ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠡᠪᠯᠡᠯ ᠡᠬᠢᠯᠡᠭᠰᠡᠨ 40 ᠵᠢᠯ᠎ᠤᠨ ᠤᠢ᠎ᠳᠤ ᠵᠠᠬᠢᠳᠠᠯ ᠢᠯᠡᠭᠡᠵᠦ ᠪᠠᠶᠠᠷ ᠬᠦᠷᠭᠡᠬᠦ᠎ᠳᠡᠭᠡᠨ ᠴᠢᠬᠤᠯᠠᠴᠢᠯᠠᠭᠰᠠᠨ᠎ᠨᠢ ᠦᠨᠡᠨ ᠪᠣᠳᠠᠲᠠᠢ ᠪᠣᠰᠣᠭ᠎ᠠ ᠴᠣᠭᠴᠠᠲᠤ ᠪᠦᠬᠦ ᠲᠠᠯ᠎ᠠ ᠵᠢᠨ ᠳᠤᠮᠳᠠᠳᠤ ᠤᠯᠤᠰ᠎ᠢ ᠨᠡᠩ ᠰᠠᠶ᠋ᠢᠲᠤᠷ ᠢᠯᠡᠷᠡᠭᠦᠯᠵᠦ ᠳᠤᠮᠳᠠᠳᠤ ᠤᠯᠤᠰ ᠪᠠ ᠳᠡᠯᠡᠬᠡᠢ ᠵᠢᠨ ᠰᠣᠯᠢᠯᠴᠠᠭ᠎ᠠ ᠤᠯᠤᠯᠴᠠᠭ᠎ᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2021-05-28

      ᠰᠢᠨᠬᠤᠸᠠ ᠬᠣᠷᠢᠶᠠᠨ᠎ᠤ ᠪᠡᠭᠡᠵᠢᠩ᠎ᠤᠨ 5 ᠰᠠᠷ᠎ᠠ ᠵᠢᠨ 27᠎ᠤ ᠴᠠᠬᠢᠯᠭ᠋ᠠᠨ ᠮᠡᠳᠡᠭᠡ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠬᠡᠪᠯᠡᠯ ᠡᠬᠢᠯᠡᠭᠰᠡᠨ 40 ᠵᠢᠯ᠎ᠤᠨ ᠤᠢ ᠪᠤᠯᠬᠤ ᠲᠠᠰᠢᠷᠠᠮ ᠵᠶ᠋ᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠵᠠᠬᠢᠳᠠᠯ ᠢᠯᠡᠭᠡᠵᠦ᠂ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠨ᠂ ᠰᠣᠨᠢᠨ᠎ᠤ ᠬᠣᠷᠢᠶ᠎ᠠ ᠵᠢᠨ ᠪᠦᠬᠦ ᠺᠠᠳ᠋ᠷ ᠠᠵᠢᠯᠳᠠᠨ ᠪᠣᠯᠤᠨ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠨ᠂ ᠨᠥᠬᠥᠷᠰᠡᠭ ᠬᠥᠮᠦᠰ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃
      ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ᠂ 40 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠳᠦᠷ᠎ᠤᠨ ᠰᠣᠨᠢᠨ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠳᠤᠮᠳᠠᠳᠤ ᠤᠯᠤᠰ᠎ᠤᠨ ᠥᠭᠡᠷᠡᠴᠢᠯᠡᠯᠲᠡ ᠬᠥᠭᠵᠢᠯᠲᠡ ᠵᠢ ᠢᠳᠡᠪᠬᠢᠲᠡᠶ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠥᠯᠢᠭᠡᠷ᠎ᠢ ᠰᠠᠶ᠋ᠢᠲᠤᠷ ᠶᠠᠷᠢᠬᠤ᠂ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠵᠡᠢ ᠬᠡᠵᠥ ᠵᠢᠭ᠋ᠠᠵᠥ ᠭᠠᠷᠭ᠋ᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ ᠡᠳᠦᠷ᠎ᠤᠨ ᠰᠣᠨᠢᠨ ᠬᠡᠪᠯᠡᠯ ᠡᠬᠢᠯᠡᠭᠰᠡᠨ 40 ᠵᠢᠯ᠎ᠤᠨ ᠤᠢ᠎ᠪᠠᠷ ᠰᠢᠨ᠎ᠡ ᠭᠠᠷᠤᠭ᠎ᠠ ᠪᠣᠯᠭ᠋ᠠᠵᠤ᠂ ᠳᠤᠮᠳᠠᠳᠤ ᠭᠠᠳᠠᠭ᠋ᠠᠳᠤ ᠵᠢ ᠬᠣᠯᠪᠣᠨ ᠳᠡᠯᠡᠬᠡᠢ ᠳ᠋ᠠᠬᠢᠨ᠎ᠲᠠᠢ ᠬᠠᠷᠢᠯᠴᠠᠬᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠶᠡᠬᠡ ᠲᠠᠯ᠎ᠠ ᠶᠡᠬᠡ ᠬᠠᠨᠳᠤᠰᠢ ᠵᠢ ᠡᠵᠡᠮᠳᠡᠨ᠂ ᠭᠠᠳᠠᠭ᠋ᠠᠳᠤ᠎ᠯᠤᠭ᠎ᠠ ᠵᠢᠨ ᠶᠠᠷᠢᠶ᠎ᠠ ᠬᠡᠯᠡᠯᠴᠡᠭᠡᠨ᠎ᠤ ᠰᠢᠰᠲ᠋ᠧᠮ᠎ᠤᠨ ᠰᠢᠨ᠎ᠡ ᠵᠢ ᠡᠭᠦᠳᠴᠦ᠂ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠪᠠᠶ᠋ᠢᠷᠢᠰᠢᠯ᠎ᠢ ᠪᠠᠶ᠋ᠢᠭᠤᠯᠤᠨ᠂ ᠥᠨᠳᠥᠷ ᠬᠡᠪ ᠪᠣᠯᠪᠠᠰᠤᠷᠠᠯ᠎ᠲᠠᠢ ᠡᠩᠨᠡᠭᠡ ᠵᠢ ᠪᠠᠶ᠋ᠢᠭᠤᠯᠵᠤ᠂ ᠤᠯᠠᠠ ᠤᠯᠤᠰ᠎ᠲᠠᠬᠢ ᠨᠥᠯᠥᠭᠡᠯᠡᠬᠦ ᠬᠦᠴᠦᠨ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠤᠨ᠂ ᠳᠤᠮᠳᠠᠳᠤ ᠤᠯᠤᠰ᠎ᠤᠨ ᠬᠥᠭᠵᠢᠯᠲᠡ ᠵᠢᠨ ᠣᠶ᠋ᠢᠯᠠᠭ᠋ᠠᠭᠳᠠᠬᠤᠨ᠂ ᠬᠥᠭᠵᠢᠯᠲᠡ ᠵᠢᠨ ᠵᠠᠮ᠂ ᠬᠥᠭᠵᠢᠯᠲᠡ ᠵᠢᠨ ᠠᠮᠵᠢᠯᠲᠠ ᠵᠢ ᠨᠡᠩ ᠰᠠᠶ᠋ᠢᠲᠤᠷ ᠲᠠᠨᠢᠯᠴᠠᠭᠤᠯᠵᠤ᠂ ᠦᠨᠡᠨ ᠪᠣᠳᠠᠲᠠᠢ ᠪᠣᠰᠣᠭ᠎ᠠ ᠴᠣᠭᠴᠠᠲᠤ ᠪᠦᠬᠦ ᠲᠠᠯ᠎ᠠ ᠵᠢᠨ ᠳᠤᠮᠳᠠᠳᠤ ᠤᠯᠤᠰ᠎ᠢ ᠨᠡᠩ ᠰᠠᠶ᠋ᠢᠲᠤᠷ ᠢᠯᠡᠷᠡᠭᠦᠯᠤᠨ᠂ ᠲᠤᠮᠲᠠᠲᠤ ᠤᠯᠤᠰ ᠪᠠ ᠳᠡᠯᠡᠬᠡᠢ ᠵᠢᠨ ᠰᠣᠯᠢᠯᠴᠠᠭ᠎ᠠ ᠤᠯᠤᠯᠴᠠᠭ᠎ᠠ ᠵᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠪᠡ᠃
      ᠳᠤᠮᠳᠠᠳᠤ ᠤᠯᠤᠰ᠎ᠤᠨ ᠡᠳᠦᠷ᠎ᠤᠨ ᠰᠣᠨᠢᠨ 1981 ᠣᠨ᠎ᠤ 6 ᠰᠠᠷ᠎ᠠ ᠵᠢᠨ 1᠎ᠤ ᠡᠳᠦᠷ ᠬᠡᠪᠯᠡᠯ ᠡᠬᠢᠯᠡᠵᠦ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠋ᠠᠬᠢ ᠠᠩᠬᠠᠳᠠᠭᠴᠢ ᠪᠥᠬᠥ ᠳᠡᠯᠡᠬᠡᠶ᠎ᠳᠤ ᠲᠠᠷᠬᠠᠭ᠋ᠠᠭᠳᠠᠭᠰᠠᠨ ᠤᠯᠤᠰ᠎ᠤᠨ ᠲᠠᠰ᠎ᠤᠨ ᠠᠨᠭ᠌ᠭ᠍ᠯᠢ ᠬᠡᠯᠡᠨ᠎ᠤ ᠡᠳᠦᠷ᠎ᠤᠨ ᠰᠣᠨᠢᠨ ᠪᠣᠯᠤᠨ᠎ᠠ᠃ 40 ᠵᠢᠯ᠎ᠤᠨ ᠬᠥᠭᠵᠢᠯᠲᠡ᠎ᠪᠠᠷ ᠳᠠᠮᠵᠢᠨ ᠨᠢᠭᠡᠨᠳᠡ ᠳᠡᠯᠡᠬᠡᠢ᠍ᠢ᠍ᠴᠢᠯᠡᠭᠰᠡᠨ᠂ ᠬᠤᠪᠢᠶᠠᠷᠢᠴᠢᠯᠠᠭᠰᠠᠨ᠂ ᠤᠯᠠᠨ ᠬᠡᠯᠡᠳᠦ᠂ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠰᠢᠰᠲ᠋ᠧᠮ᠎ᠢ ᠪᠦᠷᠢᠯᠳᠦᠭᠦᠯᠵᠦ᠂ ᠰᠣᠨᠢᠨ᠎ᠤ ᠲᠠᠷᠬᠠᠭ᠋ᠠᠯᠲᠠ 70 ᠲᠦᠮᠡᠨ ᠬᠤᠪᠢ ᠤᠷᠴᠢᠮ᠎ᠳᠤ ᠬᠦᠷᠴᠦ᠂ ᠪᠦᠷᠢᠨ ᠵᠠᠭᠤᠴᠢᠯᠠᠭᠤᠷ᠎ᠤᠨ ᠬᠡᠷᠡᠭᠯᠡᠭᠴᠢ ᠵᠢᠨ ᠶᠡᠷᠦᠩᠬᠡᠢ ᠲᠣᠭ᠎ᠠ 3.5 ᠳ᠋ᠦᠩᠰᠢᠭᠤᠷ᠎ᠢ ᠳᠠᠪᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ ᠎ᠤᠨ ᠰᠣᠨᠢᠨ
          
ᠬᠠᠮᠢᠶ᠎ᠡ ᠪᠦᠬᠦᠢ ᠰᠣᠨᠢᠨ
ᠬᠤᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠭᠡ ᠬᠤᠷᠠᠯ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ
ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ
ᠰᠢ ᠵᠢᠨ ᠫᠢᠩ ᠵᠢᠶᠠᠩᠰᠦ ᠮᠤᠵᠢ ᠵᠢᠨ ᠬᠤᠸᠠᠢ ᠠᠨ ᠬᠣᠲᠠ ᠵᠢᠨ ᠰᠢᠨ ᠠᠨ ᠪᠠᠭ᠎ᠠ ᠰᠤᠷᠭ᠋ᠠᠭᠤᠯᠢ ᠵᠢᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠲᠤ ᠬᠠᠷᠢᠭᠤ ᠵᠠᠬᠢᠲᠠᠯ ᠢᠯᠡᠭᠡᠵᠤ ᠲᠣᠰ ᠪᠡᠶ᠎ᠡ ᠵᠢᠨ ᠦᠰᠦᠨ ᠪᠣᠶ᠋ᠢᠵᠢᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠡᠦᠬᠡ ᠵᠢ ᠰᠠᠶ᠋ᠢᠲᠤᠷ ᠰᠤᠷᠤᠯᠴᠠᠵᠤ ᠬᠠᠷᠠᠬᠠᠨ ᠪᠠᠭ᠎ᠠ᠎ᠠᠴᠠ᠎ᠪᠠᠨ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠡᠷᠴᠢ ᠵᠣᠷᠢᠭ ᠵᠶ᠋ᠠᠨ ᠪᠠᠲᠤᠳᠬᠠᠭ᠋ᠠᠷᠠᠢ ᠭᠡᠵᠦ ᠵᠤᠷᠢᠡᠡᠵᠢᠭᠤᠯᠪᠠ ᠪᠥᠬᠥ ᠤᠯᠤᠰ᠎ᠤᠨ ᠪᠠᠭ᠋ᠠᠴᠤᠳ ᠬᠡᠦᠬᠡᠳ᠎ᠲᠤ 《6·1》᠎ᠤ ᠳᠡᠯᠡᠬᠡᠶ ᠵᠢᠨ ᠬᠡᠦᠬᠡᠳ᠎ᠤᠨ ᠪᠠᠶᠠᠷ᠎ᠤᠨ ᠡᠳᠦᠷ᠎ᠤᠨ ᠵᠦᠩᠨᠡᠯ ᠳᠡᠪᠰᠢᠭᠦᠯᠪᠡ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠬᠢᠯᠡᠵᠡᠢ
ᠯᠢ ᠺᠸ ᠴᠢᠶᠠᠩ ᠬᠣᠶᠠᠳᠤᠭ᠋ᠠᠷ ᠬᠤᠭᠤᠴᠠᠭ᠋ᠠᠨ᠎ᠤ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ᠎ᠤ 2030 ᠲᠦᠷᠦᠭᠦᠴᠦᠳ᠎ᠤᠨ ᠬᠤᠷᠠᠯ᠎ᠳᠤ ᠣᠷᠣᠯᠴᠠᠪᠠ
 
            