ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠨᠶᠠᠩ ᠬᠣᠲᠠ ᠵᠢᠨ ᠰᠢᠴᠦᠸᠠᠨ ᠰᠢᠶᠠᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠰᠢᠨᠵᠢᠯᠡᠨ ᠪᠠᠢ᠌ᠴᠠᠭ᠋ᠠᠪᠠ
ᠨᠡᠶ᠋ᠢᠲᠡᠯᠡᠭᠰᠡᠨ ᠴᠠᠭ᠄ 2021-05-14

      13᠎ᠤ ᠡᠳᠦᠷ᠎ᠤᠨ ᠦᠳᠡ ᠵᠢᠨ ᠬᠣᠶ᠋ᠢᠨ᠎ᠠ᠂ ᠶᠡᠷᠦᠩᠬᠡᠶ ᠱᠦᠵᠢ ᠰᠢ ᠵᠢᠨ ᠫᠢᠩ ᠰᠢᠴᠦᠸᠠᠨ ᠰᠢᠶᠠᠨ᠎ᠳᠤ ᠬᠦᠷᠴᠦ᠂ ᠤᠷᠢᠳ ᠬᠣᠵᠢᠳ ᠲᠤᠤ ᠴᠠ ᠴᠢᠦᠶ ᠰᠤᠪᠠᠭ᠎ᠤᠨ ᠲᠦᠷᠦᠭᠦᠤ ᠬᠦᠢ᠍ᠰᠦ ᠪᠠᠷᠢᠯᠭ᠎ᠠ᠂ ᠳ᠋ᠠᠨ ᠵᠢᠶᠠᠩ ᠺᠸᠤ ᠤᠰᠤᠨ ᠴᠥᠭᠥᠷᠥᠮ ᠪᠣᠯᠤᠨ ᠵᠢᠦ  ᠴᠦᠩ ᠪᠠᠯᠭ᠋ᠠᠰᠤᠨ᠎ᠤ ᠽᠸᠦ ᠵᠤᠸᠠᠩ ᠲᠣᠰᠬᠣᠨ᠎ᠳᠤ ᠰᠢᠨᠵᠢᠯᠡᠨ ᠪᠠᠢ᠌ᠴᠠᠭ᠋ᠠᠯᠲᠠ ᠬᠢᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠵᠢᠨ ᠠᠵᠢᠯᠯᠠᠭ᠎ᠠ ᠪᠣᠯᠤᠨ ᠤᠰᠤᠨ ᠰᠤᠷᠪᠤᠯᠵᠢ ᠵᠢᠨ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ᠎ᠳᠤ ᠨᠡᠭᠦᠳᠡᠯ ᠠᠷᠠᠳ᠎ᠢ ᠲᠥᠪᠬᠢᠨᠡᠭᠦᠯᠬᠦ᠂ ᠤᠨᠴᠠᠯᠢᠭᠳᠤ ᠠᠵᠤ ᠦᠢ᠍ᠯᠡᠰ᠎ᠢ ᠬᠥᠭᠵᠢᠭᠦᠯᠬᠦ᠂ ᠨᠡᠭᠦᠳᠡᠯ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃ ᠵᠠᠮ ᠲᠤᠷᠰᠢ᠂ ᠰᠢ ᠵᠢᠨ ᠫᠢᠩ ᠪᠠᠰᠠ ᠲᠡᠷᠭᠡᠨ᠎ᠠᠴᠠ᠎ᠪᠠᠨ ᠪᠠᠭᠤᠵᠤ᠂ ᠪᠤᠭᠤᠳᠠᠢ ᠵᠢᠨ ᠲᠠᠷᠢᠶᠠᠨ᠎ᠳᠤ ᠣᠷᠣᠵᠤ ᠪᠤᠭᠤᠳᠠᠢ ᠵᠢᠨ ᠤᠷᠭᠤᠯᠳᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠵᠤᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠪᠠᠶ᠋ᠢᠳᠠᠯ᠎ᠢ ᠣᠶ᠋ᠢᠯᠠᠭ᠋ᠠᠪᠠ᠃


2-11.jpg

2-22.jpg

2-33.jpg

2-44.jpg

2-55.jpg

2-66.jpg

2-77.jpg

2-88.jpg

2-99.jpg

2-100.jpg




ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠬᠢᠵᠢᠭ᠎ᠤᠨ ᠪᠠᠶ᠋ᠢᠳᠠᠯ᠎ᠳᠤ ᠦᠷᠭᠦᠯᠵᠢᠯᠡᠨ ᠨᠥᠯᠥᠭᠡᠯᠡᠭᠳᠡᠭᠰᠡᠨ ᠠᠵᠢᠯ ᠲᠥᠷᠥᠯ᠎ᠤᠨ ᠠᠵᠤ ᠠᠬᠤᠶ᠋ᠢᠯᠠᠯ᠎ᠳᠤ ᠦᠵᠡᠭᠦᠯᠬᠦ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠬᠤ ᠬᠡᠷᠡᠭᠲᠡᠶ
ᠰᠢ ᠵᠢᠨ ᠫᠢᠩ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠴᠢᠬᠤᠯᠠᠴᠢᠯᠠᠭᠰᠠᠨ᠎ᠨᠢ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠭᠦᠨᠵᠡᠭᠡᠢ ᠵᠠᠳᠠᠯᠤᠨ ᠢᠨᠵᠧᠨᠧᠷᠢᠩ᠎ᠤᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠬᠯᠠᠬᠤ ᠲᠦᠪᠰᠢᠨ᠎ᠢ ᠳᠡᠭᠡᠭᠰᠢᠯᠡᠭᠦᠯᠬᠦ ᠭᠡᠷᠡᠭᠲᠡᠢ
ᠰᠢ ᠵᠢᠨ ᠫᠢᠩ ᠮᠠᠨ᠎ᠤ ᠤᠯᠤᠰ᠎ᠤᠨ ᠠᠩᠬᠠᠳᠠᠭᠴᠢ ᠤᠳᠠᠭ᠋ᠠᠨ᠎ᠤ ᠭᠠᠯ ᠭᠠᠷᠠᠭ ᠬᠠᠶ᠋ᠢᠨ ᠰᠢᠨᠵᠢᠯᠡᠬᠦ ᠡᠭᠦᠷᠭᠡ ᠵᠢ ᠭᠦᠢ᠍ᠴᠡᠳᠬᠡᠬᠦ ᠲᠢᠶᠠᠨ ᠸᠸᠨ ᠨᠢᠭᠡᠳᠦᠭᠡᠷ ᠨᠣᠮᠧᠷᠲᠤ ᠬᠠᠢ᠌ᠭᠤᠷ᠎ᠤᠨ ᠭᠠᠯ ᠭᠠᠷᠠᠭ᠎ᠲᠤ ᠠᠮᠵᠢᠯᠲᠠ᠎ᠲᠠᠢ ᠭᠠᠵᠠᠷᠳᠠᠭᠰᠠᠨ᠎ᠳᠤ ᠪᠠᠶᠠᠷ ᠬᠦᠷᠭᠡᠪᠡ
ᠯᠢ ᠺᠸ ᠴᠢᠶᠠᠩ ᠢᠲ᠋ᠠᠯᠢ ᠵᠢᠨ ᠶᠡᠷᠦᠩᠬᠡᠢ ᠰᠠᠶ᠋ᠢᠳ ᠳ᠋ᠸᠯᠠᠵᠢ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
 
            