ᠨᠠᠮ᠎ᠤᠨ ᠲᠦᠪ ᠬᠤᠷᠢᠶᠠᠨ᠎ᠤ ᠶᠡᠷᠦᠩᠭᠡᠢ ᠱᠦᠵᠢ᠂ ᠤᠯᠤᠰ᠎ᠤᠨ ᠲᠡᠷᠢᠬᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭᠴᠢ ᠰᠢ ᠵᠢᠨ ᠫᠢᠩ ᠤᠢ᠍ᠢ᠍ᠷ᠎ᠠ᠎ᠳᠤ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠴᠡᠭ ᠲᠤᠭᠳᠠᠭ᠋ᠠᠨ ᠬᠠᠪᠰᠤᠷᠤᠨ ᠳᠡᠳᠬᠦᠬᠦ ᠠᠵᠢᠯ᠎ᠢ ᠬᠦᠨᠵᠡᠭᠡᠢ᠍ᠢ᠍ᠷᠡᠬᠦᠯᠬᠦ ᠲᠤᠬᠠᠢ ᠴᠢᠬᠤᠯᠠ ᠵᠢᠭ᠋ᠠᠪᠤᠷᠢ ᠦᠭᠬᠦ᠎ᠳᠡᠭᠡᠨ᠂ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠴᠡᠭ ᠲᠤᠭᠳᠠᠭ᠋ᠠᠨ ᠬᠠᠪᠰᠤᠷᠤᠨ ᠳᠡᠳᠬᠦᠬᠦ ᠠᠵᠢᠯ᠎ᠢ ᠦᠷᠨᠢᠬᠦᠯᠬᠦ ᠪᠤᠯ ᠨᠠᠮ᠎ᠤᠨ ᠲᠦᠪ ᠬᠤᠷᠢᠶ᠎ᠠ᠎ᠠᠴᠠ ᠤᠷᠤᠨ ᠪᠦᠰᠡ ᠵᠢᠨ ᠵᠤᠬᠢᠴᠠᠩᠭᠤᠢ ᠬᠦᠭᠵᠢᠯᠳᠠ ᠵᠢ ᠠᠬᠢᠭᠤᠯᠬᠤ᠂ ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠵᠢᠨ ᠲᠦᠯᠦᠬᠡ ᠭᠠᠷᠭ᠋ᠠᠭᠰᠠᠨ ᠴᠢᠬᠤᠯᠠ ᠶᠡᠭᠡ ᠰᠢᠢ᠍ᠳᠪᠤᠷᠢᠳᠦ ᠪᠤᠳᠤᠯᠭ᠎ᠠ ᠮᠦᠨ᠃ ᠪᠠᠢ᠍ᠢ᠍ᠳᠠᠯ ᠡᠬᠦᠷᠭᠡ ᠵᠢᠨ ᠬᠤᠪᠢᠷᠠᠯᠳᠠ᠎ᠳᠤ ᠵᠤᠬᠢᠴᠠᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠳᠦᠭᠡᠯ᠎ᠢ ᠪᠡᠬᠢᠵᠢᠬᠦᠯᠦᠨ ᠦᠷᠭᠡᠳᠭᠡᠬᠦ ᠪᠠ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠠᠩᠬᠠᠷᠤᠯ ᠵᠶ᠋ᠠᠨ ᠲᠦᠪᠯᠡᠷᠡᠬᠦᠯᠵᠤ᠂ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠴᠡᠭ ᠲᠤᠭᠳᠠᠭ᠋ᠠᠨ ᠬᠠᠪᠰᠤᠷᠤᠨ ᠳᠡᠳᠬᠦᠬᠦ ᠠᠵᠢᠯ᠎ᠢ ᠬᠦᠨᠵᠡᠭᠡᠢ᠍ᠢ᠍ᠷᠡᠬᠦᠯᠬᠦ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠᠢ᠍ᠢ᠍ᠭᠤᠯᠤᠨ ᠬᠠᠪᠰᠤᠷᠤᠨ ᠳᠡᠳᠬᠦᠬᠦ ᠬᠠᠷᠢᠴᠠᠭ᠎ᠠ ᠵᠢ ᠳᠡᠬᠦᠯᠳᠡᠷᠵᠢᠬᠦᠯᠵᠦ᠂ ᠬᠠᠪᠰᠤᠷᠤᠨ ᠳᠡᠳᠬᠦᠬᠦ ᠬᠦᠷᠢᠶ᠎ᠠ ᠴᠠᠷᠠᠭ᠎ᠠ ᠵᠢ ᠦᠷᠭᠡᠳᠬᠡᠨ᠂ ᠬᠠᠪᠰᠤᠷᠤᠨ ᠳᠡᠳᠬᠦᠬᠦ ᠲᠤᠭᠳᠠᠴᠠ ᠵᠢ ᠪᠦᠷᠢᠨᠰᠢᠬᠦᠯᠵᠦ᠂ ᠬᠠᠪᠰᠤᠷᠤᠨ ᠳᠡᠳᠬᠦᠬᠦ ᠠᠷᠭ᠎ᠠ ᠭᠡᠯᠪᠡᠷᠢ ᠵᠢ ᠰᠢᠯᠢᠳᠡᠭᠵᠢᠬᠦᠯᠦᠨ᠂ ᠠᠵᠤ ᠦᠢ᠍ᠯᠡᠰ᠎ᠤᠨ ᠲᠠᠯ᠎ᠠ᠎ᠪᠠᠷ ᠬᠠᠮᠳᠤᠷᠠᠯᠴᠠᠬᠤ᠂ ᠡᠬᠢ ᠪᠠᠶᠠᠯᠢᠭ ᠵᠶ᠋ᠠᠨ ᠬᠠᠷᠢᠯᠴᠠᠨ ᠨᠦᠬᠦᠪᠦᠷᠢᠯᠡᠬᠦ᠂ ᠬᠦᠳᠡᠯᠮᠦᠷᠢ ᠦᠢ᠍ᠯᠡᠴᠢᠯᠡᠬᠡ ᠵᠢ ᠵᠤᠯᠭ᠋ᠠᠭᠤᠯᠬᠤ᠂ ᠴᠢᠳᠠᠪᠤᠷᠢᠳᠠᠨ᠎ᠤ ᠰᠤᠯᠢᠯᠴᠠᠭ᠎ᠠ ᠭᠢᠬᠥ ᠵᠡᠷᠭᠡ ᠵᠢ ᠴᠢᠩᠭ᠋ᠠᠳᠬᠠᠵᠦ᠂ ᠪᠦᠬᠦ ᠨᠡᠢ᠍ᠢ᠍ᠭᠡᠮᠤᠨᠬᠢᠨᠢ ᠲᠠᠢ᠍ᠢ᠍ᠴᠢᠯᠠᠨ ᠤᠷᠤᠯᠴᠠᠭᠤᠯᠵᠦ᠂ ᠤᠷᠤᠨ ᠪᠦᠰᠡ ᠵᠢᠨ ᠵᠤᠬᠢᠴᠠᠩᠭᠤᠢ᠎ᠪᠠᠷ ᠬᠦᠭᠵᠢᠬᠦ᠂ ᠬᠠᠮᠵᠢᠯᠴᠠᠨ ᠬᠦᠭᠵᠢᠬᠦ᠂ ᠬᠠᠮᠳᠤ᠎ᠪᠠᠷ ᠬᠦᠭᠵᠢᠬᠦ ᠰᠠᠢ᠍ᠢ᠍ᠨ ᠰᠠᠢ᠍ᠢ᠍ᠬᠠᠨ ᠪᠠᠢ᠍ᠢ᠍ᠳᠠᠯ᠎ᠢ ᠪᠦᠷᠢᠯᠳᠦᠬᠦᠯᠬᠦ ᠭᠡᠷᠡᠭᠲᠡᠢ᠃ ᠲᠦᠪ᠎ᠤᠨ ᠴᠡᠭ ᠲᠤᠭᠳᠠᠭ᠋ᠠᠨ ᠬᠠᠪᠰᠤᠷᠤᠨ ᠳᠡᠳᠬᠦᠬᠦ ᠨᠢᠭᠡᠴᠢ ᠵᠢᠨ᠎ᠬᠢᠨ ᠬᠠᠪᠰᠤᠷᠤᠨ ᠳᠡᠳᠬᠦᠬᠦ ᠬᠠᠷᠢᠭᠤᠴᠠᠯᠭ᠎ᠠ᠎ᠪᠠᠨ ᠨᠠᠢ᠍ᠢ᠍ᠳᠠᠪᠤᠷᠢᠵᠢᠭᠤᠯᠵᠦ᠂ ᠲᠤᠰ ᠪᠡᠶ᠎ᠠ ᠵᠢᠨ ᠲᠠᠪᠠᠭᠤᠯᠢᠭ ᠵᠶ᠋ᠠᠨ ᠪᠠᠳᠠᠷᠠᠭᠤᠯᠤᠨ᠂ ᠬᠠᠪᠰᠤᠷᠤᠨ ᠳᠡᠳᠬᠦᠬᠦ ᠠᠷᠭ᠎ᠠ ᠭᠡᠮᠵᠢᠶ᠎ᠠ ᠵᠢᠨ ᠰᠢᠨ᠎ᠠ ᠵᠢ ᠡᠬᠦᠳᠴᠦ᠂ ᠠᠵᠢᠯ᠎ᠤᠨ ᠵᠢᠯᠤᠭᠤᠳᠤᠯᠭ᠎ᠠ᠎ᠪᠠᠨ ᠴᠢᠩᠭ᠋ᠠᠳᠬᠠᠨ᠂ ᠲᠦᠷᠦ ᠵᠢᠨ ᠪᠤᠳᠤᠯᠭ᠎ᠠ ᠵᠢᠨ ᠨᠠᠢ᠍ᠢ᠍ᠳᠠᠪᠤᠷᠢᠵᠢᠭᠤᠯᠤᠯᠳᠠ ᠵᠢ ᠱᠠᠯᠠᠪᠳᠠᠭᠤᠯᠤᠨ ᠠᠬᠢᠭᠤᠯᠵᠦ᠂ ᠬᠠᠪᠰᠤᠷᠤᠨ ᠳᠡᠳᠬᠦᠬᠦ ᠪᠤᠳᠠᠳᠠᠢ ᠦᠷ᠎ᠠ ᠪᠦᠳᠦᠮᠵᠢ ᠵᠢ ᠳᠡᠭᠡᠭᠰᠢᠯᠡᠬᠦᠯᠬᠦ ᠭᠡᠷᠡᠭᠲᠡᠢ᠃ ᠪᠦᠬᠦ ᠨᠠᠮ ᠵᠶ᠋ᠠᠷ ᠵᠶ᠋ᠠᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠵᠤᠷᠢᠭ ᠰᠠᠨᠠᠭ᠎ᠠ ᠵᠢ ᠪᠠᠳᠠᠷᠠᠭᠤᠯᠵᠦ᠂ ᠢᠯᠠᠯᠳᠠ ᠵᠢᠨ ᠡᠷᠴᠢᠨ ᠳᠡᠭᠡᠷ᠎ᠠ᠎ᠪᠠᠨ ᠤᠷᠤᠬᠰᠢᠯᠠᠨ᠂ ᠦᠷᠬᠦᠯᠵᠢᠯᠡᠨ ᠲᠡᠮᠡᠴᠡᠵᠦ᠂ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠤᠳᠤᠬᠢᠴᠢᠯᠠᠯᠳᠠ ᠵᠢ ᠲᠦᠷᠭᠡᠳᠭᠡᠨ ᠠᠬᠢᠭᠤᠯᠵᠦ᠂ ᠬᠦᠳᠡᠭᠡ ᠲᠤᠰᠬᠤᠨ᠎ᠢ ᠬᠦᠭᠵᠢᠬᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
ᠪᠦᠬᠦ ᠤᠯᠤᠰ᠎ᠤᠨ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠲᠦᠪ᠎ᠤᠨ ᠨᠢᠭᠡᠴᠢ ᠵᠢᠨ ᠴᠡᠭ ᠲᠤᠭᠳᠠᠭ᠋ᠠᠨ ᠬᠠᠪᠰᠤᠷᠤᠨ ᠳᠡᠳᠬᠦᠬᠦ ᠠᠵᠢᠯ᠎ᠢ ᠠᠬᠢᠭᠤᠯᠬᠤ ᠬᠤᠷᠠᠯ 8᠎ᠤ ᠡᠳᠦᠷ ᠨᠢᠩᠰᠢᠶᠠ ᠵᠢᠨ ᠢᠷᠭ᠋ᠠᠢ᠎ᠳᠤ ᠬᠤᠷᠠᠯᠳᠤᠪᠠ᠃ ᠬᠤᠷᠠᠯ ᠳᠡᠭᠡᠷ᠎ᠠ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠨ ᠰᠤᠷᠤᠯᠴᠠᠵᠠᠢ᠃ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠭᠡᠰᠢᠬᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠍ᠢ᠍ᠳ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠬᠡᠳ ᠶᠠᠷᠢᠶ᠎ᠠ ᠲᠠᠯᠪᠢᠪᠠ᠃ ᠲᠡᠷᠡ᠂ ᠶᠡᠷᠤᠨᠭ᠌ᠭᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠡ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠦᠭᠵᠢᠯᠳᠠ ᠵᠢᠨ ᠱᠠᠳᠤᠨ᠎ᠳᠤ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠ ᠴᠡᠭ ᠲᠤᠬᠳᠠᠭ᠋ᠠᠨ ᠬᠠᠪᠰᠤᠷᠤᠨ ᠲᠡᠳᠬᠦᠬᠦ ᠠᠵᠢᠯ᠎ᠢ ᠪᠠᠷᠢᠮᠳᠠᠯᠠᠨ ᠲᠡᠬᠦᠯᠳᠡᠷᠵᠢᠬᠦᠯᠬᠦ ᠵᠢᠨ ᠴᠢᠬᠤᠯᠠ ᠶᠡᠭᠡ ᠠᠴᠢ ᠬᠤᠯᠪᠤᠬᠳᠠᠯ᠎ᠢ ᠬᠦᠨᠵᠡᠭᠡᠢ ᠲᠠᠨᠢᠵᠤ᠂ ᠬᠦᠳᠡᠭᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠵᠢ ᠪᠦᠬᠦ ᠲᠠᠯ᠎ᠡ᠎ᠪᠠᠷ ᠠᠬᠢᠭᠤᠯᠬᠤ ᠭᠡᠷᠡᠭᠳᠠᠢ᠃ ᠵᠡᠬᠦᠨ ᠪᠠᠷᠠᠭᠤᠨ ᠤᠷᠤᠨ᠎ᠤ ᠬᠠᠮᠵᠢᠯᠴᠠᠭ᠎ᠠ ᠪᠠᠢ᠍ᠢ᠍ᠭᠤᠯᠤᠨ ᠬᠠᠮᠵᠢᠯᠴᠠᠬᠤ ᠬᠠᠷᠢᠴᠠᠭᠡ ᠵᠢ ᠱᠠᠯᠠᠪᠳᠠᠨ ᠲᠤᠬᠢᠷᠠᠭᠤᠯᠵᠤ᠂ ᠬᠠᠪᠰᠤᠷᠤᠨ ᠲᠡᠳᠬᠦᠬᠦ ᠠᠵᠢᠯ ᠪᠠ ᠺᠠᠳ᠋ᠷ᠎ᠤᠨ ᠡᠨᠭᠨᠡᠭᠡᠨᠤ ᠯᠠᠪᠳᠠᠭᠤᠨ ᠵᠶ᠋ᠠᠷ ᠰᠢᠯᠵᠢᠬᠦ ᠵᠢ ᠦᠨᠡᠨ ᠬᠦ᠌ ᠪᠠᠳᠤᠯᠠᠬᠤ ᠭᠡᠷᠡᠭᠳᠠᠢ᠃ ᠬᠠᠮᠵᠢᠯᠴᠠᠵᠤ ᠬᠠᠪᠰᠤᠷᠤᠨ ᠲᠡᠳᠬᠦᠬᠦ ᠠᠷᠭ᠎ᠡ ᠬᠡᠯᠪᠡᠷᠢ ᠵᠢ ᠱᠠᠯᠠᠪᠳᠠᠨ ᠰᠦᠪᠡᠭᠴᠢᠯᠡᠵᠤ᠂ ᠶᠠᠳᠠᠭᠤ᠎ᠠᠴᠠ ᠠᠨᠭ᠌ᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ᠎ᠢ ᠪᠠᠬᠢᠵᠢᠬᠦᠯᠤᠨ ᠦᠷᠭᠡᠳᠭᠡᠵᠤ᠂ ᠠᠵᠤ ᠦᠢ᠍ᠯᠡᠰ᠎ᠤᠨ ᠰᠢᠯᠵᠢᠯᠳᠠ ᠵᠢ ᠠᠬᠢᠭᠤᠯᠤᠨ᠂ ᠵᠠᠬ᠎ᠡ ᠲᠡᠯᠭᠡᠬᠦᠷ᠎ᠤᠨ ᠬᠠᠮᠳᠤᠷᠠᠯᠴᠠᠭ᠎ᠡ ᠵᠢ ᠴᠢᠨᠭ᠌ᠭ᠋ᠠᠳᠬᠠᠵᠤ᠂ ᠨᠡᠢ᠍ᠢ᠍ᠭᠡᠮ᠎ᠤᠨ ᠠᠵᠢᠯ ᠦᠢ᠍ᠯᠡᠰ᠎ᠤᠨ ᠬᠦᠭᠵᠢᠯᠳᠠ ᠵᠢᠨ ᠲᠦᠪᠰᠢᠨ᠎ᠢ ᠲᠡᠭᠡᠭᠰᠢᠯᠡᠬᠦᠯᠵᠤ᠂ ᠤᠷᠤᠨ ᠪᠦᠰᠡ ᠵᠢᠨ ᠵᠤᠬᠢᠴᠠᠨᠭ᠌ᠭᠤᠢ ᠬᠦᠭᠵᠢᠯᠳᠠ ᠵᠢ ᠠᠬᠢᠭᠤᠯᠬᠤ ᠭᠡᠷᠡᠭᠳᠠᠢ᠃ ᠲᠦᠪ᠎ᠤᠨ ᠨᠢᠭᠡᠴᠢ ᠵᠢᠨ᠎ᠬᠢᠨ ᠺᠠᠳ᠋ᠷ ᠰᠤᠨᠭ᠌ᠭᠤᠨ ᠲᠤᠮᠢᠯᠠᠬᠤ᠂ ᠪᠡᠯᠡ ᠮᠦᠨᠭᠭᠦ᠎ᠪᠠᠷ ᠳᠡᠮᠵᠢᠬᠦ᠂ ᠠᠵᠤ ᠦᠢ᠍ᠯᠡᠰ᠎ᠤᠨ ᠠᠵᠢᠯ ᠤᠯᠭᠤᠯᠳᠠ᠎ᠪᠠᠷ ᠬᠠᠪᠰᠤᠷᠤᠨ ᠲᠡᠳᠬᠦᠬᠦ ᠵᠡᠷᠭᠡ ᠠᠵᠢᠯ᠎ᠢ ᠦᠷᠬᠦᠯᠵᠢᠯᠡᠨ ᠰᠠᠢ᠍ᠢ᠍ᠳᠤᠷ ᠬᠢᠵᠤ᠂ ᠴᠡᠭ ᠲᠤᠬᠳᠠᠭ᠋ᠠᠨ ᠬᠠᠪᠰᠤᠷᠤᠨ ᠲᠡᠳᠬᠦᠬᠦ ᠰᠢᠶᠠᠨ ᠵᠶ᠋ᠠᠨ ᠬᠦᠴᠦᠯᠡᠨ ᠲᠠᠮᠵᠢᠵᠤ ᠪᠠᠢ᠍ᠢ᠍ᠭ᠋ᠠᠳ ᠬᠦᠭᠵᠢᠯᠳᠠ ᠵᠢ᠎ᠨᠢ ᠲᠦᠷᠭᠡᠳᠭᠡᠬᠦ ᠭᠡᠷᠡᠭᠳᠠᠢ ᠭᠡᠵᠤ ᠴᠢᠬᠤᠯᠠᠴᠢᠯᠠᠪᠠ᠃
ᠬᠤᠷᠠᠯ ᠲᠡᠭᠡᠷ᠎ᠡ ᠵᠡᠬᠦᠨ ᠪᠠᠷᠠᠭᠤᠨ ᠤᠷᠤᠨ᠎ᠤ ᠬᠠᠮᠵᠢᠯᠴᠠᠭ᠋ᠠᠨ᠎ᠤ ᠭᠠᠷᠤᠨ ᠦᠰᠦᠭ ᠵᠢᠷᠤᠬᠤ ᠶᠤᠰᠤᠯᠠᠯ ᠶᠠᠪᠤᠭᠤᠯᠵᠤ᠂ ᠵᠠᠬᠦᠨ ᠪᠠᠷᠠᠭᠤᠨ ᠤᠷᠤᠨ᠎ᠤ ᠬᠠᠮᠵᠢᠯᠴᠠᠭ᠋ᠠᠨ᠎ᠤ ᠠᠵᠢᠯ᠎ᠤᠨ ᠬᠤᠯᠪᠤᠬᠳᠠᠯ ᠪᠦᠬᠦᠢ ᠪᠠᠢ᠍ᠢ᠍ᠳᠠᠯ᠎ᠢ ᠵᠠᠷᠯᠡᠨ ᠮᠡᠳᠡᠭᠳᠡᠪᠡ᠃ ᠨᠢᠨᠭ᠌ᠰᠢᠶᠠ᠂ ᠪᠠᠭᠡᠵᠢᠩ᠂ ᠵᠢᠶᠠᠨᠭ᠌ᠰᠤ᠂ ᠹᠦᠵᠢᠶᠠᠨ᠂ ᠭᠤᠸᠠᠨᠭ᠌ᠳᠦ᠋ᠩ᠂ ᠬᠦᠢ᠍ᠵᠸᠤ᠂ ᠭᠠᠨᠰᠤ ᠵᠡᠷᠬᠡ ᠭᠠᠵᠠᠷ᠎ᠤᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ ᠬᠤᠷᠠᠯ ᠲᠡᠭᠡᠷ᠎ᠡ ᠦᠭᠡ ᠬᠡᠯᠡᠵᠠᠢ᠃
ᠵᠡᠬᠦᠨ ᠪᠠᠷᠠᠭᠤᠨ ᠤᠷᠤᠨ᠎ᠤ ᠬᠠᠮᠵᠢᠯᠴᠠᠵᠤ ᠬᠠᠪᠰᠤᠷᠤᠨ ᠲᠡᠳᠬᠦᠬᠦ ᠡᠬᠦᠷᠭᠡ ᠵᠢ ᠳᠠᠭ᠋ᠠᠭ᠋ᠠᠴᠢᠯᠠᠵᠦ ᠪᠠᠢ᠍ᠢ᠍ᠭ᠎ᠡ ᠬᠤᠯᠪᠤᠬᠳᠠᠯ ᠪᠦᠬᠦᠢ ᠮᠤᠵᠢ ᠦᠪᠡᠷᠳᠡᠭᠡᠨ ᠵᠠᠰᠬᠠᠤ ᠤᠷᠤᠨ ᠬᠤᠳᠠ᠂ ᠲᠦᠪ᠎ᠤᠨ ᠨᠢᠭᠡᠴᠢ ᠵᠢᠨ ᠴᠡᠭ ᠲᠤᠬᠳᠠᠭ᠋ᠠᠨ ᠬᠠᠪᠰᠤᠷᠤᠨ ᠲᠡᠳᠬᠦᠬᠦ ᠲᠠᠭ᠋ᠠᠭᠤᠯᠤᠬ᠍ᠴᠢ ᠰᠠᠯᠠᠭ᠎ᠡ ᠮᠦᠴᠢᠷ᠎ᠤᠨ ᠬᠠᠷᠢᠭᠤᠴᠠᠯᠭ᠋ᠠᠳᠠᠨ ᠨᠦᠬᠦᠳ᠂ ᠲᠦᠪ᠎ᠤᠨ ᠬᠦᠳᠡᠭᠡ ᠲᠤᠰᠬᠤᠨ᠎ᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠠᠯᠪᠡᠨ ᠭᠡᠷ᠂ ᠬᠦᠳᠡᠭᠡ ᠠᠵᠤ ᠠᠬᠤᠢ ᠬᠦᠳᠡᠭᠡ ᠲᠤᠰᠬᠤᠨ᠎ᠤ ᠶᠠᠮᠤᠨ᠂ ᠤᠯᠤᠰ᠎ᠤᠨ ᠬᠦᠳᠡᠭᠡ ᠲᠤᠰᠬᠤᠨ᠎ᠢ ᠬᠦᠭᠵᠢᠬᠦᠯᠤᠨ ᠮᠠᠨᠳᠤᠭᠤᠯᠬᠤ ᠲᠤᠪᠴᠢᠶᠠᠨ᠎ᠤ ᠭᠤᠤᠯ ᠬᠠᠷᠢᠭᠤᠴᠠᠯᠭ᠋ᠠᠳᠠᠨ ᠨᠦᠬᠦᠳ ᠬᠤᠷᠠᠯ᠎ᠳᠤ ᠤᠷᠤᠯᠴᠠᠭᠰᠠᠨ ᠪᠠᠢ᠍ᠢ᠍ᠨ᠎ᠠ᠃