ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ
ᠨᠡᠶ᠋ᠢᠲᠡᠯᠡᠭᠰᠡᠨ ᠴᠠᠭ᠄ 2021-05-31

      ᠯᠢ ᠺᠸ ᠴᠢᠶᠠᠩ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ᠎ᠳᠤ᠎ᠪᠠᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ᠎ᠳᠤ ᠲᠦᠰᠢᠭᠯᠡᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠭᠡᠵᠡᠢ᠃


      5 ᠳ᠋ᠤᠭ᠋ᠠᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠣᠶ᠋ᠢᠨ᠎ᠠ᠂ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠪᠥᠬᠥᠳᠡ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠪᠤᠭᠳᠠᠪᠠ᠃ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠸ ᠴᠢᠶᠠᠩ ᠴᠢᠬᠤᠯᠠ ᠶᠠᠷᠢᠶ᠎ᠠ ᠲᠠᠯᠪᠢᠪᠠ᠃


1.jpg


      ᠯᠢ ᠺᠸ ᠴᠢᠶᠠᠩ ᠬᠡᠯᠡᠬᠦ᠎ᠳᠤ᠎ᠪᠠᠨ᠂ ᠥᠨᠥᠳᠦᠷ ᠦᠳᠡ ᠵᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠤᠨ ᠣᠯᠤᠭᠰᠠᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠵᠢ ᠰᠢᠰᠲ᠋ᠧᠮ᠎ᠲᠠᠢ ᠳ᠋ᠦᠩᠨᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠳᠦᠬᠡᠨ ᠪᠠᠶ᠋ᠢᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠪᠢᠳᠡ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ ᠭᠡᠵᠡᠢ᠃
      ᠯᠢ ᠺᠸ ᠴᠢᠶᠠᠩ ᠵᠢᠭ᠋ᠠᠬᠤ᠎ᠳᠤ᠎ᠪᠠᠨ᠂ ᠨᠢᠳᠤᠨᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂

《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠠᠢ᠃ ᠪᠢᠳᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠰᠢᠨ᠎ᠡ ᠵᠢ ᠡᠭᠦᠳᠬᠦ ᠪᠠ ᠬᠣᠷᠸ᠎ᠠ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ᠎ᠳᠤ ᠰᠢᠭᠤᠳ ᠬᠠᠨᠳᠤᠭᠤᠯᠵᠤ᠂ ᠤᠯᠤᠰ ᠳᠠᠶᠠᠭ᠋ᠠᠷ ᠵᠶ᠋ᠠᠨ ᠰᠢᠷᠭ᠋ᠠᠭᠤ ᠬᠠᠲᠠᠭᠤᠵᠢᠯᠲᠠᠶ᠎ᠪᠠᠷ ᠴᠢᠷᠮᠠᠶ᠋ᠢᠭᠰᠠᠨ᠎ᠠᠴᠠ ᠮᠠᠨ᠎ᠤ ᠤᠯᠤᠰ᠎ᠤᠨ ᠠᠵᠤ ᠠᠬᠤᠶ ᠬᠣᠪᠣᠷᠬᠠᠨ ᠲᠣᠬᠢᠶᠠᠯᠳᠤᠬᠤ ᠤᠯᠠᠨ ᠳᠠᠪᠬᠤᠷ ᠲᠠᠭ᠋ᠠᠷᠢᠯᠳᠠ ᠵᠢᠨ ᠡᠮᠦᠨ᠎ᠡ ᠡᠷᠡᠰ ᠴᠢᠩᠭ᠎ᠠ ᠤᠶᠠᠨ ᠬᠠᠳᠠᠨ ᠴᠢᠨᠠᠷ ᠵᠶ᠋ᠠᠨ ᠢᠯᠡᠷᠡᠭᠦᠯᠵᠦ᠂ ᠲᠣᠭᠲᠠᠭᠤᠨ ᠰᠡᠷᠭᠦᠯᠲᠡ ᠵᠢ ᠪᠡᠶᠡᠯᠡᠭᠦᠯᠪᠡ᠃ ᠥᠷᠭᠡᠨ ᠤᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ ᠬᠦᠴᠢᠷ᠎ᠢ ᠢᠯᠠᠨ ᠪᠣᠭᠣᠮᠲᠠ ᠰᠢᠪᠲᠤᠯᠵᠤ᠂ ᠬᠢᠵᠢᠭ᠎ᠤᠨ ᠪᠠᠶ᠋ᠢᠳᠠᠯ᠎ᠤᠨ ᠰᠡᠷᠭᠡᠢ᠌ᠯᠡᠯᠲᠡ ᠡᠵᠡᠮᠳᠡᠯ᠂ ᠰᠢᠨ᠎ᠡ ᠬᠥᠳᠡᠯᠭᠡᠬᠦ ᠬᠦᠴᠦᠨ᠎ᠤ ᠥᠰᠥᠯᠲᠡ ᠪᠤᠵᠠᠭ᠋ᠠᠢ᠌ᠷᠠᠯᠲᠠ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠡᠢ᠃


2.jpg


      ᠯᠢ ᠺᠸ ᠴᠢᠶᠠᠩ ᠬᠡᠯᠡᠬᠦ᠎ᠳᠤ᠎ᠪᠠᠨ᠂ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠶ ᠦᠷᠭᠦᠯᠵᠢᠯᠡᠨ ᠲᠣᠭᠲᠠᠭᠤᠨ᠎ᠤ ᠳᠤᠮᠳᠠ ᠪᠡᠬᠢᠵᠢᠵᠦ᠂ ᠲᠣᠭᠲᠠᠭᠤᠨ᠎ᠤ ᠳᠤᠮᠳᠠ ᠰᠠᠶ᠋ᠢᠵᠢᠷᠠᠵᠤ ᠪᠠᠶ᠋ᠢᠨ᠎ᠠ᠃ ᠭᠡᠪᠡᠴᠦ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶ᠋ᠢᠵᠤ᠂ ᠲᠣᠭᠲᠠᠭᠤᠨ ᠪᠤᠰᠤ ᠴᠢᠨᠠᠷ ᠨᠡᠮᠡᠭᠳᠡᠵᠦ ᠪᠠᠶ᠋ᠢᠨ᠎ᠠ᠃ ᠠᠵᠤ ᠠᠬᠤᠶ ᠵᠢᠨ ᠠᠵᠢᠯᠯᠠᠭ᠋ᠠᠨ᠎ᠤ ᠳᠤᠮᠳᠠ ᠣᠷᠣᠰᠢᠵᠤ ᠪᠠᠶ᠋ᠢᠭ᠎ᠠ ᠬᠦᠴᠢᠷᠳᠡᠯ ᠪᠠ ᠥᠷᠢᠰᠥᠯᠳᠦᠭᠡᠨ᠎ᠳᠤ ᠵᠥᠪ ᠵᠶ᠋ᠠᠷ ᠬᠠᠨᠳᠤᠵᠤ᠂ ᠮᠠᠨ᠎ᠤ ᠤᠯᠤᠰ᠎ᠤᠨ ᠮᠥᠨ ᠯᠡ ᠳᠡᠯᠡᠬᠡᠶ ᠵᠢᠨ ᠬᠠᠮᠤᠭ᠎ᠤᠨ ᠲᠤᠮᠤ ᠬᠥᠭᠵᠢᠵᠦ ᠪᠠᠶ᠋ᠢᠭ᠎ᠠ ᠤᠯᠤᠰ ᠪᠣᠯᠬᠤ ᠤᠯᠤᠰ᠎ᠤᠨ ᠦᠨᠳᠦᠰᠦᠨ ᠪᠠᠶ᠋ᠢᠳᠠᠯ᠎ᠳᠤ ᠰᠠᠭᠤᠷᠢᠯᠠᠨ᠂ ᠥᠪᠡᠷ᠎ᠤᠨ ᠶᠠᠪᠤᠳᠠᠯ ᠵᠶ᠋ᠠᠨ ᠬᠦᠴᠦᠯᠡᠨ ᠰᠠᠶ᠋ᠢᠲᠤᠷ ᠬᠢᠬᠦ ᠬᠡᠷᠡᠭᠲᠡᠶ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠲᠣᠭᠲᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤ ᠦᠶ᠎ᠡ ᠵᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠣᠳᠣᠬᠠᠨ᠎ᠤ ᠪᠠᠶ᠋ᠢᠳᠠᠯ᠎ᠳᠤ᠎ᠪᠠᠨ ᠰᠠᠭᠤᠷᠢᠯᠠᠵᠤ᠂ ᠠᠯᠤᠰ ᠬᠡᠳᠦ ᠵᠢᠨ ᠬᠠᠷᠠᠯᠲᠠ᠎ᠠᠴᠠ ᠡᠭᠦᠰᠦᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠨᠡᠮᠡᠭᠳᠡᠭᠦᠯᠵᠦ᠂ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠣᠷᠸ᠎ᠠ ᠲᠥᠷᠥ ᠵᠢᠨ ᠪᠣᠳᠣᠯᠭ᠎ᠠ ᠵᠢᠨ ᠴᠢᠬᠤᠯᠠ ᠪᠥᠬᠥᠶ ᠳᠡᠮᠵᠢᠯᠭᠡ ᠵᠢᠨ ᠡᠷᠴᠢᠮ᠎ᠢ ᠪᠠᠲᠤᠯᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ᠎ᠪᠠᠷ ᠥᠷᠭᠡᠨ ᠬᠡᠷᠡᠭᠯᠡᠭᠡᠨ᠎ᠤ ᠲᠠᠸᠠᠷ᠎ᠤᠨ ᠦᠨ᠎ᠡ ᠬᠠᠩᠰᠢ ᠥᠰᠬᠦ ᠵᠡᠷᠭᠡ ᠠᠵᠤ ᠠᠬᠤᠶ ᠵᠢᠨ ᠠᠵᠢᠯᠯᠠᠭ᠋ᠠᠨ᠎ᠤ ᠳᠤᠮᠳᠠᠬᠢ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠴᠢᠬᠤᠯᠠᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠶᠡᠬᠡ᠎ᠪᠠᠷ ᠠᠬᠢᠭᠤᠯᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠ ᠭᠠᠳᠠᠭᠰᠢ ᠨᠡᠭᠡᠭᠡᠯᠲᠡ ᠬᠢᠬᠦ ᠵᠢ ᠬᠠᠷᠢᠯᠴᠠᠨ ᠠᠬᠢᠭᠤᠯᠤᠨ ᠵᠡᠷᠭᠡ᠎ᠪᠠᠷ ᠤᠷᠤᠭᠰᠢᠯᠠᠭᠤᠯᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠵᠤ᠂ ᠠᠵᠤ ᠠᠬᠤᠶ ᠵᠢᠨ ᠠᠵᠢᠯᠯᠠᠭ᠋ᠠᠨ᠎ᠢ ᠵᠦᠶ ᠵᠣᠬᠢᠰᠲᠠᠶ ᠣᠷᠣᠨ ᠵᠠᠢ᠎ᠳᠤ ᠪᠠᠶ᠋ᠢᠯᠭ᠋ᠠᠬᠤ ᠪᠠ ᠠᠵᠢᠯ ᠣᠯᠭᠣᠯᠲᠠ ᠵᠢ ᠲᠣᠭᠲᠠᠭᠤᠨ ᠪᠠᠶ᠋ᠢᠯᠭ᠋ᠠᠬᠤ ᠵᠢ ᠪᠠᠲᠤᠯᠠᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠡᠢ᠃


3.jpg


      ᠯᠢ ᠺᠸ ᠴᠢᠶᠠᠩ ᠵᠢᠭ᠋ᠠᠬᠤ᠎ᠳᠤ᠎ᠪᠠᠨ᠂ ᠤᠢ᠍ᠢ᠍ᠷ᠎ᠠ ᠵᠢᠨ ᠵᠢᠯ᠎ᠤᠳ᠎ᠠᠴᠠ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ ᠰᠢᠨ᠎ᠡ ᠳᠡᠭᠲᠡᠷ᠎ᠲᠤ ᠭᠠᠷᠴᠤ᠂ ᠵᠠᠩᠭᠢᠯᠠᠭ᠎ᠠ ᠵᠢᠨ ᠬᠦᠷᠢᠶᠡᠨ᠎ᠤ ᠨᠢᠭᠡ ᠪᠦᠯᠦᠭ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠯᠵᠠᠢ᠃ ᠰᠢᠨ᠎ᠡ ᠴᠠᠭ᠎ᠤᠨ ᠪᠠᠶ᠋ᠢᠳᠠᠯ᠎ᠤᠨ ᠳᠣᠣᠷ᠎ᠠ᠂ ᠮᠠᠨ᠎ᠤ ᠤᠯᠤᠰ᠎ᠤᠨ ᠬᠥᠮᠦᠨ᠎ᠤ ᠬᠦᠴᠦᠨ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠬᠦ ᠬᠥᠲᠥᠯᠥᠨ ᠳᠠᠭ᠋ᠠᠭᠤᠯᠬᠤ ᠪᠠ ᠳᠠᠶ᠋ᠢᠴᠢᠯᠠᠬᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠰᠠᠭᠤᠷᠢ ᠰᠤᠳᠤᠯᠭ᠋ᠠᠨ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢ ᠵᠢ ᠪᠡᠬᠢᠵᠢᠭᠦᠯᠬᠦ ᠬᠡᠷᠡᠭᠲᠡᠢ᠃ ᠪᠠᠶ᠋ᠢᠯᠳᠤᠬᠤ ᠪᠤᠳᠤᠯᠭ᠎ᠠ ᠵᠢᠨ ᠵᠢᠯᠤᠭᠤᠳᠤᠯᠭ᠎ᠠ ᠵᠢ ᠴᠢᠬᠤᠯᠠᠴᠢᠯᠠᠵᠤ᠂ ᠵᠠᠩᠭᠢᠯᠠᠭ᠎ᠠ ᠵᠢᠨ ᠬᠦᠷᠢᠶᠡᠨ᠎ᠳᠤ ᠨᠡᠩ ᠤᠯᠠᠨ ᠰᠢᠨ᠎ᠡ ᠵᠢ ᠡᠭᠦᠳᠴᠦ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠰᠤᠳᠤᠯᠤᠨ ᠬᠥᠭᠵᠢᠭᠦᠯᠬᠦ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ ᠳᠡᠭᠡᠭᠰᠢᠯᠡᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠤ ᠦᠢ᠍ᠯᠡᠰ᠎ᠤᠨ ᠲᠡᠰ ᠳᠡᠪᠰᠢᠬᠦ ᠵᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠳᠠᠷᠤᠭ᠋ᠠᠰᠤ ᠵᠢ ᠬᠥᠩᠭᠡᠯᠡᠨ ᠬᠦᠯᠢᠶᠡᠰᠦ ᠵᠢ᠎ᠨᠢ ᠰᠤᠯᠠᠯᠠᠵᠤ᠂ ᠰᠠᠢ᠍ᠢ᠍ᠨ ᠰᠠᠶ᠋ᠢᠬᠠᠨ ᠣᠷᠴᠢᠨ ᠨᠥᠬᠥᠴᠡᠯ᠎ᠢ ᠪᠣᠢ ᠪᠣᠯᠭ᠋ᠠᠬᠤ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠠᠨ ᠢᠯᠠᠩᠭᠤᠶ᠎ᠠ ᠵᠠᠯᠠᠭᠤ ᠴᠢᠳᠠᠪᠤᠷᠢᠲᠠᠨ᠎ᠤ ᠵᠣᠷᠢᠭ ᠰᠢᠭᠤᠳᠤᠨ ᠪᠣᠭᠣᠮᠲᠠ ᠰᠢᠪᠲᠤᠯᠬᠤ ᠵᠢ  ᠵᠣᠷᠢᠭᠵᠢᠭᠤᠯᠬᠤ ᠬᠡᠷᠡᠭᠲᠡᠢ᠃ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠨᠡᠭᠡᠭᠡᠯᠳᠡ ᠵᠢᠨ ᠳᠤᠮᠳᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃

      ᠯᠢ ᠺᠸ ᠴᠢᠶᠠᠩ ᠬᠡᠯᠡᠬᠦ᠎ᠳᠤ᠎ᠪᠠᠨ᠂ ᠬᠣᠶᠠᠷ ᠬᠦᠷᠢᠶᠡᠯᠡᠩ᠎ᠤᠨ ᠠᠺᠠᠳᠧᠮᠢᠴᠢ ᠪᠣᠯ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ᠎ᠤᠨ ᠭᠠᠷᠮᠠᠭ᠋ᠠᠢ ᠲᠥᠯᠥᠭᠡᠯᠡᠭᠴᠢ ᠮᠥᠨ᠂ ᠤᠯᠠᠨ ᠵᠶ᠋ᠠᠷ ᠵᠶ᠋ᠠᠨ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ᠂ ᠴᠢᠳᠠᠪᠤᠷᠢᠲᠠᠨ᠎ᠤ ᠬᠦᠮᠦᠵᠢᠭᠦᠯᠦᠯᠲᠡ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠷᠭᠦᠯᠵᠢᠯᠡᠨ ᠬᠤᠪᠢ ᠨᠡᠮᠡᠷᠢ᠎ᠪᠠᠨ ᠦᠵᠡᠭᠦᠯᠬᠦ ᠵᠢ ᠬᠦᠰᠡᠵᠦ ᠪᠠᠶ᠋ᠢᠨ᠎ᠠ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ᠎ᠲᠠᠢ ᠥᠷᠭᠡᠨ ᠵᠶ᠋ᠠᠷ ᠪᠦᠯᠬᠦᠮᠳᠡᠵᠦ ᠪᠠᠢ᠌ᠭ᠋ᠠᠳ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠵᠦ᠂ ᠤᠯᠠᠨ ᠨᠡᠶ᠋ᠢᠲᠡ ᠵᠢᠨ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠥᠷᠭᠡᠨ ᠤᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠦᠷᠭᠦᠯᠵᠢᠯᠡᠨ ᠬᠠᠯᠠᠮᠵᠢᠯᠠᠨ ᠲᠡᠮᠵᠢᠵᠤ᠂ ᠲᠡᠳᠡᠨ᠎ᠳᠤ ᠨᠡᠩ ᠰᠠᠢ᠍ᠢ᠍ᠨ ᠠᠵᠢᠯ ᠠᠮᠢᠳᠤᠷᠠᠯ᠎ᠤᠨ ᠨᠥᠬᠥᠴᠡᠯ᠎ᠢ ᠴᠢᠷᠮᠠᠶ᠋ᠢᠨ ᠪᠦᠷᠢᠯᠳᠦᠭᠦᠯᠵᠦ ᠥᠭᠬᠦ ᠬᠡᠷᠡᠭᠲᠡᠶ ᠭᠡᠵᠡᠢ᠃
      ᠯᠢᠦ ᠾᠧ᠂ ᠼᠤᠤ ᠵᠢᠶᠠᠨ ᠮᠢᠩ᠂ ᠴᠧᠨ ᠵᠦ᠍᠂ ᠳ᠋ᠢᠩ ᠵᠦᠩ ᠯᠢ᠂ ᠦ᠋ ᠸᠧᠢ ᠬᠤᠸᠠ᠂ ᠰᠢᠶᠤᠤ ᠵᠢᠶᠸ᠂ ᠵᠠᠩ ᠴᠢᠩ ᠯᠢ᠂ ᠸᠠᠨ ᠭᠠᠩ ᠪᠣᠯᠤᠨ

ᠰᠠᠩ ᠭᠦᠸᠧ ᠸᠧᠢ᠂ ᠰᠦᠩ ᠵᠢᠶᠠᠨ᠂ ᠸᠠᠩ ᡁᠢ ᠵᠧᠨ᠂ ᠬᠠᠨ ᠴᠢ ᠳ᠋ᠸ ᠬᠤᠷᠠᠯ᠎ᠳᠤ ᠣᠷᠣᠯᠴᠠᠪᠠ᠃
      ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ᠂ ᠬᠣᠶᠠᠷ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠋ᠠᠨ᠎ᠤ ᠶᠡᠬᠡ ᠬᠤᠷᠠᠯ᠎ᠤᠨ ᠲᠥᠯᠥᠭᠡᠯᠡᠭᠴᠢᠳ ᠬᠤᠷᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠢᠶᠠᠩᠰᠦ ᠮᠤᠵᠢ ᠵᠢᠨ ᠬᠤᠸᠠᠢ ᠠᠨ ᠬᠣᠲᠠ ᠵᠢᠨ ᠰᠢᠨ ᠠᠨ ᠪᠠᠭ᠎ᠠ ᠰᠤᠷᠭ᠋ᠠᠭᠤᠯᠢ ᠵᠢᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠭᠡᠰᠢᠭᠦᠳ᠎ᠲᠤ ᠬᠠᠷᠢᠭᠤ ᠵᠠᠬᠢᠲᠠᠯ ᠢᠯᠡᠭᠡᠵᠤ ᠲᠣᠰ ᠪᠡᠶ᠎ᠡ ᠵᠢᠨ ᠦᠰᠦᠨ ᠪᠣᠶ᠋ᠢᠵᠢᠯᠲᠠ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠡᠦᠬᠡ ᠵᠢ ᠰᠠᠶ᠋ᠢᠲᠤᠷ ᠰᠤᠷᠤᠯᠴᠠᠵᠤ ᠬᠠᠷᠠᠬᠠᠨ ᠪᠠᠭ᠎ᠠ᠎ᠠᠴᠠ᠎ᠪᠠᠨ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ ᠡᠷᠴᠢ ᠵᠣᠷᠢᠭ ᠵᠶ᠋ᠠᠨ ᠪᠠᠲᠤᠳᠬᠠᠭ᠋ᠠᠷᠠᠢ ᠭᠡᠵᠦ ᠵᠤᠷᠢᠡᠡᠵᠢᠭᠤᠯᠪᠠ ᠪᠥᠬᠥ ᠤᠯᠤᠰ᠎ᠤᠨ ᠪᠠᠭ᠋ᠠᠴᠤᠳ ᠬᠡᠦᠬᠡᠳ᠎ᠲᠤ 《6·1》᠎ᠤ ᠳᠡᠯᠡᠬᠡᠶ ᠵᠢᠨ ᠬᠡᠦᠬᠡᠳ᠎ᠤᠨ ᠪᠠᠶᠠᠷ᠎ᠤᠨ ᠡᠳᠦᠷ᠎ᠤᠨ ᠵᠦᠩᠨᠡᠯ ᠳᠡᠪᠰᠢᠭᠦᠯᠪᠡ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠪᠠ ᠰᠢ ᠵᠢᠨ ᠫᠢᠩ ᠬᠤᠷᠠᠯ᠎ᠢ ᠡᠷᠬᠢᠯᠡᠵᠡᠢ
ᠯᠢ ᠺᠸ ᠴᠢᠶᠠᠩ ᠬᠣᠶᠠᠳᠤᠭ᠋ᠠᠷ ᠬᠤᠭᠤᠴᠠᠭ᠋ᠠᠨ᠎ᠤ ᠪᠦᠬᠦ ᠪᠥᠮᠪᠥᠷᠴᠡᠭ᠎ᠤᠨ ᠪᠣᠬᠢᠷᠲᠤᠯ ᠦᠭᠡᠢ ᠬᠠᠷᠠᠯᠲᠠᠲᠤ ᠬᠠᠨᠢᠲᠠᠨ᠎ᠤ 2030 ᠲᠦᠷᠦᠭᠦᠴᠦᠳ᠎ᠤᠨ ᠬᠤᠷᠠᠯ᠎ᠳᠤ ᠣᠷᠣᠯᠴᠠᠪᠠ
ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠤᠴᠢᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠤᠯᠠᠨ ᠤᠯᠤᠰ᠎ᠤᠨ ᠳᠠᠮᠵᠢᠭᠤᠯᠭ᠎ᠠ ᠵᠢᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠦ ᠳᠤᠮᠳᠠᠳᠤ ᠤᠯᠤᠰ᠎ᠢ ᠦᠨᠡᠨ ᠪᠣᠳᠠᠲᠠᠶ ᠪᠤᠰᠤᠭ᠎ᠠ ᠴᠤᠭᠴᠠ᠎ᠪᠠᠷ ᠪᠦᠬᠦ ᠲᠠᠯ᠎ᠠ᠎ᠪᠠᠷ ᠳᠡᠯᠭᠡᠨ ᠦᠵᠡᠭᠦᠯᠬᠦ ᠭᠡᠷᠡᠭᠲᠡᠢ
ᠰᠢ ᠵᠢᠨ ᠫᠢᠩ ᠺᠠᠽᠠᠭᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ᠎ᠲᠠᠢ ᠤᠲᠠᠰᠤ᠎ᠪᠠᠷ ᠶᠠᠷᠢᠯᠴᠠᠪᠠ
 
            