5 ᠰᠠᠷ᠎ᠠ ᠵᠢᠨ 21᠎ᠤ ᠤᠷᠤᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠢᠯᠭ᠎ᠠ᠎ᠪᠠᠷ ᠪᠡᠭᠡᠵᠢᠩ᠎ᠳᠤ ᠸᠢᠳᠢᠣ᠋ ᠬᠡᠯᠪᠡᠷᠢ᠎ᠪᠠᠷ ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠪᠥᠭᠡᠳ 《ᠭᠠᠷ ᠬᠣᠯᠪᠣᠨ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠴᠣᠭᠴᠠ ᠵᠢ ᠬᠠᠮᠲᠤ᠎ᠪᠠᠷ ᠪᠦᠳᠦᠬᠡᠨ ᠪᠠᠶ᠋ᠢᠭᠤᠯᠤᠶ᠎ᠠ》 ᠭᠡᠬᠦ ᠰᠡᠳᠦᠪ᠎ᠲᠠᠢ ᠴᠢᠬᠤᠯᠠ ᠶᠠᠷᠢᠶ᠎ᠠ ᠲᠠᠯᠪᠢᠪᠠ᠃
ᠰᠢ ᠵᠢᠨ ᠫᠢᠩ᠂ ᠵᠢᠯ ᠭᠠᠷᠤᠢ ᠵᠢᠨ ᠲᠤᠷᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠳᠠᠬᠢᠨ ᠳᠡᠪᠳᠠᠨ ᠡᠬᠦᠰᠴᠤ᠂ ᠵᠠᠭᠤᠨ ᠵᠢᠯ᠎ᠤᠨ ᠲᠤᠷᠰᠢᠬᠢ ᠡᠨᠡ ᠬᠦ᠌ ᠬᠠᠮᠤᠭ᠎ᠤᠨ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ ᠦᠷᠪᠢᠰᠦᠨ ᠳᠡᠯᠭᠡᠷᠡᠭᠰᠡᠭᠡᠷ ᠪᠠᠶ᠋ᠢᠨ᠎ᠠ᠃ ᠬᠢᠵᠢᠭ᠎ᠤᠨ ᠪᠠᠶ᠋ᠢᠳᠠᠯ᠎ᠢ ᠡᠷᠲᠡᠬᠡᠨ ᠢᠯᠠᠨ ᠳᠠᠪᠠᠵᠤ᠂ ᠠᠵᠤ ᠠᠬᠤᠢ ᠵᠢᠨ ᠨᠡᠮᠡᠭᠳᠡᠯ᠎ᠢ ᠰᠡᠷᠭᠦᠭᠡᠬᠦ ᠪᠣᠯ ᠳᠡᠯᠡᠬᠡᠢ ᠨᠡᠶ᠋ᠢᠭᠡᠮ᠎ᠤᠨ ᠲᠡᠷᠢᠭᠦᠨ ᠴᠢᠬᠤᠯᠠ ᠡᠭᠦᠷᠭᠡ ᠮᠥᠨ᠃ ᠬᠣᠷᠢᠨ ᠤᠯᠤᠰ᠎ᠤᠨ ᠪᠦᠯᠦᠭᠯᠡᠯ᠎ᠤᠨ ᠪᠦᠷᠢᠯᠳᠦᠬᠦᠨ ᠪᠦᠬᠦ ᠪᠥᠮᠪᠥᠷᠴᠡᠭ᠎ᠤᠨ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠶᠡᠬᠡ ᠭᠡᠨᠡᠳᠲᠡ ᠵᠢᠨ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠪᠣᠯᠤᠨ ᠲᠦᠪᠰᠢᠨ᠎ᠢ ᠬᠦᠴᠦᠯᠡᠨ ᠳᠡᠭᠡᠭᠰᠢᠯᠡᠭᠦᠯᠪᠡᠯ ᠵᠣᠬᠢᠨ᠎ᠠ ᠬᠡᠵᠥ ᠵᠢᠭ᠋ᠠᠵᠥ ᠭᠠᠷᠭ᠋ᠠᠪᠠ᠃

ᠰᠢ ᠵᠢᠨ ᠫᠢᠩ 5 ᠳᠠᠯ᠎ᠠ ᠵᠢᠨ ᠰᠠᠨᠠᠯ ᠳᠤᠷᠠᠳᠴᠠᠢ᠄
ᠨᠢᠭᠡᠳᠦᠭᠡᠷ᠎ᠲᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠨ᠎ᠠ᠃ ᠬᠢᠵᠢᠭ᠎ᠲᠠᠢ ᠲᠡᠮᠡᠴᠡᠬᠦ᠎ᠨᠢ ᠠᠷᠠᠳ ᠲᠦᠮᠡᠨ᠎ᠤ ᠲᠥᠯᠥᠭᠡ ᠶᠤᠮ᠂ ᠪᠠᠰᠠ ᠡᠷᠬᠡᠪᠰᠢ ᠠᠷᠠᠳ ᠲᠦᠮᠡᠨ᠎ᠳᠤ ᠲᠦᠰᠢᠭᠯᠡᠬᠦ ᠬᠡᠷᠡᠭᠲᠡᠢ᠂ ᠡᠷᠬᠡᠪᠰᠢ ᠲᠤᠶ᠋ᠢᠯ᠎ᠤᠨ ᠶᠡᠬᠡ ᠤᠯᠤᠰ ᠲᠦᠷᠦ ᠵᠢᠨ ᠡᠭᠦᠷᠭᠡᠯᠡᠯ ᠪᠠ ᠰᠥᠰᠥ ᠵᠣᠷᠢᠭ ᠵᠶ᠋ᠠᠷ᠂ ᠶᠡᠷᠦ ᠪᠤᠰᠤ ᠵᠢᠨ ᠠᠵᠢᠯᠯᠠᠭ᠎ᠠ᠎ᠪᠠᠷ ᠶᠡᠷᠦ ᠪᠤᠰᠤ ᠵᠢᠨ ᠶᠠᠪᠤᠳᠠᠯ᠎ᠢ ᠠᠷᠭ᠋ᠠᠴᠠᠭ᠋ᠠᠵᠤ᠂ ᠬᠥᠮᠦᠨ ᠨᠢᠭᠡᠪᠦᠷᠢ ᠵᠢᠨ ᠠᠮᠢ ᠨᠠᠰᠤᠨ᠎ᠤ ᠦᠨ᠎ᠡ ᠦᠷᠳᠡᠭ ᠪᠠ ᠨᠡᠷ᠎ᠡ ᠬᠦᠨᠳᠦ ᠵᠢ ᠦᠨᠡᠨ ᠬᠦ᠌ ᠬᠦᠨᠳᠦᠳᠬᠡᠵᠦ᠂ ᠠᠷᠠᠳ ᠤᠯᠠᠨ᠎ᠤ ᠠᠮᠢᠳᠤᠷᠠᠯ ᠪᠠᠭ᠎ᠠ ᠨᠥᠯᠥᠭᠡᠯᠡᠭᠳᠡᠬᠦ᠂ ᠨᠡᠶ᠋ᠢᠭᠡᠮ᠎ᠤᠨ ᠡᠮᠬᠢ ᠳᠢᠭᠯᠢᠮ ᠶᠡᠷᠦᠩᠬᠡᠢ᠎ᠳᠡᠭᠡᠨ ᠬᠡᠪ᠎ᠤᠨ ᠪᠠᠶ᠋ᠢᠬᠤ ᠵᠢ ᠪᠠᠲᠤᠯᠠᠪᠠᠯ
ᠵᠤᠬᠢᠨ᠎ᠠ᠃
ᠬᠣᠶᠠᠳᠤᠭ᠋ᠠᠷ᠎ᠲᠤ᠂ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠰᠢᠰᠲ᠋ᠧᠮ᠎ᠲᠠᠢ ᠠᠷᠭ᠋ᠠᠴᠠᠭ᠋ᠠᠬᠤ ᠵᠢ ᠪᠠᠷᠢᠮᠲᠠᠯᠠᠨ᠎ᠠ᠃ ᠡᠮ᠎ᠤᠨ ᠵᠦᠢ᠍ᠯ ᠪᠠ ᠡᠮ᠎ᠤᠨ ᠪᠤᠰᠤ ᠵᠦᠢ᠍ᠯ᠎ᠢ ᠬᠠᠮᠢᠶᠠᠷᠬᠤ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠵᠢᠭᠦᠯᠵᠦ᠂ ᠪᠠᠢ᠍ᠢ᠍ᠩᠭᠤᠵᠢᠭᠤᠯᠤᠨ ᠣᠨᠣᠴᠠᠲᠠᠢ᠎ᠪᠠᠷ ᠰᠡᠷᠭᠡᠶ᠋ᠢᠯᠡᠨ ᠡᠵᠡᠮᠳᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠢ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠪᠡᠯ ᠵᠤᠬᠢᠨ᠎ᠠ᠃ ᠬᠣᠷᠢᠨ ᠤᠯᠤᠰ᠎ᠤᠨ ᠪᠦᠯᠦᠭᠯᠡᠯ᠎ᠤᠨ ᠪᠦᠷᠢᠯᠳᠦᠬᠦᠨ ᠬᠠᠷᠢᠭᠤᠴᠠᠯᠭ᠎ᠠ᠎ᠲᠠᠢ ᠪᠦᠬᠦᠢ ᠬᠣᠷᠸ᠎ᠠ ᠠᠵᠤ ᠠᠬᠤᠢ ᠵᠢᠨ ᠲᠦᠷᠦ ᠵᠢᠨ ᠪᠤᠳᠤᠯᠭ᠎ᠠ ᠠᠪᠴᠤ᠂ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠰᠢᠭᠤᠳ ᠰᠢᠯᠤᠭᠤᠨ ᠡᠷᠭᠢᠯᠲᠡ ᠵᠢ ᠬᠠᠮᠠᠭ᠋ᠠᠯᠠᠵᠤ᠂ ᠬᠥᠭᠵᠢᠵᠦ ᠪᠠᠶ᠋ᠢᠭ᠎ᠠ ᠤᠯᠤᠰ ᠢᠯᠠᠩᠭᠤᠶ᠎ᠠ ᠬᠦᠴᠢᠷᠳᠡᠯ ᠣᠨᠴᠠ ᠶᠡᠬᠡ ᠪᠠᠭᠤᠷᠠᠢ ᠤᠯᠤᠰ᠎ᠢ ᠦᠷᠭᠦᠯᠵᠢᠯᠡᠨ ᠳᠡᠮᠵᠢᠪᠡᠯ ᠵᠤᠬᠢᠨ᠎ᠠ᠃
ᠭᠤᠷᠪᠠᠳᠤᠭ᠋ᠠᠷ᠎ᠲᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠵᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠵᠢ ᠰᠠᠨᠠᠭ᠋ᠠᠴᠢᠯᠠᠨ᠎ᠠ᠃ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠤᠯᠤᠰ ᠲᠥᠷᠥᠴᠢᠯᠡᠬᠦ᠂ ᠲᠡᠮᠳᠡᠭ ᠬᠠᠳᠠᠬᠤ᠂ ᠮᠠᠭᠤ ᠨᠡᠷ᠎ᠡ ᠵᠡᠭᠦᠯᠭᠡᠬᠦ ᠡᠯ᠎ᠡ ᠵᠦᠢ᠍ᠯ᠎ᠤᠨ ᠭᠣᠷᠢᠳᠠᠯᠭ᠎ᠠ ᠵᠢ ᠡᠷᠡᠰ ᠡᠰᠡᠷᠭᠦᠴᠡᠨ᠎ᠠ᠃ ᠤᠯᠤᠰ ᠲᠥᠷᠥ ᠵᠢᠨ ᠠᠵᠢᠯᠯᠠᠭ᠎ᠠ ᠠᠪᠬᠤ᠎ᠨᠢ ᠲᠣᠰ ᠤᠯᠤᠰ᠎ᠤᠨ᠎ᠬᠢᠨ᠎ᠤ ᠬᠢᠵᠢᠭ᠎ᠲᠠᠢ ᠲᠡᠮᠡᠴᠡᠬᠦ᠎ᠳᠤ ᠥᠴᠦᠬᠡᠨ ᠴᠦ᠍ ᠲᠤᠰᠠ ᠪᠣᠯᠬᠤ ᠥᠬᠡᠶ᠂ ᠵᠥᠪᠬᠡᠨ ᠣᠯᠠᠨ ᠤᠯᠤᠰ᠎ᠤᠨ ᠬᠢᠵᠢᠭ᠎ᠲᠠᠢ ᠲᠡᠮᠡᠴᠡᠬᠦ ᠬᠠᠮᠲᠤᠷᠠᠯᠴᠠᠭ᠎ᠠ ᠵᠢ ᠰᠠᠮᠠᠭᠤᠷᠠᠭᠤᠯᠵᠤ᠂ ᠳᠡᠯᠡᠬᠡᠶ ᠵᠢᠨ ᠡᠯ᠎ᠡ ᠤᠯᠤᠰ᠎ᠤᠨ ᠠᠷᠠᠳ ᠲᠦᠮᠡᠨ᠎ᠳᠤ ᠨᠠᠩ ᠶᠡᠬᠡ ᠬᠣᠬᠢᠷᠠᠯ ᠤᠴᠠᠷᠠᠭᠤᠯᠬᠤ ᠪᠣᠯᠤᠨ᠎ᠠ᠃
ᠳᠥᠷᠪᠡᠳᠦᠭᠡᠷ᠎ᠲᠤ᠂ ᠲᠥᠪ ᠭᠣᠣᠯᠴᠢ ᠵᠦᠢ ᠵᠣᠬᠢᠰᠲᠠᠢ ᠪᠠᠶ᠋ᠢᠬᠤ ᠵᠢ ᠪᠠᠷᠢᠮᠲᠠᠯᠠᠵᠤ᠂ 《ᠡᠭᠡᠯᠢᠯᠡᠭᠡ ᠵᠢᠨ ᠵᠠᠭ᠋ᠠᠭ》᠎ᠢ ᠠᠨᠠᠭ᠋ᠠᠨᠠ᠃ 《ᠸᠠᠺᠼᠢᠨ᠎ᠤ ᠦᠨᠳᠦᠰᠦᠲᠡᠨ᠎ᠤ ᠦᠵᠡᠯ》᠎ᠢ ᠲᠠᠶᠠᠭᠳᠠᠵᠤ᠂ ᠸᠠᠺᠼᠢᠨ᠎ᠤ ᠦᠢ᠍ᠯᠡᠳᠪᠦᠷᠢᠯᠡᠯ᠎ᠤᠨ ᠴᠢᠳᠠᠪᠤᠷᠢ ᠪᠣᠯᠤᠨ ᠬᠤᠪᠢᠶᠠᠷᠢᠯᠠᠯᠲᠠ ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠦᠷᠦᠯᠴᠠᠬᠦᠢ᠍ᠢ᠍ᠴᠡ ᠴᠢᠨᠠᠷ ᠪᠣᠯᠤᠨ ᠡᠭᠦᠷᠭᠡᠯᠡᠵᠦ ᠪᠣᠯᠬᠤ ᠴᠢᠨᠠᠷ᠎ᠢ ᠴᠢᠩᠭ᠋ᠠᠳᠬᠠᠨ᠎ᠠ᠃ ᠸᠠᠺᠼᠢᠨ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠬᠦ ᠲᠣᠮᠣ ᠤᠯᠤᠰ ᠬᠠᠷᠢᠭᠤᠴᠠᠯᠭ᠎ᠠ᠎ᠪᠠᠨ ᠡᠭᠦᠷᠭᠡᠯᠡᠵᠦ᠂ ᠪᠠᠴᠢᠮ ᠬᠡᠷᠡᠭᠴᠡᠭᠡ᠎ᠲᠠᠢ ᠪᠦᠬᠦᠢ ᠬᠥᠭᠵᠢᠵᠦ ᠪᠠᠶ᠋ᠢᠭ᠎ᠠ ᠤᠯᠤᠰ᠎ᠲᠤ ᠸᠠᠺᠼᠢᠨ᠎ᠢ ᠢᠯᠡᠭᠦᠬᠡᠨ ᠬᠠᠩᠭ᠋ᠠᠨ᠎ᠠ᠃ ᠤᠯᠠᠨ ᠲᠠᠯᠠᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠬᠥᠭᠵᠢᠵᠦ ᠪᠠᠶ᠋ᠢᠭ᠎ᠠ ᠤᠯᠤᠰ᠎ᠤᠳ᠎ᠤᠨ ᠸᠠᠺᠼᠢᠨ ᠬᠤᠳᠠᠯᠳᠤᠨ ᠠᠪᠬᠤ᠎ᠳᠤ ᠪᠡᠯᠡ ᠬᠤᠷᠠᠮᠳᠤᠭᠤᠯᠬᠤ ᠳᠡᠮᠵᠢᠯᠭᠡ ᠦᠵᠡᠭᠦᠯᠪᠡᠯ ᠵᠣᠬᠢᠨ᠎ᠠ᠃ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠬᠡᠷᠡᠭᠵᠢᠭᠦᠯᠬᠦ ᠲᠥᠯᠥᠪᠯᠡᠭᠡ》 ᠵᠢ ᠲᠦᠷᠭᠡᠳᠬᠡᠨ ᠠᠬᠢᠭᠤᠯᠪᠠᠯ ᠵᠤᠬᠢᠨ᠎ᠠ᠃
ᠲᠠᠪᠤᠳᠤᠭ᠋ᠠᠷ᠎ᠲᠤ᠂ ᠦᠨᠭᠭᠡᠨ ᠲᠠᠯ᠎ᠠ ᠪᠠ ᠦᠨᠳᠦᠰᠦ᠎ᠠᠴᠠ᠎ᠨᠢ ᠵᠡᠷᠭᠡ᠎ᠪᠠᠷ ᠵᠠᠰᠠᠬᠤ ᠵᠢ ᠪᠠᠷᠢᠮᠲᠠᠯᠠᠵᠤ᠂ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠪᠠ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠴᠢᠩᠭ᠋ᠠᠳᠬᠠᠨ ᠪᠠᠳᠠᠷᠠᠭᠤᠯᠵᠤ᠂ ᠬᠠᠮᠲᠤ᠎ᠪᠠᠷ ᠵᠥᠪᠳᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠨ᠂ ᠬᠥᠭᠵᠢᠵᠦ ᠪᠠᠶ᠋ᠢᠭ᠎ᠠ ᠤᠯᠤᠰ᠎ᠤᠨ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠨᠡᠩ ᠰᠠᠢ᠍ᠢ᠍ᠨ ᠲᠤᠰᠬᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ᠂ ᠬᠦᠨᠳᠦ ᠶᠡᠬᠡ ᠬᠢᠵᠢᠭ᠎ᠤᠨ ᠪᠠᠶ᠋ᠢᠳᠠᠯ᠎ᠢ ᠠᠪᠤᠷᠠᠨ ᠵᠠᠰᠠᠬᠤ ᠴᠢᠳᠠᠪᠤᠷᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠢ ᠨᠥᠭᠡᠴᠡᠯᠡᠬᠦ ᠪᠠ ᠪᠠᠲᠤᠯᠠᠬᠤ ᠴᠢᠳᠠᠪᠤᠷᠢ᠂ ᠬᠤᠳᠠᠯ ᠬᠠᠭᠤᠷᠮᠠᠭ ᠮᠡᠳᠡᠭᠡ ᠵᠠᠩᠭᠢ᠎ᠳᠤ ᠴᠣᠬᠢᠯᠲᠠ ᠥᠭᠬᠦ ᠴᠢᠳᠠᠪᠤᠷᠢ᠂ ᠬᠥᠭᠵᠢᠵᠦ ᠪᠠᠶ᠋ᠢᠭ᠎ᠠ ᠤᠯᠤᠰ᠎ᠲᠤ ᠳᠡᠮᠵᠢᠯᠭᠡ ᠬᠠᠩᠭ᠋ᠠᠬᠤ ᠴᠢᠳᠠᠪᠤᠷᠢ ᠵᠢ ᠳᠡᠬᠡᠭᠰᠢᠯᠡᠬᠦᠯᠤᠨᠡ᠃
ᠪᠦᠬᠦ ᠪᠥᠮᠪᠥᠷᠴᠡᠭ᠎ᠤᠨ ᠪᠦᠯᠬᠦᠮᠳᠡᠨ ᠬᠢᠵᠢᠭ᠎ᠲᠠᠢ ᠲᠡᠮᠡᠴᠡᠬᠦ ᠵᠢ ᠦᠷᠭᠦᠯᠵᠢᠯᠡᠨ ᠳᠡᠮᠵᠢᠬᠦ ᠵᠢᠨ ᠲᠥᠯᠥᠭᠡ᠂ ᠰᠢ ᠵᠢᠨ ᠫᠢᠩ᠄
— ᠳᠤᠮᠳᠠᠳᠤ ᠤᠯᠤᠰ ᠢᠷᠡᠬᠦ 3 ᠵᠢᠯ᠎ᠤᠨ ᠳᠣᠲᠣᠷ᠎ᠠ ᠲᠠᠬᠢᠨ 30 ᠳ᠋ᠦᠩᠰᠢᠭᠤᠷ ᠳ᠋ᠣᠯᠯᠠᠷ᠎ᠤᠨ ᠤᠯᠠᠨ ᠤᠯᠤᠰ᠎ᠤᠨ ᠲᠤᠰᠠᠯᠠᠮᠵᠢ ᠬᠠᠩᠭ᠋ᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠢᠵᠢᠭ᠎ᠲᠠᠢ ᠲᠡᠮᠡᠴᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠪᠠᠨ ᠰᠡᠷᠭᠦᠭᠡᠬᠦ ᠵᠢ ᠳᠡᠮᠵᠢᠬᠦ᠎ᠳᠤ ᠬᠡᠷᠡᠭᠯᠡᠨ᠎ᠡ᠃
— ᠳᠤᠮᠳᠠᠳᠤ ᠤᠯᠤᠰ ᠨᠢᠭᠡᠨᠲᠡ ᠪᠥᠬᠥ ᠳᠡᠯᠡᠬᠡᠶ᠎ᠳᠤ 3 ᠳ᠋ᠦᠩᠰᠢᠭᠤᠷ ᠸᠠᠺᠼᠢᠨ ᠬᠠᠩᠭ᠋ᠠᠪᠠ᠂ ᠴᠢᠳᠠᠯ᠎ᠤᠨ ᠬᠢᠷᠢ᠎ᠪᠠᠷ ᠵᠶ᠋ᠠᠨ ᠭᠠᠳᠠᠭ᠋ᠠᠳᠤ᠎ᠳᠤ ᠨᠠᠩ ᠣᠯᠠᠨ ᠸᠠᠺᠼᠢᠨ ᠬᠠᠩᠭ᠋ᠠᠨ᠎ᠠ᠃
— ᠳᠤᠮᠳᠠᠳᠤ ᠤᠯᠤᠰ ᠲᠣᠰ ᠤᠯᠤᠰ᠎ᠤᠨ ᠵᠶ᠋ᠠᠨ ᠸᠠᠺᠼᠢᠨ᠎ᠤ ᠠᠵᠤ ᠠᠬᠤᠶ᠋ᠢᠯᠠᠯ᠎ᠤᠨ ᠬᠥᠭᠵᠢᠵᠦ ᠪᠠᠶ᠋ᠢᠭ᠎ᠠ ᠤᠯᠤᠰ᠎ᠲᠤ ᠮᠡᠷᠭᠡᠵᠢᠯ ᠵᠶ᠋ᠠᠨ ᠰᠢᠯᠵᠢᠭᠦᠯᠦᠨ ᠥᠭᠴᠦ᠂ ᠬᠠᠮᠲᠤᠷᠠᠨ ᠦᠢ᠍ᠯᠡᠳᠪᠦᠷᠢᠯᠡᠬᠦ ᠵᠢ ᠳᠡᠮᠵᠢᠨ᠎ᠡ᠃
— ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠠᠺᠼᠢᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠯᠲᠦᠷᠢᠭᠦᠯᠦᠯᠢ ᠳᠡᠮᠵᠢᠨ᠎ᠡ ᠭᠡᠵᠦ ᠨᠡᠶ᠋ᠢᠲᠡᠯᠡᠭᠰᠡᠨ ᠪᠥᠭᠡᠳ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠣᠯᠠᠨ ᠤᠯᠤᠰ᠎ᠤᠨ ᠪᠠᠶ᠋ᠢᠭᠤᠯᠤᠮᠵᠢ ᠵᠢᠨ ᠡᠷᠲᠡᠬᠡᠨ ᠡᠭᠦᠨ᠎ᠤ ᠲᠤᠬᠠᠶ ᠲᠣᠭᠲᠠᠭ᠋ᠠᠯ ᠭᠠᠷᠭ᠋ᠠᠬᠤ ᠵᠢ ᠳᠡᠮᠵᠢᠨ᠎ᠡ᠃
— ᠳᠤᠮᠳᠠᠳᠤ ᠤᠯᠤᠰ ᠸᠠᠺᠼᠢᠨ᠎ᠤ ᠬᠠᠮᠲᠤᠷᠠᠯᠴᠠᠭ᠋ᠠᠨ᠎ᠤ ᠣᠯᠠᠨ ᠤᠯᠤᠰ᠎ᠤᠨ ᠶᠠᠷᠢᠶᠠᠨ᠎ᠤ ᠲᠠᠪᠴᠠᠩ ᠪᠠᠶ᠋ᠢᠭᠤᠯᠵᠥ᠂ ᠸᠠᠺᠼᠢᠨ ᠦᠢ᠍ᠯᠡᠳᠪᠦᠷᠢᠯᠡᠵᠦ ᠰᠤᠳᠤᠯᠤᠨ ᠨᠡᠭᠡᠭᠡᠬᠦ ᠤᠯᠤᠰ᠂ ᠠᠵᠤ ᠠᠬᠤᠶ᠋ᠢᠯᠠᠯ᠂ ᠠᠰᠢᠭ ᠲᠤᠰᠠ ᠵᠢᠨ ᠬᠣᠯᠪᠣᠭᠳᠠᠯ ᠪᠥᠬᠥᠶ ᠲᠠᠯ᠎ᠠ ᠵᠢᠨ᠎ᠬᠢᠨ ᠪᠥᠬᠥ ᠪᠥᠮᠪᠥᠷᠴᠡᠭ᠎ᠤᠨ ᠸᠠᠺᠼᠢᠨ᠎ᠤ ᠡᠷᠬᠡ ᠲᠡᠭᠰᠢ ᠵᠦᠶ ᠵᠣᠬᠢᠰᠲᠠᠶ ᠬᠤᠪᠢᠶᠠᠷᠢᠯᠠᠯᠲᠠ ᠵᠢ ᠬᠡᠷᠬᠢᠨ ᠠᠬᠢᠭᠤᠯᠬᠤ ᠲᠤᠬᠠᠶ ᠬᠠᠮᠲᠤ᠎ᠪᠠᠷ ᠰᠤᠳᠤᠯᠤᠨ ᠶᠠᠷᠢᠯᠴᠠᠬᠤ ᠵᠢ ᠰᠠᠨᠠᠭ᠋ᠠᠴᠢᠯᠠᠨ᠎ᠠ ᠬᠡᠵᠥ ᠨᠡᠢ᠍ᠢ᠍ᠳᠡᠯᠡᠪᠡ᠃
ᠰᠢ ᠵᠢᠨ ᠫᠢᠩ ᠬᠠᠮᠤᠭ᠎ᠤᠨ ᠰᠡᠭᠦᠯ᠎ᠳᠤ᠂ ᠪᠢᠳᠡ ᠭᠠᠷ ᠬᠣᠯᠪᠣᠨ ᠮᠥᠷᠥ ᠵᠡᠷᠭᠡᠴᠡᠨ ᠤᠷᠤᠭᠰᠢᠯᠠᠵᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠲᠤ ᠴᠣᠭᠴᠠ ᠵᠢ ᠪᠠᠶ᠋ᠢᠭᠤᠯᠬᠤ ᠵᠢ ᠬᠠᠮᠲᠤ᠎ᠪᠠᠷ ᠠᠬᠢᠭᠤᠯᠵᠤ᠂ ᠬᠥᠮᠦᠨ ᠲᠥᠷᠥᠯᠬᠢᠲᠡᠨ᠎ᠤ ᠡᠷᠡᠭᠦᠯ ᠮᠡᠨᠳᠦ ᠵᠢᠨ ᠰᠠᠶ᠋ᠢᠨ ᠰᠠᠶ᠋ᠢᠬᠠᠨ ᠢᠷᠡᠭᠡᠳᠦᠶ ᠵᠢ ᠬᠠᠮᠲᠤ᠎ᠪᠠᠷ ᠰᠠᠬᠢᠨ ᠬᠠᠮᠠᠭ᠋ᠠᠯᠠᠶ᠎ᠠ! ᠬᠡᠵᠥ ᠴᠢᠬᠤᠯᠠᠴᠢᠯᠠᠪᠠ᠃
ᠪᠦᠬᠦ ᠪᠥᠮᠪᠥᠷᠴᠡᠭ᠎ᠤᠨ ᠡᠷᠡᠭᠦᠯ ᠮᠡᠨᠳᠦ ᠵᠢᠨ ᠲᠦᠷᠦᠭᠦᠴᠦᠳ᠎ᠤᠨ ᠬᠤᠷᠠᠯ᠎ᠢ ᠬᠣᠷᠢᠨ ᠤᠯᠤᠰ᠎ᠤᠨ ᠪᠦᠯᠦᠭᠯᠡᠯ᠎ᠤᠨ ᠲᠡᠷᠢᠭᠦᠯᠡᠭᠴᠢ ᠤᠯᠤᠰ ᠪᠤᠯᠬᠤ ᠢᠲ᠋ᠠᠯᠢ ᠪᠣᠯᠤᠨ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠋ᠠᠨ᠎ᠤ ᠵᠥᠪᠯᠡᠯ᠎ᠠᠴᠠ ᠬᠠᠮᠲᠤᠷᠠᠨ ᠰᠠᠨᠠᠭ᠋ᠠᠴᠢᠯᠠᠵᠥ ᠡᠷᠬᠢᠯᠡᠪᠡ᠃ ᠬᠤᠷᠠᠯ᠎ᠨᠢ ᠸᠢᠳᠢᠣ᠋ ᠬᠡᠯᠪᠡᠷᠢ᠎ᠪᠠᠷ ᠶᠠᠪᠤᠭᠳᠠᠵᠤ᠂ ᠭᠤᠤᠯᠳᠠᠭᠤ ᠬᠠᠮᠲᠤᠷᠠᠯᠴᠠᠵᠤ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ᠂ ᠬᠣᠶ᠋ᠢᠰᠢᠳᠠ ᠵᠢᠨ ᠶᠡᠬᠡ᠎ᠪᠠᠷ ᠳᠡᠯᠭᠡᠷᠡᠬᠦ ᠵᠢ ᠰᠡᠷᠭᠡᠶ᠋ᠢᠯᠡᠬᠦ ᠵᠢ ᠴᠢᠩᠭ᠋ᠠᠳᠬᠠᠬᠤ ᠵᠡᠷᠭᠡ ᠠᠰᠠᠭᠤᠳᠠᠯ᠎ᠢ ᠶᠠᠷᠢᠯᠴᠠᠪᠠ᠃ ᠲᠦᠷᠦᠭᠦᠴᠤᠳ᠎ᠤᠨ ᠬᠤᠷᠠᠯ᠎ᠠᠴᠠ 《ᠷᠤᠮᠠ ᠵᠢᠨ ᠲᠤᠩᠬᠠᠭ》 ᠢ ᠨᠡᠢ᠍ᠢ᠍ᠳᠡᠯᠡᠵᠦ᠂ ᠬᠤᠷᠢᠨ ᠤᠯᠤᠰ᠎ᠤᠨ ᠪᠦᠯᠦᠭᠯᠡᠯ᠎ᠤᠨ᠎ᠬᠢᠨ ᠪᠦᠯᠬᠦᠮᠳᠡᠯ ᠵᠶ᠋ᠠᠨ ᠴᠢᠩᠭ᠋ᠠᠳᠬᠠᠵᠤ᠂ ᠬᠠᠮᠳᠤᠷᠠᠯᠴᠠᠭ᠎ᠠ᠎ᠪᠠᠨ ᠭᠦᠨᠵᠡᠭᠡᠢ᠍ᠢ᠍ᠷᠡᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠲᠦᠷᠦ ᠵᠢᠨ ᠪᠤᠳᠤᠯᠭ᠎ᠠ ᠬᠡᠷᠡᠭᠵᠢᠭᠦᠯᠵᠦ᠂ ᠠᠷᠠᠳ ᠲᠦᠮᠡᠨ᠎ᠢ ᠬᠢᠵᠢᠭ᠎ᠢ ᠰᠡᠷᠭᠡᠢ᠍ᠢ᠍ᠯᠡᠨ ᠡᠵᠡᠮᠳᠡᠬᠦ ᠠᠵᠢᠯ᠎ᠤᠨ ᠭᠤᠤᠯᠯᠠᠬᠤ ᠪᠠᠢ᠍ᠢ᠍ᠷᠢᠨ᠎ᠳᠤ ᠲᠠᠯᠪᠢᠵᠤ᠂ ᠮᠦᠩᠭᠦᠨ ᠭᠦᠢ᠍ᠯᠭᠡᠭᠡ᠂ ᠸᠠᠺᠼᠢᠨ ᠵᠡᠷᠭᠡ ᠲᠠᠯ᠎ᠠ᠎ᠪᠠᠷ ᠬᠦᠭᠵᠢᠭᠡᠳᠦᠢ ᠤᠯᠤᠰ᠎ᠲᠤ ᠦᠵᠡᠭᠦᠯᠬᠦ ᠳᠡᠮᠵᠢᠯᠭᠡ᠎ᠪᠠᠨ ᠨᠡᠮᠡᠭᠳᠡᠭᠦᠯᠦᠨ᠎ᠠ ᠭᠡᠵᠦ ᠳᠠᠬᠢᠨᠳᠠ ᠢᠯᠡᠷᠬᠡᠢ᠍ᠢ᠍ᠯᠡᠪᠡ᠃