ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠵᠡᠷᠭᠡ ᠵᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2021-05-27

       ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
      ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠲᠤᠬᠠᠶ ᠪᠠᠶ᠋ᠢᠷᠢᠯᠠᠭᠤᠯᠪᠠ
      ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠶ ᠭᠣᠭᠴᠤᠭ᠎ᠠ ᠵᠢ ᠴᠢᠩᠭ᠋ᠠᠳᠬᠠᠬᠤ ᠠᠷᠭ᠎ᠠ ᠵᠢ ᠲᠣᠭᠲᠠᠭ᠋ᠠᠪᠠ


      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 5 ᠳ᠋ᠤᠭ᠋ᠠᠷ ᠰᠠᠷ᠎ᠠ ᠵᠢᠨ 26᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ ᠵᠶ᠋ᠠᠨ ᠰᠢᠢ᠍ᠳᠪᠦᠷᠢᠯᠡᠬᠦ ᠪᠠ ᠬᠥᠭᠵᠢᠬᠦ ᠵᠢ ᠤᠯᠠᠮ ᠨᠢᠭᠡ ᠠᠯᠬᠤᠮ ᠳᠡᠮᠵᠢᠬᠦ ᠲᠤᠬᠠᠶ ᠪᠠᠶ᠋ᠢᠷᠢᠯᠠᠭᠤᠯᠵᠤ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠶ ᠭᠣᠭᠴᠤᠭ᠎ᠠ ᠵᠢ ᠴᠢᠩᠭ᠋ᠠᠳᠬᠠᠬᠤ ᠠᠷᠭ᠎ᠠ ᠵᠢ ᠲᠣᠭᠲᠠᠭ᠋ᠠᠪᠠ᠃
      ᠬᠤᠷᠠᠯ᠎ᠠᠴᠠ ᠵᠢᠭ᠋ᠠᠬᠤ᠎ᠳᠤ᠎ᠪᠠᠨ᠂ ᠬᠡᠮᠵᠢᠶ᠎ᠡ᠎ᠪᠠᠷ ᠶᠡᠬᠡ ᠬᠡᠪᠴᠢᠶ᠎ᠡ᠎ᠪᠠᠷ ᠥᠷᠭᠡᠨ ᠵᠢᠵᠢᠭ ᠪᠢᠴᠢᠯ ᠠᠵᠤ ᠠᠬᠤᠶ᠋ᠢᠯᠠᠯ ᠪᠣᠯᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠣᠯ ᠮᠠᠨ᠎ᠤ ᠤᠯᠤᠰ᠎ᠤᠨ ᠠᠵᠤ ᠠᠬᠤᠢ ᠵᠢᠨ ᠤᠶᠠᠨ ᠬᠠᠳᠠᠨ ᠴᠢᠨᠠᠷ᠂ ᠠᠵᠢᠯ ᠣᠯᠭᠣᠯᠲᠠ ᠵᠢᠨ ᠤᠶᠠᠨ ᠬᠠᠳᠠᠨ ᠴᠢᠨᠠᠷ᠎ᠤᠨ ᠴᠢᠬᠤᠯᠠ ᠲᠤᠯᠭ᠋ᠠᠭᠤᠷᠢᠯᠠᠯ ᠪᠣᠯᠤᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠣᠶ᠋ᠢᠷ᠎ᠠ ᠵᠢᠨ ᠵᠢᠯ᠎ᠤᠳ᠎ᠲᠤ

《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠬᠤ᠎ᠪᠠᠷ ᠳᠡᠮᠵᠢᠨ᠂ ᠢᠯᠠᠩᠭᠤᠶ᠎ᠠ ᠨᠢᠳᠤᠨᠤᠨ ᠵᠢᠯ ᠠᠯᠢ ᠣᠯᠠᠨ ᠬᠦᠴᠢᠷᠳᠡᠯ᠎ᠢ ᠰᠢᠢ᠍ᠳᠪᠦᠷᠢᠯᠡᠬᠦ ᠲᠦᠭᠡᠮᠡᠯ ᠬᠠᠷᠠᠭ᠋ᠠᠯᠵᠠᠯᠲᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠬᠦᠴᠦᠲᠡᠶ ᠠᠬᠢᠭᠤᠯᠤᠭᠰᠠᠨ ᠪᠠᠶ᠋ᠢᠨ᠎ᠠ᠃ 4 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠤᠯᠤᠰ᠎ᠤᠨ ᠵᠢᠵᠢᠭ ᠪᠢᠴᠢᠯ ᠠᠵᠤ ᠠᠬᠤᠶ᠋ᠢᠯᠠᠯ᠎ᠤᠨ ᠶᠡᠷᠦᠩᠬᠡᠢ ᠲᠣᠭ᠎ᠠ 4400 ᠲᠦᠮᠡ ᠵᠢ ᠳᠠᠪᠠᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ 9500 ᠲᠦᠮᠡ ᠵᠢ ᠳᠠᠪᠠᠵᠤ᠂ ᠮᠠᠨ᠎ᠤ ᠤᠯᠤᠰ᠎ᠤᠨ ᠠᠵᠢᠯ ᠣᠯᠭᠣᠯᠲᠠ ᠵᠢᠨ ᠭᠣᠣᠯ ᠬᠦᠴᠦᠨ ᠪᠣᠯᠪᠠ᠃ ᠣᠳᠣᠬᠠᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶ᠋ᠢᠵᠤ᠂ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠦᠢ᠍ᠯᠡᠳᠪᠦᠷᠢᠯᠡᠯ ᠡᠵᠡᠩᠨᠡᠯᠲᠡ᠎ᠳᠤ ᠮᠥᠨ ᠬᠦ᠌ ᠬᠦᠴᠢᠷᠳᠡᠯ ᠲᠤᠯᠭ᠋ᠠᠷᠠᠵᠤ ᠪᠠᠶ᠋ᠢᠭ᠎ᠠ ᠪᠣᠯᠬᠣᠷ ᠦᠷᠭᠦᠯᠵᠢᠯᠡᠨ ᠴᠢᠭᠯᠡᠯᠲᠦ ᠴᠢᠨᠠᠷᠲᠠᠶ᠎ᠪᠠᠷ ᠳᠡᠮᠵᠢᠯᠭᠡ᠎ᠪᠠᠨ ᠴᠢᠩᠭ᠋ᠠᠳᠬᠠᠬᠤ ᠬᠡᠷᠡᠭᠲᠡᠶ᠃ ᠨᠢᠭᠡ᠎ᠳᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》᠂ 《ᠵᠢᠷᠭᠤᠭ᠎ᠠ ᠵᠢ ᠪᠠᠲᠤᠯᠠᠬᠤ》 ᠲᠦᠷᠦ ᠵᠢᠨ ᠪᠤᠳᠤᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠴᠢᠬᠤᠯᠠ ᠪᠦᠬᠦᠢ ᠳᠡᠮᠵᠢᠯᠭᠡ ᠵᠢᠨ ᠡᠷᠴᠢᠮ᠎ᠢ ᠪᠠᠲᠤᠯᠠᠬᠤ ᠬᠡᠷᠡᠭᠲᠡᠢ᠃ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠠᠷᠭ᠎ᠠ ᠬᠡᠮᠵᠢᠶ᠎ᠡ ᠵᠢ ᠪᠣᠲᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠢ ᠳᠡᠮᠵᠢᠬᠦ ᠲᠦᠭᠡᠮᠡᠯ ᠬᠠᠷᠠᠭ᠋ᠠᠯᠵᠠᠯᠲᠤ ᠮᠥᠩᠭᠥᠨ ᠭᠦᠢ᠍ᠯᠭᠡᠭᠡᠨ᠎ᠤ ᠡᠷᠴᠢᠮ᠎ᠢ ᠴᠢᠩᠭ᠋ᠠᠷᠠᠭᠤᠯᠵᠤ᠂ ᠢᠲᠡᠭᠡᠮᠵᠢᠲᠦ ᠵᠢᠭᠡᠯᠡᠯᠭᠡ᠂ ᠬᠠᠮᠤᠭ᠎ᠤᠨ ᠠᠩᠬᠠᠨ᠎ᠤ ᠵᠢᠭᠡᠯᠡᠯᠭᠡ᠂ ᠳᠤᠮᠳᠠ ᠪᠠ ᠣᠷᠳᠣ ᠬᠤᠭᠤᠴᠠᠭ᠋ᠠᠨ᠎ᠤ ᠵᠢᠭᠡᠯᠡᠯᠭᠡ᠂ ᠡᠬᠡ ᠮᠥᠩᠭᠥ ᠵᠢ ᠪᠤᠴᠠᠭ᠋ᠠᠬᠤ ᠥᠬᠡᠶ᠎ᠪᠠᠷ ᠦᠷᠭᠦᠯᠵᠢᠯᠡᠨ ᠵᠢᠭᠡᠯᠡᠬᠦ ᠵᠢᠭᠡᠯᠡᠯᠭᠡ ᠵᠡᠷᠭᠡ ᠵᠢᠨ ᠲᠤᠬᠠᠶ᠋ᠢᠯᠠᠭᠰᠠᠨ ᠠᠵᠢᠯ᠎ᠤᠨ ᠬᠡᠪᠴᠢᠶ᠎ᠡ ᠵᠢ ᠥᠷᠭᠡᠳᠬᠡᠬᠦ ᠵᠢ ᠬᠥᠲᠥᠯᠦᠨ ᠵᠢᠯᠣᠭᠣᠳᠴᠤ᠂ ᠴᠢᠯᠦᠭᠡᠲᠡᠢ ᠵᠢᠭᠡᠯᠡᠵᠦ ᠴᠢᠯᠦᠭᠡᠲᠡᠢ ᠪᠤᠴᠠᠭ᠋ᠠᠵᠤ ᠪᠣᠯᠬᠤ ᠵᠢᠭᠡᠯᠡᠯᠭᠡ ᠵᠢ ᠳᠡᠯᠭᠡᠷᠡᠭᠦᠯᠬᠦ ᠬᠡᠷᠡᠭᠲᠡᠢ᠃ ᠬᠤᠳᠠᠯᠳᠤᠭ᠋ᠠᠨ᠎ᠤ ᠭᠤᠪᠢᠭᠤᠯᠭ᠎ᠠ ᠵᠢᠨ ᠲᠡᠮᠳᠡᠭ᠎ᠤᠨ ᠭᠤᠪᠢᠭᠤᠯᠭ᠎ᠠ ᠳᠠᠭ᠋ᠠᠭ᠋ᠠᠬᠤ ᠬᠤᠭᠤᠴᠠᠭ᠎ᠠ ᠵᠢ 1 ᠵᠢᠯ ᠪᠠᠶ᠋ᠢᠭᠰᠠᠨ᠎ᠠᠴᠠ 6 ᠰᠠᠷ᠎ᠠ ᠪᠣᠯᠭ᠋ᠠᠨ ᠪᠣᠭᠣᠨᠢᠰᠬᠠᠬᠤ ᠵᠢ ᠰᠤᠳᠤᠯᠵᠤ᠂ ᠠᠵᠤ ᠠᠬᠤᠶ᠋ᠢᠯᠠᠯ᠎ᠤᠨ ᠵᠣᠭᠣᠰ ᠰᠠᠭ᠋ᠠᠲᠠᠭ᠋ᠠᠬᠤ ᠳᠠᠷᠤᠯᠲᠠ ᠵᠢ ᠬᠥᠩᠭᠡᠷᠡᠭᠦᠯᠬᠦ ᠬᠡᠷᠡᠭᠲᠡᠢ᠃ ᠬᠣᠶᠠᠷ᠎ᠲᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠠᠪᠰᠤᠷᠴᠤ ᠪᠠᠶ᠋ᠢᠭ᠋ᠠᠳ ᠳᠡᠭᠡᠳᠦ ᠤᠷᠤᠰᠬᠠᠯ᠎ᠤᠨ ᠲᠦᠭᠦᠬᠡᠶ ᠮᠠᠲ᠋ᠧᠷᠢᠶᠠᠯ᠎ᠤᠨ ᠦᠨ᠎ᠡ ᠵᠢᠨ ᠥᠰᠥᠯᠲᠡ ᠵᠢᠨ ᠨᠥᠯᠥᠭᠡ ᠵᠢ ᠠᠷᠭ᠋ᠠᠴᠠᠭ᠋ᠠᠬᠤ ᠬᠡᠷᠡᠭᠲᠡᠢ᠃ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠨ ᠭᠣᠤᠯᠳᠠᠯᠭ᠎ᠠ᠎ᠲᠠᠢ ᠠᠵᠢᠯ ᠲᠥᠷᠥᠯ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ ᠪᠠᠶ᠋ᠢᠭᠤᠯᠬᠤ᠎ᠳᠤ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷᠴᠢᠯᠡᠬᠦ ᠠᠷᠭ᠎ᠠ᠎ᠪᠠᠷ ᠳᠠᠮᠵᠢᠨ ᠬᠠᠩᠭ᠋ᠠᠯᠭ᠎ᠠ ᠵᠢᠨ ᠬᠡᠯᠬᠢᠶᠡᠨ᠎ᠤ ᠳᠡᠭᠡᠳᠦ ᠳᠣᠤᠷᠠᠳᠤ ᠤᠷᠤᠰᠬᠠᠯ᠎ᠤᠨ ᠲᠦᠭᠦᠬᠡᠶ ᠮᠠᠲ᠋ᠧᠷᠢᠶᠠᠯ᠎ᠤᠨ ᠬᠠᠩᠭ᠋ᠠᠯᠭ᠎ᠠ ᠵᠢ ᠲᠣᠭᠲᠠᠪᠤᠷᠢᠵᠢᠭᠤᠯᠬᠤ ᠪᠠ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠢᠵᠢ ᠪᠥᠷᠢᠳᠦᠭᠦᠯᠦᠨ ᠬᠠᠮᠵᠢᠯᠴᠠᠬᠤ ᠵᠢ ᠬᠥᠲᠥᠯᠦᠨ ᠵᠢᠯᠣᠭᠣᠳᠴᠤ᠂ ᠬᠠᠩᠭ᠋ᠠᠯᠭ᠎ᠠ ᠵᠢ ᠪᠠᠲᠤᠯᠠᠨ ᠦᠨ᠎ᠡ ᠵᠢ ᠲᠣᠭᠲᠠᠪᠤᠷᠢᠵᠢᠭᠤᠯᠬᠤ ᠬᠡᠷᠡᠭᠲᠡᠢ᠃ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠭᠰᠠᠨ᠂ ᠦᠨ᠎ᠡ ᠬᠠᠩᠰᠢ ᠵᠢ ᠲᠦᠷᠭᠢᠯᠳᠦᠨ ᠥᠰᠭᠡᠭᠰᠡᠨ ᠵᠡᠷᠭᠡ ᠠᠵᠢᠯᠯᠠᠭ᠎ᠠ᠎ᠳᠤ ᠴᠣᠬᠢᠯᠲᠠ ᠥᠭᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠲᠣᠭᠲᠠᠭ᠋ᠠᠯ ᠶᠣᠰᠣᠭ᠋ᠠᠷ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠨᠥᠬᠥᠪᠥᠷᠢ ᠣᠯᠭᠣᠬᠤ ᠵᠢ ᠳᠡᠮᠵᠢᠬᠦ ᠬᠡᠷᠡᠭᠲᠡᠢ᠃ ᠲᠠᠪᠴᠠᠩ᠎ᠢ ᠰᠢᠮᠳᠠᠭᠤᠯᠤᠨ ᠵᠢᠯᠣᠭᠣᠳᠴᠤ ᠪᠠᠶ᠋ᠢᠭ᠋ᠠᠳ ᠬᠡᠲᠦ ᠥᠨᠳᠥᠷ ᠰᠦᠢ᠍ᠳᠬᠡᠯ ᠬᠤᠷᠢᠶᠠᠬᠤ᠂ ᠬᠤᠪᠢᠳᠠᠨ ᠲᠠᠲᠠᠬᠤ ᠨᠤᠷᠮ᠎ᠠ ᠵᠢᠴᠢ ᠰᠢᠨ᠎ᠡ ᠬᠤᠳᠠᠯᠳᠤᠭ᠋ᠠᠨ᠎ᠤ ᠡᠷᠦᠬᠡ ᠵᠢᠨ ᠵᠠᠭᠤᠴᠢᠯᠠᠯ᠎ᠤᠨ ᠮᠥᠩᠭᠥ ᠪᠠ ᠲᠠᠨᠢᠯᠴᠠᠭᠤᠯᠬᠤ ᠰᠦᠢ᠍ᠳᠬᠡᠯ᠎ᠤᠨ ᠬᠠᠷᠢᠴᠠᠯ᠎ᠢ ᠪᠠᠭᠤᠷᠠᠭᠤᠯᠬᠤ ᠬᠡᠷᠡᠭᠲᠡᠢ᠃ ᠭᠤᠷᠪᠠ᠎ᠳᠤ᠂ ᠲᠥᠪ ᠭᠣᠣᠯᠴᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠭᠣᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠨᠢᠭᠡ ᠯᠡ ᠠᠳᠠᠯᠢ᠎ᠪᠠᠷ ᠬᠠᠨᠳᠤᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠭᠠᠳᠠᠭᠤᠷᠴᠢᠯᠠᠬᠤ᠂ ᠲᠡᠳᠡᠨ᠎ᠤ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠠᠵᠢᠯᠯᠠᠭ᠎ᠠ᠎ᠳᠤ ᠣᠷᠣᠯᠴᠠᠬᠤ ᠵᠢ ᠬᠠᠷᠰᠢᠯᠠᠬᠤ ᠲᠦᠷᠦ ᠵᠢᠨ ᠪᠤᠳᠤᠯᠭ᠎ᠠ ᠪᠠ ᠬᠠᠤᠯᠢ ᠲᠣᠭᠲᠠᠭ᠋ᠠᠯ᠎ᠢ ᠦᠭᠡᠢ᠌ᠰᠬᠡᠨ ᠬᠦᠴᠦᠨ ᠦᠭᠡᠢ ᠪᠣᠯᠭ᠋ᠠᠬᠤ ᠬᠡᠷᠡᠭᠲᠡᠢ᠃ ᠭᠠᠭᠴᠠᠭ᠋ᠠᠷ ᠡᠵᠡᠮᠰᠢᠯ᠎ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠵᠢ ᠭᠦᠨᠵᠡᠭᠡᠶ ᠠᠬᠢᠭᠤᠯᠵᠤ᠂ ᠳᠠᠪᠠᠭᠤᠯᠢᠭ ᠪᠠᠶ᠋ᠢᠷᠢ ᠰᠠᠭᠤᠷᠢ᠎ᠲᠠᠢ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠨᠣᠭᠳᠠᠯ ᠬᠤᠪᠢ ᠵᠢ ᠵᠠᠪᠳᠤᠨ ᠡᠵᠡᠯᠡᠬᠦ ᠵᠢᠨ ᠲᠥᠯᠥᠭᠡ ᠮᠠᠭᠤ ᠰᠠᠨᠠᠭ᠋ᠠᠯᠠᠵᠤ ᠨᠥᠬᠥᠪᠥᠷᠢ ᠥᠭᠬᠦ᠂ ᠳᠣᠣᠷ᠎ᠠ ᠦᠨ᠎ᠡ᠎ᠪᠠᠷ ᠬᠥᠨᠲᠥᠷᠦᠨ ᠪᠣᠷᠣᠯᠠᠭᠤᠯᠬᠤ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠳᠤᠷ᠎ᠠ᠎ᠪᠠᠷ ᠰᠦᠢ᠍ᠳᠬᠡᠯ ᠬᠤᠷᠢᠶᠠᠬᠤ ᠪᠠ ᠳᠤᠷ᠎ᠠ᠎ᠪᠠᠷ ᠵᠣᠭᠣᠰ ᠲᠣᠷᠭ᠋ᠠᠬᠤ ᠡᠯ᠎ᠡ ᠵᠦᠢ᠍ᠯ᠎ᠤᠨ ᠠᠵᠢᠯᠯᠠᠭ᠎ᠠ ᠵᠢ ᠴᠡᠭᠴᠡᠯᠡᠨ ᠵᠠᠰᠠᠬᠤ ᠬᠡᠷᠡᠭᠲᠡᠢ᠃ ᠡᠭᠦᠨ᠎ᠤ ᠬᠠᠮᠲᠤ᠂ ᠦᠨᠳᠦᠰᠦᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠨᠡᠶ᠋ᠢᠭᠡᠮ᠎ᠤᠨ ᠳᠠᠭ᠋ᠠᠳᠬᠠᠯ᠎ᠳᠤ ᠣᠷᠣᠯᠴᠠᠬᠤ ᠵᠢ ᠠᠬᠢᠭᠤᠯᠵᠤ᠂ ᠠᠵᠢᠯ ᠣᠯᠤᠭᠰᠠᠨ ᠭᠠᠵᠠᠷ᠎ᠲᠤ᠎ᠪᠠᠨ ᠳᠠᠭ᠋ᠠᠳᠬᠠᠯ᠎ᠳᠤ ᠣᠷᠣᠯᠴᠠᠬᠤ ᠡᠷᠦᠬᠡ ᠠᠮᠠ ᠵᠢᠨ ᠬᠠᠷᠢᠶ᠎ᠠ ᠵᠢᠨ ᠬᠢᠵᠠᠭ᠋ᠠᠷᠯᠠᠯ᠎ᠢ ᠴᠢᠯᠥᠭᠡᠲᠡᠶ ᠪᠣᠯᠭ᠋ᠠᠵᠤ᠂ ᠠᠮᠢᠳᠤᠯᠢᠭ ᠵᠶ᠋ᠠᠷ ᠠᠵᠢᠯ ᠣᠯᠤᠭᠰᠠᠳ᠎ᠢ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠬᠤ ᠵᠢ ᠬᠠᠶ᠋ᠢᠨ ᠰᠦᠪᠡᠭᠴᠢᠯᠡᠬᠦ ᠬᠡᠷᠡᠭᠲᠡᠢ ᠭᠡᠵᠡᠢ᠃
      ᠬᠤᠷᠠᠯ᠎ᠠᠴᠠ ᠵᠢᠭ᠋ᠠᠬᠤ᠎ᠳᠤ᠎ᠪᠠᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠪᠣᠯ ᠭᠡᠷ ᠪᠦᠯᠢ ᠨᠢᠭᠡᠪᠦᠷᠢ᠎ᠳᠤ ᠬᠣᠯᠪᠣᠭᠳᠠᠬᠤ ᠬᠠᠮᠤᠭ᠎ᠤᠨ ᠶᠡᠬᠡ ᠣᠯᠠᠨ ᠨᠡᠶ᠋ᠢᠲᠡ ᠵᠢᠨ ᠨᠡᠷᠡᠳᠬᠦᠨ ᠮᠥᠨ᠂ ᠡᠨᠡ᠎ᠨᠢ ᠵᠠᠰᠠᠭ᠎ᠤᠨ ᠣᠷᠳᠣᠨ᠎ᠤ ᠦᠨᠳᠦᠰᠦᠨ ᠡᠭᠦᠷᠭᠡ ᠬᠠᠷᠢᠭᠤᠴᠠᠯᠭ᠎ᠠ ᠪᠣᠯᠣᠨ᠎ᠠ᠃ 《ᠬᠣᠶᠠᠷ᠎ᠢ ᠪᠠᠭ᠋ᠠᠰᠬᠠᠬᠤ》 ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ ᠪᠠ ᠶᠠᠰᠤ ᠴᠢᠨᠠᠷ᠎ᠢ ᠳᠡᠭᠡᠭᠰᠢᠯᠡᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠡᠩᠴᠡᠭᠦᠷᠢᠲᠦ ᠬᠥᠭᠵᠢᠯᠲᠡ ᠵᠢ ᠠᠬᠢᠭᠤᠯᠬᠤ ᠬᠡᠷᠡᠭᠲᠡᠶ᠃ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠤᠷᠠᠶ ᠲᠠᠯ᠎ᠠ ᠵᠢ ᠴᠢᠩᠭ᠋ᠠᠳᠬᠠᠬᠤ ᠡᠨᠡ ᠬᠦ᠌ ᠪᠦᠬᠦ ᠲᠠᠯ᠎ᠠ᠎ᠳᠤ ᠬᠣᠯᠪᠣᠭᠳᠠᠬᠤ ᠭᠣᠣᠯᠳᠠᠯᠭ᠎ᠠ ᠵᠢ ᠲᠤᠪᠤᠢ᠍ᠢ᠍ᠯᠭ᠋ᠠᠨ ᠴᠢᠩᠭ᠋ᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠤᠳᠠ ᠬᠥᠳᠡᠭᠡ ᠪᠠ ᠣᠷᠣᠨ ᠪᠦᠰᠡ ᠵᠢᠨ ᠵᠥᠷᠢᠶ᠎ᠡ ᠵᠢ ᠪᠠᠭ᠋ᠠᠰᠬᠠᠵᠤ᠂ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠡᠷᠬᠡ ᠲᠡᠭᠰᠢ ᠪᠠᠶ᠋ᠢᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠬᠥᠳᠡᠭᠡ ᠲᠣᠰᠬᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠣᠷᠣᠯᠭ᠎ᠠ ᠵᠢᠨ ᠪᠠᠲᠤᠯᠠᠭ᠎ᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠪᠠᠭᠰᠢ ᠵᠢᠨ ᠦᠨᠳᠦᠰᠦᠨ ᠣᠷᠣᠨ ᠰᠠᠭᠤᠴᠠ ᠵᠢ ᠤᠯᠠᠨ ᠠᠷᠭ᠎ᠠ ᠵᠠᠮ ᠵᠶ᠋ᠠᠷ ᠰᠠᠶ᠋ᠢᠲᠤᠷ ᠰᠢᠢ᠍ᠳᠪᠦᠷᠢᠯᠡᠵᠦ᠂ ᠬᠢᠯᠢ ᠬᠢᠵᠠᠭ᠋ᠠᠷ᠎ᠤᠨ ᠪᠡᠷᠬᠡ ᠪᠣᠢ᠌ᠳᠠ ᠭᠠᠵᠠᠷ ᠣᠷᠣᠨ᠎ᠤ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠪᠠᠭᠰᠢ ᠵᠢᠨ ᠲᠦᠷ ᠰᠠᠭᠤᠬᠤ ᠪᠠᠶ᠋ᠢᠷᠢ ᠵᠢ ᠪᠠᠢ᠌ᠭᠤᠯᠬᠤ ᠬᠡᠷᠡᠭᠲᠡᠢ᠃ ᠠᠵᠢᠯ᠎ᠤᠨ ᠪᠠᠶ᠋ᠢᠷᠢ᠎ᠳᠠᠬᠢ ᠪᠣᠯᠪᠠᠰᠤᠷᠠᠯ᠂ ᠰᠤᠷᠤᠯᠭ᠎ᠠ ᠵᠢᠨ ᠨᠠᠮᠲᠠᠷ ᠪᠠ ᠰᠤᠷᠭ᠋ᠠᠨ ᠬᠥᠮᠦᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ ᠵᠡᠷᠭᠡ ᠵᠢ ᠳᠤᠮᠳᠠ ᠪᠠ ᠪᠠᠷᠠᠭᠤᠨ ᠬᠡᠰᠡᠭ ᠣᠷᠣᠨ᠎ᠤ ᠬᠥᠳᠡᠭᠡ ᠲᠣᠰᠬᠣᠨ᠎ᠤ ᠪᠠᠭᠰᠢ ᠲᠡᠢ᠌ᠰᠢ ᠬᠡᠯᠪᠡᠶ᠋ᠢᠯᠭᠡᠬᠦ ᠬᠡᠷᠡᠭᠲᠡᠶ᠃ ᠬᠣᠶᠠᠷ᠎ᠲᠤ᠂ ᠬᠥᠳᠡᠭᠡ ᠲᠣᠰᠬᠣᠨ᠎ᠤ ᠰᠤᠷᠭ᠋ᠠᠭᠤᠯᠢ ᠡᠷᠬᠢᠯᠡᠬᠦ ᠦᠨᠳᠦᠰᠦᠨ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠬᠢᠴᠢᠶᠡᠯ᠎ᠤᠨ ᠭᠡᠷ᠂ ᠪᠠᠶ᠋ᠢᠷᠢ᠂ ᠬᠣᠭᠣᠯᠠᠨ ᠭᠡᠷ ᠵᠡᠷᠭᠡ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠰᠦᠯᠵᠢᠶᠡᠨ᠎ᠤ ᠪᠡᠯᠡᠳᠬᠡᠮᠵᠢ ᠵᠢ ᠰᠠᠶ᠋ᠢᠵᠢᠷᠠᠭᠤᠯᠵᠤ᠂ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠨᠡᠭᠡᠭᠡᠯᠲᠡ ᠬᠢᠵᠦ ᠬᠠᠮᠲᠤ᠎ᠳᠤ᠎ᠪᠠᠨ ᠬᠦᠷᠲᠡᠬᠦ ᠵᠢ ᠠᠬᠢᠭᠤᠯᠬᠤ ᠬᠡᠷᠡᠭᠲᠡᠢ᠃ ᠭᠤᠷᠪᠠ᠎ᠳᠤ᠂ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠶ᠃ ᠲᠥᠪ᠎ᠤᠨ ᠡᠳ᠋᠎ᠤᠨ ᠵᠠᠰᠠᠭ᠎ᠠᠴᠠ ᠡᠨᠡ ᠵᠢᠯ ᠦᠷᠭᠦᠯᠵᠢᠯᠡᠨ 300 ᠳ᠋ᠦᠩᠰᠢᠭᠤᠷ ᠲᠥᠭᠥᠷᠢᠭ᠎ᠤᠨ ᠨᠥᠬᠥᠪᠥᠷᠢ ᠮᠥᠩᠭᠥ ᠲᠣᠬᠢᠷᠠᠭᠤᠯᠵᠤ᠂ ᠳᠤᠮᠳᠠ᠂ ᠪᠠᠷᠠᠭᠤᠨ ᠣᠷᠣᠨ ᠪᠠ ᠵᠡᠭᠦᠨ ᠣᠷᠣᠨ᠎ᠤ ᠬᠡᠰᠡᠭ ᠬᠦᠴᠢᠷᠳᠡᠯᠲᠡᠶ ᠭᠠᠵᠠᠷ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠭᠣᠣᠯᠳᠠᠯᠭ᠎ᠠ᠎ᠲᠠᠢ᠎ᠪᠠᠷ ᠳᠡᠮᠵᠢᠬᠦ᠎ᠪᠠᠷ ᠪᠣᠢ᠃ ᠮᠤᠵᠢ ᠵᠢᠨ ᠱᠠᠲᠤᠨ᠎ᠤ᠎ᠬᠢᠨ ᠨᠢᠭᠡᠳᠦᠯᠲᠡᠶ ᠲᠥᠯᠥᠪᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠥᠭᠵᠢᠭᠡᠳᠦᠶ ᠭᠠᠵᠠᠷ ᠣᠷᠣᠨ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠂ ᠬᠤᠪᠢᠰᠬᠠᠯ᠎ᠤᠨ ᠬᠠᠭᠤᠴᠢᠨ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠳᠤ ᠦᠵᠡᠭᠦᠯᠬᠦ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠳᠬᠠᠬᠤ ᠬᠡᠷᠡᠭᠲᠡᠶ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠡᠪᠯᠡᠯ ᠡᠬᠢᠯᠡᠭᠰᠡᠨ 40 ᠵᠢᠯ᠎ᠤᠨ ᠤᠢ᠎ᠳᠤ ᠵᠠᠬᠢᠳᠠᠯ ᠢᠯᠡᠭᠡᠵᠦ ᠪᠠᠶᠠᠷ ᠬᠦᠷᠭᠡᠬᠦ᠎ᠳᠡᠭᠡᠨ ᠴᠢᠬᠤᠯᠠᠴᠢᠯᠠᠭᠰᠠᠨ᠎ᠨᠢ ᠦᠨᠡᠨ ᠪᠣᠳᠠᠲᠠᠢ ᠪᠣᠰᠣᠭ᠎ᠠ ᠴᠣᠭᠴᠠᠲᠤ ᠪᠦᠬᠦ ᠲᠠᠯ᠎ᠠ ᠵᠢᠨ ᠳᠤᠮᠳᠠᠳᠤ ᠤᠯᠤᠰ᠎ᠢ ᠨᠡᠩ ᠰᠠᠶ᠋ᠢᠲᠤᠷ ᠢᠯᠡᠷᠡᠭᠦᠯᠵᠦ ᠳᠤᠮᠳᠠᠳᠤ ᠤᠯᠤᠰ ᠪᠠ ᠳᠡᠯᠡᠬᠡᠢ ᠵᠢᠨ ᠰᠣᠯᠢᠯᠴᠠᠭ᠎ᠠ ᠤᠯᠤᠯᠴᠠᠭ᠎ᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ
ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ
ᠰᠢ ᠵᠢᠨ ᠫᠢᠩ ᠵᠢᠶᠠᠩᠰᠦ ᠮᠤᠵᠢ ᠵᠢᠨ ᠬᠤᠸᠠᠢ ᠠᠨ ᠬᠣᠲᠠ ᠵᠢᠨ ᠰᠢᠨ ᠠᠨ ᠪᠠᠭ᠎ᠠ ᠰᠤᠷᠭ᠋ᠠᠭᠤᠯᠢ ᠵᠢᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠲᠤ ᠬᠠᠷᠢᠭᠤ ᠵᠠᠬᠢᠲᠠᠯ ᠢᠯᠡᠭᠡᠵᠤ ᠲᠣᠰ ᠪᠡᠶ᠎ᠡ ᠵᠢᠨ ᠦᠰᠦᠨ ᠪᠣᠶ᠋ᠢᠵᠢᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠡᠦᠬᠡ ᠵᠢ ᠰᠠᠶ᠋ᠢᠲᠤᠷ ᠰᠤᠷᠤᠯᠴᠠᠵᠤ ᠬᠠᠷᠠᠬᠠᠨ ᠪᠠᠭ᠎ᠠ᠎ᠠᠴᠠ᠎ᠪᠠᠨ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠡᠷᠴᠢ ᠵᠣᠷᠢᠭ ᠵᠶ᠋ᠠᠨ ᠪᠠᠲᠤᠳᠬᠠᠭ᠋ᠠᠷᠠᠢ ᠭᠡᠵᠦ ᠵᠤᠷᠢᠡᠡᠵᠢᠭᠤᠯᠪᠠ ᠪᠥᠬᠥ ᠤᠯᠤᠰ᠎ᠤᠨ ᠪᠠᠭ᠋ᠠᠴᠤᠳ ᠬᠡᠦᠬᠡᠳ᠎ᠲᠤ 《6·1》᠎ᠤ ᠳᠡᠯᠡᠬᠡᠶ ᠵᠢᠨ ᠬᠡᠦᠬᠡᠳ᠎ᠤᠨ ᠪᠠᠶᠠᠷ᠎ᠤᠨ ᠡᠳᠦᠷ᠎ᠤᠨ ᠵᠦᠩᠨᠡᠯ ᠳᠡᠪᠰᠢᠭᠦᠯᠪᠡ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠬᠢᠯᠡᠵᠡᠢ
 
            