ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠬᠠᠮᠲᠤ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠭ᠋ᠸᠷᠮᠠᠨ᠎ᠤ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠳᠤ ᠣᠷᠣᠯᠴᠠᠭᠰᠠᠨ ᠬᠣᠶᠠᠷ ᠤᠯᠤᠰ᠎ᠤᠨ ᠠᠵᠤ ᠠᠬᠤᠢ ᠵᠢᠨ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2021-05-06

      ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ 4 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠣᠶ᠋ᠢᠨ᠎ᠠ ᠭ᠋ᠸᠷᠮᠠᠨ᠎ᠤ ᠶᠡᠷᠦᠩᠬᠡᠢ ᠰᠠᠶ᠋ᠢᠳ ᠮᠤᠺᠸᠷ᠎ᠲᠠᠢ ᠬᠠᠮᠲᠤ᠎ᠪᠠᠷ ᠵᠢᠷᠭᠤᠳᠤᠭ᠋ᠠᠷ ᠡᠭᠡᠯᠵᠢ ᠵᠢᠨ ᠳᠤᠮᠳᠠᠳᠤ ᠭ᠋ᠸᠷᠮᠠᠨ᠎ᠤ ᠵᠠᠰᠠᠭ᠎ᠤᠨ ᠣᠷᠳᠣᠨ᠎ᠤ ᠵᠥᠪᠳᠡᠯᠴᠡᠭᠡ ᠵᠢ ᠡᠷᠬᠢᠯᠡᠬᠦ ᠬᠤᠭᠤᠴᠠᠭ᠋ᠠᠨ᠎ᠳᠤ᠂ ᠸᠢᠳᠢᠣ᠋ ᠵᠢᠨ ᠬᠡᠯᠪᠡᠷᠢ᠎ᠪᠠᠷ ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠭ᠋ᠸᠷᠮᠠᠨ᠎ᠤ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠳᠤ ᠣᠷᠣᠯᠴᠠᠭᠰᠠᠨ ᠬᠣᠶᠠᠷ ᠤᠯᠤᠰ᠎ᠤᠨ ᠠᠵᠤ ᠠᠬᠤᠢ ᠵᠢᠨ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ᠃ ᠬᠣᠶᠠᠷ ᠤᠯᠤᠰ᠎ᠤᠨ ᠶᠡᠷᠦᠩᠬᠡᠢ ᠰᠠᠶ᠋ᠢᠳ ᠳᠤᠮᠳᠠᠳᠤ ᠤᠯᠤᠰ᠎ᠤᠨ ᠪᠠᠢ ᠳ᠋ᠦ᠋᠂ ᠨᠠᠨ ᠹᠠᠩ ᠴᠠᠬᠢᠯᠭ᠋ᠠᠨ ᠲᠣᠣᠷ᠂ ᠰᠠᠨ ᠰᠢᠶᠠ ᠪᠦᠯᠦᠭᠯᠡᠯ ᠪᠣᠯᠤᠨ ᠭ᠋ᠸᠷᠮᠠᠨ᠎ᠤ ᠲᠠᠯ᠎ᠠ ᠵᠢᠨ ᠰᠢ ᠮᠸᠨ ᠽᠢ᠂ ᠺᠸ ᠯᠸ ᠱᠸᠦ᠂ ᠪᠦᠦ ᠮᠠ ᠵᠡᠷᠭᠡ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠤ ᠶᠠᠷᠢᠶ᠎ᠠ ᠵᠢ ᠰᠣᠨᠣᠰᠤᠭᠰᠠᠨ ᠪᠥᠭᠡᠳ ᠲᠡᠳᠡᠨ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃


1.jpg


      ᠯᠢ ᠺᠸ ᠴᠢᠶᠠᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠭ᠋ᠸᠷᠮᠠᠨ᠎ᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠢ᠌ᠷᠡᠵᠦ ᠪᠠᠢ᠌ᠨ᠎ᠠ᠃ ᠨᠢᠳᠤᠨᠤᠨ ᠬᠢᠵᠢᠭ᠎ᠤᠨ ᠪᠠᠢ᠌ᠳᠠᠯ᠎ᠤᠨ ᠲᠠᠭ᠋ᠠᠷᠢᠯᠳᠠ᠎ᠳᠤ ᠤᠴᠠᠷᠠᠭᠰᠠᠨ ᠪᠣᠯᠪᠠᠴᠤ᠂ ᠬᠣᠶᠠᠷ ᠤᠯᠤᠰ᠎ᠤᠨ ᠠᠷᠠᠯᠵᠢᠶᠠᠨ᠎ᠤ ᠬᠡᠮᠵᠢᠶ᠎ᠡ ᠮᠥᠨ ᠬᠦ᠌ ᠤᠷᠤᠰᠬᠠᠯ ᠰᠥᠷᠥᠨ ᠨᠡᠮᠡᠭᠳᠡᠵᠦ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ ᠨᠡᠩ ᠴᠤ᠌ ᠠᠳᠠᠯᠢ ᠬᠤᠭᠤᠴᠠᠭ᠋ᠠᠨ᠎ᠤ᠎ᠬᠢ᠎ᠠᠴᠠ 41.5%᠎ᠪᠠᠷ ᠨᠡᠮᠡᠭᠳᠡᠵᠦ᠂ ᠳᠤᠮᠳᠠᠳᠤ ᠭ᠋ᠸᠷᠮᠠᠨ᠎ᠤ ᠬᠠᠮᠲᠤᠷᠠᠯᠴᠠᠭ᠎ᠠ ᠵᠢᠨ ᠥᠨᠳᠥᠷ ᠲᠦᠪᠰᠢᠨ ᠪᠠ ᠯᠤᠲᠤ ᠶᠡᠬᠡ ᠲᠠᠯᠳᠠ ᠬᠦᠴᠦᠨ᠎ᠢ ᠭᠦᠢ᠍ᠴᠡᠳ ᠢᠯᠡᠷᠡᠭᠦᠯᠵᠡᠢ᠃ ᠣᠳᠣᠬᠠᠨ᠎ᠳᠤ ᠳᠤᠮᠳᠠᠳᠤ ᠤᠯᠤᠰ᠎ᠲᠤ ᠪᠠᠶ᠋ᠢᠭ᠎ᠠ ᠭ᠋ᠸᠷᠮᠠᠨ᠎ᠤ 7000 ᠭᠠᠷᠤᠢ ᠠᠵᠤ ᠠᠬᠤᠶ᠋ᠢᠯᠠᠯ ᠪᠣᠯᠤᠨ ᠭ᠋ᠸᠷᠮᠠᠨ᠎ᠳᠤ ᠪᠠᠶ᠋ᠢᠭ᠎ᠠ ᠳᠤᠮᠳᠠᠳᠤ ᠤᠯᠤᠰ᠎ᠤᠨ 2000 ᠭᠠᠷᠤᠢ ᠠᠵᠤ ᠠᠬᠤᠶ᠋ᠢᠯᠠᠯ᠎ᠨᠢ ᠨᠢᠭᠡᠨᠲᠡ ᠬᠣᠶᠠᠷ ᠤᠯᠤᠰ᠎ᠤᠨ ᠬᠠᠮᠲᠤᠷᠠᠯᠴᠠᠭ᠋ᠠᠨ᠎ᠤ 《ᠭᠣᠣᠯ ᠬᠦᠴᠦᠨ》 ᠪᠣᠯᠤᠭᠰᠠᠨ ᠪᠠᠶ᠋ᠢᠨ᠎ᠠ ᠭᠡᠵᠡᠢ᠃
      ᠯᠢ ᠺᠸ ᠴᠢᠶᠠᠩ ᠵᠢᠭ᠋ᠠᠬᠤ᠎ᠳᠤ᠎ᠪᠠᠨ᠂ ᠣᠳᠣᠬᠠᠨ᠎ᠤ ᠪᠠᠶ᠋ᠢᠳᠠᠯ ᠳᠣᠣᠷ᠎ᠠ᠂ ᠬᠣᠶᠠᠷ ᠲᠠᠯ᠎ᠠ᠎ᠪᠠᠷ ᠵᠶ᠋ᠠᠨ ᠬᠢᠵᠢᠭ᠎ᠤᠨ ᠪᠠᠢ᠌ᠳᠠᠯ᠎ᠢ ᠡᠰᠡᠷᠭᠦᠴᠡᠬᠦ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠢᠵᠢᠭ᠎ᠢ ᠴᠢᠩᠭ᠎ᠠ ᠰᠡᠷᠭᠡᠢ᠌ᠯᠡᠭᠰᠡᠨ ᠤᠷᠢᠲᠠᠯ ᠳᠣᠣᠷ᠎ᠠ ᠬᠥᠮᠦᠰ᠎ᠤᠨ ᠬᠠᠷᠢᠯᠴᠠᠭ᠎ᠠ ᠶᠠᠪᠤᠯᠴᠠᠭ᠎ᠠ᠎ᠳᠤ ᠤᠯᠠᠮ ᠴᠢᠨᠠᠭᠰᠢᠳᠠ ᠲᠦᠬᠦᠮ ᠦᠵᠡᠭᠦᠯᠬᠦ ᠵᠢ ᠬᠦᠰᠡᠵᠦ ᠪᠠᠶ᠋ᠢᠨ᠎ᠠ᠃ ᠸᠠᠺᠼᠢᠨ ᠪᠠ ᠣᠯᠠᠨ ᠤᠯᠤᠰ᠎ᠤᠨ ᠡᠷᠡᠭᠦᠯ ᠮᠡᠨᠳᠦ ᠵᠢᠨ ᠺᠣᠳ᠋᠎ᠢ ᠬᠠᠷᠢᠯᠴᠠᠨ ᠮᠡᠳᠡᠷᠡᠬᠦ ᠵᠢ ᠢᠳᠡᠪᠬᠢᠲᠡᠶ ᠰᠦᠪᠡᠭᠴᠢᠯᠡᠵᠦ᠂ ᠠᠵᠤ ᠠᠬᠤᠶ᠋ᠢᠯᠠᠯ᠎ᠤᠨ ᠬᠡᠪ᠎ᠤᠨ ᠡᠵᠡᠩᠨᠡᠯᠲᠡ ᠵᠢ ᠦᠨᠡᠨ ᠬᠦ᠌ ᠪᠠᠲᠤᠯᠠᠬᠤ᠂ ᠪᠥᠬᠥ ᠪᠥᠮᠪᠥᠷᠴᠡᠭ᠎ᠤᠨ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠣᠭᠲᠠᠭᠤᠨ ᠪᠠᠶ᠋ᠢᠳᠠᠯ᠎ᠢ ᠬᠠᠮᠠᠭ᠋ᠠᠯᠠᠬᠤ᠂ ᠳᠡᠯᠡᠬᠡᠶ ᠵᠢᠨ ᠠᠵᠤ ᠠᠬᠤᠶ ᠵᠢᠨ ᠰᠡᠷᠭᠦᠯᠲᠡ ᠵᠢ ᠳᠡᠮᠵᠢᠬᠦ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢ᠌ᠨ᠎ᠠ ᠭᠡᠵᠡᠢ᠃


2.jpg


      ᠯᠢ ᠺᠸ ᠴᠢᠶᠠᠩ ᠴᠢᠬᠤᠯᠠᠴᠢᠯᠠᠬᠤ᠎ᠳᠤ᠎ᠪᠠᠨ᠂ ᠳᠤᠮᠳᠠᠳᠤ ᠤᠯᠤᠰ ᠦᠷᠭᠦᠯᠵᠢᠯᠡᠨ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂  ᠳᠠᠶᠠᠭ᠋ᠠᠷᠰᠢᠭᠰᠠᠨ  ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠬᠤ᠎ᠪᠠᠷ ᠴᠢᠷᠮᠠᠶ᠋ᠢᠵᠤ᠂ ᠳᠣᠲᠣᠭ᠋ᠠᠳᠤ ᠭᠠᠳᠠᠭ᠋ᠠᠳᠤ ᠪᠡᠯᠡ ᠣᠷᠣᠭᠤᠯᠤᠯᠲᠠ ᠵᠢᠨ ᠠᠵᠤ ᠠᠬᠤᠶ᠋ᠢᠯᠠᠯ᠎ᠳᠤ ᠠᠳᠠᠯᠢᠬᠠᠨ ᠬᠠᠨᠳᠤᠵᠤ᠂ ᠭ᠋ᠸᠷᠮᠠᠨ᠎ᠢ ᠪᠠᠭᠲᠠᠭ᠋ᠠᠭᠰᠠᠨ ᠡᠯ᠎ᠡ ᠤᠯᠤᠰ᠎ᠤᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠤᠨ ᠦᠢ᠍ᠯᠡᠰ ᠪᠤᠰᠬᠠᠵᠤ᠂ ᠬᠠᠷᠢᠯᠴᠠᠨ ᠠᠰᠢᠭᠲᠠᠢ ᠪᠠᠢ᠌ᠬᠤ᠂ ᠬᠠᠮᠲᠤ᠎ᠪᠠᠷ ᠠᠰᠢᠭ ᠬᠦᠷᠳᠡᠬᠦ ᠵᠢ ᠨᠡᠩ ᠰᠠᠶ᠋ᠢᠲᠤᠷ ᠪᠡᠶᠡᠯᠡᠭᠦᠯᠬᠦ ᠵᠢ ᠪᠠᠶᠠᠷᠯᠠᠨ ᠤᠭᠲᠤᠵᠤ ᠪᠠᠢ᠌ᠨ᠎ᠠ ᠭᠡᠵᠡᠢ᠃
      ᠮᠤᠺᠸᠷ ᠢᠯᠡᠷᠬᠡᠢ᠌ᠯᠡᠬᠦ᠎ᠳᠤ᠎ᠪᠠᠨ᠂ ᠭ᠋ᠸᠷᠮᠠᠨ ᠳᠤᠮᠳᠠᠳᠤ ᠵᠢᠨ ᠦᠢ᠍ᠯᠡᠳᠬᠡᠯ᠎ᠤᠨ ᠦᠢ᠍ᠯᠡᠰ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠲᠤᠶ᠋ᠢᠯ᠎ᠤᠨ ᠨᠢᠭᠲᠠ ᠪᠣᠯᠵᠤ᠂ ᠲᠠᠰᠤᠷᠠᠯᠲᠠ ᠦᠭᠡᠢ ᠰᠢᠨ᠎ᠡ ᠠᠬᠢᠴᠠ᠎ᠲᠠᠢ ᠪᠣᠯᠬᠤ ᠵᠢ ᠬᠦᠰᠡᠵᠦ ᠪᠠᠶ᠋ᠢᠨ᠎ᠠ᠃ ᠭ᠋ᠸᠷᠮᠠᠨ᠎ᠤ ᠲᠠᠯ᠎ᠠ ᠵᠢᠨ᠎ᠬᠢᠨ ᠳᠤᠷᠠᠲᠠᠶ᠎ᠠ ᠳᠤᠮᠳᠠᠳᠤ ᠵᠢᠨ ᠲᠠᠯ᠎ᠠ ᠵᠢᠨ᠎ᠬᠢᠨ᠎ᠲᠠᠢ ᠬᠠᠷᠢᠯᠴᠠᠨ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠎ᠪᠠᠨ ᠥᠷᠭᠡᠳᠬᠡᠬᠦ᠂ ᠧᠦ᠋ᠷᠣᠫᠠ ᠳᠤᠮᠳᠠᠳᠤ ᠵᠢᠨ ᠪᠡᠯᠡ ᠣᠷᠣᠭᠤᠯᠤᠯᠲᠠ ᠵᠢᠨ ᠬᠡᠯᠡᠯᠴᠡᠭᠡᠷ᠎ᠤᠨ ᠡᠷᠲᠡ ᠡᠳᠦᠷ ᠬᠦᠴᠦᠨ᠎ᠲᠠᠢ ᠪᠣᠯᠬᠤ ᠵᠢ ᠠᠬᠢᠭᠤᠯᠬᠤ ᠵᠡᠷᠭᠡ ᠠᠰᠠᠭᠤᠳᠠᠯ᠎ᠤᠨ ᠲᠤᠬᠠᠢ ᠣᠢ᠌ᠯᠠᠭ᠋ᠠᠯᠴᠠᠭ᠎ᠠ ᠨᠡᠪᠲᠡᠷᠡᠯᠴᠡᠭᠡ᠎ᠪᠠᠨ ᠪᠠᠲᠤᠯᠠᠵᠤ᠂ ᠸᠠᠺᠼᠢᠨ᠎ᠢ ᠬᠠᠷᠢᠯᠴᠠᠨ ᠮᠠᠭ᠋ᠠᠳᠯᠠᠨ ᠲᠣᠭᠲᠠᠭ᠋ᠠᠬᠤ ᠲᠠᠯ᠎ᠠ᠎ᠪᠠᠷ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠤᠯᠤᠰ᠎ᠤᠨ ᠡᠯ᠎ᠡ ᠬᠦᠷᠢᠶ᠎ᠡ ᠣᠨᠴᠠᠭ᠋ᠠᠶ᠋ᠢᠯᠠᠨ ᠠᠵᠤ ᠠᠬᠤᠢ ᠵᠢᠨ ᠡᠲᠡᠭᠡᠳ᠎ᠤᠨ ᠬᠥᠮᠦᠰ᠎ᠤᠨ ᠬᠡᠪ᠎ᠤᠨ ᠶᠠᠪᠤᠯᠴᠠᠭ᠎ᠠ ᠵᠢ ᠪᠠᠲᠤᠯᠠᠨ᠎ᠠ᠃ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠭᠧᠷᠮᠠᠨ᠎ᠳᠤ ᠣᠴᠢᠵᠤ ᠪᠡᠯᠡ ᠣᠷᠣᠭᠤᠯᠬᠤ ᠵᠢ ᠪᠠᠶᠠᠷᠯᠠᠨ ᠤᠭᠲᠤᠵᠤ᠂ ᠬᠣᠶᠠᠷ ᠲᠠᠯ᠎ᠠ᠎ᠪᠠᠷ ᠵᠶ᠋ᠠᠨ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠬᠣᠶᠠᠷ ᠤᠯᠤᠰ᠎ᠤᠨ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠎ᠠ ᠵᠢᠨ ᠲᠠᠰᠤᠷᠠᠯᠲᠠ ᠦᠭᠡᠢ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠡᠢ᠃
      ᠸᠠᠩ ᠢ᠂ ᠡᡁᠸ ᠯᠢ ᠹᠸᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠤᠮᠳᠠᠳᠤ ᠭ᠋ᠸᠷᠮᠠᠨ᠎ᠤ 25 ᠶᠠᠮᠤᠨ᠎ᠤ ᠰᠠᠶ᠋ᠢᠳ᠎ᠤᠨ 《ᠡᠭᠦᠯᠡᠨ ᠵᠥᠪᠳᠡᠯᠴᠡᠭᠡ》 ᠪᠠ ᠬᠣᠶᠠᠷ ᠤᠯᠤᠰ᠎ᠤᠨ ᠶᠡᠷᠦᠩᠬᠡᠢ ᠰᠠᠶ᠋ᠢᠳ᠎ᠤᠨ ᠭᠡᠷᠡᠴᠢᠯᠡᠯᠲᠡ᠎ᠨᠢ ᠶᠠᠮᠠᠷ ᠶᠠᠮᠠᠷ ᠲᠤᠬᠢᠶ᠎ᠠ ᠲᠠᠯᠪᠢᠭᠰᠠᠨ ᠪᠤᠢ?
ᠰᠢ ᠵᠢᠨ ᠫᠢᠩ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠡᠷᠡᠭᠯᠡᠭᠡᠨ᠎ᠤ ᠪᠦᠳᠦᠭᠡᠭᠳᠡᠬᠦᠨ᠎ᠤ ᠦᠵᠡᠰᠬᠦᠯᠡᠩ᠎ᠤᠨ ᠴᠤᠬᠯᠠᠭ᠋ᠠᠨ᠎ᠳᠤ ᠪᠡᠶᠠᠷ᠎ᠤᠨ ᠵᠠᠬᠢᠳᠠᠯ ᠢᠯᠡᠭᠡᠪᠠ
ᠼᠠᠢ ᠰᠢᠨ ᠭᠠᠷᠠᠭ᠎ᠤᠨ ᠰᠡᠳᠬᠦᠯ᠄ ᠬᠢᠵᠢᠭ᠎ᠤᠨ ᠪᠠᠶ᠋ᠢᠳᠠᠯ᠎ᠲᠠᠢ ᠵᠢᠯ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠢ᠌ᠳᠠᠯ᠎ᠢ ᠳᠠᠬᠢᠨ ᠠᠵᠢᠬᠤ᠎ᠨᠢ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ᠎ᠢ ᠪᠠᠢ᠌ᠷᠢᠯᠠᠭᠤᠯᠪᠠ
ᠰᠢ ᠵᠢᠨ ᠫᠢᠩ ᠳᠡᠯᠡᠭᠡᠢ ᠵᠢᠨ ᠤᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠦᠪᠯᠡᠯ᠎ᠤᠨ ᠲᠡᠷᠢᠭᠦᠯᠡᠭᠴᠢ ᠪᠠᡁᠸ᠎ᠲᠠᠢ ᠤᠲᠠᠰᠤ᠎ᠪᠠᠷ ᠶᠠᠷᠢᠯᠴᠠᠪᠠ
 
            