ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠡᠷᠬᠢᠯᠡᠭᠴᠢ ᠰᠢ ᠵᠢᠨ ᠫᠢᠩ 5 ᠰᠠᠷ᠎ᠠ ᠵᠢᠨ 21᠎ᠤ ᠦᠳᠡ ᠵᠢᠨ ᠬᠣᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠠᠷᠪᠠ ᠶᠢᠰᠦᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠵᠢᠯᠣᠭᠣᠳᠬᠤ ᠰᠠᠨᠠᠯ》᠂ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ ᠪᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ ᠰᠠᠨᠠᠯ》᠂ 《ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠳᠠ ᠵᠢᠨ ᠴᠡᠭ᠎ᠤᠨ ᠠᠵᠢᠯ᠎ᠤᠨ ᠲᠥᠰᠦᠯ》᠂ 《ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠂ 《ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠬᠤ ᠲᠤᠬᠠᠶ ᠰᠠᠨᠠᠯ᠎ᠤᠳ》᠎ᠢ ᠬᠢᠨᠠᠨ ᠵᠦᠪᠯᠡᠵᠦ ᠪᠠᠳᠤᠯᠠᠪᠠ᠃
ᠰᠢ ᠵᠢᠨ ᠫᠢᠩ ᠬᠤᠷᠠᠯ᠎ᠢ ᠡᠷᠬᠢᠯᠡᠬᠦ᠎ᠳᠡᠭᠡᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠭᠦ ᠵᠢ ᠱᠠᠯᠠᠪᠳᠠᠨ ᠪᠡᠶᠡᠯᠡᠭᠦᠯᠬᠦ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠡᠨᠡ ᠬᠦ᠌ ᠳᠣᠬᠢᠭᠤᠷᠢ ᠰᠠᠶ᠋ᠢᠲᠤᠷ ᠬᠡᠷᠡᠭᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠮ᠎ᠡ ᠶᠣᠰᠣ ᠵᠢ ᠵᠢᠷᠤᠮᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠵᠥᠪ ᠤᠳᠤᠷᠢᠳᠤᠮᠵᠢ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠤᠨ ᠢᠳᠡᠪᠬᠢᠵᠢᠯ᠎ᠢ ᠪᠠᠳᠠᠷᠠᠭᠤᠯᠬᠤ ᠬᠡᠷᠡᠭᠲᠡᠢ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠪᠣᠯ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠤᠨ᠎ᠠ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠤᠰᠤ ᠰᠤᠷᠳᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠤᠨ᠂ ᠰᠤᠷᠭ᠋ᠠᠭᠤᠯᠢ ᠵᠢᠨ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ ᠭᠣᠣᠯ ᠴᠣᠭᠴᠠ ᠵᠢᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠰᠦᠯᠵᠢᠶ᠎ᠠ ᠪᠠ ᠪᠤᠳᠠᠳᠤ ᠴᠤᠭᠴᠠ ᠵᠢᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠦᠨᠳᠦᠰᠦᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠢ ᠴᠢᠩᠭ᠋ᠠᠳᠬᠠᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠤᠨ᠂ ᠵᠣᠬᠢᠰᠲᠠᠢ ᠨᠥᠬᠥᠪᠥᠷᠢ ᠥᠭᠬᠦ ᠲᠣᠭᠲᠠᠴᠠ ᠵᠢ ᠪᠠᠶ᠋ᠢᠭᠤᠯᠵᠤ᠂ ᠦᠨ᠎ᠡ ᠬᠠᠩᠰᠢ ᠵᠢ ᠲᠤᠬᠢᠷᠠᠭᠤᠯᠬᠤ ᠵᠢᠱ᠌ᠢᠯᠲᠡ ᠵᠢ ᠲᠣᠭᠲᠠᠪᠤᠷᠢᠵᠢᠭᠤᠯᠤᠨ᠂ ᠤᠯᠠᠨ ᠲᠦᠮᠡᠨ᠎ᠤ ᠳᠠᠷᠤᠭ᠋ᠠᠰᠤ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠳᠠᠭ᠋ᠠᠭ᠋ᠠᠵᠤ ᠳᠡᠶ᠋ᠢᠯᠬᠦ᠂ ᠠᠯᠪᠠᠨ᠎ᠠᠴᠠ ᠪᠠᠶ᠋ᠢᠭᠤᠯᠤᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠡᠷᠡᠭᠦᠯ ᠵᠶ᠋ᠠᠷ ᠦᠷᠭᠦᠯᠵᠢᠯᠡᠨ ᠬᠥᠭᠵᠢᠬᠦ ᠵᠢ ᠪᠠᠲᠤᠯᠠᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠷᠠᠳ ᠲᠦᠮᠡᠨ᠎ᠳᠤ ᠦᠢ᠍ᠯᠡᠴᠢᠯᠡᠬᠦ ᠶᠠᠰᠤ ᠴᠢᠨᠠᠷ ᠪᠣᠯᠤᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠶᠡᠷᠦᠩᠬᠡᠢ ᠬᠠᠷᠠᠯᠲᠠ ᠵᠢᠨ ᠲᠣᠭᠣᠷᠢᠨ᠎ᠳᠤ ᠨᠡᠭᠦᠷᠡᠰᠦᠲᠥ᠋ᠷᠥᠭᠴᠢ ᠵᠢ ᠤᠷᠬᠢᠯ ᠬᠡᠮᠵᠢᠭᠳᠡᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠡᠭᠦᠷᠭᠡ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠲᠦᠷᠢᠮ᠎ᠤᠨ ᠪᠠᠶ᠋ᠢᠭᠤᠯᠤᠯᠲᠠ ᠵᠢ ᠤᠯᠠᠮ ᠴᠢᠨᠠᠭᠰᠢᠳᠠ ᠠᠬᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ ᠵᠢᠨ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠲᠡᠦᠬᠡ᠎ᠳᠤ ᠬᠠᠷᠢᠭᠤᠴᠠᠬᠤ᠂ ᠠᠷᠠᠳ ᠲᠦᠮᠡᠨ᠎ᠳᠤ ᠬᠠᠷᠢᠭᠤᠴᠠᠬᠤ ᠣᠪᠣᠷ ᠵᠶ᠋ᠠᠷ ᠲᠦᠷᠦᠯ ᠠᠩᠭᠢᠯᠠᠯ᠎ᠨᠢ ᠰᠢᠨᠵᠢᠯᠡᠬᠦ ᠤᠬᠠᠭ᠋ᠠᠨᠴᠢ᠂ ᠬᠠᠮᠠᠭ᠋ᠠᠯᠠᠯᠲᠠ᠎ᠨᠢ ᠡᠷᠴᠢᠮᠳᠠᠢ᠂ ᠬᠠᠮᠢᠶᠠᠷᠤᠯᠲᠠ᠎ᠨᠢ ᠪᠦᠲᠦᠮᠵᠢᠲᠡᠢ ᠬᠤᠳᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠢ ᠪᠠᠶ᠋ᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠳᠡᠳ᠋ ᠡᠷᠬᠢᠯᠡᠭᠴᠢ ᠯᠢ ᠺᠸ ᠴᠢᠶᠠᠩ᠂ ᠸᠠᠩ ᠬᠤ᠌ ᠨᠢᠩ᠂ ᠬᠠᠨ ᠵᠧᠩ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠣᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠨᠡᠯᠡᠯᠲᠡ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠪᠠᠶ᠋ᠢᠷᠢᠯᠠᠭᠤᠯᠤᠨ ᠠᠬᠢᠭᠤᠯᠵᠤ᠂ 《ᠲᠦᠷᠪᠡᠨ ᠬᠠᠨᠳᠤᠭᠤᠯᠬᠤ》᠎ᠳᠤ ᠠᠩᠬᠠᠷᠤᠯ ᠵᠶ᠋ᠠᠨ ᠲᠥᠪᠯᠡᠷᠡᠭᠦᠯᠦᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠤᠳᠤᠷᠢᠳᠤᠮᠵᠢ ᠵᠢ ᠠᠯᠬᠤᠮ ᠠᠯᠬᠤᠮ ᠵᠶ᠋ᠠᠷ ᠪᠠᠢ᠍ᠢ᠍ᠭᠤᠯᠤᠨ ᠲᠣᠭᠲᠠᠭ᠋ᠠᠵᠤ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ ᠣᠷᠴᠢᠨ ᠨᠥᠬᠥᠴᠡᠯ ᠠᠭ᠋ᠠᠵᠢᠮ ᠵᠶ᠋ᠠᠷ ᠪᠦᠷᠢᠯᠳᠦᠨ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠭᠦ ᠵᠢ ᠳᠠᠶ᠋ᠢᠴᠢᠯᠠᠪᠠ᠃ ᠡᠭᠦᠨ᠎ᠤ ᠵᠡᠷᠭᠡ᠎ᠪᠠᠷ᠂ ᠲᠥᠷᠥᠯ ᠬᠤᠪᠢᠶᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠰᠢᠰᠲ᠋ᠧᠮ᠎ᠢ ᠬᠠᠷᠠᠬᠠᠨ ᠪᠠᠶ᠋ᠢᠭᠤᠯᠤᠭ᠋ᠠᠳᠤᠶ ᠪᠠᠶ᠋ᠢᠵᠤ᠂ ᠭᠦᠢ᠍ᠴᠡᠳᠬᠡᠯ ᠲᠣᠭ᠎ᠠ ᠲᠠᠩ ᠴᠤᠯᠭᠤᠶ ᠪᠠᠢ᠍ᠢ᠍ᠬᠤ᠂ ᠪᠠᠷᠢᠮᠵᠢᠶ᠎ᠠ ᠳᠤᠭᠳᠠᠮᠠᠯ ᠪᠠᠢ᠍ᠢ᠍ᠬᠤ᠂ ᠦᠷ᠎ᠡ ᠳ᠋ᠦᠩ᠎ᠳᠤ ᠠᠰᠢᠭ ᠬᠠᠷᠠᠬᠤ ᠠᠰᠠᠭᠤᠳᠠᠯ ᠪᠠᠰᠠ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ ᠪᠠᠶ᠋ᠢᠨ᠎ᠠ ᠬᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠬᠦ᠎ᠳᠤ ᠵᠠᠩᠭᠢᠯᠠᠭ᠎ᠠ᠎ᠨᠢ 《ᠶᠠᠭᠤ ᠵᠢ ᠦᠨᠡᠯᠡᠬᠦ》᠂ 《ᠬᠡᠨ ᠦᠨᠡᠯᠡᠬᠦ》᠂ 《ᠶᠠᠭ᠋ᠠᠬᠢᠵᠤ ᠦᠨᠡᠯᠡᠬᠦ》᠂ 《ᠶᠠᠭ᠋ᠠᠬᠢᠵᠤ ᠬᠡᠷᠡᠭᠯᠡᠬᠦ》 ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠃ ᠶᠠᠰᠤ ᠴᠢᠨᠠᠷ᠂ ᠠᠮᠵᠢᠯᠲᠠ ᠪᠦᠲᠦᠮᠵᠢ᠂ ᠬᠤᠪᠢ ᠨᠡᠮᠡᠷᠢ᠎ᠪᠠᠷ ᠭᠣᠣᠯ ᠪᠣᠯᠭ᠋ᠠᠭᠰᠠᠨ ᠦᠨᠡᠯᠡᠬᠦ ᠤᠳᠤᠷᠢᠳᠤᠮᠵᠢ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠲᠦᠷᠦᠯ ᠬᠤᠪᠢᠶᠠᠨ ᠦᠨᠡᠯᠡᠬᠦ ᠰᠢᠰᠲ᠋ᠧᠮ᠎ᠢ ᠪᠦᠷᠢᠨᠰᠢᠬᠦᠯᠵᠤ᠂ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ᠂ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠡᠷᠭᠡ ᠠᠳᠠᠯᠢ ᠪᠤᠰᠤ ᠲᠦᠷᠦᠯ᠎ᠤᠨ ᠦᠷ᠎ᠡ ᠪᠦᠲᠦᠭᠡᠯ᠎ᠳᠤ ᠴᠢᠭᠯᠡᠭᠦᠯᠦᠨ ᠨᠠᠷᠢᠯᠢᠭ ᠬᠤᠪᠢᠶᠠᠷᠢᠯᠠᠯᠳᠠ᠎ᠲᠠᠢ ᠦᠨᠡᠯᠡᠯᠲᠡ ᠵᠢᠨ ᠪᠠᠷᠢᠮᠵᠢᠶ᠎ᠠ ᠵᠢ ᠪᠦᠷᠢᠯᠳᠦᠭᠦᠯᠤᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠰᠢᠨᠵᠢᠯᠡᠬᠦ ᠤᠬᠠᠭ᠋ᠠᠨ᠂ ᠮᠡᠷᠭᠡᠵᠢᠯ᠂ ᠠᠵᠤ ᠠᠬᠤᠢ᠂ ᠨᠡᠶ᠋ᠢᠭᠡᠮ᠂ ᠰᠣᠶᠣᠯ᠎ᠤᠨ ᠦᠷᠳᠡᠭ᠎ᠢ ᠪᠦᠬᠦ ᠲᠠᠯ᠎ᠠ᠎ᠪᠠᠷ ᠣᠨᠣᠪᠴᠢᠲᠠᠢ ᠦᠨᠡᠯᠡᠬᠦ ᠬᠡᠷᠡᠭᠲᠡᠢ᠃ ᠵᠠᠰᠠᠭ᠎ᠤᠨ ᠣᠷᠳᠣᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠠᠵᠤ ᠠᠬᠤᠶ᠋ᠢᠯᠠᠯ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠪᠠᠶ᠋ᠢᠭᠤᠯᠤᠮᠵᠢ ᠵᠡᠷᠭᠡ ᠬᠠᠮᠲᠤ᠎ᠪᠠᠷ ᠣᠷᠣᠯᠴᠠᠭᠰᠠᠨ ᠤᠯᠠᠨ ᠡᠰᠢᠲᠦ ᠦᠨᠡᠯᠡᠯᠲᠡ ᠵᠢᠨ ᠰᠢᠰᠲᠸᠮ᠎ᠢ ᠱᠠᠯᠠᠪᠳᠠᠨ ᠪᠠᠶ᠋ᠢᠭᠤᠯᠵᠤ᠂ ᠵᠠᠬ᠎ᠠ ᠳᠡᠯᠭᠡᠭᠦᠷᠴᠢᠯᠡᠭᠰᠡᠨ ᠦᠨᠡᠯᠡᠯᠲᠡ ᠵᠢ ᠢᠳᠡᠪᠬᠢᠲᠡᠢ ᠬᠥᠭᠵᠢᠭᠦᠯᠵᠦ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠲᠤᠪᠤᠢ᠍ᠢ᠍ᠯᠭ᠋ᠠᠨ᠂ ᠭᠤᠷᠪᠠᠳᠠᠭᠴᠢ ᠡᠳᠡᠬᠡᠳ᠎ᠤᠨ ᠦᠨᠡᠯᠡᠯᠲᠡ ᠵᠢ ᠵᠢᠷᠤᠮᠵᠢᠭᠤᠯᠵᠤ᠂ ᠡᠯ᠎ᠡ ᠲᠦᠷᠦᠯ᠎ᠤᠨ ᠦᠨᠡᠯᠡᠯᠲᠡ ᠵᠢᠨ ᠭᠣᠣᠯ ᠴᠣᠭᠴᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠬᠤ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠭ᠋ᠠᠵᠢᠮ ᠵᠶ᠋ᠠᠷ ᠠᠬᠢᠬᠤ ᠴᠢᠨᠠᠷ ᠪᠣᠯᠤᠨ ᠦᠷ᠎ᠡ ᠪᠦᠲᠦᠭᠡᠯ᠎ᠤᠨ ᠱᠠᠳᠤᠴᠢ ᠴᠢᠨᠠᠷᠲᠠᠢ ᠣᠨᠴᠠᠯᠢᠭ᠎ᠢ ᠡᠵᠡᠮᠳᠡᠵᠦ᠂ ᠳᠤᠮᠳᠠ ᠤᠷᠳᠤ ᠬᠤᠭᠤᠴᠠᠭ᠋ᠠᠨ᠎ᠤ ᠦᠨᠡᠯᠡᠯᠲᠡ᠂ ᠰᠡᠭᠦᠯᠴᠢ ᠵᠢᠨ ᠦᠨᠡᠯᠡᠯᠲᠡ ᠪᠣᠯᠤᠨ ᠦᠷ᠎ᠡ ᠪᠦᠲᠦᠭᠡᠯ᠎ᠤᠨ ᠡᠷᠭᠢᠴᠡᠭᠦᠯᠦᠯᠢ ᠴᠢᠩᠭ᠋ᠠᠳᠬᠠᠵᠤ᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠤᠨ ᠦᠷ᠎ᠡ ᠪᠦᠲᠦᠭᠡᠯ᠎ᠤᠨ ᠦᠨᠡᠯᠡᠯᠳᠡ ᠵᠢᠨ ᠥᠭᠡᠷᠡᠴᠢᠯᠡᠯᠲᠡ ᠵᠢ ᠠᠬᠢᠭᠤᠯᠵᠤ᠂ ᠴᠢᠬᠤᠯᠠ ᠶᠡᠬᠡ ᠲᠦᠷᠦᠯ ᠵᠦᠢ᠍ᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠶᠠᠪᠤᠴᠠ ᠵᠢ ᠪᠦᠷᠢᠨᠰᠢᠬᠦᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠤᠨᠤᠯ ᠪᠣᠯᠤᠨ ᠠᠷᠭ᠎ᠠ ᠵᠢᠨ ᠰᠤᠳᠤᠯᠭ᠋ᠠᠨ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠤ ᠨᠢᠭᠡ ᠰᠡᠳᠬᠢᠯ ᠵᠶ᠋ᠠᠷ ᠰᠤᠳᠤᠯᠬᠤ᠂ ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠬᠦ ᠵᠢ ᠬᠦᠳᠤᠯᠤᠨ ᠵᠢᠯᠣᠭᠣᠳᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠳᠤᠮᠳᠠ ᠠᠪᠤᠨ ᠳᠣᠣᠷ᠎ᠠ᠎ᠪᠠᠨ ᠠᠰᠢᠭ ᠤᠯᠬᠤ᠎ᠪᠠᠷ ᠶᠠᠭ᠋ᠠᠷᠠᠬᠤ᠂ ᠰᠣᠬᠣᠷ ᠪᠠᠯᠠᠢ᠎ᠪᠠᠷ ᠰᠠᠯᠬᠢ ᠲᠠᠭ᠋ᠠᠬᠤ ᠦᠵᠡᠭᠳᠡᠯ᠎ᠢ ᠲᠠᠰᠤ ᠵᠤᠭᠰᠤᠭ᠋ᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ ᠵᠢ ᠲᠦᠷᠭᠡᠳᠬᠡᠨ ᠠᠬᠢᠭᠤᠯᠵᠤ᠂ ᠥᠨᠳᠥᠷ ᠲᠦᠪᠰᠢᠨ ᠪᠦᠬᠦᠢ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠱᠠᠯᠠᠪᠳᠠᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠠᠵᠤ ᠦᠢ᠍ᠯᠡᠰᠵᠢᠭᠦᠯᠬᠦ᠎ᠳᠠᠬᠢ ᠮᠥᠩᠭᠥᠨ ᠭᠦᠢ᠍ᠯᠭᠡᠭᠡᠨ᠎ᠤ ᠪᠡᠯᠡ ᠣᠷᠣᠭᠤᠯᠤᠯᠲᠠ ᠵᠢᠨ ᠳᠡᠮᠵᠢᠯᠭᠡ ᠵᠢ ᠨᠡᠮᠡᠭᠳᠡᠭᠦᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠰᠢᠭᠤᠯᠤᠭᠰᠠᠨ ᠠᠮᠵᠢᠯᠳᠠ ᠪᠦᠲᠦᠮᠵᠢ ᠵᠢ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠦᠨᠡᠯᠡᠯᠲᠡ᠎ᠳᠤ ᠣᠷᠣᠭᠤᠯᠵᠤ᠂ ᠣᠨᠳᠣᠣᠰᠢᠭᠤᠯᠬᠤ᠎ᠳᠤ ᠠᠰᠢᠭᠲᠠᠢ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠨ ᠵᠢᠱ᠌ᠢᠬᠦ ᠲᠦᠷᠦ ᠵᠢᠨ ᠪᠤᠳᠤᠯᠭ᠎ᠠ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠤ ᠥᠭᠦᠯᠡᠯ ᠵᠶ᠋ᠠᠨ ᠡᠭᠡ ᠤᠯᠤᠰ᠎ᠤᠨ ᠡᠭᠡ ᠭᠠᠵᠠᠷ᠎ᠲᠤ ᠪᠢᠴᠢᠭᠯᠡᠬᠦ ᠵᠢ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠱᠠᠩᠨᠠᠨ ᠬᠥᠬᠢᠭᠦᠯᠬᠦ ᠰᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠦᠨᠡᠨ ᠬᠦ᠌ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭ᠋ᠠᠨᠲᠠᠨ ᠪᠠ ᠡᠮᠤᠨ᠎ᠠ ᠹᠷᠣᠨᠲ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠢᠯᠳᠠᠨ᠎ᠢ ᠱᠠᠩᠨᠠᠨ ᠬᠥᠬᠢᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠱᠠᠩᠨᠠᠨ ᠬᠥᠬᠢᠭᠦᠯᠬᠦ ᠲᠣᠭ᠎ᠠ ᠬᠡᠮᠵᠢᠶ᠎ᠡ ᠵᠢ ᠬᠢᠵᠠᠭ᠋ᠠᠷᠯᠠᠨ᠂ ᠱᠠᠩᠨᠠᠨ ᠬᠥᠬᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃
ᠬᠤᠷᠠᠯ᠎ᠠᠴᠠ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠠᠮᠤᠭ᠎ᠤᠨ ᠲᠣᠪᠣᠶ᠋ᠢᠮ᠎ᠠ ᠨᠢᠭᠡ ᠠᠰᠠᠭᠤᠳᠠᠯ ᠪᠣᠯ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠳᠠᠷᠤᠭ᠋ᠠᠰᠤ ᠬᠡᠲᠦᠷᠬᠡᠶ ᠬᠦᠨᠳᠦ ᠪᠠᠢ᠍ᠢ᠍ᠵᠤ᠂ ᠨᠢᠳᠤᠨ ᠡᠮᠦᠨᠡᠬᠢ᠎ᠪᠠᠨ ᠬᠠᠷᠠᠬᠤ᠂ ᠠᠰᠢᠭ ᠬᠠᠷᠠᠬᠤ ᠠᠰᠠᠭᠤᠳᠠᠯ᠎ᠢ ᠦᠨᠳᠦᠰᠦᠨ᠎ᠠᠴᠠ᠎ᠪᠠᠨ ᠰᠢᠢ᠍ᠳᠪᠦᠷᠢᠯᠡᠭᠡᠳᠤᠢ ᠪᠠᠶ᠋ᠢᠬᠤ ᠶᠠᠪᠤᠳᠠᠯ ᠪᠣᠯᠤᠨ᠎ᠠ᠃ ᠢᠯᠠᠩᠭᠤᠶ᠎ᠠ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠡᠮᠬᠢ ᠵᠢᠷᠤᠮ ᠥᠬᠡᠶ ᠬᠥᠭᠵᠢᠵᠦ᠂ 《ᠰᠤᠷᠭ᠋ᠠᠭᠤᠯᠢ ᠵᠢᠨ ᠳᠣᠲᠣᠷᠠᠬᠢ ᠳᠠᠷᠤᠭ᠋ᠠᠰᠤ ᠬᠥᠩᠭᠡᠷᠡᠵᠤ᠂ ᠰᠤᠷᠭ᠋ᠠᠭᠤᠯᠢ ᠵᠢᠨ ᠭᠠᠳᠠᠨᠠᠬᠢ ᠳᠠᠷᠤᠭ᠋ᠠᠰᠤ ᠨᠡᠮᠡᠭᠳᠡᠭᠰᠡᠨ》 ᠦᠵᠡᠭᠳᠡᠯ ᠲᠣᠪᠣᠶ᠋ᠢᠮ᠎ᠠ ᠪᠠᠶ᠋ᠢᠨ᠎ᠠ᠃ ᠰᠤᠷᠤᠭᠴᠢᠳ᠎ᠤᠨ ᠳᠠᠷᠤᠭ᠋ᠠᠰᠤ ᠵᠢ ᠬᠥᠩᠭᠡᠷᠡᠭᠦᠯᠬᠦ ᠵᠢᠨ ᠦᠨᠳᠦᠰᠦᠨ ᠠᠷᠭ᠎ᠠ ᠪᠤᠳᠤᠯᠭ᠎ᠠ᠎ᠨᠢ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠵᠢᠭ᠋ᠠᠬᠤ ᠶᠣᠰᠣᠲᠠᠢ ᠵᠢ᠎ᠨᠢ ᠪᠦᠬᠦᠨ᠎ᠢ ᠵᠢᠭ᠋ᠠᠵᠤ᠂ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠣᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠴᠢᠩᠭ᠋ᠠᠳᠬᠠᠬᠤ᠎ᠳᠤ ᠪᠤᠢ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠵᠢᠭ᠋ᠠᠨ ᠰᠤᠷᠭ᠋ᠠᠯᠲᠠ ᠵᠢᠨ ᠠᠷᠭ᠎ᠠ ᠬᠡᠯᠪᠡᠷᠢ ᠵᠢ ᠰᠢᠯᠢᠳᠡᠭᠵᠢᠭᠦᠯᠵᠦ᠂ ᠳᠠᠰᠬᠠᠯ ᠳᠠᠭ᠋ᠠᠭ᠋ᠠᠯᠭ᠋ᠠᠪᠤᠷᠢ ᠵᠢᠨ ᠶᠡᠷᠦᠩᠬᠡᠶ ᠬᠡᠮᠵᠢᠶ᠎ᠡ ᠵᠢ ᠪᠥᠬᠥ ᠲᠠᠯ᠎ᠠ᠎ᠪᠠᠷ ᠪᠠᠭ᠋ᠠᠰᠬᠠᠨ᠂ ᠰᠢᠯᠭ᠋ᠠᠯᠲᠠ ᠵᠢᠨ ᠳᠠᠷᠤᠭ᠋ᠠᠰᠤ ᠵᠢ ᠬᠦᠩᠭᠡᠷᠡᠭᠦᠯᠬᠦ ᠬᠡᠷᠡᠭᠲᠡᠶ᠃ ᠰᠤᠷᠭ᠋ᠠᠭᠤᠯᠢ ᠵᠢᠨ ᠡᠯ᠎ᠡ ᠵᠦᠢ᠍ᠯ᠎ᠤᠨ ᠬᠢᠴᠢᠶᠡᠯ᠎ᠤᠨ ᠳᠠᠷᠠᠭ᠋ᠠᠬᠢ ᠬᠥᠮᠦᠨ ᠬᠥᠮᠦᠵᠢᠭᠦᠯᠬᠦ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ ᠳᠡᠮᠵᠢᠵᠦ᠂ ᠰᠤᠷᠤᠭᠴᠢᠳ᠎ᠤᠨ ᠣᠯᠠᠨ ᠶᠠᠩᠵᠤ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠭᠰᠢ ᠵᠢᠨ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠤᠨ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠪᠠᠭᠰᠢ ᠵᠢᠨ ᠡᠷᠬᠡ ᠠᠰᠢᠭ ᠪᠣᠯᠤᠨ ᠬᠦᠷᠳᠡᠭᠡᠮᠵᠢ ᠵᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢ ᠪᠥᠬᠥ ᠲᠠᠯ᠎ᠠ᠎ᠪᠠᠷ ᠵᠢᠷᠤᠮᠵᠢᠭᠤᠯᠤᠨ ᠬᠠᠮᠢᠶᠠᠷᠴᠤ᠂ ᠴᠢᠩᠭ᠎ᠠ ᠵᠠᠰᠠᠬᠤ ᠵᠢ ᠪᠠᠷᠢᠮᠲᠠᠯᠠᠨ᠂ ᠬᠢᠷᠢ ᠬᠡᠮ᠎ᠳᠤ ᠥᠯᠥ ᠨᠡᠶ᠋ᠢᠴᠡᠬᠦ᠂ ᠬᠠᠮᠢᠶᠠᠷᠤᠯᠲᠠ᠎ᠨᠢ ᠡᠮᠬᠢ ᠵᠠᠮᠪᠠᠷᠠᠭ᠎ᠠ ᠥᠬᠡᠶ᠂ ᠵᠠᠪᠰᠢᠶᠠᠨ᠎ᠢ ᠳᠠᠯᠢᠮᠳᠠᠭᠤᠯᠤᠨ ᠵᠤᠭᠤᠰ ᠬᠤᠨᠵᠢᠬᠤ᠂ ᠬᠤᠳᠠᠯ ᠬᠠᠭᠤᠷᠮᠠᠭ ᠵᠶ᠋ᠠᠷ ᠤᠬᠠᠭᠤᠯᠬᠤ᠂ ᠰᠤᠷᠭ᠋ᠠᠭᠤᠯᠢ᠎ᠲᠠᠢ ᠰᠦᠯᠪᠡᠭᠡᠯᠡᠨ ᠠᠰᠢᠭ ᠤᠯᠬᠤ ᠵᠡᠷᠭᠡ ᠠᠰᠠᠭᠤᠳᠠᠯ ᠣᠷᠣᠰᠢᠵᠤ ᠪᠠᠶ᠋ᠢᠭ᠎ᠠ ᠪᠠᠶ᠋ᠢᠭᠤᠯᠤᠮᠵᠢ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠣᠳᠣᠷᠬᠠᠶ᠋ᠢᠯᠠᠵᠤ᠂ ᠤᠷᠢᠳᠴᠢᠯᠠᠨ ᠰᠦᠢ᠍ᠳᠬᠡᠯ ᠬᠤᠷᠢᠶᠠᠬᠤ ᠵᠢ ᠬᠢᠨᠠᠨ ᠬᠠᠮᠢᠶᠠᠷᠬᠤ ᠵᠢ ᠴᠢᠩᠭ᠋ᠠᠳᠬᠠᠨ᠂ ᠳᠤᠷ᠎ᠠ᠎ᠪᠠᠷ ᠵᠶ᠋ᠠᠨ ᠬᠥᠷᠥᠩᠭᠡᠴᠢᠯᠡᠨ ᠠᠵᠢᠯᠯᠠᠬᠤ ᠵᠢ ᠡᠷᠡᠰ ᠴᠠᠭ᠋ᠠᠵᠠᠯᠠᠵᠤ᠂ ᠨᠢᠩᠵᠢᠨ ᠰᠡᠳᠬᠢᠯᠲᠦ ᠠᠵᠢᠯ ᠲᠥᠷᠥᠯ᠎ᠢ ᠠᠰᠢᠭ ᠬᠥᠭᠡᠭᠡᠴᠡᠯᠳᠦᠬᠦ ᠠᠵᠤ ᠦᠢ᠍ᠯᠡᠰ ᠪᠣᠯᠭ᠋ᠠᠨ ᠬᠤᠪᠢᠷᠠᠭᠤᠯᠵᠤ ᠪᠣᠯᠬᠤ ᠥᠬᠡᠶ᠃ ᠬᠠᠮᠢᠶ᠎ᠠ ᠪᠦᠬᠦᠢ ᠬᠠᠤᠯᠢ ᠴᠠᠭ᠋ᠠᠵᠠ ᠵᠢ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢ ᠬᠠᠤᠯᠢ ᠶᠣᠰᠣᠭ᠋ᠠᠷ ᠬᠠᠮᠢᠶᠠᠷᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠲᠥᠰᠦᠯ᠎ᠢ ᠨᠠᠷᠢᠯᠢᠭ ᠪᠣᠳᠠᠲᠠᠢ ᠳᠤᠭᠳᠠᠭ᠋ᠠᠨ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠶ᠋ᠢᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠡᠮᠬᠢ ᠳᠢᠭᠯᠢᠮ᠎ᠢ ᠬᠠᠤᠯᠢ ᠶᠣᠰᠣᠭ᠋ᠠᠷ ᠵᠢᠷᠤᠮᠵᠢᠭᠤᠯᠵᠤ᠂ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠥᠭᠡᠷᠡᠴᠢᠯᠡᠯᠲᠡ ᠵᠢ ᠯᠠᠪᠳᠠᠭᠤᠨ ᠵᠶ᠋ᠠᠷ ᠶᠠᠪᠤᠭᠳᠠᠭᠤᠯᠬᠤ ᠵᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ᠎ᠠᠴᠠ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠪᠣᠯ ᠠᠷᠠᠳ ᠤᠯᠠᠨ᠎ᠤ ᠬᠠᠮᠤᠭ᠎ᠠᠴᠠ ᠠᠩᠬᠠᠷᠴᠤ ᠪᠠᠶ᠋ᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ ᠪᠣᠯᠤᠨ᠎ᠠ᠃ ᠣᠶ᠋ᠢᠷ᠎ᠠ ᠵᠢᠨ ᠬᠡᠳᠦᠨ ᠵᠢᠯ᠎ᠳᠤ᠂ ᠨᠠᠮ᠎ᠤᠨ ᠲᠥᠪ ᠬᠣᠷᠢᠶ᠎ᠠ ᠠᠯᠢ ᠣᠯᠠᠨ ᠥᠭᠡᠷᠡᠴᠢᠯᠡᠯᠲᠡ ᠵᠢ ᠪᠠᠶ᠋ᠢᠷᠢᠯᠠᠭᠤᠯᠤᠨ ᠠᠬᠢᠭᠤᠯᠵᠤ᠂ ᠡᠮ᠎ᠤᠨ ᠵᠦᠢ᠍ᠯ᠎ᠤᠨ ᠬᠤᠪᠢᠳᠠᠯ ᠮᠦᠩᠬᠦ ᠵᠢ ᠬᠦᠴᠦᠨ ᠥᠬᠡᠶ ᠪᠣᠯᠭ᠋ᠠᠬᠤ᠂ ᠲᠥᠪᠯᠡᠷᠡᠭᠦᠯᠦᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠪᠠ ᠥᠪᠡᠷ᠎ᠤᠨ ᠥᠷᠲᠡᠭ᠎ᠤᠨ ᠬᠢᠵᠠᠭ᠋ᠠᠷᠯᠠᠯ᠎ᠢ ᠴᠢᠩᠭ᠋ᠠᠳᠬᠠᠬᠤ᠎ᠪᠠᠷ ᠳᠠᠮᠵᠢᠭᠤᠯᠤᠨ᠂ ᠡᠮ᠎ᠤᠨ ᠵᠦᠢ᠍ᠯᠡᠰ᠎ᠤᠨ ᠮᠠᠲ᠋ᠧᠷᠢᠶᠠᠯ᠎ᠤᠨ ᠦᠨ᠎ᠡ ᠬᠠᠩᠰᠢ ᠵᠢ ᠪᠠᠭᠤᠷᠠᠭᠤᠯᠵᠤ᠂ ᠠᠷᠠᠳ ᠣᠯᠠᠨ᠎ᠤ ᠳᠠᠷᠤᠭ᠋ᠠᠰᠤ ᠵᠢ ᠬᠥᠩᠭᠡᠷᠡᠭᠦᠯᠦᠭᠰᠡᠨ ᠪᠥᠭᠡᠳ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠬᠤ᠎ᠳᠤ ᠨᠥᠬᠥᠴᠡᠯ ᠪᠦᠷᠢᠯᠳᠦᠭᠦᠯᠵᠦ ᠥᠭᠴᠡᠶ ᠭᠡᠵᠤ ᠵᠢᠭ᠋ᠠᠵᠤ ᠭᠠᠷᠭ᠋ᠠᠵᠠᠢ᠃
ᠬᠤᠷᠠᠯ᠎ᠠᠴᠠ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠥᠷᠥᠯ ᠵᠦᠢ᠍ᠯ᠎ᠢ ᠵᠢᠷᠤᠮᠵᠢᠭᠤᠯᠤᠨ ᠬᠠᠮᠢᠶᠠᠷᠴᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠭᠰᠠᠨ ᠦᠨ᠎ᠡ ᠬᠠᠩᠰᠢ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠪᠤᠳᠤᠬᠤ᠎ᠳᠤ ᠨᠡᠩ ᠠᠮᠠᠷ᠂ ᠬᠡᠷᠡᠭᠵᠢᠭᠦᠯᠬᠦ᠎ᠳᠤ ᠨᠡᠩ ᠠᠮᠠᠷ᠂ ᠦᠨᠡᠯᠡᠬᠦ᠎ᠳᠤ ᠨᠡᠩ ᠠᠮᠠᠷ ᠪᠤᠯᠭ᠋ᠠᠨ᠂ ᠡᠮᠴᠢᠯᠡᠭᠡᠨ᠎ᠤ ᠣᠨᠣᠰᠢᠯᠠᠨ ᠡᠮᠨᠡᠬᠦ ᠪᠠ ᠦᠨ᠎ᠡ ᠬᠠᠩᠰᠢ ᠵᠢᠨ ᠬᠠᠮᠢᠶᠠᠷᠤᠯᠲᠠ ᠵᠢᠨ ᠬᠡᠷᠡᠭᠴᠡᠭᠡ᠎ᠳᠤ ᠨᠠᠩ ᠰᠠᠶ᠋ᠢᠲᠤᠷ ᠵᠤᠬᠢᠴᠠᠭᠤᠯᠬᠤ ᠬᠡᠷᠡᠭᠲᠡᠶ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠣᠷᠸ᠎ᠠ ᠬᠠᠮᠢᠶᠠᠷᠤᠯᠲᠠ ᠵᠢ ᠴᠢᠩᠭ᠋ᠠᠳᠬᠠᠵᠤ᠂ ᠡᠮ ᠡᠮᠨᠡᠯᠭᠡ ᠵᠢᠨ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠪᠣᠯᠤᠨ ᠡᠯ᠎ᠡ ᠲᠠᠯ᠎ᠠ ᠵᠢᠨ ᠳᠠᠭ᠋ᠠᠭ᠋ᠠᠴᠠ ᠵᠢ ᠰᠠᠶ᠋ᠢᠲᠤᠷ ᠲᠡᠩᠴᠡᠭᠦᠷᠢᠰᠢᠭᠦᠯᠤᠨ᠂ ᠨᠡᠢ᠍ᠢ᠍ᠳᠡ ᠬᠡᠮᠵᠢᠶᠠᠨ᠎ᠤ ᠬᠡᠪᠴᠢᠶᠡᠨ ᠲᠤᠳᠤᠷ᠎ᠠ ᠭᠤᠤᠯᠳᠠᠯᠭ᠎ᠠ ᠵᠢ ᠳᠣᠪᠣᠶ᠋ᠢᠯᠭ᠋ᠠᠵᠤ᠂ ᠨᠡᠮᠡᠭᠳᠡᠯ ᠪᠠᠭᠤᠷᠠᠯᠲᠠ᠎ᠲᠠᠢ ᠪᠠᠶ᠋ᠢᠯᠭ᠋ᠠᠬᠤ ᠬᠡᠷᠡᠭᠲᠡᠶ᠃ ᠡᠮᠴᠢᠯᠡᠭᠡᠨ᠎ᠤ ᠦᠢ᠍ᠯᠡᠴᠢᠯᠡᠭᠡᠨ᠎ᠤ ᠣᠨᠴᠠᠯᠢᠭ᠎ᠲᠠᠢ ᠤᠶᠠᠯᠳᠤᠭᠤᠯᠤᠨ ᠲᠥᠷᠥᠯ ᠬᠤᠪᠢᠶᠠᠨ ᠬᠠᠮᠢᠶᠠᠷᠬᠤ᠎ᠪᠠᠨ ᠴᠢᠩᠭ᠋ᠠᠳᠬᠠᠵᠤ᠂ ᠨᠡᠶ᠋ᠢᠳᠡᠮ ᠶᠠᠪᠤᠭᠳᠠᠭᠤᠯᠵᠤ ᠪᠠᠶ᠋ᠢᠭ᠎ᠠ ᠶᠡᠷᠦᠳᠡ ᠵᠢᠨ ᠬᠡᠷᠡᠭᠯᠡᠭᠡᠨ᠎ᠤ ᠲᠥᠷᠥᠯ ᠵᠦᠢ᠍ᠯ᠎ᠢ ᠵᠠᠰᠠᠭ᠎ᠤᠨ ᠣᠷᠳᠣᠨ᠎ᠠᠴᠠ ᠦᠨ᠎ᠡ ᠬᠠᠩᠰᠢ ᠵᠢᠨ ᠦᠨᠳᠦᠰᠦᠨ ᠪᠠᠷᠢᠮᠵᠢᠶ᠎ᠠ ᠵᠢ ᠰᠠᠶ᠋ᠢᠲᠤᠷ ᠬᠠᠮᠢᠶᠠᠷᠬᠤ ᠬᠡᠷᠡᠭᠲᠡᠶ; ᠮᠡᠷᠭᠡᠵᠢᠯ᠎ᠤᠨ ᠬᠦᠴᠢᠷᠳᠡᠯ ᠶᠡᠬᠡᠲᠡᠢ ᠪᠤᠳᠤᠯᠢᠶᠠᠨᠲᠠᠢ ᠲᠦᠷᠦᠯ ᠵᠦᠢ᠍ᠯ᠎ᠳᠤ᠂ ᠵᠠᠰᠠᠭ᠎ᠤᠨ ᠣᠷᠳᠣᠨ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠵᠤ᠂ ᠡᠮᠨᠡᠯᠭᠡ ᠵᠢᠨ ᠬᠣᠷᠢᠶ᠎ᠠ ᠪᠣᠯᠤᠨ ᠡᠮᠴᠢ ᠵᠢᠨ ᠲᠤᠰᠬᠠᠢ ᠮᠡᠷᠭᠡᠵᠢᠯ᠎ᠤᠨ ᠴᠢᠨᠠᠷᠲᠠᠢ ᠰᠠᠨᠠᠯ ᠰᠠᠨᠠᠭᠤᠯᠭ᠎ᠠ ᠵᠢ ᠬᠦᠨᠳᠦᠳᠬᠡᠵᠦ᠂ ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠦᠷᠳᠡᠭ᠎ᠢ ᠨᠡᠩ ᠰᠠᠶ᠋ᠢᠲᠤᠷ ᠢᠯᠡᠷᠡᠭᠦᠯᠬᠦ ᠬᠡᠷᠡᠭᠲᠡᠢ᠃ ᠦᠨ᠎ᠡ ᠬᠠᠩᠰᠢ ᠵᠢ ᠠᠮᠢᠳᠤᠯᠢᠭ ᠪᠥᠭᠡᠳ ᠬᠡᠮ ᠬᠡᠮᠵᠢᠶ᠎ᠡ᠎ᠲᠠᠢ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠵᠤ᠂ ᠦᠨ᠎ᠡ ᠬᠠᠩᠰᠢ ᠵᠢᠨ ᠲᠣᠬᠢᠷᠠᠭᠤᠯᠤᠯᠳᠠ ᠵᠢ ᠡᠬᠢᠯᠡᠭᠦᠯᠬᠦ ᠨᠥᠬᠥᠴᠡᠯ ᠪᠣᠯᠤᠨ ᠬᠢᠵᠠᠭ᠋ᠠᠷᠯᠠᠬᠤ ᠨᠥᠬᠥᠴᠡᠯ᠎ᠢ ᠲᠣᠳᠣᠷᠬᠠᠶ᠋ᠢᠯᠠᠬᠤ ᠬᠡᠷᠡᠭᠲᠡᠶ᠃ ᠦᠨ᠎ᠡ ᠬᠠᠩᠰᠢ ᠵᠢ ᠬᠢᠨᠠᠨ ᠡᠵᠡᠮᠳᠡᠵᠦ ᠦᠨᠡᠯᠡᠬᠦ ᠪᠠ ᠬᠢᠨᠠᠯᠲᠠ ᠲᠠᠯᠪᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠵᠦ᠂ ᠦᠨ᠎ᠡ ᠬᠠᠩᠰᠢ ᠵᠢᠨ ᠲᠣᠭᠲᠠᠴᠠ ᠵᠢᠨ ᠲᠣᠭᠲᠠᠭᠤᠨ ᠵᠶ᠋ᠠᠷ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠤᠷᠰᠢᠯᠲᠠ ᠵᠢᠨ ᠴᠡᠭ᠎ᠤᠨ ᠠᠵᠢᠯ᠎ᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠥᠷᠨᠢᠭᠦᠯᠵᠦ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ᠎ᠳᠤ ᠨᠥᠬᠥᠪᠥᠷᠢ ᠤᠯᠭᠤᠬᠤ ᠲᠣᠭᠲᠠᠴᠠ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ᠎ᠤ ᠵᠠᠷᠤᠳᠠᠯ᠎ᠢ ᠬᠢᠵᠠᠭ᠋ᠠᠷᠯᠠᠨ ᠡᠵᠡᠮᠳᠡᠬᠦ᠂ ᠡᠮᠴᠢᠯᠡᠭᠡᠨ᠎ᠤ ᠳᠠᠭ᠋ᠠᠳᠬᠠᠯ ᠵᠶ᠋ᠠᠷ ᠲᠣᠭ᠋ᠠᠴᠠᠭ᠎ᠠ ᠬᠢᠬᠦ ᠵᠡᠷᠭᠡ ᠬᠠᠮᠢᠶ᠎ᠠ ᠪᠥᠬᠥᠶ ᠥᠭᠡᠷᠡᠴᠢᠯᠡᠯᠲᠡ ᠵᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠶᠡᠷᠦᠩᠬᠡᠶ᠋ᠢᠯᠡᠭᠰᠡᠨ ᠦᠷ᠎ᠠ ᠨᠦᠯᠦᠭᠡ ᠵᠢ ᠪᠣᠶ ᠪᠣᠯᠭ᠋ᠠᠬᠤ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠲᠥᠪ ᠬᠣᠷᠢᠶᠠᠨ᠎ᠤ ᠨᠢᠭᠡᠳᠦᠯᠲᠡᠢ ᠪᠠᠶ᠋ᠢᠷᠢᠯᠠᠭᠤᠯᠤᠯᠲᠠ ᠳᠣᠣᠷ᠎ᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ᠎ᠤ᠎ᠬᠢᠨ ᠠᠮᠢ ᠠᠬᠤᠢ ᠵᠢᠨ ᠨᠥᠬᠥᠪᠥᠷᠢ ᠵᠢᠨ ᠲᠦᠷᠢᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠂ ᠲᠠᠯᠠᠢ ᠲᠠᠩᠭᠢᠰ᠂ ᠭᠣᠣᠯ ᠮᠥᠷᠡᠨ᠂ ᠲᠠᠷᠢᠶᠠᠨ ᠭᠠᠵᠠᠷ ᠵᠡᠷᠭᠡ 7 ᠬᠦᠷᠢᠶᠡᠨ᠎ᠳᠤ ᠠᠮᠢ ᠠᠬᠤᠢ ᠵᠢᠨ ᠨᠥᠬᠥᠪᠥᠷᠢ ᠵᠢᠨ ᠲᠣᠭᠲᠠᠴᠠ ᠵᠢ ᠪᠠᠶ᠋ᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠤᠭᠰᠠᠨ ᠪᠣᠯᠪᠠᠴᠤ ᠨᠥᠬᠥᠪᠥᠷᠢ ᠵᠢᠨ ᠪᠦᠷᠬᠦᠴᠡ ᠬᠢᠵᠠᠭ᠋ᠠᠷ᠎ᠲᠠᠢ᠂ ᠲᠦᠷᠦ ᠵᠢᠨ ᠪᠤᠳᠤᠯᠭ᠎ᠠ ᠵᠢᠨ ᠭᠣᠣᠯᠳᠠᠯᠭ᠎ᠠ ᠲᠤᠪᠤᠢ᠍ᠢ᠍ᠮ᠎ᠠ ᠪᠢᠰᠢ᠂ ᠱᠠᠩᠨᠠᠵᠤ ᠲᠣᠷᠭ᠋ᠠᠬᠤ ᠡᠷᠴᠢᠮ ᠪᠠᠭᠤᠷᠠᠢ᠂ ᠬᠣᠯᠪᠣᠭᠳᠠᠯ ᠪᠦᠬᠦᠢ ᠭᠣᠣᠯ ᠴᠣᠭᠴᠠ ᠵᠢ ᠵᠣᠬᠢᠴᠠᠭᠤᠯᠬᠤ᠎ᠳᠤ ᠶᠡᠬᠡ ᠬᠦᠴᠢᠷ ᠵᠡᠷᠭᠡ ᠠᠰᠠᠭᠤᠳᠠᠯ ᠮᠥᠨ ᠬᠦ᠌ ᠣᠷᠣᠰᠢᠵᠤ ᠪᠠᠶ᠋ᠢᠨ᠎ᠠ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠲᠦᠷᠭᠡᠳᠬᠡᠨ ᠠᠬᠢᠭᠤᠯᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ ᠲᠡᠢ᠍ᠢ᠍ᠰᠢ᠎ᠪᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠪᠠᠷ ᠭᠤᠤᠯᠳᠠᠭᠤᠯᠤᠨ᠂ ᠲᠥᠷᠥᠯ ᠬᠤᠪᠢᠶᠠᠨ ᠨᠥᠬᠥᠪᠥᠷᠢ ᠦᠭᠬᠦ ᠲᠦᠷᠢᠮ᠎ᠢ ᠲᠡᠭᠦᠯᠳᠡᠷᠵᠢᠭᠦᠯᠵᠦ᠂ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢᠨ ᠬᠠᠮᠵᠢᠯᠴᠠᠨ ᠬᠥᠳᠡᠯᠦᠯᠴᠡᠬᠦ ᠵᠢ ᠴᠢᠩᠭ᠋ᠠᠳᠬᠠᠨ᠂ ᠡᠯ᠎ᠡ ᠠᠷᠭ᠎ᠠ ᠵᠠᠮ᠎ᠤᠨ ᠨᠦᠬᠦᠪᠤᠷᠢ ᠮᠥᠩᠭᠥ ᠵᠢ ᠨᠢᠭᠡᠳᠦᠯᠲᠡᠶ ᠲᠥᠯᠥᠪᠵᠢᠭᠦᠯᠵᠦ᠂ ᠶᠡᠷᠦᠩᠬᠡᠶ᠋ᠢᠯᠡᠭᠰᠡᠨ ᠴᠢᠨᠠᠷᠲᠠᠶ ᠨᠥᠬᠥᠪᠥᠷᠢ ᠤᠯᠭᠤᠬᠤ ᠵᠢ ᠬᠡᠷᠡᠭᠵᠢᠭᠦᠯᠤᠨ᠂ ᠠᠮᠢ ᠠᠬᠤᠶ ᠣᠷᠴᠢᠨ ᠲᠣᠭᠣᠷᠢᠨ᠎ᠢ ᠪᠦᠬᠦᠯᠢ ᠴᠣᠭᠴᠠ᠎ᠪᠠᠷ ᠬᠠᠮᠠᠭ᠋ᠠᠯᠠᠬᠤ ᠵᠢ ᠠᠬᠢᠭᠤᠯᠬᠤ ᠬᠡᠷᠡᠭᠲᠡᠶ᠃ ᠬᠠᠤᠯᠢ ᠴᠠᠭ᠋ᠠᠵᠠ᠂ ᠵᠠᠰᠠᠭ ᠵᠠᠬᠢᠷᠭ᠎ᠠ᠂ ᠵᠠᠬ᠎ᠠ ᠳᠡᠯᠭᠡᠭᠦᠷ ᠵᠡᠷᠭᠡ ᠠᠷᠭ᠎ᠠ ᠪᠠᠷᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠡᠷᠡᠭᠯᠡᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠥᠷᠢ᠂ ᠠᠮᠢ ᠠᠬᠤᠢ ᠵᠢᠨ ᠬᠣᠬᠢᠷᠠᠯ᠎ᠤᠨ ᠲᠦᠯᠦᠪᠦᠷᠢ᠂ ᠠᠮᠢ ᠠᠬᠤᠢ ᠵᠢᠨ ᠪᠦᠲᠦᠭᠡᠭᠳᠡᠭᠦᠨ᠎ᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠣᠭᠲᠠᠴᠠ ᠵᠡᠷᠭᠡ ᠵᠢ ᠣᠷᠭ᠋ᠠᠨᠢᠭ ᠵᠶ᠋ᠠᠷ ᠤᠶᠠᠯᠳᠤᠭᠤᠯᠤᠨ᠂ ᠬᠠᠮᠵᠢᠯᠴᠠᠨ ᠬᠦᠴᠦᠯᠡᠵᠦ᠂ ᠱᠠᠩᠨᠠᠬᠤ ᠰᠢᠢ᠍ᠳᠭᠡᠬᠦ ᠵᠢ ᠤᠶᠠᠯᠳᠤᠭᠤᠯᠤᠨ᠂ ᠬᠡᠷᠬᠢᠪᠡᠴᠤ ᠨᠥᠬᠥᠪᠥᠷᠢ ᠠᠪᠬᠤ ᠵᠢᠨ ᠵᠡᠷᠭᠡ᠎ᠪᠠᠷ ᠪᠣᠬᠢᠷᠳᠤᠭᠤᠯᠵᠤ ᠪᠣᠯᠬᠤ ᠦᠭᠡᠢ ᠭᠡᠵᠤ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠳᠤᠮᠳᠠ ᠲᠡᠦᠬᠡ ᠰᠣᠶᠣᠯ᠎ᠤᠨ ᠥᠪ ᠦᠯᠡᠳᠡᠭᠳᠡᠯ ᠤᠯᠠᠨᠳᠠ ᠡᠪᠳᠡᠭᠳᠡᠬᠦ᠂ ᠨᠤᠷᠠᠭ᠋ᠠᠭᠳᠠᠬᠤ ᠵᠡᠷᠭᠡ ᠲᠤᠪᠤᠢ᠍ᠢ᠍ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠲᠦᠷᠢᠮ᠎ᠤᠨ ᠦᠵᠦ ᠲᠥᠯᠥᠪᠯᠡᠭᠡ ᠵᠢ ᠴᠢᠩᠭ᠋ᠠᠳᠬᠠᠨ᠂ ᠬᠠᠮᠠᠭ᠋ᠠᠯᠠᠬᠤ᠂ ᠠᠰᠢᠡᠡᠯᠠᠬᠤ᠂ ᠤᠯᠠᠮᠵᠢᠯᠠᠬᠤ ᠵᠢ ᠨᠢᠭᠡᠳᠦᠯᠲᠡᠢ ᠲᠥᠯᠥᠪᠵᠢᠭᠦᠯᠤᠨ᠂ ᠰᠢᠰᠲᠸᠮ᠎ᠲᠠᠢ ᠪᠦᠷᠢᠨ ᠪᠦᠲᠦᠨ ᠬᠠᠮᠠᠭ᠋ᠠᠯᠠᠬᠤ ᠵᠢ ᠪᠠᠷᠢᠮᠲᠠᠯᠠᠵᠤ᠂ ᠲᠠᠩ ᠭᠠᠭᠴᠠ ᠪᠠᠷᠢᠯᠭ᠎ᠠ ᠵᠢ ᠬᠠᠮᠠᠭ᠋ᠠᠯᠠᠬᠤ ᠲᠡᠳᠦᠢ ᠪᠢᠰᠢ᠂ ᠪᠠᠰᠠ ᠵᠡᠭᠡᠯᠢ ᠭᠤᠳᠤᠮᠵᠢ᠂ ᠬᠣᠲᠠ ᠪᠠᠯᠭ᠋ᠠᠰᠤ ᠵᠢᠨ ᠪᠦᠲᠦᠴᠡ ᠪᠠᠶ᠋ᠢᠷᠢᠰᠢᠯ᠎ᠢ ᠬᠠᠮᠠᠭ᠋ᠠᠯᠠᠨ᠂ ᠲᠡᠦᠬᠡ᠎ᠳᠤ ᠭᠠᠵᠠᠷ ᠤᠷᠤᠨ᠂ ᠪᠠᠶ᠋ᠢᠭ᠋ᠠᠯᠢ ᠵᠢᠨ ᠦᠩᠭᠡ ᠦᠵᠡᠮᠵᠢ᠂ ᠰᠣᠶᠣᠯ ᠢᠷᠭᠡᠨᠰᠢᠯ᠎ᠤᠨ ᠣᠷᠴᠢᠨ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠬᠣᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠶᠠᠪᠤᠴᠠ᠎ᠳᠠᠬᠢ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠲᠥᠯᠥᠪᠵᠢᠭᠦᠯᠭᠡ᠂ ᠪᠥᠲᠥᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢ ᠨᠢᠭᠡᠳᠦᠯᠲᠡᠶ ᠲᠥᠯᠥᠪᠵᠢᠭᠦᠯᠤᠨ᠂ ᠬᠢᠨᠠᠯᠲᠠ ᠲᠠᠯᠪᠢᠨ ᠪᠠᠶ᠋ᠢᠴᠠᠭ᠋ᠠᠬᠤ ᠪᠠ ᠬᠠᠷᠢᠭᠤᠴᠠᠯᠭ᠎ᠠ ᠲᠤᠯᠭ᠋ᠠᠵᠤ ᠦᠷ᠎ᠡ ᠪᠦᠲᠦᠮᠵᠢ ᠵᠢ ᠰᠢᠯᠭ᠋ᠠᠬᠤ ᠵᠢ ᠴᠢᠩᠭ᠋ᠠᠳᠬᠠᠬᠤ ᠬᠡᠷᠡᠭᠲᠡᠶ ᠭᠡᠵᠤ ᠴᠢᠬᠤᠯᠠᠴᠢᠯᠠᠵᠠᠢ᠃
ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃