
ᠯᠢ ᠺᠸ ᠴᠢᠶᠠᠩ ᠶᠡᠷᠦᠩᠬᠡᠶ ᠰᠠᠶ᠋ᠢᠳ 5 ᠳ᠋ᠤᠭ᠋ᠠᠷ ᠰᠠᠷ᠎ᠠ ᠵᠢᠨ 12᠎ᠤᠨ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠢᠵᠢᠭ᠎ᠤᠨ ᠪᠠᠶ᠋ᠢᠳᠠᠯ᠎ᠳᠤ ᠦᠷᠭᠦᠯᠵᠢᠯᠡᠨ ᠨᠥᠯᠥᠭᠡᠯᠡᠭᠳᠡᠭᠰᠡᠨ ᠠᠵᠢᠯ ᠲᠥᠷᠥᠯ᠎ᠤᠨ ᠠᠵᠤ ᠠᠬᠤᠶ᠋ᠢᠯᠠᠯ᠎ᠳᠤ ᠦᠵᠡᠭᠦᠯᠬᠦ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠪᠠᠢ᠌ᠷᠢᠯᠠᠭᠤᠯᠤᠨ ᠴᠢᠩᠭ᠋ᠠᠳᠬᠠᠪᠠ᠃
ᠯᠢ ᠺᠸ ᠴᠢᠶᠠᠩ ᠬᠡᠯᠡᠬᠦ᠎ᠳᠤ᠎ᠪᠠᠨ᠂ ᠣᠳᠣᠬᠠᠨ᠎ᠤ ᠪᠠᠶ᠋ᠢᠳᠠᠯ ᠳᠣᠣᠷ᠎ᠠ ᠵᠣᠭᠣᠰᠣᠨ᠎ᠤ ᠲᠥᠷᠥ ᠵᠢᠨ ᠪᠣᠳᠣᠯᠭ᠎ᠠ᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭᠣᠷᠢᠨ᠎ᠳᠤ ᠬᠠᠨᠳᠤᠯᠭ᠋ᠠᠲᠤ ᠴᠢᠨᠠᠷᠲᠠᠶ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠶ ᠭᠡᠵᠡᠢ᠃
ᠲᠤᠬᠠᠶ ᠵᠢᠨ ᠡᠳᠦᠷ᠎ᠤᠨ ᠬᠤᠷᠠᠯ᠎ᠠᠴᠠ᠂ ᠨᠢᠭᠡ᠎ᠳᠤ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ ᠪᠣᠯᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠰᠠᠢ᠌ᠲᠤᠷ ᠮᠥᠷᠲᠡᠭᠡᠨ ᠭᠦᠢ᠍ᠴᠡᠳ ᠬᠡᠷᠡᠭᠯᠡᠭᠦᠯᠦᠨ᠎ᠡ᠃ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ ᠵᠢᠴᠢ ᠰᠦᠯᠵᠢᠶᠡᠨ᠎ᠠᠴᠠ ᠭᠠᠳᠠᠭᠤᠷ ᠵᠢᠵᠢᠭᠯᠡᠨ ᠬᠤᠳᠠᠯᠳᠤᠬᠤ᠂ ᠬᠣᠨᠣᠭ ᠪᠠᠭᠤᠳᠠᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠢᠵᠢᠭ᠎ᠤᠨ ᠪᠠᠶ᠋ᠢᠳᠠᠯ᠎ᠳᠤ ᠨᠡᠯᠢᠶᠡᠳ ᠶᠡᠬᠡ ᠨᠥᠯᠥᠭᠡᠯᠡᠭᠳᠡᠭᠰᠡᠨ ᠪᠤᠰᠤᠳ ᠠᠵᠢᠯ ᠲᠥᠷᠥᠯ᠎ᠳᠠᠬᠢ ᠬᠠᠨᠳᠤᠯᠭ᠎ᠠ᠎ᠲᠠᠢ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠳᠬᠠᠨ᠎ᠠ᠃ ᠦᠢ᠍ᠯᠡᠳᠬᠡᠯ᠎ᠤᠨ ᠦᠢ᠍ᠯᠡᠰ᠎ᠤᠨ ᠲᠡᠰ ᠲᠡᠪᠰᠢᠨ ᠬᠥᠭᠵᠢᠬᠦ᠎ᠳᠤ ᠦᠵᠡᠭᠦᠯᠬᠦ ᠪᠡᠯᠡ ᠲᠤᠬᠢᠷᠠᠭᠤᠯᠭ᠎ᠠ ᠵᠢᠨ ᠳᠡᠮᠵᠢᠯᠭᠡ ᠵᠢ ᠦᠷᠭᠦᠯᠵᠢᠯᠡᠨ ᠰᠠᠶ᠋ᠢᠲᠤᠷ ᠬᠢᠨ᠎ᠡ᠃
ᠬᠣᠶᠠᠷ᠎ᠲᠤ᠂ ᠵᠢᠵᠢᠭ ᠪᠢᠴᠢᠯ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠢᠲᠡᠭᠡᠮᠵᠢᠲᠦ ᠵᠢᠭᠡᠯᠡᠯᠭᠡ ᠵᠢ ᠦᠨᠡᠯᠡᠬᠦ ᠲᠣᠭᠲᠠᠯᠴᠠᠭ᠎ᠠ ᠵᠢ ᠲᠤᠷᠰᠢᠨ ᠪᠠᠶ᠋ᠢᠭᠤᠯᠵᠤ᠂ ᠪᠠᠯᠠ ᠲᠣᠬᠢᠷᠠᠭᠤᠯᠬᠤ᠎ᠳᠤ ᠲᠥᠬᠥᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃ 3000 ᠳ᠋ᠦᠩᠰᠢᠭᠤᠷ ᠲᠥᠭᠥᠷᠢᠭ᠎ᠠᠴᠠ ᠳᠡᠭᠡᠭᠰᠢ ᠵᠢᠵᠢᠭ ᠪᠢᠴᠢᠯ ᠠᠵᠤ ᠠᠬᠤᠶ᠋ᠢᠯᠠᠯ᠎ᠤᠨ ᠲᠤᠰᠬᠠᠶ ᠵᠦᠢ᠍ᠯ᠎ᠤᠨ ᠮᠥᠩᠭᠥᠨ ᠭᠦᠢ᠍ᠯᠭᠡᠭᠡᠨ᠎ᠤ ᠵᠢᠭᠡᠯᠡᠯᠭᠡ ᠲᠠᠷᠬᠠᠭ᠋ᠠᠬᠤ ᠵᠢ ᠳᠡᠮᠵᠢᠨ᠎ᠡ᠃ ᠪᠠᠩᠬᠢ ᠵᠢᠨ ᠦᠢ᠍ᠯᠡᠰ᠎ᠤᠨ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ ᠵᠢᠨ ᠨᠡᠮᠡᠭᠳᠡᠯ᠎ᠤᠨ ᠬᠤᠷᠳᠤᠴᠠ ᠪᠠ ᠡᠷᠦᠬᠡ ᠵᠢᠨ ᠲᠣᠭ᠎ᠠ 《ᠬᠣᠶᠠᠷ᠎ᠢ ᠨᠡᠮᠡᠭᠳᠡᠭᠦᠯᠬᠦ》 ᠵᠢ ᠦᠨᠡᠨ ᠬᠦ᠌ ᠪᠠᠲᠤᠯᠠᠵᠤ᠂ ᠤᠯᠤᠰ᠎ᠤᠨ ᠥᠮᠴᠢᠯᠡᠯᠲᠦ ᠲᠣᠮᠣ ᠬᠡᠯᠪᠡᠷᠢ ᠵᠢᠨ ᠲᠠᠪᠤᠨ ᠬᠤᠳᠠᠯᠳᠤᠭ᠋ᠠᠨ᠎ᠤ ᠪᠠᠩᠬᠢ ᠵᠢᠨ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠵᠢᠭᠡᠯᠡᠯᠭᠡ ᠵᠢᠨ ᠨᠡᠮᠡᠭᠳᠡᠯ᠎ᠢ 30%᠎ᠠᠴᠠ ᠳᠡᠭᠡᠭᠰᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠎ᠠ ᠭᠡᠵᠦ ᠲᠣᠭᠲᠠᠭ᠋ᠠᠵᠠᠢ᠃
ᠯᠢ ᠺᠸ ᠴᠢᠶᠠᠩ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠢ ᠭᠡᠵᠦ ᠣᠨᠴᠠᠭ᠋ᠠᠢ᠌ᠯᠠᠨ ᠴᠢᠬᠤᠯᠠᠴᠢᠯᠠᠬᠤ᠎ᠳᠤ᠎ᠪᠠᠨ᠄ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠠᠵᠢᠯ ᠣᠯᠭᠣᠯᠲᠠ᠎ᠳᠤ ᠦᠵᠡᠭᠦᠯᠦᠭᠰᠡᠨ ᠬᠤᠪᠢ ᠨᠡᠮᠡᠷᠢ᠎ᠨᠢ ᠮᠠᠰᠢ ᠢᠯᠡᠷᠬᠡᠢ ᠪᠠᠶ᠋ᠢᠨ᠎ᠠ》 ᠭᠡᠵᠡᠶ᠃
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠲᠣᠭ᠎ᠠ ᠪᠠᠷᠢᠮᠲᠠ ᠵᠢᠨ ᠢᠯᠡᠷᠡᠭᠦᠯᠦᠭᠰᠡᠨ ᠵᠶ᠋ᠡᠷ᠂ ᠮᠠᠨ᠎ᠤ ᠤᠯᠤᠰ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠨ᠎ᠤ ᠬᠤᠭᠤᠴᠠᠭ᠋ᠠᠨ᠎ᠳᠤ 5500 ᠭᠠᠷᠤᠶ ᠲᠦᠮᠡᠨ ᠡᠷᠦᠬᠡ᠎ᠳᠤ ᠬᠦᠷᠴᠦ᠂ ᠣᠲᠣ ᠨᠢᠭᠡᠨᠲᠡ 9000 ᠲᠦᠮᠡᠨ ᠡᠷᠦᠬᠡ ᠵᠢ ᠳᠠᠪᠠᠵᠤ᠂ 2 ᠳ᠋ᠦᠩᠰᠢᠭᠤᠷ ᠭᠠᠷᠤᠶ ᠬᠥᠮᠦᠨ᠎ᠤ ᠠᠵᠢᠯ ᠣᠯᠭᠣᠯᠲᠠ ᠵᠢ ᠳᠠᠶ᠋ᠢᠴᠢᠯᠠᠭᠰᠠᠨ ᠪᠠᠶ᠋ᠢᠨ᠎ᠠ᠃
ᠶᠡᠷᠦᠩᠬᠡᠶ ᠰᠠᠶ᠋ᠢᠳ ᠱᠠᠭ᠋ᠠᠷᠳᠠᠬᠤ᠎ᠳᠤ᠎ᠪᠠᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠢᠲᠡᠭᠡᠮᠵᠢᠲᠦ ᠵᠢᠭᠡᠯᠡᠯᠭᠡ ᠵᠢ ᠦᠨᠡᠯᠡᠬᠦ ᠲᠣᠭᠲᠠᠯᠴᠠᠭ᠎ᠠ ᠵᠢ ᠲᠤᠷᠰᠢᠨ ᠪᠠᠶ᠋ᠢᠭᠤᠯᠵᠤ᠂ ᠪᠡᠯᠡ ᠲᠣᠬᠢᠷᠠᠭᠤᠯᠬᠤ᠎ᠳᠤ ᠳᠥᠭᠥᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ ᠭᠡᠵᠡᠢ᠃
ᠯᠢ ᠺᠸ ᠴᠢᠶᠠᠩ ᠵᠢᠭ᠋ᠠᠬᠤ᠎ᠳᠤ᠎ᠪᠠᠨ᠂ ᠣᠳᠣᠬᠠᠨ᠎ᠤ ᠣᠷᠣᠨ ᠪᠦᠰᠡ ᠵᠢᠨ ᠬᠥᠭᠵᠢᠯᠲᠡ᠎ᠳᠤ ᠲᠡᠩᠴᠡᠭᠦᠷᠢ ᠦᠭᠡᠢ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ ᠵᠡᠭᠦᠨ ᠬᠡᠰᠡᠭ᠎ᠤᠨ ᠭᠠᠵᠠᠷ ᠣᠷᠣᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠤᠯᠠᠨ᠂ ᠤᠯᠬᠤ ᠵᠢᠭᠡᠯᠡᠯᠭᠡ᠎ᠨᠢ ᠴᠦ᠍ ᠤᠯᠠᠨ᠂ ᠳᠤᠮᠳᠠ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠬᠠᠷᠢᠴᠠᠩᠭᠤᠶ᠎ᠪᠠᠷ ᠴᠥᠭᠡᠨ ᠪᠠᠶ᠋ᠢᠵᠤ᠂ ᠤᠯᠬᠤ ᠵᠢᠭᠡᠯᠡᠯᠭᠡ᠎ᠨᠢ ᠴᠦ᠍ ᠪᠠᠭ᠎ᠠ ᠪᠠᠶ᠋ᠢᠳᠠᠭ ᠭᠡᠵᠡᠢ᠃
ᠡᠭᠦᠨ᠎ᠳᠤ 《ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭᠣᠷᠢᠨ᠎ᠳᠤ ᠣᠷᠣᠨ ᠪᠦᠰᠡ ᠵᠢᠨ ᠪᠡᠯᠡ ᠲᠣᠬᠢᠷᠠᠭᠤᠯᠭ᠎ᠠ ᠵᠢᠨ ᠳᠡᠮᠵᠢᠯᠭᠡ ᠵᠢ ᠬᠠᠨᠳᠤᠯᠭ᠋ᠠᠲᠤ ᠴᠢᠨᠠᠷᠲᠠᠶ᠎ᠪᠠᠷ ᠰᠠᠶ᠋ᠢᠲᠤᠷ ᠬᠢᠵᠦ᠂ ᠬᠠᠮᠢᠶ᠎ᠠ ᠪᠦᠬᠦᠢ ᠣᠷᠣᠨ ᠨᠤᠲᠤᠭ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠪᠣᠯᠤᠨ ᠮᠥᠩᠭᠥᠨ ᠭᠦᠢ᠍ᠯᠭᠡᠭᠡᠨ᠎ᠤ ᠠᠮᠢ ᠠᠬᠤᠶ᠎ᠪᠠᠨ ᠰᠠᠶ᠋ᠢᠵᠢᠷᠠᠭᠤᠯᠬᠤ ᠵᠢ ᠠᠬᠢᠭᠤᠯᠬᠤ ᠬᠡᠷᠡᠭᠲᠡᠶ᠃ ᠮᠥᠩᠭᠥᠨ ᠭᠦᠢ᠍ᠯᠭᠡᠭᠡᠨ᠎ᠤ ᠲᠥᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠨᠠᠮᠳᠠᠭ᠋ᠠᠬᠤ ᠬᠡᠷᠡᠭᠲᠡᠢ》 ᠭᠡᠵᠡᠢ᠃
ᠯᠢ ᠺᠸ ᠴᠢᠶᠠᠩ ᠱᠠᠭ᠋ᠠᠷᠳᠠᠬᠤ᠎ᠳᠤ᠎ᠪᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠳᠠᠯ ᠪᠣᠯᠤᠨ ᠵᠠᠬ᠎ᠠ ᠳᠡᠯᠭᠡᠭᠦᠷ᠎ᠤᠨ ᠬᠤᠪᠢᠷᠠᠯᠲᠠ ᠵᠢ ᠨᠠᠷᠢᠨ ᠨᠢᠭᠲᠠ ᠮᠥᠷᠳᠡᠨ ᠵᠠᠳᠠᠯᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢ ᠰᠠᠶ᠋ᠢᠲᠤᠷ ᠬᠢᠵᠦ᠂ ᠶᠡᠬᠡ ᠬᠡᠮᠵᠢᠶᠡᠨ᠎ᠤ ᠲᠠᠸᠠᠷ᠎ᠤᠨ ᠦᠨ᠎ᠡ ᠬᠠᠩᠰᠢ ᠵᠢᠨ ᠬᠡᠳᠦ ᠲᠦᠷᠭᠡᠨ ᠥᠰᠬᠦ ᠵᠢᠴᠢ ᠬᠣᠯᠪᠣᠯᠳᠤᠭᠰᠠᠨ ᠨᠥᠯᠥᠭᠡ ᠵᠢ ᠠᠷᠭ᠋ᠠᠴᠠᠭ᠋ᠠᠬᠤ ᠬᠡᠷᠡᠭᠲᠡᠶ᠃ ᠵᠣᠭᠣᠰᠣᠨ᠎ᠤ ᠲᠦᠷᠦ ᠵᠢᠨ ᠪᠤᠳᠤᠯᠭ᠎ᠠ ᠬᠢᠭᠡᠳ ᠪᠤᠰᠤᠳ ᠲᠦᠷᠦ ᠵᠢᠨ ᠪᠤᠳᠤᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠠᠵᠤ ᠠᠬᠤᠶ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠢ ᠭᠡᠵᠡᠢ᠃