ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠢ᠌ᠲᠤᠷ ᠬᠢᠵᠦ᠂ ᠠᠵᠤ ᠠᠬᠤᠶ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠲᠤᠬᠠᠶ ᠪᠠᠶ᠋ᠢᠷᠢᠯᠠᠭᠤᠯᠪᠠ
ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠤ ᠠᠬᠤᠶ᠋ᠢᠯᠠᠯ᠎ᠳᠤ ᠳᠥᠭᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯ᠎ᠢ ᠨᠠᠩ ᠰᠠᠢ᠌ᠲᠤᠷ ᠬᠢᠬᠦ᠎ᠪᠠᠷ ᠪᠣᠢ
《ᠭᠠᠬᠠᠶ ᠨᠢᠲᠤᠯᠬᠤ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠪᠠᠲᠤᠯᠠᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 19᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠵᠦ᠂ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠲᠤᠬᠠᠢ ᠪᠠᠢ᠌ᠷᠢᠯᠠᠭᠤᠯᠪᠠ; ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠤ ᠠᠬᠤᠶ᠋ᠢᠯᠠᠯ᠎ᠳᠤ ᠳᠥᠭᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠠᠵᠢᠯ᠎ᠢ ᠨᠡᠩ ᠰᠠᠢ᠌ᠲᠤᠷ ᠬᠢᠬᠦ᠎ᠪᠠᠷ ᠪᠣᠢ; 《ᠭᠠᠬᠠᠶ ᠨᠢᠲᠤᠯᠬᠤ ᠬᠠᠮᠢᠶᠠᠷᠤᠯᠲᠠ ᠵᠢᠨ ᠲᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠪᠠᠲᠤᠯᠠᠪᠠ᠃
ᠬᠤᠷᠠᠯ᠎ᠠᠴᠠ ᠵᠢᠭ᠋ᠠᠬᠤ᠎ᠳᠤ᠎ᠪᠠᠨ᠂ ᠡᠨᠡ ᠵᠢᠯ᠎ᠠᠴᠠ ᠨᠠᠭ᠋ᠠᠰᠢ᠂ ᠭᠣᠣᠯᠳᠠᠭᠤ ᠣᠯᠠᠨ ᠤᠯᠤᠰ᠎ᠤᠨ ᠳᠠᠮᠵᠢᠭᠤᠯᠭ᠎ᠠ ᠵᠡᠷᠭᠡ ᠣᠯᠠᠨ ᠵᠦᠢ᠍ᠯ᠎ᠤᠨ ᠬᠦᠴᠦᠨ ᠵᠦᠢ᠍ᠯ᠎ᠤᠨ ᠨᠥᠯᠥᠭᠡᠯᠡᠯ ᠵᠶ᠋ᠠᠷ ᠥᠷᠭᠡᠨ ᠬᠡᠷᠡᠭᠴᠡᠭᠡᠨ᠎ᠤ ᠬᠡᠰᠡᠭ ᠲᠠᠸᠠᠷ᠎ᠤᠨ ᠦᠨ᠎ᠡ ᠦᠷᠭᠦᠯᠵᠢᠯᠡᠨ ᠥᠰᠴᠦ᠂ ᠵᠠᠷᠢᠮ ᠲᠥᠷᠥᠯ ᠵᠦᠢ᠍ᠯ᠎ᠤᠨ ᠦᠨ᠎ᠡ ᠬᠠᠩᠰᠢ ᠵᠠᠯᠭ᠋ᠠᠭ᠎ᠠ᠎ᠪᠠᠷ ᠰᠢᠨ᠎ᠡ ᠲᠡᠮᠳᠡᠭᠯᠡᠯ᠎ᠢ ᠡᠭᠦᠳᠪᠡ᠃ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠥᠰᠦᠭᠰᠡᠨ᠎ᠠᠴᠠ ᠪᠣᠯᠤᠭᠰᠠᠨ ᠨᠠᠵᠠᠭ᠋ᠠᠢ ᠨᠥᠯᠥᠭᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ᠂ ᠨᠠᠷᠢᠯᠢᠭ ᠣᠨᠣᠴᠠᠲᠠᠶ᠎ᠪᠠᠷ ᠲᠣᠬᠢᠷᠠᠭᠤᠯᠤᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ᠂ ᠵᠠᠬ᠎ᠠ ᠳᠡᠯᠭᠡᠭᠦᠷ᠎ᠤᠨ ᠬᠤᠪᠢᠷᠠᠯᠲᠠ᠎ᠳᠤ ᠴᠢᠭᠯᠡᠭᠦᠯᠦᠨ᠂ ᠭᠣᠣᠯᠳᠠᠯᠭ᠎ᠠ ᠵᠢ ᠲᠤᠪᠤᠢ᠍ᠢ᠍ᠯᠭ᠋ᠠᠨ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠵᠢ ᠬᠡᠷᠡᠭᠵᠢᠭᠦᠯᠵᠦ᠂ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠨ᠂ ᠦᠨ᠎ᠡ ᠬᠠᠩᠰᠢ ᠵᠢᠨ ᠵᠤᠬᠢᠰ ᠦᠭᠡᠢ ᠥᠰᠥᠯᠲᠡ ᠵᠢ ᠬᠣᠷᠢᠭᠯᠠᠵᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠦᠭ ᠳᠠᠮᠵᠢᠭᠳᠠᠬᠤ ᠵᠢ ᠴᠢᠷᠮᠠᠶ᠋ᠢᠨ ᠰᠡᠷᠭᠡᠶ᠋ᠢᠯᠡᠬᠦ ᠬᠡᠷᠡᠭᠲᠡᠶ᠃ ᠨᠢᠭᠡ᠎ᠳᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠠᠩᠭ᠋ᠠᠯᠭ᠎ᠠ ᠬᠡᠷᠡᠭᠴᠡᠭᠡ ᠵᠢᠨ ᠬᠣᠣᠰ ᠴᠢᠭᠯᠡᠯ᠎ᠤᠨ ᠲᠣᠬᠢᠷᠠᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠬᠡᠰᠡᠭ ᠪᠤᠯᠤᠳ ᠲᠡᠮᠤᠷ᠎ᠤᠨ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠬᠤ ᠪᠣᠭᠣᠮᠲᠠ ᠵᠢᠨ ᠭᠠᠶ᠋ᠢᠯᠢ ᠵᠢ ᠳᠡᠭᠡᠭᠰᠢᠯᠡᠭᠦᠯᠬᠦ᠂ ᠰᠢᠷᠡᠮᠦ ᠵᠢᠴᠢ ᠬᠠᠶᠠᠭᠳᠠᠮᠠᠯ ᠪᠤᠯᠤᠳ ᠵᠡᠷᠭᠡ ᠵᠢ ᠭᠠᠳᠠᠭ᠋ᠠᠳᠤ᠎ᠠᠴᠠ ᠣᠷᠣᠭᠤᠯᠬᠤ᠎ᠳᠤ ᠲᠦᠷ ᠲᠣᠭᠲᠠᠭ᠋ᠠᠭᠰᠠᠨ ᠲᠡᠭ ᠭᠠᠶ᠋ᠢᠯᠢ ᠵᠢᠨ ᠨᠤᠷᠮ᠎ᠠ ᠵᠢ ᠬᠡᠷᠡᠭᠵᠢᠭᠦᠯᠬᠦ᠂ ᠬᠡᠰᠡᠭ ᠪᠤᠯᠤᠳ ᠲᠡᠮᠤᠷ᠎ᠤᠨ ᠦᠢ᠍ᠯᠡᠳᠬᠦᠨ᠎ᠤ ᠭᠠᠳᠠᠭ᠋ᠠᠳᠤ᠎ᠳᠤ ᠭᠠᠷᠭ᠋ᠠᠬᠤ ᠭᠠᠶ᠋ᠢᠯᠢ ᠵᠢᠨ ᠪᠤᠴᠠᠭ᠋ᠠᠯᠲᠠ ᠵᠢ ᠬᠦᠴᠦᠨ ᠦᠭᠡᠢ ᠪᠣᠯᠭ᠋ᠠᠬᠤ ᠵᠡᠷᠭᠡ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠠᠬᠢᠭᠤᠯᠬᠤ ᠬᠡᠷᠡᠭᠲᠡᠢ᠃ ᠪᠦᠲᠦᠴᠡ ᠵᠢ ᠬᠦᠴᠦᠯᠡᠨ ᠲᠣᠬᠢᠷᠠᠭᠤᠯᠵᠤ᠂ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠲᠥᠷᠥᠯ ᠵᠦᠢ᠍ᠯ᠎ᠢ ᠬᠣᠷᠢᠭᠯᠠᠬᠤ ᠬᠡᠷᠡᠭᠲᠡᠢ᠃ ᠮᠠᠨ᠎ᠤ ᠤᠯᠤᠰ᠎ᠤᠨ ᠨᠡᠭᠦᠷᠡᠰᠦᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠤᠨ᠂ ᠭᠣᠣᠯᠳᠠᠯᠭ᠎ᠠ᠎ᠲᠠᠢ ᠨᠡᠭᠦᠷᠡᠰᠦᠨ᠎ᠤ ᠠᠵᠤ ᠠᠬᠤᠶ᠋ᠢᠯᠠᠯ᠎ᠤᠨ ᠠᠶᠤᠯ ᠦᠭᠡᠢ ᠪᠠᠶ᠋ᠢᠬᠤ ᠵᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠭᠠᠷᠤᠯᠲᠠ ᠪᠠ ᠬᠠᠩᠭ᠋ᠠᠯᠭ᠎ᠠ᠎ᠪᠠᠨ ᠨᠡᠮᠡᠭᠳᠡᠭᠦᠯᠬᠦ ᠵᠢ ᠰᠢᠮᠳᠠᠭᠤᠯᠤᠨ ᠱᠠᠭ᠋ᠠᠷᠳᠠᠵᠤ᠂ ᠰᠠᠯᠬᠢᠨ ᠬᠦᠴᠦᠨ᠎ᠤ ᠴᠠᠬᠢᠯᠭ᠋ᠠᠨ᠂ ᠭᠡᠷᠡᠯ ᠴᠡᠨᠡᠭ᠂ ᠤᠰᠤᠨ ᠴᠠᠬᠢᠯᠭ᠋ᠠᠨ᠂ ᠴᠥᠮ᠎ᠡ ᠵᠢᠨ ᠴᠠᠬᠢᠯᠭ᠋ᠠᠨ ᠵᠡᠷᠭᠡ ᠵᠢᠨ ᠭᠠᠷᠭ᠋ᠠᠬᠤ ᠬᠦᠴᠦᠨ᠎ᠢ ᠨᠡᠮᠡᠭᠳᠡᠭᠦᠯᠵᠦ᠂ ᠵᠤᠨ᠎ᠤ ᠤᠷᠬᠢᠯ᠎ᠢ ᠤᠭᠲᠤᠨ ᠥᠩᠭᠡᠷᠡᠭᠡᠬᠦ ᠡᠨᠧᠷᠭᠢ ᠵᠢᠨ ᠰᠤᠷᠪᠤᠯᠵᠢ ᠵᠢᠨ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠢ᠃ ᠭᠠᠳᠠᠭ᠋ᠠᠳᠤ ᠨᠡᠭᠡᠭᠡᠯᠳᠡ ᠵᠢ ᠥᠷᠭᠡᠳᠬᠡᠬᠦ ᠵᠢ ᠪᠠᠷᠢᠮᠲᠠᠯᠠᠨ᠂ ᠥᠷᠭᠡᠨ ᠬᠡᠷᠡᠭᠴᠡᠭᠡᠨ᠎ᠤ ᠲᠠᠸᠠᠷ᠎ᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠠ ᠨᠥᠭᠡᠴᠡᠯᠡᠨ ᠲᠣᠬᠢᠷᠠᠭᠤᠯᠬᠤ ᠠᠵᠢᠯ᠎ᠢ ᠴᠢᠩᠭ᠋ᠠᠳᠬᠠᠵᠤ᠂ ᠪᠣᠭᠣᠮᠲᠠ᠎ᠪᠠᠷ ᠥᠩᠭᠡᠷᠡᠬᠦ᠎ᠳᠤ ᠳᠥᠭᠥᠮ ᠦᠵᠡᠭᠦᠯᠬᠦ ᠵᠢ ᠠᠬᠢᠭᠤᠯᠵᠤ᠂ ᠬᠣᠶᠠᠷ ᠵᠠᠬ᠎ᠠ ᠳᠡᠯᠭᠡᠭᠦᠷ᠂ ᠬᠣᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠰᠠᠶ᠋ᠢᠲᠤᠷ ᠠᠰᠢᠭᠯᠠᠵᠤ᠂ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠢ᠃ ᠬᠣᠶᠠᠷ᠎ᠲᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠪᠠᠳᠠᠷᠠᠭᠤᠯᠵᠤ᠂ ᠠᠵᠢᠯ ᠲᠥᠷᠥᠯ᠎ᠤᠨ᠎ᠬᠢᠨ᠎ᠤ ᠥᠪᠡᠷ᠎ᠢ᠎ᠪᠠᠨ ᠱᠠᠭ᠋ᠠᠷᠳᠠᠬᠤᠢ ᠴᠢᠩᠭ᠋ᠠᠳᠬᠠᠬᠤ ᠬᠡᠷᠡᠭᠲᠡᠢ᠃ ᠬᠤᠭᠤᠴᠠᠭ᠋ᠠᠲᠤ ᠪᠠᠷᠠᠭ᠎ᠠ ᠪᠣᠯᠣᠨ ᠪᠡᠯᠡᠨ ᠪᠠᠷᠠᠭ᠋ᠠᠨ᠎ᠤ ᠵᠠᠬ᠎ᠠ ᠳᠡᠯᠭᠡᠭᠦᠷ᠎ᠤᠨ ᠬᠣᠯᠪᠣᠭ᠋ᠠᠯᠠᠨ ᠬᠥᠳᠡᠯᠦᠯᠴᠡᠵᠦ ᠬᠢᠨᠠᠯᠲᠠ ᠬᠠᠮᠢᠶᠠᠷᠤᠯᠲᠠ ᠬᠢᠬᠦ ᠵᠢ ᠴᠢᠩᠭ᠋ᠠᠳᠬᠠᠵᠤ᠂ ᠴᠠᠭ ᠲᠤᠬᠠᠢᠳᠤᠨᠢ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠵᠢ ᠲᠣᠬᠢᠷᠠᠭᠤᠯᠤᠨ ᠬᠡᠷᠡᠭᠯᠡᠵᠦ᠂ ᠬᠡᠪ᠎ᠤᠨ ᠪᠤᠰᠤ ᠠᠷᠠᠯᠵᠢᠶ᠎ᠠ ᠪᠠ ᠮᠠᠭᠤ ᠰᠠᠨᠠᠭ᠎ᠠ᠎ᠲᠠᠢ᠎ᠪᠠᠷ ᠬᠥᠭᠡᠷᠭᠡᠳᠡᠬᠦ ᠦᠢ᠍ᠯᠡ ᠠᠵᠢᠯᠯᠠᠭ᠎ᠠ ᠵᠢ ᠢᠯᠭ᠋ᠠᠨ ᠪᠠᠢ᠌ᠴᠠᠭ᠋ᠠᠬᠤ ᠬᠡᠷᠡᠭᠲᠡᠢ᠃ ᠭᠠᠭᠴᠠᠭ᠋ᠠᠷ ᠡᠵᠡᠮᠰᠢᠯ᠎ᠤᠨ ᠬᠡᠯᠡᠯᠴᠡᠭᠡᠷ᠎ᠢ ᠬᠡᠷᠡᠭᠵᠢᠭᠦᠯᠬᠦ᠎ᠪᠠᠷ ᠲᠣᠭᠲᠠᠭᠰᠠᠨ᠂ ᠬᠤᠳᠠᠯ ᠬᠠᠭᠤᠷᠮᠠᠭ ᠮᠡᠳᠡᠭᠡ ᠵᠠᠩᠭᠢ ᠵᠢ ᠲᠠᠷᠬᠠᠭ᠋ᠠᠭᠰᠠᠨ᠂ ᠦᠨ᠎ᠡ ᠬᠠᠩᠰᠢ ᠵᠢ ᠲᠦᠷᠭᠢᠯᠳᠦᠨ ᠥᠰᠬᠡᠭᠰᠡᠨ ᠢᠯᠠᠩᠭᠤᠶ᠎ᠠ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠭᠰᠠᠨ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠢᠯᠡ᠎ᠪᠠᠷ ᠢᠯᠡᠴᠢᠯᠡᠬᠦ ᠬᠡᠷᠡᠭᠲᠡᠢ᠃ ᠭᠤᠷᠪᠠ᠎ᠳᠤ᠂ ᠵᠣᠭᠣᠰᠣᠨ᠎ᠤ ᠲᠦᠷᠦ ᠵᠢᠨ ᠪᠤᠳᠤᠯᠭ᠎ᠠ ᠵᠢᠨ ᠲᠣᠭᠲᠠᠭᠤᠨ ᠴᠢᠨᠠᠷ ᠪᠠ ᠠᠷᠠᠳ᠎ᠤᠨ ᠵᠣᠭᠣᠰᠣᠨ᠎ᠤ ᠭᠤᠪᠢᠭᠤᠯᠭ᠎ᠠ ᠵᠢᠨ ᠨᠤᠷᠮ᠎ᠠ ᠵᠢ ᠦᠨᠳᠦᠰᠦᠨ᠎ᠳᠤ᠎ᠪᠠᠨ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ᠎ᠳᠤ ᠲᠣᠭᠲᠠᠭᠤᠨ ᠪᠠᠢ᠌ᠯᠭ᠋ᠠᠬᠤ ᠵᠢ ᠪᠠᠲᠤᠯᠠᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠵᠦᠢ ᠵᠣᠬᠢᠰᠲᠠᠶ ᠬᠥᠲᠥᠯᠥᠨ ᠵᠢᠯᠣᠭᠣᠳᠬᠤ ᠬᠡᠷᠡᠭᠲᠡᠶ᠃ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢ ᠬᠠᠪᠰᠤᠷᠴᠤ ᠪᠠᠶ᠋ᠢᠭ᠋ᠠᠳ ᠥᠪᠡᠷ᠎ᠤᠨ ᠦᠷᠳᠡᠭ ᠳᠡᠭᠡᠭᠰᠢᠯᠡᠭᠰᠡᠨ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ᠎ᠢ᠎ᠨᠢ ᠠᠷᠭ᠋ᠠᠴᠠᠭ᠋ᠠᠬᠤ ᠬᠡᠷᠡᠭᠲᠡᠢ᠃ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠠᠶ᠋ᠢᠯᠢ ᠵᠢ ᠬᠠᠰᠤᠵᠤ ᠬᠥᠩᠭᠡᠯᠡᠬᠦ᠂ ᠲᠡᠷᠢᠭᠦᠨ᠎ᠤ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠳᠤ ᠰᠠᠷ᠎ᠠ᠎ᠪᠠᠷ ᠨᠢᠭᠡᠴᠢ ᠪᠣᠯᠭ᠋ᠠᠨ ᠥᠷᠲᠡᠭ ᠨᠡᠮᠡᠭᠳᠡᠯ᠎ᠤᠨ ᠭᠠᠶ᠋ᠢᠯᠢ ᠵᠢ ᠪᠦᠬᠦ ᠲᠣᠭ᠎ᠠ᠎ᠪᠠᠷ ᠪᠤᠴᠠᠭ᠋ᠠᠵᠤ ᠪᠠᠢ᠌ᠭ᠋ᠠᠳ ᠦᠯᠡᠳᠡᠭᠡᠨ ᠲᠤᠯᠭ᠋ᠠᠬᠤ ᠭᠠᠢ᠌ᠯᠢ ᠵᠢᠨ ᠬᠡᠮᠵᠢᠶ᠎ᠡ ᠵᠢ ᠨᠡᠮᠡᠭᠳᠡᠭᠦᠯᠬᠦ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠭᠦᠢ᠍ᠴᠡᠳᠬᠡᠬᠦ ᠭᠠᠷᠳᠠᠮ᠎ᠢ ᠴᠤᠮᠬᠠᠳᠬᠠᠬᠤ ᠬᠡᠷᠡᠭᠲᠡᠢ᠃ ᠰᠢᠭᠤᠳ ᠬᠦᠷᠬᠦ ᠵᠣᠭᠣᠰᠣᠨ᠎ᠤ ᠲᠦᠷᠦ ᠵᠢᠨ ᠪᠤᠳᠤᠯᠭ᠎ᠠ ᠵᠢᠨ ᠪᠠᠭ᠋ᠠᠵᠢ ᠵᠢ ᠰᠠᠶ᠋ᠢᠲᠤᠷ ᠬᠡᠷᠡᠭᠵᠢᠭᠦᠯᠵᠦ᠂ ᠲᠠᠬᠢᠨ ᠵᠢᠭᠡᠯᠡᠭᠦᠯᠬᠦ ᠲᠠᠬᠢᠨ ᠪᠡᠯᠡᠨ ᠵᠣᠭᠣᠰ ᠥᠭᠬᠦ ᠵᠢ ᠳᠡᠮᠵᠢᠬᠦ ᠲᠦᠭᠡᠮᠡᠯ ᠬᠠᠷᠠᠭ᠋ᠠᠯᠵᠠᠯᠳᠤ ᠮᠥᠩᠭᠥᠨ ᠭᠦᠢ᠍ᠯᠭᠡᠭᠡᠨ᠎ᠤ ᠡᠷᠴᠢᠮ᠎ᠢ ᠴᠢᠩᠭ᠋ᠠᠷᠠᠭᠤᠯᠵᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠂ ᠳᠠᠭ᠋ᠠᠭ᠋ᠠᠯᠲᠠ ᠬᠢᠬᠦ᠂ ᠰᠦᠢ᠍ᠳᠬᠡᠯ᠎ᠢ ᠪᠠᠭᠤᠷᠠᠭᠤᠯᠬᠤ᠂ ᠱᠠᠩᠨᠠᠯ ᠨᠥᠬᠥᠪᠥᠷᠢ ᠥᠭᠬᠦ ᠵᠡᠷᠭᠡ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠪᠠᠩᠬᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠢᠲᠡᠭᠡᠮᠵᠢᠲᠦ ᠵᠢᠭᠡᠯᠡᠯᠭᠡ ᠵᠢ ᠥᠷᠭᠡᠳᠬᠡᠬᠦ ᠬᠡᠷᠡᠭᠲᠡᠢ ᠭᠡᠵᠡᠢ᠃
ᠬᠤᠷᠠᠯ᠎ᠠᠴᠠ ᠵᠢᠭ᠋ᠠᠬᠤ᠎ᠳᠤ᠎ᠪᠠᠨ᠂ ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠪᠣᠯ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠬᠤ ᠴᠢᠬᠤᠯᠠ ᠠᠷᠭ᠎ᠠ ᠬᠡᠮᠵᠢᠶ᠎ᠡ ᠪᠠᠢ᠌ᠵᠤ᠂ ᠡᠨᠡ᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠠᠵᠤ ᠠᠬᠤᠶ᠋ᠢᠯᠠᠯ ᠪᠠ ᠠᠷᠠᠳ᠎ᠲᠤ ᠨᠡᠩ ᠲᠦᠬᠦᠮ ᠦᠵᠡᠭᠦᠯᠵᠦ ᠠᠰᠢᠭ ᠬᠦᠷᠲᠡᠭᠡᠬᠦ᠎ᠳᠤ ᠠᠰᠢᠭᠲᠠᠢ ᠶᠤᠮ᠃ ᠨᠢᠭᠡ᠎ᠳᠤ᠂ ᠠᠯᠪᠠᠨ ᠭᠡᠷᠡᠴᠢᠯᠡᠭᠡ ᠵᠢᠨ ᠭᠡᠷᠡᠴᠢᠯᠡᠬᠦ ᠮᠠᠲ᠋ᠧᠷᠢᠶᠠᠯ᠎ᠢ ᠴᠣᠮᠬᠠᠳᠬᠠᠵᠤ᠂ ᠵᠢᠯ᠎ᠤᠨ ᠡᠴᠦᠰ᠎ᠠᠴᠠ ᠡᠮᠦᠨ᠎ᠡ ᠭᠡᠷᠡᠴᠢᠯᠡᠬᠦ ᠮᠠᠲ᠋ᠧᠷᠢᠶᠠᠯ᠎ᠤᠨ ᠨᠠᠷᠢᠨ ᠬᠠᠭᠤᠳᠠᠰᠤ ᠵᠢᠨ ᠲᠦᠷᠢᠮ᠂ ᠨᠢᠭᠡ ᠯᠡ ᠤᠳᠠᠭ᠎ᠠ᠎ᠳᠤ ᠮᠡᠳᠡᠭᠳᠡᠬᠦ ᠲᠦᠷᠢᠮ᠎ᠢ ᠨᠡᠶ᠋ᠢᠳᠡᠮ ᠬᠡᠷᠡᠭᠵᠢᠭᠦᠯᠬᠦ ᠬᠡᠷᠡᠭᠲᠡᠶ᠃ ᠬᠤᠪᠢ ᠬᠥᠮᠦᠨ᠎ᠤ ᠬᠦᠴᠦᠨ ᠪᠥᠬᠥᠶ ᠭᠡᠷᠡᠴᠢ ᠦᠨᠡᠮᠯᠡᠯ ᠵᠶ᠋ᠠᠷ ᠭᠡᠷᠡᠴᠢᠯᠡᠬᠦ ᠪᠤᠶᠤ ᠰᠠᠯᠠᠭ᠎ᠠ ᠮᠥᠴᠢᠷ᠎ᠤᠳ ᠬᠣᠭᠣᠷᠤᠨᠳᠤ᠎ᠪᠠᠨ ᠮᠡᠳᠡᠭᠡ ᠵᠠᠩᠭᠢ᠎ᠪᠠᠨ ᠬᠠᠮᠲᠤ᠎ᠪᠠᠷ ᠬᠤᠪᠢᠶᠠᠯᠴᠠᠬᠤ᠎ᠪᠠᠷ ᠳᠡᠮᠵᠢᠨ ᠬᠠᠷᠭᠤᠭᠤᠯᠤᠨ ᠪᠠᠶ᠋ᠢᠴᠠᠭ᠋ᠠᠵᠤ ᠪᠣᠯᠬᠤ ᠭᠡᠷᠡᠴᠢ ᠮᠠᠲ᠋ᠧᠷᠢᠶᠠᠯ ᠪᠦᠬᠦᠨ᠎ᠢ ᠲᠤᠬᠠᠶ ᠵᠢᠨ ᠬᠥᠮᠦᠨ ᠵᠶ᠋ᠠᠷ ᠳᠠᠪᠬᠤᠷᠳᠠᠭᠤᠯᠤᠨ ᠬᠠᠩᠭ᠋ᠠᠯᠭ᠋ᠠᠵᠤ ᠪᠣᠯᠬᠤ ᠥᠬᠡᠶ᠃ ᠠᠵᠤ ᠠᠬᠤᠶ᠋ᠢᠯᠠᠯ ᠪᠠ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠨᠢᠭᠲᠠ ᠬᠣᠯᠪᠣᠭ᠎ᠠ᠎ᠲᠠᠢ᠂ ᠬᠡᠷᠡᠭᠯᠡᠬᠦ ᠳᠠᠪᠲᠠᠮᠵᠢ ᠨᠡᠯᠢᠶᠡᠳ ᠥᠨᠳᠥᠷ ᠠᠯᠪᠠᠨ ᠭᠡᠷᠡᠴᠢᠯᠡᠭᠡ᠎ᠪᠠᠷ ᠭᠡᠷᠡᠴᠢᠯᠡᠬᠦ ᠵᠦᠢ᠍ᠯᠡᠰ᠎ᠲᠤ ᠮᠡᠳᠡᠭᠳᠡᠨ ᠠᠮᠠᠯᠠᠯᠲᠠ ᠬᠢᠬᠦ ᠲᠦᠷᠢᠮ᠎ᠢ ᠰᠦᠪᠡᠭᠴᠢᠯᠡᠨ ᠬᠡᠷᠡᠭᠵᠢᠭᠦᠯᠬᠦ ᠬᠡᠷᠡᠭᠲᠡᠢ᠃ ᠬᠣᠶᠠᠷ᠎ᠲᠤ᠂ ᠠᠯᠪᠠᠨ ᠭᠡᠷᠡᠴᠢᠯᠡᠭᠡ᠎ᠪᠠᠷ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ ᠵᠢ ᠲᠡᠭᠦᠯᠳᠡᠷᠵᠢᠭᠦᠯᠬᠦ ᠬᠡᠷᠡᠭᠲᠡᠶ᠃ ᠨᠡᠩ ᠤᠯᠠᠨ ᠠᠯᠪᠠᠨ ᠭᠡᠷᠡᠴᠢᠯᠡᠭᠡ ᠵᠢᠨ ᠵᠦᠢ᠍ᠯᠡᠰ᠎ᠢ 《ᠪᠦᠬᠦ ᠮᠤᠵᠢ᠎ᠳᠤ ᠨᠡᠶ᠋ᠢᠳᠡᠮ ᠭᠦᠢ᠍ᠴᠡᠳᠬᠡᠬᠦ》 ᠵᠢ ᠠᠬᠢᠭᠤᠯᠬᠤ ᠬᠡᠷᠡᠭᠲᠡᠢ᠃ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ ᠪᠠ ᠵᠢᠯᠣᠭᠣᠴᠢ ᠵᠢᠨ ᠦᠨᠡᠮᠯᠡᠯ ᠵᠡᠷᠭᠡ ᠥᠨᠳᠥᠷ ᠳᠠᠪᠲᠠᠮᠵᠢᠲᠤ ᠠᠯᠪᠠᠨ ᠭᠡᠷᠡᠴᠢᠯᠡᠭᠡ ᠵᠢᠨ ᠦᠢ᠍ᠯᠡᠴᠢᠯᠡᠭᠡᠨ᠎ᠤ ᠵᠦᠢ᠍ᠯᠡᠰ᠎ᠲᠤ ᠪᠥᠬᠥ ᠶᠠᠪᠤᠴᠠ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ᠂ 《 ᠨᠢᠭᠡ ᠯᠠ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》 ᠵᠢ ᠬᠡᠷᠡᠭᠵᠢᠭᠦᠯᠬᠦ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠳᠤ ᠠᠯᠪᠠᠨ ᠭᠡᠷᠡᠴᠢᠯᠡᠭᠡ ᠵᠢᠨ 《ᠰᠠᠭ᠋ᠠᠳ ᠥᠬᠡᠶ ᠨᠡᠪᠲᠡᠷᠡᠬᠦ ᠵᠠᠮ》 ᠭᠠᠷᠭ᠋ᠠᠵᠤ᠂ ᠪᠠᠯᠠ ᠲᠣᠬᠢᠷᠠᠭᠤᠯᠭ᠎ᠠ ᠵᠢ ᠥᠷᠭᠡᠳᠬᠡᠬᠦ᠂ ᠪᠠᠯᠠ ᠮᠥᠩᠭᠥ ᠵᠢᠨ ᠡᠷᠭᠢᠯᠲᠡ ᠵᠢ ᠥᠷᠭᠡᠳᠬᠡᠬᠦ ᠵᠡᠷᠭᠡ ᠵᠦᠢ᠍ᠯᠡᠰ᠎ᠲᠤ 《ᠨᠢᠭᠡᠳ ᠨᠢᠭᠡ᠎ᠪᠠᠷ ᠳᠠᠭ᠋ᠠᠭ᠋ᠠᠨ ᠠᠪᠬᠤ》 ᠦᠢ᠍ᠯᠡᠴᠢᠯᠡᠭᠡ ᠵᠢ ᠬᠡᠷᠡᠭᠵᠢᠭᠦᠯᠬᠦ ᠬᠡᠷᠡᠭᠲᠡᠢ᠃ ᠭᠤᠷᠪᠠ᠎ᠳᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠨ ᠠᠯᠪᠠᠨ ᠭᠡᠷᠡᠴᠢᠯᠡᠭᠡ ᠵᠢᠨ ᠰᠦᠢ᠍ᠳᠬᠡᠯ ᠬᠤᠷᠢᠶᠠᠭᠰᠠᠨ ᠪᠠ 《ᠡᠭᠦᠳᠡ ᠣᠷᠣᠬᠤ᠎ᠳᠤ ᠬᠦᠴᠢᠷᠲᠡᠢ᠂ ᠤᠴᠢᠷ ᠰᠢᠢ᠍ᠳᠪᠦᠷᠢᠯᠡᠬᠦ᠎ᠳᠤ ᠪᠡᠷᠬᠡᠲᠡᠢ᠂ ᠣᠪᠣᠷ ᠰᠤᠷᠲᠠᠯ ᠪᠠᠷᠤᠭᠲᠠᠶ》 ᠵᠡᠷᠭᠡ ᠠᠰᠠᠭᠤᠳᠠᠯ᠎ᠢ ᠴᠡᠭᠴᠡᠯᠡᠨ ᠵᠠᠰᠠᠵᠤ᠂ ᠠᠯᠪᠠᠨ ᠭᠡᠷᠡᠴᠢᠯᠡᠭᠡ ᠵᠢ ᠬᠠᠭᠤᠷᠮᠠᠭ ᠵᠶ᠋ᠠᠷ ᠵᠣᠬᠢᠶᠠᠭᠰᠠᠨ ᠶᠠᠪᠤᠳᠠᠯ᠎ᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠠᠵᠢᠯ ᠡᠷᠬᠢᠯᠡᠭᠰᠡᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠬᠡᠷᠡᠭᠲᠡᠢ ᠭᠡᠵᠡᠢ᠃
ᠬᠤᠷᠠᠯ᠎ᠠᠴᠠ 《ᠭᠠᠬᠠᠢ ᠨᠢᠲᠤᠯᠬᠤ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠦᠯ)》᠎ᠢ ᠪᠠᠲᠤᠯᠠᠵᠤ᠂ ᠭᠠᠬᠠᠢ ᠵᠢᠨ ᠲᠥᠭᠥᠬᠡᠢ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠨᠡᠩ ᠰᠠᠶ᠋ᠢᠲᠤᠷ ᠪᠠᠲᠤᠯᠠᠵᠤ᠂ ᠤᠯᠠᠨ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠬᠤ ᠵᠢ ᠠᠬᠢᠭᠤᠯᠪᠠ᠃