ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠢᠲ᠋ᠠᠯᠢ ᠵᠢᠨ ᠶᠡᠷᠦᠩᠬᠡᠢ ᠰᠠᠶ᠋ᠢᠳ ᠳ᠋ᠸᠯᠠᠵᠢ᠎ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-05-19

     ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠦᠳᠡ ᠵᠢᠨ ᠬᠣᠶ᠋ᠢᠨ᠎ᠠ ᠵᠥᠩ ᠨᠠᠨ ᠬᠠᠶ ᠵᠢᠨ ᠽᠢ ᠭᠤᠸᠠᠩ ᠭ᠋ᠸ᠎ᠳᠤ ᠢᠲ᠋ᠠᠯᠢ ᠵᠢᠨ ᠶᠡᠷᠦᠩᠬᠡᠶ ᠰᠠᠶ᠋ᠢᠳ ᠳ᠋ᠸᠯᠠᠵᠢ᠎ᠲᠠᠢ ᠪᠣᠯᠵᠣᠭ᠎ᠠ ᠶᠣᠰᠣᠭ᠋ᠠᠷ ᠤᠲᠠᠰᠤ᠎ᠪᠠᠷ ᠶᠠᠷᠢᠯᠴᠠᠪᠠ᠃


1.jpg


      ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠢᠲ᠋ᠠᠯᠢ ᠪᠣᠯ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ ᠮᠥᠨ᠂ ᠬᠣᠶᠠᠷ ᠤᠯᠤᠰ᠎ᠤᠨ ᠬᠠᠷᠢᠴᠠᠭ᠎ᠠ ᠭᠦᠨ ᠵᠤᠵᠠᠭ᠋ᠠᠨ ᠲᠡᠦᠬᠡ ᠵᠢᠨ  ᠬᠤᠷᠠᠮᠳᠤᠭᠤᠯᠤᠯ ᠪᠠ ᠪᠠᠲᠤ ᠪᠡᠬᠢ ᠠᠰᠢᠭ ᠲᠤᠰᠠ ᠵᠢᠨ ᠬᠣᠯᠪᠣᠭ᠋ᠠᠰᠤ᠎ᠲᠠᠢ ᠪᠠᠢ᠌ᠳᠠᠭ᠃ ᠨᠢᠳᠤᠨᠤᠨ᠎ᠠᠴᠠ ᠨᠠᠭ᠋ᠠᠰᠢ᠂ ᠬᠣᠶᠠᠷ ᠲᠠᠯ᠎ᠠ᠎ᠪᠠᠷ ᠵᠶ᠋ᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠡᠰᠡᠷᠭᠦᠴᠡᠬᠦ ᠤᠯᠠᠨ ᠤᠯᠤᠰ᠎ᠤᠨ ᠬᠠᠮᠲᠤᠷᠠᠯᠴᠠᠭ᠎ᠠ ᠵᠢ ᠬᠣᠯᠪᠣᠭ᠋ᠠᠯᠠᠨ ᠥᠷᠨᠢᠭᠦᠯᠵᠦ᠂ ᠭᠣᠣᠯᠳᠠᠯᠭ᠎ᠠ᠎ᠲᠠᠢ ᠬᠠᠮᠲᠤᠷᠠᠯᠴᠠᠭ᠋ᠠᠨ᠎ᠤ ᠲᠦᠷᠦᠯ ᠵᠦᠢ᠍ᠯ ᠢᠳᠡᠪᠬᠢᠲᠡᠢ ᠠᠬᠢᠴᠠ᠎ᠲᠠᠢ ᠪᠣᠯᠪᠠ᠃ ᠢᠲ᠋ᠠᠯᠢ ᠵᠢᠨ ᠲᠠᠯ᠎ᠠ ᠵᠢᠨ᠎ᠬᠢᠨ᠎ᠲᠠᠢ ᠠᠷᠠᠯᠵᠢᠶᠠᠨ᠎ᠤ ᠪᠡᠯᠡ ᠣᠷᠣᠭᠤᠯᠤᠯᠲᠠ᠂ ᠡᠨᠧᠷᠭᠢ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠠᠬᠢᠭᠤᠯᠬᠤ ᠵᠢ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠵᠥᠪᠰᠢᠶᠡᠷᠡᠨ᠎ᠡ᠃ ᠢᠷᠡᠬᠦ ᠵᠢᠯ᠎ᠤᠨ ᠳᠤᠮᠳᠠᠳᠤ ᠢᠲ᠋ᠠᠯᠢ ᠵᠢᠨ ᠰᠣᠶᠣᠯ  ᠵᠢᠭᠤᠯᠴᠢᠯᠠᠯ᠎ᠤᠨ ᠣᠨ᠎ᠢ ᠰᠠᠶ᠋ᠢᠲᠤᠷ ᠡᠷᠬᠢᠯᠡᠵᠦ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠥᠷᠭᠡᠳᠬᠡᠨ᠎ᠡ᠃ ᠬᠣᠷᠢᠨ ᠤᠯᠤᠰ᠎ᠤᠨ ᠪᠦᠯᠦᠭᠯᠡᠯ᠎ᠤᠨ ᠪᠦᠳᠦᠭᠦᠪᠴᠢ ᠲᠥᠰᠥᠪ᠎ᠤᠨ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠃ ᠳᠤᠮᠳᠠᠳᠤ ᠢᠲ᠋ᠠᠯᠢ ᠵᠢᠨ ᠬᠠᠷᠢᠴᠠᠭ᠎ᠠ ᠪᠣᠯᠤᠨ ᠬᠠᠮᠲᠤᠷᠠᠯᠴᠠᠭ᠎ᠠ ᠵᠢᠨ ᠭᠦᠨᠵᠡᠭᠡᠶ᠋ᠢᠷᠡᠯᠲᠡ᠎ᠨᠢ ᠬᠣᠶᠠᠷ ᠤᠯᠤᠰ᠎ᠤᠨ ᠠᠷᠠᠳ ᠲᠦᠮᠡᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ᠎ᠳᠤ ᠠᠰᠢᠭᠲᠠᠢ ᠭᠡᠳᠡᠭ᠎ᠲᠤ ᠪᠠᠲᠤ ᠢᠲᠡᠭᠡᠯ᠎ᠲᠠᠢ ᠪᠠᠶ᠋ᠢᠨ᠎ᠠ ᠭᠡᠵᠡᠢ᠃


2.jpg


      ᠯᠢ ᠺᠸ ᠴᠢᠶᠠᠩ ᠵᠢᠭ᠋ᠠᠬᠤ᠎ᠳᠤ᠎ᠪᠠᠨ᠂ ᠳᠤᠮᠳᠠᠳᠤ ᠤᠯᠤᠰ ᠧᠦ᠋ᠷᠣᠫᠠ ᠵᠢᠨ ᠬᠣᠯᠪᠣᠭ᠎ᠠ᠎ᠯᠤᠭ᠎ᠠ ᠵᠢᠨ ᠬᠠᠷᠢᠴᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃  ᠪᠦᠯᠬᠦᠮᠳᠡᠯ᠎ᠲᠠᠢ᠂ ᠴᠡᠴᠡᠭᠯᠡᠨ ᠬᠥᠭᠵᠢᠭᠰᠡᠨ ᠧᠦ᠋ᠷᠣᠫᠠ ᠵᠢᠨ ᠬᠣᠯᠪᠣᠭ᠎ᠠ ᠪᠣᠯ ᠳᠡᠯᠡᠬᠡᠢ ᠵᠢᠨ ᠡᠩᠬᠡ ᠲᠠᠶ᠋ᠢᠪᠤᠩ᠎ᠢ ᠬᠠᠮᠠᠭ᠋ᠠᠯᠠᠬᠤ᠂ ᠤᠯᠠᠨ ᠲᠠᠯᠠᠲᠤ ᠦᠵᠡᠯ᠎ᠢ ᠳᠡᠮᠵᠢᠬᠦ᠂ ᠴᠢᠯᠥᠭᠡᠲᠦ ᠠᠷᠠᠯᠵᠢᠶ᠎ᠠ ᠵᠢ ᠠᠬᠢᠭᠤᠯᠬᠤ ᠴᠢᠬᠤᠯᠠ ᠬᠦᠴᠦᠨ ᠮᠥᠨ᠃ ᠬᠣᠶᠠᠷ ᠲᠠᠯ᠎ᠠ᠎ᠪᠠᠷ ᠵᠶ᠋ᠠᠨ ᠶᠡᠬᠡ ᠴᠢᠭᠯᠡᠯ᠎ᠢ ᠡᠵᠡᠮᠳᠡᠵᠦ᠂ ᠨᠡᠭᠡᠭᠡᠯᠲᠡ ᠬᠢᠬᠦ ᠣᠪᠣᠷ ᠵᠶ᠋ᠠᠷ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠠᠬᠢᠭᠤᠯᠬᠤ ᠵᠢ ᠪᠠᠷᠢᠮᠲᠠᠯᠠᠵᠤ᠂ ᠬᠠᠷᠢᠯᠴᠠᠨ ᠬᠦᠨᠳᠦᠳᠬᠡᠭᠰᠡᠨ ᠰᠠᠭᠤᠷᠢᠨ ᠳᠡᠭᠡᠷ᠎ᠡ ᠶᠠᠷᠢᠯᠴᠠᠭ᠎ᠠ ᠵᠥᠪᠳᠡᠯᠴᠡᠭᠡ᠎ᠪᠠᠷ ᠳᠠᠮᠵᠢᠨ ᠵᠥᠷᠢᠯᠳᠦᠭᠡᠨ ᠵᠶ᠋ᠠᠨ ᠰᠢᠢ᠍ᠳᠪᠦᠷᠢᠯᠡᠬᠦ ᠵᠢ ᠬᠦᠰᠡᠵᠦ ᠪᠠᠶ᠋ᠢᠨ᠎ᠠ᠃ ᠳᠤᠮᠳᠠᠳᠤ ᠧᠦ᠋ᠷᠣᠫᠠ ᠵᠢᠨ ᠬᠠᠮᠲᠤᠷᠠᠯᠴᠠᠭ᠎ᠠ᠎ᠨᠢ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ᠎ᠳᠤ ᠬᠦᠴᠦᠨ ᠨᠡᠮᠡᠷᠢᠯᠡᠬᠦ ᠪᠣᠯᠤᠨ᠎ᠠ᠂ ᠬᠣᠶᠠᠷ ᠲᠠᠯ᠎ᠠ᠎ᠪᠠᠷ ᠵᠶ᠋ᠠᠨ ᠬᠠᠮᠲᠤ᠎ᠪᠠᠷ ᠴᠢᠷᠮᠠᠶ᠋ᠢᠵᠤ ᠳᠤᠮᠳᠠᠳᠤ ᠧᠦ᠋ᠷᠣᠫᠠ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ᠎ᠲᠤ ᠡᠷᠲᠡ ᠡᠳᠦᠷ ᠭᠠᠷ᠎ᠤᠨ ᠦᠰᠦᠭ ᠵᠢᠷᠤᠬᠤ ᠵᠢ ᠠᠬᠢᠭᠤᠯᠪᠠᠯ ᠵᠣᠬᠢᠨ᠎ᠠ᠃ ᠢᠲ᠋ᠠᠯᠢ ᠵᠢᠨ᠎ᠬᠢᠨ ᠧᠦ᠋ᠷᠣᠫᠠ᠎ᠤᠨ ᠬᠣᠯᠪᠣᠭ᠎ᠠ ᠵᠢᠨ ᠴᠢᠬᠤᠯᠠ ᠪᠦᠷᠢᠯᠳᠦᠬᠦᠨ ᠪᠣᠯᠤᠭᠰᠠᠨ᠎ᠤ ᠬᠤᠪᠢ᠎ᠳᠤ᠂ ᠳᠤᠮᠳᠠᠳᠤ ᠧᠦ᠋ᠷᠣᠫᠠ ᠵᠢᠨ ᠬᠠᠷᠢᠴᠠᠭ᠎ᠠ ᠵᠢᠨ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠬᠤ᠎ᠳᠤ ᠦᠷᠭᠦᠯᠵᠢᠯᠡᠨ  ᠢᠳᠡᠪᠬᠢ ᠦᠢ᠍ᠯᠡᠳᠦᠯ ᠦᠵᠡᠭᠦᠯᠬᠦ ᠵᠢ ᠬᠦᠰᠡᠵᠦ ᠪᠠᠢ᠌ᠨ᠎ᠠ ᠭᠡᠵᠡᠢ᠃
      ᠳ᠋ᠸᠯᠠᠵᠢ ᠢᠯᠡᠷᠬᠡᠢ᠌ᠯᠡᠬᠦ᠎ᠳᠤ᠎ᠪᠠᠨ᠂ ᠢᠲ᠋ᠠᠯᠢ ᠵᠢᠨ ᠲᠠᠯ᠎ᠠ ᠵᠢᠨ᠎ᠬᠢᠨ ᠢᠲ᠋ᠠᠯᠢ ᠳᠤᠮᠳᠠᠳᠤ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠴᠠᠭ᠎ᠠ ᠵᠢ ᠳᠡᠭᠡᠳᠦ ᠬᠡᠮᠵᠢᠶ᠎ᠡ᠎ᠪᠠᠷ  ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠵᠢᠨ ᠲᠠᠯ᠎ᠠ ᠵᠢᠨ᠎ᠬᠢᠨ᠎ᠲᠠᠢ ᠬᠠᠮᠲᠤ᠎ᠪᠠᠷ ᠬᠣᠶᠠᠷ ᠲᠠᠯ᠎ᠠ ᠵᠢᠨ ᠴᠢᠬᠤᠯᠠ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠢ ᠦᠷᠭᠦᠯᠵᠢᠯᠡᠨ ᠠᠬᠢᠭᠤᠯᠵᠤ᠂ ᠬᠣᠶᠠᠷ ᠤᠯᠤᠰ᠎ᠤᠨ ᠡᠨᠧᠷᠭᠢ᠂ ᠠᠭ᠋ᠠᠷ᠎ᠤᠨ ᠠᠶᠠᠯᠠᠯ᠂ ᠠᠵᠤ ᠠᠬᠤᠢ ᠠᠷᠠᠯᠵᠢᠶᠠᠨ᠎ᠤ ᠪᠡᠯᠡ ᠣᠷᠣᠭᠤᠯᠤᠯᠲᠠ ᠵᠡᠷᠭᠡ ᠡᠯ᠎ᠡ ᠬᠦᠷᠢᠶᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠢᠷᠡᠬᠦ ᠵᠢᠯ᠎ᠤᠨ ᠢᠲ᠋ᠠᠯᠢ ᠳᠤᠮᠳᠠᠳᠤ ᠵᠢᠨ ᠰᠣᠶᠣᠯ  ᠵᠢᠭᠤᠯᠴᠢᠯᠠᠯ᠎ᠤᠨ ᠣᠨ ᠵᠶ᠋ᠠᠷ ᠠᠵᠠ ᠲᠣᠬᠢᠶᠠᠯ ᠪᠣᠯᠭ᠋ᠠᠨ ᠬᠣᠶᠠᠷ ᠲᠠᠯ᠎ᠠ ᠵᠢᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠠᠬᠢᠭᠤᠯᠤᠨ᠎ᠠ᠃ ᠳᠤᠮᠳᠠᠳᠤ ᠵᠢᠨ ᠲᠠᠯ᠎ᠠ᠎ᠠᠴᠠ ᠢᠲ᠋ᠠᠯᠢ ᠵᠢᠨ ᠲᠠᠯ᠎ᠠ ᠵᠢᠨ᠎ᠬᠢᠨ᠎ᠤ ᠬᠣᠷᠢᠨ ᠤᠯᠤᠰ᠎ᠤᠨ ᠪᠦᠯᠦᠭᠯᠡᠯ᠎ᠤᠨ ᠲᠡᠷᠢᠭᠦᠯᠡᠭᠴᠢ ᠤᠯᠤᠰ᠎ᠤᠨ ᠠᠵᠢᠯ᠎ᠢ ᠡᠭᠦᠷᠭᠡᠯᠡᠬᠦ ᠵᠢ ᠳᠡᠮᠵᠢᠵᠦ ᠪᠠᠢ᠌ᠭ᠎ᠠ᠎ᠳᠤ ᠪᠠᠶᠠᠷᠯᠠᠨ ᠲᠠᠯᠠᠷᠬᠠᠵᠤ ᠪᠠᠶ᠋ᠢᠨ᠎ᠠ᠂ ᠪᠢᠳᠡ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠲᠠᠯ᠎ᠠ ᠵᠢᠨ ᠬᠡᠷᠡᠭ ᠶᠠᠪᠤᠳᠠᠯ᠎ᠤᠨ ᠲᠤᠬᠠᠢ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠤᠯᠠᠨ ᠤᠯᠤᠰ᠎ᠤᠨ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ ᠵᠢ ᠬᠠᠮᠲᠤ᠎ᠪᠠᠷ ᠠᠬᠢᠭᠤᠯᠤᠨ᠂ ᠪᠦᠬᠦ ᠪᠥᠮᠪᠥᠷᠴᠡᠭ᠎ᠤᠨ ᠠᠵᠤ ᠠᠬᠤᠢ ᠵᠢᠨ ᠰᠡᠷᠭᠦᠯᠲᠡ ᠵᠢ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠥᠷᠢᠰᠥᠯᠳᠦᠭᠡᠨ᠎ᠢ  ᠬᠠᠮᠲᠤ᠎ᠪᠠᠷ ᠠᠷᠭ᠋ᠠᠴᠠᠭ᠋ᠠᠨ᠎ᠠ᠃ ᠧᠦ᠋ᠷᠣᠫᠠ ᠳᠤᠮᠳᠠᠳᠤ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ ᠪᠣᠯ ᠬᠣᠶᠠᠷ ᠲᠠᠯ᠎ᠠ᠎ᠪᠠᠷ ᠵᠶ᠋ᠡᠨ ᠲᠤᠬᠢᠷᠠᠯᠴᠠᠭᠰᠠᠠ ᠴᠢᠬᠤᠯᠠ ᠬᠠᠮᠲᠤ ᠵᠢᠨ ᠲᠠᠨᠢᠯᠲᠠ ᠪᠣᠯᠤᠨ᠎ᠠ᠂ ᠢᠲ᠋ᠠᠯᠢ ᠵᠢᠨ ᠲᠠᠯ᠎ᠠ ᠵᠢᠨ᠎ᠬᠢᠨ ᠡᠷᠲᠡ ᠡᠳᠦᠷ ᠶᠠᠷᠢᠯᠴᠠᠭ᠎ᠠ᠎ᠪᠠᠷ ᠳᠠᠮᠵᠢᠨ ᠬᠣᠶ᠋ᠢᠰᠢᠳᠠ ᠵᠢᠨ ᠠᠬᠢᠴᠠ᠎ᠪᠠᠨ ᠠᠬᠢᠭᠤᠯᠬᠤ ᠵᠢ ᠳᠡᠮᠵᠢᠨ᠎ᠠ ᠭᠡᠵᠡᠢ᠃
      ᠡᡁᠸ ᠯᠢ ᠹᠸᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠵᠡᠷᠭᠡ ᠠᠵᠢᠯ᠎ᠢ ᠪᠠᠢ᠌ᠷᠢᠯᠠᠭᠤᠯᠪᠠ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠨ᠎ᠠ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
 
            