ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠡᠷᠡᠭᠯᠡᠭᠡᠨ᠎ᠤ ᠪᠦᠳᠦᠭᠡᠭᠳᠡᠬᠦᠨ᠎ᠤ ᠦᠵᠡᠰᠬᠦᠯᠡᠩ᠎ᠤᠨ ᠴᠤᠬᠯᠠᠭ᠋ᠠᠨ᠎ᠳᠤ ᠪᠡᠶᠠᠷ᠎ᠤᠨ ᠵᠠᠬᠢᠳᠠᠯ ᠢᠯᠡᠭᠡᠪᠠ
ᠨᠡᠶ᠋ᠢᠲᠡᠯᠡᠭᠰᠡᠨ ᠴᠠᠭ᠄ 2021-05-07

      ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ ᠵᠢᠨ 6᠎ᠤ ᠴᠠᠬᠢᠯᠭ᠋ᠠᠨ ᠮᠡᠳᠡᠭᠡ   5 ᠰᠠᠷ᠎ᠠ ᠵᠢᠨ 6᠎ᠤ ᠡᠳᠦᠷ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠡᠷᠡᠭᠯᠡᠭᠡᠨ᠎ᠤ ᠪᠦᠳᠦᠭᠡᠭᠳᠡᠬᠦᠨ᠎ᠤ ᠦᠵᠡᠰᠬᠦᠯᠡᠩ᠎ᠤᠨ ᠴᠤᠬᠯᠠᠭ᠋ᠠᠨ᠎ᠳᠤ ᠪᠡᠶᠠᠷ᠎ᠤᠨ ᠵᠠᠬᠢᠳᠠᠯ ᠢᠯᠡᠭᠡᠪᠡ᠃
      ᠰᠢ ᠵᠢᠨ ᠫᠢᠩ᠂ ᠳᠤᠮᠳᠠᠳᠤ ᠤᠯᠤᠰ᠎ᠤᠨ ᠤᠯᠠᠨ ᠤᠯᠤᠰ᠎ᠤᠨ ᠭᠡᠷᠡᠭᠯᠡᠭᠡᠨ᠎ᠤ ᠪᠦᠳᠦᠭᠡᠭᠳᠡᠬᠦᠨ᠎ᠤ ᠦᠵᠡᠰᠬᠦᠯᠡᠩ᠎ᠤᠨ ᠴᠤᠬᠯᠠᠭ᠋ᠠᠨ᠎ᠢ ᠡᠷᠬᠢᠯᠡᠵᠦ᠂ ᠲᠠᠯᠠᠬᠡᠢ ᠳ᠋ᠠᠬᠢᠨ᠎ᠳᠤ ᠭᠡᠷᠡᠭᠯᠡᠭᠡᠨ᠎ᠤ ᠰᠤᠳᠤᠨ ᠪᠦᠳᠦᠭᠡᠭᠳᠡᠬᠦᠨ᠎ᠤ ᠦᠵᠡᠬᠦᠯᠭᠡ ᠵᠢᠨ ᠲᠠᠪᠴᠠᠩ ᠬᠠᠩᠭ᠋ᠠᠵᠦ ᠪᠠᠢ᠍ᠢ᠍ᠭ᠎ᠠ᠎ᠨᠢ ᠳᠡᠯᠡᠭᠡᠢ ᠵᠢᠨ ᠡᠯ᠎ᠠ ᠤᠯᠤᠰ᠎ᠤᠨ᠎ᠬᠢᠨ᠎ᠤ ᠳᠤᠮᠳᠠᠳᠤ ᠤᠯᠤᠰ᠎ᠤᠨ ᠵᠠᠬ᠎ᠠ ᠳᠡᠯᠭᠡᠬᠦᠷ᠎ᠤᠨ ᠠᠵᠠ ᠲᠤᠬᠢᠶᠠᠯ᠎ᠢ ᠬᠠᠮᠳᠤ᠎ᠪᠠᠷ ᠬᠤᠪᠢᠶᠠᠯᠴᠠᠬᠤ᠎ᠳᠤ ᠠᠰᠢᠬᠳᠠᠢ᠂ ᠳᠡᠯᠡᠭᠡᠢ ᠵᠢᠨ ᠠᠵᠤ ᠠᠬᠤᠢ ᠵᠢᠨ ᠰᠡᠷᠬᠦᠯᠳᠠ ᠪᠠ ᠨᠡᠮᠡᠭᠳᠡᠯ᠎ᠳᠤ ᠠᠰᠢᠬᠳᠠᠢ ᠪᠦᠭᠡᠳ ᠪᠠᠰᠠ ᠳᠤᠮᠳᠠᠳᠤ ᠤᠯᠤᠰ᠎ᠤᠨ ᠳᠡᠯᠡᠭᠡᠢ ᠳ᠋ᠠᠬᠢᠨ᠎ᠳᠤ ᠨᠡᠩ ᠤᠯᠠᠨ ᠰᠢᠯᠢᠳᠡᠭ ᠭᠡᠷᠡᠭᠯᠡᠭᠡᠨ᠎ᠤ ᠪᠦᠳᠦᠭᠡᠭᠳᠡᠬᠦᠨ ᠬᠠᠩᠭ᠋ᠠᠬᠤ᠎ᠳᠤ ᠴᠦ᠍ ᠠᠰᠢᠬᠳᠠᠢ ᠶᠤᠮ᠃ ᠡᠯ᠎ᠠ ᠤᠯᠤᠰ᠎ᠤᠨ ᠡᠷᠬᠢᠮ ᠵᠤᠴᠢᠳ ᠪᠤᠯᠤᠨ ᠡᠯ᠎ᠠ ᠡᠳᠡᠭᠡᠳ᠎ᠤᠨ ᠬᠦᠮᠦᠰ ᠬᠦᠨᠵᠡᠭᠡᠢ ᠰᠤᠯᠢᠯᠴᠠᠭ᠎ᠠ ᠬᠢᠵᠤ᠂ ᠬᠠᠮᠳᠤᠷᠠᠯᠴᠠᠭ᠎ᠠ ᠵᠢ ᠬᠠᠮᠳᠤ᠎ᠪᠠᠷ ᠵᠦᠪᠳᠡᠯᠴᠡᠨ᠂ ᠡᠯ᠎ᠠ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠪᠤᠶᠠᠨ ᠦᠢ᠍ᠯᠡᠳᠴᠦ ᠦᠭᠬᠦ ᠵᠢ ᠬᠦᠰᠡᠵᠦ ᠪᠠᠢ᠍ᠢ᠍ᠨ᠎ᠠ ᠭᠡᠵᠦ ᠵᠢᠭ᠋ᠠᠵᠦ ᠭᠠᠷᠭ᠋ᠠᠪᠠ᠃
      ᠰᠢ ᠵᠢᠨ ᠫᠢᠩ᠂ ᠳᠤᠮᠳᠠᠳᠤ ᠤᠯᠤᠰ ᠳᠤᠷᠠᠳᠠᠶ᠎ᠠ ᠬᠠᠢ᠍ᠢ᠍ᠨᠠᠨ᠎ᠤ ᠴᠢᠯᠦᠭᠡᠳᠦ ᠠᠷᠠᠯᠵᠢᠶᠠᠨ᠎ᠤ ᠭᠠᠷᠠᠮ᠎ᠤᠨ ᠦᠭᠡᠷᠡᠴᠢᠯᠡᠯᠳᠠ ᠵᠢ ᠪᠦᠬᠦ ᠲᠠᠯ᠎ᠠ᠎ᠪᠠᠷ ᠬᠦᠨᠵᠡᠭᠡᠢ᠍ᠢ᠍ᠷᠡᠬᠦᠯᠬᠦ ᠪᠤᠯᠤᠨ ᠬᠠᠮᠤᠭ᠎ᠤᠨ ᠦᠨᠳᠦᠷ ᠲᠦᠪᠰᠢᠨ᠎ᠲᠠᠢ ᠨᠡᠭᠡᠭᠡᠯᠳᠠ ᠬᠢᠬᠦ ᠳᠤᠷᠰᠢᠯᠳᠠ ᠵᠢᠨ ᠲᠦᠷᠦ ᠵᠢᠨ ᠪᠤᠳᠤᠯᠭ᠎ᠠ ᠵᠢᠨ ᠲᠠᠪᠠᠭᠤᠯᠢᠭ᠎ᠢ ᠪᠠᠳᠠᠷᠠᠭᠤᠯᠵᠦ᠂ ᠬᠤᠶᠠᠷ ᠲᠠᠯ᠎ᠠ ᠵᠢᠨ᠂ ᠤᠯᠠᠨ ᠲᠠᠯ᠎ᠠ ᠵᠢᠨ ᠪᠠ ᠤᠷᠤᠨ ᠪᠦᠰᠡ ᠵᠢᠨ ᠬᠠᠮᠳᠤᠷᠠᠯᠴᠠᠭ᠎ᠠ ᠵᠢ ᠬᠦᠨᠵᠡᠭᠡᠢ᠍ᠢ᠍ᠷᠡᠬᠦᠯᠦᠨ᠂ ᠡᠯ᠎ᠠ ᠲᠠᠯ᠎ᠠ ᠵᠢᠨ᠎ᠬᠢᠨ᠎ᠲᠠᠢ ᠬᠠᠮᠳᠤ᠎ᠪᠠᠷ ᠬᠦᠮᠦᠨ ᠲᠦᠷᠦᠯᠬᠢᠳᠡᠨ᠎ᠤ ᠨᠡᠩ ᠰᠠᠢ᠍ᠢ᠍ᠨ ᠰᠠᠢ᠍ᠢ᠍ᠬᠠᠨ ᠢᠷᠡᠭᠡᠳᠦᠢ ᠵᠢ ᠭᠠᠷ ᠬᠤᠯᠪᠤᠨ ᠴᠤᠬ᠍ᠴᠠᠯᠠᠨ᠎ᠠ ᠭᠡᠵᠦ ᠴᠢᠬᠤᠯᠠᠴᠢᠯᠠᠪᠠ᠃
      ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠡᠷᠡᠭᠯᠡᠭᠡᠨ᠎ᠤ ᠪᠦᠳᠦᠭᠡᠭᠳᠡᠬᠦᠨ᠎ᠤ ᠦᠵᠡᠰᠬᠦᠯᠡᠩ᠎ᠤᠨ ᠴᠤᠬᠯᠠᠭ᠋ᠠᠨ ᠲᠤᠰ ᠡᠳᠦᠷ ᠬᠠᠢ᠍ᠢ᠍ᠨᠠᠨ ᠮᠤᠵᠢ ᠵᠢᠨ ᠬᠠᠢ᠍ᠢ᠍ᠺᠸᠦ ᠬᠤᠳᠠ᠎ᠳᠤ ᠡᠬᠢᠯᠡᠪᠡ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠪᠤᠯᠤᠨ ᠬᠠᠢ᠍ᠢ᠍ᠨᠠᠨ ᠮᠤᠵᠢ ᠵᠢᠨ ᠠᠷᠠᠳ᠎ᠤᠨ ᠵᠠᠰᠠᠭ᠎ᠤᠨ ᠤᠷᠳᠤᠨ᠎ᠠᠴᠠ ᠬᠠᠮᠳᠤ᠎ᠪᠠᠷ ᠡᠷᠬᠢᠯᠡᠵᠦ᠂ ᠦᠵᠡᠬᠦᠯᠭᠡ ᠵᠢᠨ ᠶᠡᠷᠦᠩᠭᠡᠢ ᠲᠠᠯᠠᠪᠠᠢ᠎ᠨᠢ 8 ᠲᠦᠮᠡᠨ ᠲᠡᠭᠰᠢ ᠲᠦᠷᠪᠡᠯᠵᠢᠨ ᠮᠧᠲᠷ᠎ᠲᠤ ᠬᠦᠷᠴᠦ᠂ 70 ᠰᠢᠬᠠᠮ ᠤᠯᠤᠰ ᠪᠠ ᠭᠠᠵᠠᠷ ᠤᠷᠤᠨ᠎ᠠᠴᠠ ᠢᠷᠡᠭᠰᠡᠨ ᠤᠯᠤᠰ᠎ᠤᠨ ᠳᠤᠳᠤᠭ᠋ᠠᠳᠦ ᠭᠠᠳᠠᠭ᠋ᠠᠳᠦ ᠵᠢᠨ 1500 ᠰᠢᠬᠠᠮ ᠠᠵᠤ ᠠᠬᠤᠢ᠍ᠢ᠍ᠯᠠᠯ᠎ᠤᠨ᠎ᠬᠢᠨ ᠦᠵᠡᠬᠦᠯᠭᠡ᠎ᠳᠤ ᠤᠷᠤᠯᠴᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠼᠠᠢ ᠰᠢᠨ ᠭᠠᠷᠠᠭ᠎ᠤᠨ ᠰᠡᠳᠬᠦᠯ᠄ ᠬᠢᠵᠢᠭ᠎ᠤᠨ ᠪᠠᠶ᠋ᠢᠳᠠᠯ᠎ᠲᠠᠢ ᠵᠢᠯ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠢ᠌ᠳᠠᠯ᠎ᠢ ᠳᠠᠬᠢᠨ ᠠᠵᠢᠬᠤ᠎ᠨᠢ
ᠯᠢ ᠺᠸ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠣᠭᠲᠠᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠵᠡᠷᠭᠡ ᠠᠵᠢᠯ᠎ᠢ ᠪᠠᠢ᠌ᠷᠢᠯᠠᠭᠤᠯᠪᠠ
ᠰᠢ ᠵᠢᠨ ᠫᠢᠩ ᠳᠡᠯᠡᠭᠡᠢ ᠵᠢᠨ ᠤᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠲᠡᠯᠭᠡᠭᠡᠡ᠎ᠤ ᠵᠦᠪᠯᠡᠯ᠎ᠤᠨ ᠲᠡᠷᠢᠭᠦᠯᠡᠭᠴᠢ ᠪᠠᡁᠸ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ 《ᠰᠤᠶᠤᠯ ᠲᠡᠤᠬᠡ ᠬᠦᠨ ᠤᠬᠠᠭ᠋ᠠᠠ》 ᠰᠡᠳᠬᠦᠯ᠎ᠤᠨ ᠨᠠᠢ᠍ᠢ᠍ᠷᠠᠭᠤᠯᠬᠤ ᠬᠡᠯᠲᠡᠰ᠎ᠤᠨ ᠪᠦᠬᠦ ᠨᠠᠢ᠍ᠢ᠍ᠷᠠᠭᠤᠯᠤᠭᠴᠢ᠎ᠳᠤ ᠬᠠᠷᠢᠭᠤ ᠵᠠᠬᠢᠲᠠᠯ ᠢᠯᠡᠭᠡᠪᠡ
ᠯᠢ ᠺᠸ ᠴᠢᠶᠠᠩ ᠵᠠᠰᠠᠭ᠎ᠤᠨ ᠣᠷᠳᠣᠨ᠎ᠤ ᠣᠨᠴᠠᠭ᠋ᠠᠢ ᠨᠡᠮᠡᠯᠭᠡ ᠵᠢᠨ ᠲᠦᠷᠢᠮ᠎ᠤᠨ ᠳᠡᠭᠡᠳᠦ ᠳᠡᠰ ᠳᠠᠪᠬᠤᠷᠭ᠎ᠠ ᠵᠢᠨ ᠪᠠ ᠳᠡᠭᠡᠳᠦ ᠮᠡᠷᠭᠡᠵᠢᠯ ᠴᠢᠳᠠᠪᠤᠷᠢ ᠵᠢᠨ ᠴᠢᠳᠠᠪᠤᠷᠢᠲᠠᠨ᠎ᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠪᠠ
 
            