ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ 2᠎ᠤᠨ ᠦᠳᠡ ᠵᠢᠨ ᠡᠮᠦᠨ᠎ᠠ ᠨᠡᠶ᠋ᠢᠰᠯᠡᠯ᠎ᠤᠨ ᠠᠯᠪᠡᠨ ᠵᠢᠷᠤᠮ᠎ᠤᠨ ᠮᠤᠳᠤ ᠲᠠᠷᠢᠬᠤ ᠠᠵᠢᠯᠯᠠᠭ᠎ᠠ᠎ᠳᠤ ᠤᠷᠤᠯᠴᠠᠬᠤ᠎ᠳᠠᠭᠠᠨ᠂ ᠵᠢᠯ ᠪᠦᠷᠢ ᠵᠢᠨ ᠡᠨᠡ ᠦᠶ᠎ᠠ᠎ᠳᠤ ᠪᠢᠳᠠ ᠬᠠᠮᠳᠤ᠎ᠪᠠᠷ ᠠᠯᠪᠡᠨ ᠵᠢᠷᠤᠮ᠎ᠤᠨ ᠮᠤᠳᠤ ᠲᠠᠷᠢᠬᠤ ᠠᠵᠢᠯᠯᠠᠭ᠎ᠠ᠎ᠳᠤ ᠤᠷᠤᠯᠴᠠᠵᠦ ᠪᠠᠶ᠋ᠢᠭ᠎ᠠ᠎ᠨᠢ ᠳᠠᠷᠤᠢ ᠬᠦᠮᠦᠨ ᠪᠤᠯᠭ᠋ᠠᠨ ᠡᠪᠡᠰᠤ ᠮᠤᠳᠤ ᠵᠢ ᠬᠠᠶ᠋ᠢᠷᠠᠯᠠᠬᠤ ᠲᠠᠷᠢᠬᠤ ᠬᠠᠮᠠᠭ᠋ᠠᠯᠠᠬᠤ ᠪᠤᠯᠪᠠᠰᠤᠨ ᠬᠡᠪ ᠰᠤᠷᠳᠠᠯ᠎ᠢ ᠰᠠᠨᠠᠭ᠋ᠠᠴᠢᠯᠠᠵᠦ᠂ ᠤᠯᠠᠨ ᠵᠶ᠋ᠠᠷ ᠵᠶ᠋ᠠᠨ ᠮᠤᠳᠤ ᠲᠠᠷᠢᠵᠤ ᠤᠢ᠍ᠢ᠍ᠵᠢᠭᠤᠯᠬᠤ᠂ ᠡᠭᠡ ᠤᠯᠤᠰ ᠵᠶ᠋ᠠᠨ ᠨᠤᠭᠤᠭ᠋ᠠᠷᠠᠭᠤᠯᠬᠤ ᠬᠠᠷᠢᠭᠤᠴᠠᠯᠭ᠋ᠠᠳᠦ ᠤᠬᠠᠮᠰᠠᠷ᠎ᠢ ᠪᠤᠢ ᠪᠤᠯᠭ᠋ᠠᠵᠤ᠂ ᠪᠦᠬᠦ ᠨᠡᠶ᠋ᠢᠭᠡᠮ᠎ᠤᠨ ᠰᠠᠨᠠᠭ᠋ᠠᠴᠢᠯᠠᠭ᠋ᠠᠳᠦ ᠠᠵᠢᠯᠯᠠᠭ᠎ᠠ ᠪᠤᠯᠭ᠋ᠠᠵᠤ᠂ ᠬᠦᠮᠦᠨ ᠪᠤᠯᠤᠨ ᠪᠠᠶ᠋ᠢᠭ᠋ᠠᠯᠢ ᠡᠶ᠎ᠡ ᠵᠤᠬᠢᠴᠠᠩᠭᠤᠢ ᠬᠠᠮᠳᠤ᠎ᠪᠠᠷ ᠤᠷᠤᠰᠢᠬᠤ ᠦᠵᠡᠰᠬᠦᠯᠡᠩᠳᠦ ᠰᠠᠶ᠋ᠢᠬᠠᠨ ᠭᠡᠷ ᠤᠷᠤᠨ᠎ᠢ ᠬᠠᠮᠳᠤ᠎ᠪᠠᠷ ᠪᠦᠳᠦᠭᠡᠨ ᠪᠠᠶ᠋ᠢᠭᠤᠯᠬᠤ ᠵᠢᠨ ᠲᠦᠯᠦᠭᠡ ᠶᠤᠮ ᠭᠡᠵᠦ ᠴᠢᠬᠤᠯᠠᠴᠢᠯᠠᠪᠠ᠃
ᠬᠠᠪᠤᠷ᠎ᠤᠨ ᠤᠷᠢᠬᠠᠨ ᠰᠠᠯᠬᠢᠨ᠎ᠠ᠂ ᠲᠦᠮᠡᠨ ᠪᠤᠳᠠᠰ ᠲᠦᠯᠵᠢᠨ ᠠᠮᠢᠯᠠᠨ᠎ᠠ᠃ ᠦᠳᠡ ᠵᠢᠨ ᠡᠮᠦᠨᠡᠬᠢ 10 ᠴᠠᠭ 30 ᠮᠢᠨᠦ᠋ᠲ᠎ᠲᠤ᠂ ᠨᠠᠮ ᠪᠤᠯᠤᠨ ᠤᠯᠤᠰ᠎ᠤᠨ ᠤᠳᠤᠷᠢᠳᠬᠤ ᠬᠦᠮᠦᠨ ᠰᠢ ᠵᠢᠨ ᠫᠢᠩ᠂ ᠯᠢ ᠺᠧ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠬᠠᠮᠳᠤ᠎ᠪᠠᠷ ᠮᠠᠰᠢᠨ ᠳᠡᠷᠭᠡᠨ᠎ᠳᠤ ᠰᠠᠭᠤᠵᠦ᠂ ᠪᠡᠭᠡᠵᠢᠩ ᠬᠤᠳᠠ ᠵᠢᠨ ᠴᠤᠤᠶᠠᠩ ᠲᠤᠭᠤᠷᠢᠭ᠎ᠤᠨ ᠸᠸᠨ ᠢᠥᠢ ᠾᠸ ᠭᠤᠤᠯ᠎ᠤᠨ ᠮᠤᠳᠤ ᠲᠠᠷᠢᠬᠤ ᠭᠠᠵᠠᠷ᠎ᠲᠤ ᠢᠷᠡᠵᠦ᠂ ᠨᠡᠶ᠋ᠢᠰᠯᠡᠯ᠎ᠤᠨ ᠤᠯᠠᠨ ᠲᠦᠮᠡᠨ᠎ᠲᠠᠢ ᠬᠠᠮᠳᠤ ᠠᠯᠪᠡᠨ ᠵᠢᠷᠤᠮ᠎ᠤᠨ ᠮᠤᠳᠤ ᠲᠠᠷᠢᠬᠤ ᠠᠵᠢᠯᠯᠠᠭ᠎ᠠ᠎ᠳᠤ ᠤᠷᠤᠯᠴᠠᠵᠠᠢ᠃

4 ᠰᠠᠷ᠎ᠠ ᠵᠢᠨ 2᠎ᠤᠨ ᠡᠳᠦᠷ᠂ ᠨᠠᠮ ᠪᠤᠯᠤᠨ ᠤᠯᠤᠰ᠎ᠤᠨ ᠤᠳᠤᠷᠢᠳᠬᠤ ᠬᠦᠮᠦᠨ ᠰᠢ ᠵᠢᠨ ᠫᠢᠩ᠂ ᠯᠢ ᠺᠧ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠪᠡᠭᠡᠵᠢᠩ ᠬᠤᠳᠠ ᠵᠢᠨ ᠴᠤᠤᠶᠠᠩ ᠲᠤᠭᠤᠷᠢᠭ᠎ᠤᠨ ᠸᠸᠨ ᠢᠥᠢ ᠾᠸ ᠭᠤᠤᠯ᠎ᠤᠨ ᠮᠤᠳᠤ ᠲᠠᠷᠢᠬᠤ ᠭᠠᠵᠠᠷ᠎ᠲᠤ ᠢᠷᠡᠵᠦ᠂ ᠨᠡᠶ᠋ᠢᠰᠯᠡᠯ᠎ᠤᠨ ᠠᠯᠪᠡᠨ ᠵᠢᠷᠤᠮ᠎ᠤᠨ ᠮᠤᠳᠤ ᠲᠠᠷᠢᠬᠤ ᠠᠵᠢᠯᠯᠠᠭ᠎ᠠ᠎ᠳᠤ ᠤᠷᠤᠯᠴᠠᠵᠠᠢ᠃ ᠵᠢᠷᠤᠭ ᠪᠤᠯ ᠰᠢ ᠵᠢᠨ ᠫᠢᠩ ᠤᠯᠠᠨ᠎ᠲᠠᠢ ᠬᠠᠮᠳᠤ ᠮᠤᠳᠤ ᠲᠠᠷᠢᠵᠤ ᠪᠠᠶ᠋ᠢᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ
ᠡᠨᠡ ᠪᠤᠯ 320 ᠮᠦ᠍ ᠰᠢᠬᠠᠮ ᠲᠠᠯᠠᠪᠠᠢ᠎ᠲᠠᠢ ᠲᠠᠯ᠎ᠠ ᠭᠠᠵᠠᠷ ᠪᠤᠯᠤᠨ᠎ᠠ᠂ ᠤᠤᠯ᠎ᠨᠢ ᠠᠳᠡ ᠮᠠᠰᠢ ᠤᠯᠠᠨ ᠬᠠᠶ᠋ᠢᠷ ᠴᠢᠯᠠᠭᠤᠨ᠎ᠤ ᠦᠢ᠍ᠯᠡᠳᠪᠤᠷᠢ᠂ ᠬᠠᠶᠠᠬᠳᠠᠮᠠᠯ ᠪᠤᠳᠠᠰ ᠬᠤᠷᠢᠶᠠᠬᠤ ᠦᠷᠳᠡᠭᠡ ᠵᠡᠷᠭᠡ ᠪᠠᠶ᠋ᠢᠪᠠ᠃ ᠤᠢ᠍ᠢ᠍ᠷ᠎ᠠ ᠵᠢᠨ ᠵᠢᠯ᠎ᠳᠤ᠂ ᠨᠤᠷᠠᠭ᠋ᠠᠨ ᠨᠡᠬᠦᠯᠭᠡᠵᠦ ᠵᠠᠰᠠᠬᠤ ᠪᠠ ᠤᠷᠴᠢᠨ ᠲᠤᠭᠤᠷᠢᠨ᠎ᠢ ᠴᠡᠭᠴᠡᠯᠡᠨ ᠵᠠᠰᠠᠬᠤ᠎ᠪᠠᠷ ᠳᠠᠮᠵᠢᠵᠦ᠂ ᠠᠳᠡᠬᠢ ᠵᠢ ᠤᠰᠤ ᠤᠷᠭᠤᠮᠠᠯ ᠠᠭᠤᠰᠤᠯᠴᠠᠭᠰᠠᠨ᠂ ᠠᠮᠢᠳᠤ ᠪᠤᠳᠠᠰ ᠤᠯᠠᠨ ᠶᠠᠩᠵᠦ ᠵᠢᠨ᠂ ᠠᠮᠢ ᠠᠬᠤᠢ᠎ᠪᠠᠷ ᠠᠷᠠᠳ᠎ᠲᠤ ᠠᠰᠢᠬ ᠬᠦᠷᠳᠡᠭᠡᠬᠦ ᠠᠮᠢ ᠠᠬᠤᠢ ᠵᠢᠨ ᠤᠷᠤᠢ ᠵᠠᠢ ᠪᠤᠯᠭ᠋ᠠᠨ ᠲᠦᠯᠦᠪᠵᠢᠬᠦᠯᠵᠦ ᠪᠤᠢ᠃

ᠰᠢ ᠵᠢᠨ ᠫᠢᠩ ᠮᠠᠰᠢᠨ ᠳᠡᠷᠭᠡᠨ᠎ᠠᠴᠠ ᠪᠠᠭᠤᠮᠠᠭᠴᠠ ᠬᠦᠷᠵᠠ ᠠᠳᠬᠤᠨ ᠮᠤᠳᠤ ᠲᠠᠷᠢᠬᠤ ᠭᠠᠵᠠᠷ᠎ᠲᠤ ᠬᠦᠷᠪᠡ᠃ ᠠᠳᠡ ᠮᠤᠳᠤ ᠲᠠᠷᠢᠵᠤ ᠪᠠᠶ᠋ᠢᠬᠰᠠᠨ ᠺᠠᠳ᠋ᠷ ᠤᠯᠠᠨ ᠲᠦᠮᠡᠨ ᠶᠡᠷᠦᠩᠭᠡᠢ ᠱᠦᠵᠢ ᠵᠢᠨ ᠢᠷᠡᠭᠰᠡᠨ᠎ᠢ ᠬᠠᠷᠠᠭ᠋ᠠᠳ᠂ ᠶᠡᠷᠦᠩᠭᠡᠢ ᠱᠦᠵᠢ᠎ᠲᠠᠢ ᠬᠠᠯᠠᠭᠤᠮᠰᠤᠬ ᠵᠶ᠋ᠠᠷ ᠮᠡᠨᠳᠤᠴᠢᠯᠡᠵᠦ ᠪᠠᠶ᠋ᠢᠯ᠎ᠠ᠃ ᠰᠢ ᠵᠢᠨ ᠫᠢᠩ ᠤᠯᠠᠨ᠎ᠤ ᠵᠦᠭ ᠭᠠᠷ ᠲᠠᠯᠠᠯᠤᠨ ᠮᠡᠨᠳᠤᠴᠢᠯᠡᠵᠦ᠂ ᠳᠠᠷᠠᠭ᠎ᠠ᠎ᠳᠤ᠎ᠨᠢ ᠪᠡᠭᠡᠵᠢᠩ ᠬᠤᠳᠠ᠂ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶᠠᠨ᠎ᠤ ᠬᠠᠷᠢᠭᠤᠴᠠᠯᠭ᠋ᠠᠳᠠᠨ ᠨᠦᠬᠦᠳ ᠵᠢᠴᠢ ᠨᠡᠶ᠋ᠢᠰᠯᠡᠯ᠎ᠤᠨ ᠺᠠᠳ᠋ᠷ ᠤᠯᠠᠨ ᠲᠦᠮᠡᠨ᠂ ᠪᠠᠭ᠋ᠠᠴᠤᠳ᠎ᠤᠨ ᠬᠤᠰᠢᠭᠤᠴᠢ ᠠᠩᠬᠢ ᠵᠢᠨ ᠭᠡᠰᠢᠬᠦᠳ᠎ᠲᠠᠢ ᠬᠠᠮᠳᠦ ᠶᠠᠭ᠋ᠠᠷᠠᠯᠳᠤᠵᠦ ᠡᠬᠢᠯᠡᠯ᠎ᠠ᠃

ᠨᠠᠷᠠᠰᠤᠨ ᠮᠤᠳᠤ᠂ ᠪᠤᠷᠤ ᠲᠤᠰ᠎ᠤᠨ ᠬᠠᠷᠭ᠋ᠠᠢ᠂ ᠤᠯᠠᠭ᠋ᠠᠨ ᠲᠠᠷᠠᠨᠠᠢ᠂ ᠪᠢᠨᠳᠤᠷ ᠴᠡᠴᠡᠭ᠂ ᠡᠮ᠎ᠠ ᠲᠤᠮᠤ᠂ ᠬᠠᠶ᠋ᠢᠳᠠᠩ ᠮᠤᠳᠤ ᠁ ᠰᠢ ᠵᠢᠨ ᠫᠢᠩ ᠵᠠᠯᠭ᠋ᠠᠭ᠎ᠠ᠎ᠪᠠᠷ 6 ᠰᠠᠭᠤᠷᠢ ᠴᠢᠭ᠎ᠢ ᠮᠤᠳᠤ ᠲᠠᠷᠢᠪᠠ᠃ ᠲᠡᠷᠡ ᠪᠠᠭ᠋ᠠᠴᠤᠳ᠎ᠤᠨ ᠬᠤᠰᠢᠭᠤᠴᠢ ᠠᠩᠬᠢ ᠵᠢᠨ ᠭᠡᠰᠢᠬᠦᠳ᠎ᠲᠠᠢ ᠬᠠᠮᠳᠦ ᠤᠰᠤ ᠳᠠᠮᠨᠠᠨ ᠤᠰᠤᠯᠠᠵᠦ᠂ ᠪᠠᠭ᠋ᠠᠴᠤᠳ᠎ᠤᠨ ᠬᠤᠰᠢᠭᠤᠴᠢ ᠠᠩᠬᠢ ᠵᠢᠨ ᠭᠡᠰᠢᠬᠦᠳ᠎ᠠᠴᠠ ᠰᠤᠷᠤᠯᠴᠠᠯᠭ᠎ᠠ ᠠᠮᠢᠳᠤᠷᠠᠯ ᠪᠠ ᠬᠦᠳᠡᠯᠮᠦᠷᠢ ᠪᠤᠯᠪᠠᠰᠤᠷᠠᠯ᠎ᠤᠨ ᠪᠠᠶ᠋ᠢᠳᠠᠯ᠎ᠢ ᠠᠰᠠᠭᠤᠵᠦ᠂ ᠳᠡᠳᠡᠨ᠎ᠢ ᠪᠠᠭ᠎ᠠ᠎ᠠᠴᠠ᠎ᠪᠠᠨ ᠬᠦᠳᠡᠯᠮᠦᠷᠢ ᠵᠢᠨ ᠤᠬᠠᠮᠰᠠᠷ᠎ᠢ ᠬᠦᠮᠦᠵᠢᠬᠦᠯᠵᠦ᠂ ᠬᠦᠳᠡᠯᠮᠦᠷᠢ ᠵᠢ ᠬᠠᠶ᠋ᠢᠷᠠᠯᠠᠭ᠋ᠠᠷᠠᠢ᠂ ᠠᠵᠢᠯᠴᠢ ᠬᠦᠳᠡᠯᠮᠦᠷᠢᠴᠢ ᠪᠠᠶ᠋ᠢᠬᠤ ᠪᠤᠯ ᠬᠦᠮᠦᠨ᠎ᠤ ᠦᠨᠳᠦᠰᠦᠨ ᠬᠡᠪ ᠪᠤᠯᠪᠠᠰᠤᠷᠠᠯ ᠮᠦᠨ᠃ ᠳᠠᠨᠠᠷ ᠦᠭᠡᠯᠡᠢ ᠪᠤᠯᠬᠤ᠎ᠳᠤ᠂ ᠡᠭᠡ ᠤᠯᠤᠰ ᠴᠢᠨᠢ ᠨᠡᠩ ᠪᠠᠶᠠᠨ ᠬᠦᠴᠦᠷᠭᠡᠭ ᠪᠤᠯᠤᠨ᠎ᠠ᠃ ᠲᠠ᠎ᠨᠠᠷ ᠶᠤᠰᠤ ᠰᠤᠷᠲᠠᠬᠤᠨ ᠤᠶᠤᠨ ᠤᠬᠠᠭ᠋ᠠᠨ ᠪᠡᠶ᠎ᠠ ᠵᠢᠨ ᠲᠠᠮᠢᠷ ᠭᠤᠸ᠎ᠠ ᠰᠠᠶ᠋ᠢᠬᠠᠨ ᠬᠦᠳᠡᠯᠮᠦᠷᠢ ᠪᠦᠬᠦ ᠲᠠᠯ᠎ᠠ᠎ᠪᠠᠷ ᠬᠦᠭᠵᠢᠬᠦ ᠵᠢ ᠴᠢᠬᠤᠯᠠᠴᠢᠯᠠᠵᠦ᠂ ᠰᠠᠶ᠋ᠢᠳᠤᠷ ᠴᠢᠷᠮᠠᠶ᠋ᠢᠨ ᠰᠤᠷᠤᠯᠴᠠᠵᠦ᠂ ᠡᠳᠦᠷ᠎ᠠᠴᠠ ᠡᠳᠦᠷ ᠦᠭᠡᠳᠡᠯᠡᠨ ᠲᠠᠪᠰᠢᠬᠤ᠎ᠪᠠᠷ ᠪᠠᠷᠠᠬᠤ ᠦᠭᠡᠢ᠂ ᠪᠠᠰᠠ ᠪᠡᠶ᠎ᠠ ᠮᠠᠬᠠᠪᠤᠳ ᠵᠶ᠋ᠠᠨ ᠴᠢᠬᠢᠷᠠᠬ᠍ᠵᠢᠭᠤᠯᠵᠦ᠂ ᠡᠷᠴᠢ ᠬᠦᠴᠦᠨ ᠵᠶ᠋ᠠᠨ ᠬᠦᠪᠴᠢᠯᠡᠵᠦ᠂ ᠡᠭᠡ ᠤᠯᠤᠰ᠎ᠤᠨ ᠪᠦᠳᠦᠭᠡᠨ ᠪᠠᠶ᠋ᠢᠭᠤᠯᠤᠯᠳᠠ᠎ᠳᠤ ᠬᠦᠴᠦᠨ ᠴᠢᠳᠠᠯ ᠵᠶ᠋ᠠᠨ ᠡᠷᠬᠦᠬᠦ᠎ᠪᠠᠷ ᠪᠡᠯᠡᠳᠭᠡᠬᠡᠷᠡᠢ ᠭᠡᠵᠦ ᠵᠠᠬᠢᠪᠠ᠃ ᠮᠤᠳᠤ ᠲᠠᠷᠢᠬᠤ ᠲᠤᠬᠠᠢ ᠵᠢᠨ ᠲᠠᠯᠠᠪᠠᠢ᠎ᠳᠤ ᠲᠦᠢ᠍ᠯ᠎ᠤᠨ ᠶᠠᠭ᠋ᠠᠷᠠᠯᠳᠠᠢ ᠪᠠᠶ᠋ᠢᠵᠦ᠂ ᠬᠦᠳᠡᠯᠮᠦᠷᠢ᠎ᠳᠤ ᠤᠷᠤᠯᠴᠠᠭᠰᠠᠨ ᠤᠳᠤᠷᠢᠳᠬᠤ ᠨᠦᠬᠦᠳ ᠤᠯᠠᠨ᠎ᠲᠠᠢ ᠬᠠᠮᠳᠦ ᠴᠢᠬᠢ ᠮᠤᠳᠤ ᠵᠠᠶ᠋ᠢᠯᠠᠨ ᠰᠢᠷᠤᠢ ᠨᠡᠮᠡᠵᠦ᠂ ᠰᠠᠭᠤᠯᠠᠭ᠎ᠠ ᠲᠡᠬᠦᠵᠢᠯᠡᠨ ᠤᠰᠤᠯᠠᠵᠦ᠂ ᠬᠦᠷ ᠬᠦᠭᠵᠢᠶᠡᠨ ᠵᠶ᠋ᠠᠷ ᠪᠢᠯᠬᠠᠵᠦ ᠪᠠᠶ᠋ᠢᠯ᠎ᠠ᠃


ᠰᠢᠨ᠎ᠡ᠎ᠪᠠᠷ ᠵᠠᠶ᠋ᠢᠯᠠᠭᠰᠠᠨ ᠴᠢᠬᠢ ᠮᠣᠳᠣᠳ ᠲᠡᠷᠢ ᠲᠡᠭᠰᠢ ᠵᠢᠭᠳᠡᠷᠡᠨ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠨ᠎ᠠ᠃ ᠮᠣᠳᠣ ᠲᠠᠷᠢᠬᠤ ᠬᠤᠭᠤᠴᠠᠭ᠋ᠠᠨ᠎ᠳᠤ᠂ ᠰᠢ ᠵᠢᠨ ᠫᠢᠩ ᠲᠤᠬᠠᠢ ᠵᠢᠨ ᠲᠠᠯᠠᠪᠠᠢ᠎ᠳᠤ ᠪᠠᠶ᠋ᠢᠭᠰᠠᠨ ᠺᠠᠳ᠋ᠷ ᠤᠯᠠᠨ ᠲᠦᠮᠡᠨ᠎ᠳᠤ᠂ ᠡᠨᠡ ᠵᠢᠯ ᠪᠣᠯ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠦᠭᠰᠡᠨ 40 ᠵᠢᠯ᠎ᠤᠨ ᠤᠢ ᠪᠣᠯᠤᠨ᠎ᠠ᠃ 40 ᠵᠢᠯ᠎ᠤᠨ ᠲᠤᠷᠰᠢ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠴᠥᠬᠦᠷᠡᠰᠢ ᠦᠭᠡᠢ ᠴᠢᠷᠮᠠᠶ᠋ᠢᠵᠤ᠂ ᠡᠬᠡ ᠤᠯᠤᠰ᠎ᠤᠨ ᠡᠬᠡ ᠭᠠᠵᠠᠷ᠎ᠤᠨ ᠤᠢ᠍ᠢ᠍ᠵᠢᠭᠤᠯᠤᠯᠳᠠ ᠵᠢᠨ ᠲᠠᠯᠠᠪᠠᠢ ᠤᠯᠠᠮ᠎ᠠᠴᠠ ᠤᠯᠠᠮ ᠶᠡᠭᠡ ᠪᠤᠯᠵᠤ᠂ ᠬᠤᠳᠠ ᠬᠥᠳᠡᠭᠡ ᠵᠢᠨ ᠣᠷᠣᠰᠢᠨ ᠰᠠᠭᠤᠬᠤ ᠣᠷᠴᠢᠨ ᠲᠣᠭᠤᠷᠢᠨ ᠤᠯᠠᠮ᠎ᠠᠴᠠ ᠤᠯᠠᠮ ᠭᠤᠶᠤ ᠪᠤᠯᠵᠥ᠂ ᠪᠦᠬᠦ ᠪᠥᠮᠪᠥᠷᠴᠡᠭ᠎ᠤᠨ ᠤᠢ ᠰᠢᠭᠤᠢ ᠵᠢᠨ ᠡᠬᠢ ᠪᠠᠶᠠᠯᠢᠭ ᠬᠠᠮᠤᠭ᠎ᠤᠨ ᠤᠯᠠᠨ ᠨᠡᠮᠡᠭᠳᠡᠭᠰᠡᠨ ᠤᠯᠤᠰ ᠪᠣᠯᠪᠠ᠃ ᠡᠭᠦᠨ᠎ᠤ ᠵᠡᠷᠭᠡ᠎ᠪᠠᠷ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠥᠲᠥᠭᠡᠨ ᠪᠠᠶ᠋ᠢᠭᠤᠯᠬᠤ ᠬᠠᠷᠠᠯᠲᠠ᠎ᠲᠠᠢ ᠬᠠᠷᠢᠴᠠᠭᠤᠯᠪᠠᠯ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠲᠠᠢ ᠬᠠᠷᠢᠴᠠᠭᠤᠯᠪᠠᠯ᠂ ᠮᠠᠨ᠎ᠤ ᠤᠯᠤᠰ᠎ᠤᠨ ᠣᠶ ᠰᠢᠭᠤᠶ ᠨᠤᠳᠤᠭ ᠪᠡᠯᠴᠢᠭᠡᠷ᠎ᠤᠨ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠬᠦᠷᠦᠯᠴᠡᠬᠦ ᠥᠬᠡᠶ᠂ ᠶᠠᠰᠤ ᠴᠢᠨᠠᠷ ᠳᠤᠤᠷ᠎ᠠ ᠪᠠᠶ᠋ᠢᠬᠤ ᠠᠰᠠᠭᠤᠳᠠᠯ ᠮᠥᠨ ᠬᠦ᠌ ᠲᠣᠪᠤᠶ᠋ᠢᠮ᠎ᠠ ᠪᠠᠶ᠋ᠢᠨ᠎ᠠ᠂ ᠡᠷᠬᠡᠪᠰᠢ ᠦᠷᠭᠦᠯᠵᠢᠯᠡᠨ ᠬᠦᠴᠦᠯᠡᠵᠦ᠂ ᠤᠳᠠᠭ᠋ᠠᠨ ᠲᠠᠭ᠋ᠠᠭ᠋ᠠᠮᠠᠭ᠋ᠠᠢ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠶ ᠭᠡᠳᠡᠭ᠎ᠢ ᠪᠢᠳᠡ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠶ ᠭᠡᠵᠤ ᠢᠯᠡᠳᠭᠡᠪᠡ᠃
ᠰᠢ ᠵᠢᠨ ᠫᠢᠩ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠴᠢᠬᠤᠯᠠ ᠣᠨᠴᠠᠯᠢᠭ ᠪᠣᠯᠤᠨ᠎ᠠ᠃ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠵᠠᠶ᠋ᠢᠯᠠᠰᠢ ᠥᠬᠡᠶ ᠱᠠᠭ᠋ᠠᠷᠳᠠᠯᠭ᠎ᠠ ᠪᠤᠯᠬᠤ ᠪᠦᠭᠡᠳ ᠪᠠᠰᠠ ᠴᠤ᠌ ᠠᠷᠠᠳ ᠣᠯᠠᠨ᠎ᠤ ᠴᠢᠨᠠᠷ ᠰᠠᠶ᠋ᠢᠲᠠᠶ ᠠᠮᠢᠳᠤᠷᠠᠯ᠎ᠢ ᠬᠥᠭᠡᠭᠡᠴᠡᠯᠳᠦᠬᠦ ᠬᠠᠮᠲᠤ ᠵᠢᠨ ᠲᠠᠨᠢᠯᠲᠠ ᠪᠠ ᠬᠦᠰᠡᠯ ᠱᠠᠭ᠋ᠠᠷᠳᠠᠯᠭ᠎ᠠ ᠮᠥᠨ᠃ ᠳᠤᠮᠳᠠᠳᠤ ᠵᠢᠨ ᠦᠨᠳᠦᠰᠦᠲᠡᠨ ᠶᠡᠷᠦ᠎ᠠᠴᠠ ᠬᠥᠮᠦᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠥᠭᠵᠢᠬᠦ ᠵᠢ ᠡᠷᠬᠢᠮᠯᠡᠳᠡᠭ᠂ ᠳᠤᠮᠳᠠᠳᠤ ᠵᠢᠨ ᠪᠣᠯᠪᠠᠰᠤᠨ᠎ᠨᠢ ᠡᠯᠪᠡᠭ ᠪᠠᠶᠠᠯᠢᠭ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠬᠤᠷᠠᠮᠳᠤᠭᠤᠯᠤᠭᠰᠠᠨ ᠶᠤᠮ᠃ ᠰᠢᠨ᠎ᠡ ᠬᠥᠭᠵᠢᠯᠲᠡ ᠵᠢᠨ ᠱᠠᠳᠤ᠎ᠨᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠴᠠᠢ᠂ ᠡᠷᠬᠡᠪᠰᠢ ᠪᠣᠬᠢᠷᠲᠤᠯ ᠦᠭᠡᠢ ᠬᠥᠭᠵᠢᠯᠲᠡ ᠵᠢ ᠬᠦᠴᠦᠯᠡᠨ ᠠᠬᠢᠭᠤᠯᠵᠤ᠂ ᠳᠡᠯᠡᠬᠡᠢ ᠵᠢᠨ ᠬᠥᠭᠵᠢᠯᠲᠡ ᠵᠢᠨ ᠤᠷᠤᠰᠬᠠᠯ᠎ᠢ ᠴᠢᠷᠮᠠᠶ᠋ᠢᠨ ᠳᠠᠭ᠋ᠠᠭᠤᠯᠬᠤ ᠬᠡᠷᠡᠭᠲᠡᠢ᠃ ᠪᠢᠳᠡ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠣᠶ ᠪᠣᠯᠭ᠋ᠠᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠠᠮ ᠵᠶ᠋ᠠᠷ ᠡᠷᠡᠰ ᠭᠤᠶ᠋ᠢᠪᠢᠰᠢ ᠥᠬᠡᠶ ᠵᠠᠮᠨᠠᠵᠤ᠂ ᠣᠶ ᠰᠢᠭᠤᠶ ᠵᠢᠨ ᠲᠠᠯᠠᠪᠠᠶ ᠵᠢ ᠨᠡᠮᠡᠭᠳᠡᠭᠦᠯᠵᠦ᠂ ᠣᠶ ᠰᠢᠭᠤᠶ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠮᠢ ᠠᠬᠤᠶ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠵᠢ ᠰᠢᠩᠭᠡᠭᠡᠬᠦ ᠨᠡᠮᠡᠭᠳᠡᠯ᠎ᠤᠨ ᠬᠡᠮᠵᠢᠶ᠎ᠡ ᠵᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠨᠡᠭᠦᠷᠡᠰᠦᠲᠥ᠋ᠷᠥᠭᠴᠢ ᠵᠢ ᠭᠠᠳᠠᠬᠰᠢᠯᠠᠭᠤᠯᠬᠤ ᠵᠢ ᠣᠷᠭᠢᠯ ᠬᠡᠮᠵᠢᠭᠳᠡᠯ᠎ᠳᠤ ᠬᠦᠷᠭᠡᠬᠦ ᠨᠡᠬᠦᠷᠡᠰᠦᠳᠦ᠋ᠷᠦᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠂ ᠪᠥᠬᠦ ᠪᠥᠮᠪᠥᠷᠴᠡᠭ᠎ᠤᠨ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠬᠡᠨ ᠪᠠᠶ᠋ᠢᠭᠤᠯᠤᠯᠲᠠ᠎ᠨᠢ ᠬᠥᠮᠦᠨ ᠨᠢᠭᠡᠪᠦᠷᠢ ᠵᠢᠨ ᠴᠢᠷᠮᠠᠶ᠋ᠢᠯᠭ᠎ᠠ᠎ᠠᠴᠠ ᠰᠠᠯᠵᠤ ᠴᠢᠳᠠᠬᠤ ᠦᠬᠡᠢ ᠶᠤᠮ᠃ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ ᠪᠣᠯ ᠳᠠᠷᠤᠢ ᠡᠬᠡ ᠣᠷᠣᠨ᠎ᠤ᠎ᠪᠠᠨ ᠦᠵᠡᠰᠬᠦᠯᠡᠩᠲᠦ ᠰᠠᠶ᠋ᠢᠬᠠᠨ ᠠᠭᠤᠯᠠ ᠤᠰᠤ ᠵᠢ ᠴᠥᠮ ᠡᠷᠡᠭᠦᠯ ᠡᠰᠡᠨ ᠪᠠᠶ᠋ᠢᠯᠭ᠋ᠠᠵᠤ᠂ ᠳᠤᠮᠳᠠᠳᠤ ᠵᠢᠨ ᠦᠨᠳᠦᠰᠦᠲᠡᠨ᠎ᠢ ᠦᠶ᠎ᠡ ᠵᠢᠨ ᠦᠶ᠎ᠡ᠎ᠳᠡᠭᠡᠨ ᠡᠷᠡᠭᠦᠯ ᠮᠡᠨᠳᠦ ᠪᠠᠶ᠋ᠢᠯᠭ᠋ᠠᠬᠤ ᠶᠠᠪᠤᠳᠠᠯ ᠪᠣᠯᠤᠨ᠎ᠠ᠃ ᠪᠦᠬᠦ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠵᠢ ᠭᠦᠨᠵᠡᠭᠡᠢ ᠰᠠᠶ᠋ᠢᠲᠤᠷ ᠥᠷᠨᠢᠭᠦᠯᠵᠦ᠂ ᠪᠦᠬᠦ ᠤᠯᠤᠰ ᠵᠶ᠋ᠠᠷ ᠵᠶ᠋ᠠᠨ ᠳᠠᠶ᠋ᠢᠴᠢᠯᠠᠬᠤ᠂ ᠪᠦᠬᠦ ᠠᠷᠠᠳ ᠵᠶ᠋ᠠᠷ ᠵᠶ᠋ᠠᠨ ᠬᠥᠳᠡᠯᠦᠯᠴᠡᠬᠦ᠂ ᠪᠦᠬᠦ ᠨᠡᠶ᠋ᠢᠭᠡᠮ ᠵᠶ᠋ᠠᠷ ᠵᠶ᠋ᠠᠨ ᠣᠷᠣᠯᠴᠠᠬᠤ ᠵᠢ ᠪᠠᠷᠢᠮᠲᠠᠯᠠᠵᠤ᠂ ᠵᠣᠬᠢᠶᠠᠨ ᠪᠠᠶ᠋ᠢᠭᠤᠯᠤᠨ ᠳᠠᠶ᠋ᠢᠴᠢᠯᠠᠬᠤ ᠵᠢ ᠴᠢᠩᠭ᠋ᠠᠳᠬᠠᠵᠤ᠂ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠨᠡᠶ᠋ᠢᠭᠡᠮ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ ᠲᠦᠷᠦᠭᠦᠯᠡᠨ ᠮᠣᠳᠣ ᠲᠠᠷᠢᠬᠤ ᠡᠭᠦᠷᠭᠡ᠎ᠪᠠᠨ ᠭᠦᠢ᠍ᠴᠡᠳᠭᠡᠵᠦ᠂ ᠪᠣᠬᠢᠷᠲᠤᠯ ᠥᠬᠡᠶ ᠨᠡᠬᠦᠷᠡᠰᠦᠳᠦ᠋ᠷᠦᠭᠴᠢ ᠪᠠᠭ᠎ᠠ ᠭᠠᠳᠠᠬᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠦᠢ᠍ᠯᠡᠳᠦᠯᠭᠡᠵᠢᠭᠦᠯᠵᠦ᠂ ᠮᠠᠨ᠎ᠤ ᠳᠡᠯᠡᠬᠡᠶ ᠵᠢᠨ ᠪᠥᠮᠪᠥᠷᠴᠡᠭ᠎ᠤᠨ ᠬᠡᠷ ᠣᠷᠣᠨ ᠵᠶ᠋ᠠᠨ ᠰᠠᠶ᠋ᠢᠲᠤᠷ ᠬᠠᠮᠠᠭ᠋ᠠᠯᠠᠵᠤ᠂ ᠡᠬᠡ ᠤᠯᠤᠰ᠎ᠤᠨ ᠬᠥᠬᠡᠮᠳᠦᠭ ᠨᠣᠭᠤᠭ᠋ᠠᠨ ᠠᠭᠤᠯᠠ ᠤᠰᠤ ᠵᠢ ᠰᠠᠶ᠋ᠢᠲᠤᠷ ᠰᠠᠬᠢᠨ ᠬᠠᠮᠠᠭ᠋ᠠᠯᠠᠵᠤ᠂ ᠠᠷᠠᠳ ᠲᠦᠮᠡᠨ᠎ᠢ ᠴᠢᠨᠠᠷ ᠰᠠᠶ᠋ᠢᠲᠠᠶ ᠠᠮᠢᠳᠤᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠪᠡᠭᠡᠵᠢᠩ᠎ᠳᠤ ᠪᠠᠶ᠋ᠢᠭ᠎ᠠ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠲᠦᠷᠦ ᠵᠢᠨ ᠶᠠᠪᠤᠳᠠᠯ᠎ᠤᠨ ᠭᠡᠰᠢᠭᠦᠨ ᠨᠡᠷ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠵᠠᠢ᠃ (ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 2᠎ᠤᠨ ᠴᠠᠬᠢᠯᠭ᠋ᠠᠨ ᠮᠡᠳᠡᠭᠡ)