ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠫᠠᠺᠢᠰᠲ᠋ᠠᠨ᠎ᠤ ᠶᠡᠷᠦᠩᠬᠡᠢ ᠰᠠᠶ᠋ᠢᠳ ᠢᠮᠦᠯᠠᠨ · ᠬᠠᠨ᠎ᠲᠠᠢ ᠤᠲᠠᠰᠤ᠎ᠪᠠᠷ ᠶᠠᠷᠢᠯᠴᠠᠪᠠ
ᠨᠡᠶ᠋ᠢᠲᠡᠯᠡᠭᠰᠡᠨ ᠴᠠᠭ᠄ 2021-05-21

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ ᠵᠥᠩ ᠨᠠᠨ ᠬᠠᠶ ᠵᠢᠨ ᠽᠢ ᠭᠤᠸᠠᠩ ᠭ᠋ᠸ᠎ᠳᠤ ᠫᠠᠺᠢᠰᠲ᠋ᠠᠨ᠎ᠤ ᠶᠡᠷᠦᠩᠬᠡᠶ ᠰᠠᠶ᠋ᠢᠳ ᠢᠮᠦᠯᠠᠨ · ᠬᠠᠨ᠎ᠲᠠᠢ ᠪᠣᠯᠵᠣᠭ᠎ᠠ ᠶᠣᠰᠣᠭ᠋ᠠᠷ ᠤᠲᠠᠰᠤ᠎ᠪᠠᠷ ᠶᠠᠷᠢᠯᠴᠠᠪᠠ᠃


1.jpg


      ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠫᠠᠺᠢᠰᠲ᠋ᠠᠨ᠎ᠤ ᠨᠥᠬᠥᠷᠯᠡᠯ ᠥᠨᠢ ᠤᠳᠠᠭ᠋ᠠᠨ ᠲᠡᠦᠬᠡ᠎ᠲᠠᠢ ᠶᠤᠮ᠃ ᠮᠠᠷᠭ᠋ᠠᠰᠢ ᠪᠣᠯ ᠬᠣᠶᠠᠷ ᠤᠯᠤᠰ᠎ᠤᠨ ᠭᠠᠳᠠᠭ᠋ᠠᠳᠤ ᠬᠠᠷᠢᠴᠠᠭ᠎ᠠ ᠪᠠᠶ᠋ᠢᠭᠤᠯᠤᠭᠰᠠᠨ 70 ᠵᠢᠯ᠎ᠤᠨ ᠤᠢ ᠵᠢᠨ ᠳᠤᠷᠠᠰᠬᠠᠯ᠎ᠤᠨ ᠡᠳᠦᠷ ᠪᠠᠢ᠌ᠵᠤ᠂ ᠰᠢ ᠵᠢᠨ ᠫᠢᠩ  ᠲᠡᠷᠢᠭᠦᠯᠡᠭᠴᠢ ᠪᠣᠯᠤᠨ ᠠᠷᠸᠢ ᠶᠡᠷᠦᠩᠬᠡᠶ᠋ᠢᠯᠡᠭᠴᠢ ᠬᠠᠷᠢᠯᠴᠠᠨ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠬᠤ ᠪᠣᠯᠣᠨ᠎ᠠ᠃ ᠬᠣᠶᠠᠷ ᠲᠠᠯ᠎ᠠ᠎ᠪᠠᠷ ᠵᠶ᠋ᠠᠨ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠪᠠᠲᠤᠯᠠᠵᠤ᠂ ᠪᠠᠶ᠋ᠢᠯᠳᠤᠬᠤ ᠪᠤᠳᠤᠯᠭ᠎ᠠ ᠵᠢᠨ ᠤᠯᠤᠯᠴᠠᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠳᠡᠬᠦ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠤᠮᠳᠠᠳᠤ ᠫᠠᠺᠢᠰᠲ᠋ᠠᠨ᠎ᠤ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠴᠠᠭ᠎ᠠ ᠪᠣᠯᠬᠤ ᠡᠨᠡ ᠬᠦ᠌ ᠡᠷᠬᠢᠮ ᠨᠠᠨᠳᠢᠨ ᠡᠳ᠋ ᠬᠦᠷᠦᠩᠭᠡ ᠵᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠬᠦ ᠵᠢ ᠬᠦᠰᠡᠵᠦ ᠪᠠᠶ᠋ᠢᠨ᠎ᠠ ᠭᠡᠵᠡᠢ᠃
      ᠬᠣᠶᠠᠷ ᠤᠯᠤᠰ᠎ᠤᠨ ᠶᠡᠷᠦᠩᠬᠡᠶ ᠰᠠᠶ᠋ᠢᠳ ᠭᠣᠣᠯᠳᠠᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠤᠬᠠᠶ ᠰᠠᠨᠠᠯ ᠰᠣᠯᠢᠯᠴᠠᠪᠠ᠃ ᠯᠢ ᠺᠸ ᠴᠢᠶᠠᠩ ᠵᠢᠭ᠋ᠠᠬᠤ᠎ᠳᠤ᠎ᠪᠠᠨ᠂ ᠣᠳᠣᠬᠠᠨ᠎ᠳᠤ ᠬᠢᠵᠢᠭ᠎ᠤᠨ ᠪᠠᠶ᠋ᠢᠳᠠᠯ ᠮᠥᠨ ᠬᠦ᠌ ᠪᠦᠬᠦ ᠳᠡᠯᠡᠬᠡᠶ ᠵᠢᠨ ᠬᠡᠪᠴᠢᠶᠡᠨ᠎ᠳᠤ ᠥᠷᠪᠢᠰᠴᠦ ᠪᠠᠶ᠋ᠢᠨ᠎ᠠ᠂ ᠬᠥᠮᠦᠨ ᠲᠥᠷᠥᠯᠬᠢᠲᠡᠨ᠎ᠤ ᠬᠠᠮᠲᠤ ᠵᠢᠨ ᠳᠠᠶ᠋ᠢᠰᠤᠨ ᠪᠣᠯᠬᠤ ᠸᠢᠷᠦ᠋ᠰ᠎ᠤᠨ ᠡᠮᠦᠨ᠎ᠡ᠂ ᠳᠡᠯᠡᠬᠡᠶ ᠨᠡᠶ᠋ᠢᠲᠡ᠎ᠪᠠᠷ ᠵᠶ᠋ᠠᠨ ᠬᠠᠮᠲᠤᠷᠠᠯᠴᠠᠨ ᠪᠦᠯᠬᠦᠮᠳᠡᠬᠦ᠎ᠪᠠᠷ ᠳᠠᠮᠵᠢᠭᠤᠯᠤᠨ ᠥᠷᠢᠰᠥᠯᠳᠦᠭᠡᠨ᠎ᠢ ᠠᠷᠭ᠋ᠠᠴᠠᠭ᠋ᠠᠬᠤ ᠬᠡᠷᠡᠭᠲᠡᠶ᠃ ᠫᠠᠺᠢᠰᠲ᠋ᠠᠨ᠎ᠤ ᠲᠠᠯ᠎ᠠ ᠵᠢᠨ᠎ᠬᠢᠨ᠎ᠤ ᠬᠢᠵᠢᠭ᠎ᠢ ᠡᠰᠡᠷᠭᠦᠴᠡᠬᠦ ᠠᠵᠢᠯᠯᠠᠭ᠎ᠠ᠎ᠳᠤ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠴᠢᠳᠠᠯ᠎ᠤᠨ ᠬᠢᠷᠢ᠎ᠪᠠᠷ ᠵᠶ᠋ᠠᠨ ᠳᠡᠮᠵᠢᠯᠭᠡ ᠦᠵᠡᠭᠦᠯᠦᠨ᠎ᠡ ᠭᠡᠵᠡᠢ᠃


2.jpg


      ᠢᠮᠦᠯᠠᠨ · ᠬᠠᠨ ᠢᠯᠡᠷᠬᠡᠢ᠌ᠯᠡᠬᠦ᠎ᠳᠤ᠎ᠪᠠᠨ᠂ ᠫᠠᠺᠢᠰᠲ᠋ᠠᠨ᠎ᠤ ᠲᠠᠯ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠵᠢᠨ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠎ᠪᠠᠨ ᠴᠢᠩᠭ᠋ᠠᠳᠬᠠᠵᠤ᠂ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ᠎ᠪᠠᠨ ᠠᠬᠢᠭᠤᠯᠬᠤ ᠵᠢ ᠬᠦᠰᠡᠵᠦ ᠪᠠᠶ᠋ᠢᠨ᠎ᠠ᠃ ᠣᠳᠣᠬᠠᠨ᠎ᠤ ᠪᠠᠶ᠋ᠢᠳᠠᠯ ᠳᠣᠣᠷ᠎ᠠ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ ᠣᠨᠴᠠᠭ᠋ᠠᠶ᠋ᠢᠯᠠᠨ ᠬᠦᠰᠡᠵᠦ ᠪᠠᠶ᠋ᠢᠨ᠎ᠠ᠃ ᠫᠠᠺᠢᠰᠲ᠋ᠠᠨ᠎ᠤ ᠲᠠᠯ᠎ᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠬᠣᠶᠠᠷ ᠤᠯᠤᠰ᠎ᠤᠨ ᠬᠠᠷᠢᠴᠠᠭ᠎ᠠ ᠵᠢ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠭᠡᠯ ᠭᠠᠷᠭ᠋ᠠᠨ᠎ᠠ ᠭᠡᠵᠡᠢ᠃
      ᠸᠠᠩ ᠢ᠂ ᠡᡁᠸ ᠯᠢ ᠹᠸᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠨ᠎ᠠ
ᠰᠢ ᠵᠢᠨ ᠫᠢᠩ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
ᠯᠢ ᠺᠸ ᠴᠢᠶᠠᠩ ᠮᠠᠯᠠᠢ᠍ᠢ᠍ᠰᠢᠶ᠎ᠠ ᠵᠢᠨ ᠶᠡᠷᠦᠩᠬᠡᠢ ᠰᠠᠶ᠋ᠢᠳ ᠮᠦᠰᠢᠳᠢᠨ᠎ᠲᠠᠢ ᠸᠢᠳᠢᠣ᠋ ᠠᠭᠤᠯᠵᠠᠯᠲᠠ ᠬᠢᠪᠡ
ᠰᠢ ᠵᠢᠨ ᠫᠢᠩ᠄ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ
ᠯᠢ ᠺᠸ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠢ᠌ᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ
 
            