ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠭ᠋ᠸᠷᠮᠠᠨ᠎ᠤ ᠶᠡᠷᠦᠩᠭᠡᠢ ᠰᠠᠢ᠍ᠢ᠍ᠳ ᠮᠤᠺᠸᠷ᠎ᠲᠠᠢ ᠤᠳᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-04-08

      ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 7᠎ᠤ ᠴᠠᠬᠢᠯᠭ᠋ᠠᠨ ᠮᠡᠳᠡᠭᠡ ᠤᠯᠤᠰ᠎ᠤᠨ ᠲᠡᠷᠢᠬᠦᠯᠡᠭᠴᠢ ᠰᠢ ᠵᠢᠨ ᠫᠢᠩ 4 ᠰᠠᠷ᠎ᠠ ᠵᠢᠨ 7᠎ᠤ ᠡᠳᠦᠷ ᠪᠤᠯᠵᠤᠭ᠎ᠠ᠎ᠪᠠᠷ ᠭ᠋ᠸᠷᠮᠠᠨ᠎ᠤ ᠶᠡᠷᠦᠩᠭᠡᠢ ᠰᠠᠢ᠍ᠢ᠍ᠳ ᠮᠤᠺᠸᠷ᠎ᠲᠠᠢ ᠤᠳᠠᠰᠤ᠎ᠪᠠᠷ ᠶᠠᠷᠢᠯᠴᠠᠪᠠ᠃
      ᠰᠢ ᠵᠢᠨ ᠫᠢᠩ᠂ ᠨᠢᠳᠤᠨᠤᠨ ᠪᠢᠳᠠ ᠤᠯᠠᠨ ᠤᠳᠠᠭ᠎ᠠ ᠶᠠᠷᠢᠯᠴᠠᠨ ᠤᠯᠤᠯᠴᠠᠵᠦ᠂ ᠳᠤᠮᠳᠠᠳᠤ ᠭ᠋ᠸᠷᠮᠠᠨ᠂ ᠳᠤᠮᠳᠠᠳᠤ ᠡᠸᠦ᠋ᠷᠦᠫᠠ ᠵᠢᠨ ᠬᠠᠷᠢᠯᠴᠠᠭ᠋ᠠᠨ᠎ᠤ ᠬᠦᠭᠵᠢᠯᠳᠠ᠎ᠳᠤ ᠴᠢᠬᠤᠯᠠ ᠬᠦᠳᠦᠯᠦᠨ ᠳᠠᠭ᠋ᠠᠭᠤᠯᠬᠤ ᠦᠢ᠍ᠯᠡᠳᠦᠯ ᠦᠵᠡᠬᠦᠯᠵᠡᠢ᠃ ᠳᠤᠮᠳᠠᠳᠤ ᠭ᠋ᠸᠷᠮᠠᠨ᠂ ᠳᠤᠮᠳᠠᠳᠤ ᠡᠸᠦ᠋ᠷᠦᠫᠠ ᠵᠢᠨ ᠬᠠᠮᠳᠤᠷᠠᠯᠴᠠᠭ᠎ᠠ ᠵᠢ ᠴᠢᠩᠭ᠋ᠠᠳᠬᠠᠪᠠᠯ ᠤᠳᠬ᠎ᠠ ᠠᠭᠤᠯᠭ᠎ᠠ᠎ᠲᠠᠢ ᠲᠤᠮᠤ ᠶᠠᠪᠤᠳᠠᠯ᠎ᠢ ᠪᠦᠳᠦᠭᠡᠵᠦ ᠴᠢᠳᠠᠬᠤ ᠶᠤᠮ᠃ ᠭ᠋ᠸᠷᠮᠠᠨ᠎ᠤ ᠲᠠᠯ᠎ᠠ᠂ ᠡᠸᠦ᠋ᠷᠦᠫᠠ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠲᠠᠢ ᠬᠠᠮᠳᠤ᠎ᠪᠠᠷ ᠢᠳᠡᠪᠬᠢᠳᠠᠢ ᠴᠢᠷᠮᠠᠢ᠍ᠢ᠍ᠯᠭ᠎ᠠ ᠭᠠᠷᠭ᠋ᠠᠵᠦ᠂ ᠳᠤᠮᠳᠠᠳᠤ ᠭ᠋ᠸᠷᠮᠠᠨ᠂ ᠳᠤᠮᠳᠠᠳᠤ ᠡᠸᠦ᠋ᠷᠦᠫᠠ ᠵᠢᠨ ᠬᠠᠮᠳᠤᠷᠠᠯᠴᠠᠭ᠋ᠠᠨ᠎ᠤ ᠡᠷᠡᠬᠦᠯ ᠲᠤᠭᠳᠠᠭᠤᠨ ᠵᠶ᠋ᠠᠷ ᠬᠦᠭᠵᠢᠬᠦ ᠵᠢ ᠬᠠᠮᠠᠭ᠋ᠠᠯᠠᠨ ᠠᠬᠢᠭᠤᠯᠵᠦ᠂ ᠡᠨᠡ ᠬᠦ᠌ ᠬᠤᠪᠢᠷᠠᠯᠳᠠ ᠤᠯᠠᠨᠳᠠᠢ ᠳᠡᠯᠡᠭᠡᠢ ᠶᠢᠷᠳᠢᠨᠴᠦ᠎ᠳᠤ ᠨᠡᠩ ᠤᠯᠠᠨ ᠲᠤᠭᠳᠠᠭ᠋ᠠᠯᠳᠦ ᠴᠢᠨᠠᠷ ᠪᠠ ᠲᠤᠭᠳᠠᠪᠤᠷᠢᠳᠦ ᠴᠢᠨᠠᠷ ᠨᠡᠮᠡᠷᠢᠯᠡᠬᠦ ᠵᠢ ᠬᠦᠰᠡᠵᠦ ᠪᠠᠢ᠍ᠢ᠍ᠨ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠭ᠋ᠸᠷᠮᠠᠨ ᠪᠤᠳᠠᠳᠠᠢ ᠵᠢ ᠡᠷᠬᠢᠮᠯᠡᠨ ᠬᠠᠮᠳᠤᠷᠠᠯᠴᠠᠵᠦ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠢ᠍ᠢ᠍ᠳᠠᠯ᠎ᠤᠨ ᠨᠦᠯᠦᠭᠡ ᠪᠠ ᠪᠤᠰᠤᠳ ᠬᠠᠷᠰᠢᠯᠠᠯ ᠨᠦᠯᠦᠭᠡᠯᠡᠯ᠎ᠢ ᠢᠯᠠᠨ ᠲᠠᠪᠠᠵᠤ᠂ ᠲᠤᠭᠳᠠᠭᠤᠨ᠎ᠤ ᠳᠤᠮᠳᠠ ᠤᠷᠤᠬᠰᠢᠯᠠᠨ ᠲᠠᠪᠰᠢᠵᠦ᠂ ᠳᠤᠮᠳᠠᠳᠤ ᠤᠯᠤᠰ 5 ᠵᠢᠯ ᠳᠠᠷᠠᠭ᠋ᠠᠯᠠᠨ ᠭ᠋ᠸᠷᠮᠠᠨ᠎ᠤ ᠪᠦᠬᠦ ᠪᠦᠮᠪᠦᠷᠴᠡᠭ᠎ᠤᠨ ᠬᠠᠮᠤᠭ᠎ᠤᠨ ᠲᠤᠮᠤ ᠠᠷᠠᠯᠵᠢᠶᠠᠨ᠎ᠤ ᠬᠠᠨᠢᠳᠠᠨ ᠪᠤᠯᠪᠠ᠂ ᠡᠨᠡ᠎ᠨᠢ ᠳᠤᠮᠳᠠᠳᠤ ᠭ᠋ᠸᠷᠮᠠᠨ᠎ᠤ ᠬᠠᠮᠳᠤᠷᠠᠯᠴᠠᠭ᠎ᠠ ᠵᠢᠨ ᠤᠶᠠᠨ ᠬᠠᠳᠠᠨ ᠴᠢᠨᠠᠷ ᠪᠠ ᠲᠠᠯᠲᠠ ᠬᠦᠴᠦᠨ᠎ᠢ ᠬᠠᠷᠠᠭᠤᠯᠵᠤ ᠪᠠᠢ᠍ᠢ᠍ᠨ᠎ᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠭᠡᠬᠦ᠂ ᠬᠠᠷᠢᠯᠴᠠᠨ ᠠᠰᠢᠬᠳᠠᠢ ᠬᠠᠮᠳᠤ᠎ᠪᠠᠷ ᠠᠰᠢᠬ ᠬᠦᠷᠳᠡᠬᠦ ᠵᠤᠷᠢᠭ ᠰᠠᠨᠠᠭ᠎ᠠ᠎ᠪᠠᠷ ᠳᠤᠮᠳᠠᠳᠤ ᠭ᠋ᠸᠷᠮᠠᠨ᠎ᠤ ᠡᠯ᠎ᠠ ᠬᠦᠷᠢᠶᠡᠨ᠎ᠳᠠᠬᠢ ᠬᠠᠮᠳᠤᠷᠠᠯᠴᠠᠭ᠎ᠠ ᠵᠢ ᠨᠢᠭᠡᠳᠦᠯᠳᠠᠢ ᠲᠦᠯᠦᠪᠵᠢᠬᠦᠯᠦᠨ ᠠᠬᠢᠭᠤᠯᠬᠤ ᠵᠢ ᠬᠦᠰᠡᠵᠦ ᠪᠠᠢ᠍ᠢ᠍ᠨ᠎ᠠ᠂ ᠡᠨᠡ᠎ᠨᠢ ᠳᠤᠮᠳᠠᠳᠤ ᠡᠸᠦ᠋ᠷᠦᠫᠠ ᠵᠢᠨ ᠬᠠᠮᠳᠤᠷᠠᠯᠴᠠᠭ᠎ᠠ ᠪᠤᠯᠤᠨ ᠳᠡᠯᠡᠭᠡᠢ ᠵᠢᠨ ᠠᠵᠤ ᠠᠬᠤᠢ ᠵᠢᠨ ᠰᠡᠷᠬᠦᠯᠳᠠ᠎ᠳᠤ ᠢᠳᠡᠭᠡᠯ ᠪᠠ ᠬᠦᠳᠡᠯᠭᠡᠬᠦ ᠬᠦᠴᠦᠨ ᠨᠡᠮᠡᠷᠢᠯᠡᠬᠦ ᠶᠤᠮ᠃ ᠳᠤᠮᠳᠠᠳᠤ ᠤᠯᠤᠰ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠪᠠᠢ᠍ᠢ᠍ᠭᠤᠯᠵᠦ ᠪᠤᠢ᠂ ᠦᠪᠡᠷ᠎ᠤᠨ ᠬᠦᠴᠦᠨ᠎ᠳᠡᠭᠡᠨ ᠲᠦᠰᠢᠭᠯᠡᠨ ᠬᠦᠭᠵᠢᠬᠦ ᠵᠢᠨ ᠵᠡᠷᠭᠡ᠎ᠪᠠᠷ ᠭᠠᠳᠠᠭ᠋ᠠᠳᠦ᠎ᠳᠤ ᠨᠡᠭᠡᠭᠡᠯᠳᠠ ᠬᠢᠬᠦ ᠵᠢ ᠪᠠᠷᠢᠮᠳᠠᠯᠠᠵᠦ᠂ ᠤᠯᠠᠨ ᠤᠯᠤᠰ᠎ᠤᠨ ᠠᠵᠢᠯ᠎ᠤᠨ ᠬᠤᠪᠢᠶᠠᠷᠢᠯᠠᠯᠲᠠ ᠪᠠ ᠬᠠᠮᠳᠤᠷᠠᠯᠴᠠᠭ᠎ᠠ᠎ᠳᠤ ᠢᠳᠡᠪᠬᠢᠳᠠᠢ ᠤᠷᠤᠯᠴᠠᠨ᠎ᠠ᠃ ᠳᠤᠮᠳᠠᠳᠤ ᠵᠢᠨ ᠲᠠᠯ᠎ᠠ ᠳᠤᠷᠠᠳᠠᠶ᠎ᠠ ᠭ᠋ᠸᠷᠮᠠᠨ᠎ᠤ ᠠᠵᠤ ᠠᠬᠤᠢ᠍ᠢ᠍ᠯᠠᠯ᠎ᠢ ᠪᠠᠬᠳᠠᠭ᠋ᠠᠭᠰᠠᠨ ᠡᠯ᠎ᠠ ᠤᠯᠤᠰ᠎ᠤᠨ ᠠᠵᠤ ᠠᠬᠤᠢ᠍ᠢ᠍ᠯᠠᠯ᠎ᠯᠤᠭ᠎ᠠ ᠳᠤᠮᠳᠠᠳᠤ ᠤᠯᠤᠰ᠎ᠤᠨ ᠰᠢᠨ᠎ᠠ ᠨᠢᠭᠡ ᠡᠭᠡᠯᠵᠢ ᠵᠢᠨ ᠨᠡᠭᠡᠭᠡᠯᠳᠠᠳᠦ ᠬᠦᠭᠵᠢᠯᠳᠠ ᠵᠢᠨ ᠠᠪᠴᠢᠷᠠᠭᠰᠠᠨ ᠠᠵᠠ ᠲᠤᠬᠢᠶᠠᠯ᠎ᠢ ᠬᠠᠮᠳᠤ᠎ᠪᠠᠷ ᠡᠳ᠋ᠯᠡᠨ᠎ᠠ᠃ ᠭ᠋ᠸᠷᠮᠠᠨ᠎ᠤ ᠲᠠᠯ᠎ᠠ ᠵᠢᠨ᠎ᠬᠢᠨ ᠨᠡᠭᠡᠭᠡᠯᠳᠡᠳᠦ ᠪᠠᠢ᠍ᠢ᠍ᠳᠠᠯ ᠵᠶ᠋ᠠᠨ ᠪᠠᠳᠤᠯᠠᠵᠦ᠂ ᠬᠤᠶᠠᠷ ᠤᠯᠤᠰ᠎ᠤᠨ ᠠᠵᠤ ᠠᠬᠤᠢ᠍ᠢ᠍ᠯᠠᠯ᠎ᠤᠨ ᠬᠠᠷᠢᠯᠴᠠᠨ ᠠᠰᠢᠬᠳᠠᠢ ᠬᠠᠮᠳᠤᠷᠠᠯᠴᠠᠭ᠎ᠠ ᠵᠢ ᠦᠷᠭᠡᠳᠭᠡᠬᠦ᠎ᠳᠤ ᠨᠡᠩ ᠤᠯᠠᠨ ᠠᠰᠢᠬᠳᠠᠢ ᠨᠦᠬᠦᠴᠡᠯ ᠬᠠᠩᠭ᠋ᠠᠬᠤ ᠵᠢ ᠬᠦᠰᠡᠵᠦ ᠪᠠᠢ᠍ᠢ᠍ᠨ᠎ᠠ᠃ ᠬᠤᠶᠠᠷ ᠲᠠᠯ᠎ᠠ᠎ᠪᠠᠷ ᠵᠶ᠋ᠠᠨ ᠳᠠᠷᠠᠭ᠎ᠠ ᠵᠢᠯ᠎ᠤᠨ ᠳᠤᠮᠳᠠᠳᠤ ᠭ᠋ᠸᠷᠮᠨᠨ᠎ᠤ ᠬᠠᠷᠢᠯᠴᠠᠭ᠎ᠠ ᠪᠠᠢ᠍ᠢ᠍ᠭᠤᠯᠤᠭᠰᠠᠨ 50 ᠵᠢᠯ᠎ᠤᠨ ᠤᠢ ᠪᠤᠯᠤᠨ ᠪᠡᠭᠡᠵᠢᠩ᠎ᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭ᠋ᠠᠨ ᠵᠶ᠋ᠠᠷ ᠠᠵᠠ ᠲᠤᠬᠢᠶᠠᠯ ᠪᠤᠯᠭ᠋ᠠᠵᠦ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠂ ᠰᠤᠷᠭ᠋ᠠᠨ ᠬᠦᠮᠦᠵᠢᠯ᠂ ᠪᠡᠶ᠎ᠠ ᠵᠢᠨ ᠲᠠᠮᠢᠷ ᠵᠡᠷᠭᠡ ᠬᠦᠷᠢᠶᠡᠨ᠎ᠳᠠᠬᠢ ᠰᠤᠯᠢᠯᠴᠠᠭ᠎ᠠ ᠵᠢ ᠠᠬᠢᠭᠤᠯᠤᠶ᠎ᠠ ᠭᠡᠵᠦ ᠵᠢᠭ᠋ᠠᠵᠦ ᠭᠠᠷᠭ᠋ᠠᠵᠠᠢ᠃
      ᠰᠢ ᠵᠢᠨ ᠫᠢᠩ᠂ ᠤᠳᠤᠬᠠᠨ᠎ᠳᠤ ᠳᠤᠮᠳᠠᠳᠤ ᠡᠸᠦ᠋ᠷᠦᠫᠠ ᠵᠢᠨ ᠬᠠᠷᠢᠯᠴᠠᠭ᠎ᠠ ᠰᠢᠨ᠎ᠠ ᠬᠦᠭᠵᠢᠯᠳᠠ ᠵᠢᠨ ᠠᠵᠠ ᠲᠤᠬᠢᠶᠠᠯ᠎ᠳᠤ ᠤᠴᠠᠷᠠᠵᠦ ᠪᠤᠢ᠂ ᠪᠠᠰᠠ ᠡᠯ᠎ᠠ ᠵᠦᠢ᠍ᠯ᠎ᠤᠨ ᠦᠷᠢᠰᠦᠯᠳᠦᠭᠡᠨ᠎ᠳᠤ ᠤᠴᠠᠷᠠᠵᠦ ᠪᠠᠢ᠍ᠢ᠍ᠨ᠎ᠠ᠃ ᠵᠠᠩᠬᠢᠯᠠᠭ᠎ᠠ᠎ᠨᠢ ᠪᠠᠢ᠍ᠢ᠍ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠳᠤᠮᠳᠠᠳᠤ ᠡᠸᠦ᠋ᠷᠦᠫᠠ ᠵᠢᠨ ᠬᠠᠷᠢᠯᠴᠠᠭ᠋ᠠᠨ᠎ᠤ ᠬᠦᠭᠵᠢᠯᠳᠠ ᠵᠢᠨ ᠶᠡᠭᠡ ᠴᠢᠭᠯᠡᠯ ᠪᠠ ᠭᠤᠤᠯ ᠬᠦᠭ ᠠᠶᠠᠰ᠎ᠢ ᠪᠠᠳᠤ ᠡᠵᠡᠮᠳᠡᠵᠦ᠂ ᠬᠠᠷᠢᠯᠴᠠᠨ ᠬᠦᠨᠳᠦᠳᠭᠡᠨ ᠬᠠᠷᠰᠢᠯᠠᠯ᠎ᠢ ᠠᠷᠢᠯᠭ᠋ᠠᠬᠤ᠎ᠳᠤ ᠪᠠᠢ᠍ᠢ᠍ᠨ᠎ᠠ᠃ ᠲᠤᠮᠳᠠᠳᠤ ᠤᠯᠤᠰ᠎ᠤᠨ ᠬᠦᠭᠵᠢᠯᠳᠠ᠎ᠨᠢ ᠡᠸᠦ᠋ᠷᠤᠫᠠ ᠲᠢᠪ᠎ᠤᠨ ᠤᠯᠤᠰ᠎ᠤᠳ᠎ᠤᠨ ᠬᠤᠯᠪᠤᠭ᠎ᠡ᠎ᠳᠤ ᠠᠪᠴᠤ ᠬᠡᠯᠡᠪᠡᠯ ᠠᠵᠠ ᠲᠤᠬᠢᠶᠠᠯ ᠪᠤᠯᠬᠤ ᠶᠤᠮ᠂ ᠡᠸᠦ᠋ᠷᠤᠫᠠ ᠲᠢᠪ᠎ᠤᠨ ᠤᠯᠤᠰ᠎ᠤᠳ᠎ᠤᠨ ᠬᠤᠯᠪᠤᠭ᠎ᠡ ᠵᠢᠨ᠎ᠬᠢᠨ ᠪᠠᠶ᠎ᠡ᠎ᠪᠠᠨ ᠲᠠᠭ᠋ᠠᠭ᠋ᠠᠨ ᠵᠦᠪ ᠮᠠᠭ᠋ᠠᠳᠯᠠᠯᠳᠠ ᠬᠢᠵᠤ᠂ ᠪᠠᠢ᠍ᠢ᠍ᠯᠳᠤᠬᠤ ᠪᠤᠳᠤᠯᠭ᠎ᠡ ᠵᠢᠨ ᠲᠠᠯ᠎ᠠ᠎ᠪᠠᠷ ᠪᠠᠶ᠎ᠡ᠎ᠪᠠᠨ ᠲᠠᠭ᠋ᠠᠭ᠋ᠠᠬᠤ ᠵᠢ ᠦᠨᠡᠨ ᠬᠦ᠌ ᠪᠠᠶᠠᠯᠡᠬᠦᠯᠬᠦ ᠵᠢ ᠬᠦᠰᠡᠵᠤ ᠪᠠᠢ᠍ᠢ᠍ᠨ᠎ᠡ᠃ ᠲᠤᠮᠳᠠᠳᠤ ᠤᠯᠤᠰ ᠲᠤᠷᠠᠳᠠᠶ᠎ᠡ ᠡᠸᠦ᠋ᠷᠤᠫᠠ ᠵᠢᠨ ᠲᠠᠯ᠎ᠠ᠎ᠲᠠᠢ ᠬᠠᠮᠳᠤ᠎ᠪᠠᠷ ᠴᠢᠷᠮᠠᠢ᠍ᠢ᠍ᠵᠤ᠂ ᠲᠠᠷᠠᠭ᠋ᠠᠴᠢ ᠵᠢᠨ ᠱᠠᠳᠤᠨ᠎ᠤ ᠠᠯᠢ ᠤᠯᠠᠨ ᠴᠢᠬᠤᠯᠠ ᠤᠯᠤᠰ ᠲᠦᠷᠦ ᠵᠢᠨ ᠵᠦᠪᠯᠡᠬᠦ ᠵᠦᠢ᠍ᠯ᠎ᠢ ᠵᠦᠪᠳᠡᠯᠴᠡᠨ ᠰᠠᠢ᠍ᠢ᠍ᠳᠤᠷ ᠰᠢᠢ᠍ᠳᠪᠤᠷᠢᠯᠡᠵᠤ᠂ ᠡᠯ᠎ᠡ ᠬᠦᠷᠢᠶᠠᠨ᠎ᠤ ᠪᠤᠳᠠᠳᠠᠢ ᠵᠢ ᠡᠷᠬᠢᠮᠯᠡᠭᠰᠡᠨ ᠬᠠᠮᠳᠤᠷᠠᠯᠴᠠᠭ᠎ᠡ ᠵᠢ ᠬᠦᠨᠵᠡᠭᠡᠢ᠍ᠢ᠍ᠷᠠᠬᠦᠯᠤᠨ ᠦᠷᠭᠡᠳᠭᠡᠵᠤ᠂ ᠠᠭᠤᠷ ᠠᠮᠢᠰᠬᠤᠯ᠎ᠤᠨ ᠬᠤᠪᠢᠷᠠᠯᠳᠠ ᠵᠡᠷᠭᠡ ᠪᠦᠬᠦ ᠪᠦᠮᠪᠦᠷᠴᠡᠭ᠎ᠤᠨ ᠵᠠᠰᠠᠯᠳᠠ ᠵᠢᠨ ᠠᠰᠠᠭᠤᠳᠠᠯ᠎ᠤᠨ ᠲᠠᠯ᠎ᠠ᠎ᠪᠠᠷ᠎ᠬᠢ ᠤᠯᠤᠯᠴᠠᠭ᠎ᠡ᠎ᠪᠠᠨ ᠴᠢᠨᠭ᠌ᠭ᠋ᠠᠳᠬᠠᠵᠤ᠂ ᠤᠯᠠᠨ ᠲᠠᠯᠠᠳᠤ ᠦᠵᠡᠯ᠎ᠢ ᠬᠠᠮᠳᠤ᠎ᠪᠠᠷ ᠦᠢ᠍ᠯᠡᠳᠤᠯᠭᠡᠵᠢᠬᠦᠯᠤᠨ᠎ᠡ ᠭᠡᠵᠤ ᠴᠢᠬᠤᠯᠠᠴᠢᠯᠠᠪᠠ᠃
      ᠰᠢ ᠵᠢᠨ ᠫᠢᠩ᠂ ᠸᠠᠺᠼᠢᠨ᠎ᠢ ᠪᠤᠯ ᠡᠪᠡᠳᠴᠢᠨ ᠬᠢᠵᠢᠭ᠎ᠢ ᠰᠡᠷᠭᠡᠢ᠍ᠢ᠍ᠯᠡᠵᠤ ᠬᠦᠮᠤᠨ᠎ᠤ ᠠᠮᠢ ᠨᠠᠰᠤ ᠵᠢ ᠠᠪᠤᠷᠠᠬᠤ᠎ᠳᠤ ᠭᠡᠷᠡᠭᠯᠡᠳᠡᠭ ᠶᠤᠮ᠂ ᠲᠤᠮᠳᠠᠳᠤ ᠤᠯᠤᠰ ᠸᠠᠺᠼᠢᠨ᠎ᠢ ᠤᠯᠤᠰ ᠲᠦᠷᠦᠴᠢᠯᠡᠬᠦ ᠪᠤᠶᠤ 《ᠸᠠᠺᠼᠢᠨ᠎ᠤ ᠦᠨᠳᠤᠰᠤᠳᠡᠨ᠎ᠤ ᠦᠵᠡᠯ》 ᠭᠠᠷᠭ᠋ᠠᠬᠤ ᠵᠢ ᠡᠰᠡᠷᠬᠦᠴᠡᠨ᠎ᠡ᠂ ᠲᠤᠷᠠᠳᠠᠶ᠎ᠡ ᠭ᠋ᠸᠷᠮᠠᠨ᠎ᠢ ᠪᠠᠬᠳᠠᠭ᠋ᠠᠬᠰᠡᠨ ᠲᠡᠯᠡᠭᠡᠢ ᠨᠡᠢ᠍ᠢ᠍ᠭᠡᠮ᠎ᠤᠨ᠎ᠬᠢᠨ᠎ᠲᠠᠢ ᠬᠠᠮᠳᠤ᠎ᠪᠠᠷ ᠸᠠᠺᠼᠢᠨ᠎ᠢ ᠲᠦᠪ ᠭᠤᠤᠯᠴᠢ ᠵᠦᠢ ᠵᠤᠬᠢᠰᠳᠠᠢ ᠬᠤᠪᠢᠶᠠᠷᠢᠯᠠᠬᠤ ᠵᠢ ᠠᠬᠢᠭᠤᠯᠵᠤ᠂ ᠦᠷᠭᠡᠨ ᠤᠯᠠᠨ ᠬᠦᠭᠵᠢᠵᠤ ᠪᠠᠢ᠍ᠢ᠍ᠭ᠎ᠡ ᠤᠯᠤᠰ᠎ᠲᠤ ᠸᠠᠺᠼᠢᠨ ᠤᠯᠭᠤᠬᠤ ᠵᠢ ᠬᠠᠪᠰᠤᠷᠤᠨ ᠲᠠᠮᠵᠢᠵᠤ᠂ ᠬᠦᠮᠦᠨ ᠲᠦᠷᠦᠯᠬᠢᠳᠠᠨ ᠬᠠᠮᠳᠤ᠎ᠪᠠᠷ ᠡᠷᠳᠡ ᠨᠢᠬᠡᠨ ᠡᠳᠤᠷ ᠬᠢᠵᠢᠭ᠎ᠢ ᠢᠯᠠᠬᠤ᠎ᠳᠤ ᠬᠤᠪᠢ ᠨᠠᠮᠠᠷᠢ᠎ᠪᠠᠨ ᠦᠵᠡᠬᠦᠯᠤᠨ᠎ᠡ ᠭᠡᠵᠤ ᠵᠢᠭ᠋ᠠᠵᠤ ᠭᠠᠷᠭ᠋ᠠᠪᠠ᠃
      ᠮᠤᠺᠸᠷ᠂ ᠡᠸᠦ᠋ᠷᠤᠫᠠ ᠵᠢᠨ᠎ᠬᠢᠨ ᠭᠠᠳᠠᠭ᠋ᠠᠳᠤ ᠬᠠᠷᠢᠯᠴᠠᠭ᠎ᠡ ᠵᠢᠨ ᠲᠠᠯ᠎ᠡ᠎ᠪᠠᠷ ᠡᠵᠡᠨ ᠮᠡᠳᠡᠬᠦ ᠵᠢ ᠪᠠᠷᠢᠮᠳᠠᠯᠠᠵᠤ ᠪᠠᠢ᠍ᠢ᠍ᠨ᠎ᠡ᠃ ᠤᠳᠤᠬᠠᠨ᠎ᠤ ᠲᠠᠯᠠᠭᠡᠢ ᠶᠢᠷᠳᠢᠨᠴᠤ ᠮᠠᠰᠢ ᠤᠯᠠᠨ ᠠᠰᠠᠭᠤᠳᠠᠯ ᠪᠠ ᠦᠷᠢᠰᠦᠯᠳᠤᠭᠡᠨ᠎ᠳᠤ ᠲᠤᠯᠭ᠋ᠠᠷᠠᠵᠤ᠂ ᠭ᠋ᠸᠷᠮᠠᠨ ᠲᠤᠮᠳᠠᠳᠤ᠂ ᠡᠸᠦ᠋ᠷᠤᠫᠠ ᠲᠤᠮᠳᠠᠳᠤ ᠵᠢᠨ ᠬᠠᠮᠳᠤᠷᠠᠯᠴᠠᠨ ᠠᠷᠭ᠋ᠠᠴᠠᠭ᠋ᠠᠬᠤ ᠵᠢ ᠨᠡᠩ ᠢᠯᠡᠬᠦᠤ ᠱᠠᠭ᠋ᠠᠷᠳᠠᠵᠤ ᠪᠠᠢ᠍ᠢ᠍ᠨ᠎ᠡ᠃ ᠡᠸᠦ᠋ᠷᠤᠫᠠ ᠲᠤᠮᠳᠠᠳᠤ ᠶᠠᠷᠢᠯᠴᠠᠭ᠎ᠡ ᠬᠠᠮᠳᠤᠷᠠᠯᠴᠠᠭ᠎ᠡ᠎ᠪᠠᠨ ᠴᠢᠨᠭ᠌ᠭ᠋ᠠᠳᠬᠠᠬᠤ᠎ᠨᠢ ᠬᠤᠶᠠᠷ ᠲᠠᠯ᠎ᠡ ᠵᠢᠨ ᠠᠰᠢᠭ ᠲᠤᠰᠠ᠎ᠲᠠᠢ ᠨᠠᠢ᠍ᠢ᠍ᠴᠡᠬᠦ ᠪᠦᠭᠡᠳ ᠪᠠᠰᠠ ᠲᠠᠯᠠᠭᠡᠢ ᠶᠢᠷᠳᠢᠨᠴᠦ᠎ᠳᠤ ᠠᠰᠢᠬ᠎ᠲᠠᠢ ᠶᠤᠮ᠂ ᠭ᠋ᠸᠷᠮᠠᠨ᠎ᠤ ᠲᠠᠯ᠎ᠠ ᠵᠢᠨ᠎ᠬᠢᠨ ᠲᠤᠷᠠᠳᠠᠶ᠎ᠡ ᠡᠬᠦᠨ᠎ᠳᠤ ᠢᠳᠡᠪᠬᠢᠳᠠᠢ ᠦᠢ᠍ᠯᠡᠳᠤᠯ ᠥᠵᠡᠬᠥᠯᠤᠨ᠎ᠠ᠃ ᠭ᠋ᠸᠷᠮᠠᠨ᠎ᠤ ᠲᠠᠯ᠎ᠠ ᠵᠢᠨ᠎ᠬᠢᠨ ᠲᠤᠮᠳᠠᠳᠤ ᠤᠯᠤᠰ᠎ᠤᠨ 《ᠠᠷᠪᠡᠨ ᠲᠦᠷᠪᠠᠳᠤᠭᠡᠷ ᠲᠠᠪᠤᠨ ᠵᠢᠯ》᠎ᠤᠨ ᠲᠦᠯᠦᠪᠵᠢᠬᠦᠯᠭᠡ ᠵᠢ ᠴᠢᠬᠤᠯᠠᠴᠢᠯᠠᠨ ᠦᠵᠡᠵᠤ ᠪᠠᠢ᠍ᠢ᠍ᠨ᠎ᠡ᠂ ᠡᠨᠡ ᠬᠦ᠌ ᠲᠦᠯᠦᠪᠵᠢᠬᠦᠯᠭᠡ᠎ᠨᠢ ᠭ᠋ᠸᠷᠮᠠᠨ ᠲᠤᠮᠳᠠᠳᠤ᠂ ᠡᠸᠦ᠋ᠷᠤᠫᠠ ᠲᠤᠮᠳᠠᠳᠤ ᠵᠢᠨ ᠬᠠᠮᠳᠤᠷᠠᠯᠴᠠᠭ᠎ᠡ᠎ᠳᠤ ᠴᠢᠬᠤᠯᠠ ᠰᠢᠨ᠎ᠡ ᠲᠤᠬᠢᠶᠠᠯ ᠠᠪᠴᠢᠷᠠᠬᠤ ᠵᠢ ᠬᠦᠰᠡᠵᠤ ᠪᠠᠢ᠍ᠢ᠍ᠨ᠎ᠡ᠃ ᠭ᠋ᠸᠷᠮᠨᠨ᠎ᠤ ᠲᠠᠯ᠎ᠠ ᠵᠢᠨ᠎ᠬᠢᠨ ᠲᠤᠷᠠᠳᠠᠶ᠎ᠡ ᠲᠤᠮᠳᠠᠳᠤ ᠵᠢᠨ ᠲᠠᠯ᠎ᠠ᠎ᠲᠠᠢ ᠬᠠᠮᠳᠤ᠎ᠪᠠᠷ ᠰᠢᠨ᠎ᠡ ᠨᠢᠭᠡ ᠡᠭᠡᠯᠵᠢ ᠵᠢᠨ ᠭ᠋ᠸᠷᠮᠠᠨ ᠲᠤᠮᠳᠠᠳᠤ ᠵᠢᠨ ᠵᠠᠰᠠᠭ᠎ᠤᠨ ᠤᠷᠳᠤᠨ᠎ᠤ ᠵᠦᠪᠳᠡᠯᠴᠡᠭᠡ ᠵᠢ ᠰᠠᠢ᠍ᠢ᠍ᠳᠤᠷ ᠪᠡᠯᠡᠳᠭᠡᠵᠤ᠂ ᠬᠦᠮᠦᠨ ᠬᠠᠷ᠎ᠡ ᠵᠢᠨ ᠶᠠᠪᠤᠯᠴᠠᠭ᠎ᠡ ᠵᠢ ᠲᠦᠷᠭᠡᠬᠡᠨ ᠰᠡᠷᠬᠦᠭᠡᠵᠤ᠂ ᠬᠢᠵᠢᠭ᠎ᠲᠠᠢ ᠲᠡᠮᠡᠴᠡᠬᠦ᠂ ᠠᠭᠤᠷ ᠠᠮᠢᠰᠬᠤᠯ᠎ᠤᠨ ᠬᠤᠪᠢᠷᠠᠯᠳᠠ᠂ ᠠᠮᠢᠳᠤ ᠪᠤᠳᠠᠰ᠎ᠤᠨ ᠤᠯᠠᠨ ᠶᠠᠨᠭ᠌ᠵᠤᠳᠤ ᠴᠢᠨᠠᠷ ᠵᠡᠷᠭᠡ ᠬᠦᠷᠢᠶᠠᠨ᠎ᠤ ᠰᠤᠯᠢᠯᠴᠠᠭ᠎ᠡ ᠬᠠᠮᠳᠤᠷᠠᠯᠴᠠᠭ᠎ᠡ ᠵᠢ ᠴᠢᠨᠭ᠌ᠭ᠋ᠠᠳᠬᠠᠨ᠎ᠡ᠂ ᠸᠠᠺᠼᠢᠨ᠎ᠢ ᠲᠦᠪ ᠭᠤᠤᠯᠴᠢ᠎ᠪᠠᠷ ᠬᠤᠪᠢᠶᠠᠷᠢᠯᠠᠬᠤ᠂ ᠬᠠᠷᠢᠯᠴᠠᠨ ᠨᠤᠳᠠᠯᠠᠨ ᠭᠡᠷᠡᠴᠢᠯᠡᠭᠦ ᠵᠡᠷᠭᠡ ᠠᠰᠠᠭᠤᠳᠠᠯ᠎ᠤᠨ ᠲᠤᠬᠠᠢ ᠲᠤᠮᠳᠠᠳᠤ ᠤᠯᠤᠰ᠎ᠯᠤᠭ᠎ᠠ ᠤᠯᠤᠯᠴᠠᠭ᠎ᠡ᠎ᠪᠠᠨ ᠪᠠᠳᠤᠯᠠᠬᠤ ᠵᠢ ᠬᠦᠰᠡᠵᠤ ᠪᠠᠢ᠍ᠢ᠍ᠨ᠎ᠡ᠃ ᠭ᠋ᠸᠷᠮᠠᠨ᠎ᠤ ᠲᠠᠯ᠎ᠠ ᠵᠢᠨ᠎ᠬᠢᠨ ᠲᠤᠷᠠᠳᠠᠶ᠎ᠡ ᠺᠦᠨᠮᠢᠩ᠎ᠤᠨ ᠠᠮᠢᠳᠤ ᠪᠤᠳᠠᠰ᠎ᠤᠨ ᠤᠯᠠᠨ ᠶᠠᠨᠭ᠌ᠵᠤᠳᠤ ᠴᠢᠨᠠᠷ᠎ᠤᠨ ᠶᠡᠭᠡ ᠬᠤᠷᠠᠯ᠎ᠤᠨ ᠠᠮᠵᠢᠯᠳᠠ ᠤᠯᠬᠤ᠎ᠳᠤ ᠬᠤᠪᠢ ᠨᠠᠮᠠᠷᠢ᠎ᠪᠠᠨ ᠦᠵᠡᠬᠦᠯᠤᠨ᠎ᠡ ᠭᠡᠵᠤ ᠢᠯᠡᠳᠭᠡᠪᠡ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠰᠦᠯᠵᠢᠶᠡᠨ᠎ᠤ ᠬᠤᠷᠳᠤᠴᠠ ᠵᠢ ᠦᠷᠭᠦᠯᠵᠢᠯᠡᠨ ᠳᠡᠭᠡᠭᠰᠢᠯᠡᠭᠦᠯᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠴᠡᠭ ᠲᠤᠭᠳᠠᠭ᠋ᠠᠨ ᠬᠠᠪᠰᠤᠷᠤᠨ ᠳᠡᠳᠬᠦᠬᠦ ᠠᠵᠢᠯ᠎ᠢ ᠬᠦᠨᠵᠡᠭᠡᠢ᠍ᠢ᠍ᠷᠡᠬᠦᠯᠬᠦ ᠲᠤᠬᠠᠢ ᠴᠢᠬᠤᠯᠠ ᠵᠢᠭ᠋ᠠᠪᠤᠷᠢ ᠦᠭᠴᠦ ᠴᠢᠬᠤᠯᠠᠴᠢᠯᠠᠬᠰᠠᠨ᠎ᠨᠢ ᠪᠠᠢ᠍ᠢ᠍ᠳᠠᠯ ᠡᠬᠦᠷᠭᠡ ᠵᠢᠨ ᠬᠤᠪᠢᠷᠠᠯᠳᠠ᠎ᠳᠤ ᠵᠤᠬᠢᠴᠠᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠬᠰᠠᠨ ᠵᠤᠷᠢᠭ ᠰᠠᠨᠠᠭ᠎ᠠ ᠵᠢ ᠪᠠᠳᠠᠷᠠᠭᠤᠯᠵᠤ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠤᠳᠤᠬᠢᠴᠢᠯᠠᠯᠳᠠ ᠵᠢ ᠲᠦᠷᠭᠡᠳᠭᠡᠨ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠭᠡᠷᠡᠭᠲᠡᠢ
ᠰᠢ ᠵᠢᠨ ᠫᠢᠩ ᠴᠠᠬᠢᠯᠭ᠋ᠠᠨ ᠬᠤᠯᠪᠤᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ ᠴᠣᠬᠢᠯᠲᠠ ᠥᠭᠭᠦ ᠤᠷᠢᠳᠴᠢᠯᠡᠨ ᠰᠡᠷᠭᠡᠶ᠋ᠢᠯᠡᠬᠦ ᠬᠠᠮᠢᠶᠡᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠶ᠋ᠢᠳᠠᠯ᠎ᠢ ᠡᠷᠡᠰ ᠬᠣᠷᠢᠬᠯᠠᠬᠤ ᠭᠡᠷᠡᠭᠳᠠᠢ ᠯᠢ ᠺᠸ ᠴᠢᠶᠠᠩ ᠴᠣᠬᠣᠯᠠᠪᠤᠷᠢ ᠥᠭᠴᠡᠢ
ᠰᠢ ᠵᠢᠨ ᠫᠢᠩ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠠᠵᠢᠯ᠎ᠳᠤ ᠴᠢᠬᠤᠯᠠ ᠵᠢᠭ᠋ᠠᠪᠤᠷᠢ ᠦᠭᠴᠦ ᠴᠢᠬᠤᠯᠠᠴᠢᠯᠠᠬᠰᠠᠨ᠎ᠨᠢ ᠤᠳᠤ ᠦᠶ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ᠎ᠤᠨ ᠰᠢᠰᠲ᠋ᠧᠮ᠎ᠢ ᠲᠦᠷᠭᠡᠳᠭᠡᠨ ᠪᠠᠢ᠍ᠢ᠍ᠭᠤᠯᠵᠦ ᠨᠡᠩ ᠤᠯᠠᠨ ᠬᠡᠪ ᠴᠢᠨᠠᠷ ᠰᠠᠢ᠍ᠢ᠍ᠲᠠᠢ ᠤᠷ᠎ᠠ ᠮᠡᠷᠭᠡᠵᠢᠯ᠎ᠤᠨ ᠴᠢᠳᠠᠪᠤᠷᠢᠳᠠᠨ ᠶᠡᠬᠡ ᠤᠯᠤᠰ᠎ᠤᠨ ᠤᠷᠠᠨ ᠳᠠᠷᠬᠠᠨ᠎ᠢ ᠬᠦᠮᠦᠵᠢᠬᠦᠯᠬᠦ ᠭᠡᠷᠡᠭᠲᠡᠢ ᠯᠢ ᠺᠸ ᠴᠢᠶᠠᠩ ᠴᠤᠬᠤᠯᠠᠪᠤᠷᠢ ᠦᠭᠪᠡ
ᠰᠢ ᠵᠢᠨ ᠫᠢᠩ ᠭᠠᠳᠠᠭ᠋ᠠᠳᠦ ᠤᠯᠤᠰ᠎ᠤᠨ ᠰᠢᠨ᠎ᠠ᠎ᠪᠠᠷ ᠲᠤᠰᠢᠶᠠᠯ᠎ᠳᠤ ᠭᠠᠷᠤᠭᠰᠠᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢ᠍ᠢ᠍ᠳ᠎ᠤᠨ ᠲᠡᠪᠰᠢᠬᠦᠯᠦᠭᠰᠡᠨ ᠲᠦᠷᠦ ᠵᠢᠨ ᠪᠢᠴᠢᠭ᠎ᠢ ᠬᠦᠯᠢᠶᠡᠨ ᠠᠪᠤᠪᠠ
 
            