ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠬᠦ ᠶᠣᠰᠣᠯᠠᠯ᠎ᠢ ᠭᠡᠷᠡᠴᠢᠯᠡᠪᠡ
ᠨᠡᠶ᠋ᠢᠲᠡᠯᠡᠭᠰᠡᠨ ᠴᠠᠭ᠄ 2021-05-20

1.jpg


      5 ᠰᠠᠷ᠎ᠠ ᠵᠢᠨ 19᠎ᠤ ᠦᠳᠡ ᠵᠢᠨ ᠬᠤᠢ᠍ᠢ᠍ᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠸᠢᠳᠢᠣ᠋ ᠬᠡᠯᠪᠡᠷᠢ᠎ᠪᠠᠷ ᠤᠷᠤᠰ᠎ᠤᠨ ᠶᠡᠷᠦᠩᠬᠡᠢ᠍ᠢ᠍ᠯᠡᠭᠴᠢ ᠫᠦᠲ᠋ᠢᠨ᠎ᠲᠠᠢ ᠬᠠᠮᠳᠤ᠎ᠪᠠᠷ ᠬᠤᠶᠠᠷ ᠤᠯᠤᠰ᠎ᠤᠨ ᠴᠦᠮ᠎ᠠ ᠵᠢᠨ ᠡᠨ᠋ᠸᠷᠭᠢ ᠵᠢᠨ ᠬᠠᠮᠳᠤᠷᠠᠯᠴᠠᠭ᠋ᠠᠨ᠎ᠤ ᠲᠦᠷᠦᠯ ᠵᠦᠢ᠍ᠯ — ᠲᠢᠶᠠᠨ ᠸᠠᠨ ᠴᠦᠮ᠎ᠠ ᠵᠢᠨ ᠴᠠᠬᠢᠯᠭ᠋ᠠᠨ ᠦᠷᠳᠡᠭᠡ ᠪᠤᠯᠤᠨ ᠰᠢᠤᠢ ᠳ᠋ᠠ  ᠫᠦ᠋ ᠴᠦᠮ᠎ᠠ ᠵᠢᠨ ᠴᠠᠬᠢᠯᠭ᠋ᠠᠨ ᠦᠷᠳᠡᠭᠡ ᠵᠢᠨ ᠪᠠᠷᠢᠯᠭ᠎ᠠ ᠡᠬᠢᠯᠡᠬᠦ ᠶᠤᠰᠤᠯᠠᠯ᠎ᠢ ᠭᠡᠷᠡᠴᠢᠯᠡᠪᠡ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠶᠤᠸᠠᠢ ᠶᠤᠸᠠᠢ ᠸᠸᠢ ᠰᠡᠭᠦᠳᠡᠷᠯᠡᠪᠡ


2.jpg


      5 ᠰᠠᠷ᠎ᠠ ᠵᠢᠨ 19᠎ᠤ ᠦᠳᠡ ᠵᠢᠨ ᠬᠤᠢ᠍ᠢ᠍ᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠸᠢᠳᠢᠣ᠋ ᠬᠡᠯᠪᠡᠷᠢ᠎ᠪᠠᠷ ᠤᠷᠤᠰ᠎ᠤᠨ ᠶᠡᠷᠦᠩᠬᠡᠢ᠍ᠢ᠍ᠯᠡᠭᠴᠢ ᠫᠦᠲ᠋ᠢᠨ᠎ᠲᠠᠢ ᠬᠠᠮᠳᠤ᠎ᠪᠠᠷ ᠬᠤᠶᠠᠷ ᠤᠯᠤᠰ᠎ᠤᠨ ᠴᠦᠮ᠎ᠠ ᠵᠢᠨ ᠡᠨ᠋ᠸᠷᠭᠢ ᠵᠢᠨ ᠬᠠᠮᠳᠤᠷᠠᠯᠴᠠᠭ᠋ᠠᠨ᠎ᠤ ᠲᠦᠷᠦᠯ ᠵᠦᠢ᠍ᠯ — ᠲᠢᠶᠠᠨ ᠸᠠᠨ ᠴᠦᠮ᠎ᠠ ᠵᠢᠨ ᠴᠠᠬᠢᠯᠭ᠋ᠠᠨ ᠦᠷᠳᠡᠭᠡ ᠪᠤᠯᠤᠨ ᠰᠢᠤᠢ ᠳ᠋ᠠ  ᠫᠦ᠋ ᠴᠦᠮ᠎ᠠ ᠵᠢᠨ ᠴᠠᠬᠢᠯᠭ᠋ᠠᠨ ᠦᠷᠳᠡᠭᠡ ᠵᠢᠨ ᠪᠠᠷᠢᠯᠭ᠎ᠠ ᠡᠬᠢᠯᠡᠬᠦ ᠶᠤᠰᠤᠯᠠᠯ᠎ᠢ ᠭᠡᠷᠡᠴᠢᠯᠡᠪᠡ᠃
      ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ


      ᠰᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ ᠵᠢᠨ 19᠎ᠤ ᠴᠠᠬᠢᠯᠭ᠋ᠠᠨ ᠮᠡᠳᠡᠬᠡ ᠤᠯᠤᠰ᠎ᠤᠨ ᠲᠡᠷᠢᠬᠦᠯᠡᠭᠴᠢ ᠰᠢ ᠵᠢᠨ ᠫᠢᠩ 19᠎ᠤ ᠦᠳᠡ ᠵᠢᠨ ᠬᠤᠢ᠍ᠢ᠍ᠨ᠎ᠠ ᠪᠡᠬᠡᠵᠢᠩ᠎ᠳᠤ ᠸᠢᠳᠢᠣ᠋ ᠬᠡᠯᠪᠡᠷᠢ᠎ᠪᠠᠷ ᠤᠷᠤᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ — ᠲᠢᠶᠠᠨ ᠸᠠᠨ ᠴᠦᠮ᠎ᠠ ᠵᠢᠨ ᠴᠠᠬᠢᠯᠭ᠋ᠠᠨ ᠦᠷᠳᠡᠬᠡ ᠪᠤᠯᠤᠨ ᠰᠢᠤᠢ ᠳ᠋ᠠ  ᠫᠦ᠋ ᠴᠦᠮ᠎ᠠ ᠵᠢᠨ ᠴᠠᠬᠢᠯᠭ᠋ᠠᠨ ᠦᠷᠳᠡᠬᠡ ᠵᠢᠨ ᠪᠠᠷᠢᠯᠭ᠎ᠠ ᠡᠬᠢᠯᠡᠬᠦ ᠶᠤᠰᠤᠯᠠᠯ᠎ᠢ ᠭᠡᠷᠡᠴᠢᠯᠠᠪᠠ᠃
      ᠪᠡᠭᠡᠵᠢᠩ᠎ᠤᠨ ᠴᠠᠭ ᠵᠶ᠋ᠠᠷ 17 ᠴᠠᠭ᠎ᠤᠨ ᠦᠶ᠎ᠡ᠎ᠪᠠᠷ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠭᠣᠣᠯ ᠬᠤᠷᠠᠯ᠎ᠤᠨ ᠲᠠᠯᠠᠪᠠᠢ᠎ᠳᠤ ᠬᠦᠷᠴᠦ᠂ ᠺᠷᠧᠮᠯᠢ ᠣᠷᠳᠣᠨ᠎ᠤ ᠭᠣᠣᠯ ᠬᠤᠷᠠᠯ᠎ᠤᠨ ᠲᠠᠯᠠᠪᠠᠢ᠎ᠳᠤ ᠪᠠᠶ᠋ᠢᠭᠰᠠᠨ ᠫᠦᠲ᠋ᠢᠨ᠎ᠲᠠᠢ ᠭᠠᠷ ᠳᠠᠯᠠᠯᠤᠨ ᠮᠡᠨᠳᠦᠴᠢᠯᠡᠪᠡ᠃
      ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠾᠧ ᠯᠢ ᠹᠸᠩ ᠪᠣᠯᠤᠨ ᠣᠷᠣᠰ᠎ᠤᠨ ᠳᠡᠳ᠋ ᠶᠡᠷᠦᠩᠬᠡᠶ ᠰᠠᠶ᠋ᠢᠳ ᠨᠦᠸᠠᠺ ᠬᠠᠮᠲᠤ᠎ᠪᠠᠷ ᠶᠣᠰᠣᠯᠠᠯ᠎ᠢ ᠡᠷᠭᠢᠯᠡᠪᠡ᠃
      ᠳᠤᠮᠳᠠᠳᠤ ᠤᠷᠤᠰ ᠬᠣᠶᠠᠷ ᠲᠠᠯ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠤᠨ ᠬᠠᠷᠢᠭᠤᠴᠠᠯᠭ᠋ᠠᠲᠠᠨ᠂ ᠪᠠᠷᠢᠯᠭ᠎ᠠ ᠵᠢᠨ ᠪᠦᠲᠦᠭᠡᠡ ᠪᠠᠶ᠋ᠢᠭᠤᠯᠤᠭᠴᠢ ᠵᠢᠨ ᠲᠥᠯᠥᠭᠡᠯᠡᠭᠴᠢ ᠸᠢᠳᠢᠣ᠋᠎ᠪᠠᠷ ᠳᠠᠮᠵᠢᠭᠤᠯᠤᠨ ᠲᠤᠰ ᠲᠤᠰ ᠵᠢᠶᠠᠩᠰᠦ ᠮᠤᠵᠢ ᠵᠢᠨ ᠯᠢᠶᠠᠨ ᠶᠦᠨ ᠭᠠᠩ ᠬᠤᠲᠠ ᠵᠢᠨ ᠲᠢᠶᠠᠨ ᠸᠠᠨ ᠴᠥᠮ᠎ᠡ ᠵᠢᠨ ᠴᠠᠬᠢᠯᠭ᠋ᠠᠨ ᠦᠷᠲᠡᠭᠡ ᠵᠢᠨ ᠬᠤᠪᠢᠶᠠᠷᠢ ᠬᠤᠷᠠᠯ᠎ᠤᠨ ᠲᠠᠯᠠᠪᠠᠢ᠂ ᠯᠢᠶᠣᠤᠨᠢᠩ ᠮᠤᠵᠢ ᠵᠢᠨ ᠬᠤ᠌ ᠯᠦ᠍ ᠳ᠋ᠤᠤ ᠬᠤᠲᠠ ᠵᠢᠨ ᠰᠢᠤᠢ ᠳ᠋ᠠ  ᠫᠦ᠋ ᠴᠥᠮ᠎ᠡ ᠵᠢᠨ ᠴᠠᠬᠢᠯᠭ᠋ᠠᠨ ᠦᠷᠲᠡᠭᠡ ᠵᠢᠨ ᠬᠤᠪᠢᠶᠠᠷᠢ ᠬᠤᠷᠠᠯ᠎ᠤᠨ ᠲᠠᠯᠠᠪᠠᠢ᠂ ᠮᠣᠰᠺᠸᠠ ᠵᠢᠨ ᠵᠠᠰᠠᠭ᠎ᠤᠨ ᠣᠷᠳᠣᠨ᠎ᠤ ᠲᠤᠮᠤ ᠠᠰᠠᠷ᠎ᠤᠨ ᠬᠤᠪᠢᠶᠠᠷᠢ ᠬᠤᠷᠠᠯ᠎ᠤᠨ ᠲᠠᠯᠠᠪᠠᠢ᠂ ᠷᠤᠰᠲ᠋ᠤᠹ ᠵᠧᠦ ᠵᠢᠨ ᠠᠲ᠋ᠣᠮ᠎ᠤᠨ ᠡᠨᠧᠷᠭᠢ ᠵᠢᠨ ᠮᠠᠰᠢᠨ ᠮᠧᠬᠠᠨᠢᠭ ᠦᠢ᠍ᠯᠡᠳᠬᠦ ᠦᠢ᠍ᠯᠡᠳᠪᠦᠷᠢ ᠵᠢᠨ ᠬᠤᠪᠢᠶᠠᠷᠢ ᠬᠤᠷᠠᠯ᠎ᠤᠨ ᠲᠠᠯᠠᠪᠠᠢ᠎ᠳᠤ ᠶᠣᠰᠣᠯᠠᠯ᠎ᠳᠤ ᠣᠷᠣᠯᠴᠠᠵᠠᠢ᠃ ᠬᠣᠶᠠᠷ ᠤᠯᠤᠰ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠲᠤᠰ ᠲᠤᠰ ᠬᠣᠶᠠᠷ ᠤᠯᠤᠰ᠎ᠤᠨ ᠲᠡᠷᠢᠭᠦᠨ᠎ᠳᠤ ᠲᠦᠷᠦᠯ ᠵᠦᠢ᠍ᠯ᠎ᠤᠨ ᠠᠬᠢᠴᠠ ᠵᠢᠨ ᠪᠠᠶ᠋ᠢᠳᠠᠯ᠎ᠢ ᠬᠠᠷᠢᠭᠤ ᠮᠡᠳᠡᠭᠦᠯᠪᠡ᠃
      ᠬᠣᠶᠠᠷ ᠤᠯᠤᠰ᠎ᠤᠨ ᠲᠡᠷᠢᠭᠦᠨ ᠲᠤᠰ ᠲᠤᠰ ᠪᠠᠶᠠᠷ᠎ᠤᠨ ᠦᠭᠡ ᠬᠡᠯᠡᠪᠡ᠃
      ᠰᠢ ᠵᠢᠨ ᠫᠢᠩ ᠳᠤᠮᠳᠠᠳᠤ ᠤᠷᠤᠰ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠡᠬᠢᠯᠡᠭᠰᠡᠨ᠎ᠳᠤ ᠬᠠᠯᠠᠭᠤᠨ ᠪᠠᠶᠠᠷ ᠬᠦᠷᠭᠡᠵᠦ᠂ ᠬᠣᠶᠠᠷ ᠤᠯᠤᠰ᠎ᠤᠨ ᠪᠦᠳᠦᠭᠡᠨ ᠪᠠᠶ᠋ᠢᠭᠤᠯᠤᠭᠴᠢᠳ᠎ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠰᠢ ᠵᠢᠨ ᠫᠢᠩ᠂ ᠡᠨᠡ ᠵᠢᠯ ᠪᠣᠯ 《ᠳᠤᠮᠳᠠᠳᠤ ᠤᠷᠤᠰ᠎ᠤᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠲᠤᠬᠢᠷᠠᠯᠴᠠᠬᠰᠠᠨ 20 ᠵᠢᠯ᠎ᠤᠨ ᠤᠢ ᠪᠣᠯᠤᠨ᠎ᠠ᠃ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠨᠡᠩ ᠥᠨᠳᠥᠷ ᠲᠦᠪᠰᠢᠨ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠠᠴᠠ ᠬᠣᠶᠠᠷ ᠲᠠᠯ᠎ᠠ ᠵᠢᠨ ᠬᠠᠷᠢᠯᠴᠠᠭ᠎ᠠ ᠵᠢᠨ ᠬᠥᠭᠵᠢᠯᠲᠡ ᠵᠢ ᠠᠬᠢᠭᠤᠯᠬᠤ᠎ᠪᠠᠷ ᠵᠥᠪᠳᠡᠯᠴᠡᠨ ᠲᠣᠭᠲᠠᠪᠠ᠃ ᠡᠷᠢᠨ ᠵᠠᠭᠤᠨ᠎ᠤ ᠬᠢᠵᠢᠭ᠎ᠤᠨ ᠪᠠᠶ᠋ᠢᠳᠠᠯ ᠳᠠᠪᠬᠤᠴᠠᠭᠰᠠᠨ ᠵᠠᠭᠤᠨ ᠵᠢᠯ᠎ᠤᠨ ᠬᠤᠪᠢᠷᠠᠯᠲᠠ ᠵᠢᠨ ᠡᠮᠦᠨ᠎ᠡ᠂ ᠳᠤᠮᠳᠠᠳᠤ ᠣᠷᠣᠰ ᠬᠠᠷᠢᠯᠴᠠᠨ ᠡᠷᠡᠰ ᠳᠡᠮᠵᠢᠵᠦ᠂ ᠨᠢᠭᠲᠠ ᠪᠦᠲᠦᠮᠵᠢᠲᠡᠶ ᠬᠠᠮᠵᠢᠯᠴᠠᠵᠤ᠂ ᠳᠤᠮᠳᠠᠳᠤ ᠣᠷᠣᠰ᠎ᠤᠨ ᠰᠢᠨ᠎ᠡ ᠴᠠᠭ ᠦᠶ᠎ᠡ ᠵᠢᠨ ᠪᠥᠬᠥ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠭᠦᠨᠵᠡᠭᠡᠶ ᠠᠭᠤᠯᠤᠭᠳᠠᠬᠤᠨ᠎ᠢ ᠠᠮᠢᠳᠤᠯᠢᠭ ᠵᠶ᠋ᠠᠷ ᠲᠠᠶ᠋ᠢᠯᠪᠤᠷᠢᠯᠠᠪᠠ ᠬᠡᠵᠤ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠡᠨᠧᠷᠭᠢ ᠵᠢᠨ ᠬᠠᠮᠲᠤᠷᠠᠯᠴᠠᠭ᠎ᠠ ᠪᠣᠯ ᠬᠣᠶᠠᠷ ᠤᠯᠤᠰ᠎ᠤᠨ ᠪᠣᠳᠠᠲᠠᠢ ᠵᠢ ᠡᠷᠬᠢᠮᠯᠡᠬᠦ ᠬᠠᠮᠲᠤᠷᠠᠯᠴᠠᠭ᠎ᠠ᠎ᠳᠠᠬᠢ ᠬᠠᠮᠤᠭ᠎ᠤᠨ ᠴᠢᠬᠤᠯᠠ᠂ ᠦᠷ᠎ᠡ ᠪᠦᠲᠦᠭᠡᠯ ᠬᠠᠮᠤᠭ᠎ᠤᠨ ᠤᠯᠠᠨ᠂ ᠬᠡᠪᠴᠢᠶ᠎ᠡ ᠬᠠᠮᠤᠭ᠎ᠤᠨ ᠥᠷᠭᠡᠨ ᠬᠦᠷᠢᠶ᠎ᠡ ᠴᠠᠷᠠᠭ᠎ᠠ ᠪᠣᠯᠤᠨ᠎ᠠ᠂ ᠴᠥᠮ᠎ᠡ ᠵᠢᠨ ᠡᠨᠧᠷᠭᠢ ᠪᠣᠯ ᠲᠡᠭᠦᠨ᠎ᠤ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠤᠷᠢᠳ ᠵᠶ᠋ᠠᠷ ᠬᠥᠭᠵᠢᠭᠦᠯᠬᠦ ᠬᠠᠮᠲᠤᠷᠠᠯᠴᠠᠭ᠋ᠠᠨ᠎ᠤ ᠴᠢᠭᠯᠡᠯ ᠪᠣᠯᠤᠨ᠎ᠠ᠂ ᠠᠯᠢ ᠤᠯᠠᠨ ᠴᠢᠬᠤᠯᠠ ᠶᠡᠬᠡ ᠲᠦᠷᠦᠯ ᠵᠦᠢ᠍ᠯ ᠬᠣᠶ᠋ᠢᠨ᠎ᠠ ᠬᠣᠶ᠋ᠢᠨ᠎ᠠ᠎ᠠᠴᠠ᠎ᠪᠠᠨ ᠪᠠᠶ᠋ᠢᠭᠤᠯᠤᠭᠳᠠᠵᠤ ᠠᠰᠢᠬᠯᠠᠯᠳᠠ᠎ᠳᠤ ᠣᠷᠣᠪᠠ᠃ ᠡᠨᠡ ᠡᠳᠤᠷ᠎ᠠᠴᠠ ᠡᠬᠢᠯᠡᠭᠰᠡᠨ 4 ᠴᠥᠮ᠎ᠡ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠪᠣᠯ ᠳᠤᠮᠳᠠᠳᠤ ᠣᠷᠣᠰ᠎ᠤᠨ ᠴᠥᠮ᠎ᠡ ᠵᠢᠨ ᠡᠨᠧᠷᠭᠢ ᠵᠢᠨ ᠬᠠᠮᠵᠢᠯᠴᠠᠭ᠋ᠠᠨ᠎ᠤ ᠪᠠᠰᠠ ᠨᠢᠭᠡᠨ ᠴᠢᠬᠤᠯᠠ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ ᠪᠣᠯᠤᠨ᠎ᠠ ᠬᠡᠵᠤ ᠴᠢᠬᠤᠯᠠᠴᠢᠯᠠᠪᠠ᠃ ᠰᠢ ᠵᠢᠨ ᠫᠢᠩ ᠭᠤᠷᠪᠠᠨ ᠳᠠᠯ᠎ᠠ ᠵᠢᠨ ᠬᠦᠰᠡᠯ ᠳᠤᠷᠠᠳᠴᠠᠢ᠃
      ᠨᠢᠭᠡᠳᠦᠭᠡᠷ᠎ᠲᠤ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠴᠥᠮ᠎ᠡ ᠵᠢᠨ ᠡᠨᠧᠷᠭᠢ ᠵᠢᠨ ᠬᠠᠮᠲᠤᠷᠠᠯᠴᠠᠭ᠋ᠠᠨ᠎ᠤ ᠬᠡᠪ ᠳᠠᠭᠤᠷᠢᠶᠠᠯ᠎ᠢ ᠪᠤᠢ ᠪᠣᠯᠭ᠋ᠠᠶ᠎ᠠ᠃ ᠴᠢᠨᠠᠷ ᠰᠠᠶ᠋ᠢᠲᠠᠶ᠂ ᠥᠨᠳᠥᠷ ᠪᠠᠷᠢᠮᠵᠢᠶ᠎ᠠ᠎ᠪᠠᠷ 4 ᠮᠠᠰᠢᠨ ᠴᠣᠭᠴᠠᠯᠠᠪᠤᠷᠢ ᠵᠢ ᠪᠥᠲᠥᠭᠡᠨ ᠪᠠᠶ᠋ᠢᠭᠤᠯᠬᠤ ᠪᠠ ᠰᠠᠶ᠋ᠢᠲᠤᠷ ᠠᠵᠢᠯᠯᠠᠭᠤᠯᠵᠤ᠂ ᠴᠥᠮ᠎ᠡ ᠵᠢᠨ ᠠᠮᠤᠷ ᠲᠦᠪᠰᠢᠨ᠎ᠤ ᠬᠦᠷᠢᠶᠡᠨ᠎ᠤ ᠪᠥᠬᠥ ᠪᠥᠮᠪᠥᠷᠴᠡᠭ᠎ᠤᠨ ᠬᠡᠪ ᠳᠠᠭᠤᠷᠢᠶᠠᠯ᠎ᠢ ᠪᠣᠶ ᠪᠣᠯᠭ᠋ᠠᠶ᠎ᠠ᠃ ᠬᠠᠷᠢᠯᠴᠠᠨ ᠨᠥᠬᠥᠪᠥᠷᠢᠯᠡᠬᠦ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠴᠥᠮ᠎ᠡ ᠵᠢᠨ ᠬᠦᠷᠢᠶᠡᠨ᠎ᠳᠠᠬᠢ ᠬᠣᠶᠠᠷ ᠲᠠᠯ᠎ᠠ ᠵᠢᠨ ᠪᠠ ᠤᠯᠠᠨ ᠲᠠᠯ᠎ᠠ ᠵᠢᠨ ᠬᠠᠮᠲᠤᠷᠠᠯᠴᠠᠭ᠋ᠠᠨ᠎ᠤ ᠥᠷᠭᠡᠴᠡ ᠪᠠ ᠭᠦᠨᠴᠡ ᠵᠢ ᠥᠷᠭᠡᠳᠬᠡᠵᠦ᠂ ᠳᠡᠯᠡᠬᠡᠢ ᠵᠢᠨ ᠴᠥᠮ᠎ᠡ ᠵᠢᠨ ᠡᠨᠧᠷᠭᠢ ᠵᠢᠨ ᠦᠢ᠍ᠯᠡᠰ᠎ᠤᠨ ᠬᠥᠭᠵᠢᠯᠲᠡ᠎ᠳᠤ ᠨᠡᠩ ᠤᠯᠠᠨ ᠬᠦᠴᠦᠨ ᠴᠢᠳᠠᠯ ᠵᠶ᠋ᠠᠨ ᠡᠷᠭᠦᠶ᠎ᠠ᠃
      ᠬᠣᠶᠠᠳᠤᠭ᠋ᠠᠷ᠎ᠲᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠴᠥᠮ᠎ᠡ ᠵᠢᠨ ᠡᠨᠧᠷᠭᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠠᠭᠤᠯᠤᠭᠳᠠᠬᠤᠨ᠎ᠢ ᠭᠦᠨᠵᠡᠭᠡᠶ᠋ᠢᠷᠡᠭᠦᠯᠦᠶ᠎ᠠ᠃ ᠴᠥᠮ᠎ᠡ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠴᠥᠮ᠎ᠡ ᠵᠢᠨ ᠡᠮᠴᠢᠯᠡᠭᠡ᠂ ᠴᠥᠮ᠎ᠡ ᠵᠢᠨ ᠰᠢᠲᠠᠭ᠋ᠠᠯᠭ᠎ᠠ ᠵᠢᠨ ᠮᠠᠲᠸᠷᠢᠶᠠᠯ᠂ ᠲᠡᠷᠢᠭᠦᠨ᠎ᠤ ᠴᠥᠮ᠎ᠡ ᠵᠢᠨ ᠴᠠᠬᠢᠯᠭ᠋ᠠᠨ᠎ᠤ ᠮᠡᠷᠭᠡᠵᠢᠯ ᠵᠶ᠋ᠠᠷ ᠴᠢᠬᠤᠯᠠ ᠭᠠᠷᠳᠠᠴᠠ ᠪᠣᠯᠭ᠋ᠠᠵᠤ᠂ ᠴᠥᠮ᠎ᠡ ᠵᠢᠨ ᠡᠨᠧᠷᠭᠢ ᠵᠢᠨ ᠬᠦᠷᠢᠶᠡᠨ᠎ᠤ ᠰᠠᠭᠤᠷᠢ ᠰᠤᠳᠤᠯᠭ᠋ᠠᠨ᠂ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ᠂ ᠰᠢᠨ᠎ᠡ ᠡᠭᠦᠳᠦᠯᠳᠡ ᠵᠢᠨ ᠦᠷ᠎ᠡ ᠪᠦᠲᠦᠭᠡᠯ᠎ᠢ ᠣᠨᠳᠣᠣᠰᠢᠭᠤᠯᠬᠤ ᠵᠡᠷᠭᠡ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠤᠨ᠂ ᠴᠥᠮ᠎ᠡ ᠵᠢᠨ ᠡᠨᠧᠷᠭᠢ ᠵᠢᠨ ᠠᠵᠤ ᠦᠢ᠍ᠯᠡᠰ ᠪᠣᠯᠤᠨ ᠰᠢᠨ᠎ᠡ ᠨᠢᠭᠡ ᠦᠶ᠎ᠡ ᠵᠢᠨ ᠲᠣᠭ᠋ᠠᠴᠢᠯᠠᠭᠰᠠᠨ ᠮᠡᠷᠭᠡᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠦᠬᠦ ᠪᠥᠮᠪᠥᠷᠴᠡᠭ᠎ᠤᠨ ᠴᠥᠮ᠎ᠡ ᠵᠢᠨ ᠡᠨᠧᠷᠭᠢ ᠵᠢᠨ ᠰᠢᠨ᠎ᠡ ᠵᠢ ᠡᠭᠦᠳᠬᠦ ᠬᠥᠭᠵᠢᠯᠲᠡ᠎ᠳᠤ ᠨᠡᠩ ᠤᠯᠠᠨ ᠤᠶᠤᠨ ᠤᠬᠠᠭ᠋ᠠᠨ ᠵᠶ᠋ᠠᠨ ᠡᠷᠭᠦᠶ᠎ᠠ᠃
      ᠭᠤᠷᠪᠠᠳᠤᠭ᠋ᠠᠷ᠎ᠲᠤ᠂ ᠪᠠᠶ᠋ᠢᠯᠳᠤᠬᠤ ᠪᠤᠳᠤᠯᠭ᠎ᠠ ᠵᠢᠨ ᠬᠠᠮᠵᠢᠯᠴᠠᠭ᠎ᠠ᠎ᠪᠠᠨ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠡᠨᠧᠷᠭᠢ ᠵᠢᠨ ᠵᠠᠰᠠᠯᠲᠠ ᠵᠢᠨ ᠰᠢᠰᠲ᠋ᠧᠮ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠤᠶ᠎ᠠ᠃ ᠨᠡᠩ ᠡᠷᠬᠡ ᠲᠡᠭᠰᠢ ᠲᠥᠪ ᠭᠣᠣᠯᠴᠢ᠂ ᠲᠡᠩᠴᠡᠭᠦᠷᠢᠲᠡᠢ ᠲᠦᠭᠡᠮᠡᠯ ᠠᠰᠢᠭ ᠬᠦᠷᠲᠡᠭᠡᠬᠦ᠂ ᠨᠡᠭᠡᠭᠡᠯᠲᠡᠲᠡᠢ ᠬᠠᠮᠲᠤ᠎ᠪᠠᠷ ᠡᠳ᠋ᠯᠡᠬᠦ ᠪᠦᠬᠦ ᠪᠥᠮᠪᠥᠷᠴᠡᠭ᠎ᠤᠨ ᠡᠨᠧᠷᠭᠢ ᠵᠢᠨ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠡᠨᠧᠷᠭᠢ ᠵᠢᠨ ᠵᠠᠰᠠᠯᠲᠠ᠎ᠳᠤ ᠨᠡᠩ ᠤᠯᠠᠨ ᠲᠥᠰᠦᠯ ᠨᠡᠮᠡᠷᠢᠯᠡᠶ᠎ᠡ᠃ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠣᠯ ᠡᠯ᠎ᠡ ᠤᠯᠤᠰ᠎ᠤᠨ ᠬᠠᠮᠲᠤ ᠵᠢᠨ ᠡᠭᠦᠷᠭᠡ ᠮᠥᠨ᠃ ᠳᠤᠮᠳᠠᠳᠤ ᠤᠷᠤᠰ ᠨᠡᠩ ᠤᠯᠠᠨ ᠪᠠᠭ᠎ᠠ ᠨᠡᠭᠦᠷᠡᠰᠦᠲᠥ᠋ᠷᠥᠭᠴᠢᠳᠤ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠢ ᠠᠬᠢᠭᠤᠯᠵᠤ᠂ ᠪᠦᠬᠦ ᠪᠥᠮᠪᠥᠷᠴᠡᠭ᠎ᠤᠨ ᠦᠷᠭᠦᠯᠵᠢᠯᠡᠬᠦ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠎ᠳᠤ ᠪᠦᠲᠦᠭᠡᠯᠴᠢ ᠴᠢᠨᠠᠷᠲᠠᠢ ᠦᠢ᠍ᠯᠡᠳᠦᠯ ᠦᠵᠡᠭᠦᠯᠦᠶ᠎ᠡ ᠭᠡᠵᠦ ᠴᠢᠬᠤᠯᠠᠴᠢᠯᠠᠪᠠ᠃
      ᠫᠦᠲ᠋ᠢᠨ᠂ ᠲᠢᠶᠠᠨ ᠸᠠᠨ ᠴᠥᠮ᠎ᠡ ᠵᠢᠨ ᠴᠠᠬᠢᠯᠭ᠋ᠠᠨ ᠦᠷᠳᠡᠭᠡ ᠪᠣᠯᠤᠨ ᠰᠢᠤᠢ ᠳ᠋ᠠ  ᠫᠦ᠋ ᠴᠥᠮ᠎ᠡ ᠵᠢᠨ ᠴᠠᠬᠢᠯᠭ᠋ᠠᠨ ᠦᠷᠳᠡᠭᠡ ᠵᠢᠨ ᠪᠠᠷᠢᠯᠭ᠎ᠠ ᠡᠬᠢᠯᠡᠭᠰᠡᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠨ᠎ᠠ᠂ ᠤᠷᠤᠰ᠎ᠤᠨ᠎ᠬᠢᠨ ᠳᠤᠮᠳᠠᠳᠤ ᠤᠯᠤᠰ᠎ᠯᠤᠭ᠎ᠠ ᠬᠠᠮᠲᠤ᠎ᠪᠠᠷ ᠴᠢᠷᠮᠠᠶ᠋ᠢᠵᠤ᠂ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠤᠷᠤᠭᠰᠢᠲᠠᠢ᠂ ᠠᠮᠤᠷ ᠲᠦᠪᠰᠢᠨ ᠵᠶ᠋ᠠᠷ ᠠᠬᠢᠭᠤᠯᠬᠤ ᠢᠲᠡᠭᠡᠯ᠎ᠲᠠᠢ ᠪᠠᠶ᠋ᠢᠨ᠎ᠠ᠃ ᠡᠨᠡ ᠵᠢᠯ ᠪᠣᠯ 《ᠤᠷᠤᠰ ᠳᠤᠮᠳᠠᠳᠤ ᠵᠢᠨ ᠡᠶᠡᠯᠳᠡᠭ ᠬᠥᠷᠰᠢ ᠵᠢᠨ ᠨᠥᠬᠥᠷᠰᠡᠭ ᠬᠠᠮᠲᠤᠷᠠᠯᠴᠠᠭ᠋ᠠᠨ᠎ᠤ ᠭᠡᠷ᠎ᠡ》 ᠲᠤᠬᠢᠷᠠᠯᠴᠠᠭᠰᠠᠨ 20 ᠵᠢᠯ᠎ᠤᠨ ᠤᠢ ᠪᠣᠯᠤᠨ᠎ᠠ᠂ ᠤᠷᠤᠰ ᠳᠤᠮᠳᠠᠳᠤ ᠵᠢᠨ ᠬᠠᠷᠢᠯᠴᠠᠭ᠎ᠠ ᠲᠡᠦᠬᠡ ᠵᠢᠨ ᠬᠠᠮᠤᠭ᠎ᠤᠨ ᠰᠠᠢ᠍ᠢ᠍ᠨ ᠴᠠᠭ ᠦᠶ᠎ᠡ ᠪᠠ ᠬᠠᠮᠤᠭ᠎ᠤᠨ ᠥᠨᠳᠥᠷ ᠲᠦᠪᠰᠢᠨ᠎ᠳᠤ ᠣᠷᠣᠰᠢᠵᠤ ᠪᠠᠶ᠋ᠢᠨ᠎ᠠ᠂ ᠮᠢᠨᠦ ᠲᠡᠷᠢᠭᠦᠯᠡᠭᠴᠢ ᠰᠢ ᠵᠢᠨ ᠫᠢᠩ᠎ᠯᠦᠭᠡ ᠲᠤᠬᠢᠷᠠᠯᠴᠠᠭᠰᠠᠠ ᠡᠯ᠎ᠡ ᠵᠦᠢ᠍ᠯ᠎ᠤᠨ ᠬᠠᠮᠲᠤ ᠵᠢᠨ ᠲᠠᠨᠢᠯᠲᠠ ᠴᠥᠮ ᠮᠠᠰᠢ ᠰᠠᠢ᠍ᠢ᠍ᠨ ᠨᠠᠶ᠋ᠢᠳᠠᠪᠤᠷᠢᠵᠢᠭᠳᠠᠵᠤ᠂ ᠬᠣᠶᠠᠷ ᠤᠯᠤᠰ᠎ᠤᠨ ᠬᠠᠮᠲᠤᠷᠠᠯᠴᠠᠭ᠋ᠠᠨ᠎ᠤ ᠬᠦᠷᠢᠶ᠎ᠡ ᠡᠳᠦᠷ ᠢᠷᠡᠬᠦᠶ᠎ᠡ ᠥᠷᠭᠡᠵᠢᠵᠦ ᠪᠠᠶ᠋ᠢᠨ᠎ᠠ᠃ ᠴᠥᠮ᠎ᠡ ᠵᠢᠨ ᠡᠨᠧᠷᠭᠢ ᠵᠢ ᠡᠩᠬᠡ ᠲᠠᠶ᠋ᠢᠪᠤᠩ ᠵᠶ᠋ᠠᠷ ᠠᠰᠢᠬᠯᠠᠬᠤ ᠬᠠᠮᠲᠤᠷᠠᠯᠴᠠᠭ᠎ᠠ ᠪᠣᠯ ᠤᠷᠤᠰ ᠳᠤᠮᠳᠠᠳᠤ ᠵᠢᠨ ᠰᠢᠨ᠎ᠡ ᠴᠠᠭ ᠦᠶ᠎ᠡ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠡᠨᠡ ᠡᠳᠦᠷ ᠡᠬᠢᠯᠡᠭᠦᠯᠦᠭᠰᠡᠨ 4 ᠴᠥᠮ᠎ᠡ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠲᠦᠷᠦᠯ ᠵᠦᠢ᠍ᠯ᠎ᠨᠢ ᠤᠷᠤᠰ ᠳᠤᠮᠳᠠᠳᠤ ᠵᠢᠨ ᠬᠠᠷᠢᠯᠴᠠᠭ᠎ᠠ ᠵᠢᠨ ᠴᠢᠨᠠᠭᠰᠢᠳᠠ ᠵᠢᠨ ᠬᠥᠭᠵᠢᠯᠳᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ᠎ᠪᠠᠷ ᠪᠠᠷᠠᠬᠤ ᠦᠭᠡᠢ ᠪᠠᠰᠠ ᠨᠡᠭᠦᠷᠡᠰᠦᠲᠥ᠋ᠷᠥᠭᠴᠢ ᠵᠢ ᠤᠷᠭᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠬᠥᠮᠦᠨ ᠲᠥᠷᠥᠯᠬᠢᠲᠡᠨ᠎ᠤ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ᠎ᠳᠤ ᠢᠳᠡᠪᠬᠢᠲᠡᠢ ᠴᠢᠷᠮᠠᠶ᠋ᠢᠯᠭ᠎ᠠ ᠪᠠ ᠬᠤᠪᠢ ᠨᠡᠮᠡᠷᠢ ᠦᠵᠡᠭᠦᠯᠬᠦ ᠪᠤᠯᠤᠨ᠎ᠠ ᠭᠡᠳᠡᠭ᠎ᠢ ᠢᠲᠡᠭᠡᠵᠦ ᠪᠠᠶ᠋ᠢᠨ᠎ᠠ ᠭᠡᠵᠦ

ᠢᠯᠡᠳᠬᠡᠪᠡ᠃
      ᠲᠢᠶᠠᠨ ᠸᠠᠨ ᠴᠥᠮ᠎ᠡ ᠵᠢᠨ ᠴᠠᠬᠢᠯᠭ᠋ᠠᠨ ᠥᠷᠲᠡᠭᠡᠨ᠎ᠤ ᠬᠤᠪᠢᠶᠠᠷᠢ ᠬᠤᠷᠠᠯ᠎ᠤᠨ ᠲᠠᠯᠠᠪᠠᠢ ᠪᠣᠯᠤᠨ ᠰᠢᠤᠢ ᠳ᠋ᠠ  ᠫᠦ᠋ ᠴᠥᠮ᠎ᠡ ᠵᠢᠨ ᠴᠠᠬᠢᠯᠭ᠋ᠠᠨ ᠥᠷᠲᠡᠭᠡᠨ᠎ᠤ ᠬᠤᠪᠢᠶᠠᠷᠢ ᠬᠤᠷᠠᠯ᠎ᠤᠨ ᠲᠠᠯᠠᠪᠠᠢ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠲᠥᠯᠥᠭᠡᠯᠡᠭᠴᠢ ᠬᠣᠶᠠᠷ ᠤᠯᠤᠰ᠎ᠤᠨ ᠲᠡᠷᠢᠭᠦᠨ᠎ᠳᠤ᠂ ᠪᠠᠷᠢᠯᠭ᠎ᠠ ᠵᠢ ᠡᠬᠢᠯᠡᠭᠦᠯᠬᠦ᠎ᠪᠠᠷ ᠪᠡᠯᠡᠬᠡᠨ ᠪᠤᠯᠤᠭᠰᠠᠨ ᠵᠶ᠋ᠠᠨ ᠮᠡᠳᠡᠭᠦᠯᠪᠡ᠃
      ᠰᠢ ᠵᠢᠨ ᠫᠢᠩ 《ᠠᠵᠢᠯ ᠵᠶ᠋ᠠᠨ ᠡᠬᠢᠯᠡᠭᠦᠯ!》 ᠭᠡᠵᠦ ᠵᠠᠷᠯᠢᠭ ᠪᠠᠭᠤᠯᠭ᠋ᠠᠪᠠ᠃
      ᠠᠲ᠋ᠣᠮ᠎ᠤᠨ ᠡᠨᠧᠷᠭᠢ ᠵᠢᠨ ᠮᠠᠰᠢᠨ ᠮᠧᠬᠠᠨᠢᠭ᠎ᠤᠨ ᠦᠢ᠍ᠯᠡᠳᠪᠦᠷᠢ ᠵᠢᠨ ᠬᠤᠪᠢᠶᠠᠷᠢ ᠬᠤᠷᠠᠯ᠎ᠤᠨ ᠲᠠᠯᠠᠪᠠᠢ᠎ᠳᠤ ᠪᠠᠢ᠍ᠢ᠍ᠭ᠎ᠠ ᠤᠷᠤᠰ᠎ᠤᠨ ᠲᠥᠯᠥᠭᠡᠯᠡᠭᠴᠢ ᠬᠣᠶᠠᠷ ᠤᠯᠤᠰ᠎ᠤᠨ ᠲᠡᠷᠢᠭᠦᠨ᠎ᠳᠤ᠂ ᠲᠤᠨᠤᠭ ᠲᠥᠬᠥᠭᠡᠷᠦᠮᠵᠢ ᠵᠢ ᠤᠭᠰᠠᠷᠠᠵᠤ ᠳᠠᠭᠤᠰᠤᠭᠰᠠᠨ ᠵᠶ᠋ᠠᠨ ᠮᠡᠳᠡᠭᠦᠯᠪᠡ᠃
      ᠫᠦᠲ᠋ᠢᠨ 《ᠡᠬᠢᠯᠡᠭᠦᠯ!》 ᠭᠡᠵᠤ ᠵᠠᠷᠯᠢᠭ ᠪᠠᠭᠤᠯᠭ᠋ᠠᠪᠠ᠃
      ᠲᠢᠶᠠᠨ ᠸᠠᠨ ᠴᠥᠮ᠎ᠡ ᠵᠢᠨ ᠴᠠᠬᠢᠯᠭ᠋ᠠᠨ ᠥᠷᠲᠡᠭᠡ ᠪᠣᠯᠤᠨ ᠰᠢᠤᠢ ᠳ᠋ᠠ  ᠫᠦ᠋ ᠴᠥᠮ᠎ᠡ ᠵᠢᠨ ᠴᠠᠬᠢᠯᠭ᠋ᠠᠨ ᠥᠷᠲᠡᠭᠡᠨ᠎ᠤ ᠪᠠᠷᠢᠯᠭ᠎ᠠ ᠵᠢᠨ ᠠᠬᠤᠢ ᠲᠠᠯᠠᠪᠠᠶ᠎ᠳᠤ ᠱᠦᠢ᠍ᠨᠢ ᠴᠢᠳᠬᠤᠬᠤ ᠵᠢᠨ ᠤᠯᠠᠮ ᠵᠶ᠋ᠠᠷ ᠪᠠᠷᠢᠯᠭ᠎ᠠ ᠵᠢᠩᠬᠢᠨᠢ᠎ᠪᠠᠷ ᠡᠬᠢᠯᠡᠪᠡ᠃ ᠶᠠᠩ ᠵᠢᠶᠸ ᠊ᠤᠤᠢ᠂ ᠸᠠᠩ ᠢ ᠨᠡᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃
      ᠲᠢᠶᠠᠨ ᠸᠠᠨ ᠴᠥᠮ᠎ᠡ ᠵᠢᠨ ᠴᠠᠬᠢᠯᠭ᠋ᠠᠨ ᠥᠷᠲᠡᠭᠡᠨ᠎ᠤ 7 ᠳ᠋ᠤᠭ᠋ᠠᠷ᠂ 8 ᠳ᠋ᠤᠭ᠋ᠠᠷ ᠮᠠᠰᠢᠨ ᠴᠣᠭᠴᠠᠯᠠᠪᠤᠷᠢ ᠪᠣᠯᠤᠨ ᠰᠢᠤᠢ ᠳ᠋ᠠ  ᠫᠦ᠋ ᠴᠥᠮ᠎ᠡ ᠵᠢᠨ ᠴᠠᠬᠢᠯᠭ᠋ᠠᠨ ᠥᠷᠲᠡᠭᠡᠨ᠎ᠤ 3 ᠳ᠋ᠤᠭ᠋ᠠᠷ᠂ 4 ᠳ᠋ᠦ᠍ᠭᠡᠷ ᠮᠠᠰᠢᠨ ᠴᠣᠭᠴᠠᠯᠠᠪᠤᠷᠢ ᠪᠣᠯ 2018 ᠣᠨ᠎ᠤ 6 ᠰᠠᠷ᠎ᠠ᠎ᠳᠤ ᠬᠣᠶᠠᠷ ᠤᠯᠤᠰ᠎ᠤᠨ ᠲᠡᠷᠢᠭᠦᠨ᠎ᠤ ᠭᠠᠷ᠎ᠤᠨ ᠥᠰᠥᠭ ᠵᠢᠷᠤᠬᠤ ᠵᠢ ᠭᠡᠷᠡᠴᠢᠯᠡᠭᠰᠡᠨ ᠬᠣᠶᠠᠷ ᠲᠠᠯ᠎ᠠ ᠵᠢᠨ ᠴᠥᠮ᠎ᠡ ᠵᠢᠨ ᠡᠨᠧᠷᠭᠢ ᠵᠢᠨ ᠬᠦᠷᠢᠶᠡᠨ᠎ᠤ ᠬᠠᠮᠲᠤᠷᠠᠯᠴᠠᠭ᠎ᠠ᠎ᠨᠤᠭᠤᠳ᠎ᠤᠨ ᠵᠥᠪᠯᠡᠯᠴᠡᠭᠡᠷ᠎ᠲᠠᠬᠢ ᠴᠢᠬᠤᠯᠠ ᠲᠥᠷᠥᠯ ᠵᠦᠢ᠍ᠯ ᠪᠣᠯᠤᠨ᠎ᠠ᠂ ᠪᠠᠶ᠋ᠢᠭᠤᠯᠵᠤ ᠳᠠᠭᠤᠰᠤᠭ᠋ᠠᠳ ᠠᠰᠢᠬᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ᠎ᠨᠢ 376 ᠳ᠋ᠦᠩᠰᠢᠭᠤᠷ  ᠺᠢᠯᠤᠸᠠᠲ ᠴᠠᠭ᠎ᠲᠤ ᠬᠦᠷᠴᠦ᠂ ᠵᠢᠯ ᠪᠦᠷᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 3068 ᠲᠦᠮᠡᠨ ᠲᠣᠨ ᠪᠠᠭ᠋ᠠᠰᠬᠠᠭᠰᠠᠨ᠎ᠲᠠᠢ ᠲᠡᠩᠴᠡᠨ᠎ᠡ᠃

 

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠥᠷᠭᠡᠨ ᠬᠡᠷᠡᠭᠴᠡᠭᠡᠨ᠎ᠤ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠵᠡᠷᠭᠡ ᠠᠵᠢᠯ᠎ᠢ ᠪᠠᠢ᠌ᠷᠢᠯᠠᠭᠤᠯᠪᠠ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠨ᠎ᠠ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠸ ᠴᠢᠶᠠᠩ ᠮᠠᠯᠠᠢ᠍ᠢ᠍ᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
 
            