ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 5 ᠰᠠᠷ᠎ᠠ ᠵᠢᠨ 9᠎ᠤ ᠡᠳᠦᠷ 《ᠰᠣᠶᠣᠯ ᠲᠡᠦᠬᠡ ᠭᠦᠨ ᠤᠬᠠᠭ᠋ᠠᠨ》 ᠰᠡᠳᠬᠦᠯ᠎ᠤᠨ ᠨᠠᠶ᠋ᠢᠷᠠᠭᠤᠯᠬᠤ ᠬᠡᠯᠲᠡᠰ᠎ᠤᠨ ᠪᠦᠬᠦ ᠨᠠᠶ᠋ᠢᠷᠠᠭᠤᠯᠤᠭᠴᠢ᠎ᠳᠤ ᠬᠠᠷᠢᠭᠤ ᠵᠠᠬᠢᠳᠠᠯ ᠢᠯᠡᠭᠡᠵᠦ᠂ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠤᠭᠤᠴᠠᠭ᠋ᠠᠳᠦ ᠰᠡᠳᠬᠦᠯ᠎ᠢ ᠰᠠᠶ᠋ᠢᠲᠤᠷ ᠡᠷᠬᠢᠯᠡᠬᠦ ᠲᠤᠬᠠᠢ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠳᠤᠷᠠᠳᠴᠠᠢ᠃
ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ 《ᠰᠣᠶᠣᠯ ᠲᠡᠦᠬᠡ ᠭᠦᠨ ᠤᠬᠠᠭ᠋ᠠᠨ》 ᠰᠡᠳᠭᠦᠯ ᠬᠡᠪᠯᠡᠯ ᠡᠬᠢᠯᠡᠭᠰᠡᠨ 70 ᠵᠢᠯ᠎ᠤᠨ ᠲᠤᠷᠰᠢ᠂ ᠨᠠᠮ᠎ᠤᠨ ᠤᠳᠤᠷᠢᠳᠤᠯᠭ᠎ᠠ ᠳᠤᠤᠷ᠎ᠠ ᠬᠡᠳᠦᠨ ᠦᠶ᠎ᠡ ᠵᠢᠨ ᠨᠠᠶ᠋ᠢᠷᠠᠭᠤᠯᠤᠭᠴᠢᠳ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠭᠠᠯ ᠭᠤᠯᠤᠮᠳᠠ᠎ᠪᠠᠨ ᠵᠠᠯᠭ᠋ᠠᠮᠵᠢᠯᠠᠵᠤ᠂ ᠳᠤᠮᠳᠠᠳᠤ ᠵᠢᠨ ᠪᠣᠯᠪᠠᠰᠤᠨ᠎ᠢ ᠪᠠᠳᠠᠷᠠᠭᠤᠯᠬᠤ᠂ ᠡᠷᠳᠡᠮ ᠰᠢᠨᠵᠢᠯᠡᠭᠡᠨ᠎ᠤ ᠰᠤᠳᠤᠯᠭ᠋ᠠᠨ᠎ᠢ ᠴᠡᠴᠡᠭᠯᠡᠭᠦᠯᠦᠨ ᠬᠥᠭᠵᠢᠭᠦᠯᠬᠦ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠬᠢᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠵᠣᠬᠢᠬᠤ ᠨᠡᠷ᠎ᠡ ᠬᠦᠨᠳᠦ ᠵᠢ ᠤᠯᠪᠠ᠂ ᠲᠠ ᠨᠠᠷ᠎ᠤᠨ ᠭᠠᠷᠭ᠋ᠠᠭᠰᠠᠨ ᠴᠢᠷᠮᠠᠶ᠋ᠢᠯᠭ᠎ᠠ ᠵᠢ ᠨᠤᠲᠠᠯᠠᠭᠤᠰᠢᠲᠠᠶ ᠪᠠᠶ᠋ᠢᠨ᠎ᠠ ᠭᠡᠵᠦ ᠬᠡᠯᠡᠪᠡ᠃
ᠰᠢ ᠵᠢᠨ ᠫᠢᠩ᠂ ᠳᠤᠮᠳᠠᠳᠤᠴᠤᠳ᠎ᠤᠨ ᠵᠤᠷᠢᠭ ᠰᠢᠨᠲᠠᠰᠦ ᠪᠣᠯᠤᠨ ᠢᠲᠡᠭᠡᠯ ᠵᠣᠷᠢᠭ ᠵᠶ᠋ᠠᠨ ᠴᠢᠩᠭ᠋ᠠᠳᠬᠠᠵᠤ᠂ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠢ ᠨᠡᠩ ᠰᠠᠢ᠍ᠢ᠍ᠨ ᠲᠠᠨᠢᠭᠤᠯᠵᠤ᠂ ᠳᠤᠮᠳᠠᠳᠤ ᠤᠯᠤᠰ᠎ᠢ ᠨᠡᠩ ᠰᠠᠢ᠍ᠢ᠍ᠨ ᠤᠢ᠍ᠢ᠍ᠯᠠᠭ᠋ᠠᠭᠤᠯᠬᠤᠳᠤ᠂ ᠳᠤᠮᠳᠠᠳᠤ ᠵᠢᠨ ᠪᠣᠯᠪᠠᠰᠤᠨ᠎ᠢ ᠭᠦᠨᠵᠡᠭᠡᠢ ᠣᠶ᠋ᠢᠯᠠᠭ᠋ᠠᠭᠤᠯᠵᠤ᠂ ᠲᠡᠦᠬᠡ ᠪᠣᠯᠤᠨ ᠪᠣᠳᠠᠲᠤ ᠠᠬᠤᠢ᠂ ᠤᠨᠤᠯ ᠪᠣᠯᠤᠨ ᠦᠢ᠍ᠯᠡᠳᠦᠯᠭᠡ ᠵᠢ ᠤᠶᠠᠯᠳᠤᠭᠤᠯᠬᠤ ᠬᠠᠷᠠᠭ᠋ᠠᠰᠤ᠎ᠠᠴᠠ ᠬᠡᠷᠬᠢᠨ ᠳᠤᠮᠳᠠᠳᠤ ᠤᠯᠤᠰ᠎ᠤᠨ ᠵᠠᠮ᠎ᠢ ᠨᠡᠩ ᠰᠠᠢ᠍ᠢ᠍ᠨ ᠪᠠᠷᠢᠮᠲᠠᠯᠠᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠨᠢᠭᠲᠠᠷᠠᠭᠤᠯᠬᠤ ᠵᠢ ᠭᠦᠨᠵᠡᠭᠡᠢ ᠲᠠᠶ᠋ᠢᠯᠪᠤᠷᠢᠯᠠᠬᠤ ᠴᠢᠬᠤᠯᠠᠲᠠᠢ᠃ ᠡᠨᠡ ᠬᠦ᠌ ᠴᠢᠬᠤᠯᠠ ᠶᠡᠬᠡ ᠰᠡᠳᠦᠪ᠎ᠢ ᠰᠠᠶ᠋ᠢᠲᠤᠷ ᠬᠠᠷᠢᠭᠤᠯᠬᠤ᠎ᠳᠤ ᠥᠷᠭᠡᠨ ᠤᠯᠠᠨ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠠᠵᠢᠯᠳᠠᠨ ᠬᠠᠮᠲᠤ᠎ᠪᠠᠷ ᠴᠢᠷᠮᠠᠶ᠋ᠢᠵᠤ᠂ ᠰᠢᠨ᠎ᠡ ᠴᠠᠭ ᠦᠶ᠎ᠡ ᠵᠢᠨ ᠨᠥᠬᠥᠴᠡᠯ ᠳᠣᠣᠷ᠎ᠠ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠬᠦᠯᠬᠦ ᠵᠢ ᠠᠬᠢᠭᠤᠯᠬᠤ ᠬᠡᠷᠡᠭᠲᠡᠢ᠃ ᠴᠢᠨᠠᠷ ᠰᠠᠶ᠋ᠢᠲᠠᠢ ᠡᠷᠳᠡᠮ ᠰᠢᠨᠵᠢᠯᠡᠭᠡᠨ᠎ᠤ ᠬᠤᠭᠤᠴᠠᠭ᠋ᠠᠳᠦ ᠰᠡᠳᠬᠦᠯ᠎ᠨᠢ ᠤᠬ ᠰᠠᠨᠠᠭ᠎ᠠ᠎ᠪᠠᠨ ᠪᠠᠲᠤ ᠰᠠᠬᠢᠵᠤ᠂ ᠰᠢᠨ᠎ᠡ ᠵᠢ ᠡᠭᠦᠳᠬᠦ ᠵᠢ ᠬᠦᠳᠦᠯᠤᠨ ᠳᠠᠭ᠋ᠠᠭᠤᠯᠵᠤ᠂ ᠥᠨᠳᠥᠷ ᠲᠦᠪᠰᠢᠨ ᠪᠦᠬᠦᠢ ᠰᠤᠳᠤᠯᠭ᠋ᠠᠨ᠎ᠤ ᠦᠷ᠎ᠡ ᠪᠦᠲᠦᠭᠡᠯ᠎ᠢ ᠦᠵᠡᠬᠦᠯᠵᠤ᠂ ᠡᠷᠳᠡᠮ ᠰᠢᠨᠵᠢᠯᠡᠭᠡᠨ᠎ᠤ ᠰᠢᠯᠢᠳᠡᠭ ᠴᠢᠳᠠᠪᠤᠷᠢᠲᠠᠨ᠎ᠤ ᠦᠰᠦᠨ ᠪᠣᠶ᠋ᠢᠵᠢᠬᠤ ᠵᠢ ᠲᠡᠮᠵᠢᠵᠤ᠂ ᠳᠤᠮᠳᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠠᠬᠢᠭᠤᠯᠬᠤ ᠭᠡᠷᠡᠭᠲᠡᠢ᠃ ᠲᠠ ᠨᠠᠷ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠰᠡᠳᠬᠦᠯ ᠵᠶ᠋ᠠᠨ ᠨᠡᠩ ᠰᠠᠢ᠍ᠢ᠍ᠨ ᠡᠷᠬᠢᠯᠡᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠦ ᠭᠠᠷᠭ᠋ᠠᠪᠠ᠃
ᠱᠠᠨᠳᠦ᠋ᠩ ᠶᠡᠬᠡ ᠰᠤᠷᠭ᠋ᠠᠭᠤᠯᠢ ᠵᠢᠨ 《ᠰᠣᠶᠣᠯ ᠲᠡᠦᠬᠡ ᠭᠦᠨ ᠤᠬᠠᠭ᠋ᠠᠨ》 ᠰᠡᠳᠬᠦᠯ 1951 ᠣᠨ᠎ᠤ 5 ᠰᠠᠷ᠎ᠠ᠎ᠳᠤ ᠭᠡᠪᠯᠡᠯ ᠡᠬᠢᠯᠡᠵᠡᠢ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ ᠬᠡᠪᠯᠡᠯ ᠡᠬᠢᠯᠡᠭᠰᠡᠨ ᠠᠩᠬᠠᠳᠠᠭᠴᠢ ᠶᠡᠬᠡ ᠳᠡᠭᠡᠳᠦ ᠰᠤᠷᠭ᠋ᠠᠭᠤᠯᠢ ᠵᠢᠨ ᠨᠡᠢ᠍ᠢ᠍ᠭᠡᠮ᠎ᠤᠨ ᠰᠢᠨᠵᠢᠯᠡᠬᠦ ᠤᠬᠠᠭ᠋ᠠᠨ᠎ᠤ ᠰᠤᠷᠭ᠋ᠠᠭᠤᠯᠢ ᠵᠢᠨ ᠰᠡᠳᠬᠦᠯ ᠪᠣᠯᠬᠤ ᠪᠦᠭᠡᠳ ᠪᠠᠰᠠ ᠴᠤ᠌ ᠮᠠᠨ᠎ᠤ ᠤᠯᠤᠰ᠎ᠤᠨ ᠣᠳᠣᠬᠠᠨ᠎ᠤ ᠬᠡᠪᠯᠡᠯ ᠡᠬᠢᠯᠡᠭᠰᠡᠡ ᠴᠠᠭ ᠬᠤᠭᠤᠴᠠᠭ᠎ᠠ᠎ᠪᠠᠷ ᠬᠠᠮᠤᠭ᠎ᠤᠨ ᠤᠷᠳᠤ ᠪᠤᠯᠵᠤ ᠪᠠᠢ᠍ᠢ᠍ᠭ᠎ᠠ ᠶᠡᠷᠦᠩᠬᠡᠶ᠋ᠢᠯᠡᠭᠰᠡᠨ ᠴᠢᠨᠠᠷᠲᠠᠢ ᠰᠣᠶᠣᠯ ᠢᠷᠭᠡᠨᠰᠢᠯ ᠨᠡᠢ᠍ᠢ᠍ᠭᠡᠮ᠎ᠤᠨ ᠰᠢᠨᠵᠢᠯᠡᠬᠦ ᠤᠬᠠᠭ᠋ᠠᠨ᠎ᠤ ᠡᠷᠲᠡᠮ ᠰᠢᠨᠵᠢᠯᠡᠭᠡᠨ᠎ᠤ ᠬᠤᠭᠤᠴᠠᠭ᠋ᠠᠲᠤ ᠰᠡᠳᠬᠦᠯ ᠪᠣᠯᠤᠨ᠎ᠠ᠃ ᠤᠢ᠍ᠢ᠍ᠷ᠎ᠠ᠎ᠳᠤ᠂ 《ᠰᠣᠶᠣᠯ ᠲᠡᠦᠬᠡ ᠭᠦᠨ ᠤᠬᠠᠭ᠋ᠠᠨ》 ᠰᠡᠳᠬᠦᠯ᠎ᠤᠨ ᠨᠠᠶ᠋ᠢᠷᠠᠭᠤᠯᠬᠤ ᠬᠡᠯᠲᠡᠰ᠎ᠤᠨ ᠪᠦᠬᠦ ᠨᠠᠶ᠋ᠢᠷᠠᠭᠤᠯᠤᠭᠴᠢ ᠶᠡᠷᠦᠩᠬᠡᠢ ᠱᠦᠵᠢ ᠰᠢ ᠵᠢᠨ ᠫᠢᠩ᠎ᠳᠤ ᠵᠠᠬᠢᠳᠠᠯ ᠪᠢᠴᠢᠵᠦ᠂ 70 ᠵᠢᠯ᠎ᠤᠨ ᠲᠤᠷᠰᠢᠬᠢ ᠰᠡᠳᠬᠦᠯ ᠡᠷᠬᠢᠯᠡᠭᠰᠡᠨ ᠠᠮᠵᠢᠯᠲᠠ᠎ᠪᠠᠨ ᠬᠠᠷᠢᠭᠤ ᠮᠡᠳᠡᠭᠦᠯᠵᠦ᠂ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠬᠤᠭᠤᠴᠠᠭ᠋ᠠᠲᠤ ᠰᠡᠳᠬᠦᠯ᠎ᠤᠨ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠬᠦᠴᠦᠨ ᠴᠢᠳᠠᠯ ᠵᠶ᠋ᠠᠨ ᠡᠷᠭᠦᠬᠦ ᠰᠢᠢ᠍ᠳᠮᠡᠭ ᠵᠣᠷᠢᠭ ᠵᠶ᠋ᠠᠨ ᠢᠯᠡᠳᠬᠡᠭᠰᠡᠨ ᠪᠠᠶ᠋ᠢᠨ᠎ᠠ᠃