ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠮᠠᠨ᠎ᠤ ᠤᠯᠤᠰ᠎ᠤᠨ ᠠᠩᠬᠠᠳᠠᠭᠴᠢ ᠤᠳᠠᠭ᠋ᠠᠨ᠎ᠤ ᠭᠠᠯ ᠭᠠᠷᠠᠭ ᠬᠠᠶ᠋ᠢᠨ ᠰᠢᠨᠵᠢᠯᠡᠬᠦ ᠡᠭᠦᠷᠭᠡ ᠵᠢ ᠭᠦᠢ᠍ᠴᠡᠳᠬᠡᠬᠦ ᠲᠢᠶᠠᠨ ᠸᠸᠨ ᠨᠢᠭᠡᠳᠦᠭᠡᠷ ᠨᠣᠮᠧᠷᠲᠤ ᠬᠠᠢ᠌ᠭᠤᠷ᠎ᠤᠨ ᠭᠠᠯ ᠭᠠᠷᠠᠭ᠎ᠲᠤ ᠠᠮᠵᠢᠯᠲᠠ᠎ᠲᠠᠢ ᠭᠠᠵᠠᠷᠳᠠᠭᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2021-05-17

      ᠮᠠᠨ᠎ᠤ ᠤᠯᠤᠰ᠎ᠤᠨ ᠠᠩᠬᠠᠳᠠᠭᠴᠢ ᠤᠳᠠᠭ᠋ᠠᠨ᠎ᠤ ᠭᠠᠯ ᠭᠠᠷᠠᠭ ᠬᠠᠶ᠋ᠢᠨ ᠰᠢᠨᠵᠢᠯᠡᠬᠦ ᠡᠭᠦᠷᠭᠡ ᠵᠢ ᠭᠦᠢ᠍ᠴᠡᠳᠬᠡᠬᠦ ᠲᠢᠶᠠᠨ ᠸᠸᠨ ᠨᠢᠭᠡᠳᠦᠭᠡᠷ ᠨᠣᠮᠧᠷᠲᠤ ᠬᠠᠢ᠌ᠭᠤᠷ ᠭᠠᠯ ᠭᠠᠷᠠᠭ᠎ᠲᠤ ᠠᠮᠵᠢᠯᠲᠠ᠎ᠲᠠᠢ ᠭᠠᠵᠠᠷᠳᠠᠪᠠ
      ᠰᠢ ᠵᠢᠨ ᠫᠢᠩ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢ ᠲᠥᠯᠥᠭᠡᠯᠡᠨ ᠴᠠᠬᠢᠯᠭ᠋ᠠᠨ ᠮᠡᠳᠡᠭᠡ ᠢᠯᠡᠭᠡᠵᠦ ᠪᠠᠶᠠᠷ ᠬᠦᠷᠭᠡᠪᠡ
      ᠬᠠᠨ ᠵᠧᠩ ᠪᠡᠭᠡᠵᠢᠩ᠎ᠳᠤ ᠭᠠᠵᠠᠷᠳᠠᠭᠰᠠᠨ ᠪᠠᠶ᠋ᠢᠳᠠᠯ᠎ᠢ ᠦᠵᠡᠪᠡ


      5 ᠳ᠋ᠤᠭ᠋ᠠᠷ ᠰᠠᠷ᠎ᠠ ᠵᠢᠨ 15᠎ᠤ ᠡᠳᠦᠷ᠎ᠤᠨ 7 ᠴᠠᠭ 18 ᠮᠢᠨᠦ᠋ᠲ᠎ᠲᠤ᠂ ᠲᠢᠶᠠᠨ ᠸᠸᠨ ᠨᠢᠭᠡᠳᠦᠭᠡᠷ ᠨᠣᠮᠧᠷᠲᠤ ᠬᠠᠶ᠋ᠢᠭᠤᠷ ᠭᠠᠯ ᠭᠠᠷᠠᠭ᠎ᠤᠨ ᠦᠲ᠋ᠣᠫᠢ ᠵᠢᠨ ᠲᠠᠯ᠎ᠠ ᠭᠠᠵᠠᠷ᠎ᠤᠨ ᠡᠮᠦᠨ᠎ᠡ ᠬᠡᠰᠡᠭ᠎ᠤᠨ ᠵᠢᠱ᠌ᠢᠭᠰᠡᠨ ᠭᠠᠵᠠᠷ᠎ᠲᠤ ᠠᠮᠵᠢᠯᠲᠠ᠎ᠲᠠᠢ᠎ᠪᠠᠷ ᠭᠠᠵᠠᠷᠳᠠᠪᠠ᠂ ᠮᠠᠨ᠎ᠤ ᠤᠯᠤᠰ᠎ᠤᠨ ᠠᠩᠬᠠᠳᠠᠭᠴᠢ ᠭᠠᠯ ᠭᠠᠷᠠᠭ ᠬᠠᠶ᠋ᠢᠨ ᠰᠢᠨᠵᠢᠯᠡᠬᠦ ᠡᠭᠦᠷᠭᠡ ᠠᠮᠵᠢᠯᠲᠠ ᠣᠯᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠴᠠᠬᠢᠯᠭ᠋ᠠᠨ ᠢᠯᠡᠭᠡᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠠᠴᠠ ᠠᠩᠬᠠᠳᠠᠭᠴᠢ ᠤᠳᠠᠭ᠋ᠠᠨ᠎ᠤ ᠭᠠᠯ ᠭᠠᠷᠠᠭ ᠬᠠᠶ᠋ᠢᠨ ᠰᠢᠨᠵᠢᠯᠡᠬᠦ ᠡᠭᠦᠷᠭᠡ ᠵᠢᠨ ᠵᠢᠯᠣᠭᠣᠳᠬᠤ ᠭᠠᠵᠠᠷ ᠪᠣᠯᠤᠨ ᠲᠡᠭᠦᠨ᠎ᠳᠤ ᠣᠷᠣᠯᠴᠠᠭᠰᠠᠨ ᠪᠦᠬᠦ ᠨᠥᠬᠥᠳ᠎ᠲᠤ ᠬᠠᠯᠠᠭᠤᠨ ᠪᠠᠶᠠᠷ ᠬᠦᠷᠭᠡᠵᠦ᠂ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃
      ᠰᠢ ᠵᠢᠨ ᠫᠢᠩ ᠪᠠᠶᠠᠷ᠎ᠤᠨ ᠴᠠᠬᠢᠯᠭ᠋ᠠᠨ ᠮᠡᠳᠡᠭᠡ᠎ᠳᠤ᠎ᠪᠠᠨ᠂ ᠲᠢᠶᠠᠨ ᠸᠸᠨ ᠨᠢᠭᠡᠳᠦᠭᠡᠷ ᠨᠣᠮᠧᠷᠲᠤ ᠬᠠᠶ᠋ᠢᠭᠤᠷ ᠭᠠᠯ ᠭᠠᠷᠠᠭ᠎ᠲᠤ ᠭᠠᠵᠠᠷᠳᠠᠵᠤ᠂ ᠮᠠᠨ᠎ᠤ ᠤᠯᠤᠰ᠎ᠤᠨ ᠤᠳᠤᠨ ᠣᠷᠣᠨ᠎ᠤ ᠬᠠᠶ᠋ᠢᠨ ᠰᠢᠨᠵᠢᠯᠡᠯᠲᠡ ᠵᠢᠨ ᠠᠶᠠᠨ ᠴᠢᠬᠤᠯᠠ ᠨᠢᠭᠡ ᠠᠯᠬᠤᠮ᠎ᠢ ᠠᠯᠬᠤᠵᠤ᠂ ᠳᠡᠯᠡᠬᠡᠢ ᠵᠢᠨ ᠪᠥᠮᠪᠥᠷᠴᠡᠭ ᠪᠣᠯᠤᠨ ᠰᠠᠷᠠᠨ ᠪᠥᠮᠪᠥᠷᠴᠡᠭ᠎ᠤᠨ ᠰᠢᠰᠲ᠋ᠧᠮ᠎ᠠᠴᠠ ᠤᠳᠤᠨ ᠭᠠᠷᠠᠭ᠎ᠤᠨ ᠬᠣᠭᠣᠷᠣᠨᠳᠣᠬᠢ ᠳᠠᠪᠠᠯᠲᠠ ᠵᠢ ᠪᠡᠶᠡᠯᠡᠭᠦᠯᠵᠦ᠂ ᠭᠠᠯ ᠭᠠᠷᠠᠭ ᠳᠡᠭᠡᠷ᠎ᠡ ᠠᠩᠬ᠎ᠠ ᠤᠳᠠᠭ᠎ᠠ ᠳᠤᠮᠳᠠᠳᠤ ᠵᠢᠨ ᠬᠥᠮᠥᠨ᠎ᠤ ᠤᠯᠠ ᠮᠥᠷ᠎ᠢ ᠦᠯᠡᠳᠡᠭᠡᠪᠡ᠃ ᠡᠨᠡ ᠪᠣᠯ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠬᠥᠭᠵᠢᠯᠲᠡ ᠵᠢᠨ ᠪᠠᠰᠠ ᠨᠢᠭᠡᠨ ᠬᠦᠰᠢᠶ᠎ᠡ ᠲᠡᠮᠳᠡᠭ᠎ᠤᠨ ᠠᠴᠢ ᠬᠣᠯᠪᠣᠭᠳᠠᠯ᠎ᠲᠠᠢ ᠠᠬᠢᠴᠠ ᠪᠣᠯᠤᠨ᠎ᠠ᠃ ᠲᠠ ᠨᠠᠷ ᠵᠣᠷᠢᠭᠲᠠᠶ᠎ᠪᠠᠷ ᠥᠷᠢᠰᠥᠯᠳᠦᠵᠦ᠂ ᠭᠠᠷᠮᠠᠭ᠋ᠠᠶ ᠠᠮᠵᠢᠯᠲᠠ ᠵᠢ ᠬᠥᠭᠡᠭᠡᠴᠡᠯᠳᠦᠨ᠂ ᠮᠠᠨ᠎ᠤ ᠤᠯᠤᠰ ᠵᠶ᠋ᠠᠨ ᠭᠠᠷᠠᠭ ᠣᠳᠣᠨ᠎ᠤ ᠬᠠᠶ᠋ᠢᠨ ᠰᠢᠨᠵᠢᠯᠡᠯᠲᠡ ᠵᠢᠨ ᠬᠦᠷᠢᠶᠡᠨ᠎ᠳᠤ ᠳᠡᠯᠡᠬᠡᠶ ᠵᠢᠨ ᠲᠡᠷᠢᠭᠦᠨ᠎ᠤ ᠡᠩᠨᠡᠭᠡᠨ᠎ᠳᠤ ᠣᠷᠣᠭᠤᠯᠵᠠᠢ᠃ ᠡᠬᠡ ᠣᠷᠣᠨ ᠪᠠ ᠠᠷᠠᠳ ᠲᠦᠮᠡᠨ ᠲᠠ ᠨᠠᠷ᠎ᠤᠨ ᠭᠠᠷᠮᠠᠭ᠋ᠠᠶ ᠭᠠᠪᠢᠶ᠎ᠠ ᠵᠢᠳᠬᠦᠯ᠎ᠢ ᠥᠨᠢ ᠡᠭᠦᠷᠢᠳᠡ ᠪᠠᠲᠤ ᠴᠡᠭᠡᠵᠢᠯᠡᠬᠦ ᠪᠣᠯᠤᠨ᠎ᠠ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ ᠲᠠ ᠨᠠᠷ ᠦᠷᠬᠦᠯᠵᠢᠯᠡᠨ ᠴᠢᠷᠮᠠᠶ᠋ᠢᠵᠤ᠂ ᠭᠠᠯ ᠭᠠᠷᠠᠭ᠎ᠤᠨ ᠲᠣᠭᠣᠷᠢᠨ ᠪᠠᠶ᠋ᠢᠴᠠᠭ᠋ᠠᠯᠲᠠ ᠵᠢᠨ ᠰᠢᠨᠵᠢᠯᠡᠬᠦ ᠤᠬᠠᠭ᠋ᠠᠨᠴᠢ ᠬᠠᠶ᠋ᠢᠨ ᠰᠢᠨᠵᠢᠯᠡᠯᠲᠡ ᠵᠢ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠳᠤ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠠᠷᠢᠮᠲᠠᠯᠠᠵᠤ᠂ ᠭᠠᠷᠠᠭ ᠤᠳᠤᠨ᠎ᠤ ᠬᠠᠶ᠋ᠢᠨ ᠰᠢᠨᠵᠢᠯᠡᠯᠲᠡ ᠵᠡᠷᠭᠡ ᠰᠠᠨᠰᠠᠷ᠎ᠤᠨ ᠠᠶᠠᠯᠠᠯ᠎ᠤᠨ ᠴᠢᠬᠤᠯᠠ ᠶᠡᠬᠡ ᠢᠨᠵᠧᠨᠧᠷᠢᠩ᠎ᠢ ᠨᠠᠷᠢᠨ ᠨᠢᠮᠪᠠᠢ ᠠᠬᠢᠭᠤᠯᠵᠤ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠲᠥᠷᠭᠡᠳᠬᠡᠨ ᠪᠦᠳᠦᠭᠡᠨ ᠪᠠᠶ᠋ᠢᠭᠤᠯᠵᠤ᠂ ᠰᠠᠨᠰᠠᠷ᠎ᠤᠨ ᠨᠢᠭᠤᠴᠠ ᠵᠢ ᠬᠠᠶ᠋ᠢᠨ ᠰᠦᠪᠡᠭᠴᠢᠯᠡᠬᠦ᠂ ᠬᠥᠮᠦᠨ ᠲᠥᠷᠥᠯᠬᠢᠲᠡᠨ᠎ᠤ ᠡᠩᠬᠡ ᠲᠠᠶ᠋ᠢᠪᠤᠩ ᠪᠣᠯᠤᠨ ᠬᠥᠭᠵᠢᠯᠲᠡ ᠵᠢᠨ ᠡᠷᠬᠢᠮ ᠳᠡᠭᠡᠳᠦ ᠦᠢ᠍ᠯᠡᠰ᠎ᠢ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ᠎ᠪᠠᠨ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠡᠢ᠃
      ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠶ ᠰᠠᠶ᠋ᠢᠳ ᠬᠠᠨ ᠵᠧᠩ ᠪᠡᠭᠡᠵᠢᠩ᠎ᠤᠨ ᠰᠠᠨᠰᠠᠷ᠎ᠤᠨ ᠨᠢᠰᠦᠯᠲᠡ ᠵᠢ ᠡᠵᠡᠮᠳᠡᠬᠦ ᠲᠥᠪ᠎ᠲᠤ ᠲᠢᠶᠠᠨ ᠸᠸᠨ ᠨᠢᠭᠡᠳᠦᠭᠡᠷ ᠨᠣᠮᠸᠷᠲᠦ ᠬᠠᠢ᠌ᠭᠤᠷ᠎ᠤᠨ ᠭᠠᠵᠠᠷᠳᠠᠭᠰᠠᠨ ᠪᠠᠢ᠌ᠳᠠᠯ᠎ᠢ ᠦᠵᠡᠪᠡ᠃
      ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠶ ᠰᠠᠶ᠋ᠢᠳ ᠯᠢᠦ ᠾᠧ ᠲᠤᠬᠠᠢ ᠵᠢᠨ ᠲᠠᠯᠠᠪᠠᠢ᠎ᠳᠤ ᠰᠢ ᠵᠢᠨ ᠫᠢᠩ᠎ᠤᠨ ᠪᠠᠶᠠᠷ᠎ᠤᠨ ᠴᠠᠬᠢᠯᠭ᠋ᠠᠨ ᠮᠡᠳᠡᠭᠡ ᠵᠢ ᠤᠩᠰᠢᠨ ᠨᠡᠢ᠌ᠲᠡᠯᠡᠪᠡ᠃
      ᠮᠠᠨ᠎ᠤ ᠤᠯᠤᠰ᠎ᠤᠨ ᠠᠩᠬᠠᠳᠠᠭᠴᠢ ᠤᠳᠠᠭ᠋ᠠᠨ᠎ᠤ ᠭᠠᠯ ᠭᠠᠷᠠᠭ ᠬᠠᠶ᠋ᠢᠨ ᠰᠢᠨᠵᠢᠯᠡᠬᠦ ᠡᠭᠦᠷᠭᠡ ᠵᠢ 2016 ᠣᠨ᠎ᠳᠤ ᠲᠥᠷᠥᠯ ᠵᠦᠢ᠍ᠯ ᠪᠣᠯᠭ᠋ᠠᠨ ᠲᠣᠭᠲᠠᠭ᠋ᠠᠵᠤ᠂ ᠨᠢᠭᠡ ᠤᠳᠠᠭ᠎ᠠ ᠵᠢᠨ ᠡᠭᠦᠷᠭᠡ᠎ᠪᠠᠷ ᠳᠠᠮᠵᠢᠨ ᠭᠠᠯ ᠭᠠᠷᠠᠭ᠎ᠢ ᠲᠣᠭᠣᠷᠢᠬᠤ᠂ ᠭᠠᠵᠠᠷᠳᠠᠬᠤ ᠪᠠ ᠲᠣᠭᠣᠷᠢᠨ ᠪᠠᠶ᠋ᠢᠴᠠᠭ᠋ᠠᠵᠤ ᠬᠠᠶ᠋ᠢᠨ ᠰᠢᠨᠵᠢᠯᠡᠬᠦ ᠵᠢ ᠪᠡᠶᠡᠯᠡᠭᠦᠯᠬᠦ᠎ᠪᠠᠷ ᠲᠥᠯᠥᠪᠯᠡᠪᠡ᠃ ᠲᠢᠶᠠᠨ ᠸᠸᠨ ᠨᠢᠭᠡᠳᠦᠭᠡᠷ ᠬᠠᠶ᠋ᠢᠭᠤᠷ᠎ᠢ 2020 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ ᠬᠠᠶ᠋ᠢᠨᠠᠨ᠎ᠤ ᠸᠸᠨᠴᠠᠩ᠎ᠳᠤ ᠴᠠᠩ ᠵᠧᠩ ᠲᠠᠪᠤᠳᠤᠭ᠋ᠠᠷ ᠬᠥᠯᠭᠡ ᠲᠡᠶ᠋ᠢᠷᠦᠯᠲᠦ ᠰᠣᠮᠣ᠎ᠪᠠᠷ ᠠᠮᠵᠢᠯᠲᠠ᠎ᠲᠠᠢ ᠬᠠᠷᠪᠤᠵᠤ᠂ 2021 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ ᠭᠠᠯ ᠭᠠᠷᠠᠭ᠎ᠤᠨ ᠲᠠᠲᠠᠬᠤ ᠬᠦᠴᠦᠨ᠎ᠤ ᠬᠡᠪᠴᠢᠶᠡᠨ᠎ᠳᠤ ᠠᠮᠵᠢᠯᠲᠠ᠎ᠲᠠᠢ ᠣᠷᠣᠵᠤ᠂ ᠮᠠᠨ᠎ᠤ ᠤᠯᠤᠰ᠎ᠤᠨ ᠠᠩᠬᠠᠳᠠᠭᠴᠢ ᠭᠠᠯ ᠭᠠᠷᠠᠭ᠎ᠤᠨ ᠬᠢᠮᠡᠯ ᠳᠠᠭ᠋ᠠᠭᠤᠯᠢ ᠣᠲᠣ ᠪᠣᠯᠵᠠᠶ᠃ 2 ᠳ᠋ᠤᠭ᠋ᠠᠷ ᠰᠠᠷ᠎ᠠ ᠵᠢᠨ 24᠎ᠤ ᠡᠳᠦᠷ ᠬᠠᠶ᠋ᠢᠭᠤᠷ᠎ᠨᠢ ᠭᠠᠯ ᠭᠠᠷᠠᠭ᠎ᠤᠨ ᠵᠣᠭᠰᠣᠭ᠋ᠠᠯ᠎ᠤᠨ ᠵᠠᠮ᠎ᠳᠤ ᠣᠷᠣᠵᠤ᠂ 3 ᠰᠠᠷ᠎ᠠ ᠰᠢᠬᠠᠮ ᠬᠤᠭᠤᠴᠠᠭ᠎ᠠ᠎ᠲᠠᠢ ᠲᠣᠭᠣᠷᠢᠨ ᠬᠠᠶ᠋ᠢᠨ ᠰᠢᠨᠵᠢᠯᠡᠯᠲᠡ ᠬᠢᠵᠦ᠂ ᠭᠠᠯ ᠭᠠᠷᠠᠭ᠎ᠲᠤ ᠠᠮᠵᠢᠯᠲᠠ᠎ᠲᠠᠢ ᠭᠠᠵᠠᠷᠳᠠᠬᠤ᠎ᠳᠤ ᠰᠠᠭᠤᠷᠢ ᠲᠠᠯᠪᠢᠵᠤ ᠥᠭᠭᠦᠭᠰᠡᠨ ᠪᠠᠶ᠋ᠢᠨ᠎ᠠ᠃ ᠲᠢᠶᠠᠨ ᠸᠸᠨ ᠨᠢᠭᠡᠳᠦᠭᠡᠷ ᠨᠣᠮᠸᠷᠲᠦ ᠬᠠᠶ᠋ᠢᠭᠤᠷ ᠭᠠᠯ ᠭᠠᠷᠠᠭ᠎ᠲᠤ ᠠᠮᠵᠢᠯᠲᠠ᠎ᠲᠠᠢ᠎ᠪᠠᠷ ᠭᠠᠵᠠᠷᠳᠠᠭᠰᠠᠨ᠎ᠠᠴᠠ ᠮᠠᠨ᠎ᠤ ᠤᠯᠤᠰ ᠠᠩᠬ᠎ᠠ ᠤᠳᠠᠭ᠎ᠠ ᠳᠡᠯᠡᠬᠡᠶ ᠵᠢᠨ ᠪᠥᠮᠪᠥᠷᠴᠡᠭ᠎ᠤᠨ ᠭᠠᠳᠠᠨᠠᠬᠢ ᠭᠠᠷᠠᠭ ᠣᠳᠣᠨ᠎ᠳᠤ ᠭᠠᠵᠠᠷᠳᠠᠬᠤ ᠵᠢ ᠪᠡᠶᠡᠯᠡᠭᠦᠯᠵᠦ᠂ ᠮᠠᠨ᠎ᠤ ᠤᠯᠤᠰ ᠭᠠᠯ ᠭᠠᠷᠠᠭ᠎ᠲᠤ ᠠᠮᠵᠢᠯᠲᠠ᠎ᠲᠠᠢ᠎ᠪᠠᠷ ᠭᠠᠵᠠᠷᠳᠠᠭᠰᠠᠨ ᠬᠣᠶᠠᠳᠠᠬᠢ ᠤᠯᠤᠰ ᠪᠣᠯᠣᠭᠰᠠᠨ ᠪᠠᠶ᠋ᠢᠨ᠎ᠠ᠃ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠲᠣᠪᠴᠢᠶ᠎ᠠ ᠧᠦ᠋ᠷᠣᠫᠠ᠎ᠤᠨ ᠰᠠᠨᠰᠠᠷ᠎ᠤᠨ ᠠᠶᠠᠯᠠᠯ᠎ᠤᠨ ᠲᠣᠪᠴᠢᠶ᠎ᠠ᠂ ᠠᠷᠭ᠌ᠸᠨ᠋ᠲ᠋ᠢᠨ᠂ ᠹᠷᠠᠨᠼᠢ᠂ ᠠᠦ᠋ᠰᠲᠷᠢᠶ᠎ᠠ ᠵᠡᠷᠭᠡ ᠤᠯᠠᠨ ᠤᠯᠤᠰ᠎ᠤᠨ ᠰᠠᠨᠰᠠᠷ᠎ᠤᠨ ᠠᠶᠠᠯᠠᠯ᠎ᠤᠨ ᠵᠣᠬᠢᠶᠠᠨ ᠪᠠᠶ᠋ᠢᠭᠤᠯᠤᠯᠲᠠ ᠪᠣᠯᠤᠨ ᠤᠯᠤᠰ᠎ᠤᠨ ᠰᠠᠨᠰᠠᠷ᠎ᠤᠨ ᠠᠶᠠᠯᠠᠯ᠎ᠤᠨ ᠪᠠᠶ᠋ᠢᠭᠤᠯᠤᠮᠵᠢ᠎ᠲᠠᠢ ᠬᠣᠯᠪᠣᠭᠳᠠᠯ ᠪᠦᠬᠦᠢ ᠲᠦᠷᠦᠯ ᠵᠦᠢ᠍ᠯ᠎ᠤᠨ ᠬᠠᠮᠲᠤᠷᠠᠯᠴᠠᠭ᠎ᠠ ᠥᠷᠨᠢᠭᠦᠯᠵᠦ᠂ ᠰᠠᠨᠰᠠᠷ᠎ᠤᠨ ᠨᠢᠭᠤᠴᠠ ᠵᠢ ᠬᠠᠶ᠋ᠢᠨ ᠰᠦᠪᠡᠭᠴᠢᠯᠡᠬᠦ᠂ ᠭᠠᠯ ᠭᠠᠷᠠᠭ᠎ᠤᠨ ᠤᠯᠠᠷᠢᠯᠲᠠ ᠵᠢᠨ ᠲᠤᠬᠠᠢ ᠲᠠᠨᠢᠯᠲᠠ᠎ᠪᠠᠨ ᠨᠡᠮᠡᠭᠳᠡᠭᠦᠯᠬᠦ᠂ ᠠᠮᠢ ᠨᠠᠰᠤᠨ᠎ᠤ ᠡᠬᠢ ᠡᠭᠦᠰᠦᠯ᠎ᠢ ᠣᠶ᠋ᠢᠯᠠᠭ᠋ᠠᠬᠤ ᠵᠡᠷᠭᠡ ᠲᠠᠯ᠎ᠠ᠎ᠪᠠᠷ ᠬᠠᠮᠲᠤ ᠵᠢᠨ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠪᠣᠯᠤᠨ᠎ᠠ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠢᠲ᠋ᠠᠯᠢ ᠵᠢᠨ ᠶᠡᠷᠦᠩᠬᠡᠢ ᠰᠠᠶ᠋ᠢᠳ ᠳ᠋ᠸᠯᠠᠵᠢ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠵᠡᠷᠭᠡ ᠠᠵᠢᠯ᠎ᠢ ᠪᠠᠢ᠌ᠷᠢᠯᠠᠭᠤᠯᠪᠠ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠨ᠎ᠠ
 
            