠳᠤ ᠪᠦᠷ ᠪᠠᠢ᠍ᠢ᠍ᠯᠳᠤᠬᠤ ᠪᠤᠳᠤᠯᠭ᠎ᠡ ᠵᠢᠨ ᠠᠴᠢ ᠬᠤᠯᠪᠤᠬᠳᠠᠯ᠎ᠲᠠᠢ ᠬᠤᠪᠢ ᠵᠠᠶᠠᠭ᠋ᠠᠨ᠎ᠤ ᠬᠠᠮᠳᠤ ᠴᠤᠬ᠍ᠴᠠ ᠵᠢ ᠪᠠᠢ᠍ᠢ᠍ᠭᠤᠯᠬᠤ᠎ᠪᠠᠷ ᠤᠳᠤᠷᠢᠳᠤᠮᠵᠢ ᠪᠤᠯᠭ᠋ᠠᠵᠤ᠂ ᠬᠤᠶᠠᠷ ᠤᠯᠤᠰ᠎ᠤᠨ ᠪᠦᠬᠦ ᠲᠠᠯ᠎ᠡ ᠵᠢᠨ ᠪᠠᠢ᠍ᠢ᠍ᠯᠳᠤᠬᠤ ᠪᠤᠳᠤᠯᠭ᠎ᠡ ᠵᠢᠨ ᠬᠠᠮᠳᠤᠷᠠᠯᠴᠠᠭ᠋ᠠᠨ᠎ᠤ ᠬᠠᠨᠢᠳᠠᠨ᠎ᠤ ᠬᠠᠷᠢᠯᠴᠠᠭ᠎ᠡ ᠵᠢᠨ ᠲᠠᠰᠤᠷᠠᠯᠳᠠ ᠦᠭᠡᠢ ᠨᠡᠩ ᠶᠡᠭᠡ ᠰᠢᠨ᠎ᠡ ᠦᠷ᠎ᠡ ᠪᠦᠳᠦᠭᠡᠯ ᠤᠯᠬᠤ ᠵᠢ ᠠᠬᠢᠭᠤᠯᠵᠤ᠂ ᠬᠤᠶᠠᠷ ᠤᠯᠤᠰ ᠪᠠ ᠬᠤᠶᠠᠷ ᠤᠯᠤᠰ᠎ᠤᠨ ᠠᠷᠠᠳ ᠲᠦᠮᠡᠨ᠎ᠳᠤ ᠨᠠᠩ ᠰᠠᠢ᠍ᠢ᠍ᠨ ᠪᠤᠶᠠᠨ ᠦᠢ᠍ᠯᠡᠳᠤᠨ᠎ᠡ ᠭᠡᠵᠤ ᠴᠢᠬᠤᠯᠠᠴᠢᠯᠠᠵᠠᠢ᠃
      ᠲᠤᠰ ᠡᠳᠤᠷ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠤᠨᠭ᠌ᠭᠡᠢ ᠰᠠᠢ᠍ᠢ᠍ᠳ ᠯᠢ ᠺᠸ ᠴᠢᠶᠠᠩ ᠴᠠᠬᠢᠯᠭ᠋ᠠᠨ ᠴᠢᠮᠡᠭᠡ ᠶᠠᠪᠤᠭᠤᠯᠵᠤ ᠹᠠᠨ ᠮᠢᠩ ᠵᠸᠩ᠎ᠤᠨ ᠸᠢᠶᠸᠲᠨᠠᠮ᠎ᠤᠨ ᠵᠠᠰᠠᠭ᠎ᠤᠨ ᠤᠷᠳᠤᠨ᠎ᠤ ᠶᠡᠷᠤᠨᠭ᠌ᠭᠡᠢ ᠰᠠᠢ᠍ᠢ᠍ᠳ ᠵᠶ᠋ᠠᠷ ᠰᠤᠨᠭ᠌ᠭᠤᠬᠳᠠᠬᠰᠡᠨ᠎ᠳᠤ ᠪᠠᠶᠠᠷ ᠬᠦᠷᠭᠡᠵᠤ᠂ ᠲᠤᠷᠠᠳᠠᠶ᠎ᠡ ᠶᠡᠷᠤᠨᠭ᠌ᠭᠡᠢ ᠰᠠᠢ᠍ᠢ᠍ᠳ ᠹᠠᠨ ᠮᠢᠩ ᠵᠸᠩ᠎ᠯᠦᠭᠡ ᠬᠠᠮᠳᠤ᠎ᠪᠠᠷ ᠴᠢᠷᠮᠠᠢ᠍ᠢ᠍ᠵᠤ᠂ ᠬᠦᠭᠵᠢᠯᠳᠠ ᠵᠢᠨ ᠪᠠᠢ᠍ᠢ᠍ᠯᠳᠤᠬᠤ ᠪᠤᠳᠤᠯᠭ᠎ᠡ ᠵᠢᠨ ᠵᠤᠯᠭ᠋ᠠᠯᠴᠠᠭ᠎ᠡ ᠵᠢ ᠯᠠᠪᠳᠠᠭᠤᠨ ᠵᠶ᠋ᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠳᠤ᠎ᠪᠠᠷ ᠠᠰᠢᠭ ᠬᠦᠷᠳᠡᠬᠦ ᠬᠠᠮᠳᠤᠷᠠᠯᠴᠠᠭ᠋ᠠᠨ᠎ᠤ ᠪᠠᠢ᠍ᠢ᠍ᠷᠢᠰᠢᠯ᠎ᠢ ᠱᠠᠯᠠᠪᠳᠠᠭᠤᠯᠤᠨ ᠪᠠᠢ᠍ᠢ᠍ᠭᠤᠯᠵᠤ᠂ ᠲᠤᠮᠳᠠᠳᠤ ᠸᠢᠶᠸᠲᠨᠠᠮ᠎ᠤᠨ ᠡᠶᠠᠯᠳᠡᠭ ᠬᠦᠷᠰᠢ ᠵᠢᠨ ᠨᠦᠬᠦᠷᠰᠡᠭ ᠬᠠᠷᠢᠯᠴᠠᠭ᠎ᠡ ᠪᠠ ᠪᠦᠬᠦ ᠲᠠᠯ᠎ᠡ ᠵᠢᠨ ᠬᠠᠮᠳᠤᠷᠠᠯᠴᠠᠭ᠋ᠠᠨ᠎ᠤ ᠬᠠᠷᠢᠯᠴᠠᠭ᠎ᠡ ᠵᠢᠨ ᠬᠦᠭᠵᠢᠯᠳᠠ᠎ᠳᠤ ᠢᠳᠡᠪᠬᠢᠳᠠᠢ ᠬᠤᠪᠢ ᠨᠠᠮᠠᠷᠢ ᠦᠵᠡᠬᠦᠯᠤᠨ᠎ᠡ ᠭᠡᠵᠤ ᠢᠯᠡᠳᠭᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠨᠡᠶ᠋ᠢᠰᠯᠡᠯ᠎ᠤᠨ ᠠᠯᠪᠡᠨ ᠵᠢᠷᠤᠮ᠎ᠤᠨ ᠮᠤᠳᠤ ᠲᠠᠷᠢᠬᠤ ᠠᠵᠢᠯᠯᠠᠭ᠎ᠠ᠎ᠳᠤ ᠤᠷᠤᠯᠴᠠᠬᠤ᠎ᠳᠠᠭᠠᠨ ᠴᠢᠬᠤᠯᠠᠴᠢᠯᠠᠬᠰᠠᠨ᠎ᠨᠢ᠄ ᠬᠦᠮᠦᠨ ᠪᠤᠯᠭ᠋ᠠᠨ ᠡᠪᠡᠰᠤ ᠮᠤᠳᠤ ᠵᠢ ᠬᠠᠶ᠋ᠢᠷᠠᠯᠠᠬᠤ ᠲᠠᠷᠢᠬᠤ ᠬᠠᠮᠠᠭ᠋ᠠᠯᠠᠬᠤ ᠪᠤᠯᠪᠠᠰᠤᠨ ᠬᠡᠪ ᠰᠤᠷᠳᠠᠯ᠎ᠢ ᠰᠠᠨᠠᠭ᠋ᠠᠴᠢᠯᠠᠵᠦ ᠬᠦᠮᠦᠨ ᠪᠤᠯᠤᠨ ᠪᠠᠶ᠋ᠢᠭ᠋ᠠᠯᠢ ᠡᠶ᠎ᠡ ᠵᠤᠬᠢᠴᠠᠩᠭᠤᠢ ᠬᠠᠮᠳᠤ᠎ᠪᠠᠷ ᠤᠷᠤᠰᠢᠬᠤ ᠦᠵᠡᠰᠬᠦᠯᠡᠩᠳᠦ ᠰᠠᠶ᠋ᠢᠬᠠᠨ ᠭᠡᠷ ᠤᠷᠤᠨ᠎ᠢ ᠬᠠᠮᠳᠤ᠎ᠪᠠᠷ ᠪᠦᠳᠦᠭᠡᠨ ᠪᠠᠶ᠋ᠢᠭᠤᠯᠬᠤ ᠭᠡᠷᠡᠭᠲᠡᠢ
ᠰᠢ ᠵᠢᠨ ᠫᠢᠩ ᠵᠠᠬᠢᠳᠠᠯ ᠢᠯᠡᠭᠡᠵᠦ ᠰᠢᠶᠠᠮᠸᠨ ᠶᠡᠭᠡ ᠰᠤᠷᠭ᠋ᠠᠭᠤᠯᠢ ᠪᠠᠢ᠍ᠢ᠍ᠭᠤᠯᠤᠭᠳᠠᠭᠰᠠᠨ 100 ᠵᠢᠯ᠎ᠤᠨ ᠤᠢ᠎ᠳᠤ ᠪᠠᠶᠠᠷ ᠬᠦᠷᠭᠡᠪᠡ
ᠰᠢ ᠵᠢᠨ ᠫᠢᠩ ᠭ᠋ᠸᠷᠮᠠᠨ᠎ᠤ ᠶᠡᠷᠦᠩᠭᠡᠢ ᠰᠠᠢ᠍ᠢ᠍ᠳ ᠮᠤᠺᠸᠷ᠎ᠲᠠᠢ ᠤᠳᠠᠰᠤ᠎ᠪᠠᠷ ᠶᠠᠷᠢᠯᠴᠠᠪᠠ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠴᠡᠭ ᠲᠤᠭᠳᠠᠭ᠋ᠠᠨ ᠬᠠᠪᠰᠤᠷᠤᠨ ᠳᠡᠳᠬᠦᠬᠦ ᠠᠵᠢᠯ᠎ᠢ ᠬᠦᠨᠵᠡᠭᠡᠢ᠍ᠢ᠍ᠷᠡᠬᠦᠯᠬᠦ ᠲᠤᠬᠠᠢ ᠴᠢᠬᠤᠯᠠ ᠵᠢᠭ᠋ᠠᠪᠤᠷᠢ ᠦᠭᠴᠦ ᠴᠢᠬᠤᠯᠠᠴᠢᠯᠠᠬᠰᠠᠨ᠎ᠨᠢ ᠪᠠᠢ᠍ᠢ᠍ᠳᠠᠯ ᠡᠬᠦᠷᠭᠡ ᠵᠢᠨ ᠬᠤᠪᠢᠷᠠᠯᠳᠠ᠎ᠳᠤ ᠵᠤᠬᠢᠴᠠᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠵᠤᠷᠢᠭ ᠰᠠᠨᠠᠭ᠎ᠠ ᠵᠢ ᠪᠠᠳᠠᠷᠠᠭᠤᠯᠵᠤ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠤᠳᠤᠬᠢᠴᠢᠯᠠᠯᠳᠠ ᠵᠢ ᠲᠦᠷᠭᠡᠳᠭᠡᠨ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠭᠡᠷᠡᠭᠲᠡᠢ
 
            