ᠬᠠᠨ ᠵᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 14᠎ᠤ ᠦᠳᠡ ᠵᠢᠨ ᠡᠮᠦᠨ᠎ᠡ ᠾᠧᠨᠠᠨ ᠮᠤᠵᠢ ᠵᠢᠨ ᠨᠠᠨᠶᠠᠩ ᠬᠤᠳᠠ᠎ᠳᠤ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠦ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠨᠢ ᠪᠠᠶ᠋ᠢᠯᠳᠤᠬᠤ ᠪᠤᠳᠤᠯᠭ᠎ᠠ ᠵᠢᠨ ᠪᠦᠬᠦ ᠲᠠᠯ᠎ᠠ᠎ᠲᠠᠢ ᠬᠣᠯᠪᠣᠭᠳᠠᠵᠤ᠂ ᠠᠯᠤᠰ᠎ᠤᠨ ᠬᠥᠭᠵᠢᠯᠲᠡ᠎ᠲᠠᠢ ᠬᠣᠯᠪᠣᠭᠳᠠᠵᠤ᠂ ᠠᠷᠠᠳ ᠲᠦᠮᠡᠨ᠎ᠤ ᠠᠵᠠ ᠵᠢᠷᠭ᠋ᠠᠯ᠎ᠲᠠᠢ ᠬᠣᠯᠪᠣᠭᠳᠠᠨ᠎ᠠ᠃ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠪᠣᠯᠤᠨ ᠰᠠᠭ᠋ᠠᠳ ᠦᠭᠡᠢ ᠨᠡᠪᠲᠡᠷᠡᠬᠦ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠢ ᠪᠦᠷᠢᠯᠳᠦᠭᠦᠯᠦᠨ᠂ ᠡᠮᠦᠨᠡᠲᠦ ᠤᠮᠠᠷᠠᠲᠤ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ᠎ᠳᠤ ᠤᠰᠤᠨ᠎ᠤ ᠡᠬᠢ ᠪᠠᠶᠠᠯᠢᠭ᠎ᠤᠨ ᠬᠦᠴᠦᠳᠦ ᠲᠤᠯᠭ᠋ᠠᠭᠤᠷᠢᠯᠠᠯ᠎ᠢ ᠬᠡᠷᠡᠭᠰᠡᠨ᠎ᠡ᠃ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠡᠭᠦᠷᠭᠡ ᠵᠢ ᠭᠦᠨᠵᠡᠭᠡᠢ ᠵᠠᠳᠠᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠵᠤ ᠤᠰᠤ ᠵᠠᠰᠠᠬᠤ ᠰᠡᠳᠬᠢᠴᠡ ᠵᠢ ᠪᠠᠷᠢᠮᠲᠠᠯᠠᠨ᠂ ᠦᠨᠡᠨ ᠬᠦ᠌ ᠬᠡᠷᠡᠭᠴᠡᠭᠡ᠎ᠲᠠᠢ᠂ ᠠᠮᠢ ᠠᠬᠤᠢ ᠠᠮᠤᠷ ᠲᠦᠪᠰᠢᠨ᠂ ᠳᠠᠭ᠋ᠠᠭ᠋ᠠᠮᠠᠭ᠋ᠠᠢ ᠪᠠᠢ᠍ᠢ᠍ᠬᠤ ᠴᠢᠬᠤᠯᠠ ᠶᠡᠬᠡ ᠤᠰᠤᠨ ᠠᠰᠢᠬᠯᠠᠯᠳᠠ ᠵᠢᠨ ᠢᠨᠵᠧᠨᠧᠷᠢᠩ᠎ᠢ ᠨᠤᠲᠠᠯᠠᠬᠤ ᠵᠠᠷᠴᠢᠮ᠎ᠢ ᠵᠢᠷᠤᠮᠯᠠᠵᠤ᠂ ᠰᠠᠪᠠ ᠭᠠᠵᠠᠷ᠎ᠤᠨ ᠪᠦᠬᠦᠯᠢ ᠴᠣᠭᠴᠠ ᠪᠠ ᠤᠰᠤᠨ᠎ᠤ ᠡᠬᠢ ᠪᠠᠶᠠᠯᠢᠭ᠎ᠤᠨ ᠣᠷᠣᠨ ᠵᠠᠢ ᠵᠢ ᠲᠡᠩᠴᠡᠭᠦᠷᠢᠲᠡᠢ ᠲᠤᠬᠢᠷᠠᠭᠤᠯᠬᠤ᠎ᠳᠤ ᠰᠠᠭᠤᠷᠢᠯᠠᠨ᠂ ᠢᠨᠵᠧᠨᠧᠷᠢᠩ᠎ᠤᠨ ᠲᠥᠯᠥᠪᠵᠢᠭᠦᠯᠭᠡ ᠪᠦᠳᠦᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠬᠯᠠᠬᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

5 ᠰᠠᠷ᠎ᠠ ᠵᠢᠨ 14᠎ᠤ ᠦᠳᠡ ᠵᠢᠨ ᠡᠮᠦᠨ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠾᠧᠨᠠᠨ ᠮᠤᠵᠢ ᠵᠢᠨ ᠨᠠᠨᠶᠠᠩ ᠬᠤᠳᠠ᠎ᠳᠤ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠦ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠸᠠᠩ ᠶᠧ ᠰᠡᠬᠦᠳᠡᠷᠯᠡᠪᠡ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ ᠶᠠᠷᠢᠯᠴᠠᠬᠤ ᠬᠤᠷᠠᠯ᠎ᠳᠤ ᠣᠷᠣᠯᠴᠠᠵᠦ ᠶᠠᠷᠢᠶ᠎ᠠ ᠲᠠᠯᠪᠢᠵᠠᠢ᠃
ᠶᠠᠷᠢᠯᠴᠠᠬᠤ ᠬᠤᠷᠠᠯ ᠳᠡᠭᠡᠷ᠎ᠡ᠂ ᠤᠰᠤᠨ ᠠᠰᠢᠬᠯᠠᠯᠳᠠ ᠵᠢᠨ ᠶᠠᠮᠤᠨ᠎ᠤ ᠰᠠᠶ᠋ᠢᠳ ᠯᠢ ᠭᠦᠸᠧ ᠶᠢᠩ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠾᠧ ᠯᠢ ᠹᠧᠩ᠂ ᠵᠢᠶᠠᠩᠰᠦ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠯᠧᠦ ᠴᠢᠨ ᠵᠢᠶᠠᠨ᠂ ᠾᠧᠨᠠᠨ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠭᠦᠸᠧ ᠱᠧᠩ᠂ ᠲᠢᠶᠠᠨᠵᠢᠨ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠯᠢ ᠬᠣᠩ ᠵᠥᠩ᠂ ᠪᠡᠭᠡᠵᠢᠩ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠼᠠᠢ ᠴᠢ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠶ ᠰᠠᠶ᠋ᠢᠳ ᠬᠤ᠌ ᠴᠦᠨ ᠬᠤᠸᠠ ᠤᠷᠢᠳ ᠬᠣᠵᠢᠳ ᠦᠭᠡ ᠬᠡᠯᠡᠪᠡ᠃
ᠤᠯᠠᠨ᠎ᠤ ᠬᠡᠯᠡᠬᠦ ᠵᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠰᠤ ᠪᠣᠯ ᠣᠷᠣᠰᠢᠨ ᠲᠣᠭᠲᠠᠨᠢᠬᠤ ᠵᠢᠨ ᠦᠨᠳᠦᠰᠦ᠂ ᠪᠣᠯᠪᠠᠰᠤᠨ᠎ᠤ ᠰᠤᠷᠪᠤᠯᠵᠢ ᠮᠥᠨ᠃ ᠡᠷᠲᠡᠨ᠎ᠠᠴᠠ ᠠᠪᠤᠭ᠋ᠠᠳ᠂ ᠮᠠᠨ᠎ᠤ ᠤᠯᠤᠰ᠎ᠤᠨ ᠦᠨᠳᠦᠰᠦᠨ ᠤᠰᠤᠨ᠎ᠤ ᠪᠠᠶ᠋ᠢᠳᠠᠯ ᠪᠣᠯ ᠵᠣᠨ ᠦᠶᠡᠷᠯᠡᠵᠦ ᠡᠪᠦᠯ ᠭᠠᠩᠳᠠᠨ᠂ ᠤᠮᠠᠷᠠᠲᠤ ᠣᠷᠣᠨ᠎ᠳᠤ ᠲᠤᠳᠠᠭᠳᠠᠵᠦ ᠡᠮᠦᠨᠡᠲᠦ ᠣᠷᠣᠨ᠎ᠳᠤ ᠡᠯᠪᠡᠭ ᠪᠠᠢ᠍ᠢ᠍ᠵᠦ᠂ ᠤᠰᠤᠨ᠎ᠤ ᠡᠬᠢ ᠪᠠᠶᠠᠯᠢᠭ᠎ᠤᠨ ᠴᠠᠭ ᠬᠤᠭᠤᠴᠠᠭ᠎ᠠ ᠪᠠ ᠣᠷᠣᠨ ᠵᠠᠶ ᠵᠢᠨ ᠲᠠᠷᠬᠠᠯᠲᠠ ᠲᠤᠶ᠋ᠢᠯ᠎ᠤᠨ ᠲᠡᠩᠴᠡᠭᠦᠷᠢ ᠥᠬᠡᠶ ᠪᠠᠶ᠋ᠢᠳᠠᠭ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ᠂ ᠮᠠᠨ᠎ᠤ ᠨᠠᠮ ᠶᠡᠬᠡ ᠬᠡᠪᠴᠢᠶᠡᠨ᠎ᠤ ᠤᠰᠤᠨ ᠠᠰᠢᠬᠯᠠᠯᠳᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠤᠳᠤᠷᠢᠳᠤᠨ ᠥᠷᠨᠢᠭᠦᠯᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠤᠰᠤᠨ᠎ᠤ ᠭᠠᠮᠰᠢᠭ᠎ᠢ ᠰᠡᠷᠭᠡᠶ᠋ᠢᠯᠡᠨ ᠵᠠᠰᠠᠬᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠤᠰᠤᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂ ᠤᠰᠤᠨ᠎ᠤ ᠣᠷᠴᠢᠨ ᠲᠣᠭᠣᠷᠢᠨ᠎ᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠣᠷᠣᠨ ᠪᠦᠰᠡ ᠠᠯᠤᠰᠯᠠᠭᠰᠠᠨ ᠨᠢᠭᠡ ᠪᠦᠯᠦᠭ ᠴᠢᠬᠤᠯᠠ ᠶᠡᠬᠡ ᠤᠰᠤ ᠲᠠᠲᠠᠵᠦ ᠲᠤᠬᠢᠷᠠᠭᠤᠯᠬᠤ ᠢᠨᠵᠧᠨᠧᠷᠢᠩ᠎ᠢ ᠪᠦᠳᠦᠭᠡᠨ ᠪᠠᠶ᠋ᠢᠭᠤᠯᠪᠠ᠃ ᠡᠮᠦᠨᠡᠳᠡᠬᠢ ᠤᠰᠤ ᠵᠢ ᠤᠮᠠᠷᠠᠰᠢ ᠲᠠᠲᠠᠬᠤ ᠪᠣᠯ ᠰᠠᠪᠠ ᠭᠠᠵᠠᠷ ᠣᠷᠣᠨ ᠪᠦᠰᠡ ᠠᠯᠤᠰᠯᠠᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠭᠣᠣᠯᠯᠠᠭᠴᠢ ᠢᠨᠵᠧᠨᠧᠷᠢᠩ ᠪᠣᠯᠤᠨ᠎ᠠ᠃ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠡᠭᠦᠨ ᠱᠤᠭᠤᠮ᠂ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠭᠣᠣᠯ ᠴᠣᠭᠴᠠ ᠵᠢᠨ ᠪᠠᠷᠢᠯᠭ᠎ᠠ ᠪᠠᠶ᠋ᠢᠭᠤᠯᠤᠭᠳᠠᠵᠤ ᠤᠰᠤ ᠨᠡᠪᠲᠡᠷᠡᠭᠰᠡᠨ᠎ᠠᠴᠠ ᠨᠠᠭ᠋ᠠᠰᠢ᠂ ᠨᠢᠭᠡᠨᠲᠡ 400 ᠭᠠᠷᠤᠢ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠲᠠᠵᠤ᠂ 1.2 ᠳ᠋ᠦᠩᠰᠢᠭᠤᠷ ᠬᠥᠮᠦᠨ ᠰᠢᠭᠤᠳ ᠠᠰᠢᠭ ᠬᠦᠷᠳᠡᠵᠥ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠪᠡ᠃ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠣᠯ ᠪᠦᠷᠢᠮᠦᠰᠦᠨ ᠵᠥᠪ ᠭᠡᠳᠡᠭ᠎ᠢ ᠦᠢ᠍ᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃

5 ᠰᠠᠷ᠎ᠠ ᠵᠢᠨ 14᠎ᠤ ᠦᠳᠡ ᠵᠢᠨ ᠡᠮᠦᠨ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠾᠧᠨᠠᠨ ᠮᠤᠵᠢ ᠵᠢᠨ ᠨᠠᠨᠶᠠᠩ ᠬᠤᠳᠠ᠎ᠳᠤ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠦ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠤᠯ ᠶᠠᠷᠢᠯᠴᠠᠬᠤ ᠬᠤᠷᠠᠯ᠎ᠠᠴᠠ ᠡᠮᠦᠨ᠎ᠠ᠂ ᠰᠢ ᠵᠢᠨ ᠫᠢᠩ 13᠎ᠤ ᠡᠳᠤᠷ ᠨᠠᠨᠶᠠᠩ ᠬᠤᠳᠠ ᠵᠢᠨ ᠰᠢᠴᠤᠸᠠᠨ ᠰᠢᠶᠠᠨ᠎ᠤ ᠳᠤᠤ ᠴᠠ ᠵᠢᠨ ᠴᠢᠤᠢ ᠱᠧᠤ ᠬᠦᠢ᠍ᠰᠦ ᠪᠠᠷᠢᠯᠭ᠎ᠠ ᠵᠢ ᠰᠢᠨᠵᠢᠯᠡᠨ ᠪᠠᠢ᠍ᠢ᠍ᠴᠠᠭ᠋ᠠᠵᠤ ᠪᠠᠢ᠍ᠢ᠍ᠭ᠎ᠠ᠎ᠨᠢ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠬᠦᠳᠡᠷᠯᠡᠪᠡ
ᠰᠢ ᠵᠢᠨ ᠫᠢᠩ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠡᠷᠭᠡ ᠴᠢᠬᠤᠯᠠ ᠶᠡᠬᠡ ᠢᠨᠵᠧᠨᠧᠷᠢᠩ᠎ᠤᠨ ᠬᠡᠷᠡᠭᠵᠢᠭᠦᠯᠦᠯᠲᠡ᠎ᠨᠢ ᠪᠢᠳᠡᠨ᠎ᠳᠤ ᠴᠢᠬᠤᠯᠠ ᠶᠡᠬᠡ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠢᠨᠵᠧᠨᠧᠷᠢᠩ᠎ᠢ ᠬᠡᠷᠡᠭᠵᠢᠭᠦᠯᠬᠦ ᠬᠣᠪᠣᠷ ᠨᠠᠨᠳᠢᠨ ᠲᠤᠷᠰᠢᠯᠭ᠎ᠠ ᠵᠢ ᠬᠤᠷᠠᠮᠳᠤᠭᠤᠯᠵᠦ ᠦᠭᠴᠠᠢ᠃ ᠨᠢᠭᠡ᠎ᠳᠤ ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠪᠤᠯᠬᠤ ᠵᠢ ᠪᠠᠷᠢᠮᠳᠠᠯᠠᠵᠦ᠂ ᠬᠡᠰᠡᠭ ᠲᠠᠯ᠎ᠠ᠎ᠨᠢ ᠪᠦᠬᠦ ᠲᠠᠯ᠎ᠠ ᠵᠢ ᠳᠠᠭ᠋ᠠᠵᠤ᠂ ᠣᠷᠣᠨ ᠨᠤᠲᠤᠭ᠎ᠨᠢ ᠲᠥᠪ ᠬᠣᠷᠢᠶ᠎ᠠ ᠵᠢ ᠳᠠᠭ᠋ᠠᠵᠤ᠂ ᠲᠥᠪ᠎ᠤᠨ ᠳᠠᠪᠬᠤᠷᠭ᠎ᠠ᠎ᠠᠴᠠ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠪᠦᠬᠦ ᠲᠠᠯ᠎ᠠ᠎ᠪᠠᠷ ᠰᠢᠯᠢᠳᠡᠭᠵᠢᠭᠦᠯᠪᠠ᠃ ᠬᠣᠶᠠᠷ᠎ᠲᠤ ᠬᠦᠴᠦᠨ ᠵᠶ᠋ᠠᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠵᠦ᠂ ᠲᠥᠪ᠎ᠤᠨ ᠳᠡᠰ ᠳᠠᠪᠬᠤᠷᠭ᠎ᠠ᠎ᠠᠴᠠ ᠨᠢᠭᠡᠳᠦᠯᠲᠡᠶ ᠠᠬᠢᠭᠤᠯᠵᠤ᠂ ᠪᠡᠯᠡ ᠮᠥᠩᠭᠥ᠂ ᠬᠡᠷᠡᠭᠯᠡᠬᠦ ᠭᠠᠵᠠᠷ ᠵᠡᠷᠭᠡ ᠪᠦᠲᠦᠭᠡᠨ ᠪᠠᠶ᠋ᠢᠭᠤᠯᠤᠯᠲᠠ ᠵᠢᠨ ᠬᠦᠴᠦᠨ ᠵᠦᠢ᠍ᠯ᠎ᠢ ᠲᠥᠪᠯᠡᠷᠡᠭᠦᠯᠦᠨ ᠪᠠᠲᠤᠯᠠᠵᠤ᠂ ᠠᠷᠠᠳ᠎ᠢ ᠨᠡᠭᠦᠯᠭᠡᠨ ᠲᠥᠪᠬᠢᠨᠡᠭᠦᠯᠬᠦ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠪᠠ᠃ ᠭᠤᠷᠪᠠ᠎ᠳᠤ ᠪᠤᠰᠤᠳᠴᠢ ᠵᠢᠮ᠎ᠡ ᠶᠣᠰᠣ ᠵᠢ ᠬᠦᠨᠳᠦᠳᠬᠡᠵᠦ᠂ ᠰᠢᠨᠵᠢᠯᠡᠬᠦ ᠤᠬᠠᠭ᠋ᠠᠨᠴᠢ ᠪᠣᠯᠭᠣᠮᠵᠢᠲᠠᠢ᠎ᠪᠠᠷ ᠲᠥᠰᠦᠯ᠎ᠢ ᠨᠤᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠬᠤᠯᠠᠴᠢᠯᠠᠨ᠂ ᠬᠥᠮᠦᠨ ᠵᠠᠪᠠᠯ ᠪᠠᠢ᠍ᠢ᠍ᠭ᠋ᠠᠯᠢ ᠵᠢ ᠢᠯᠠᠬᠤ ᠵᠢ ᠡᠷᠬᠢᠮᠯᠡᠬᠦ᠎ᠪᠠᠷ ᠪᠠᠷᠠᠬᠤ ᠦᠭᠡᠢ᠂ ᠬᠥᠮᠦᠨ ᠤᠰᠤ ᠡᠶ᠎ᠡ ᠵᠣᠬᠢᠴᠠᠩᠭᠤᠢ ᠪᠠᠢ᠍ᠢ᠍ᠬᠤ ᠵᠢ ᠴᠤ᠌ ᠡᠷᠬᠢᠮᠯᠡᠪᠠ᠃ ᠳᠥᠷᠪᠡ᠎ᠳᠤ ᠲᠦᠯᠦᠪᠵᠢᠭᠦᠯᠭᠡ ᠵᠢ ᠨᠢᠭᠡᠳᠦᠯᠳᠠᠢ ᠲᠦᠯᠦᠪᠵᠢᠬᠦᠯᠬᠦ᠎ᠪᠠᠷ ᠵᠢᠯᠤᠭᠤᠳᠤᠮᠵᠢ ᠪᠤᠯᠭ᠋ᠠᠵᠦ᠂ ᠬᠥᠬᠡᠮᠥ᠋ᠷᠡᠨ᠂ ᠬᠤᠸᠠᠶ᠋ᠢᠾᠧ ᠭᠤᠤᠯ᠂ ᠬᠠᠲᠤᠨ ᠭᠤᠤᠯ᠂ ᠬᠠᠶ᠋ᠢᠾᠧ ᠭᠤᠤᠯ ᠵᠡᠷᠭᠡ ᠳᠥᠷᠪᠡᠨ ᠶᠡᠬᠡ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠎ᠢ ᠨᠢᠭᠡᠳᠦᠯᠲᠡᠶ ᠲᠥᠯᠥᠪᠵᠢᠭᠦᠯᠦᠨ᠂ ᠡᠯ᠎ᠡ ᠬᠣᠯᠪᠣᠭᠳᠠᠯ ᠪᠥᠬᠥᠶ ᠭᠠᠵᠠᠷ ᠣᠷᠣᠨ ᠪᠣᠯᠤᠨ ᠠᠵᠢᠯ ᠲᠥᠷᠥᠯ᠎ᠤᠨ ᠬᠡᠷᠡᠭᠴᠡᠭᠡ ᠵᠢ ᠵᠡᠷᠭᠡ᠎ᠪᠠᠷ ᠬᠠᠷᠠᠭ᠋ᠠᠯᠵᠠᠪᠠ᠃ ᠲᠠᠪᠤ᠎ᠳᠤ ᠤᠰᠤ ᠠᠷᠪᠢᠯᠠᠬᠤ ᠪᠣᠬᠢᠷᠲᠤᠯ᠎ᠢ ᠵᠠᠰᠠᠬᠤ ᠵᠢ ᠴᠢᠬᠤᠯᠠᠴᠢᠯᠠᠵᠤ᠂ ᠤᠷᠢᠳ ᠵᠶ᠋ᠠᠷ ᠤᠰᠤ ᠠᠷᠪᠢᠯᠠᠵᠤ ᠳᠠᠷᠠᠭ᠎ᠠ᠎ᠨᠢ ᠤᠰᠤ ᠲᠠᠲᠠᠬᠤ᠂ ᠤᠷᠢᠳ ᠵᠶ᠋ᠠᠷ ᠪᠣᠬᠢᠷᠲᠤᠯ᠎ᠢ ᠵᠠᠰᠠᠵᠤ ᠳᠠᠷᠠᠭ᠎ᠠ᠎ᠨᠢ ᠤᠰᠤ ᠨᠡᠪᠲᠡᠷᠡᠭᠦᠯᠬᠦ᠂ ᠤᠷᠢᠳ ᠵᠶ᠋ᠠᠷ ᠣᠷᠴᠢᠨ ᠲᠤᠭᠤᠷᠢᠨ᠎ᠢ ᠬᠠᠮᠠᠭ᠋ᠠᠯᠠᠵᠤ ᠳᠠᠷᠠᠭ᠎ᠠ᠎ᠨᠢ ᠤᠰᠤ ᠬᠡᠷᠡᠭᠯᠡᠬᠦ ᠵᠢ ᠪᠠᠷᠢᠮᠲᠠᠯᠠᠪᠠ᠃ ᠵᠢᠷᠭᠤᠭ᠎ᠠ᠎ᠳᠤ ᠨᠠᠷᠢᠯᠢᠭ ᠣᠨᠣᠪᠴᠢᠲᠠᠶ᠎ᠪᠠᠷ ᠤᠰᠤ ᠲᠠᠲᠠᠵᠤ᠂ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠨᠠᠷᠢᠯᠢᠬ᠍ᠵᠢᠭᠤᠯᠤᠨ ᠲᠣᠭᠲᠠᠭ᠋ᠠᠵᠤ᠂ ᠤᠰᠤᠨ᠎ᠤ ᠡᠬᠢ ᠰᠤᠷᠪᠤᠯᠵᠢ᠎ᠠᠴᠠ ᠬᠡᠷᠡᠭᠯᠡᠭᠴᠢ ᠬᠦᠷᠲᠡᠯᠡᠬᠢ ᠨᠠᠷᠢᠯᠢᠭ ᠣᠨᠣᠪᠴᠢᠲᠠᠶ ᠲᠣᠬᠢᠷᠠᠭᠤᠯᠤᠯᠲᠠ ᠵᠢ ᠴᠢᠩᠭ᠋ᠠᠳᠬᠠᠪᠠ᠃ ᠡᠳᠡᠭᠡᠷ ᠲᠤᠷᠰᠢᠯᠭ᠎ᠠ ᠵᠢ ᠲᠠᠷᠠᠭ᠋ᠠᠴᠢ ᠵᠢᠨ ᠪᠠᠷᠢᠯᠭ᠎ᠠ ᠵᠢᠨ ᠲᠥᠯᠥᠪᠵᠢᠭᠦᠯᠭᠡ ᠪᠦᠳᠦᠭᠡᠨ ᠪᠠᠶ᠋ᠢᠭᠤᠯᠤᠯᠲᠠ ᠵᠢᠨ ᠶᠠᠪᠤᠴᠠ᠎ᠳᠤ ᠰᠠᠶ᠋ᠢᠲᠤᠷ ᠬᠡᠷᠡᠭᠯᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠤᠰᠤ ᠲᠠᠲᠠᠬᠤ ᠢᠨᠵᠧᠨᠧᠷᠢᠩ᠎ᠢ ᠦᠷᠭᠦᠯᠵᠢᠯᠡᠨ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠤᠨ ᠬᠡᠷᠡᠭᠵᠢᠭᠦᠯᠬᠦ᠎ᠳᠤ᠂ ᠤᠰᠤ ᠠᠷᠪᠢᠯᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠰᠠᠨ ᠤᠷᠢᠲᠠᠯ ᠳᠣᠣᠷ᠎ᠠ᠂ ᠬᠡᠷᠡᠭᠴᠡᠭᠡ ᠪᠣᠯᠤᠨ ᠬᠠᠩᠭ᠋ᠠᠯᠭ᠎ᠠ ᠵᠢᠨ ᠬᠠᠮᠢᠶᠠᠷᠤᠯᠲᠠ ᠵᠢ ᠨᠢᠭᠡᠳᠦᠯᠲᠡᠢ ᠲᠥᠯᠥᠪᠵᠢᠭᠦᠯᠦᠨ ᠴᠢᠩᠭ᠋ᠠᠳᠬᠠᠬᠤ ᠬᠡᠷᠡᠭᠲᠡᠢ᠃ ᠨᠢᠭᠡ᠎ᠳᠤ ᠰᠢᠰᠲ᠋ᠧᠮᠲᠦ ᠦᠵᠡᠯᠲᠡ ᠵᠢ ᠪᠠᠷᠢᠮᠲᠠᠯᠠᠨ᠂ ᠰᠢᠰᠲ᠋ᠧᠮᠲᠦ ᠤᠨᠤᠯ᠎ᠤᠨ ᠦᠵᠡᠯ ᠰᠠᠨᠠᠭ᠋ᠠᠨ᠎ᠤ ᠠᠷᠭ᠎ᠠ᠎ᠪᠠᠷ ᠠᠰᠠᠭᠤᠳᠠᠯ᠎ᠢ ᠵᠠᠳᠠᠯᠵᠤ᠂ ᠡᠬᠢ ᠰᠤᠷᠪᠤᠯᠵᠢ ᠵᠢ ᠨᠡᠭᠡᠭᠡᠬᠦ ᠪᠠ ᠤᠷᠤᠰᠬᠠᠯ᠎ᠢ ᠬᠠᠰᠢᠬᠤ᠂ ᠬᠠᠳᠠᠭ᠋ᠠᠯᠠᠯᠲᠠ ᠵᠢᠨ ᠬᠡᠮᠵᠢᠶ᠎ᠡ ᠪᠠ ᠨᠡᠮᠡᠭᠳᠡᠯ᠎ᠤᠨ ᠬᠡᠮᠵᠢᠶ᠎ᠡ᠂ ᠴᠠᠭ ᠪᠠ ᠣᠷᠣᠨ ᠵᠠᠢ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠢᠨᠵᠧᠨᠧᠷᠢᠩ᠎ᠤᠨ ᠶᠡᠷᠦᠩᠬᠡᠶ᠋ᠢᠯᠡᠭᠰᠡᠨ ᠦᠷ᠎ᠡ ᠠᠰᠢᠭ᠎ᠢ ᠬᠠᠮᠤᠭ᠎ᠤᠨ ᠶᠡᠬᠡ ᠪᠣᠯᠭ᠋ᠠᠬᠤ ᠬᠡᠷᠡᠭᠲᠡᠢ᠃ ᠬᠣᠶᠠᠷ᠎ᠲᠤ ᠵᠢᠮ᠎ᠡ ᠶᠣᠰᠣ ᠵᠢ ᠵᠢᠷᠤᠮᠯᠠᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠤᠨ ᠠᠯᠤᠰ ᠬᠡᠲᠦ ᠵᠢᠨ ᠬᠠᠩᠭ᠋ᠠᠯᠭ᠎ᠠ ᠬᠡᠷᠡᠭᠴᠡᠭᠡ ᠵᠢᠨ ᠬᠠᠨᠳᠤᠰᠢ᠂ ᠣᠷᠣᠨ ᠪᠦᠰᠡ ᠵᠢᠨ ᠲᠠᠷᠬᠠᠯᠲᠠ᠂ ᠪᠦᠲᠦᠴᠡ ᠵᠢᠨ ᠣᠨᠴᠠᠯᠢᠭ᠎ᠢ ᠰᠤᠳᠤᠯᠤᠨ ᠮᠠᠭ᠋ᠠᠳᠯᠠᠵᠤ ᠡᠵᠡᠮᠳᠡᠨ᠂ ᠢᠨᠵᠧᠨᠧᠷᠢᠩ᠎ᠤᠨ ᠬᠡᠪᠴᠢᠶ᠎ᠡ ᠪᠣᠯᠤᠨ ᠶᠡᠷᠦᠩᠬᠡᠶ ᠪᠠᠶ᠋ᠢᠷᠢᠰᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠂ ᠬᠥᠭᠵᠢᠭᠦᠯᠬᠦ ᠪᠠ ᠬᠠᠮᠠᠭ᠋ᠠᠯᠠᠬᠤ᠂ ᠠᠰᠢᠬᠯᠠᠬᠤ ᠪᠠ ᠰᠡᠷᠭᠦᠭᠡᠬᠦ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠭᠡᠷᠡᠭᠲᠡᠢ᠂ ᠠᠮᠢ ᠠᠬᠤᠶ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠶᠠᠭ᠋ᠠᠬᠢᠭᠰᠠᠨ ᠴᠤ᠌ ᠳᠠᠪᠠᠵᠤ ᠪᠣᠯᠬᠤ ᠥᠬᠡᠶ᠃ ᠭᠤᠷᠪᠠ᠎ᠳᠤ ᠤᠰᠤ ᠠᠷᠪᠢᠯᠠᠬᠤ ᠵᠢ ᠤᠷᠢᠳ ᠵᠶ᠋ᠠᠷ ᠪᠤᠳᠤᠯᠬᠢᠯᠠᠬᠤ ᠵᠢ ᠪᠠᠷᠢᠮᠲᠠᠯᠠᠨ᠂ ᠤᠰᠤ ᠠᠷᠪᠢᠯᠠᠬᠤ ᠵᠢ ᠤᠰᠤ ᠬᠦᠷᠲᠡᠬᠦ ᠣᠷᠣᠨ᠎ᠤ ᠦᠨᠳᠦᠰᠦᠨ ᠭᠠᠷᠬᠤ ᠵᠠᠮ ᠪᠣᠯᠭ᠋ᠠᠵᠤ᠂ ᠤᠰᠤ ᠠᠷᠪᠢᠯᠠᠬᠤ ᠠᠵᠢᠯ᠎ᠢ ᠤᠷᠲᠤ ᠬᠤᠭᠤᠴᠠᠭ᠎ᠠ᠎ᠪᠠᠷ ᠭᠦᠨᠵᠡᠭᠡᠶ ᠰᠠᠶ᠋ᠢᠲᠤᠷ ᠬᠢᠵᠦ᠂ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ ᠬᠣᠲᠠ ᠵᠢᠨ ᠣᠷᠣᠨ ᠵᠠᠶ ᠵᠢᠨ ᠪᠠᠶ᠋ᠢᠷᠢᠰᠢᠭᠤᠯᠤᠯᠳᠠ᠂ ᠠᠵᠤ ᠦᠢ᠍ᠯᠡᠰ᠎ᠤᠨ ᠪᠦᠲᠦᠴᠡ᠂ ᠬᠥᠮᠦᠨ ᠠᠮᠠ ᠵᠢᠨ ᠬᠡᠪᠴᠢᠶ᠎ᠡ ᠵᠢ ᠰᠢᠯᠢᠳᠡᠭᠵᠢᠭᠦᠯᠬᠦ ᠬᠡᠷᠡᠭᠲᠡᠶ᠃ ᠳᠦᠷᠪᠡ᠎ᠳᠤ ᠠᠵᠤ ᠠᠬᠤᠢ ᠵᠦᠢ ᠵᠣᠬᠢᠰᠲᠠᠢ ᠪᠠᠶ᠋ᠢᠬᠤ ᠵᠢ ᠪᠠᠷᠢᠮᠲᠠᠯᠠᠵᠤ᠂ ᠢᠨᠵᠧᠨᠧᠷᠢᠩ᠎ᠤᠨ ᠪᠡᠯᠡ ᠣᠷᠣᠭᠤᠯᠤᠯᠲᠠ ᠪᠠ ᠦᠷ᠎ᠡ ᠠᠰᠢᠭ᠎ᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠥᠰᠦᠯ᠎ᠢ ᠬᠠᠷᠢᠴᠠᠭᠤᠯᠤᠨ ᠰᠣᠩᠭᠣᠵᠤ ᠨᠤᠲᠠᠯᠠᠬᠤ ᠵᠢ ᠴᠢᠩᠭ᠋ᠠᠳᠬᠠᠨ᠂ ᠭᠠᠵᠠᠷ ᠵᠶ᠋ᠠᠨ ᠳᠠᠳᠠᠪᠤᠷᠢᠯᠠᠭᠤᠯᠤᠭᠰᠠᠨ ᠨᠡᠭᠦᠳᠡᠯ ᠠᠷᠠᠳ᠎ᠤᠨ ᠲᠣᠭ᠎ᠠ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠢ᠃ ᠲᠠᠪᠤ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠬᠥᠬᠡᠮᠥ᠋ᠷᠡᠨ᠂ ᠬᠠᠳᠤᠨ ᠭᠣᠣᠯ ᠵᠡᠷᠭᠡ ᠶᠡᠬᠡ ᠭᠣᠣᠯ ᠮᠥᠷᠡᠨ᠎ᠤ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠵᠢ ᠴᠢᠩᠭ᠋ᠠᠳᠬᠠᠵᠤ᠂ ᠠᠮᠢ ᠠᠬᠤᠢ ᠵᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠱᠤᠭᠤᠮ ᠳᠠᠭ᠋ᠠᠤ ᠵᠢᠨ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠰᠤ ᠳᠠᠮᠵᠢᠭᠤᠯᠬᠤ ᠱᠤᠭᠤᠮ ᠳᠠᠭ᠋ᠠᠤ ᠣᠷᠣᠨ ᠪᠣᠯᠤᠨ ᠤᠰᠤ ᠬᠦᠷᠳᠡᠬᠦ ᠣᠷᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠬᠤ ᠬᠡᠷᠡᠭᠲᠡᠢ᠃ ᠵᠢᠷᠭᠤᠭ᠎ᠠ᠎ᠳᠤ ᠤᠯᠤᠰ᠎ᠤᠨ ᠤᠰᠤᠨ ᠠᠰᠢᠬᠯᠠᠯᠳᠠ ᠵᠢᠨ ᠲᠣᠣᠷ᠎ᠢ ᠲᠦᠷᠭᠡᠳᠬᠡᠨ ᠪᠠᠶ᠋ᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠲᠠ ᠵᠢᠨ ᠰᠢᠰᠲ᠋ᠧᠮ᠎ᠢ ᠰᠢᠯᠢᠳᠡᠭᠵᠢᠭᠦᠯᠬᠦ᠂ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮ᠎ᠢ ᠲᠡᠭᠦᠯᠳᠡᠷᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠬᠠᠳᠠᠭ᠋ᠠᠯᠠᠯᠳᠠ ᠵᠢᠨ ᠭᠡᠮᠵᠢᠶ᠎ᠠ ᠪᠣᠯᠤᠨ ᠨᠡᠮᠡᠭᠳᠡᠯ᠎ᠤᠨ ᠭᠡᠮᠵᠢᠶ᠎ᠠ ᠵᠢ ᠨᠢᠭᠡᠳᠦᠯᠲᠡᠢ ᠲᠥᠯᠥᠪᠵᠢᠭᠦᠯᠦᠨ᠂ ᠬᠣᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠤᠯᠤᠰ᠎ᠤᠨ ᠤᠰᠤᠨ ᠠᠰᠢᠬᠯᠠᠯᠳᠠ ᠵᠢᠨ ᠲᠣᠣᠷ᠎ᠤᠨ ᠭᠣᠣᠯ ᠪᠣᠷᠣ ᠲᠥᠯᠥᠪ ᠪᠣᠯᠤᠨ ᠲᠤᠮᠤ ᠯᠤᠭᠰᠢᠭᠤᠨ ᠰᠤᠳᠠᠯ᠎ᠢ ᠲᠦᠷᠭᠡᠳᠬᠡᠨ ᠪᠠᠶ᠋ᠢᠭᠤᠯᠵᠤ᠂ ᠨᠡᠶ᠋ᠢᠭᠡᠮ ᠵᠢᠷᠤᠮᠳᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠳᠤ ᠤᠰᠤᠨ᠎ᠤ ᠠᠮᠤᠷ ᠲᠦᠪᠰᠢᠨ᠎ᠤ ᠬᠦᠴᠦᠳᠦ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ 《ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠶᠡᠷᠦᠩᠬᠡᠢ ᠲᠥᠯᠥᠪᠵᠢᠭᠦᠯᠭᠡ》 ᠵᠢ ᠨᠡᠢ᠍ᠢ᠍ᠳᠡᠯᠡᠭᠡᠳ 20 ᠰᠢᠬᠠᠮ ᠵᠢᠯ ᠪᠤᠯᠵᠦ᠂ ᠬᠡᠳᠦᠨ ᠦᠶ᠎ᠡ ᠵᠢᠨ ᠬᠥᠮᠦᠰ᠎ᠤᠨ ᠬᠦᠴᠦ ᠬᠥᠳᠡᠯᠮᠦᠷᠢ ᠪᠠ ᠤᠶᠤᠨ ᠤᠬᠠᠭ᠋ᠠᠨ᠎ᠢ ᠨᠢᠭᠲᠠᠷᠠᠭᠤᠯᠪᠠ᠃ ᠡᠭᠦᠨ᠎ᠤ ᠵᠡᠷᠭᠡ᠎ᠪᠠᠷ᠂ ᠡᠳᠡᠭᠡᠷ ᠵᠢᠯ᠎ᠳᠤ ᠮᠠᠨ᠎ᠤ ᠤᠯᠤᠰ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ᠂ ᠠᠵᠤ ᠦᠢ᠍ᠯᠡᠰ᠎ᠤᠨ ᠪᠦᠲᠦᠴᠡ᠂ ᠬᠤᠳᠠ ᠪᠠᠯᠭ᠋ᠠᠰᠤᠵᠢᠯᠳᠠ ᠵᠢᠨ ᠲᠦᠪᠰᠢᠨ ᠵᠡᠷᠭᠡ ᠢᠯᠡᠳᠲᠡ ᠳᠡᠭᠡᠭᠰᠢᠯᠡᠵᠦ᠂ ᠮᠠᠨ᠎ᠤ ᠤᠯᠤᠰ᠎ᠤᠨ ᠨᠡᠶ᠋ᠢᠭᠡᠮ᠎ᠤᠨ ᠭᠣᠣᠯ ᠵᠥᠷᠢᠴᠡᠯ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠪᠣᠯᠤᠨ ᠲᠡᠩᠴᠡᠭᠦᠷᠢ ᠦᠭᠡᠢ ᠭᠦᠢ᠍ᠴᠡᠳ ᠦᠭᠡᠢ ᠬᠥᠭᠵᠢᠯᠲᠡ ᠵᠢᠨ ᠬᠣᠭᠣᠷᠣᠨᠳᠣᠬᠢ ᠵᠥᠷᠢᠴᠡᠯ ᠪᠣᠯᠤᠨ ᠬᠤᠪᠢᠷᠠᠵᠤ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠨᠢᠭᠡ ᠴᠤᠬ᠍ᠴᠠᠵᠢᠬᠰᠠᠨ ᠬᠥᠭᠵᠢᠯᠲᠡ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠡᠷᠭᠡ ᠣᠷᠣᠨ ᠪᠦᠰᠡ ᠵᠢᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠠᠯᠭ᠋ᠠᠭ᠎ᠠ᠎ᠪᠠᠷ ᠬᠡᠷᠡᠭᠵᠢᠭᠦᠯᠦᠭᠳᠡᠵᠦ᠂ ᠮᠠᠨ᠎ᠤ ᠤᠯᠤᠰ᠎ᠤᠨ ᠤᠮᠠᠷᠠᠲᠤ ᠵᠢᠨ ᠭᠣᠣᠯ ᠪᠣᠯᠬᠤ ᠭᠣᠣᠯ ᠮᠥᠷᠡᠨ ᠢᠯᠠᠩᠭᠤᠶ᠎ᠠ ᠬᠠᠳᠤᠨ ᠭᠣᠣᠯ᠎ᠤᠨ ᠡᠯᠡᠰᠦᠨ᠎ᠤ ᠬᠡᠮᠵᠢᠶ᠎ᠡ ᠲᠦᠷᠭᠡᠨ ᠪᠠᠭ᠋ᠠᠰᠴᠦ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠵᠡᠷᠭᠡ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ ᠬᠥᠳᠡᠯᠦᠩᠭᠦᠢ ᠬᠤᠪᠢᠰᠤᠯᠲᠠ ᠭᠠᠷᠪᠠ᠃ ᠡᠳᠡᠭᠡᠷ᠎ᠨᠢ ᠴᠥᠮ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠵᠢ ᠴᠢᠩᠭ᠋ᠠᠳᠬᠠᠨ ᠰᠢᠯᠢᠳᠡᠭᠵᠢᠭᠦᠯᠬᠦ᠎ᠳᠤ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠴᠠᠭ᠎ᠢ ᠦᠵᠡᠨ ᠪᠠᠶ᠋ᠢᠳᠠᠯ᠎ᠢ ᠰᠢᠨᠵᠢᠵᠦ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠤᠨ᠂ ᠵᠡᠭᠦᠨ ᠱᠤᠭᠤᠮ᠂ ᠳᠤᠮᠳᠠ ᠱᠤᠭᠤᠮ᠂ ᠪᠠᠷᠠᠭᠤᠨ ᠱᠤᠭᠤᠮ ᠵᠡᠷᠭᠡ ᠭᠤᠷᠪᠠᠨ ᠱᠤᠭᠤᠮ᠎ᠤᠨ ᠲᠤᠰ ᠲᠤᠰ᠎ᠤᠨ ᠣᠨᠴᠠᠯᠢᠭ᠎ᠢ ᠣᠨᠣᠪᠴᠢᠲᠠᠢ ᠡᠵᠡᠮᠰᠢᠵᠦ᠂ ᠦᠵᠦ ᠲᠥᠯᠥᠪᠯᠡᠭᠡ ᠵᠢ ᠴᠢᠩᠭ᠋ᠠᠳᠬᠠᠨ᠂ ᠪᠠᠶ᠋ᠢᠯᠳᠤᠬᠤ ᠪᠤᠳᠤᠯᠭ᠎ᠠ ᠵᠢᠨ ᠲᠤᠬᠢᠷᠠᠭᠤᠯᠤᠯᠳᠠ ᠵᠢ ᠰᠢᠯᠢᠳᠡᠭᠵᠢᠭᠦᠯᠵᠦ᠂ ᠵᠠᠯᠭ᠋ᠠᠮᠵᠢ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠬᠦᠯᠦᠨ ᠵᠢᠯᠣᠭᠣᠳᠴᠤ ᠠᠬᠢᠭᠤᠯᠬᠤ ᠬᠡᠷᠡᠭᠲᠡᠢ᠃ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠵᠠᠯᠭ᠋ᠠᠮᠵᠢ ᠢᠨᠵᠧᠨᠧᠷᠢᠩ᠎ᠤᠨ ᠲᠥᠯᠥᠪᠵᠢᠭᠦᠯᠭᠡ ᠲᠥᠯᠥᠪᠯᠡᠭᠡ ᠵᠢ ᠱᠠᠯᠠᠪᠳᠠᠨ ᠰᠠᠶ᠋ᠢᠲᠤᠷ ᠬᠢᠵᠦ᠂ ᠰᠠᠯᠠᠭ᠎ᠠ ᠮᠥᠴᠢᠷ᠂ ᠣᠷᠣᠨ ᠨᠤᠲᠤᠭ ᠪᠣᠯᠤᠨ ᠲᠤᠰᠬᠠᠢ ᠮᠡᠷᠭᠡᠵᠢᠯᠲᠡᠨ᠎ᠤ ᠰᠠᠨᠠᠯ᠎ᠢ ᠵᠤᠬᠢᠴᠠᠭᠤᠯᠤᠨ᠂ ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭ᠋ᠠᠨ᠎ᠢ ᠥᠷᠨᠢᠭᠦᠯᠵᠦ᠂ ᠢᠨᠵᠧᠨᠧᠷᠢᠩ᠎ᠤᠨ ᠪᠠᠶ᠋ᠢᠭᠤᠯᠤᠮᠵᠢ ᠲᠣᠭᠲᠡᠴᠡ ᠵᠢ ᠰᠢᠨᠡᠴᠢᠯᠡᠵᠦ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠪᠤᠳᠤᠯ ᠵᠶ᠋ᠠᠷ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ᠂ ᠭᠠᠷᠭ᠋ᠠᠭᠰᠠᠨ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠲᠥᠰᠦᠯ᠎ᠨᠢ ᠲᠡᠦᠬᠡ ᠪᠣᠯᠤᠨ ᠦᠢ᠍ᠯᠡᠳᠦᠯᠭᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠬᠠᠨ ᠵᠧᠩ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠪᠣᠯᠤᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠢᠨᠵᠧᠨᠧᠷᠢᠩ᠎ᠤᠨ ᠲᠥᠯᠥᠪᠵᠢᠭᠦᠯᠭᠡ᠂ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠪᠦᠬᠦ ᠶᠠᠪᠤᠴᠠ᠎ᠳᠤ ᠴᠥᠮ ᠬᠥᠮᠦᠨ ᠪᠠᠶ᠋ᠢᠭ᠋ᠠᠯᠢ ᠡᠶ᠎ᠡ ᠵᠤᠬᠢᠴᠠᠩᠭᠤᠢ᠎ᠪᠠᠷ ᠬᠠᠮᠲᠤ ᠣᠷᠣᠰᠢᠬᠤ ᠣᠶ᠋ᠢᠯᠠᠭ᠋ᠠᠭᠳᠠᠬᠤᠨ᠎ᠢ ᠭᠦᠢ᠍ᠴᠡᠳ ᠢᠯᠡᠷᠡᠭᠦᠯᠬᠦ ᠬᠡᠷᠡᠭᠲᠡᠢ᠃ ᠤᠰᠤ ᠠᠷᠪᠢᠯᠠᠬᠤ ᠵᠢ ᠤᠷᠢᠳ ᠵᠶ᠋ᠠᠷ ᠪᠤᠲᠤᠯᠬᠢᠯᠠᠬᠤ ᠴᠢᠭᠯᠡᠯᠲᠡ ᠵᠢ ᠪᠠᠷᠢᠮᠲᠠᠯᠠᠨ ᠨᠠᠶ᠋ᠢᠳᠠᠪᠤᠷᠢᠵᠢᠭᠤᠯᠵᠤ᠂ ᠨᠡᠩ ᠴᠢᠩᠭ᠎ᠠ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤ ᠠᠷᠪᠢᠯᠠᠬᠤ ᠠᠵᠢᠯ᠎ᠢ ᠰᠠᠶ᠋ᠢᠲᠤᠷ ᠠᠳᠬᠤᠵᠤ᠂ ᠤᠰᠤ ᠵᠢ ᠲᠤᠷ᠎ᠠ᠎ᠪᠠᠷ ᠵᠶ᠋ᠠᠨ ᠬᠡᠷᠡᠭᠯᠡᠬᠦ᠂ ᠤᠰᠤ ᠵᠢ ᠬᠡᠲᠦᠷᠡᠲᠡᠯ᠎ᠡ ᠲᠠᠲᠠᠬᠤ᠎ᠠᠴᠠ ᠡᠷᠡᠰ ᠵᠠᠶ᠋ᠢᠯᠠᠰᠬᠢᠬᠦ ᠬᠡᠷᠡᠭᠲᠡᠢ᠃ 《ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠶᠡᠷᠦᠩᠬᠡᠢ ᠲᠥᠯᠥᠪᠵᠢᠭᠦᠯᠭᠡ》 ᠵᠢ ᠬᠡᠷᠡᠭᠵᠢᠭᠦᠯᠦᠭᠰᠡᠨ ᠪᠠᠶ᠋ᠢᠳᠠᠯ᠎ᠢ ᠨᠠᠷᠢᠨ ᠬᠢᠨᠠᠮᠠᠭ᠋ᠠᠢ ᠦᠨᠡᠯᠡᠨ ᠵᠢᠱ᠌ᠢᠵᠦ᠂ ᠵᠠᠯᠭ᠋ᠠᠮᠵᠢ ᠢᠨᠵᠧᠨᠧᠷᠢᠩ᠎ᠤᠨ ᠲᠥᠯᠥᠪᠵᠢᠭᠦᠯᠭᠡ ᠪᠠ ᠪᠦᠳᠦᠭᠡᠨ ᠪᠠᠶ᠋ᠢᠭᠤᠯᠤᠯᠲᠠ ᠵᠢᠨ ᠲᠥᠰᠦᠯ᠎ᠢ ᠬᠠᠷᠢᠴᠠᠭᠤᠯᠤᠨ ᠰᠣᠩᠭᠣᠵᠤ ᠨᠤᠲᠠᠯᠠᠬᠤ ᠠᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠲᠥᠯᠥᠪᠵᠢᠭᠦᠯᠭᠡ ᠵᠢ ᠤᠯᠠᠮ ᠴᠢᠨᠠᠭᠰᠢᠲᠠ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨᠴᠢ ᠣᠪᠣᠷ᠎ᠢ ᠪᠠᠷᠢᠮᠲᠠᠯᠠᠨ᠂ ᠪᠤᠰᠤᠳᠴᠢ ᠵᠢᠮ᠎ᠡ ᠶᠣᠰᠣ ᠵᠢ ᠵᠢᠷᠤᠮᠯᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠵᠡᠭᠦᠨ ᠱᠤᠭᠤᠮ᠂ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠸᠨ᠋ᠸᠷᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠪᠣᠯᠤᠨ ᠲᠣᠬᠢᠷᠠᠭᠤᠯᠭ᠎ᠠ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠤᠰᠤᠨ᠎ᠤ ᠴᠢᠨᠠᠷ᠎ᠢ ᠬᠢᠨᠠᠨ ᠬᠡᠮᠵᠢᠵᠦ ᠬᠠᠮᠠᠭ᠋ᠠᠯᠠᠬᠤ ᠵᠢ ᠴᠢᠩᠭ᠋ᠠᠷᠠᠭᠤᠯᠤᠨ᠂ ᠤᠰᠤ ᠲᠠᠲᠠᠬᠤ ᠴᠢᠳᠠᠪᠤᠷᠢ ᠵᠢ ᠭᠦᠢ᠍ᠴᠡᠳ ᠪᠠᠳᠠᠷᠠᠭᠤᠯᠵᠤ᠂ ᠢᠨᠵᠸᠨ᠋ᠸᠷᠢᠩ᠎ᠤᠨ ᠥᠷ᠎ᠡ ᠠᠰᠢᠭ᠎ᠢ ᠴᠢᠷᠮᠠᠢ᠍ᠢ᠍ᠨ ᠳᠡᠭᠡᠭᠰᠢᠯᠡᠭᠦᠯᠬᠦ ᠬᠡᠷᠡᠭᠲᠡᠶ ᠭᠡᠵᠦ ᠢᠯᠡᠳᠭᠡᠪᠡ᠃
ᠲᠤᠰ ᠤᠳᠠᠭ᠎ᠠ ᠵᠢᠨ ᠶᠠᠷᠢᠯᠴᠠᠬᠤ ᠬᠤᠷᠠᠯ᠎ᠢ ᠰᠠᠶ᠋ᠢᠲᠤᠷ ᠬᠤᠷᠠᠯᠳᠤᠭᠤᠯᠬᠤ ᠵᠢᠨ ᠲᠥᠯᠥᠭᠡ᠂ 13᠎ᠤ ᠦᠳᠡ ᠵᠢᠨ ᠬᠣᠶ᠋ᠢᠨ᠎ᠠ᠂ ᠰᠢ ᠵᠢᠨ ᠫᠢᠩ ᠾᠧᠨᠠᠨ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠭᠦᠸᠧ ᠱᠧᠩ ᠪᠣᠯᠤᠨ ᠣᠷᠣᠯᠠᠭᠴᠢ ᠮᠤᠵᠢ ᠵᠢᠨ ᠳᠠᠷᠤᠭ᠎ᠠ ᠸᠠᠩ ᠺᠠᠢ ᠵᠢᠨ ᠪᠠᠷ᠎ᠠ ᠪᠤᠯᠤᠯᠭ᠎ᠠ᠎ᠲᠠᠢ᠎ᠪᠠᠷ᠂ ᠨᠠᠨᠶᠠᠩ ᠬᠤᠳᠠ ᠵᠢᠨ ᠰᠢᠴᠤᠸᠠᠨ ᠰᠢᠶᠠᠨ᠎ᠤ ᠤᠰᠤᠨ ᠠᠰᠢᠠᠠᠯᠠᠯᠲᠠ ᠵᠢᠨ ᠲᠥᠬᠥᠭᠡᠷᠦᠮᠵᠢ᠂ ᠨᠡᠭᠦᠳᠡᠯ ᠠᠷᠠᠳ᠎ᠤᠨ ᠰᠢᠨ᠎ᠡ ᠲᠣᠰᠬᠣᠨ ᠵᠡᠷᠭᠡ᠎ᠪᠠᠷ ᠭᠦᠨᠵᠡᠭᠡᠶ᠋ᠢᠷᠡᠵᠦ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠬᠠᠮᠢᠶᠠᠷᠤᠯᠲᠠ ᠠᠵᠢᠯᠯᠠᠭ᠋ᠠᠨ ᠪᠠ ᠴᠥᠭᠥᠷᠥᠮ᠎ᠤᠨ ᠣᠷᠣᠨ᠎ᠤ ᠨᠡᠭᠦᠳᠡᠯ ᠠᠷᠠᠳ᠎ᠢ ᠲᠥᠪᠬᠢᠨᠡᠭᠦᠯᠦᠭᠰᠡᠨ ᠵᠡᠷᠭᠡ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠣᠶ᠋ᠢᠯᠠᠭ᠋ᠠᠪᠠ᠃
ᠰᠢ ᠵᠢᠨ ᠫᠢᠩ ᠡᠩ ᠲᠡᠷᠢᠭᠦᠨ᠎ᠳᠤ ᠲᠤᠤ ᠴᠠ ᠵᠢᠨ ᠴᠢᠤᠢ ᠱᠸᠦ ᠬᠦᠢ᠍ᠰᠦ ᠪᠠᠷᠢᠯᠭ᠎ᠠ᠎ᠳᠤ ᠬᠦᠷᠴᠦ᠂ ᠤᠰᠤ ᠲᠠᠲᠠᠬᠤ ᠬᠠᠭ᠋ᠠᠯᠲᠠ ᠵᠢᠨ ᠠᠵᠢᠯᠯᠠᠭ᠋ᠠᠨ᠎ᠤ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠳᠠᠷᠠᠭ᠎ᠠ᠎ᠨᠢ ᠣᠩᠭᠣᠴᠠᠨ᠎ᠳᠤ ᠰᠠᠭᠤᠵᠤ ᠳ᠋ᠠᠨ ᠵᠢᠶᠠᠩ ᠺᠸᠤ ᠤᠰᠤᠨ ᠴᠥᠭᠥᠷᠥᠮ᠎ᠢ ᠰᠢᠨᠵᠢᠯᠡᠨ ᠪᠠᠶ᠋ᠢᠴᠠᠭ᠋ᠠᠵᠤ᠂ ᠬᠣᠯᠪᠣᠭᠳᠠᠯ ᠪᠦᠬᠦᠢ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠲᠤᠬᠠᠢ ᠵᠢᠨ ᠭᠠᠵᠠᠷ᠎ᠲᠤ ᠤᠰᠤᠨ᠎ᠤ ᠦᠯᠢᠭᠡᠷ ᠬᠡᠪ᠎ᠢ ᠪᠠᠶ᠋ᠢᠴᠠᠭ᠋ᠠᠨ ᠦᠵᠡᠪᠡ᠃ ᠰᠢ ᠵᠢᠨ ᠫᠢᠩ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ ᠪᠣᠯ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠠᠭᠤᠷᠢ ᠲᠥᠬᠥᠭᠡᠷᠦᠮᠵᠢ ᠮᠥᠨ᠂ ᠤᠳᠤ ᠦᠶ᠎ᠡ᠎ᠳᠤ ᠭᠠᠪᠢᠶ᠎ᠠ ᠪᠠᠶ᠋ᠢᠭᠤᠯᠵᠤ᠂ ᠥᠨᠢ ᠡᠭᠦᠷᠢᠳᠡ ᠠᠰᠢᠭ᠎ᠢ᠎ᠨᠢ ᠬᠦᠷᠲᠡᠬᠦ ᠢᠨᠵᠸᠨ᠋ᠸᠷᠢᠩ ᠮᠥᠨ᠃ ᠠᠮᠢᠨ ᠰᠤᠳᠠᠰᠤ ᠵᠢ ᠰᠠᠬᠢᠨ ᠬᠠᠮᠠᠭ᠋ᠠᠯᠠᠬᠤ ᠤᠯᠤᠰ ᠲᠦᠷᠦ ᠵᠢᠨ ᠦᠨᠳᠦᠷᠴᠡ᠎ᠠᠴᠠ᠂ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠠᠮᠤᠷ ᠲᠦᠪᠰᠢᠨ᠂ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠂ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠤᠰᠤ ᠵᠢ᠎ᠨᠢ ᠤᠤᠭᠤᠪᠠᠯ ᠡᠬᠢ ᠵᠢ᠎ᠨᠢ ᠮᠠᠷᠲᠠᠵᠤ ᠪᠣᠯᠬᠤ ᠥᠬᠡᠶ᠂ ᠴᠥᠭᠥᠷᠥᠮ᠎ᠤᠨ ᠣᠷᠣᠨ᠎ᠢ ᠳᠡᠮᠵᠢᠵᠦ ᠬᠠᠪᠰᠤᠷᠤᠨ ᠲᠡᠳᠬᠦᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠬᠤ ᠬᠡᠷᠡᠭᠲᠡᠶ᠃ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠲᠤᠬᠳᠠᠭ᠋ᠠᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠶ᠎ᠳᠤ ᠬᠡᠷᠡᠭᠯᠡᠬᠦ ᠤᠰᠤ ᠵᠢ ᠨᠢᠭᠡᠳᠦᠯᠲᠡᠶ ᠲᠥᠯᠥᠪᠵᠢᠭᠦᠯᠵᠦ᠂ ᠬᠦᠲᠡᠭᠡ ᠠᠵᠦ ᠠᠬᠤᠢ᠂ ᠠᠵᠤ ᠦᠢ᠍ᠯᠡᠳᠪᠦᠷᠢ᠂ ᠬᠣᠲᠠ ᠪᠠᠯᠭ᠋ᠠᠰᠤ ᠵᠡᠷᠭᠡ ᠬᠦᠷᠢᠶᠡᠨ᠎ᠤ ᠤᠰᠤ ᠠᠷᠪᠢᠯᠠᠬᠤ ᠵᠢ ᠶᠡᠬᠡ᠎ᠪᠠᠷ ᠠᠬᠢᠭᠤᠯᠬᠤ ᠬᠡᠷᠡᠭᠲᠡᠶ᠃ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠭᠤᠤᠯᠳᠠᠯᠭ᠎ᠠ ᠵᠢᠨ ᠳᠤᠳᠤᠷᠠᠬᠢ ᠭᠤᠤᠯᠳᠠᠯᠭ᠎ᠠ ᠪᠣᠯᠭ᠋ᠠᠵᠤ᠂ ᠬᠠᠲᠠᠭᠤ ᠪᠠᠷᠢᠮᠵᠢᠶ᠎ᠠ ᠲᠣᠭᠲᠠᠭ᠋ᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠭᠤᠶ᠋ᠢᠪᠢᠰᠢ ᠦᠭᠡᠢ ᠰᠠᠶ᠋ᠢᠲᠤᠷ ᠬᠢᠵᠦ᠂ ᠡᠨᠡ ᠬᠦ᠌ ᠴᠥᠭᠥᠷᠥᠮ᠎ᠤᠨ ᠤᠰᠤ ᠵᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠴᠢᠦᠢ ᠱᠸᠦ ᠵᠢᠨ ᠬᠠᠪᠢ᠎ᠳᠤ ᠪᠠᠢ᠍ᠢ᠍ᠷᠢᠯᠠᠭᠠ ᠵᠢᠦᠴᠦᠢ᠍ᠩ ᠪᠠᠯᠭ᠋ᠠᠰᠤᠨ᠎ᠤ ᠽᠧᠦᠵᠤᠸᠠᠩ ᠲᠣᠰᠬᠣᠨ᠎ᠳᠤ 175 ᠡᠷᠦᠬᠡ 750 ᠬᠥᠮᠦᠨ ᠠᠮᠠ᠎ᠲᠠᠢ᠂ 2011 ᠣᠨ᠎ᠤ 6 ᠰᠠᠷ᠎ᠠ᠎ᠳᠤ ᠡᠮᠦᠨᠡᠳᠡᠬᠢ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠡᠷᠡᠭᠴᠡᠭᠡ᠎ᠠᠴᠠ ᠪᠣᠯᠵᠤ ᠡᠨᠳᠡ ᠨᠡᠭᠦᠵᠦ ᠢᠷᠡᠪᠡ᠃ ᠰᠢ ᠵᠢᠨ ᠫᠢᠩ ᠡᠮᠦᠨᠡᠳᠡᠬᠢ ᠤᠰᠤ ᠵᠢ ᠤᠮᠠᠷᠠᠰᠢ ᠲᠠᠲᠠᠬᠤ ᠨᠡᠭᠦᠳᠡᠯ ᠠᠷᠠᠳ᠎ᠤᠨ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠪᠡᠯᠡ ᠮᠥᠩᠭᠥ ᠵᠢ ᠠᠰᠢᠠᠠᠯᠠᠠ ᠪᠠᠶ᠋ᠢᠭᠤᠯᠤᠭᠰᠠᠨ ᠳ᠋ᠠᠨᠵᠢᠶᠠᠩ᠎ᠤᠨ ᠪᠣᠬᠢᠷᠲᠤᠯ ᠦᠭᠡᠢ ᠵᠢᠮᠢᠰ ᠢᠳᠡᠰᠢᠨ ᠨᠣᠭᠣᠭ᠎ᠠ ᠵᠢᠨ ᠬᠦᠷᠢᠶᠡᠯᠡᠩ᠎ᠤᠨ ᠰᠠᠭᠤᠷᠢᠨ᠎ᠳᠤ ᠬᠦᠷᠴᠦ᠂ ᠲᠣᠰᠢᠯᠣᠭᠤᠨ ᠤᠷᠭᠤᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠨᠡᠭᠦᠳᠡᠯ ᠠᠷᠠᠳ᠎ᠤᠨ ᠠᠵᠢᠯ ᠣᠯᠭᠣᠯᠲᠠ᠂ ᠣᠷᠣᠯᠭ᠎ᠠ ᠵᠢᠨ ᠨᠡᠮᠡᠭᠳᠡᠯ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠪᠥᠬᠥ ᠲᠣᠰᠬᠣᠨ᠎ᠤ 300 ᠭᠠᠷᠤᠶ ᠬᠥᠮᠦᠨ ᠵᠢᠮᠢᠰ ᠢᠳᠡᠰᠢᠨ ᠨᠣᠭᠣᠭ᠎ᠠ ᠵᠢᠨ ᠠᠵᠤ ᠦᠢ᠍ᠯᠡᠰ ᠡᠷᠭᠢᠯᠡᠵᠦ᠂ ᠬᠥᠮᠦᠨ ᠳᠤᠮᠳᠠᠴᠢ ᠵᠢᠨ ᠰᠠᠷ᠎ᠠ ᠵᠢᠨ ᠣᠷᠣᠯᠭ᠎ᠠ᠎ᠨᠢ 2000 ᠲᠥᠭᠥᠷᠢᠭ᠎ᠠᠴᠠ ᠳᠡᠭᠡᠭᠰᠢ ᠪᠠᠶ᠋ᠢᠬᠤ ᠵᠢ ᠰᠣᠨᠣᠰᠤᠭ᠋ᠠᠳ ᠰᠢ ᠵᠢᠨ ᠫᠢᠩ ᠮᠠᠰᠢ ᠪᠠᠶᠠᠷᠯᠠᠪᠠ᠃ ᠲᠡᠷᠡ᠂ ᠨᠡᠭᠦᠳᠡᠯ ᠠᠷᠠᠳ᠎ᠢ ᠲᠥᠪᠬᠢᠨᠡᠭᠦᠯᠦᠭᠰᠡᠨ᠎ᠤ ᠳᠠᠷᠠᠭ᠋ᠠᠬᠢ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠲᠠᠷᠢᠶ᠎ᠠ ᠲᠠᠷᠢᠵᠤ ᠲᠠᠷᠢᠶᠠᠨ ᠠᠵᠢᠯ ᠬᠢᠬᠦ᠂ ᠭᠠᠳᠠᠭᠰᠢ ᠭᠠᠷᠴᠤ ᠬᠥᠯᠥᠰᠥᠨ ᠠᠵᠢᠯ ᠬᠢᠬᠦ᠂ ᠰᠢᠨ᠎ᠡ ᠡᠵᠡᠩᠨᠡᠯᠲᠡ ᠵᠢᠨ ᠬᠡᠯᠪᠡᠷᠢ ᠵᠢ ᠬᠦᠭᠵᠢᠬᠦᠯᠬᠦ ᠵᠢ ᠵᠡᠷᠭᠡ᠎ᠪᠠᠷ ᠠᠳᠬᠤᠵᠤ᠂ ᠤᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠨᠡᠭᠦᠵᠦ ᠭᠠᠷᠤᠭᠰᠠᠨ ᠤᠯᠠᠨ ᠲᠦᠮᠡᠨ᠎ᠢ ᠲᠣᠭᠲᠠᠪᠤᠷᠢᠵᠢᠭᠤᠯᠵᠤ ᠳᠡᠶ᠋ᠢᠯᠬᠦ᠂ ᠬᠥᠭᠵᠢᠭᠦᠯᠵᠦ ᠳᠡᠶ᠋ᠢᠯᠬᠦ᠂ ᠪᠠᠶᠠᠵᠢᠵᠤ ᠳᠡᠶ᠋ᠢᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠠᠷᠠᠭ᠎ᠠ᠎ᠨᠢ᠂ ᠰᠢ ᠵᠢᠨ ᠫᠢᠩ ᠶᠠᠪᠠᠭ᠋ᠠᠨ ᠵᠶ᠋ᠠᠷ ᠲᠣᠰᠬᠣᠨ᠎ᠤ ᠳᠦᠷᠰᠦ ᠪᠠᠶ᠋ᠢᠳᠠᠯ᠎ᠢ ᠪᠠᠶ᠋ᠢᠴᠠᠭ᠋ᠠᠨ ᠦᠵᠡᠭᠰᠡᠨ ᠪᠥᠭᠡᠳ ᠨᠡᠭᠦᠳᠡᠯ ᠠᠷᠠᠳ ᠽᠸᠤ ᠰᠢᠨ ᠽᠸᠩ᠎ᠤᠨ ᠭᠡᠷ᠎ᠲᠤ ᠬᠦᠷᠴᠦ᠂ ᠨᠢᠭᠡ ᠭᠡᠷ᠎ᠤᠨ ᠭᠤᠷᠪᠠᠨ ᠦᠶ᠎ᠡ ᠵᠢᠨ᠎ᠬᠢᠨ᠎ᠲᠠᠢ ᠬᠠᠮᠳᠤ ᠰᠠᠭᠤᠯᠴᠠᠨ ᠵᠣᠭᠣᠭᠳᠠᠪᠠ᠃ ᠽᠸᠤ ᠰᠢᠨ ᠽᠸᠩ ᠶᠡᠷᠦᠩᠬᠡᠢ ᠱᠦᠵᠢ᠎ᠳᠤ᠂ ᠡᠨᠳᠡ ᠨᠡᠭᠦᠵᠦ ᠢᠷᠡᠭᠰᠡᠨ᠎ᠤ ᠲᠠᠷᠠᠭ᠎ᠠ᠂ ᠲᠠᠷᠢᠶ᠎ᠠ ᠲᠠᠷᠢᠬᠤ᠎ᠠᠴᠠ ᠭᠠᠳᠠᠨ᠎ᠠ ᠪᠠᠰᠠ ᠲᠣᠰᠬᠣᠨ ᠪᠠᠯᠭ᠋ᠠᠰᠤ ᠵᠢᠨ ᠵᠶ᠋ᠠᠨ ᠣᠶ᠋ᠢᠷᠠᠯᠴᠠᠭ᠎ᠠ ᠬᠥᠯᠥᠰᠥᠨ ᠠᠵᠢᠯ ᠬᠢᠵᠦ᠂ ᠣᠷᠣᠨ ᠰᠠᠭᠤᠴᠠ᠂ ᠡᠮ ᠡᠮᠨᠡᠯᠭᠡ᠂ ᠬᠡᠦᠬᠡᠳ ᠰᠤᠷᠭ᠋ᠠᠭᠤᠯᠢ᠎ᠳᠤ ᠰᠠᠭᠤᠬᠤ᠎ᠳᠤ ᠴᠤ᠌ ᠪᠠᠲᠤᠯᠠᠭ᠎ᠠ᠎ᠲᠠᠢ ᠪᠣᠯᠵᠠᠢ ᠭᠡᠵᠦ ᠭᠡᠯᠡᠪᠡ᠃ ᠰᠢ ᠵᠢᠨ ᠫᠢᠩ᠂ ᠠᠷᠠᠳ ᠲᠦᠮᠡᠨ ᠪᠣᠯ ᠲᠦᠷᠦ ᠭᠦᠷᠦᠨ ᠮᠥᠨ᠂ ᠡᠪ ᠬᠠᠮᠲᠤ ᠨᠠᠮ ᠲᠦᠷᠦ ᠬᠦᠷᠦᠨ᠎ᠢ ᠴᠤᠭᠴᠠᠯᠠᠵᠦ᠂ ᠲᠦᠷᠦ ᠬᠦᠷᠦᠨ ᠵᠶ᠋ᠠᠨ ᠰᠠᠬᠢᠵᠦ ᠪᠠᠢ᠍ᠢ᠍ᠭ᠎ᠠ᠎ᠨᠢ ᠠᠷᠠᠳ ᠲᠦᠮᠡᠨ᠎ᠤ ᠰᠡᠳᠬᠢᠯ᠎ᠢ ᠰᠠᠬᠢᠵᠤ᠂ ᠠᠷᠠᠳ ᠲᠦᠮᠡᠨ᠎ᠢ ᠰᠠᠢ᠍ᠢ᠍ᠨ ᠰᠠᠶ᠋ᠢᠬᠠᠨ ᠠᠮᠢᠳᠤᠷᠠᠭᠤᠯᠬᠤ ᠵᠢᠨ ᠲᠥᠯᠥᠭᠡ ᠶᠤᠮ᠃ ᠮᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ ᠪᠣᠯ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠦᠭᠰᠡᠨ ᠲᠡᠦᠬᠡ ᠮᠥᠨ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ ᠪᠣᠯᠤᠨ ᠨᠠᠮ᠎ᠤᠨ ᠭᠡᠰᠢᠭᠦᠨ ᠺᠠᠳ᠋ᠷ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ 《ᠲᠦᠷᠪᠡ ᠵᠢ ᠵᠥᠪᠯᠡᠵᠦ ᠬᠣᠶᠠᠷ᠎ᠢ ᠢᠯᠡ ᠪᠣᠯᠭ᠋ᠠᠬᠤ》 ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠣᠰᠬᠣᠨ᠎ᠤ ᠱᠠᠲᠤᠨ᠎ᠤ ᠵᠠᠰᠠᠯᠲᠠ ᠵᠢ ᠲᠡᠭᠦᠯᠳᠡᠷᠵᠢᠭᠦᠯᠵᠦ᠂ ᠤᠯᠠᠨ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠠᠮᠲᠤ᠎ᠪᠠᠷ ᠴᠢᠨᠡᠭᠡᠯᠢᠭᠵᠢᠬᠦ ᠬᠠᠷᠠᠯᠲᠠ ᠲᠡᠶ᠋ᠢᠰᠢ ᠯᠠᠪᠳᠠᠭᠤᠨ ᠵᠶ᠋ᠠᠷ ᠤᠷᠤᠭᠰᠢᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃ ᠲᠣᠰᠬᠣᠨ᠎ᠠᠴᠠ ᠰᠠᠯᠬᠤ ᠦᠶ᠎ᠡ᠎ᠳᠤ᠂ ᠲᠣᠰᠬᠣᠨ᠎ᠤ ᠠᠷᠠᠳ ᠵᠠᠮ᠎ᠤᠨ ᠬᠠᠵᠠᠭᠤ᠎ᠳᠤ ᠴᠤᠬᠯᠠᠷᠠᠨ ᠶᠡᠷᠦᠩᠬᠡᠢ ᠱᠦᠵᠢ᠎ᠲᠠᠢ ᠰᠠᠯᠬᠤ ᠶᠣᠰᠣ ᠭᠦᠢ᠍ᠴᠡᠳᠬᠡᠪᠡ᠃ ᠰᠢ ᠵᠢᠨ ᠫᠢᠩ ᠡᠮᠦᠨᠡᠳᠡᠬᠢ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠲᠥᠯᠥᠭᠡ ᠬᠦᠴᠦ ᠬᠥᠯᠥᠰᠥ᠎ᠪᠠᠨ ᠤᠷᠤᠰᠬᠠᠭᠰᠠᠨ ᠪᠦᠳᠦᠬᠡᠨ ᠪᠠᠶ᠋ᠢᠭᠤᠯᠤᠭᠴᠢ ᠪᠣᠯᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯᠳᠠᠨ᠎ᠳᠤ᠂ 《ᠲᠤᠩᠭ᠋ᠠᠯᠠᠭ ᠤᠰᠤ ᠵᠢ ᠤᠮᠠᠷᠠᠰᠢ ᠲᠠᠲᠠᠬᠤ》 ᠢᠨᠵᠧᠨᠧᠷᠢᠩ᠎ᠳᠤ ᠬᠠᠷᠠᠮ ᠦᠬᠡᠢ ᠬᠤᠪᠢ ᠨᠡᠮᠡᠷᠢ ᠦᠵᠡᠭᠦᠯᠦᠭᠰᠡᠨ ᠨᠡᠭᠦᠳᠡᠯ ᠠᠷᠠᠳ᠎ᠲᠤ ᠴᠢᠩ ᠰᠡᠳᠬᠢᠯ᠎ᠤᠨ ᠲᠠᠯᠠᠷᠬᠠᠯ ᠪᠣᠯᠤᠨ ᠮᠡᠨᠳᠦᠴᠢᠯᠡᠯ ᠳᠡᠪᠰᠢᠭᠦᠯᠪᠡ᠃ ᠲᠡᠷᠡ ᠨᠤᠲᠤᠭ᠎ᠤᠨ ᠠᠬ᠎ᠠ ᠳᠡᠭᠦᠦ ᠨᠡᠷ᠎ᠤᠨ ᠠᠮᠢᠳᠤᠷᠠᠯ ᠶᠠᠪᠤᠬᠤ ᠲᠤᠳᠤᠮ ᠰᠠᠢ᠍ᠢ᠍ᠵᠢᠷᠠᠵᠦ᠂ ᠡᠳᠦᠷ᠎ᠠᠴᠠ ᠡᠳᠦᠷ ᠥᠭᠡᠳᠡᠯᠡᠬᠦ ᠪᠤᠯᠳᠤᠭ᠋ᠠᠢ ᠭᠡᠵᠦ ᠬᠦᠰᠡᠨ ᠵᠥᠩᠨᠡᠪᠡ᠃
ᠰᠢ ᠵᠢᠨ ᠫᠢᠩ ᠵᠤᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠪᠠᠶ᠋ᠢᠳᠠᠯ᠎ᠢ ᠮᠠᠰᠢ ᠬᠠᠯᠠᠮᠵᠢᠯᠠᠵᠤ᠂ ᠴᠢᠤᠢ ᠱᠸᠤ᠎ᠳᠤ ᠬᠦᠷᠴᠦ ᠰᠢᠨᠵᠢᠯᠡᠨ ᠪᠠᠶ᠋ᠢᠴᠠᠭ᠋ᠠᠬᠤ ᠵᠠᠮ ᠭᠤᠲᠤᠰᠲᠠᠭᠠᠨ ᠲᠡᠷᠭᠡᠨ᠎ᠠᠴᠠ᠎ᠪᠠᠨ ᠪᠠᠭᠤᠵᠤ᠂ ᠪᠤᠭᠤᠳᠠᠢ ᠵᠢᠨ ᠲᠠᠷᠢᠶᠠᠨ᠎ᠳᠤ ᠣᠷᠣᠵᠤ ᠪᠤᠭᠤᠳᠠᠢ ᠵᠢᠨ ᠤᠷᠭᠤᠴᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠡᠯᠪᠡᠭ ᠬᠤᠷᠢᠶᠠᠯᠲᠠ ᠤᠯᠬᠤ ᠡᠷᠡᠮᠡᠯᠵᠡᠯ᠎ᠲᠠᠢ ᠪᠠᠶ᠋ᠢᠬᠤ ᠵᠢ ᠬᠠᠷᠠᠭ᠋ᠠᠳ ᠰᠢ ᠵᠢᠨ ᠫᠢᠩ᠂ ᠵᠤᠨ᠎ᠤ ᠠᠮᠤ ᠪᠤᠳᠠᠭ᠎ᠠ ᠡᠯᠪᠡᠭ ᠬᠤᠷᠢᠶᠠᠯᠲᠠ ᠣᠯᠪᠠᠯ᠂ ᠪᠦᠬᠦ ᠵᠢᠯ᠎ᠤᠨ ᠠᠵᠤ ᠠᠬᠤᠢ ᠪᠠᠳᠤᠯᠠᠭ᠎ᠠ᠎ᠲᠠᠢ ᠪᠤᠯᠤᠨ᠎ᠠ᠃ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠡᠷᠬᠡᠪᠰᠢ ᠲᠠᠷᠢᠶᠠᠠ ᠦᠷ᠎ᠡ ᠵᠢ ᠰᠠᠢ᠍ᠢ᠍ᠳᠤᠷ ᠴᠢᠬᠤᠯᠠᠴᠢᠯᠠᠬᠤ ᠬᠡᠷᠡᠭᠲᠡᠶ᠃ ᠬᠦᠲᠡᠭᠡ ᠠᠵᠦ ᠠᠬᠤᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠠᠷᠢᠮᠲᠠᠯᠠᠵᠤ᠂ ᠲᠠᠷᠢᠶᠠᠠ ᠦᠷ᠎ᠡ ᠵᠢ ᠰᠠᠶ᠋ᠢᠲᠤᠷ ᠪᠣᠶ᠋ᠢᠵᠢᠭᠤᠯᠬᠤ᠎ᠠᠴᠠ ᠡᠬᠢᠯᠡᠨ ᠬᠢᠵᠦ᠂ ᠰᠠᠢ᠍ᠢ᠍ᠨ ᠲᠠᠷᠢᠶᠠᠠ ᠦᠷ᠎ᠡ ᠵᠢᠨ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠲᠠᠷᠢᠶᠠᠠ ᠦᠷ᠎ᠡ᠎ᠳᠤ ᠲᠦᠰᠢᠭᠯᠡᠨ ᠳᠤᠮᠳᠠᠳᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
12᠎ᠤᠨ ᠡᠳᠦᠷ᠂ ᠰᠢ ᠵᠢᠨ ᠫᠢᠩ ᠪᠠᠰᠠ ᠨᠠᠨᠶᠠᠩ ᠬᠣᠲᠠ᠎ᠳᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠤᠬᠠᠶ ᠪᠠᠶ᠋ᠢᠴᠠᠭ᠋ᠠᠨ ᠰᠤᠳᠤᠯᠪᠠ᠃ ᠲᠡᠷᠡ ᠡᠩ ᠲᠡᠷᠢᠭᠦᠨ᠎ᠳᠤ ᠵᠡᠭᠦᠨ ᠬᠠᠨ ᠤᠯᠤᠰ᠎ᠤᠨ ᠠᠨᠠᠭ᠋ᠠᠬᠤ ᠤᠬᠠᠭ᠋ᠠᠨᠲᠠᠨ ᠵᠠᠩ ᠵᠥᠩ ᠵᠢᠩ᠎ᠤᠨ ᠪᠤᠩᠬᠤᠠᠤ ᠳᠤᠷᠠᠰᠬᠠᠯ᠎ᠤᠨ ᠭᠠᠵᠠᠷ᠎ᠤᠨ ᠡᠮ᠎ᠤᠨ ᠪᠤᠬᠳᠠ ᠵᠢᠨ ᠰᠦᠮ᠎ᠡ᠎ᠳᠤ ᠬᠦᠷᠴᠦ᠂ ᠵᠠᠩ ᠵᠥᠩ ᠵᠢᠩ᠎ᠤᠨ ᠨᠢᠭᠡ ᠨᠠᠰᠤᠨ᠎ᠤ ᠦᠢ᠍ᠯᠡ ᠶᠠᠪᠤᠲᠠᠯ ᠪᠤᠯᠤᠠ ᠬᠢᠲᠠᠳ ᠡᠮ ᠡᠮᠨᠡᠯᠭᠡ ᠵᠢᠨ ᠬᠥᠭᠵᠢᠯᠲᠡ᠎ᠳᠤ ᠦᠵᠡᠭᠦᠯᠦᠭᠰᠡᠨ ᠬᠤᠪᠢ ᠨᠡᠮᠡᠷᠢ ᠵᠢ ᠣᠶ᠋ᠢᠯᠠᠭ᠋ᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠵᠠᠰᠠᠬᠤ ᠳᠤᠮᠳᠠ ᠬᠢᠲᠠᠳ ᠡᠮ ᠡᠮᠨᠡᠯᠭᠡ ᠵᠢᠨ ᠦᠵᠡᠭᠦᠯᠦᠭᠰᠡᠨ ᠦᠢ᠍ᠯᠡᠳᠦᠯ ᠵᠢᠴᠢ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠭᠰᠡᠨ ᠪᠠᠶ᠋ᠢᠳᠠᠯ᠎ᠢ ᠣᠶ᠋ᠢᠯᠠᠭ᠋ᠠᠪᠠ᠃ ᠲᠡᠷᠡ᠂ ᠬᠢᠲᠠᠳ ᠡᠮ ᠡᠮᠨᠡᠯᠭᠡ ᠵᠢᠨ ᠤᠬᠠᠭ᠋ᠠᠨ᠎ᠳᠤ ᠳᠤᠮᠳᠠᠳᠤ ᠵᠢᠨ ᠦᠨᠳᠦᠰᠦᠲᠡᠨ᠎ᠤ ᠬᠡᠳᠦᠨ ᠮᠢᠩᠭ᠋ᠠᠨ ᠵᠢᠯ᠎ᠤᠨ ᠡᠷᠡᠭᠦᠯ ᠮᠡᠨᠳᠦ ᠪᠡᠶ᠎ᠡ ᠰᠤᠪᠢᠯᠠᠯᠲᠠ ᠵᠢᠨ ᠣᠶ᠋ᠢᠯᠠᠭ᠋ᠠᠭᠳᠠᠬᠤᠨ ᠵᠢᠴᠢ ᠦᠢ᠍ᠯᠡᠳᠦᠯᠭᠡ ᠵᠢᠨ ᠲᠤᠷᠰᠢᠯᠭ᠎ᠠ ᠠᠭᠤᠯᠤᠭᠳᠠᠵᠤ ᠪᠠᠢ᠍ᠢ᠍ᠨ᠎ᠠ᠂ ᠡᠨᠡ ᠪᠤᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠡᠭᠦᠳᠦᠯᠲᠡ ᠪᠠ ᠳᠤᠮᠳᠠᠳᠤ ᠤᠯᠤᠰ᠎ᠤᠨ ᠡᠷᠲᠡᠨ᠎ᠤ ᠰᠢᠨᠵᠢᠯᠡᠬᠦ ᠤᠬᠠᠭ᠋ᠠᠨ᠎ᠤ ᠦᠨᠡᠲᠦ ᠡᠷᠳᠡᠨᠢ ᠮᠦᠨ᠃ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠂ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠠᠵᠢᠯ᠎ᠢ ᠰᠠᠶ᠋ᠢᠲᠤᠷ ᠬᠢᠵᠦ᠂ ᠬᠢᠲᠠᠳ ᠡᠮ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠰᠢᠨ᠎ᠡ ᠡᠭᠦᠳᠦᠯᠲᠡ ᠵᠢ ᠢᠳᠡᠪᠬᠢᠲᠡᠢ ᠠᠬᠢᠭᠤᠯᠵᠤ᠂ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠵᠶ᠋ᠠᠷ ᠬᠢᠲᠠᠳ ᠡᠮ ᠡᠮᠨᠡᠯᠭᠡ ᠵᠢᠨ ᠤᠬᠠᠭ᠋ᠠᠨ᠎ᠤ ᠤᠭ ᠶᠣᠰᠣ ᠵᠢ ᠲᠠᠶ᠋ᠢᠯᠪᠤᠷᠢᠯᠠᠬᠤ ᠵᠢ ᠴᠢᠬᠤᠯᠠᠴᠢᠯᠠᠵᠤ᠂ ᠤᠯᠠᠮᠵᠢᠯᠠᠯᠲᠤ ᠬᠢᠲᠠᠳ ᠡᠮ ᠡᠮᠨᠡᠯᠭᠡ ᠪᠠ ᠤᠳᠤ ᠦᠶ᠎ᠡ ᠵᠢᠨ ᠰᠢᠨᠵᠢᠯᠡᠬᠦ ᠤᠬᠠᠭ᠋ᠠᠨ᠎ᠢ ᠤᠶᠠᠯᠳᠤᠭᠤᠯᠤᠨ᠂ ᠬᠠᠷᠢᠯᠴᠠᠨ ᠠᠬᠢᠭᠤᠯᠵᠤ᠂ ᠬᠢᠲᠠᠳ ᠧᠦ᠋ᠷᠣᠫᠠ ᠡᠮ ᠡᠮᠨᠡᠯᠭᠡ ᠵᠢᠨ ᠬᠠᠷᠢᠯᠴᠠᠨ ᠨᠥᠬᠥᠪᠥᠷᠢᠯᠡᠬᠦ᠂ ᠵᠣᠬᠢᠴᠠᠩᠭᠤᠢ᠎ᠪᠠᠷ ᠬᠥᠭᠵᠢᠬᠦ ᠵᠢ ᠠᠬᠢᠭᠤᠯᠵᠤ᠂ ᠠᠷᠠᠳ ᠤᠯᠠᠨ᠎ᠳᠤ ᠨᠡᠩ ᠴᠢᠨᠠᠷ ᠰᠠᠶ᠋ᠢᠲᠠᠢ ᠡᠷᠡᠭᠦᠯ ᠮᠡᠨᠳᠦ ᠵᠢᠨ ᠦᠢ᠍ᠯᠡᠴᠢᠯᠡᠭᠡ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠡᠮ᠎ᠤᠨ ᠪᠤᠬᠳᠠ ᠵᠢᠨ ᠰᠦᠮ᠎ᠡ᠎ᠠᠴᠠ ᠰᠠᠯᠤᠭ᠋ᠠᠳ᠂ ᠰᠢ ᠵᠢᠨ ᠫᠢᠩ ᠨᠠᠨᠶᠠᠩ᠎ᠤᠨ ᠰᠠᠷᠠᠨᠠᠢ ᠴᠡᠴᠡᠭ᠎ᠤᠨ ᠦᠵᠡᠰᠬᠦᠯᠡᠩ᠎ᠤᠨ ᠬᠦᠷᠢᠶᠡᠯᠡᠩ᠎ᠳᠤ ᠬᠦᠷᠴᠦ᠂ ᠲᠤᠬᠠᠢ ᠵᠢᠨ ᠭᠠᠵᠠᠷ᠎ᠤᠨ ᠰᠠᠷᠠᠨᠠᠢ ᠴᠡᠴᠡᠭ᠎ᠤᠨ ᠠᠵᠤ ᠦᠢ᠍ᠯᠡᠰ᠎ᠤᠨ ᠬᠥᠭᠵᠢᠯᠲᠡ ᠪᠣᠯᠤᠨ ᠤᠯᠠᠨ ᠲᠦᠮᠡᠨ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠭᠰᠡᠨ ᠪᠠᠶ᠋ᠢᠳᠠᠯ᠎ᠤᠨ ᠲᠤᠬᠠᠢ ᠲᠠᠨᠢᠯᠴᠠᠭᠤᠯᠭ᠎ᠠ ᠵᠢ ᠰᠣᠨᠣᠰᠴᠤ᠂ ᠮᠠᠰᠢᠨ ᠲᠡᠷᠭᠡᠨ᠎ᠳᠤ ᠰᠠᠭᠤᠵᠤ ᠦᠵᠡᠰᠬᠦᠯᠡᠩ᠎ᠤᠨ ᠬᠦᠷᠢᠶᠡᠯᠡᠩ᠎ᠤᠨ ᠲᠦᠷᠰᠦ ᠪᠠᠶ᠋ᠢᠳᠠᠯ᠎ᠢ ᠪᠠᠶ᠋ᠢᠴᠠᠭ᠋ᠠᠨ ᠦᠵᠡᠪᠡ᠃ ᠵᠢᠭᠤᠯᠴᠢᠯᠠᠭᠰᠡᠳ ᠶᠡᠷᠦᠩᠬᠡᠶ ᠱᠦᠵᠢ᠎ᠲᠠᠢ ᠮᠡᠨᠳᠦᠴᠢᠯᠡᠵᠦ ᠪᠠᠶ᠋ᠢᠯ᠎ᠠ᠃ ᠰᠢ ᠵᠢᠨ ᠫᠢᠩ᠂ ᠣᠷᠣᠨ ᠨᠤᠲᠤᠭ᠎ᠤᠨ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ ᠵᠢᠨ ᠳᠠᠯᠳᠠ ᠬᠦᠴᠦᠨ ᠯᠤᠲᠤ ᠶᠡᠬᠡ ᠪᠠᠶ᠋ᠢᠨ᠎ᠠ᠂ ᠲᠤᠰ ᠭᠠᠵᠠᠷ᠎ᠤᠨ ᠳᠠᠪᠠᠭᠤᠯᠢᠭ ᠡᠬᠢ ᠪᠠᠶᠠᠯᠢᠭ᠎ᠢ ᠠᠭᠤᠳᠠᠯᠤᠨ ᠠᠰᠢᠠᠠᠯᠠᠬᠤ᠎ᠳᠠᠭᠠᠨ ᠴᠢᠳᠠᠮᠠᠭ᠋ᠠᠢ ᠪᠠᠶ᠋ᠢᠵᠤ᠂ ᠣᠷᠣᠨ ᠨᠤᠲᠤᠭ᠎ᠤᠨ ᠰᠢᠯᠢᠳᠡᠭ ᠡᠭᠦᠯᠳᠡᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠠᠵᠤ ᠦᠢ᠍ᠯᠡᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠰᠣᠶᠣᠯ᠎ᠤᠨ ᠡᠨᠡ ᠬᠦ᠌ ᠶᠡᠬᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠲᠠᠷᠠᠭ᠎ᠠ᠎ᠨᠢ᠂ ᠰᠢ ᠵᠢᠨ ᠫᠢᠩ ᠨᠠᠨᠶᠠᠩ᠎ᠤᠨ ᠶᠤᠤ ᠢ ᠪᠦᠦ ᠰᠤᠢ᠍ᠢ᠍ᠬᠠ ᠡᠪᠡᠰᠦᠨ᠎ᠤ ᠪᠦᠲᠦᠭᠡᠭᠳᠡᠬᠦᠨ᠎ᠤ ᠬᠢᠵᠠᠭ᠋ᠠᠷᠲᠤ ᠺᠣᠮᠫᠠᠨᠢ᠎ᠳᠤ ᠬᠦᠷᠴᠦ᠂ ᠦᠢ᠍ᠯᠡᠳᠪᠦᠷᠢ ᠵᠢᠨ ᠲᠠᠰᠤᠭ ᠪᠣᠯᠤᠨ ᠦᠢ᠍ᠯᠡᠳᠬᠦᠨ᠎ᠤ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠠᠵᠤ ᠠᠬᠤᠶ᠋ᠢᠯᠠᠯ᠎ᠤᠨ ᠡᠵᠡᠩᠨᠡᠭᠴᠢ ᠪᠣᠯᠤᠨ ᠠᠵᠢᠯᠳᠠᠨ᠎ᠲᠠᠢ ᠳᠣᠲᠣᠨᠣ᠎ᠪᠠᠷ ᠶᠠᠷᠢᠯᠴᠠᠪᠠ᠃ ᠰᠢ ᠵᠢᠨ ᠫᠢᠩ᠂ ᠰᠤᠶ᠋ᠢᠬᠠ ᠡᠪᠡᠰᠦ ᠪᠣᠯ ᠬᠣᠪᠣᠷ ᠨᠠᠨᠳᠢᠨ ᠬᠢᠲᠠᠳ ᠡᠮ᠎ᠤᠨ ᠮᠠᠲ᠋ᠧᠷᠢᠶᠠᠯ ᠮᠥᠨ᠂ ᠰᠤᠶ᠋ᠢᠬᠠ ᠡᠪᠡᠰᠦ ᠵᠢᠨ ᠪᠦᠲᠦᠭᠡᠭᠳᠡᠬᠦᠨ᠎ᠢ ᠬᠦᠭᠵᠢᠭᠦᠯᠬᠦ᠎ᠳᠤ ᠲᠤᠬᠠᠶ ᠵᠢᠨ ᠭᠠᠵᠠᠷ᠎ᠠᠴᠠ ᠮᠠᠲ᠋ᠧᠷᠢᠶᠠᠯ ᠠᠪᠴᠤ ᠪᠣᠯᠬᠤ ᠪᠥᠭᠡᠳ ᠪᠠᠰᠠ ᠭᠡᠷ᠎ᠤᠨ ᠵᠶ᠋ᠠᠨ ᠤᠢ᠍ᠢ᠍ᠷᠠᠯᠴᠠᠭ᠎ᠠ ᠠᠵᠢᠯ ᠣᠯᠬᠤ ᠠᠰᠠᠭᠤᠲᠠᠯ᠎ᠢ ᠰᠢᠢ᠍ᠳᠪᠦᠷᠢᠯᠡᠵᠦ ᠪᠣᠯᠤᠨ᠎ᠠ᠃ ᠪᠢᠳᠠ ᠨᠢᠭᠡ ᠲᠠᠯ᠎ᠠ᠎ᠪᠠᠷ ᠮᠡᠷᠭᠡᠵᠢᠯ ᠲᠦᠪᠯᠡᠷᠡᠭᠰᠡᠡ ᠬᠡᠯᠪᠡᠷᠢ ᠵᠢᠨ ᠠᠵᠤ ᠦᠢ᠍ᠯᠡᠰ᠎ᠢ ᠬᠥᠭᠵᠢᠭᠦᠯᠵᠦ᠂ ᠨᠦᠬᠦᠭᠡ ᠲᠠᠯ᠎ᠠ᠎ᠪᠠᠷ ᠪᠠᠰᠠ ᠠᠵᠢᠯ ᠣᠯᠭᠣᠯᠲᠠ ᠵᠢᠨ ᠪᠠᠭᠲᠠᠭ᠋ᠠᠮᠵᠢ᠎ᠪᠠᠷ ᠶᠡᠬᠡ ᠬᠥᠳᠡᠯᠮᠦᠷᠢ ᠬᠦᠴᠦ ᠲᠦᠪᠯᠡᠷᠡᠭᠰᠡᠡ ᠬᠡᠯᠪᠡᠷᠢ ᠵᠢᠨ ᠠᠵᠤ ᠦᠢ᠍ᠯᠡᠰ᠎ᠢ ᠬᠥᠭᠵᠢᠭᠦᠯᠵᠦ᠂ ᠠᠵᠢᠯ ᠣᠯᠭᠣᠬᠤ ᠠᠵᠢᠯ᠎ᠤᠨ ᠪᠠᠶ᠋ᠢᠷᠢ ᠪᠠ ᠦᠷᠳᠡᠭ ᠨᠡᠮᠡᠭᠳᠡᠯ᠎ᠤᠨ ᠠᠰᠢᠭ ᠣᠯᠵᠠᠪᠤᠷᠢ ᠵᠢ ᠲᠠᠷᠢᠶᠠᠴᠢᠳ᠎ᠲᠤ ᠨᠡᠩ ᠢᠯᠡᠭᠦᠦ ᠦᠯᠡᠳᠡᠭᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
ᠳ᠋ᠢᠩ ᠰᠢᠤᠸᠠᠢ ᠰᠢᠶᠠᠩ᠂ ᠬᠤ᠌ ᠴᠦᠨ ᠬᠤᠸᠠ᠂ ᠡᡁᠸ ᠯᠢ ᠹᠸᠩ ᠨᠠᠷ ᠪᠠᠷ᠎ᠠ ᠪᠤᠯᠵᠤ ᠰᠢᠨᠵᠢᠯᠡᠨ ᠪᠠᠶ᠋ᠢᠴᠠᠭ᠋ᠠᠭᠰᠠᠨ ᠪᠥᠭᠡᠳ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠬᠣᠯᠪᠣᠭᠳᠠᠯ ᠪᠦᠬᠦᠢ ᠮᠤᠵᠢ ᠬᠤᠳᠠ ᠵᠢᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠵᠠᠢ᠃