4 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠣᠶ᠋ᠢᠨ᠎ᠠ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠤᠮᠤ ᠳᠡᠯᠭᠡᠴᠡ ᠳᠡᠭᠡᠷ᠎ᠡ ᠳᠤᠮᠳᠠᠳᠤ ᠭ᠋ᠸᠷᠮᠠᠨ ᠬᠣᠶᠠᠷ ᠤᠯᠤᠰ᠎ᠤᠨ ᠬᠠᠷᠢᠯᠴᠠᠭ᠋ᠠᠨ᠎ᠤ ᠲᠡᠦᠬᠡᠨ ᠳᠡᠭᠡᠷᠡᠬᠢ ᠠᠩᠬᠠᠳᠠᠭᠴᠢ 《ᠡᠭᠦᠯᠡᠨ ᠳᠡᠭᠡᠷᠡᠬᠢ》 ᠵᠠᠰᠠᠭ᠎ᠤᠨ ᠣᠷᠳᠣᠨ᠎ᠤ ᠵᠥᠪᠳᠡᠯᠴᠡᠭᠡ ᠶᠠᠪᠤᠭᠳᠠᠭᠰᠠᠨᠢ ᠭᠡᠷᠡᠴᠢᠯᠡᠪᠡ᠄ ᠬᠣᠶᠠᠷ ᠤᠯᠤᠰ᠎ᠤᠨ ᠶᠡᠷᠦᠩᠬᠡᠢ ᠰᠠᠶ᠋ᠢᠳ ᠡᠩ ᠲᠡᠷᠢᠭᠦᠨ᠎ᠳᠤ ᠪᠠᠭ᠎ᠠ ᠬᠡᠪᠴᠢᠶᠡᠨ᠎ᠤ ᠬᠡᠯᠡᠯᠴᠡᠭᠡ ᠬᠢᠵᠦ᠂ ᠵᠠᠯᠭ᠋ᠠᠭ᠋ᠠᠳ ᠳᠠᠬᠢᠨ ᠬᠣᠶᠠᠷ ᠲᠠᠯ᠎ᠠ ᠵᠢᠨ 25 ᠶᠠᠮᠤᠨ᠎ᠤ ᠰᠠᠶ᠋ᠢᠳ᠎ᠲᠠᠢ ᠳᠡᠯᠭᠡᠴᠡ ᠵᠢᠨ ᠬᠣᠶᠠᠷ ᠲᠠᠯ᠎ᠠ᠎ᠳᠤ ᠨᠢᠭᠡ ᠲᠠᠩᠬᠢᠮ᠎ᠳᠤ ᠴᠤᠭᠯᠠᠷᠠᠭᠰᠠᠨ᠎ᠨᠢ ᠤᠷᠢᠳ ᠡᠮᠦᠨ᠎ᠡ ᠪᠠᠶ᠋ᠢᠭ᠎ᠠ ᠦᠭᠡᠢ ᠰᠦᠷ ᠳᠠᠯᠠᠢ᠌ᠴᠠᠲᠠᠢ ᠪᠠᠢ᠌ᠪᠠ᠃

ᠲᠤᠰ ᠡᠳᠦᠷ᠎ᠤᠨ ᠦᠳᠡ ᠵᠢᠨ ᠬᠣᠶ᠋ᠢᠨ᠎ᠠ᠂ ᠯᠢ ᠺᠸ ᠴᠢᠶᠠᠩ ᠸᠢᠳᠢᠣ᠋ ᠵᠢᠨ ᠬᠡᠯᠪᠡᠷᠢ᠎ᠪᠠᠷ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠬᠠᠮᠲᠤ᠎ᠪᠠᠷ ᠵᠢᠷᠭᠤᠳᠤᠭ᠋ᠠᠷ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠵᠢ ᠡᠷᠬᠢᠯᠡᠪᠡ᠃
10 ᠵᠢᠯ᠎ᠤᠨ ᠡᠮᠦᠨ᠎ᠡ᠂ ᠮᠤᠺᠸᠷ᠎ᠠᠴᠠ ᠳᠤᠮᠳᠠᠳᠤ ᠭ᠋ᠸᠷᠮᠠᠨ ᠬᠣᠶᠠᠷ ᠤᠯᠤᠰ᠎ᠤᠨ ᠵᠠᠰᠠᠭ᠎ᠤᠨ ᠣᠷᠳᠣᠨ᠎ᠤ ᠵᠥᠪᠳᠡᠯᠴᠡᠭᠡ ᠬᠢᠬᠦ ᠲᠣᠭᠲᠠᠴᠠ ᠵᠢ ᠪᠠᠶ᠋ᠢᠭᠤᠯᠬᠤ ᠳᠤᠷᠠᠳᠤᠯᠭ᠎ᠠ ᠭᠠᠷᠭ᠋ᠠᠪᠠ᠂ ᠡᠨᠡ ᠪᠣᠯ ᠳᠤᠮᠳᠠᠳᠤ ᠤᠯᠤᠰ᠎ᠤᠨ ᠪᠤᠰᠤᠳ ᠤᠯᠤᠰ᠎ᠯᠤᠭ᠎ᠠ ᠪᠠᠶ᠋ᠢᠭᠤᠯᠤᠭᠰᠠᠨ ᠠᠩᠬᠠᠳᠠᠭᠴᠢ ᠠᠳᠠᠯᠢᠪᠲᠤᠷ ᠲᠣᠭᠲᠠᠴᠠ ᠪᠣᠯᠤᠨ᠎ᠠ᠃
ᠯᠢ ᠺᠸ ᠴᠢᠶᠠᠩ ᠵᠥᠪᠳᠡᠯᠴᠡᠭᠡ ᠡᠬᠢᠯᠡᠬᠦ ᠦᠭᠡ᠎ᠳᠤ᠎ᠪᠠᠨ 《ᠮᠢᠨᠦ ᠮᠡᠳᠡᠵᠦ ᠪᠠᠶ᠋ᠢᠬᠤ᠎ᠪᠠᠷ᠂ ᠶᠡᠷᠦᠩᠬᠡᠶ ᠰᠠᠶ᠋ᠢᠳ ᠮᠤᠺᠸᠷ ᠪᠣᠯ ᠣᠳᠣ ᠪᠣᠯᠲᠠᠯᠠᠬᠢ ᠵᠢᠷᠭᠤᠭ᠋ᠠᠨ ᠡᠭᠡᠯᠵᠢ ᠵᠢᠨ ᠵᠥᠪᠳᠡᠯᠴᠡᠭᠡ᠎ᠳᠤ ᠴᠥᠮ ᠣᠷᠣᠯᠴᠠᠭᠰᠠᠨ ᠴᠣᠷ᠎ᠤᠨ ᠭᠠᠭᠴᠠ ᠶᠡᠷᠦᠩᠬᠡᠶ ᠰᠠᠶ᠋ᠢᠳ ᠮᠥᠨ᠂ ᠲᠠᠨ᠎ᠤ ᠠᠵᠢᠯ᠎ᠢ ᠪᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠨ᠎ᠠ》᠂ 《ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠬᠢᠬᠦ ᠲᠣᠭᠲᠠᠴᠠ ᠪᠠᠶ᠋ᠢᠭᠤᠯᠤᠭᠳᠠᠭᠰᠠᠨ 10 ᠵᠢᠯ᠎ᠤᠨ ᠲᠤᠷᠰᠢ᠂ ᠬᠣᠶᠠᠷ ᠤᠯᠤᠰ᠎ᠤᠨ ᠪᠣᠳᠠᠲᠠᠢ ᠵᠢ ᠡᠷᠬᠢᠮᠯᠡᠬᠦ ᠬᠠᠮᠲᠤᠷᠠᠯᠴᠠᠭ᠎ᠠ ᠬᠢᠭᠰᠡᠨ ᠬᠡᠪᠴᠢᠶ᠎ᠡ ᠪᠠ ᠥᠷᠭᠡᠴᠡ ᠵᠢ ᠠᠬᠢᠭᠤᠯᠵᠤ᠂ 〈ᠳᠡᠰ᠎ᠠᠴᠠ ᠳᠠᠪᠠᠭᠰᠠᠨ ᠬᠥᠳᠡᠯᠭᠡᠭᠦᠷ ᠮᠠᠰᠢᠨ〉᠎ᠤ ᠦᠢ᠍ᠯᠡᠳᠦᠯ᠎ᠢ ᠪᠠᠳᠠᠷᠠᠭᠤᠯᠤᠭᠰᠠᠨ ᠭᠡᠵᠦ ᠬᠡᠯᠡᠵᠦ ᠪᠣᠯᠤᠨ᠎ᠠ》 ᠭᠡᠵᠦ ᠬᠡᠯᠡᠪᠡ᠃
ᠮᠤᠺᠸᠷ ᠢᠯᠡᠷᠬᠡᠢ᠌ᠯᠡᠬᠦ᠎ᠳᠤ᠎ᠪᠠᠨ᠄ 《ᠬᠣᠶᠠᠷ ᠤᠯᠤᠰ᠎ᠤᠨ ᠬᠠᠮᠲᠤᠷᠠᠯᠴᠠᠭ᠎ᠠ ᠰᠢᠨ᠎ᠡ ᠥᠷᠭᠡᠴᠡ ᠪᠠ ᠭᠦᠨᠴᠡ᠎ᠳᠤ ᠬᠦᠷᠦᠭᠰᠡᠨ᠎ᠢ ᠲᠤᠰ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠳᠠᠬᠢᠨᠲᠠ ᠭᠡᠷᠡᠴᠢᠯᠡᠪᠡ᠂ ᠡᠨᠡ ᠬᠦ᠌ ᠲᠣᠭᠲᠠᠴᠠ ᠵᠢ ᠦᠷᠭᠦᠯᠵᠢᠯᠡᠭᠦᠯᠬᠦ ᠵᠢᠨ ᠬᠠᠮᠲᠤ ᠡᠯ᠎ᠡ ᠲᠠᠯ᠎ᠠ᠎ᠪᠠᠷ ᠰᠢᠨ᠎ᠡ ᠠᠬᠢᠴᠠ᠎ᠲᠠᠢ ᠪᠣᠯᠬᠤ ᠵᠢ ᠬᠦᠰᠡᠵᠦ ᠪᠠᠶ᠋ᠢᠨ᠎ᠠ》 ᠭᠡᠵᠡᠢ᠃
ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠨᠡᠩ ᠢᠯᠡᠭᠦᠦ ᠭᠠᠷ ᠭᠠᠷ ᠵᠶ᠋ᠠᠨ ᠬᠣᠯᠪᠣᠯᠴᠠᠨ ᠬᠠᠮᠲᠤᠷᠠᠯᠴᠠᠵᠤ᠂ ᠬᠠᠮᠲᠤ ᠵᠢᠨ ᠠᠰᠢᠭ ᠲᠤᠰᠠ᠎ᠪᠠᠨ ᠥᠷᠭᠡᠳᠬᠡᠬᠦ ᠬᠡᠷᠡᠭᠲᠡᠢ

ᠬᠣᠶᠠᠷ ᠤᠯᠤᠰ᠎ᠤᠨ ᠶᠡᠷᠦᠩᠬᠡᠶ ᠰᠠᠶ᠋ᠢᠳ ᠬᠠᠮᠲᠤ᠎ᠪᠠᠷ ᠬᠣᠶᠠᠷ ᠲᠠᠯ᠎ᠠ ᠵᠢᠨ ᠭᠠᠳᠠᠭ᠋ᠠᠳᠤ ᠬᠠᠷᠢᠯᠴᠠᠭ᠎ᠠ᠂ ᠠᠵᠤ ᠠᠬᠤᠶ ᠠᠷᠠᠯᠵᠢᠶ᠎ᠠ᠂ ᠬᠠᠤᠯᠢ ᠴᠠᠭ᠋ᠠᠵᠠ᠂ ᠡᠳ᠋᠎ᠤᠨ ᠵᠠᠰᠠᠭ᠂ ᠠᠵᠤ ᠦᠢ᠍ᠯᠡᠳᠪᠦᠷᠢ᠂ ᠵᠠᠮ ᠬᠠᠷᠢᠯᠴᠠᠭ᠎ᠠ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠡᠷᠡᠭᠦᠯ ᠬᠠᠮᠠᠭ᠋ᠠᠯᠠᠯ᠂ ᠲᠠᠷᠢᠶᠠᠯᠠᠩ ᠠᠵᠤ ᠠᠬᠤᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠶ᠃
ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠣᠳᠣᠬᠠᠨ᠎ᠤ ᠳᠡᠯᠡᠬᠡᠢ ᠵᠢᠨ ᠪᠠᠶ᠋ᠢᠳᠠᠯ ᠡᠭᠡᠳᠡᠷᠡᠭᠡᠨ ᠪᠤᠳᠤᠯᠢᠶᠠᠨᠲᠠᠢ ᠪᠠᠶ᠋ᠢᠵᠤ᠂ ᠬᠢᠵᠢᠭ᠎ᠤᠨ ᠪᠠᠶ᠋ᠢᠳᠠᠯ ᠦᠷᠭᠦᠯᠵᠢᠯᠡᠨ ᠥᠷᠭᠡᠳᠴᠦ᠂ ᠬᠠᠮᠠᠭ᠋ᠠᠯᠠᠬᠤ ᠦᠵᠡᠯ ᠮᠥᠨ ᠬᠦ᠌ ᠣᠷᠣᠰᠢᠭᠰᠠᠭ᠋ᠠᠷ ᠪᠠᠶ᠋ᠢᠨ᠎ᠠ᠃
《ᠡᠶ᠋ᠢᠮᠦᠷᠬᠦ ᠪᠠᠶ᠋ᠢᠳᠠᠯ ᠳᠣᠣᠷ᠎ᠠ᠂ ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠨᠡᠩ ᠢᠯᠡᠭᠦᠦ ᠭᠠᠷ ᠭᠠᠷ ᠵᠶ᠋ᠠᠨ ᠬᠣᠯᠪᠣᠯᠴᠠᠨ ᠬᠠᠮᠲᠤᠷᠠᠯᠴᠠᠵᠤ᠂ ᠬᠠᠮᠲᠤ ᠵᠢᠨ ᠠᠰᠢᠭ ᠲᠤᠰᠠ᠎ᠪᠠᠨ ᠥᠷᠭᠡᠳᠬᠡᠵᠦ᠂ ᠠᠳᠠᠯᠢ ᠲᠠᠯ᠎ᠠ᠎ᠪᠠᠨ ᠨᠢᠭᠡᠳᠬᠡᠨ ᠵᠥᠷᠢᠶ᠎ᠡ᠎ᠪᠠᠨ ᠦᠯᠡᠳᠡᠭᠡᠵᠦ᠂ ᠳᠡᠯᠡᠬᠡᠢ ᠳ᠋ᠠᠬᠢᠨ᠎ᠳᠤ ᠤᠯᠠᠨ ᠲᠠᠯᠠᠲᠤ ᠦᠵᠡᠯ᠂ ᠴᠢᠯᠥᠭᠡᠲᠦ ᠠᠷᠠᠯᠵᠢᠶ᠎ᠠ ᠪᠣᠯᠤᠨ ᠳᠡᠯᠡᠬᠡᠢ ᠵᠢᠨ ᠡᠩᠬᠡ ᠲᠠᠶ᠋ᠢᠪᠤᠩ᠎ᠢ ᠬᠠᠮᠠᠭ᠋ᠠᠯᠠᠬᠤ ᠢᠳᠡᠪᠬᠢᠲᠡᠢ ᠲᠤᠬᠢᠶ᠎ᠠ ᠵᠢ ᠬᠠᠮᠲᠤ᠎ᠪᠠᠷ ᠳᠠᠮᠵᠢᠭᠤᠯᠪᠠᠯ ᠵᠣᠬᠢᠨ᠎ᠠ》 ᠭᠡᠵᠡᠢ᠃
ᠲᠡᠷᠡ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠵᠠᠷᠢᠮ ᠠᠰᠠᠭᠤᠳᠠᠯ᠎ᠳᠤ ᠠᠳᠠᠯᠢ ᠪᠤᠰᠤ ᠦᠵᠡᠯᠲᠡ ᠪᠤᠶᠤ ᠲᠠᠨᠢᠯᠲᠠ᠎ᠲᠠᠢ ᠪᠠᠶ᠋ᠢᠬᠤ ᠵᠢ ᠪᠢᠳᠡ ᠦᠭᠡᠶ᠋ᠢᠰᠬᠡᠬᠦ ᠦᠭᠡᠢ ᠭᠡᠵᠡᠢ᠃
ᠯᠢ ᠺᠧ ᠴᠢᠶᠠᠩ 《ᠬᠣᠶᠠᠷ ᠲᠠᠯ᠎ᠠ᠎ᠪᠠᠷ ᠵᠶ᠋ᠠᠨ ᠨᠦᠬᠦᠬᠡ ᠡᠲᠡᠭᠡᠳ᠎ᠤᠨ ᠵᠶ᠋ᠠᠨ ᠭᠣᠣᠯᠯᠠᠭᠴᠢ ᠠᠰᠢᠭ ᠲᠤᠰᠠ ᠪᠣᠯᠤᠨ ᠠᠩᠬᠠᠷᠤᠯ ᠲᠠᠯᠪᠢᠵᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠢ ᠬᠦᠨᠳᠦᠳᠬᠡᠵᠦ᠂ ᠬᠠᠷᠢᠯᠴᠠᠨ ᠡᠷᠬᠡ ᠲᠡᠭᠰᠢ᠎ᠪᠠᠷ ᠬᠠᠨᠳᠤᠵᠤ᠂ ᠬᠠᠷᠢᠯᠴᠠᠨ ᠳᠣᠲᠣᠭ᠋ᠠᠳᠤ ᠵᠠᠰᠠᠭ᠎ᠲᠤ ᠭᠠᠷ ᠦᠯᠦ ᠲᠦᠷᠦᠭᠦ ᠰᠠᠭᠤᠷᠢᠨ ᠳᠡᠭᠡᠷ᠎ᠡ ᠣᠢ᠌ᠯᠠᠭ᠋ᠠᠯᠴᠠᠭ᠎ᠠ ᠰᠣᠯᠢᠯᠴᠠᠭ᠎ᠠ ᠬᠢᠵᠦ᠂ ᠢᠲᠡᠭᠡᠯᠴᠡᠭᠡ᠎ᠪᠠᠨ ᠨᠡᠮᠡᠭᠳᠡᠭᠦᠯᠦᠨ ᠡᠷᠡᠭᠡᠯᠵᠡᠭᠡ ᠰᠡᠵᠢᠭᠯᠡᠯ ᠵᠶ᠋ᠠᠨ ᠲᠠᠢ᠍ᠢ᠍ᠯᠵᠤ᠂ ᠵᠥᠷᠢᠯᠳᠦᠭᠡᠨ ᠵᠶ᠋ᠠᠨ ᠪᠠᠭ᠋ᠠᠰᠬᠠᠵᠤ᠂ ᠬᠠᠮᠲᠤᠷᠠᠯᠴᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠳᠡᠭ ᠯᠡ ᠶᠤᠮ ᠪᠣᠯ ᠶᠠᠷᠢᠯᠴᠠᠭ᠎ᠠ ᠬᠠᠮᠲᠤᠷᠠᠯᠴᠠᠭ᠎ᠠ᠎ᠪᠠᠨ ᠴᠢᠨᠠᠭᠰᠢᠳᠠ ᠤᠷᠤᠭᠰᠢᠲᠠᠢ ᠥᠷᠨᠢᠭᠦᠯᠬᠦ᠎ᠳᠤ ᠠᠰᠢᠭᠲᠠᠢ ᠨᠥᠬᠥᠴᠡᠯ᠎ᠢ ᠡᠭᠦᠳᠴᠦ᠂ ᠬᠣᠶᠠᠷ ᠤᠯᠤᠰ᠎ᠤᠨ ᠬᠠᠷᠢᠯᠴᠠᠭ᠎ᠠ ᠵᠢᠨ ᠤᠷᠳᠤ ᠬᠤᠭᠤᠴᠠᠭ᠎ᠠ᠎ᠪᠠᠷ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠪᠠᠲᠤᠯᠠᠵᠤ ᠴᠢᠳᠠᠨ᠎ᠠ》 ᠭᠡᠵᠦ ᠬᠡᠯᠡᠪᠡ᠃
ᠮᠤᠺᠸᠷ ᠢᠯᠡᠷᠬᠡᠶ᠋ᠢᠯᠡᠬᠦ᠎ᠳᠤ᠎ᠪᠠᠨ᠂ ᠥᠨᠥᠳᠦᠷᠤᠨᠬᠢᠲᠠᠢ ᠠᠳᠠᠯᠢ᠎ᠪᠠᠷ᠂ ᠬᠡᠷᠪᠡ ᠪᠢᠳᠡᠨ᠎ᠤ ᠬᠣᠭᠣᠷᠣᠨᠳᠤᠬᠢ ᠵᠥᠷᠢᠯᠳᠦᠭᠡᠨ ᠵᠶ᠋ᠠᠨ ᠰᠢᠭᠤᠳ ᠬᠠᠨᠳᠤᠨ ᠠᠷᠭ᠋ᠠᠴᠠᠭ᠋ᠠᠵᠤ᠂ ᠰᠠᠨᠠᠯ ᠵᠶ᠋ᠠᠨ ᠦᠨᠡᠨᠴᠢ᠎ᠪᠠᠷ ᠬᠡᠯᠡᠵᠦ᠂ ᠶᠠᠷᠢᠯᠴᠠᠭ᠎ᠠ ᠵᠥᠪᠳᠡᠯᠴᠡᠭᠡ ᠬᠢᠬᠦ᠎ᠪᠠᠷ ᠳᠠᠮᠵᠢᠭᠤᠯᠤᠨ ᠰᠢᠢ᠍ᠳᠪᠦᠷᠢᠯᠡᠬᠦ᠎ᠨᠢ ᠵᠥᠪ ᠬᠢᠳᠡᠯ ᠪᠣᠯᠣᠨ᠎ᠠ ᠭᠡᠵᠡᠢ᠃
ᠲᠡᠷᠡ ᠶᠠᠷᠢᠬᠤ᠎ᠳᠤ᠎ᠪᠠᠨ᠂ ᠢᠷᠡᠬᠦ ᠵᠢᠯ ᠪᠣᠯ ᠭ᠋ᠸᠷᠮᠠᠨ ᠳᠤᠮᠳᠠᠳᠤ ᠵᠢᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠤᠨ ᠤᠢ ᠪᠣᠯᠤᠨ᠎ᠠ᠂ ᠭ᠋ᠸᠷᠮᠠᠨ᠎ᠤ᠎ᠬᠢᠨ ᠳᠤᠷᠠᠲᠠᠶ᠎ᠠ ᠳᠤᠮᠳᠠᠳᠤ ᠵᠢᠨ ᠲᠠᠯ᠎ᠠ᠎ᠲᠠᠢ ᠢᠲᠡᠭᠡᠯᠴᠡᠭᠡ᠎ᠪᠠᠨ ᠭᠦᠨᠵᠡᠭᠡᠶ᠋ᠢᠷᠡᠭᠦᠯᠵᠦ᠂ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠣᠶᠠᠷ ᠤᠯᠤᠰ᠎ᠤᠨ ᠬᠠᠷᠢᠯᠴᠠᠭ᠎ᠠ ᠵᠢᠨ ᠴᠢᠨᠠᠭᠰᠢᠳᠠ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠤᠨ᠎ᠠ ᠭᠡᠵᠡᠢ᠃
ᠳᠤᠮᠳᠠᠳᠤ ᠭᠧᠷᠮᠠᠨ ᠬᠣᠶᠠᠷ ᠲᠠᠯ᠎ᠠ᠎ᠪᠠᠷ ᠵᠶ᠋ᠠᠨ ᠨᠡᠭᠡᠭᠡᠯᠲᠡ ᠬᠢᠬᠦ ᠵᠢ ᠪᠠᠷᠢᠮᠲᠠᠯᠠᠨ ᠠᠬᠢᠭᠤᠯᠬᠤ ᠳᠤᠷᠠᠲᠠᠢ᠎ᠠᠴᠠ ᠪᠢᠰᠢ᠂ ᠪᠢᠲᠡᠭᠦᠮᠵᠢᠯᠡᠨ ᠲᠥᠭᠵᠢᠬᠦ ᠵᠢ ᠬᠦᠰᠡᠬᠦ ᠦᠭᠡᠢ

ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠬᠣᠣᠰ ᠴᠢᠭᠯᠡᠯ ᠵᠶ᠋ᠠᠷ ᠨᠡᠬᠡᠬᠡᠯᠳᠡ ᠬᠢᠬᠦ ᠵᠢ ᠦᠷᠭᠦᠯᠵᠢᠯᠡᠨ ᠥᠷᠭᠡᠳᠬᠡᠵᠦ᠂ ᠨᠡᠬᠡᠬᠡᠯᠳᠡ ᠵᠢᠨ ᠳᠤᠮᠳᠠ ᠴᠢᠯᠥᠭᠡᠲᠦ ᠠᠷᠠᠯᠵᠢᠶ᠎ᠠ ᠵᠢ ᠠᠬᠢᠭᠤᠯᠵᠤ᠂ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠵᠢ ᠠᠬᠢᠭᠤᠯᠪᠠᠯ ᠵᠣᠬᠢᠨ᠎ᠠ᠃
《ᠳᠤᠮᠳᠠᠳᠤ ᠤᠯᠤᠰ ᠭᠠᠳᠠᠭ᠋ᠠᠳᠤ ᠨᠡᠬᠡᠬᠡᠯᠳᠡ ᠬᠢᠭᠰᠡᠨ ᠪᠠ ᠭ᠋ᠸᠷᠮᠠᠨ ᠧᠦ᠋ᠷᠣᠫᠠ ᠵᠢᠨ ᠨᠢᠭᠡ ᠴᠣᠭᠴᠠᠵᠢᠭᠤᠯᠤᠯᠲᠠ ᠵᠢᠨ ᠠᠬᠢᠴᠠ᠎ᠳᠤ ᠣᠷᠣᠯᠴᠠᠭᠰᠠᠨ ᠦᠢ᠍ᠯᠡᠳᠦᠯᠭᠡ ᠵᠢᠨ ᠭᠡᠷᠡᠴᠢᠯᠡᠭᠰᠡᠨ᠎ᠨᠢ᠂ ᠳᠤᠮᠳᠠᠳᠤ ᠭ᠋ᠸᠷᠮᠠᠨ ᠴᠥᠮ ᠨᠡᠬᠡᠬᠡᠯᠳᠡ ᠬᠢᠬᠦ ᠵᠢ ᠪᠠᠷᠢᠮᠲᠠᠯᠠᠵᠤ᠂ ᠪᠢᠲᠡᠭᠦᠮᠵᠢᠯᠡᠨ ᠲᠥᠭᠵᠢᠬᠦ ᠵᠢ ᠬᠦᠰᠡᠬᠦ ᠦᠭᠡᠢ ᠪᠠᠶ᠋ᠢᠨ᠎ᠠ᠂ ᠡᠨᠡ᠎ᠨᠢ ᠬᠣᠶᠠᠷ ᠲᠠᠯ᠎ᠠ᠎ᠳᠤ ᠪᠦᠷ ᠠᠰᠢᠭᠲᠠᠢ ᠶᠤᠮ》 ᠭᠡᠵᠡᠢ᠃
ᠯᠢ ᠺᠸ ᠴᠢᠶᠠᠩ ᠶᠠᠷᠢᠬᠤ᠎ᠳᠤ᠎ᠪᠠᠨ᠂ 《ᠳᠤᠮᠳᠠᠳᠤ ᠤᠯᠤᠰ ᠭᠠᠳᠠᠭ᠋ᠠᠳᠤ ᠨᠡᠬᠡᠬᠡᠯᠳᠡ᠎ᠪᠠᠨ ᠴᠢᠨᠠᠭᠰᠢᠳᠠ ᠥᠷᠭᠡᠳᠬᠡᠵᠦ᠂ ᠳᠤᠷᠠᠲᠠᠶ᠎ᠠ ᠭ᠋ᠸᠷᠮᠠᠨ᠎ᠢ ᠪᠠᠭᠲᠠᠭ᠋ᠠᠭᠰᠠᠨ ᠳᠡᠯᠡᠬᠡᠢ ᠵᠢᠨ ᠡᠯ᠎ᠡ ᠤᠯᠤᠰ᠎ᠲᠠᠢ ᠬᠥᠭᠵᠢᠯᠲᠡ ᠵᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠎ᠡ᠂ ᠳᠤᠮᠳᠠᠳᠤ ᠵᠢᠨ ᠲᠠᠯ᠎ᠠ ᠵᠢᠨ᠎ᠬᠢᠨ ᠳᠤᠷᠠᠲᠠᠶ᠎ᠠ ᠧᠦ᠋ᠷᠣᠫᠠ ᠲᠢᠪ᠎ᠤᠨ ᠬᠣᠯᠪᠣᠭ᠋ᠠᠨ᠎ᠤ ᠤᠯᠤᠰ᠎ᠤᠳ᠎ᠲᠠᠢ ᠬᠠᠮᠲᠤ᠎ᠪᠠᠷ ᠳᠤᠮᠳᠠᠳᠤ ᠧᠦ᠋ᠷᠣᠫᠠ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ᠎ᠲᠤ ᠡᠷᠲᠡ ᠡᠳᠦᠷ ᠭᠠᠷᠤᠨ ᠦᠰᠦᠭ ᠵᠢᠷᠤᠵᠤ ᠬᠦᠴᠦᠨ᠎ᠲᠠᠢ ᠪᠣᠯᠬᠤ ᠵᠢ ᠠᠬᠢᠭᠤᠯᠵᠤ᠂ ᠳᠤᠮᠳᠠᠳᠤ ᠧᠦ᠋ᠷᠣᠫᠠ ᠵᠢᠨ ᠬᠠᠷᠢᠯᠴᠠᠭ᠎ᠠ ᠵᠢᠨ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠤᠨ᠎ᠠ》 ᠭᠡᠵᠡᠢ᠃
ᠪᠢᠳᠡ ᠡᠭᠦᠳᠡ᠎ᠪᠠᠨ ᠲᠦᠭᠵᠢᠵᠦ ᠪᠢᠲᠡᠭᠦᠮᠵᠢᠯᠡᠵᠦ ᠪᠣᠯᠬᠤ ᠦᠭᠡᠢ᠂ ᠨᠡᠬᠡᠬᠡᠯᠳᠡ ᠬᠢᠵᠦ ᠬᠠᠮᠲᠤᠷᠠᠯᠴᠠᠬᠤ ᠵᠢ ᠵᠣᠷᠢᠵᠤ᠂ ᠬᠠᠮᠠᠭ᠋ᠠᠯᠠᠬᠤ ᠦᠵᠡᠯ᠎ᠢ ᠡᠰᠡᠷᠭᠦᠴᠡᠨ᠎ᠡ ᠭᠡᠵᠦ ᠮᠤᠺᠸᠷ ᠲᠣᠳᠣᠷᠬᠠᠢ ᠢᠯᠡᠷᠬᠡᠢ᠌ᠯᠡᠪᠡ᠃
ᠲᠡᠷᠡ ᠶᠠᠷᠢᠬᠤ᠎ᠳᠤ᠎ᠪᠠᠨ᠂ ᠧᠦ᠋ᠷᠣᠫᠠ ᠳᠤᠮᠳᠠᠳᠤ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ᠎ᠨᠢ ᠧᠦ᠋ᠷᠣᠫᠠ ᠳᠤᠮᠳᠠᠳᠤ ᠵᠢᠨ ᠬᠠᠷᠢᠯᠴᠠᠭ᠎ᠠ᠎ᠳᠤ ᠲᠤᠶ᠋ᠢᠯ᠎ᠤᠨ ᠴᠢᠬᠤᠯᠠ ᠶᠤᠮ᠂ ᠬᠣᠶᠠᠷ ᠲᠠᠯ᠎ᠠ᠎ᠪᠠᠷ ᠵᠶ᠋ᠠᠨ ᠬᠡᠯᠡᠯᠴᠡᠭᠡᠷ᠎ᠤᠨ ᠡᠷᠲᠡ ᠡᠳᠦᠷ ᠬᠦᠴᠦᠨ᠎ᠲᠠᠢ ᠪᠣᠯᠬᠤ ᠵᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠶ᠋ᠢᠨ᠎ᠠ ᠭᠡᠪᠡ᠃
ᠭᠠᠭᠴᠠ ᠬᠦ᠌ ᠡᠯ᠎ᠡ ᠤᠯᠤᠰ ᠬᠠᠮᠲᠤᠷᠠᠯᠴᠠᠨ ᠬᠢᠵᠢᠭ᠎ᠢ ᠡᠰᠡᠷᠭᠦᠴᠡᠪᠡᠯ ᠰᠠᠶᠢ ᠬᠢᠵᠢᠭ᠎ᠤᠨ ᠪᠠᠶ᠋ᠢᠳᠠᠯ᠎ᠢ ᠡᠴᠦᠰ᠎ᠲᠤ᠎ᠪᠠᠨ ᠢᠯᠠᠵᠤ ᠴᠢᠳᠠᠨ᠎ᠠ

ᠯᠢ ᠺᠸ ᠴᠢᠶᠠᠩ ᠬᠡᠯᠡᠬᠦ᠎ᠳᠤ᠎ᠪᠠᠨ 《ᠪᠦᠬᠦ ᠳᠡᠯᠡᠬᠡᠶ ᠵᠢᠨ ᠬᠢᠵᠢᠭ᠎ᠤᠨ ᠪᠠᠶ᠋ᠢᠳᠠᠯ᠎ᠤᠨ ᠳᠣᠣᠷ᠎ᠠ᠂ ᠠᠯᠢ ᠴᠤ᠌ ᠤᠯᠤᠰ ᠭᠡᠳ ᠵᠥᠪᠬᠡᠨ ᠥᠪᠡᠷ᠎ᠢ᠎ᠪᠠᠨ ᠪᠣᠳᠣᠯᠬᠢᠯᠠᠵᠤ ᠴᠢᠳᠠᠬᠤ ᠦᠭᠡᠶ ᠶᠤᠮ᠂ ᠭᠠᠭᠴᠠ ᠬᠦ᠌ ᠡᠯ᠎ᠡ ᠤᠯᠤᠰ ᠪᠦᠯᠬᠦᠮᠳᠡᠵᠦ ᠪᠠᠶ᠋ᠢᠭ᠋ᠠᠳ ᠬᠢᠵᠢᠭ᠎ᠢ ᠡᠰᠡᠷᠭᠦᠴᠡᠪᠡᠯ ᠰᠠᠶᠢ ᠬᠢᠵᠢᠭ᠎ᠤᠨ ᠪᠠᠶ᠋ᠢᠳᠠᠯ᠎ᠢ ᠡᠴᠦᠰ᠎ᠲᠤ᠎ᠪᠠᠨ ᠢᠯᠠᠵᠤ ᠴᠢᠳᠠᠨ᠎ᠠ᠃ ᠣᠳᠣᠬᠠᠨ᠎ᠤ ᠪᠠᠶ᠋ᠢᠳᠠᠯ ᠳᠣᠣᠷ᠎ᠠ᠂ ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠬᠢᠵᠢᠭ᠎ᠢ ᠡᠰᠡᠷᠭᠦᠴᠡᠬᠦ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠨᠡᠶ᠋ᠢᠭᠡᠮ᠎ᠤᠨ ᠡᠮᠬᠢ ᠳᠢᠭᠯᠢᠮ᠎ᠤᠨ ᠠᠯᠬᠤᠮ ᠠᠯᠬᠤᠮ ᠵᠶ᠋ᠠᠷ ᠬᠡᠪ᠎ᠤᠨ ᠪᠠᠶ᠋ᠢᠳᠠᠯ᠎ᠳᠤ᠎ᠪᠠᠨ ᠣᠷᠣᠬᠤ ᠵᠢ ᠬᠠᠮᠲᠤ᠎ᠪᠠᠷ ᠠᠬᠢᠭᠤᠯᠬᠤ ᠬᠡᠷᠡᠭᠲᠡᠢ》 ᠭᠡᠪᠡ᠃
ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠵᠢᠨ ᠲᠠᠯ᠎ᠠ ᠵᠢᠨ᠎ᠬᠢᠨ ᠸᠠᠺᠼᠢᠨ᠎ᠢ ᠡᠷᠬᠡ ᠲᠡᠭᠰᠢ ᠵᠦᠢ ᠵᠣᠬᠢᠰᠲᠠᠢ ᠬᠤᠪᠢᠶᠠᠷᠢᠯᠠᠬᠤ ᠵᠢ ᠠᠬᠢᠭᠤᠯᠵᠤ᠂
《ᠸᠠᠺᠼᠢᠨ᠎ᠤ ᠦᠨᠳᠦᠰᠦᠲᠡᠨ᠎ᠤ ᠦᠵᠡᠯ》᠎ᠢ ᠡᠰᠡᠷᠭᠦᠴᠡᠨ᠎ᠡ᠃ ᠳᠤᠮᠳᠠᠳᠤ ᠭ᠋ᠸᠷᠮᠠᠨ᠎ᠤ 《ᠲᠦᠷᠭᠡᠨ ᠨᠡᠪᠲᠡᠷᠡᠬᠦ ᠵᠠᠮ》᠎ᠢ ᠰᠠᠶ᠋ᠢᠲᠤᠷ ᠠᠰᠢᠭᠯᠠᠵᠤ᠂ ᠬᠣᠶᠠᠷ ᠲᠠᠯ᠎ᠠ ᠵᠢᠨ ᠴᠢᠬᠤᠯᠠ ᠪᠦᠬᠦᠢ ᠬᠥᠮᠦᠰ᠎ᠤᠨ ᠶᠠᠪᠤᠯᠴᠠᠭ᠎ᠠ᠎ᠳᠤ ᠲᠦᠬᠦᠮ ᠦᠵᠡᠭᠦᠯᠵᠦ᠂ ᠪᠦᠬᠦ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠣᠭᠲᠠᠭᠤᠨ ᠪᠠᠢ᠌ᠳᠠᠯ᠎ᠢ ᠬᠠᠮᠲᠤ᠎ᠪᠠᠷ ᠬᠠᠮᠠᠭ᠋ᠠᠯᠠᠨ᠎ᠠ ᠭᠡᠵᠡᠢ᠃
ᠮᠤᠺᠸᠷ ᠶᠠᠷᠢᠬᠤ᠎ᠳᠤ᠎ᠪᠠᠨ᠄ 《ᠣᠳᠣᠬᠠᠨ᠎ᠤ ᠬᠥᠮᠦᠨ ᠲᠥᠷᠥᠯᠬᠢᠲᠡᠨ᠎ᠤ ᠨᠡᠶ᠋ᠢᠭᠡᠮ᠎ᠳᠤ ᠲᠤᠯᠭ᠋ᠠᠷᠠᠵᠤ ᠪᠠᠶ᠋ᠢᠭ᠎ᠠ ᠭᠣᠣᠯ ᠡᠭᠦᠷᠭᠡ ᠪᠣᠯ ᠬᠢᠵᠢᠭ᠎ᠤᠨ ᠪᠠᠶ᠋ᠢᠳᠠᠯ᠎ᠢ ᠢᠯᠠᠨ ᠳᠠᠪᠠᠬᠤ ᠶᠠᠪᠤᠳᠠᠯ ᠪᠣᠯᠤᠨ᠎ᠠ》 ᠭᠡᠵᠡᠶ᠃
ᠲᠡᠷᠡ ᠢᠯᠡᠷᠬᠡᠢ᠌ᠯᠡᠬᠦ᠎ᠳᠤ᠎ᠪᠠᠨ᠂ ᠬᠣᠶᠠᠷ ᠲᠠᠯ᠎ᠠ᠎ᠪᠠᠷ ᠵᠶ᠋ᠠᠨ ᠬᠣᠶᠠᠷ ᠤᠯᠤᠰ᠎ᠤᠨ 《ᠲᠦᠷᠭᠡᠨ ᠨᠡᠪᠲᠡᠷᠡᠬᠦ ᠵᠠᠮ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠮᠦᠰ᠎ᠤᠨ ᠡᠮᠬᠢ ᠵᠢᠷᠤᠮ᠎ᠲᠠᠢ ᠬᠠᠷᠢᠯᠴᠠᠭ᠎ᠠ ᠶᠠᠪᠤᠯᠴᠠᠭ᠎ᠠ ᠵᠢ ᠪᠠᠲᠤᠯᠠᠵᠤ᠂ ᠸᠠᠺᠼᠢᠨ᠎ᠤ ᠦᠢ᠍ᠯᠡᠳᠪᠦᠷᠢᠯᠡᠯ ᠪᠣᠯᠤᠨ ᠬᠠᠷᠢᠯᠴᠠᠨ ᠮᠠᠭ᠋ᠠᠳᠯᠠᠨ ᠲᠣᠭᠲᠠᠭ᠋ᠠᠬᠤ ᠬᠠᠮᠲᠤᠷᠠᠯᠴᠠᠭ᠎ᠠ ᠵᠢ ᠠᠬᠢᠭᠤᠯᠬᠤ ᠵᠢ ᠬᠦᠰᠡᠵᠦ ᠪᠠᠶ᠋ᠢᠨ᠎ᠠ ᠭᠡᠪᠡ᠃
ᠰᠢᠨᠵᠢᠯᠡᠬᠦ ᠤᠬᠠᠭ᠋ᠠᠨᠲᠠᠳ᠎ᠤᠨ ᠴᠢᠯᠥᠭᠡᠲᠡᠶ᠎ᠪᠠᠷ ᠬᠠᠶ᠋ᠢᠨ ᠰᠦᠪᠡᠭᠴᠢᠯᠡᠵᠦ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠦᠷ᠎ᠡ ᠪᠦᠲᠦᠭᠡᠯ᠎ᠢ ᠬᠥᠨᠳᠦᠳᠭᠡᠬᠦ ᠵᠢ ᠵᠣᠷᠢᠭᠵᠢᠭᠤᠯᠬᠤ ᠬᠡᠷᠡᠭᠲᠡᠢ

ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠭ᠋ᠸᠷᠮᠠᠨ ᠬᠣᠶᠠᠷ ᠲᠠᠯ᠎ᠠ᠎ᠪᠠᠷ ᠵᠶ᠋ᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠣᠶᠠᠷ ᠤᠯᠤᠰ᠎ᠤᠨ ᠬᠥᠭᠵᠢᠯᠲᠡ᠎ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡᠯ ᠵᠣᠬᠢᠨ᠎ᠠ ᠭᠡᠵᠡᠢ᠃
《ᠰᠢᠨᠵᠢᠯᠡᠬᠦ ᠤᠬᠠᠭ᠋ᠠᠨ᠎ᠳᠤ ᠤᠯᠤᠰ᠎ᠤᠨ ᠵᠠᠭ᠋ᠠᠭ ᠱᠣᠭᠣᠮ ᠭᠡᠵᠦ ᠪᠠᠢ᠌ᠳᠠᠭ ᠦᠭᠡᠶ᠃ ᠳᠤᠮᠳᠠᠳᠤ ᠤᠯᠤᠰ᠎ᠤᠨ᠎ᠬᠢᠨ ᠶᠡᠷᠦ᠎ᠠᠴᠠ᠎ᠪᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠣᠯᠠᠨ ᠤᠯᠤᠰ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠴᠢᠩᠭ᠎ᠠ ᠬᠠᠮᠠᠭ᠋ᠠᠯᠠᠬᠤ ᠶᠠᠪᠤᠴᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ᠎ᠪᠠᠨ ᠠᠬᠢᠭᠤᠯᠬᠤ ᠵᠢ ᠪᠠᠷᠢᠮᠲᠠᠯᠠᠭᠰᠠᠭ᠋ᠠᠷ ᠢᠷᠡᠵᠡᠢ》 ᠭᠡᠵᠦ ᠬᠡᠯᠡᠬᠦ᠎ᠳᠤ᠎ᠪᠠᠨ᠄ 《ᠰᠢᠨᠵᠢᠯᠡᠬᠦ ᠤᠬᠠᠭ᠋ᠠᠨ᠎ᠤ ᠬᠠᠶ᠋ᠢᠨ ᠰᠦᠪᠡᠭᠴᠢᠯᠡᠯᠲᠡ᠎ᠳᠤ ᠬᠣᠷᠢᠭ᠋ᠠᠲᠤ ᠣᠷᠣᠨ ᠭᠡᠵᠦ ᠪᠠᠢ᠌ᠳᠠᠭ ᠦᠭᠡᠶ᠃ ᠰᠢᠨᠵᠢᠯᠡᠬᠦ ᠤᠬᠠᠭ᠋ᠠᠨᠲᠠᠳ᠎ᠤᠨ ᠴᠢᠯᠥᠭᠡᠲᠡᠶ᠎ᠪᠠᠷ ᠬᠠᠶ᠋ᠢᠨ ᠰᠦᠪᠡᠭᠴᠢᠯᠡᠵᠦ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠦᠷ᠎ᠡ ᠪᠦᠲᠦᠭᠡᠯ᠎ᠢ ᠬᠦᠨᠳᠦᠳᠬᠡᠬᠦ ᠵᠢ ᠵᠣᠷᠢᠭᠵᠢᠭᠤᠯᠬᠤ ᠬᠡᠷᠡᠭᠲᠡᠶ》 ᠭᠡᠵᠡᠶ᠃
ᠯᠢ ᠺᠸ ᠴᠢᠶᠠᠩ ᠶᠠᠷᠢᠬᠤ᠎ᠳᠤ᠎ᠪᠠᠨ᠂ ᠳᠤᠮᠳᠠᠳᠤ ᠭ᠋ᠸᠷᠮᠠᠨ ᠬᠣᠶᠠᠷ ᠲᠠᠯ᠎ᠠ ᠵᠢᠨ᠎ᠬᠢᠨ᠎ᠳᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠲᠡᠷᠢᠭᠦᠨ᠎ᠤ ᠦᠢ᠍ᠯᠡᠳᠬᠡᠯ᠎ᠤᠨ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠤᠯᠠᠨ ᠬᠦᠷᠢᠶᠡᠨ᠎ᠳᠤ ᠴᠥᠮ ᠥᠷᠭᠡᠨ ᠳᠡᠯᠭᠡᠷ ᠬᠠᠮᠲᠤᠷᠠᠯᠴᠠᠭ᠋ᠠᠨ᠎ᠤ ᠣᠷᠣᠨ ᠵᠠᠢᠲᠠᠢ ᠶᠤᠮ᠃ 《ᠣᠳᠣᠬᠠᠨ᠎ᠳᠤ ᠬᠣᠶᠠᠷ ᠲᠠᠯ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠰᠠᠨᠠᠯ ᠵᠶ᠋ᠠᠨ ᠰᠣᠯᠢᠯᠴᠠᠵᠤ᠂ ᠬᠢᠵᠢᠭ᠎ᠤᠨ ᠪᠠᠶ᠋ᠢᠳᠠᠯ ᠳᠠᠭᠤᠰᠬᠤ᠎ᠠᠴᠠ ᠡᠮᠦᠨ᠎ᠡ ᠰᠠᠶ᠋ᠢᠲᠤᠷ ᠪᠡᠯᠡᠳᠬᠡᠯ ᠬᠢᠵᠦ᠂ ᠬᠢᠵᠢᠭ᠎ᠤᠨ ᠪᠠᠢ᠌ᠳᠠᠯ ᠳᠠᠭᠤᠰᠤᠭᠰᠠᠭ᠋ᠠᠷ ᠳᠤᠮᠳᠠᠳᠤ ᠭᠧᠷᠮᠠᠨ᠎ᠤ ᠪᠣᠳᠠᠲᠠᠢ ᠵᠢ ᠡᠷᠬᠢᠮᠯᠡᠬᠦ ᠬᠠᠮᠲᠤᠷᠠᠯᠴᠠᠭ᠎ᠠ᠎ᠨᠢ ᠳᠠᠷᠤᠢ ᠳᠡᠯᠡᠬᠡᠶ ᠵᠢᠨ ᠡᠯ᠎ᠡ ᠤᠯᠤᠰ᠎ᠤᠨ ᠬᠠᠮᠲᠤᠷᠠᠯᠴᠠᠭ᠋ᠠᠨ᠎ᠤ ᠡᠮᠦᠨ᠎ᠡ ᠡᠩᠨᠡᠭᠡᠨ᠎ᠳᠤ ᠭᠠᠪᠰᠢᠭ᠋ᠠᠢ᠌ᠯᠠᠬᠤ ᠵᠢ ᠬᠦᠰᠡᠵᠦ ᠪᠠᠶ᠋ᠢᠨ᠎ᠠ》 ᠭᠡᠵᠡᠢ᠃
ᠮᠤᠺᠸᠷ᠄ 《ᠲᠤᠰ ᠡᠭᠡᠯᠵᠢ ᠵᠢᠨ ᠭ᠋ᠸᠷᠮᠠᠨ ᠳᠤᠮᠳᠠᠳᠤ ᠵᠢᠨ ᠵᠠᠰᠠᠭ᠎ᠤᠨ ᠣᠷᠳᠣᠨ᠎ᠤ ᠵᠥᠪᠳᠡᠯᠴᠡᠭᠡᠨ᠎ᠤ ᠪᠣᠳᠠᠲᠠᠢ ᠵᠢ ᠡᠷᠬᠢᠮᠯᠡᠬᠦ ᠦᠷ᠎ᠡ ᠪᠦᠲᠦᠭᠡᠯ᠎ᠨᠢ ᠬᠣᠶᠠᠷ ᠤᠯᠤᠰ᠎ᠤᠨ ᠬᠠᠮᠲᠤᠷᠠᠯᠴᠠᠭ᠋ᠠᠨ᠎ᠤ ᠬᠦᠷᠢᠶᠡᠨ᠎ᠳᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠪᠠᠶ᠋ᠢᠬᠤ᠎ᠪᠠᠷ ᠪᠠᠷᠠᠬᠤ ᠦᠭᠡᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠵᠡᠷᠭᠡ ᠤᠯᠠᠨ ᠲᠠᠯ᠎ᠠ᠂ ᠪᠦᠬᠦ ᠲᠠᠯ᠎ᠠ ᠵᠢᠨ ᠬᠠᠮᠲᠤᠷᠠᠯᠴᠠᠭ᠎ᠠ ᠪᠠᠶ᠋ᠢᠬᠤ ᠵᠢ ᠭᠡᠷᠡᠴᠢᠯᠡᠪᠡ》 ᠭᠡᠵᠦ ᠬᠠᠷᠢᠭᠤ ᠬᠡᠯᠡᠭᠰᠡᠨ ᠪᠠᠢ᠌ᠨ᠎ᠠ᠃
ᠪᠢᠳᠡ ᠶᠠᠷᠢᠯᠴᠠᠭ᠋ᠠᠨ᠎ᠤ ᠳᠤᠮᠳᠠ ᠵᠥᠷᠢᠯᠳᠦᠭᠡᠨ᠎ᠠᠴᠠ ᠵᠠᠢ᠌ᠯᠠᠭᠰᠠᠨ ᠦᠭᠡᠢ᠂ ᠬᠠᠷᠢᠨ ᠰᠠᠨᠠᠯ ᠵᠶ᠋ᠠᠨ ᠭᠦᠢ᠍ᠴᠡᠳ ᠰᠣᠯᠢᠯᠴᠠᠵᠤ᠂ ᠨᠡᠩ ᠣᠯᠠᠨ ᠬᠠᠮᠲᠤ ᠵᠢᠨ ᠲᠠᠨᠢᠯᠲᠠ᠎ᠲᠠᠢ ᠪᠣᠯᠵᠠᠶ

4 ᠴᠠᠭ ᠰᠢᠬᠠᠮ ᠶᠠᠪᠤᠭᠳᠠᠭᠰᠠᠨ ᠳᠤᠮᠳᠠᠳᠤ ᠭ᠋ᠸᠷᠮᠠᠨ᠎ᠤ ᠵᠢᠷᠭᠤᠳᠤᠭ᠋ᠠᠷ ᠡᠭᠡᠯᠵᠢ ᠵᠢᠨ ᠵᠠᠰᠠᠭ᠎ᠤᠨ ᠣᠷᠳᠣᠨ᠎ᠤ ᠵᠥᠪᠳᠡᠯᠴᠡᠭᠡ ᠳᠠᠭᠤᠰᠬᠤ᠎ᠠᠴᠠ ᠡᠮᠦᠨ᠎ᠡ᠂ ᠬᠣᠶᠠᠷ ᠤᠯᠤᠰ᠎ᠤᠨ ᠶᠡᠷᠦᠩᠬᠡᠢ ᠰᠠᠶ᠋ᠢᠳ ᠲᠤᠰ ᠡᠭᠡᠯᠵᠢ ᠵᠢᠨ ᠵᠥᠪᠳᠡᠯᠴᠡᠭᠡ 《ᠠᠮᠵᠢᠯᠲᠠ᠎ᠲᠠᠢ ᠳᠠᠭᠤᠰᠴᠤ》᠂ 《ᠮᠠᠰᠢ ᠣᠯᠠᠨ ᠦᠷ᠎ᠡ ᠪᠦᠲᠦᠭᠡᠯ ᠤᠯᠪᠠ》 ᠭᠡᠵᠦ ᠦᠨᠡᠯᠡᠪᠡ᠃
ᠯᠢ ᠺᠧ ᠴᠢᠶᠠᠩ ᠶᠠᠷᠢᠬᠤ᠎ᠳᠤ᠎ᠪᠠᠨ᠄ 《ᠪᠢᠳᠡ ᠶᠠᠷᠢᠯᠴᠠᠭ᠋ᠠᠨ᠎ᠤ ᠳᠤᠮᠳᠠ ᠵᠥᠷᠢᠯᠳᠦᠭᠡᠨ᠎ᠠᠴᠠ ᠵᠠᠶ᠋ᠢᠯᠠᠭᠰᠠᠨ ᠦᠭᠡᠶ᠂ ᠬᠠᠷᠢᠨ ᠰᠠᠨᠠᠯ ᠵᠶ᠋ᠠᠨ ᠭᠦᠢ᠍ᠴᠡᠳ ᠰᠣᠯᠢᠯᠴᠠᠵᠤ᠂ ᠨᠡᠩ ᠣᠯᠠᠨ ᠬᠠᠮᠲᠤ ᠵᠢᠨ ᠲᠠᠨᠢᠯᠲᠠ᠎ᠲᠠᠢ ᠪᠣᠯᠵᠤ᠂ ᠳᠡᠯᠡᠬᠡᠶ ᠨᠡᠶ᠋ᠢᠲᠡ᠎ᠳᠤ ᠢᠳᠡᠪᠬᠢᠲᠡᠶ ᠳᠣᠬᠢᠶ᠎ᠠ ᠥᠭᠭᠦᠭᠰᠡᠨ ᠪᠠᠶ᠋ᠢᠨ᠎ᠠ》 ᠭᠡᠵᠡᠶ᠃
ᠲᠡᠷᠡ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠨᠢᠭᠡᠨᠲᠡ 10 ᠵᠢᠯ᠎ᠤᠨ ᠲᠡᠦᠬᠡ᠎ᠲᠠᠢ ᠪᠣᠯᠵᠠᠢ᠃ ᠲᠤᠰ ᠡᠭᠡᠯᠵᠢ ᠵᠢᠨ ᠵᠥᠪᠳᠡᠯᠴᠡᠭᠡ ᠪᠣᠯ ᠨᠢᠭᠡᠨ ᠤᠳᠠᠭ᠋ᠠᠨ᠎ᠤ ᠠᠮᠵᠢᠯᠲᠠ᠎ᠲᠠᠢ ᠲᠡᠭᠦᠰᠬᠡᠯ ᠪᠣᠯᠬᠤ ᠮᠥᠷᠲᠡᠭᠡᠨ ᠨᠢᠭᠡᠨ ᠤᠳᠠᠭ᠋ᠠᠨ᠎ᠤ ᠰᠢᠨ᠎ᠡ ᠡᠬᠢᠯᠡᠯᠲᠡ ᠪᠣᠯᠬᠤ ᠵᠢ ᠬᠦᠰᠡᠵᠦ ᠪᠠᠶ᠋ᠢᠨ᠎ᠠ ᠭᠡᠵᠡᠢ᠃
ᠮᠤᠺᠸᠷ ᠶᠠᠷᠢᠬᠤ᠎ᠳᠤ᠎ᠪᠠᠨ᠄ 《ᠡᠨᠡ ᠪᠣᠯ ᠮᠢᠨᠦ ᠬᠠᠮᠤᠭ ᠰᠡᠭᠦᠯᠴᠢ ᠵᠢᠨ ᠤᠳᠠᠭ᠎ᠠ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ᠎ᠳᠤ ᠣᠷᠣᠯᠴᠠᠵᠤ ᠪᠠᠶ᠋ᠢᠭ᠎ᠠ ᠶᠠᠪᠤᠳᠠᠯ ᠪᠣᠯᠤᠨ᠎ᠠ᠂ ᠲᠤᠰ ᠡᠭᠡᠯᠵᠢ ᠵᠢᠨ ᠵᠥᠪᠳᠡᠯᠴᠡᠭᠡ᠎ᠨᠢ ᠳᠤᠮᠳᠠᠳᠤ ᠭ᠋ᠸᠷᠮᠠᠨ᠎ᠤ ᠬᠠᠮᠲᠤᠷᠠᠯᠴᠠᠭ᠎ᠠ ᠵᠢᠨ ᠥᠷᠭᠡᠴᠡ ᠪᠠ ᠭᠦᠨᠴᠡ ᠵᠢ ᠳᠠᠬᠢᠨᠲᠠ ᠭᠡᠷᠡᠴᠢᠯᠡᠪᠡ᠂ ᠬᠣᠶ᠋ᠢᠰᠢᠳᠠ ᠵᠥᠪᠳᠡᠯᠴᠡᠭᠡᠨ᠎ᠤ ᠨᠡᠩ ᠤᠯᠠᠨ ᠦᠷ᠎ᠡ ᠪᠦᠲᠦᠭᠡᠯ᠎ᠢ ᠠᠮᠵᠢᠯᠲᠠ᠎ᠲᠠᠢ ᠨᠠᠶ᠋ᠢᠳᠠᠪᠤᠷᠢᠵᠢᠭᠤᠯᠬᠤ ᠵᠢ ᠬᠦᠰᠡᠵᠦ ᠪᠠᠶ᠋ᠢᠨ᠎ᠠ》 ᠭᠡᠪᠡ᠃
ᠵᠥᠪᠳᠡᠯᠴᠡᠭᠡ ᠳᠠᠭᠤᠰᠤᠭᠰᠠᠨ᠎ᠤ ᠲᠠᠷᠠᠭ᠎ᠠ᠂ ᠬᠣᠶᠠᠷ ᠤᠯᠤᠰ᠎ᠤᠨ ᠶᠡᠷᠦᠩᠬᠡᠢ ᠰᠠᠶ᠋ᠢᠳ 《ᠡᠭᠦᠯᠡᠨ ᠭᠡᠷ᠎ᠡ ᠲᠣᠭᠲᠠᠬᠤ》 ᠶᠣᠰᠣᠯᠠᠯ᠎ᠳᠤ ᠣᠷᠣᠯᠴᠠᠵᠤ᠂ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠤ 7 ᠬᠤᠪᠢ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠭᠰᠠᠨ᠎ᠢ ᠭᠡᠷᠡᠴᠢᠯᠡᠪᠡ᠂ ᠡᠭᠦᠨ᠎ᠳᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠨᠡᠶ᠋ᠢᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠢᠳᠡᠭᠡᠨ᠎ᠤ ᠠᠮᠤᠷ ᠲᠦᠪᠰᠢᠨ᠂ ᠤᠯᠠᠨ ᠤᠯᠤᠰ᠎ᠤᠨ ᠬᠥᠭᠵᠢᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠦᠷᠭᠦᠯᠵᠢᠯᠡᠬᠦᠢ᠌ᠴᠡ ᠬᠥᠭᠵᠢᠯᠲᠡ ᠵᠡᠷᠭᠡ ᠤᠯᠠᠨ ᠬᠦᠷᠢᠶ᠎ᠡ ᠪᠠᠭᠲᠠᠨ᠎ᠠ᠃
ᠲᠤᠮᠤ ᠳᠡᠯᠭᠡᠴᠡᠨ᠎ᠳᠤ᠄ ᠬᠣᠶᠠᠷ ᠤᠯᠤᠰ᠎ᠤᠨ ᠶᠡᠷᠦᠩᠬᠡᠢ ᠰᠠᠶ᠋ᠢᠳ᠎ᠤᠨ ᠭᠡᠷᠡᠴᠢᠯᠡᠭᠡ᠎ᠪᠠᠷ᠂ ᠬᠣᠶᠠᠷ ᠲᠠᠯ᠎ᠠ ᠵᠢᠨ ᠶᠠᠮᠤᠨ᠎ᠤ ᠰᠠᠶ᠋ᠢᠳ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠭᠰᠠᠨ᠎ᠤ ᠳᠠᠷᠠᠭ᠎ᠠ᠂ ᠳᠡᠭᠡᠭᠰᠢ ᠡᠷᠭᠦᠵᠦ ᠨᠦᠬᠦᠬᠡ ᠡᠲᠡᠭᠡᠳ᠎ᠲᠤ᠎ᠪᠠᠨ ᠳᠡᠯᠭᠡᠨ ᠦᠵᠡᠭᠦᠯᠵᠦ᠂ ᠲᠦᠮᠡᠨ ᠭᠠᠵᠠᠷ ᠠᠯᠤᠰᠯᠠᠵᠤ ᠪᠠᠶ᠋ᠢᠭ᠎ᠠ ᠬᠤᠷᠠᠯ᠎ᠤᠨ ᠲᠠᠯᠠᠪᠠᠢ᠎ᠳᠤ ᠪᠠᠶ᠋ᠢᠨ ᠪᠠᠶ᠋ᠢᠨ ᠠᠯᠠᠭ᠎ᠠ ᠲᠠᠰᠢᠯᠳᠠ ᠵᠢᠨ ᠲᠠᠭᠤᠨ ᠨᠢᠵᠢᠭᠢᠨᠡᠭᠰᠡᠨ ᠡᠨᠡ ᠬᠦ᠌ ᠲᠡᠦᠬᠡᠨ ᠠᠭᠱ᠌ᠠᠨᠢ ᠳᠠᠬᠢᠨᠲᠠ ᠦᠯᠡᠳᠡᠭᠡᠨ ᠭᠡᠷᠡᠴᠢᠯᠡᠪᠡ᠃