ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ ᠰᠠᠢ᠌ᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ
ᠨᠡᠶ᠋ᠢᠲᠡᠯᠡᠭᠰᠡᠨ ᠴᠠᠭ᠄ 2021-05-26

                           ᠯᠢ ᠺᠸ ᠴᠢᠶᠠᠩ ᠵᠧᠵᠢᠶᠠᠩ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠴᠢᠬᠤᠯᠠᠴᠢᠯᠠᠭᠰᠠᠨ᠎ᠨᠢ
                     ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ ᠨᠡᠭᠡᠭᠡᠯᠲᠡ ᠬᠢᠬᠦ ᠵᠢ ᠦᠷᠭᠦᠯᠵᠢᠯᠡᠨ ᠥᠷᠭᠡᠳᠬᠡᠵᠦ
            ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠠᠵᠤ ᠠᠬᠤᠢ ᠵᠢᠨ ᠲᠣᠭᠲᠠᠭᠤᠨ ᠵᠶ᠋ᠠᠷ
                                      ᠰᠠᠢ᠌ᠵᠢᠷᠠᠬᠤ ᠵᠢ ᠠᠬᠢᠭᠤᠯᠬᠤ ᠬᠡᠷᠡᠭᠲᠡᠢ


      ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 25᠎ᠤ ᠡᠳᠦᠷ ᠪᠣᠯᠲᠠᠯ᠎ᠠ ᠵᠧᠵᠢᠶᠠᠩ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠶᠤᠸᠠᠨ ᠵᠢᠶᠠ ᠵᠢᠶᠦ᠋ᠨ᠂ ᠮᠤᠵᠢ ᠵᠢᠨ ᠳᠠᠷᠤᠭ᠎ᠠ ᠵᠸᠩ ᠱᠠᠨ ᠵᠢᠶᠸ᠎ᠤᠨ ᠪᠠᠷ᠎ᠠ ᠪᠣᠯᠣᠯᠭ᠎ᠠ᠎ᠲᠠᠢ᠎ᠪᠠᠷ ᠨᠢᠩᠪᠦ᠋ᠸᠸ᠎ᠳᠤ ᠰᠢᠨᠵᠢᠯᠡᠨ ᠪᠠᠢ᠌ᠴᠠᠭ᠋ᠠᠪᠠ᠃ ᠲᠡᠷᠡ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠳᠡ ᠵᠢ ᠴᠢᠨᠠᠭᠰᠢᠳᠠ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ ᠭᠡᠵᠡᠢ᠃


1.jpg


      ᠨᠢᠩᠪᠦ᠋ᠸᠧ ᠵᠢᠨ ᠵᠧᠦᠱ᠌ᠠᠨ ᠭᠠᠷᠠᠮ ᠪᠣᠯ ᠤᠯᠤᠰ᠎ᠤᠨ ᠳᠣᠲᠣᠭ᠋ᠠᠳᠤ ᠵᠢᠨ ᠥᠷᠭᠡᠨ ᠬᠡᠷᠡᠭᠴᠡᠭᠡᠨ᠎ᠤ ᠲᠠᠸᠠᠷ᠎ᠢ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ ᠪᠣᠯᠤᠨ᠎ᠠ᠃ ᠯᠢ ᠺᠸ ᠴᠢᠶᠠᠩ ᠭᠠᠷᠠᠮ᠎ᠤᠨ ᠠᠵᠢᠯᠯᠠᠭ᠎ᠠ ᠡᠵᠡᠩᠨᠡᠯᠲᠡ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠵᠢᠨ ᠬᠠᠨᠳᠤᠰᠢ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠲᠡᠷᠡ ᠬᠡᠯᠡᠬᠦ᠎ᠳᠤ᠎ᠪᠠᠨ᠂ ᠳᠡᠯᠡᠬᠡᠢ ᠵᠢᠨ ᠠᠵᠤ ᠠᠬᠤᠢ ᠵᠢᠨ ᠦᠶᠡᠯᠡᠯ᠎ᠤᠨ ᠴᠢᠨᠠᠷᠲᠠᠢ ᠬᠤᠪᠢᠷᠠᠯᠲᠠ ᠵᠢᠴᠢ ᠤᠯᠠᠨ ᠤᠯᠤᠰ᠎ᠤᠨ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠵᠢᠨ ᠬᠡᠯᠪᠡᠯᠵᠡᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠨᠡᠬᠡᠬᠡᠯᠳᠡ ᠬᠢᠬᠦ ᠵᠢ ᠪᠠᠷᠢᠮᠲᠠᠯᠠᠨ ᠥᠷᠭᠡᠳᠬᠡᠵᠦ᠂ ᠪᠣᠭᠣᠮᠲᠠ᠎ᠪᠠᠷ ᠥᠩᠭᠡᠷᠡᠬᠦ᠎ᠳᠤ ᠳᠥᠭᠥᠮ ᠦᠵᠡᠭᠦᠯᠬᠦ ᠵᠢ ᠤᠯᠠᠮ ᠴᠢᠨᠠᠭᠰᠢᠳᠠ ᠠᠬᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠲᠠᠢ ᠨᠡᠩ ᠰᠠᠶ᠋ᠢᠲᠤᠷ ᠠᠭᠤᠰᠤᠯᠴᠠᠵᠤ᠂ ᠴᠢᠯᠥᠭᠡᠲᠡᠢ ᠡᠷᠬᠡ ᠲᠡᠭᠰᠢ ᠠᠷᠠᠯᠵᠢᠶ᠎ᠠ ᠵᠢ ᠥᠷᠨᠢᠭᠦᠯᠵᠦ᠂ ᠬᠣᠶᠠᠷ ᠵᠠᠬ᠎ᠠ ᠳᠡᠯᠭᠡᠭᠦᠷ᠂ ᠬᠣᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠪᠦᠲᠦᠮᠵᠢᠲᠡᠢ ᠠᠰᠢᠭᠯᠠᠬᠤ ᠬᠡᠷᠡᠭᠲᠡᠢ ᠭᠡᠵᠡᠢ᠃ ᠲᠡᠷᠡ ᠪᠠᠰᠠ᠂ ᠨᠢᠩᠪᠦ᠋ᠸᠧ ᠵᠢᠨ ᠵᠧᠦᠱ᠌ᠠᠨ ᠭᠠᠷᠠᠮ ᠣᠷᠣᠨ ᠪᠠᠢ᠌ᠷᠢᠰᠢᠯ᠂ ᠠᠶᠠᠯᠠᠯ᠎ᠤᠨ ᠵᠠᠮ ᠪᠣᠯᠤᠨ ᠮᠥᠷᠡᠨ ᠲᠠᠩᠭᠢᠰ᠎ᠤᠨ ᠬᠠᠮᠲᠤᠷᠠᠭᠰᠠᠨ ᠲᠡᠭᠡᠭᠡᠪᠦᠷᠢ ᠵᠡᠷᠭᠡ ᠳᠠᠪᠠᠭᠤᠯᠢᠭ ᠵᠶ᠋ᠠᠨ ᠰᠠᠶ᠋ᠢᠲᠤᠷ ᠪᠠᠳᠠᠷᠠᠭᠤᠯᠵᠤ᠂ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠬᠦ ᠡᠨᠡ ᠬᠦ᠌ ᠠᠵᠢᠯ ᠵᠶ᠋ᠠᠨ ᠱᠠᠯᠠᠪᠳᠠᠨ ᠰᠠᠶ᠋ᠢᠲᠤᠷ ᠬᠢᠵᠦ᠂ ᠵᠠᠬ᠎ᠠ ᠳᠡᠯᠭᠡᠭᠦᠷᠴᠢᠯᠡᠬᠦ ᠠᠷᠭ᠎ᠠ᠎ᠪᠠᠷ ᠥᠷᠭᠡᠨ ᠬᠡᠷᠡᠭᠴᠡᠭᠡᠨ᠎ᠤ ᠲᠠᠸᠠᠷ᠎ᠢ ᠭᠠᠳᠠᠭ᠋ᠠᠳᠤ᠎ᠠᠴᠠ ᠣᠷᠣᠭᠤᠯᠬᠤ᠂ ᠬᠠᠳᠠᠭ᠋ᠠᠯᠠᠵᠤ ᠵᠥᠭᠡᠭᠡᠪᠦᠷᠢᠯᠡᠬᠦ᠂ ᠠᠷᠠᠯᠵᠢᠶᠠᠯᠠᠬᠤ ᠠᠵᠢᠯ᠎ᠢ ᠰᠠᠶ᠋ᠢᠲᠤᠷ ᠬᠢᠵᠦ᠂ ᠳᠡᠯᠡᠬᠡᠢ ᠵᠢᠨ ᠠᠵᠤ ᠠᠬᠤᠢ ᠵᠢᠨ ᠢᠷᠡᠭᠡᠳᠦᠢ ᠵᠢᠨ ᠦᠶᠡᠯᠡᠯ᠎ᠤᠨ ᠴᠢᠨᠠᠷᠲᠠᠢ ᠬᠡᠯᠪᠡᠯᠵᠡᠯ᠎ᠢ ᠠᠷᠭ᠋ᠠᠴᠠᠭ᠋ᠠᠬᠤ᠂ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠪᠤᠷᠢᠵᠢᠭᠤᠯᠬᠤ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃


2.jpg


      ᠯᠢ ᠺᠸ ᠴᠢᠶᠠᠩ ᠭᠠᠷᠠᠮ ᠲᠣᠭᠣᠷᠢᠭ᠎ᠤᠨ ᠪᠠᠷᠠᠭ᠋ᠠᠨ᠎ᠤ ᠲᠡᠷᠭᠡ ᠵᠢᠨ ᠵᠢᠯᠣᠭᠣᠴᠢ ᠨᠠᠷ᠎ᠲᠠᠢ ᠶᠠᠷᠢᠯᠴᠠᠵᠤ᠂ ᠶᠠᠮᠠᠷ ᠬᠦᠴᠢᠷᠳᠡᠯ᠎ᠲᠠᠢ ᠪᠠᠶ᠋ᠢᠬᠤ ᠵᠢ ᠠᠰᠠᠭᠤᠪᠠ᠃ ᠵᠠᠷᠢᠮ ᠵᠢᠯᠣᠭᠣᠴᠢ᠎ᠠᠴᠠ ᠪᠠᠷᠠᠭ᠋ᠠᠨ᠎ᠤ ᠲᠡᠭᠡᠭᠡᠪᠦᠷᠢ ᠵᠢᠨ ᠬᠢᠷᠢ ᠬᠡᠮ᠎ᠤᠨ ᠦᠨᠡᠮᠯᠡᠯ᠎ᠳᠤ ᠵᠢᠯ᠎ᠤᠨ ᠰᠢᠯᠭ᠋ᠠᠨ ᠪᠠᠶ᠋ᠢᠴᠠᠭ᠋ᠠᠯᠲᠠ ᠬᠢᠬᠦ᠎ᠳᠤ ᠡᠷᠦᠬᠡ ᠠᠮᠠ ᠵᠢᠨ ᠬᠠᠷᠢᠶ᠎ᠠ ᠭᠠᠵᠠᠷ᠎ᠲᠤ᠎ᠪᠠᠨ ᠪᠣᠴᠠᠬᠤ᠎ᠨᠢ ᠮᠠᠰᠢ ᠳᠥᠭᠥᠮ ᠦᠭᠡᠢ ᠭᠡᠵᠦ ᠲᠤᠰᠬᠠᠪᠠ᠃ ᠯᠢ ᠺᠸ ᠴᠢᠶᠠᠩ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠤ ᠵᠦᠶ ᠵᠣᠬᠢᠰᠲᠠᠶ ᠬᠦᠰᠡᠯ ᠱᠠᠭ᠋ᠠᠷᠳᠠᠯᠭ᠎ᠠ᠎ᠳᠤ ᠬᠠᠷᠢᠭᠤᠯᠲᠠ ᠥᠭᠴᠦ᠂ ᠡᠨᠡ ᠵᠢᠯ᠎ᠤᠨ ᠳᠣᠲᠣᠷ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃ ᠲᠡᠷᠡ ᠬᠠᠮᠲᠤ ᠶᠠᠪᠤᠭ᠎ᠠ ᠨᠥᠬᠥᠳ᠎ᠲᠤ᠎ᠪᠠᠨ ᠨᠢᠭᠡᠳᠦᠭᠡᠷ ᠹᠷᠣᠨᠲ᠎ᠤᠨ ᠠᠵᠢᠯᠴᠢᠨ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠪᠣᠯᠤᠨ ᠵᠢᠵᠢᠭ ᠪᠢᠴᠢᠯ ᠠᠵᠤ ᠠᠬᠤᠶ᠋ᠢᠯᠠᠯ᠎ᠤᠨ ᠰᠠᠨᠠᠯ᠎ᠢ ᠢᠯᠡᠭᠦᠬᠡᠨ ᠰᠣᠨᠣᠰᠴᠤ᠂ ᠳᠡᠳᠡᠨ᠎ᠤ ᠬᠦᠴᠢᠷᠳᠡᠯ᠎ᠢ ᠴᠢᠳᠠᠬᠤ ᠵᠢᠨ ᠬᠢᠷᠢ᠎ᠪᠠᠷ ᠬᠠᠪᠰᠤᠷᠤᠨ ᠰᠢᠢ᠍ᠳᠪᠦᠷᠢᠯᠡᠵᠦ ᠥᠭᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠭᠣᠣᠯ ᠴᠣᠭᠴᠠ ᠰᠠᠶ᠋ᠢᠵᠢᠷᠠᠪᠠᠯ᠂ ᠤᠯᠤᠰ ᠣᠷᠣᠨ ᠳᠠᠷᠤᠶ ᠬᠥᠭᠵᠢᠨ ᠪᠠᠳᠠᠷᠠᠬᠤ ᠪᠣᠯᠤᠨ᠎ᠠ ᠭᠡᠵᠦ ᠵᠠᠬᠢᠭᠰᠠᠨ ᠪᠠᠢ᠌ᠨ᠎ᠠ᠃


3.jpg


      ᠨᠢᠩᠪᠦ᠋ᠸᠧ ᠵᠢᠨ ᠴᠢᠳᠠᠪᠤᠷᠢᠲᠠᠨ᠎ᠤ ᠵᠠᠬ᠎ᠠ ᠳᠡᠯᠭᠡᠭᠦᠷ᠎ᠲᠤ᠂ ᠯᠢ ᠺᠸ ᠴᠢᠶᠠᠩ ᠲᠤᠬᠠᠢ ᠵᠢᠨ ᠭᠠᠵᠠᠷ᠎ᠤᠨ ᠠᠵᠢᠯ ᠣᠯᠭᠣᠯᠲᠠ ᠵᠢ ᠠᠬᠢᠭᠤᠯᠵᠤ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠦᠨᠳᠦᠰᠦᠨ ᠡᠷᠬᠡ ᠠᠰᠢᠭ᠎ᠢ ᠪᠠᠲᠤᠯᠠᠬᠤ ᠬᠠᠶ᠋ᠢᠨ ᠰᠦᠪᠡᠭᠴᠢᠯᠡᠯᠳᠡ᠎ᠳᠤ ᠨᠤᠲᠠᠯᠠᠯᠲᠠ ᠥᠭᠴᠦ ᠪᠠᠶ᠋ᠢᠬᠤ᠎ᠪᠠᠨ ᠢᠯᠡᠳᠬᠡᠪᠡ᠃ ᠯᠢ ᠺᠸ ᠴᠢᠶᠠᠩ ᠠᠵᠢᠯ ᠡᠷᠢᠭᠰᠡᠳ᠎ᠲᠠᠢ ᠶᠠᠷᠢᠯᠴᠠᠵᠤ᠂ ᠲᠡᠳᠡᠨ᠎ᠢ ᠤᠷ᠎ᠠ ᠮᠡᠷᠭᠡᠵᠢᠯ ᠰᠠᠶ᠋ᠢᠨ ᠰᠤᠷᠬᠤ ᠬᠡᠷᠡᠭᠲᠡᠶ ᠭᠡᠵᠦ ᠵᠣᠷᠢᠭᠵᠢᠭᠤᠯᠵᠠᠶ᠃ ᠲᠡᠷᠡ ᠠᠵᠢᠯ ᠡᠷᠢᠵᠦ ᠪᠠᠶ᠋ᠢᠭ᠎ᠠ ᠤᠶᠤᠲᠠᠳ᠎ᠲᠠᠢ ᠰᠣᠯᠢᠯᠴᠠᠨ ᠶᠠᠷᠢᠯᠴᠠᠬᠤ᠎ᠳᠤ᠎ᠪᠠᠨ᠂ ᠵᠠᠰᠠᠭ᠎ᠤᠨ ᠣᠷᠳᠣᠨ᠎ᠠᠴᠠ ᠠᠵᠢᠯ ᠣᠯᠭᠣᠯᠲᠠ ᠵᠢ ᠠᠬᠢᠭᠤᠯᠬᠤ ᠨᠠᠩ ᠣᠯᠠᠨ ᠲᠠᠪᠴᠠᠩ ᠬᠠᠩᠭ᠋ᠠᠵᠤ ᠥᠭᠬᠦ ᠪᠣᠯᠣᠨ᠎ᠠ᠃ ᠲᠠ ᠨᠠᠷ᠎ᠤᠨ ᠳᠣᠲᠣᠷ᠎ᠠ ᠴᠥᠭᠡᠨ ᠪᠤᠰᠤ ᠬᠥᠮᠥᠨ ᠢᠷᠡᠭᠡᠳᠦᠶ᠎ᠳᠤ ᠠᠳᠠᠯ ᠦᠢ᠍ᠯᠡᠰ ᠴᠣᠭᠴᠠᠯᠠᠬᠤ ᠪᠣᠳᠣᠯ᠎ᠲᠠᠢ ᠪᠠᠶ᠋ᠢᠨ᠎ᠠ᠂ ᠮᠥᠨ ᠴᠦ᠍ ᠠᠯᠤᠰ ᠬᠡᠳᠦ ᠵᠢᠨ ᠬᠦᠰᠡᠯ ᠵᠣᠷᠢᠯᠲᠠ᠎ᠲᠠᠢ ᠪᠠᠢ᠌ᠨ᠎ᠠ᠂ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠶᠡᠬᠡ ᠦᠢ᠍ᠯᠡᠰ᠎ᠢ ᠡᠭᠦᠳᠦᠨ ᠪᠦᠲᠦᠭᠡᠬᠦ ᠵᠢ ᠬᠦᠰᠡᠵᠦ ᠪᠠᠶ᠋ᠢᠨ᠎ᠠ ᠭᠡᠵᠡᠢ᠃


4.jpg


      ᠯᠸ ᠭ᠋ᠸ ᠺᠣᠮᠫᠠᠨᠢ᠎ᠳᠤ᠂ ᠯᠢ ᠺᠸ ᠴᠢᠶᠠᠩ ᠰᠢᠨ᠎ᠡ ᠡᠭᠦᠳᠦᠯᠲᠡ ᠵᠢᠨ ᠦᠢ᠍ᠯᠡᠳᠬᠦᠨ᠎ᠢ ᠪᠠᠶ᠋ᠢᠴᠠᠭ᠋ᠠᠨ ᠦᠵᠡᠵᠦ᠂ ᠺᠣᠮᠫᠠᠨᠢ ᠵᠢᠨ ᠧᠦ᠋ᠷᠣᠫᠠ᠎ᠳᠠᠬᠢ ᠬᠢᠯᠢ ᠵᠢᠨ ᠭᠠᠳᠠᠨᠠᠬᠢ ᠬᠥᠮᠥᠷᠭᠡ ᠵᠢᠨ ᠠᠵᠢᠯᠲᠠᠳ᠎ᠲᠠᠢ ᠸᠢᠳᠢᠣ᠋᠎ᠪᠠᠷ ᠰᠠᠨᠠᠯ ᠵᠶ᠋ᠠᠨ ᠰᠣᠯᠢᠯᠴᠠᠵᠤ᠂ ᠠᠵᠤ ᠠᠬᠤᠶ᠋ᠢᠯᠠᠯ᠎ᠤᠨ ᠬᠡᠷᠡᠭᠯᠡᠭᠴᠢᠳ᠎ᠤᠨ ᠬᠦᠷᠢᠶᠡᠯᠡᠯ᠎ᠢ ᠣᠯᠤᠭᠰᠠᠨ ᠰᠢᠨ᠎ᠡ ᠦᠢ᠍ᠯᠡᠳᠬᠦᠨ᠎ᠢ ᠢᠯᠡᠭᠦᠬᠡᠨ ᠨᠡᠭᠡᠭᠡᠨ ᠬᠥᠭᠵᠢᠭᠦᠯᠵᠦ᠂ ᠰᠢᠨ᠎ᠡ ᠬᠥᠳᠡᠯᠭᠡᠬᠦ ᠬᠦᠴᠦᠨ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠬᠢᠯᠢ ᠵᠢᠨ ᠭᠠᠳᠠᠨᠠᠬᠢ ᠬᠥᠮᠥᠷᠭᠡ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠨᠡᠩ ᠤᠯᠠᠨ ᠤᠯᠤᠰ᠎ᠤᠨ ᠳᠣᠲᠣᠭ᠋ᠠᠳᠤ ᠵᠢᠨ ᠦᠢ᠍ᠯᠡᠳᠬᠦᠨ᠎ᠢ ᠲᠠᠢ᠍ᠢ᠍ᠴᠢᠯᠠᠨ ᠳᠡᠯᠡᠬᠡᠢ ᠵᠢᠨ ᠵᠠᠬ᠎ᠠ ᠳᠡᠯᠭᠡᠭᠦᠷ᠎ᠢ ᠥᠷᠭᠡᠳᠬᠡᠬᠦ ᠬᠡᠷᠡᠭᠲᠡᠢ ᠭᠡᠵᠦ ᠰᠢᠮᠳᠠᠭᠤᠯᠤᠨ ᠵᠣᠷᠢᠭᠵᠢᠭᠤᠯᠪᠠ᠃


5.jpg


      ᠯᠢ ᠺᠸ ᠴᠢᠶᠠᠩ ᠠᠷᠪᠠ ᠭᠠᠷᠤᠢ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠰᠣᠯᠢᠯᠴᠠᠵᠤ᠂ ᠳᠡᠭᠡᠳᠦ ᠤᠷᠤᠰᠬᠠᠯ᠎ᠤᠨ ᠲᠦᠭᠦᠬᠡᠢ ᠮᠠᠲ᠋ᠧᠷᠢᠶᠠᠯ᠎ᠤᠨ ᠦᠨ᠎ᠡ ᠬᠠᠩᠰᠢ ᠵᠢᠨ ᠬᠤᠪᠢᠷᠠᠯᠲᠠ ᠵᠡᠷᠭᠡ ᠵᠢᠨ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠦᠵᠡᠭᠦᠯᠵᠦ ᠪᠠᠢ᠌ᠭ᠎ᠠ ᠨᠥᠯᠥᠭᠡ ᠵᠢ ᠣᠶ᠋ᠢᠯᠠᠭ᠋ᠠᠪᠠ᠃ ᠲᠡᠷᠡ ᠬᠡᠯᠡᠬᠦ᠎ᠳᠤ᠎ᠪᠠᠨ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠬᠠᠩᠰᠢ ᠵᠢᠨ ᠥᠰᠥᠯᠲᠡ᠎ᠨᠢ ᠲᠣᠮᠣ  ᠳᠤᠮᠳᠠ ᠦᠢ᠍ᠯᠡᠳᠬᠡᠯ᠎ᠤᠨ ᠠᠵᠤ ᠠᠬᠤᠶ᠋ᠢᠯᠠᠯ᠎ᠳᠤ ᠬᠡᠲᠦ ᠶᠡᠬᠡ ᠳᠠᠷᠤᠯᠲᠠ ᠤᠴᠠᠷᠠᠭᠤᠯᠬᠤ᠎ᠪᠠᠷ ᠪᠠᠷᠠᠬᠤ ᠥᠬᠡᠶ᠂ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠵᠢ ᠴᠦ᠍ ᠨᠥᠯᠥᠭᠡᠯᠡᠵᠦ᠂ ᠳᠣᠤᠷᠠᠳᠤ ᠤᠷᠤᠰᠬᠠᠯ ᠵᠦᠭ ᠳᠠᠮᠵᠢᠭᠳᠠᠪᠠᠯ ᠬᠡᠷᠡᠭᠯᠡᠭᠡ ᠵᠢ ᠴᠦ᠍ ᠨᠥᠯᠥᠭᠡᠯᠡᠬᠦ ᠪᠣᠯᠤᠨ᠎ᠠ᠃ ᠡᠶ᠋ᠢᠮᠦ᠎ᠠᠴᠠ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ᠂ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡ ᠵᠡᠷᠭᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠰᠠᠶ᠋ᠢᠲᠤᠷ ᠠᠰᠢᠭᠯᠠᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢ ᠴᠢᠩᠭ᠋ᠠᠳᠬᠠᠨ᠂ ᠦᠨ᠎ᠡ ᠬᠠᠩᠰᠢ ᠵᠢᠨ ᠥᠰᠥᠯᠲᠡ ᠵᠢᠨ ᠳᠣᠤᠷᠠᠳᠤ ᠤᠷᠤᠰᠬᠠᠯ ᠵᠦᠭ ᠳᠠᠮᠵᠢᠭᠳᠠᠬᠤ ᠵᠢ ᠴᠢᠷᠮᠠᠶ᠋ᠢᠨ ᠪᠠᠭ᠋ᠠᠰᠬᠠᠬᠤ ᠬᠡᠷᠡᠭᠲᠡᠶ᠃ ᠠᠵᠤ ᠠᠬᠤᠶ᠋ᠢᠯᠠᠯ ᠴᠤ᠌ ᠲᠠᠯᠳᠠ ᠬᠦᠴᠦᠨ ᠵᠶ᠋ᠡᠨ ᠠᠭᠤᠳᠠᠯᠬᠤ ᠪᠠ ᠰᠢᠨ᠎ᠡ ᠵᠢ ᠡᠭᠦᠳᠴᠦ ᠪᠠᠶ᠋ᠢᠭ᠋ᠠᠳ ᠥᠪᠡᠷ᠎ᠤᠨ ᠦᠷᠳᠡᠭ᠎ᠤᠨ ᠳᠠᠷᠤᠯᠲᠠ ᠵᠢ ᠬᠥᠩᠭᠡᠷᠡᠭᠦᠯᠵᠦ᠂ ᠥᠷᠢᠰᠥᠯᠳᠦᠬᠦ ᠬᠦᠴᠦᠨ ᠵᠶ᠋ᠠᠨ ᠳᠡᠭᠡᠭᠰᠢᠯᠡᠭᠦᠯᠬᠦ ᠵᠢ ᠴᠢᠬᠤᠯᠠᠴᠢᠯᠠᠬᠤ ᠬᠡᠷᠡᠭᠲᠡᠶ ᠭᠡᠵᠡᠢ᠃


6.jpg


      ᠶᠢᠨᠵᠸᠦ ᠲᠣᠭᠣᠷᠢᠭ᠎ᠤᠨ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠲᠥᠪ᠎ᠲᠤ᠂ ᠯᠢ ᠺᠸ ᠴᠢᠶᠠᠩ ᠮᠤᠵᠢ ᠬᠤᠳᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠭᠰᠡᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠡᠳᠡᠨ᠎ᠤ ᠠᠵᠤ ᠠᠬᠤᠶ᠋ᠢᠯᠠᠯ ᠪᠠ ᠤᠯᠠᠨ ᠲᠦᠮᠡᠨ᠎ᠳᠤ ᠲᠦᠬᠦᠮ ᠦᠵᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠶᠡᠬᠡ ᠬᠡᠮᠵᠢᠶ᠎ᠡ᠎ᠪᠠᠷ ᠨᠡᠮᠡᠭᠳᠡᠬᠦ ᠵᠢ ᠠᠬᠢᠭᠤᠯᠤᠭᠰᠠᠨ ᠠᠷᠭ᠎ᠠ ᠬᠢᠳᠡᠯ᠎ᠳᠤ ᠨᠤᠲᠠᠯᠠᠯᠲᠠ ᠥᠭᠪᠡ᠃ ᠲᠡᠷᠡ ᠲᠤᠬᠠᠢ ᠵᠢᠨ ᠲᠠᠯᠠᠪᠠᠢ᠎ᠳᠤ ᠠᠵᠤ ᠠᠬᠤᠶ᠋ᠢᠯᠠᠯ᠎ᠤᠨ ᠳᠠᠩᠰᠠᠯᠠᠭᠤᠯᠤᠯᠲᠠ᠂ ᠭᠠᠶ᠋ᠢᠯᠢ ᠵᠢᠨ ᠶᠠᠪᠤᠳᠠᠯ᠎ᠢ ᠭᠦᠢ᠍ᠴᠡᠳᠬᠡᠵᠦ ᠪᠠᠶ᠋ᠢᠭ᠎ᠠ ᠤᠯᠠᠨ ᠲᠦᠮᠡᠨ᠎ᠲᠠᠢ ᠰᠠᠨᠠᠯ ᠵᠶ᠋ᠠᠨ ᠰᠣᠯᠢᠯᠴᠠᠪᠠ᠃ ᠲᠡᠷᠡ ᠬᠡᠯᠡᠬᠦ᠎ᠳᠤ᠎ᠪᠠᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠬᠥᠭᠵᠢᠯᠲᠡ ᠵᠢᠨ ᠰᠠᠭᠤᠷᠢ ᠮᠥᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠬᠢᠵᠦ ᠪᠠᠢ᠌ᠭ᠎ᠠ᠎ᠨᠢ ᠳᠠᠷᠤᠶ ᠲᠠ ᠨᠠᠷ᠎ᠤᠨ ᠬᠦᠴᠢᠷ ᠲᠦᠪᠡᠭᠲᠡᠶ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠶᠤᠮ᠃ ᠤᠴᠢᠷ ᠶᠠᠪᠤᠳᠠᠯ᠎ᠢ ᠰᠢᠢ᠍ᠳᠪᠦᠷᠢᠯᠡᠬᠦ᠎ᠳᠤ 《ᠬᠠᠮᠤᠭ᠎ᠤᠨ ᠣᠯᠠᠨ᠎ᠳᠤ᠎ᠪᠠᠨ ᠨᠢᠭᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠬᠦ᠎ᠪᠠᠷ ᠪᠠᠷᠠᠬᠤ ᠥᠬᠡᠶ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ᠎ᠪᠠᠷ ᠳᠠᠮᠵᠢᠭᠤᠯᠤᠨ ᠪᠠᠢ᠌ᠩᠭᠤ ᠵᠢᠨ ᠮᠡᠳᠡᠭᠡ ᠵᠠᠩᠭᠢ ᠵᠢ 《ᠬᠠᠮᠤᠭ᠎ᠤᠨ ᠣᠯᠠᠨ᠎ᠳᠤ᠎ᠪᠠᠨ ᠨᠢᠭᠡ ᠤᠳᠠᠭ᠎ᠠ ᠮᠡᠳᠡᠭᠦᠯᠬᠦ》 ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠶ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠶ᠋ᠢᠯᠠᠯ ᠪᠠ ᠤᠯᠠᠨ ᠲᠦᠮᠡᠨ᠎ᠤ ᠤᠴᠢᠷ ᠶᠠᠪᠤᠳᠠᠯ ᠰᠢᠢ᠍ᠳᠪᠦᠷᠢᠯᠡᠬᠦ᠎ᠳᠤ ᠨᠡᠩ ᠲᠦᠭᠦᠮ ᠪᠣᠯᠭ᠋ᠠᠵᠤ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠢ ᠨᠡᠩ ᠡᠷᠬᠡ ᠲᠡᠭᠰᠢ ᠪᠠᠢ᠌ᠯᠭ᠋ᠠᠬᠤ ᠬᠡᠷᠡᠭᠲᠡᠢ ᠭᠡᠵᠡᠢ᠃
      ᠯᠢ ᠺᠸ ᠴᠢᠶᠠᠩ ᠵᠧᠵᠢᠶᠠᠩ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠵᠤ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠣᠰᠢᠭᠤᠴᠢᠯᠠᠨ ᠠᠵᠢᠯᠯᠠᠨ ᠰᠢᠨ᠎ᠡ ᠵᠢ ᠡᠭᠦᠳᠴᠦ᠂ ᠵᠣᠷᠢᠭᠲᠠᠢ᠎ᠪᠠᠷ ᠭᠠᠪᠰᠢᠭ᠋ᠠᠢ᠌ᠯᠠᠨ ᠤᠷᠤᠭᠰᠢᠯᠠᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠨᠡᠩ ᠶᠡᠬᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠬᠦᠰᠡᠵᠦ ᠪᠠᠢ᠌ᠨ᠎ᠠ ᠭᠡᠪᠡ᠃
      ᠰᠢᠶᠤᠤ ᠵᠢᠶᠸ᠂ ᠡᡁᠸ ᠯᠢ ᠹᠸᠩ ᠪᠠᠷ᠎ᠠ ᠪᠤᠯᠵᠤ ᠰᠢᠨᠵᠢᠯᠡᠨ ᠪᠠᠶ᠋ᠢᠴᠠᠭ᠋ᠠᠪᠠ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠡᠪᠯᠡᠯ ᠡᠬᠢᠯᠡᠭᠰᠡᠨ 40 ᠵᠢᠯ᠎ᠤᠨ ᠤᠢ᠎ᠳᠤ ᠵᠠᠬᠢᠳᠠᠯ ᠢᠯᠡᠭᠡᠵᠦ ᠪᠠᠶᠠᠷ ᠬᠦᠷᠭᠡᠬᠦ᠎ᠳᠡᠭᠡᠨ ᠴᠢᠬᠤᠯᠠᠴᠢᠯᠠᠭᠰᠠᠨ᠎ᠨᠢ ᠦᠨᠡᠨ ᠪᠣᠳᠠᠲᠠᠢ ᠪᠣᠰᠣᠭ᠎ᠠ ᠴᠣᠭᠴᠠᠲᠤ ᠪᠦᠬᠦ ᠲᠠᠯ᠎ᠠ ᠵᠢᠨ ᠳᠤᠮᠳᠠᠳᠤ ᠤᠯᠤᠰ᠎ᠢ ᠨᠡᠩ ᠰᠠᠶ᠋ᠢᠲᠤᠷ ᠢᠯᠡᠷᠡᠭᠦᠯᠵᠦ ᠳᠤᠮᠳᠠᠳᠤ ᠤᠯᠤᠰ ᠪᠠ ᠳᠡᠯᠡᠬᠡᠢ ᠵᠢᠨ ᠰᠣᠯᠢᠯᠴᠠᠭ᠎ᠠ ᠤᠯᠤᠯᠴᠠᠭ᠎ᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ
ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ
 
            