ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠲᠤᠯᠭ᠋ᠠᠭᠤᠷᠢᠯᠡᠯ ᠪᠣᠯᠭ᠋ᠠᠬᠤ ᠵᠢ ᠪᠠᠷᠢᠮᠲᠠᠯᠠᠵᠥ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠥ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠰᠢᠭᠤᠷᠠᠯ ᠬᠦᠷᠢᠶᠡᠨ᠎ᠳᠤ ᠬᠠᠨᠳᠤᠵᠦ᠂ ᠠᠵᠤ ᠠᠬᠤᠶ ᠵᠢᠨ ᠭᠤᠤᠯ ᠳᠠᠶ᠋ᠢᠨ᠎ᠤ ᠲᠠᠯᠠᠪᠤᠷ᠎ᠲᠤ ᠬᠠᠨᠳᠤᠵᠤ᠂ ᠤᠯᠤᠰ᠎ᠤᠨ ᠴᠢᠬᠤᠯᠠ ᠶᠡᠭᠡ ᠬᠡᠷᠡᠭᠴᠡᠭᠡ᠎ᠳᠤ ᠬᠠᠨᠳᠤᠵᠦ᠂ ᠠᠷᠠᠳ ᠲᠦᠮᠡᠨ᠎ᠤ ᠠᠮᠢ ᠨᠠᠰᠤᠨ᠎ᠤ ᠡᠷᠡᠭᠦᠯ ᠮᠡᠨᠳᠦ᠎ᠳᠤ ᠬᠠᠨᠳᠤᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠦᠨᠵᠡᠬᠡᠢ ᠬᠡᠷᠡᠭᠵᠢᠬᠦᠯᠤᠨ᠂ ᠶᠡᠭᠡ ᠬᠠᠨᠳᠤᠰᠢ ᠵᠢ ᠡᠵᠡᠮᠳᠡᠵᠤ᠂ ᠠᠵᠠ ᠲᠣᠬᠢᠶᠠᠯ᠎ᠢ ᠠᠮᠵᠢᠨ᠂ ᠠᠰᠠᠭᠤᠳᠠᠯ᠎ᠳᠤ ᠰᠢᠭᠤᠳ ᠬᠠᠨᠳᠤᠨ ᠬᠦᠴᠢᠷ᠎ᠢ ᠰᠦᠷᠦᠨ ᠤᠷᠤᠭᠰᠢᠯᠠᠵᠤ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠱᠠᠯᠠᠪᠳᠠᠨ ᠪᠠᠶ᠋ᠢᠭᠤᠯᠵᠥ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠦᠨᠳᠦᠷ ᠲᠦᠪᠰᠢᠨ ᠵᠶ᠋ᠠᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ
ᠯᠢ ᠺᠧ ᠴᠢᠶᠠᠩ ᠬᠤᠷᠠᠯ᠎ᠢ ᠡᠷᠬᠢᠯᠡᠵᠦ ᠯᠢ ᠵᠠᠨ ᠱᠤ᠌ ᠸᠠᠩ ᠶᠠᠩ ᠸᠠᠩ ᠬᠤ᠌ ᠨᠢᠩ ᠵᠤᠤ ᠯᠧ ᠵᠢᠢ ᠬᠠᠨ ᠵᠧᠩ ᠬᠤᠷᠠᠯ᠎ᠳᠤ ᠣᠷᠣᠯᠴᠠᠪᠠ

5 ᠰᠠᠷ᠎ᠠ ᠵᠢᠨ 28᠎ᠤ ᠡᠳᠦᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠲᠠᠪᠤᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠶᠡᠭᠡ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ
5 ᠰᠠᠷ᠎ᠠ ᠵᠢᠨ 28᠎ᠤ ᠡᠳᠦᠷ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠲᠠᠪᠤᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠰᠢ ᠵᠢᠨ ᠫᠢᠩ᠂ ᠯᠢ ᠺᠧ ᠴᠢᠶᠠᠩ᠂ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠧ ᠵᠢᠢ᠂ ᠬᠠᠨ ᠵᠧᠩ ᠨᠠᠷ ᠶᠡᠭᠡ ᠬᠤᠷᠠᠯ᠎ᠳᠤ ᠣᠷᠣᠯᠴᠠᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ
ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ ᠵᠢᠨ 28᠎ᠤ ᠴᠠᠬᠢᠯᠭ᠋ᠠᠨ ᠮᠡᠳᠡᠭᠡ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠲᠠᠪᠤᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ 28᠎ᠤ ᠦᠳᠡ ᠵᠢᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠭᠡ᠎ᠪᠠᠷ ᠬᠤᠷᠠᠯᠳᠤᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠶᠡᠭᠡ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠲᠤᠯᠭ᠋ᠠᠭᠤᠷᠢᠯᠡᠯ ᠪᠣᠯᠭ᠋ᠠᠬᠤ ᠵᠢ ᠪᠠᠷᠢᠮᠲᠠᠯᠠᠵᠥ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠥ᠂ ᠳᠡᠯᠡᠬᠡᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠰᠢᠭᠤᠷᠠᠯ ᠬᠦᠷᠢᠶᠡᠨ᠎ᠳᠤ ᠬᠠᠨᠳᠤᠵᠦ᠂ ᠠᠵᠤ ᠠᠬᠤᠶ ᠵᠢᠨ ᠭᠤᠤᠯ ᠳᠠᠶ᠋ᠢᠨ᠎ᠤ ᠲᠠᠯᠠᠪᠤᠷ᠎ᠲᠤ ᠬᠠᠨᠳᠤᠵᠤ᠂ ᠤᠯᠤᠰ᠎ᠤᠨ ᠴᠢᠬᠤᠯᠠ ᠶᠡᠭᠡ ᠬᠡᠷᠡᠭᠴᠡᠭᠡ᠎ᠳᠤ ᠬᠠᠨᠳᠤᠵᠦ᠂ ᠠᠷᠠᠳ ᠲᠦᠮᠡᠨ᠎ᠤ ᠠᠮᠢ ᠨᠠᠰᠤᠨ᠎ᠤ ᠡᠷᠡᠭᠦᠯ ᠮᠡᠨᠳᠦ᠎ᠳᠤ ᠬᠠᠨᠳᠤᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠦᠨᠵᠡᠬᠡᠢ ᠬᠡᠷᠡᠭᠵᠢᠬᠦᠯᠤᠨ᠂ ᠶᠡᠭᠡ ᠬᠠᠨᠳᠤᠰᠢ ᠵᠢ ᠡᠵᠡᠮᠳᠡᠵᠤ ᠠᠵᠠ ᠲᠣᠬᠢᠶᠠᠯ᠎ᠢ ᠠᠮᠵᠢᠨ᠂ ᠠᠰᠠᠭᠤᠳᠠᠯ᠎ᠳᠤ ᠰᠢᠭᠤᠳ ᠬᠠᠨᠳᠤᠨ ᠬᠦᠴᠢᠷ᠎ᠢ ᠰᠦᠷᠦᠨ ᠤᠷᠤᠭᠰᠢᠯᠠᠵᠤ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠱᠠᠯᠠᠪᠳᠠᠨ ᠪᠠᠶ᠋ᠢᠭᠤᠯᠵᠥ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠥᠨᠳᠥᠷ ᠲᠦᠪᠰᠢᠨ ᠵᠶ᠋ᠠᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠺᠧ ᠴᠢᠶᠠᠩ ᠶᠡᠭᠡ ᠬᠤᠷᠠᠯ᠎ᠢ ᠡᠷᠬᠢᠯᠡᠪᠡ᠃ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠯᠢ ᠵᠠᠨ ᠱᠤ᠌᠂ ᠸᠠᠩ ᠶᠠᠩ᠂ ᠸᠠᠩ ᠬᠤ᠌ ᠨᠢᠩ᠂ ᠵᠤᠤ ᠯᠧ ᠵᠢᠢ᠂ ᠬᠠᠨ ᠵᠧᠩ ᠬᠤᠷᠠᠯ᠎ᠳᠤ ᠣᠷᠣᠯᠴᠠᠪᠠ᠃
ᠦᠳᠡ ᠵᠢᠨ ᠡᠮᠦᠨᠡᠬᠢ 10 ᠴᠠᠭ᠎ᠲᠤ ᠶᠡᠭᠡ ᠬᠤᠷᠠᠯ ᠡᠬᠢᠯᠡᠪᠡ᠃ ᠳᠠᠯᠠᠪᠠᠢ ᠳᠠᠶᠠᠭ᠋ᠠᠷ ᠪᠣᠰᠴᠤ ᠵᠣᠭᠰᠣᠨ ᠤᠯᠤᠰ᠎ᠤᠨ ᠰᠦᠯᠳᠡ ᠳᠠᠭᠤᠤ ᠵᠢ ᠳᠠᠭᠤᠯᠠᠪᠠ᠃
ᠬᠠᠯᠠᠭᠤᠨ ᠠᠯᠠᠭ᠎ᠠ ᠲᠠᠰᠢᠯᠳᠠ ᠵᠢᠨ ᠳᠤᠮᠳᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠷᠢᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠷᠪᠠᠨ ᠲᠠᠪᠤᠳᠤᠭ᠋ᠠᠷ ᠤᠳᠠᠭ᠎ᠠ ᠵᠢᠨ ᠠᠺᠠᠳᠧᠮᠢᠴᠢ ᠵᠢᠨ ᠶᠡᠭᠡ ᠬᠤᠷᠠᠯ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠭᠡ ᠬᠤᠷᠠᠯ ᠪᠣᠯ ᠮᠠᠨ᠎ᠤ 《ᠬᠤᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡᠨ ᠠᠭᠤᠯᠵᠠᠷ᠎ᠲᠤ᠂ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠦᠭᠰᠡᠨ ᠴᠢᠬᠤᠯᠠ ᠴᠠᠭ ᠮᠥᠴᠡ᠎ᠳᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ ᠶᠡᠭᠡ ᠪᠤᠳᠤᠯᠭ᠎ᠠ ᠵᠢ ᠬᠠᠮᠲᠤ᠎ᠪᠠᠷ ᠵᠥᠪᠳᠡᠯᠴᠡᠬᠦ ᠵᠢᠨ ᠲᠦᠯᠦᠭᠡ ᠬᠤᠷᠠᠯᠳᠤᠭᠰᠠᠨ ᠨᠢᠭᠡ ᠤᠳᠠᠭ᠎ᠠ ᠵᠢᠨ ᠦᠪᠡᠳᠡᠭᠰᠢ ᠬᠤᠷᠠᠯ ᠪᠣᠯᠤᠨ᠎ᠠ ᠬᠡᠵᠥ ᠵᠢᠭ᠋ᠠᠵᠥ ᠭᠠᠷᠭ᠋ᠠᠪᠠ᠃ ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ᠎ᠤᠨ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠵᠥ᠂ ᠡᠯ᠎ᠡ ᠠᠵᠢᠯ᠎ᠤᠨ ᠪᠠᠶ᠋ᠢᠷᠢ᠎ᠳᠤ ᠰᠢᠷᠭ᠋ᠠᠭᠤ ᠠᠵᠢᠯᠯᠠᠵᠤ ᠬᠤᠪᠢ ᠨᠡᠮᠡᠷᠢ ᠦᠵᠡᠭᠦᠯᠵᠤ ᠪᠠᠶ᠋ᠢᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠢ ᠴᠢᠩ ᠰᠡᠳᠬᠢᠯ᠎ᠠᠴᠠ᠎ᠪᠠᠨ ᠲᠣᠬᠤᠨᠢᠭᠤᠯᠵᠤ ᠪᠠᠶ᠋ᠢᠬᠤ᠎ᠪᠠᠨ ᠢᠯᠡᠳᠬᠡᠪᠡ᠃ 5 ᠰᠠᠷ᠎ᠠ ᠵᠢᠨ 30᠎ᠤ ᠡᠳᠦᠷ ᠪᠣᠯ ᠲᠠᠪᠤᠳᠡᠬᠢ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠤ ᠡᠳᠦᠷ ᠪᠣᠯᠤᠨ᠎ᠠ᠂ ᠰᠢ ᠵᠢᠨ ᠫᠢᠩ ᠪᠦᠬᠦ ᠤᠯᠤᠰ᠎ᠤᠨ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠳᠤ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠪᠡ᠃
ᠰᠢ ᠵᠢᠨ ᠫᠢᠩ᠂ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢᠨ ᠡᠯ᠎ᠡ ᠲᠡᠦᠬᠡᠨ ᠴᠠᠭ ᠦᠶ᠎ᠡ᠎ᠳᠤ᠂ ᠮᠠᠨ᠎ᠤ ᠨᠠᠮ ᠴᠦᠮ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠢ ᠳᠡᠬᠡᠳᠤ ᠬᠡᠮᠵᠢᠶ᠎ᠡ᠎ᠪᠠᠷ ᠴᠢᠬᠤᠯᠠᠴᠢᠯᠠᠵᠥ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠨᠢ ᠨᠠᠮ ᠪᠣᠯᠤᠨ ᠠᠷᠠᠳ ᠲᠦᠮᠡᠨ᠎ᠤ ᠦᠢ᠍ᠯᠡᠰ᠎ᠤᠨ ᠳᠤᠮᠳᠠ ᠢᠮᠠᠭᠲᠠ ᠲᠦᠢ᠍ᠯ᠎ᠤᠨ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠰᠠᠭᠤᠷᠢ᠎ᠲᠠᠢ ᠪᠠᠶ᠋ᠢᠵᠥ᠂ ᠲᠦᠢ᠍ᠯ᠎ᠤᠨ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠦᠢ᠍ᠯᠡᠳᠦᠯ ᠦᠵᠡᠭᠦᠯᠵᠡᠢ᠃ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠷᠢᠰᠥᠯᠳᠦᠭᠡᠨ᠎ᠤ ᠪᠠᠶ᠋ᠢᠳᠠᠯ᠎ᠢ ᠪᠦᠬᠦ ᠲᠠᠯ᠎ᠠ᠎ᠪᠠᠷ ᠵᠠᠳᠠᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠥᠭᠵᠢᠯᠲᠡ ᠵᠢᠨ ᠪᠠᠶ᠋ᠢᠳᠠᠯ᠎ᠢ ᠭᠦᠨᠵᠡᠭᠡᠢ ᠰᠤᠳᠤᠯᠤᠨ ᠮᠠᠭ᠋ᠠᠳᠯᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠭᠤᠣᠯ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠪᠦᠬᠦ ᠲᠠᠯ᠎ᠠ᠎ᠪᠠᠷ ᠲᠥᠯᠥᠪᠯᠡᠪᠡ᠃ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠲᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠶᠡᠭᠡ ᠬᠠᠨᠳᠤᠰᠢ ᠵᠢ ᠠᠵᠢᠡᠡᠯᠠᠨ᠂ ᠪᠦᠬᠦ ᠲᠠᠯ᠎ᠠ ᠵᠢ ᠲᠥᠯᠥᠪᠵᠢᠭᠦᠯᠵᠦ᠂ ᠦᠨᠳᠦᠰᠦᠨ ᠵᠦᠢ᠍ᠯ᠎ᠢ ᠠᠳᠬᠤᠵᠤ᠂ ᠥᠨᠳᠥᠷ ᠪᠦᠲᠦᠮᠵᠢᠲᠡᠢ ᠵᠣᠬᠢᠶᠠᠨ ᠪᠠᠶ᠋ᠢᠭᠤᠯᠤᠨ ᠳᠠᠶ᠋ᠢᠴᠢᠯᠠᠬᠤ ᠰᠢᠰᠲ᠋ᠧᠮ ᠪᠣᠯᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠲᠤᠬᠢᠷᠠᠭᠤᠯᠬᠤ ᠵᠠᠭᠪᠤᠷ᠎ᠢ ᠪᠦᠷᠢᠯᠳᠦᠭᠦᠯᠪᠡ᠃ ᠪᠢᠳᠡ ᠳᠡᠯᠡᠬᠡᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ ᠵᠢ ᠪᠠᠲᠤ ᠡᠵᠡᠮᠳᠡᠵᠦ᠂ ᠥᠷᠯᠥᠭᠡ ᠦᠳᠡᠰᠢ ᠵᠢ ᠲᠡᠮᠡᠴᠡᠬᠦ ᠡᠭᠦᠷᠭᠡᠲᠦ ᠪᠤᠳᠤᠯ᠂ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ ᠪᠤᠳᠤᠯ ᠵᠶ᠋ᠠᠷ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠠᠵᠠ ᠲᠣᠬᠢᠶᠠᠯ᠎ᠢ ᠠᠮᠵᠢᠨ ᠠᠳᠬᠤᠵᠤ᠂ ᠰᠠᠭᠤᠷᠢ ᠬᠤᠰᠢᠭᠤᠷᠠᠯ ᠬᠦᠷᠢᠶᠡᠨ᠎ᠳᠤ ᠭᠠᠪᠰᠢᠭ᠋ᠠᠶ᠋ᠢᠯᠠᠨ ᠲᠡᠮᠡᠴᠡᠪᠡ᠃ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠳᠡ ᠵᠢᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠤᠭ᠋ᠠᠯ ᠰᠢᠨ᠎ᠡ ᠡᠭᠦᠳᠦᠯᠳᠡ ᠵᠢᠨ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠨ᠂ ᠴᠢᠬᠤᠯᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠤ ᠲᠠᠪᠠᠯᠳᠠᠳᠤ ᠴᠢᠨᠠᠷᠳᠠᠢ ᠬᠥᠭᠵᠢᠯᠲᠡ ᠵᠢ ᠪᠡᠶᠡᠯᠡᠭᠦᠯᠪᠡ᠃ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠪᠠᠶ᠋ᠢᠷᠢᠯᠠᠭᠤᠯᠵᠤ᠂ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠵᠥ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠦᠬᠦᠯᠢ ᠴᠣᠭᠴᠠ ᠵᠢᠨ ᠦᠷ᠎ᠡ ᠠᠰᠢᠬ᠎ᠢ ᠳᠡᠭᠡᠭᠰᠢᠯᠡᠭᠦᠯᠪᠡ᠃ ᠪᠢᠳᠡ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠬᠦᠴᠦᠯᠡᠨ ᠬᠡᠷᠡᠭᠵᠢᠭᠦᠯᠵᠦ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠴᠤᠭᠯᠠᠭᠤᠯᠤᠨ ᠬᠡᠷᠡᠭᠯᠡᠵᠦ᠂ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠤ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠭᠦᠢ᠍ᠴᠡᠳ ᠬᠥᠭᠵᠢᠭᠡᠪᠡ᠃ ᠪᠢᠳᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ ᠨᠡᠬᠡᠬᠡᠯᠳᠡ ᠬᠠᠮᠲᠤᠷᠠᠯᠴᠠᠭ᠎ᠠ ᠵᠢ ᠥᠷᠭᠡᠳᠬᠡᠨ᠂ ᠬᠥᠮᠦᠨ ᠲᠥᠷᠥᠯᠬᠢᠲᠡᠨ᠎ᠳᠤ ᠲᠤᠯᠭ᠋ᠠᠷᠠᠵᠤ ᠪᠠᠶ᠋ᠢᠭ᠎ᠠ ᠴᠢᠬᠤᠯᠠ ᠶᠡᠭᠡ ᠥᠷᠢᠰᠥᠯᠳᠦᠭᠡᠨ᠎ᠢ ᠰᠢᠢ᠍ᠳᠪᠦᠷᠢᠯᠡᠬᠦ᠎ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠵᠶ᠋ᠠᠷ ᠨᠡᠩ ᠤᠯᠠᠨ ᠤᠯᠤᠰ ᠪᠠ ᠠᠷᠠᠳ ᠲᠦᠮᠡᠨ᠎ᠳᠤ ᠠᠰᠢᠬ ᠬᠦᠷᠲᠡᠭᠡᠬᠦ ᠵᠢ ᠴᠢᠷᠮᠠᠶ᠋ᠢᠨ ᠠᠬᠢᠭᠤᠯᠪᠠ ᠬᠡᠵᠥ ᠴᠢᠬᠤᠯᠠᠴᠢᠯᠠᠪᠠ᠃
ᠰᠢ ᠵᠢᠨ ᠫᠢᠩ᠂ ᠬᠡᠳᠦᠨ ᠵᠢᠯ᠎ᠤᠨ ᠲᠤᠷᠰᠢ᠂ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ ᠶᠠᠭ ᠲᠣᠭ᠋ᠠᠨ᠎ᠤ ᠬᠤᠷᠠᠮᠳᠤᠯ᠎ᠠᠴᠠ ᠴᠢᠨᠠᠷ᠎ᠤᠨ ᠦᠰᠦᠷᠦᠯᠲᠡ ᠲᠡᠶ᠋ᠢᠰᠢ ᠠᠬᠢᠵᠤ᠂ ᠴᠡᠭ᠎ᠤᠨ ᠰᠢᠪᠲᠤᠯᠤᠯᠲᠠ᠎ᠠᠴᠠ ᠰᠢᠰᠲ᠋ᠧᠮ᠎ᠳᠤ ᠴᠢᠳᠠᠪᠤᠷᠢ ᠵᠢᠨ ᠳᠡᠭᠡᠭᠰᠢᠯᠡᠯᠲᠡ ᠲᠡᠶ᠋ᠢᠰᠢ ᠠᠬᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠪᠠ᠃ ᠰᠠᠭᠤᠷᠢ ᠰᠤᠳᠤᠯᠭ᠋ᠠᠨ ᠪᠠ ᠤᠤᠭ᠋ᠠᠯ ᠰᠢᠨ᠎ᠡ ᠡᠭᠦᠳᠦᠯᠲᠡ ᠵᠢᠨ ᠲᠠᠯ᠎ᠠ᠎ᠪᠠᠷ ᠴᠢᠬᠤᠯᠠ ᠠᠬᠢᠴᠠ᠎ᠲᠠᠢ ᠪᠠᠶ᠋ᠢᠵᠤ᠂ ᠪᠠᠶ᠋ᠢᠯᠳᠤᠬᠤ ᠪᠤᠳᠤᠯᠭ᠎ᠠ ᠵᠢᠨ ᠳᠡᠭᠡᠳᠦ ᠮᠡᠷᠭᠡᠵᠢᠯ᠎ᠤᠨ ᠬᠦᠷᠢᠶᠡᠨ᠎ᠳᠤ ᠰᠢᠨ᠎ᠡ ᠳᠠᠪᠠᠯᠲᠠ᠎ᠲᠠᠢ ᠪᠤᠯᠵᠤ᠂ ᠳᠡᠭᠡᠳᠦ ᠲᠡᠰ᠎ᠤᠨ ᠠᠵᠤ ᠦᠢ᠍ᠯᠡᠰ᠎ᠲᠤ ᠰᠢᠨ᠎ᠡ ᠰᠢᠪᠲᠤᠯᠤᠯᠲᠠ᠎ᠲᠠᠢ ᠪᠠᠶ᠋ᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠡᠵᠡᠮᠳᠡᠬᠦ ᠳᠤᠮᠳᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠴᠢᠬᠤᠯᠠ ᠦᠢ᠍ᠯᠡᠳᠦᠯ ᠦᠵᠡᠭᠦᠯᠤᠨ᠂ ᠠᠷᠠᠳ᠎ᠤᠨ ᠠᠮᠢᠳᠤᠷᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠤ ᠲᠤᠪᠤᠶ᠋ᠢᠮ᠎ᠠ ᠠᠮᠵᠢᠯᠲᠠ ᠣᠯᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠠ ᠵᠢ ᠡᠭᠦᠳᠬᠦ ᠲᠠᠯ᠎ᠠ᠎ᠪᠠᠷ ᠴᠢᠬᠤᠯᠠ ᠶᠡᠭᠡ ᠠᠮᠵᠢᠯᠲᠠ ᠤᠯᠪᠠ᠃ ᠮᠠᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠦᠢ᠍ᠯᠡᠰ ᠶᠡᠭᠡ ᠠᠮᠵᠢᠯᠳᠠ ᠤᠯᠵᠤ ᠪᠤᠯᠤᠨ᠎ᠠ᠂ ᠮᠠᠨ᠎ᠤ ᠤᠯᠤᠰ᠎ᠤᠨ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ ᠶᠡᠭᠡ ᠵᠢᠳᠭᠦᠯ ᠴᠢᠷᠮᠠᠶ᠋ᠢᠯᠭ᠎ᠠ᠎ᠲᠠᠢ ᠭᠡᠳᠡᠭ᠎ᠢ ᠦᠢ᠍ᠯᠡᠳᠦᠯᠭᠡ ᠭᠡᠷᠡᠴᠢᠯᠡᠵᠠᠢ᠃ ᠮᠠᠨ᠎ᠤ ᠤᠯᠤᠰ᠎ᠤᠨ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ ᠵᠣᠷᠢᠭ ᠰᠠᠨᠠᠭ᠎ᠠ᠂ ᠬᠠᠭᠤᠴᠢᠨ᠎ᠢ ᠥᠭᠡᠷᠡᠴᠢᠯᠡᠵᠦ ᠰᠢᠨ᠎ᠡ ᠵᠢ ᠪᠠᠶ᠋ᠢᠭᠤᠯᠬᠤ ᠰᠥᠰᠥ ᠵᠣᠷᠢᠭ᠂ ᠰᠢᠨᠲᠠᠷᠠᠰᠢ ᠦᠭᠡᠢ ᠳᠤᠭᠳᠠᠯ ᠬᠦᠴᠦᠨ ᠵᠶ᠋ᠠᠷ ᠴᠠᠭ ᠦᠶ᠎ᠡ᠎ᠠᠴᠠ ᠤᠯᠭᠤᠭᠰᠠᠨ ᠬᠦᠨᠳᠦ ᠡᠭᠦᠷᠭᠡ ᠵᠢ ᠡᠭᠦᠷᠭᠡᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠥᠨᠳᠥᠷ ᠲᠦᠪᠰᠢᠨ ᠵᠶ᠋ᠠᠷ ᠴᠢᠷᠮᠠᠶ᠋ᠢᠨ ᠪᠡᠶᠡᠯᠡᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠤᠤᠭ᠋ᠠᠯ ᠡᠭᠦᠳᠦᠯᠲᠡ ᠵᠢᠨ ᠴᠢᠨᠠᠷᠲᠠᠢ᠂ ᠬᠦᠳᠦᠯᠦᠨ ᠳᠠᠭ᠋ᠠᠭᠤᠯᠬᠤ ᠴᠢᠨᠠᠷᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠤᠮᠲᠠ ᠰᠢᠪᠲᠤᠯᠬᠤ ᠠᠵᠢᠯ᠎ᠢ ᠴᠢᠩᠭ᠋ᠠᠳᠬᠠᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠤᠯᠬᠤ ᠬᠡᠷᠡᠭᠲᠡᠢ᠃ ᠰᠠᠭᠤᠷᠢ ᠰᠤᠳᠤᠯᠭ᠋ᠠᠨ᠎ᠤ ᠲᠠᠯ᠎ᠠ᠎ᠪᠠᠷ ᠵᠣᠷᠢᠭᠲᠠᠢ ᠰᠦᠪᠡᠭᠴᠢᠯᠡᠵᠦ᠂ ᠤᠤᠭ᠋ᠠᠯ ᠡᠭᠦᠳᠦᠯᠲᠡ ᠵᠢ ᠲᠤᠪᠤᠶ᠋ᠢᠯᠭ᠋ᠠᠨ᠂ ᠪᠠᠶ᠋ᠢᠭ᠋ᠠᠯᠢ ᠵᠢᠨ ᠲᠤᠬᠠᠢ ᠲᠠᠨᠢᠯᠳᠠ᠎ᠪᠠᠨ ᠥᠷᠭᠡᠳᠬᠡᠵᠤ᠂ ᠰᠢᠨ᠎ᠡ ᠲᠠᠨᠢᠨ ᠮᠡᠳᠡᠬᠦᠢ ᠵᠢᠨ ᠬᠦᠷᠢᠶ᠎ᠠ ᠵᠢ ᠨᠡᠭᠡᠭᠡᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠤᠮᠲᠠ ᠰᠢᠪᠲᠤᠯᠬᠤ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠠᠮᠤᠭ᠎ᠤᠨ ᠪᠠᠴᠢᠮ᠂ ᠬᠠᠮᠤᠭ᠎ᠤᠨ ᠲᠤᠯᠭ᠋ᠠᠮ ᠠᠰᠠᠭᠤᠳᠠᠯ᠎ᠳᠤ ᠴᠢᠭᠯᠡᠭᠦᠯᠦᠨ᠂ ᠤᠯᠤᠰ᠎ᠤᠨ ᠪᠠᠴᠢᠮ ᠲᠤᠯᠭ᠋ᠠᠮ ᠬᠡᠷᠡᠭᠴᠡᠭᠡ ᠪᠣᠯᠤᠨ ᠠᠯᠤᠰ ᠬᠡᠳᠦ ᠵᠢᠨ ᠬᠡᠷᠡᠭᠴᠡᠭᠡ ᠵᠢ ᠪᠤᠳᠤᠯᠬᠢᠯᠠᠬᠤ ᠬᠡᠷᠡᠭᠲᠡᠢ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠰᠡᠳᠦᠪ ᠭᠠᠷᠭ᠋ᠠᠭᠴᠢ ᠵᠢᠨ ᠦᠢ᠍ᠯᠡᠳᠦᠯ᠎ᠢ ᠪᠠᠳᠠᠷᠠᠭᠤᠯᠤᠨ᠂ ᠳᠠᠭ᠋ᠠᠭᠤᠯᠤᠭᠴᠢ ᠠᠵᠤ ᠠᠬᠤᠶ᠋ᠢᠯᠠᠯ ᠲᠦᠷᠦᠭᠦᠯᠡᠨ ᠬᠢᠬᠦ᠂ ᠶᠡᠭᠡ ᠳᠡᠭᠡᠳᠦ ᠰᠤᠷᠭ᠋ᠠᠭᠤᠯᠢ ᠰᠤᠳᠤᠯᠭ᠋ᠠᠨ᠎ᠤ ᠬᠦᠷᠢᠶᠡᠯᠡᠩ ᠭᠠᠵᠠᠷ ᠲᠤᠯᠭ᠋ᠠᠭᠤᠷᠢᠯᠠᠬᠤ᠂ ᠡᠯ᠎ᠡ ᠰᠢᠨ᠎ᠡ ᠵᠢ ᠡᠭᠦᠳᠬᠦ ᠭᠤᠣᠯ ᠴᠣᠭᠴᠠ ᠬᠠᠷᠢᠯᠴᠠᠨ ᠬᠠᠮᠵᠢᠯᠴᠠᠬᠤ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ ᠱᠠᠯᠠᠪᠳᠠᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠣᠨᠳᠣᠣᠰᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠤᠯᠠᠨ ᠰᠢᠨᠵᠢᠯᠡᠭᠡᠨ᠎ᠤ ᠰᠠᠯᠠᠭ᠎ᠠ ᠵᠢ ᠤᠶᠠᠯᠳᠤᠭᠤᠯᠤᠭᠰᠠᠨ ᠤᠳᠤ ᠦᠶ᠎ᠡ ᠵᠢᠨ ᠢᠨᠵᠧᠨᠧᠷᠢᠩ ᠪᠠ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠶᠡᠭᠡ᠎ᠪᠠᠷ ᠴᠢᠩᠭ᠋ᠠᠳᠬᠠᠵᠤ᠂ ᠰᠠᠭᠤᠷᠢ ᠰᠢᠨᠵᠢᠯᠡᠬᠦ ᠤᠬᠠᠭ᠋ᠠᠨ ᠪᠠ ᠢᠨᠵᠧᠨᠧᠷᠢᠩ᠎ᠤᠨ ᠮᠡᠷᠭᠡᠵᠢᠯ᠎ᠤᠨ ᠬᠥᠭᠵᠢᠯᠲᠡ ᠵᠢ ᠲᠠᠶ᠋ᠢᠴᠢᠯᠠᠨ᠂ ᠪᠦᠷᠢᠨ ᠲᠡᠭᠦᠯᠳᠡᠷ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠢ ᠪᠤᠢ ᠪᠣᠯᠭ᠋ᠠᠬᠤ ᠬᠡᠷᠡᠭᠲᠡᠢ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠳᠬᠠᠵᠤ᠂ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠲᠤᠷᠰᠢᠯᠲᠠ ᠵᠢᠨ ᠲᠠᠰᠤᠭ᠂ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭ᠋ᠠᠨ᠎ᠤ ᠬᠡᠯᠪᠡᠷᠢ ᠵᠢᠨ ᠶᠡᠭᠡ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠭ᠋ᠠᠭᠤᠯᠤᠬ᠍ᠴᠢ ᠠᠵᠤ ᠠᠬᠤᠶ᠋ᠢᠯᠠᠯ ᠪᠣᠯ ᠴᠥᠮ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠥᠨᠳᠥᠷ ᠲᠦᠪᠰᠢᠨ ᠪᠦᠬᠦᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠡᠭᠦᠷᠭᠡᠯᠡᠯ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠵᠦ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ᠂ ᠵᠠᠩᠭᠢᠯᠠᠭ᠎ᠠ ᠵᠢᠨ ᠴᠢᠨᠠᠷᠲᠠᠢ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠢᠯᠡᠭᠦᠬᠡᠨ ᠭᠠᠷᠭ᠋ᠠᠵᠤ᠂ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ ᠪᠠ ᠠᠯᠤᠰ ᠬᠡᠳᠤ ᠵᠢᠨ ᠠᠰᠢᠭ ᠲᠤᠰᠠ ᠵᠢ ᠨᠥᠯᠥᠭᠡᠯᠡᠨ ᠬᠢᠵᠠᠭ᠋ᠠᠷᠯᠠᠬᠤ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠤᠤᠭ᠋ᠠᠯ ᠰᠢᠨ᠎ᠡ ᠡᠭᠦᠳᠦᠯᠳᠡ ᠵᠢᠨ ᠭᠤᠯᠤᠮᠳᠠ ᠤᠷᠤᠨ᠎ᠢ ᠱᠠᠯᠠᠪᠳᠠᠨ ᠪᠠᠶ᠋ᠢᠭᠤᠯᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠰᠢᠪᠲᠤᠯᠤᠯᠲᠠ ᠵᠢ ᠲᠦᠷᠭᠡᠳᠬᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠰᠤᠳᠤᠯᠭ᠋ᠠᠨ᠎ᠤ ᠬᠡᠯᠪᠡᠷᠢ ᠵᠢᠨ ᠶᠡᠭᠡ ᠰᠤᠷᠭ᠋ᠠᠭᠤᠯᠢ ᠰᠠᠭᠤᠷᠢ ᠰᠤᠳᠤᠯᠭ᠋ᠠᠨ ᠭᠦᠨ ᠵᠤᠵᠠᠭ᠋ᠠᠨ᠂ ᠰᠢᠨᠵᠢᠯᠡᠭᠡᠨ᠎ᠤ ᠰᠠᠯᠠᠭ᠎ᠠ ᠰᠣᠯᠪᠢᠴᠠᠨ ᠠᠭᠤᠰᠤᠯᠴᠠᠬᠤ ᠳᠠᠪᠠᠭᠤᠯᠢᠭ ᠵᠶ᠋ᠠᠨ ᠪᠠᠳᠠᠷᠠᠭᠤᠯᠵᠤ᠂ ᠰᠠᠭᠤᠷᠢ ᠰᠤᠳᠤᠯᠭ᠋ᠠᠨ᠎ᠤ ᠭᠤᠣᠯ ᠬᠦᠴᠦᠨ ᠪᠣᠯᠤᠨ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠪᠲᠤᠯᠤᠯᠲᠠ ᠵᠢᠨ ᠰᠢᠨ᠎ᠡ ᠬᠦᠴᠦᠨ ᠪᠣᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ ᠵᠠᠬ᠎ᠠ ᠳᠡᠯᠭᠡᠭᠦᠷ᠎ᠤᠨ ᠬᠡᠷᠡᠭᠴᠡᠭᠡ᠂ ᠬᠤᠷᠠᠮᠠᠯ ᠰᠢᠨ᠎ᠡ ᠡᠭᠦᠳᠦᠯᠳᠡ᠂ ᠵᠣᠬᠢᠶᠠᠨ ᠪᠠᠶ᠋ᠢᠭᠤᠯᠬᠤ ᠲᠠᠪᠴᠠᠩ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠮᠠᠨ᠎ᠤ ᠤᠯᠤᠰ᠎ᠤᠨ ᠠᠵᠤ ᠦᠢ᠍ᠯᠡᠰ᠎ᠤᠨ ᠰᠠᠭᠤᠷᠢ ᠴᠢᠳᠠᠪᠤᠷᠢ ᠪᠣᠯᠤᠨ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠲᠤᠰ ᠪᠡᠶ᠎ᠡ ᠵᠢᠨ ᠳᠠᠪᠠᠭᠤᠯᠢᠭ᠎ᠲᠠᠭᠠᠨ ᠰᠠᠭᠤᠷᠢᠯᠠᠨ᠂ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠶ ᠪᠠᠶ᠋ᠢᠷᠢᠰᠢᠭᠤᠯᠬᠤ ᠬᠡᠷᠡᠭᠲᠡᠶ ᠭᠡᠵᠤ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠲᠦᠷᠢᠮ᠎ᠢ ᠪᠦᠷᠢᠯᠳᠦᠭᠦᠯᠬᠦ ᠬᠡᠷᠡᠭᠲᠡᠢ᠃ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠨᠥᠬᠦᠴᠡᠯ ᠳᠣᠣᠷᠠᠬᠢ ᠰᠢᠨ᠎ᠡ ᠮᠠᠶᠢᠭ᠎ᠤᠨ ᠤᠯᠤᠰ ᠳᠠᠶᠠᠭ᠋ᠠᠷ᠎ᠤᠨ ᠪᠠᠶ᠋ᠢᠭᠤᠯᠤᠯ᠎ᠢ ᠲᠡᠭᠦᠯᠳᠡᠷᠵᠢᠭᠦᠯᠵᠦ᠂ ᠤᠯᠤᠰ᠎ᠤᠨ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠳᠡ ᠵᠢᠨ ᠵᠣᠬᠢᠶᠠᠨ ᠪᠠᠶ᠋ᠢᠭᠤᠯᠤᠭᠴᠢ ᠪᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠦᠨᠡᠯᠡᠬᠦ ᠲᠦᠷᠢᠮ᠎ᠢ ᠲᠡᠭᠦᠯᠳᠡᠷᠵᠢᠭᠦᠯᠬᠦ ᠵᠡᠷᠭᠡ ᠰᠠᠭᠤᠷᠢ ᠥᠭᠡᠷᠡᠴᠢᠯᠡᠯᠲᠡ ᠵᠢ ᠭᠤᠣᠯᠳᠠᠯᠭ᠎ᠠ᠎ᠲᠠᠢ ᠰᠠᠶ᠋ᠢᠲᠤᠷ ᠠᠳᠬᠤᠵᠤ᠂ ᠶᠠᠰᠤ ᠴᠢᠨᠠᠷ᠂ ᠠᠮᠵᠢᠯᠲᠠ ᠪᠦᠲᠦᠮᠵᠢ᠂ ᠬᠤᠪᠢ ᠨᠡᠮᠡᠷᠢ᠎ᠪᠠᠷ ᠭᠤᠣᠯ ᠪᠣᠯᠭ᠋ᠠᠭᠰᠠᠨ ᠦᠨᠡᠯᠡᠬᠦ ᠤᠳᠤᠷᠢᠳᠤᠮᠵᠢ ᠵᠢ ᠪᠠᠷᠢᠮᠲᠠᠯᠠᠨ᠂ ᠦᠷ᠎ᠡ ᠪᠦᠲᠦᠭᠡᠯ᠎ᠤᠨ ᠰᠢᠨ᠎ᠡ ᠵᠢ ᠡᠭᠦᠳᠦᠭᠰᠡᠨ ᠲᠦᠪᠰᠢᠨ᠂ ᠤᠨᠳᠤᠤᠰᠢᠭᠤᠯᠤᠨ ᠬᠡᠷᠡᠭᠯᠡᠭᠰᠡᠨ ᠠᠮᠵᠢᠯᠲᠠ ᠪᠦᠲᠦᠮᠵᠢ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠦᠭᠰᠡᠨ ᠪᠣᠳᠠᠲᠠᠢ ᠬᠤᠪᠢ ᠨᠡᠮᠡᠷᠢ ᠵᠢ ᠪᠦᠬᠦ ᠲᠠᠯ᠎ᠠ᠎ᠪᠠᠷ ᠣᠨᠣᠪᠴᠢᠲᠠᠢ ᠲᠤᠰᠬᠠᠬᠤ ᠬᠡᠷᠡᠭᠲᠡᠢ᠃ ᠨᠡᠩ ᠶᠡᠭᠡ ᠰᠥᠰᠥ ᠵᠣᠷᠢᠭ ᠵᠶ᠋ᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠬᠢ ᠵᠢᠨ ᠬᠤᠪᠢᠷᠠᠯᠳᠠ ᠵᠢ ᠠᠬᠢᠭᠤᠯᠵᠤ᠂ ᠪᠠᠶ᠋ᠢᠯᠳᠤᠬᠤ ᠪᠤᠳᠤᠯᠭ᠎ᠠ ᠵᠢ ᠠᠳᠬᠤᠬᠤ᠂ ᠥᠭᠡᠷᠡᠴᠢᠯᠡᠯᠲᠡ ᠵᠢ ᠠᠳᠬᠤᠬᠤ᠂ ᠲᠥᠯᠥᠪᠵᠢᠭᠦᠯᠭᠡ ᠵᠢ ᠠᠳᠬᠤᠬᠤ᠂ ᠦᠢ᠍ᠯᠡᠴᠢᠯᠡᠭᠡ ᠵᠢ ᠠᠳᠬᠤᠬᠤ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠰᠤᠷᠲᠠᠯ᠎ᠢ ᠬᠤᠪᠢᠷᠠᠭᠤᠯᠤᠨ᠂ ᠴᠢᠳᠠᠪᠤᠷᠢ ᠵᠢ ᠳᠡᠭᠡᠭᠰᠢᠯᠡᠭᠦᠯᠵᠦ᠂ ᠲᠥᠯᠥᠪᠵᠢᠭᠦᠯᠭᠡ ᠲᠦᠷᠦ ᠵᠢᠨ ᠪᠤᠳᠤᠯᠭ᠎ᠠ ᠵᠢᠨ ᠵᠢᠯᠤᠭᠤᠳᠤᠯᠭ᠎ᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ᠎ᠳᠤ ᠨᠡᠩ ᠤᠯᠠᠨ ᠡᠵᠡᠨ ᠮᠡᠳᠡᠬᠦ ᠡᠷᠬᠡ ᠣᠯᠭᠤᠵᠤ᠂ ᠰᠢᠨᠵᠢᠯᠡᠬᠦ ᠤᠬᠠᠭ᠋ᠠᠨᠲᠠᠨ᠎ᠳᠤ ᠨᠡᠩ ᠶᠡᠭᠡ ᠮᠡᠷᠭᠡᠵᠢᠯ᠎ᠤᠨ ᠱᠤᠭᠤᠮ᠎ᠢ ᠲᠣᠭᠲᠠᠭ᠋ᠠᠬᠤ ᠡᠷᠬᠡ ᠪᠣᠯᠤᠨ ᠵᠠᠷᠤᠳᠠᠯ᠎ᠢ ᠬᠡᠷᠡᠭᠯᠡᠬᠦ ᠡᠷᠬᠡ ᠣᠯᠭᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠶᠠᠷᠰᠢᠭ ᠲᠦᠪᠡᠭᠲᠡᠢ᠂ ᠴᠢᠬᠤᠯᠠ ᠪᠤᠰᠤ ᠪᠠᠶ᠋ᠢᠭᠤᠯᠤᠮᠵᠢ ᠲᠣᠭᠲᠠᠴᠠ ᠵᠢᠨ ᠬᠦᠯᠢᠶᠡᠰᠦᠯᠡᠯ᠎ᠠᠴᠠ ᠴᠢᠯᠥᠭᠡᠯᠡᠬᠦ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠢ ᠲᠣᠭᠲᠠᠭ᠋ᠠᠬᠤ ᠪᠠ ᠵᠣᠬᠢᠶᠠᠨ ᠪᠠᠶ᠋ᠢᠭᠤᠯᠵᠤ ᠬᠠᠮᠢᠶᠠᠷᠬᠤ ᠠᠷᠭ᠎ᠠ ᠬᠡᠯᠪᠡᠷᠢ ᠵᠢ ᠥᠭᠡᠷᠡᠴᠢᠯᠡᠵᠦ᠂ 《ᠡᠭᠦᠷᠭᠡ ᠬᠦᠯᠢᠶᠡᠵᠦ ᠲᠦᠷᠦᠭᠦᠯᠡᠨ ᠬᠢᠬᠦ》᠂ 《ᠮᠣᠷᠢ ᠤᠷᠤᠯᠳᠤᠬᠤ》 ᠵᠡᠷᠭᠡ ᠲᠦᠷᠢᠮ᠎ᠢ ᠬᠡᠷᠡᠭᠵᠢᠭᠦᠯᠤᠨ᠂ ᠬᠢᠷᠢ ᠭᠡᠮ ᠵᠶ᠋ᠠᠷ ᠬᠢᠵᠠᠭ᠋ᠠᠷᠯᠠᠬᠤ ᠦᠭᠡᠢ᠂ ᠨᠦᠬᠦᠴᠡᠯ ᠪᠠᠷᠢᠮᠵᠢᠶ᠎ᠠ ᠲᠣᠭᠲᠠᠭ᠋ᠠᠬᠤ ᠦᠭᠡᠢ ᠪᠠᠶ᠋ᠢᠬᠤ ᠵᠢ ᠪᠡᠶᠡᠯᠡᠭᠦᠯᠵᠤ᠂ ᠵᠢᠩᠬᠢᠨᠢ ᠡᠷᠳᠡᠮ ᠴᠢᠳᠠᠪᠤᠷᠢ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠢ ᠴᠢᠳᠠᠪᠤᠷᠢ᠎ᠪᠠᠨ ᠪᠠᠳᠠᠷᠠᠭᠤᠯᠬᠤ ᠭᠠᠵᠠᠷ᠎ᠲᠠᠢ ᠪᠣᠯᠭ᠋ᠠᠬᠤ ᠬᠡᠷᠡᠭᠲᠡᠢ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠨᠡᠭᠡᠭᠡᠯᠲᠡᠲᠦ ᠰᠢᠨ᠎ᠡ ᠵᠢ ᠡᠭᠦᠳᠬᠦ ᠠᠮᠢ ᠠᠬᠤᠢ ᠵᠢ ᠪᠤᠢ ᠪᠤᠯᠭ᠋ᠠᠨ᠂ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ᠎ᠳᠤ ᠣᠷᠣᠯᠴᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠳᠡᠯᠡᠬᠡᠶ᠋ᠢᠴᠢ ᠴᠢᠨᠠᠷ᠂ ᠴᠠᠭ ᠦᠶᠡᠴᠢ ᠴᠢᠨᠠᠷᠲᠠᠢ ᠪᠠᠶ᠋ᠢᠵᠤ᠂ ᠬᠥᠮᠦᠨ ᠲᠥᠷᠥᠯᠬᠢᠲᠡᠨ᠎ᠤ ᠬᠠᠮᠲᠤ ᠵᠢᠨ ᠦᠪ ᠬᠦᠷᠦᠩᠭᠡ ᠪᠤᠯᠤᠨ᠎ᠠ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠪᠥᠬᠦ ᠪᠥᠮᠪᠥᠷᠴᠡᠭ᠎ᠤᠨ ᠬᠠᠷᠠᠭ᠋ᠠᠰᠤ᠎ᠠᠴᠠ ᠰᠢᠨ᠎ᠡ ᠵᠢ ᠡᠭᠦᠳᠬᠦ ᠵᠢ ᠲᠥᠯᠥᠪᠵᠢᠭᠦᠯᠦᠨ ᠠᠬᠢᠭᠤᠯᠵᠤ᠂ ᠪᠥᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠲᠤᠤᠷ᠎ᠲᠤ ᠢᠳᠡᠪᠬᠢᠲᠡᠶ ᠠᠭᠤᠰᠤᠯᠴᠠᠨ᠂ ᠠᠭᠤᠷ ᠠᠮᠢᠰᠬᠤᠯ᠎ᠤᠨ ᠬᠤᠪᠢᠷᠠᠯᠲᠠ᠂ ᠬᠥᠮᠦᠨ ᠲᠥᠷᠥᠯᠬᠢᠲᠡᠨ᠎ᠤ ᠡᠷᠡᠭᠦᠯ ᠮᠡᠨᠳᠦ ᠵᠡᠷᠭᠡ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠲᠠᠢ ᠬᠠᠮᠳᠤᠷᠠᠨ ᠰᠤᠳᠤᠯᠬᠤ᠎ᠪᠠᠨ ᠴᠢᠩᠭ᠋ᠠᠳᠬᠠᠬᠤ ᠬᠡᠷᠡᠭᠲᠡᠶ᠃ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ᠎ᠤᠨ ᠤᠶᠤᠨ ᠤᠬᠠᠭ᠋ᠠᠨ ᠵᠶ᠋ᠠᠨ ᠨᠡᠮᠡᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠮᠦᠨ ᠲᠥᠷᠥᠯᠬᠢᠲᠡᠨ᠎ᠤ ᠠᠵᠠ ᠵᠢᠷᠭ᠋ᠠᠯ᠎ᠢ ᠨᠡᠩ ᠰᠠᠶ᠋ᠢᠳᠦᠷ ᠨᠡᠮᠡᠭᠳᠡᠭᠦᠯᠤᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠡᠯ᠎ᠡ ᠲᠦᠷᠦᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠦᠬᠦ ᠪᠥᠮᠪᠥᠷᠴᠡᠭ᠎ᠤᠨ ᠴᠢᠳᠠᠪᠤᠷᠢᠲᠠᠨ᠎ᠤ ᠥᠨᠳᠦᠷᠯᠢᠭ ᠭᠠᠵᠠᠷ᠎ᠢ ᠪᠠᠶ᠋ᠢᠭᠤᠯᠬᠤ ᠬᠡᠷᠡᠭᠲᠡᠢ᠃ ᠣᠳᠣᠬᠠᠨ᠎ᠤ ᠳᠡᠯᠡᠬᠡᠢ ᠶᠢᠷᠲᠢᠨᠴᠦ ᠵᠢᠨ ᠥᠷᠢᠰᠥᠯᠳᠦᠭᠡᠨ᠎ᠨᠢ ᠡᠴᠦᠰ᠎ᠤᠨ ᠡᠴᠦᠰ᠎ᠲᠡᠭᠡᠨ ᠴᠢᠳᠠᠪᠤᠷᠢᠲᠠᠨ᠎ᠤ ᠥᠷᠢᠰᠥᠯᠳᠦᠭᠡᠨ᠂ ᠰᠤᠷᠭ᠋ᠠᠨ ᠬᠥᠮᠦᠵᠢᠯ᠎ᠤᠨ ᠥᠷᠢᠰᠥᠯᠳᠦᠭᠡᠨ ᠪᠣᠯᠤᠨ᠎ᠠ᠃ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠵᠢ ᠨᠡᠩ ᠢᠯᠡᠭᠦᠦ ᠴᠢᠬᠤᠯᠠᠴᠢᠯᠠᠵᠤ᠂ ᠨᠢᠭᠡ ᠪᠦᠯᠦᠭ ᠳᠡᠯᠡᠬᠡᠢ᠎ᠳᠤ ᠨᠥᠯᠥᠭᠡᠯᠡᠬᠦ ᠬᠦᠴᠦᠨ᠎ᠲᠠᠢ ᠣᠷᠦ᠋ᠢ᠍ᠯᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠴᠢᠷᠮᠠᠶ᠋ᠢᠨ ᠬᠥᠮᠦᠵᠢᠭᠦᠯᠵᠦ᠂ ᠨᠢᠭᠡ ᠪᠦᠯᠦᠭ ᠰᠢᠨ᠎ᠡ ᠵᠢ ᠡᠭᠦᠳᠬᠦ ᠪᠦᠯᠬᠦᠮ᠎ᠢ ᠲᠣᠭᠲᠠᠭᠤᠨ ᠵᠶ᠋ᠠᠷ ᠳᠡᠮᠵᠢᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠵᠢᠯ᠎ᠤᠨ ᠴᠢᠳᠠᠪᠤᠷᠢᠳᠠᠨ᠂ ᠤᠷᠠᠨ ᠳᠠᠷᠬᠠᠨ᠂ ᠶᠡᠭᠡ ᠤᠯᠤᠰ᠎ᠤᠨ ᠭᠠᠷᠮᠠᠭ᠋ᠠᠢ ᠳᠠᠷᠬᠠᠨ᠎ᠢ ᠬᠥᠮᠦᠵᠢᠭᠦᠯᠬᠦ ᠬᠡᠷᠡᠭᠲᠡᠢ᠃ ᠮᠠᠨ᠎ᠤ ᠤᠯᠤᠰ᠎ᠤᠨ ᠰᠤᠷᠭ᠋ᠠᠨ ᠬᠥᠮᠦᠵᠢᠯ ᠶᠡᠭᠡ ᠪᠠᠭᠰᠢᠳᠠᠨᠢ ᠬᠥᠮᠦᠵᠢᠭᠦᠯᠵᠦ ᠴᠢᠳᠠᠨ᠎ᠠ᠂ ᠪᠢᠳᠠ ᠡᠶ᠋ᠢᠮᠦ ᠢᠲᠡᠭᠡᠯ᠎ᠲᠠᠢ ᠪᠠᠶ᠋ᠢᠬᠤ ᠬᠡᠷᠡᠭᠲᠡᠢ! ᠪᠦᠬᠦ ᠲᠡᠯᠡᠭᠡᠢ ᠵᠢᠨ ᠰᠢᠯᠢᠳᠡᠭ ᠴᠢᠳᠠᠪᠤᠷᠢᠲᠠᠨ᠎ᠢ ᠴᠤᠭᠯᠠᠷᠠᠭᠤᠯᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠥᠨᠳᠦᠷᠯᠢᠭ ᠭᠠᠵᠠᠷ᠎ᠢ ᠪᠠᠶ᠋ᠢᠭᠤᠯᠵᠤ᠂ ᠳᠡᠭᠡᠳᠦ ᠲᠡᠰ᠎ᠤᠨ ᠴᠢᠳᠠᠪᠤᠷᠢᠲᠠᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠰᠣᠯᠢᠯᠴᠠᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠢ ᠭᠤᠣᠯ ᠬᠦᠴᠦᠨ ᠵᠶ᠋ᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠤᠳᠤᠯᠤᠨ ᠨᠡᠭᠡᠭᠡᠬᠦ ᠠᠵᠢᠯᠯᠠᠭ᠎ᠠ᠎ᠳᠤ ᠵᠤᠷᠢᠭᠤᠯᠬᠤ ᠪᠤᠯᠭ᠋ᠠᠬᠤ ᠬᠡᠷᠡᠭᠲᠡᠢ᠂ ᠬᠡᠷᠬᠢᠪᠡᠴᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠢ ᠶᠡᠭᠡ ᠬᠡᠮᠵᠢᠶᠡᠨ᠎ᠤ ᠴᠠᠭ ᠵᠶ᠋ᠠᠨ ᠬᠡᠷᠡᠭ ᠦᠭᠡᠢ ᠤᠭᠲᠤᠵᠤ ᠬᠦᠷᠭᠡᠬᠦ ᠠᠵᠢᠯᠯᠠᠭ᠎ᠠ᠂ ᠴᠢᠬᠤᠯᠠ ᠪᠤᠰᠤ ᠬᠢᠨᠠᠨ ᠦᠨᠡᠯᠡᠬᠦ ᠠᠵᠢᠯᠯᠠᠭ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠵᠦᠢ᠍ᠯ ᠪᠦᠷᠢ ᠵᠢᠨ ᠠᠵᠢᠯᠯᠠᠭ᠎ᠠ ᠳᠡᠭᠡᠷ᠎ᠡ ᠵᠤᠷᠢᠭᠤᠯᠬᠤ ᠪᠤᠯᠭ᠋ᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠣᠯ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ ᠪᠣᠯᠤᠨ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠤᠨ ᠬᠠᠮᠤᠭ᠎ᠤᠨ ᠳᠡᠭᠡᠳᠦ ᠡᠷᠳᠡᠮ ᠰᠢᠨᠵᠢᠯᠡᠭᠡᠨ᠎ᠤ ᠪᠠᠶ᠋ᠢᠭᠤᠯᠤᠮᠵᠢ ᠮᠥᠨ᠂ ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠮᠥᠨ᠃ ᠬᠤᠶᠠᠷ ᠬᠦᠷᠢᠶᠡᠯᠡᠩ᠎ᠤᠨ ᠤᠯᠤᠰ᠎ᠤᠨ ᠠᠩᠬᠢ ᠪᠤᠯᠤᠭᠰᠠᠨ᠎ᠤ ᠬᠤᠪᠢ᠎ᠳᠠᠬᠢ ᠡᠷᠳᠡᠮ ᠰᠢᠨᠵᠢᠯᠡᠭᠡᠨ᠎ᠤ ᠬᠦᠳᠦᠯᠦᠨ ᠳᠠᠭ᠋ᠠᠭᠤᠯᠬᠤ ᠦᠢ᠍ᠯᠡᠳᠦᠯ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠦᠢ᠍ᠯᠡᠳᠦᠯ᠂ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠦᠢ᠍ᠯᠡᠳᠦᠯ᠎ᠢ ᠪᠠᠳᠠᠷᠠᠭᠤᠯᠵᠤ᠂ ᠴᠢᠬᠤᠯᠠ ᠶᠡᠭᠡ ᠤᠤᠭ᠋ᠠᠯ ᠡᠭᠦᠳᠦᠯᠲᠡ ᠵᠢᠨ ᠰᠢᠨᠵᠢᠯᠡᠬᠦ ᠤᠬᠠᠭ᠋ᠠᠨ᠎ᠤ ᠠᠰᠠᠭᠤᠳᠠᠯ᠎ᠢ ᠰᠢᠢ᠍ᠳᠪᠦᠷᠢᠯᠡᠨ᠂ ᠵᠣᠷᠢᠭᠲᠠᠢ᠎ᠪᠠᠷ ᠰᠢᠨ᠎ᠠ ᠵᠢ ᠡᠭᠦᠳᠬᠦ ᠵᠢᠨ 《ᠡᠵᠡᠭᠦᠢ ᠤᠷᠤᠨ》 ᠵᠶ᠋ᠠᠷ ᠠᠶᠠᠯᠠᠨ᠂ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠢ ᠰᠢᠪᠲᠤᠯᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ ᠪᠣᠯᠤᠨ ᠥᠨᠳᠥᠷ ᠲᠦᠪᠰᠢᠨ ᠪᠦᠬᠦᠢ ᠰᠢᠨ᠎ᠡ ᠵᠢ ᠡᠭᠦᠳᠬᠦ ᠪᠦᠯᠬᠦᠮ᠎ᠢ ᠢᠯᠡᠷᠡᠭᠦᠯᠤᠨ ᠬᠥᠮᠦᠵᠢᠭᠦᠯᠵᠦ ᠲᠥᠪᠯᠡᠷᠡᠭᠦᠯᠬᠦ ᠬᠡᠷᠡᠭᠲᠡᠢ᠃ ᠬᠤᠶᠠᠷ ᠬᠦᠷᠢᠶᠡᠯᠡᠩ᠎ᠤᠨ ᠤᠯᠤᠰ᠎ᠤᠨ ᠳᠡᠭᠡᠳᠦ ᠲᠡᠰ᠎ᠤᠨ ᠤᠶᠤᠨ᠎ᠤ ᠬᠥᠮᠥᠷᠭᠡ ᠵᠢᠨ ᠴᠢᠳᠠᠪᠬᠢ ᠵᠢ ᠴᠢᠩᠭ᠋ᠠᠳᠬᠠᠵᠤ᠂ ᠪᠠᠶ᠋ᠢᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨᠲᠠᠨ᠎ᠤ ᠦᠢ᠍ᠯᠡᠳᠦᠯ᠎ᠢ ᠪᠠᠳᠠᠷᠠᠭᠤᠯᠤᠨ᠂ ᠵᠥᠪᠯᠡᠯᠭᠡ ᠥᠭᠴᠦ ᠦᠨᠡᠯᠡᠬᠦ ᠠᠵᠢᠯ᠎ᠢ ᠢᠳᠡᠪᠬᠢᠲᠡᠢ ᠥᠷᠨᠢᠭᠦᠯᠵᠦ᠂ ᠤᠯᠤᠰ᠎ᠤᠨ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠦᠢ᠍ᠯᠡᠴᠢᠯᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ ᠨᠠᠮ ᠪᠣᠯᠤᠨ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠲᠠᠢ ᠬᠠᠷᠢᠯᠴᠠᠬᠤ ᠬᠥᠭᠦᠷᠭᠡ ᠬᠤᠯᠪᠣᠭ᠋ᠠᠰᠤ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠳᠤ ᠦᠢ᠍ᠯᠡᠴᠢᠯᠡᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ᠎ᠳᠤ ᠦᠢ᠍ᠯᠡᠴᠢᠯᠡᠬᠦ᠂ ᠪᠦᠬᠦ ᠠᠷᠠᠳ᠎ᠤᠨ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠎ᠳᠤ ᠦᠢ᠍ᠯᠡᠴᠢᠯᠡᠬᠦ᠂ ᠨᠠᠮ ᠪᠣᠯᠤᠨ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠦᠢ᠍ᠯᠡᠴᠢᠯᠡᠬᠦ ᠵᠢ ᠪᠠᠷᠢᠮᠲᠠᠯᠠᠨ᠂ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠢ ᠨᠠᠮ᠎ᠤᠨ ᠲᠣᠭᠤᠷᠢᠨ᠎ᠳᠤ ᠨᠡᠩ ᠥᠷᠭᠡᠨ ᠵᠶ᠋ᠠᠷ ᠪᠦᠯᠬᠦᠮᠳᠡᠭᠦᠯᠵᠦ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠯᠢᠳᠡᠭ ᠰᠠᠶ᠋ᠢᠨ ᠡᠷᠳᠡᠮ ᠰᠢᠨᠵᠢᠯᠡᠭᠡᠨ᠎ᠤ ᠰᠤᠷᠲᠠᠯ᠎ᠢ ᠪᠤᠢ ᠪᠤᠯᠭ᠋ᠠᠬᠤ ᠬᠡᠷᠡᠭᠲᠡᠢ᠃ ᠳᠡᠯᠡᠬᠡᠢ᠎ᠳᠤ ᠬᠠᠨᠳᠤᠬᠤ᠂ ᠢᠷᠡᠭᠡᠳᠦᠢ᠎ᠳᠤ ᠬᠠᠨᠳᠤᠬᠤ ᠵᠢ ᠪᠠᠷᠢᠮᠲᠠᠯᠠᠵᠤ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠯᠦᠭᠡ ᠵᠢᠨ ᠨᠡᠭᠡᠭᠡᠯᠲᠡ᠂ ᠢᠲᠡᠭᠡᠯᠴᠡᠭᠡ᠂ ᠬᠠᠮᠲᠤᠷᠠᠯᠴᠠᠭ᠎ᠠ ᠵᠢ ᠨᠡᠮᠡᠭᠳᠡᠭᠦᠯᠤᠨ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠤᠶᠠᠷ ᠬᠦᠷᠢᠶᠡᠯᠡᠩ᠎ᠤᠨ ᠠᠺᠠᠳᠧᠮᠢᠴᠢ ᠪᠣᠯ ᠤᠯᠤᠰ᠎ᠤᠨ ᠦᠪ ᠬᠦᠷᠦᠩᠭᠡ᠂ ᠠᠷᠠᠳ ᠲᠦᠮᠡᠨ᠎ᠤ ᠣᠮᠣᠭᠰᠢᠯ᠂ ᠦᠨᠳᠦᠰᠦᠲᠡᠨ᠎ᠤ ᠢᠷᠠᠭᠤ ᠠᠯᠳᠠᠷ ᠮᠥᠨ᠃ ᠠᠺᠠᠳᠧᠮᠢᠴᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠺᠠᠳᠧᠮᠢᠴᠢ ᠵᠢᠨ ᠴᠣᠯᠠ ᠵᠢ ᠢᠷᠠᠭᠤ ᠠᠯᠳᠠᠷᠲᠤ ᠴᠢᠨᠠᠷ᠂ ᠡᠷᠳᠡᠮ ᠰᠢᠨᠵᠢᠯᠡᠭᠡᠨ᠎ᠤ ᠴᠢᠨᠠᠷ᠎ᠲᠤ ᠡᠭᠡᠭᠦᠯᠦᠨ᠂ ᠠᠺᠠᠳᠧᠮᠢᠴᠢ ᠵᠢᠨ ᠴᠣᠯᠠ ᠵᠢᠨ ᠴᠡᠪᠡᠷ ᠴᠢᠨᠠᠷ᠎ᠢ ᠬᠠᠮᠠᠭ᠋ᠠᠯᠠᠬᠤ ᠬᠡᠷᠡᠭᠲᠡᠢ᠃ ᠥᠷᠭᠡᠨ ᠣᠯᠠᠨ ᠠᠺᠠᠳᠧᠮᠢᠴᠢ ᠰᠡᠳᠬᠢᠯ ᠵᠢᠷᠦᠭᠡᠨ᠎ᠳᠡᠭᠡᠨ ᠡᠬᠡ ᠤᠯᠤᠰ ᠵᠶ᠋ᠠᠨ ᠪᠤᠳᠤᠬᠤ᠂ ᠠᠷᠠᠳ ᠲᠦᠮᠡᠨ᠎ᠳᠤ ᠦᠢ᠍ᠯᠡᠴᠢᠯᠡᠬᠦ ᠦᠯᠢᠭᠡᠷ ᠳᠠᠭᠤᠷᠢᠶᠠᠯ ᠪᠣᠯᠵᠣ᠂ ᠦᠨᠡᠨ ᠶᠣᠰᠣ ᠵᠢ ᠬᠥᠭᠡᠭᠡᠴᠡᠯᠳᠦᠬᠦ᠂ ᠵᠣᠷᠢᠭᠲᠠᠶ᠎ᠪᠠᠷ ᠨᠤᠶᠠᠠ ᠣᠷᠭᠢᠯ᠎ᠳᠤ ᠠᠪᠠᠷᠢᠬᠤ ᠦᠯᠢᠭᠡᠷ ᠳᠠᠭᠤᠷᠢᠶᠠᠯ ᠪᠣᠯᠵᠣ᠂ ᠡᠷᠳᠡᠮ ᠰᠢᠨᠵᠢᠯᠡᠭᠡᠨ᠎ᠤ ᠶᠣᠰᠣ ᠰᠤᠷᠲᠠᠬᠤᠨ᠎ᠢ ᠪᠠᠲᠤ ᠰᠠᠬᠢᠬᠤ᠂ ᠴᠢᠩᠭ᠎ᠠ ᠨᠢᠮᠪᠠᠢ᠎ᠪᠠᠷ ᠡᠷᠳᠡᠮ ᠰᠢᠨᠵᠢᠯᠡᠭᠡᠨ᠎ᠤ ᠠᠵᠢᠯ ᠬᠢᠬᠦ ᠥᠯᠢᠭᠡᠷ ᠳᠠᠭᠤᠷᠢᠶᠠᠯ ᠪᠣᠯᠵᠣ᠂ ᠳᠤᠷᠠᠲᠠᠶ᠎ᠠ ᠬᠤᠶ᠋ᠢᠴᠢ ᠦᠶ᠎ᠠ᠎ᠪᠠᠨ ᠬᠦᠮᠦᠵᠢᠭᠦᠯᠬᠦ᠂ ᠬᠤᠶ᠋ᠢᠴᠢ ᠦᠶ᠎ᠠ᠎ᠪᠠᠨ ᠤᠷᠮᠠᠰᠢᠭᠤᠯᠤᠨ ᠵᠤᠷᠢᠡᠡᠵᠢᠭᠤᠯᠬᠤ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠥᠷᠭᠡᠨ ᠣᠯᠠᠨ ᠠᠺᠠᠳᠧᠮᠢᠴᠢ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠨᠠᠮ᠎ᠤᠨ ᠤᠷᠢᠶᠠᠯᠠᠭ᠎ᠠ ᠵᠢ ᠳᠠᠭ᠋ᠠᠵᠤ᠂ ᠡᠬᠡ ᠤᠯᠤᠰ᠎ᠤᠨ ᠵᠶ᠋ᠠᠨ ᠤᠷᠢᠶᠠᠯᠠᠭ᠎ᠠ ᠵᠢ ᠳᠠᠭ᠋ᠠᠵᠤ᠂ ᠵᠣᠷᠢᠭᠲᠠᠶ᠎ᠪᠠᠷ ᠲᠦᠷᠦᠭᠦᠯᠡᠨ ᠬᠢᠵᠦ᠂ ᠭᠠᠷᠮᠠᠭ᠋ᠠᠶ ᠪᠤᠯᠬᠤ᠎ᠪᠠᠷ ᠴᠢᠷᠮᠠᠶ᠋ᠢᠵᠤ᠂ ᠡᠷᠳᠡᠮ ᠰᠢᠨᠵᠢᠯᠡᠭᠡᠨ᠎ᠤ ᠶᠣᠰᠣ ᠰᠤᠷᠲᠠᠬᠤᠨ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠣᠰᠣ ᠰᠤᠷᠲᠠᠬᠤᠨ᠎ᠢ ᠪᠠᠲᠤ ᠰᠠᠬᠢᠵᠤ᠂ ᠳᠤᠷᠠᠲᠠᠶ᠎ᠠ ᠬᠤᠶ᠋ᠢᠴᠢ ᠦᠶ᠎ᠡ᠎ᠪᠠᠨ ᠵᠢᠯᠤᠭᠤᠳᠤᠨ ᠳᠠᠭ᠋ᠠᠭᠤᠯᠵᠤ᠂ ᠨᠠᠮ᠎ᠤᠨ ᠲᠥᠯᠥᠭᠡ᠂ ᠡᠬᠡ ᠤᠯᠤᠰ᠎ᠤᠨ ᠲᠥᠯᠥᠭᠡ᠂ ᠠᠷᠠᠳ ᠲᠦᠮᠡᠨ᠎ᠤ ᠲᠥᠯᠥᠭᠡ ᠮᠡᠷᠡᠶ᠋ᠢᠨ ᠵᠢᠳᠬᠦᠵᠦ᠂ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠴᠢᠳᠠᠪᠤᠷᠢᠲᠠᠨ᠎ᠢ ᠭᠦᠢ᠍ᠴᠡᠳ ᠬᠦᠨᠳᠦᠳᠬᠡᠵᠦ᠂ ᠠᠺᠠᠳᠧᠮᠢᠴᠢ ᠵᠢ ᠤᠯᠤᠰ ᠲᠥᠷᠥ ᠵᠢᠨ ᠲᠠᠯ᠎ᠠ᠎ᠪᠠᠷ ᠬᠠᠯᠠᠮᠵᠢᠯᠠᠵᠤ᠂ ᠠᠵᠢᠯ᠎ᠤᠨ ᠲᠠᠯ᠎ᠠ᠎ᠪᠠᠷ ᠳᠡᠮᠵᠢᠵᠤ᠂ ᠠᠮᠢᠳᠤᠷᠠᠯ᠎ᠤᠨ ᠲᠠᠯ᠎ᠠ᠎ᠪᠠᠷ ᠬᠠᠯᠠᠮᠵᠢᠯᠠᠵᠤ᠂ ᠠᠺᠠᠳᠧᠮᠢᠴᠢ ᠵᠢ ᠪᠠᠭᠲᠠᠭ᠋ᠠᠭᠰᠠᠨ ᠥᠷᠭᠡᠨ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠠᠨᠠᠯ᠎ᠢ ᠨᠠᠷᠢᠨ ᠬᠢᠨᠠᠮᠠᠭ᠋ᠠᠶ ᠰᠣᠨᠣᠰᠴᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ ᠪᠠ ᠦᠢ᠍ᠯᠡᠴᠢᠯᠡᠭᠡᠨ᠎ᠤ ᠪᠠᠳᠤᠯᠠᠭ᠎ᠠ ᠬᠠᠩᠭ᠋ᠠᠬᠤ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠰᠠᠶ᠋ᠢᠨ ᠰᠠᠶ᠋ᠢᠬᠠᠨ ᠰᠢᠨ᠎ᠡ ᠵᠢ ᠡᠭᠦᠳᠬᠦ ᠣᠷᠴᠢᠨ ᠡᠭᠦᠳᠴᠦ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃
ᠯᠢ ᠺᠧ ᠴᠢᠶᠠᠩ ᠶᠡᠭᠡ ᠬᠤᠷᠠᠯ᠎ᠢ ᠡᠷᠬᠢᠯᠡᠬᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠮᠠᠨ᠎ᠤ ᠨᠠᠮ᠎ᠤᠨ ᠡᠯ᠎ᠡ ᠲᠡᠦᠬᠡᠨ ᠴᠠᠭ ᠦᠶ᠎ᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠢᠷᠡᠭᠰᠡᠨ᠎ᠢ ᠡᠷᠭᠢᠴᠡᠭᠦᠯᠵᠦ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠤᠨ ᠣᠯᠤᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠵᠢ ᠳ᠋ᠦᠩᠨᠡᠨ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠤᠨ ᠠᠵᠤ ᠦᠢ᠍ᠯᠡᠰ᠎ᠤᠨ ᠬᠤᠪᠢᠰᠤᠯᠲᠠ ᠵᠢᠨ ᠬᠤᠪᠢᠷᠠᠯᠲᠠ ᠵᠢᠨ ᠬᠠᠨᠳᠤᠰᠢ ᠵᠢ ᠵᠠᠳᠠᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠱᠠᠯᠠᠪᠳᠠᠨ ᠪᠠᠶ᠋ᠢᠭᠤᠯᠬᠤ ᠵᠢᠨ ᠭᠤᠣᠯᠳᠠᠯᠭ᠎ᠠ᠎ᠲᠠᠢ ᠡᠭᠦᠷᠭᠡ ᠵᠢ ᠲᠣᠳᠣᠷᠬᠠᠶ᠋ᠢᠯᠠᠨ᠂ ᠬᠤᠶᠠᠷ ᠬᠦᠷᠢᠶᠡᠯᠡᠩ᠎ᠤᠨ ᠠᠺᠠᠳᠧᠮᠢᠴᠢ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ᠎ᠳᠤ ᠨᠠᠨᠳᠢᠨ ᠬᠦᠰᠡᠯ ᠲᠠᠯᠪᠢᠵᠤ᠂ ᠮᠠᠰᠢ ᠴᠢᠩᠭ᠎ᠠ ᠦᠵᠡᠯ ᠰᠠᠨᠠᠭ᠋ᠠᠴᠢ ᠴᠢᠨᠠᠷ᠂ ᠵᠢᠯᠣᠭᠤᠳᠬᠤ ᠴᠢᠨᠠᠷ᠂ ᠴᠢᠭᠯᠡᠬᠦᠯᠦᠯᠳᠦ ᠴᠢᠨᠠᠷᠲᠠᠢ ᠶᠤᠮ᠃ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢᠯᠢᠳᠡᠭ ᠠᠮᠵᠢᠯᠲᠠ᠎ᠪᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠵᠦ᠂ ᠮᠠᠨ᠎ᠤ ᠤᠯᠤᠰ ᠵᠶ᠋ᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶ᠋ᠢᠬᠠᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭ᠋ᠠᠨ ᠪᠦᠳᠦᠭᠡᠨ ᠪᠠᠶ᠋ᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠡᠰᠡᠭ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ᠎ᠳᠤ ᠣᠷᠣᠯᠴᠠᠪᠠ᠃
ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ ᠨᠥᠬᠦᠳ᠂ ᠬᠤᠶᠠᠷ ᠬᠦᠷᠢᠶᠡᠯᠡᠩ᠎ᠤᠨ ᠠᠺᠠᠳᠧᠮᠢᠴᠢ᠂ ᠬᠡᠰᠡᠭ ᠭᠠᠳᠠᠭ᠋ᠠᠳᠤ ᠵᠢᠨ ᠠᠺᠠᠳᠧᠮᠢᠴᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠎ᠤᠨ ᠠᠷᠪᠠᠳᠤᠭ᠋ᠠᠷ ᠤᠳᠠᠭ᠎ᠠ ᠵᠢᠨ ᠶᠡᠭᠡ ᠬᠤᠷᠠᠯ᠎ᠤᠨ ᠲᠥᠯᠥᠭᠡᠯᠡᠭᠴᠢ ᠵᠡᠷᠭᠡ 3000 ᠭᠠᠷᠤᠢ ᠬᠥᠮᠦᠨ ᠶᠡᠭᠡ ᠬᠤᠷᠠᠯ᠎ᠳᠤ ᠣᠷᠣᠯᠴᠠᠵᠠᠢ᠃