5 ᠰᠠᠷ᠎ᠠ ᠵᠢᠨ 26᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ᠂ ᠳᠡᠯᠡᠬᠡᠢ ᠵᠢᠨ ᠪᠥᠮᠪᠥᠷᠴᠡᠭ ᠪᠣᠯ ᠮᠠᠨ᠎ᠤ ᠬᠠᠮᠲᠤ ᠵᠢᠨ ᠭᠡᠷ ᠣᠷᠣᠨ ᠮᠥᠨ᠃ ᠳᠡᠯᠡᠬᠡᠢ ᠵᠢᠨ ᠡᠯ᠎ᠡ ᠤᠯᠤᠰ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠲᠦᠷᠭᠡᠨ ᠬᠥᠳᠡᠯᠦᠯᠴᠡᠵᠦ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠬᠠᠮᠲᠤ᠎ᠪᠠᠷ ᠪᠦᠲᠦᠭᠡᠨ ᠪᠠᠶ᠋ᠢᠭᠤᠯᠤᠶ᠎ᠠ᠃ ᠳᠤᠮᠳᠠᠳᠤ ᠤᠯᠤᠰ ᠰᠢᠨ᠎ᠡ ᠵᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠨ᠂ ᠪᠦᠬᠦ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠮᠲᠤᠷᠠᠯᠴᠠᠭ᠎ᠠ᠎ᠳᠤ ᠢᠳᠡᠪᠬᠢᠲᠡᠢ ᠣᠷᠣᠯᠴᠠᠨ᠎ᠠ᠃ ᠳᠤᠮᠳᠠᠳᠤ ᠤᠯᠤᠰ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠥᠭᠡᠷᠡᠴᠢᠯᠡᠯᠲᠡ ᠰᠢᠨᠡᠴᠢᠯᠡᠯᠲᠡ ᠵᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠬᠠᠤᠯᠢ ᠴᠠᠭ᠋ᠠᠵᠠ᠎ᠪᠠᠷ ᠬᠠᠮᠠᠭ᠋ᠠᠯᠠᠬᠤ ᠠᠰᠢᠭᠳᠠᠢ ᠲᠤᠷᠰᠢᠯᠭ᠎ᠠ ᠵᠢ ᠬᠤᠷᠠᠮᠳᠤᠭᠤᠯᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠵᠢᠨ ᠡᠯ᠎ᠡ ᠤᠯᠤᠰ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠲᠠᠢ ᠭᠠᠷ ᠬᠣᠯᠪᠣᠨ ᠬᠠᠮᠲᠤᠷᠠᠯᠴᠠᠵᠤ᠂ ᠪᠦᠬᠦ ᠪᠥᠮᠪᠥᠷᠴᠡᠭ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢ ᠬᠠᠮᠲᠤ᠎ᠪᠠᠷ ᠠᠬᠢᠭᠤᠯᠤᠨ᠎ᠠ ᠭᠡᠵᠤ ᠵᠢᠭ᠋ᠠᠵᠤ ᠭᠠᠷᠭ᠋ᠠᠵᠠᠢ᠃
ᠳᠡᠯᠡᠬᠡᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠶᠡᠬᠡ ᠬᠤᠷᠠᠯ ᠲᠤᠰ ᠡᠳᠦᠷ ᠶᠦᠨᠨᠠᠨ ᠮᠤᠵᠢ ᠵᠢᠨ ᠺᠦᠨᠮᠢᠩ ᠬᠤᠳᠠ᠎ᠳᠤ ᠡᠬᠢᠯᠡᠵᠤ᠂ 《ᠬᠠᠤᠯᠢ ᠴᠠᠭ᠋ᠠᠵᠠ ᠵᠢᠨ ᠦᠢ᠍ᠯᠡᠳᠦᠯ᠎ᠢ ᠪᠠᠳᠠᠷᠠᠭᠤᠯᠵᠤ ᠠᠮᠢ ᠠᠬᠤᠢ ᠵᠢᠨ ᠪᠣᠯᠪᠠᠰᠤᠨ᠎ᠢ ᠠᠬᠢᠭᠤᠯᠤᠶ᠎ᠠ᠄ ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠴᠣᠭᠴᠠ ᠵᠢ ᠬᠠᠮᠲᠤ᠎ᠪᠠᠷ ᠪᠠᠶ᠋ᠢᠭᠤᠯᠰᠤᠭ᠋ᠠᠢ》᠎ᠪᠠᠷ ᠭᠤᠤᠯ ᠰᠡᠳᠦᠪ ᠪᠤᠯᠭ᠋ᠠᠵᠠᠢ᠃ ᠶᠡᠬᠡ ᠬᠤᠷᠠᠯ᠎ᠢ ᠠᠷᠠᠳ᠎ᠤᠨ ᠳᠡᠭᠡᠳᠦ ᠰᠢᠭᠦᠬᠦ ᠬᠣᠷᠢᠶ᠎ᠠ ᠪᠤᠯᠤᠨ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠷᠴᠢᠨ ᠲᠤᠭᠤᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠬᠠᠮᠲᠤᠷᠠᠨ ᠡᠷᠬᠢᠯᠡᠪᠡ᠃