ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ᠎ᠤᠨ ᠵᠣᠷᠢᠯᠭ᠎ᠠ᠎ᠨᠢ ᠠᠷᠠᠳ ᠢᠷᠭᠡᠳ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠬᠠᠤᠯᠢ ᠶᠣᠰᠣᠭ᠋ᠠᠷ ᠤᠯᠬᠤ ᠵᠢ ᠪᠠᠲᠤᠯᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡ ᠲᠣᠳᠣ ᠵᠢᠨ ᠬᠡᠮᠵᠢᠶ᠎ᠡ ᠵᠢ ᠨᠡᠮᠡᠭᠳᠡᠭᠦᠯᠬᠦ ᠶᠠᠪᠤᠳᠠᠯ ᠪᠣᠯᠣᠨ᠎ᠠ᠃ ᠣᠨ᠎ᠤ ᠮᠡᠳᠡᠭᠦᠯᠦᠯᠲᠡ ᠪᠣᠯ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠲᠤᠩᠭ᠋ᠠᠬᠤ ᠴᠢᠬᠤᠯᠠ ᠴᠣᠩᠬᠣᠪᠴᠢ ᠮᠥᠨ᠃ ᠲᠦᠷᠦᠭᠦᠬᠡᠨ᠂ ᠪᠥᠬᠥ ᠤᠯᠤᠰ᠎ᠤᠨ 31 ᠮᠤᠵᠢ ᠣᠷᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ ᠪᠣᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠣᠩᠬᠢᠯᠠᠬᠤ ᠣᠯᠠᠨ ᠲᠣᠭ᠋ᠠᠨ᠎ᠤ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭ᠋ᠠᠶ ᠪᠠᠶ᠋ᠢᠭᠤᠯᠤᠮᠵᠢ᠂ ᠰᠢᠭᠤᠳ ᠬᠠᠷᠢᠶ᠎ᠠ ᠪᠠᠶ᠋ᠢᠭᠤᠯᠤᠮᠵᠢ᠂ ᠬᠡᠷᠡᠭ ᠡᠷᠭᠢᠯᠡᠬᠦ ᠪᠠᠶ᠋ᠢᠭᠤᠯᠤᠮᠵᠢ᠂ ᠶᠠᠮᠤᠨ ᠵᠥᠪᠯᠡᠯ᠎ᠤᠨ ᠬᠠᠮᠢᠶᠠᠷᠴᠤ ᠪᠠᠶ᠋ᠢᠭ᠎ᠠ ᠤᠯᠤᠰ᠎ᠤᠨ ᠲᠣᠪᠴᠢᠶ᠎ᠠ ᠴᠥᠮ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ 2020 ᠣᠨ᠎ᠤ ᠮᠡᠳᠡᠭᠦᠯᠦᠯᠲᠡ (ᠳᠣᠷᠣᠭᠰᠢ 《ᠣᠨ᠎ᠤ ᠮᠡᠳᠡᠭᠦᠯᠦᠯᠲᠡ》 ᠭᠡᠵᠦ ᠲᠣᠪᠴᠢᠯᠠᠨ᠎ᠠ) ᠵᠢ ᠲᠣᠭᠲᠠᠭᠰᠠᠨ ᠬᠤᠭᠤᠴᠠᠭ᠋ᠠᠨ᠎ᠳᠤ ᠨᠡᠶ᠋ᠢᠲᠡᠯᠡᠭᠰᠡᠨ ᠪᠠᠶ᠋ᠢᠨ᠎ᠠ᠃
ᠣᠨ᠎ᠤ ᠮᠡᠳᠡᠭᠦᠯᠦᠯᠲᠡ ᠵᠢᠨ ᠨᠡᠶ᠋ᠢᠲᠡᠯᠡᠯ ᠤᠯᠠᠮ ᠵᠶ᠋ᠠᠷ ᠵᠢᠷᠤᠮᠵᠢᠵᠤ ᠪᠠᠶ᠋ᠢᠨ᠎ᠠ
ᠼᠠᠢ ᠰᠢᠨ ᠭᠠᠷᠠᠭ᠎ᠤᠨ ᠰᠡᠳᠬᠦᠯ᠎ᠤᠨ ᠠᠵᠢᠭᠯᠠᠯᠲᠠ ᠵᠢ ᠦᠨᠳᠦᠰᠦᠯᠡᠪᠡᠯ᠂ ᠣᠯᠠᠩᠬᠢ ᠶᠠᠮᠤᠨ ᠵᠥᠪᠯᠡᠯ ᠬᠠᠤᠯᠢ᠎ᠪᠠᠷ ᠲᠣᠭᠲᠠᠭ᠋ᠠᠭᠰᠠᠨ ᠬᠤᠭᠤᠴᠠᠭ᠋ᠠᠨ᠎ᠳᠤ ᠣᠨ᠎ᠤ ᠮᠡᠳᠡᠭᠦᠯᠦᠯᠲᠡ᠎ᠪᠠᠨ ᠨᠡᠶ᠋ᠢᠲᠡᠯᠡᠵᠦ᠂ ᠡᠨᠡ ᠬᠦ᠌ ᠠᠵᠢᠯ᠎ᠨᠢ ᠡᠳᠦᠷ ᠢᠷᠡᠬᠦᠶ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠦᠨᠳᠦᠳᠬᠡᠯ᠎ᠢ ᠣᠯᠵᠤ ᠪᠠᠶ᠋ᠢᠬᠤ ᠵᠢ ᠬᠠᠷᠠᠭᠤᠯᠵᠤ ᠪᠠᠶ᠋ᠢᠨ᠎ᠠ᠃ 2019 ᠣᠨ᠎ᠤ 4 ᠳ᠋ᠦ᠍ᠭᠡᠷ ᠰᠠᠷ᠎ᠠ ᠵᠢᠨ 3᠎ᠤ ᠡᠳᠦᠷ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠪᠥᠬᠥ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢᠨ ᠨᠢᠭᠡᠳᠦᠯᠲᠡᠶ ᠵᠠᠭᠪᠤᠷ᠎ᠢ ᠨᠡᠶ᠋ᠢᠲᠡᠯᠡᠵᠦ᠂ ᠣᠨ᠎ᠤ ᠮᠡᠳᠡᠭᠦᠯᠦᠯᠲᠡ ᠵᠢᠨ ᠨᠡᠶ᠋ᠢᠲᠡᠯᠡᠯᠲᠡ ᠨᠠᠩ ᠪᠠᠷᠢᠮᠵᠢᠶᠠᠵᠢᠵᠤ᠂ ᠲᠣᠭ᠎ᠠ ᠪᠠᠷᠢᠮᠲᠠᠴᠢᠯᠠᠵᠠᠢ᠃
ᠣᠨ᠎ᠤ ᠮᠡᠳᠡᠭᠦᠯᠦᠯᠲᠡ ᠵᠢᠨ ᠨᠡᠶ᠋ᠢᠲᠡᠯᠡᠯᠲᠡ ᠵᠢᠨ ᠬᠡᠯᠪᠡᠷᠢᠵᠢᠭᠦᠯᠦᠯᠲᠡ ᠪᠠ ᠵᠢᠷᠤᠮᠵᠢᠭᠤᠯᠤᠯᠲᠠ ᠵᠢ ᠰᠤᠷᠪᠤᠯᠵᠢᠯᠠᠭ᠎ᠠ ᠬᠦᠯᠢᠶᠡᠭᠰᠡᠨ ᠡᠷᠳᠡᠮᠲᠡᠳ ᠴᠥᠮ ᠨᠤᠲᠠᠯᠠᠵᠤ ᠪᠠᠶ᠋ᠢᠨ᠎ᠠ᠃ ᠪᠡᠭᠡᠵᠢᠩ ᠶᠡᠬᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠫᠷᠣᠹᠧᠰᠰᠣᠷ ᠸᠠᠩ ᠰᠢ ᠰᠢᠨ ᠼᠠᠢ ᠰᠢᠨ ᠭᠠᠷᠠᠭ᠎ᠤᠨ ᠰᠡᠳᠬᠦᠯ᠎ᠤᠨ ᠰᠤᠷᠪᠤᠯᠵᠢᠯᠠᠭ᠎ᠠ ᠵᠢ ᠬᠦᠯᠢᠶᠡᠬᠦ᠎ᠳᠤ᠎ᠪᠠᠨ᠂ ᠵᠠᠭᠪᠤᠷ᠎ᠤᠨ ᠱᠠᠭ᠋ᠠᠷᠳᠠᠯᠭ᠎ᠠ ᠳᠤᠷᠠᠳᠤᠭᠳᠠᠭᠰᠠᠨᠤ ᠳᠠᠷᠠᠭ᠎ᠠ᠂ ᠣᠨ᠎ᠤ ᠮᠡᠳᠡᠭᠦᠯᠦᠯᠲᠡ ᠵᠢᠨ ᠨᠡᠢ᠌ᠲᠡᠯᠡᠬᠦ ᠬᠡᠯᠪᠡᠷᠢ ᠵᠢᠨ ᠨᠢᠭᠡᠳᠦᠯᠲᠦ ᠴᠢᠨᠠᠷ᠎ᠲᠤ ᠥᠩᠭᠡᠷᠡᠭᠰᠡᠨ᠎ᠤ᠎ᠬᠢ᠎ᠲᠠᠢ ᠬᠠᠷᠢᠴᠠᠭᠤᠯᠪᠠᠯ ᠮᠠᠰᠢ ᠶᠡᠬᠡ ᠬᠤᠪᠢᠷᠠᠯᠲᠠ ᠭᠠᠷᠴᠠᠶ᠄ 《ᠥᠩᠭᠡᠷᠡᠭᠰᠡᠨ᠎ᠤ ᠣᠨ᠎ᠤ ᠮᠡᠳᠡᠭᠦᠯᠦᠯᠲᠡ ᠵᠢᠨ ᠪᠡᠶᠡᠴᠢ ᠴᠢᠨᠠᠷ ᠬᠡᠲᠦ ᠥᠨᠳᠥᠷ ᠪᠠᠶ᠋ᠢᠵᠤ᠂ ᠵᠢᠩᠬᠢᠨᠢ ᠬᠠᠩᠭ᠋ᠠᠭᠰᠠᠨ ᠪᠦᠲᠦᠮᠵᠢᠲᠡᠶ ᠮᠡᠳᠡᠭᠡ ᠵᠠᠩᠭᠢ ᠵᠢᠨ ᠬᠡᠮᠵᠢᠶ᠎ᠡ ᠬᠦᠷᠦᠯᠴᠡᠬᠦ ᠥᠬᠡᠶ ᠪᠠᠶ᠋ᠢᠭᠰᠠᠨ᠎ᠠᠴᠠ ᠣᠨ᠎ᠤ ᠮᠡᠳᠡᠭᠦᠯᠦᠯᠲᠡ ᠵᠢᠨ ᠵᠢᠱ᠌ᠢᠭᠰᠡᠨ ᠦᠢ᠍ᠯᠡᠳᠦᠯ᠎ᠢ ᠠᠯᠳᠠᠭᠤᠯᠤᠭᠰᠠᠨ ᠪᠠᠶ᠋ᠢᠨ᠎ᠠ᠃ 2019 ᠣᠨ᠎ᠠᠴᠠ ᠨᠠᠭ᠋ᠠᠰᠢ᠂ ᠣᠨ᠎ᠤ ᠮᠡᠳᠡᠭᠦᠯᠦᠯᠲᠡ ᠵᠢ ᠨᠡᠶ᠋ᠢᠲᠡᠯᠡᠬᠦ ᠠᠵᠢᠯ ᠶᠡᠷᠦᠩᠬᠡᠢ᠎ᠳᠤ᠎ᠪᠠᠨ ᠲᠠᠪᠰᠢᠯᠳᠠ᠎ᠲᠠᠢ ᠪᠤᠯᠵᠤ᠂ ᠲᠣᠭᠲᠠᠭ᠋ᠠᠭᠰᠠᠨ ᠠᠵᠢᠯᠯᠠᠭᠠᠤᠳᠲᠠᠢ ᠪᠣᠯᠵᠠᠢ》 ᠭᠡᠵᠦ ᠬᠡᠯᠡᠪᠡ᠃
ᠳᠠᠯᠠᠶ ᠳᠠᠭ᠋ᠠᠤ ᠬᠥᠭᠵᠢᠭᠰᠡᠨ ᠮᠤᠵᠢ ᠣᠷᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠬᠠᠯᠠᠮᠰᠢᠯ ᠥᠨᠳᠥᠷ ᠪᠠᠶ᠋ᠢᠨ᠎ᠠ
ᠼᠠᠢ ᠰᠢᠨ ᠭᠠᠷᠠᠭ᠎ᠤᠨ ᠰᠡᠳᠬᠦᠯ᠎ᠤᠨ ᠪᠦᠷᠢᠳᠬᠡᠯ᠎ᠢ ᠦᠨᠳᠦᠰᠦᠯᠡᠪᠡᠯ᠂ 2020 ᠣᠨ᠎ᠳᠤ᠂ ᠪᠥᠬᠥ ᠤᠯᠤᠰ᠎ᠤᠨ ᠠᠷᠪᠠᠨ ᠮᠤᠵᠢ ᠣᠷᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠬᠦᠯᠢᠶᠡᠵᠦ ᠠᠪᠤᠭᠰᠠᠨ ᠲᠣᠭ᠎ᠠ ᠲᠦᠮᠡᠨ ᠬᠤᠪᠢ ᠵᠢ ᠳᠠᠪᠠᠵᠤ᠂ ᠥᠨᠳᠥᠷ᠎ᠠᠴᠠ ᠳᠣᠷᠣᠭᠰᠢ ᠵᠢᠭᠰᠠᠭ᠋ᠠᠪᠠᠯ ᠭᠤᠸᠠᠩᠳᠦ᠋ᠩ᠂ ᠪᠡᠭᠡᠵᠢᠩ᠂ ᠵᠢᠶᠠᠩᠰᠦ᠂ ᠱᠠᠨᠳᠦ᠋ᠩ᠂ ᠱᠠᠩᠬᠠᠶ᠂ ᠵᠧᠵᠢᠶᠠᠩ᠂ ᠾᠧᠨᠠᠨ᠂ ᠲᠢᠶᠠᠨᠵᠢᠨ᠂ ᠰᠧᠴᠤᠸᠠᠨ᠂ ᠬᠤᠨᠠᠨ ᠪᠣᠯᠤᠨ᠎ᠠ᠃ ᠡᠭᠦᠨ᠎ᠳᠤ᠂ ᠭᠤᠸᠠᠩᠳᠦ᠋ᠩ 2020 ᠣᠨ᠎ᠳᠤ ᠰᠢᠨ᠎ᠡ᠎ᠪᠠᠷ ᠬᠤᠷᠢᠶᠠᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ 4.7641 ᠲᠦᠮᠡᠨ ᠬᠤᠪᠢ ᠪᠠᠶ᠋ᠢᠵᠤ᠂ ᠪᠥᠬᠥ ᠤᠯᠤᠰ᠎ᠤᠨ ᠡᠯ᠎ᠡ ᠮᠤᠵᠢ ᠣᠷᠣᠨ᠎ᠤ ᠲᠡᠷᠢᠭᠦᠨ᠎ᠳᠤ ᠵᠢᠭᠰᠠᠭ᠋ᠠᠭᠳᠠᠵᠤ᠂ ᠪᠡᠭᠡᠵᠢᠩ ᠪᠠ ᠵᠢᠶᠠᠩᠰᠦ 3.6988 ᠲᠦᠮᠡᠨ ᠬᠤᠪᠢ ᠪᠠ 3.0513 ᠲᠦᠮᠡᠨ ᠬᠤᠪᠢ ᠭᠤᠶᠤᠴᠢᠯᠠᠯ ᠵᠶ᠋ᠠᠷ ᠲᠣᠰ ᠲᠣᠰ ᠬᠣᠶᠠᠳᠤᠭ᠋ᠠᠷ ᠪᠠ ᠭᠤᠳᠠᠭ᠋ᠠᠷ᠎ᠲᠤ ᠵᠢᠭᠰᠠᠭ᠋ᠠᠭᠳᠠᠵᠤ᠂ ᠱᠠᠨᠳᠦ᠋ᠩ᠂ ᠱᠠᠩᠬᠠᠶ᠂ ᠵᠧᠵᠢᠶᠠᠩ᠎ᠤᠨ ᠭᠤᠶᠤᠴᠢᠯᠠᠭᠰᠠᠨ ᠬᠥᠮᠦᠨ᠎ᠤ ᠲᠣᠭ᠎ᠠ ᠴᠤ᠌ 2.5 ᠲᠦᠮᠡ᠎ᠠᠴᠠ ᠳᠡᠭᠡᠭᠰᠢ ᠪᠠᠶ᠋ᠢᠨ᠎ᠠ᠃
ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠭᠤᠶᠤᠴᠢᠯᠠᠭᠰᠠᠨ ᠲᠣᠭ᠎ᠠ ᠬᠡᠮᠵᠢᠶ᠎ᠡ᠎ᠨᠢ ᠠᠳᠠᠯᠢ ᠪᠤᠰᠤ ᠮᠤᠵᠢ ᠣᠷᠣᠨ᠎ᠤ ᠬᠣᠭᠣᠷᠣᠨᠳᠣ ᠨᠡᠯᠢᠶᠡᠳ ᠶᠡᠬᠡ ᠵᠥᠷᠢᠶ᠎ᠡ᠎ᠲᠠᠢ ᠪᠠᠶ᠋ᠢᠵᠤ᠂ ᠲᠡᠯᠡᠶ ᠳᠠᠭ᠋ᠠᠤ ᠣᠷᠣᠨ ᠪᠣᠯᠤᠨ ᠬᠥᠭᠵᠢᠭᠰᠡᠨ ᠮᠤᠵᠢ ᠣᠷᠣᠨ᠎ᠤ ᠭᠤᠶᠤᠴᠢᠯᠠᠯ᠎ᠤᠨ ᠬᠠᠯᠠᠮᠰᠢᠯ᠎ᠤᠨ ᠬᠡᠮᠵᠢᠶ᠎ᠡ᠎ᠨᠢ ᠥᠨᠳᠥᠷ ᠪᠠᠶ᠋ᠢᠨ᠎ᠠ᠃ ᠣᠶ᠋ᠢᠷ᠎ᠠ ᠵᠢᠨ ᠭᠤᠷᠪᠠᠨ ᠵᠢᠯ᠎ᠤᠨ ᠲᠤᠷᠰᠢ᠂ ᠭᠤᠸᠠᠩᠳᠦ᠋ᠩ᠂ ᠪᠡᠭᠡᠵᠢᠩ᠂ ᠵᠢᠶᠠᠩᠰᠦ᠂ ᠱᠠᠩᠬᠠᠶ᠂ ᠵᠧᠵᠢᠶᠠᠩ᠂ ᠱᠠᠨᠳᠦ᠋ᠩ ᠵᠡᠷᠭᠡ ᠵᠢᠷᠭᠤᠭ᠋ᠠᠨ ᠮᠤᠵᠢ ᠵᠢᠨ ᠭᠤᠶᠤᠴᠢᠯᠠᠯ᠎ᠤᠨ ᠬᠡᠮᠵᠢᠶ᠎ᠡ ᠵᠢᠯ ᠲᠤᠷᠰᠢ ᠥᠨᠳᠥᠷ ᠬᠡᠮᠵᠢᠶᠡᠨ᠎ᠳᠤ ᠪᠠᠢ᠌ᠵᠤ᠂ ᠵᠢᠯ᠎ᠤᠨ ᠳᠤᠮᠳᠠᠴᠢ ᠭᠤᠶᠤᠴᠢᠯᠠᠯ᠎ᠤᠨ ᠬᠡᠮᠵᠢᠶ᠎ᠡ᠎ᠨᠢ ᠴᠥᠮ 2.5 ᠲᠦᠮᠡ ᠵᠢ ᠳᠠᠪᠠᠭᠰᠠᠨ ᠪᠠᠶ᠋ᠢᠨ᠎ᠠ᠃ ᠭᠤᠸᠠᠩᠳᠦ᠋ᠩ᠎ᠤᠨ ᠵᠢᠯ᠎ᠤᠨ ᠳᠤᠮᠳᠠᠴᠢ ᠭᠤᠶᠤᠴᠢᠯᠠᠯ᠎ᠤᠨ ᠬᠡᠮᠵᠢᠶ᠎ᠡ᠎ᠨᠢ 4.8135 ᠲᠦᠮᠡᠨ ᠬᠤᠪᠢ ᠪᠠᠶ᠋ᠢᠵᠤ᠂ ᠵᠢᠯ᠎ᠤᠨ ᠳᠤᠮᠳᠠᠴᠢ ᠭᠤᠶᠤᠴᠢᠯᠠᠯ᠎ᠤᠨ ᠬᠡᠮᠵᠢᠶ᠎ᠡ᠎ᠨᠢ 4 ᠲᠦᠮᠡᠨ ᠬᠤᠪᠢ ᠵᠢ ᠳᠠᠪᠠᠭᠰᠠᠨ ᠴᠣᠷ᠎ᠤᠨ ᠭᠠᠭᠴᠠ ᠮᠤᠵᠢ ᠪᠣᠯᠤᠨ᠎ᠠ᠃ ᠾᠧᠨᠠᠨ᠂ ᠰᠧᠴᠤᠸᠠᠨ᠂ ᠲᠢᠶᠠᠨᠵᠢᠨ᠂ ᠠᠨᠾᠦ᠋ᠢ᠂ ᠱᠠᠨᠰᠢ ᠵᠡᠷᠭᠡ ᠲᠠᠪᠤᠨ ᠮᠤᠵᠢ ᠣᠷᠣᠨ᠎ᠤ ᠭᠤᠶᠤᠴᠢᠯᠠᠯ ᠭᠠᠷᠭ᠋ᠠᠭᠰᠠᠨ ᠬᠡᠮᠵᠢᠶ᠎ᠡ ᠶᠡᠷᠦᠩᠬᠡᠶ᠎ᠳᠤ᠎ᠪᠠᠨ ᠳᠤᠮᠳᠠ ᠪᠠᠶ᠋ᠢᠷᠢᠨ᠎ᠳᠤ ᠪᠠᠢ᠌ᠵᠤ᠂ ᠵᠢᠯ᠎ᠤᠨ ᠭᠤᠶᠤᠴᠢᠯᠠᠯ ᠭᠠᠷᠭ᠋ᠠᠭᠰᠠᠨ ᠳᠤᠮᠳᠠᠴᠢ ᠬᠡᠮᠵᠢᠶ᠎ᠡ᠎ᠨᠢ 1 ᠲᠦᠮᠡ᠎ᠠᠴᠠ 2.5 ᠲᠦᠮᠡᠨ ᠬᠤᠪᠢ ᠵᠢᠨ ᠬᠣᠭᠣᠷᠣᠨᠳᠣ ᠪᠠᠶ᠋ᠢᠨ᠎ᠠ᠃ ᠪᠤᠰᠤᠳ ᠡᠯ᠎ᠡ ᠮᠤᠵᠢ ᠣᠷᠣᠨ᠎ᠤ ᠵᠢᠯ᠎ᠤᠨ ᠳᠤᠮᠳᠠᠴᠢ ᠭᠤᠶᠤᠴᠢᠯᠠᠯ᠎ᠤᠨ ᠬᠡᠮᠵᠢᠶ᠎ᠡ᠎ᠨᠢ ᠴᠥᠮ 1 ᠲᠦᠮᠡ᠎ᠠᠴᠠ ᠳᠣᠷᠣᠭᠰᠢ ᠪᠠᠶ᠋ᠢᠨ᠎ᠠ᠃
ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠶᠡᠬᠡ ᠰᠤᠷᠭ᠋ᠠᠭᠤᠯᠢ ᠵᠢᠨ ᠫᠷᠣᠹᠧᠰᠰᠣᠷ᠂ ᠳᠤᠮᠳᠠᠳᠤ ᠤᠯᠤᠰ᠎ᠤᠨ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠵᠠᠰᠠᠭ ᠵᠠᠬᠢᠷᠭ᠋ᠠᠨ᠎ᠤ ᠬᠠᠤᠯᠢ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠸᠠᠩ ᠵᠢᠩ ᠪᠥᠸᠧ ᠼᠠᠢ ᠰᠢᠨ ᠭᠠᠷᠠᠭ᠎ᠤᠨ ᠰᠡᠳᠬᠦᠯ᠎ᠳᠤ ᠵᠠᠳᠠᠯᠤᠯᠲᠠ ᠬᠢᠵᠦ ᠥᠭᠬᠦ᠎ᠳᠤ᠎ᠪᠠᠨ᠂ ᠵᠡᠭᠦᠨ ᠬᠡᠰᠡᠭ᠎ᠤᠨ ᠠᠵᠤ ᠠᠬᠤᠶ ᠬᠥᠭᠵᠢᠭᠰᠡᠨ ᠭᠠᠵᠠᠷ ᠣᠷᠣᠨ᠎ᠤ ᠨᠡᠶ᠋ᠢᠭᠡᠮ᠎ᠤᠨ ᠣᠯᠠᠨ ᠨᠡᠶ᠋ᠢᠲᠡ ᠵᠢᠨ ᠡᠷᠬᠡ ᠵᠢᠨ ᠤᠬᠠᠮᠰᠠᠷ ᠨᠡᠯᠢᠶᠡᠳ ᠴᠢᠩᠭ᠎ᠠ ᠪᠠᠶ᠋ᠢᠵᠤ᠂ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ᠎ᠢ ᠠᠰᠢᠭᠯᠠᠬᠤ᠎ᠳᠤ᠎ᠪᠠᠨ ᠨᠠᠩ ᠴᠢᠳᠠᠮᠠᠭ᠋ᠠᠶ ᠪᠠᠶ᠋ᠢᠳᠠᠭ; ᠲᠡᠷᠡ ᠮᠥᠷᠲᠡᠭᠡᠨ ᠬᠠᠷᠢᠴᠠᠩᠭᠤᠶ᠎ᠪᠠᠷ ᠠᠪᠴᠤ ᠬᠡᠯᠡᠪᠡᠯ᠂ ᠲᠠᠯᠠᠢ ᠳᠠᠭ᠋ᠠᠤ ᠣᠷᠣᠨ ᠤ ᠠᠵᠤ ᠠᠬᠤᠶ ᠵᠢᠨ ᠠᠵᠢᠯᠯᠠᠭ᠎ᠠ ᠨᠡᠯᠢᠶᠡᠳ ᠣᠯᠠᠰᠢᠷᠠᠵᠤ᠂ ᠠᠰᠢᠭ ᠲᠤᠰᠠ ᠵᠢᠨ ᠵᠢᠭᠤᠷᠠᠯᠳᠤᠭ᠋ᠠᠨ᠎ᠨᠢ ᠴᠦ᠍ ᠨᠡᠯᠢᠶᠡᠳ ᠣᠯᠠᠰᠢᠷᠠᠵᠤ᠂ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠳᠤ ᠲᠠᠯᠪᠢᠬᠤ ᠱᠠᠭ᠋ᠠᠷᠳᠠᠯᠭ᠎ᠠ ᠥᠨᠳᠥᠷ ᠪᠠᠶ᠋ᠢᠵᠤ᠂ ᠵᠠᠰᠠᠭ ᠵᠠᠬᠢᠷᠭ᠋ᠠᠨ᠎ᠤ ᠲᠠᠬᠢᠨ ᠵᠥᠪᠯᠡᠬᠦ ᠪᠠ ᠵᠠᠷᠭᠤ ᠬᠢᠬᠦ ᠶᠠᠪᠤᠳᠠᠯ᠎ᠢ ᠴᠤ᠌ ᠨᠡᠯᠢᠶᠡᠳ ᠠᠷᠪᠢᠨ ᠡᠭᠦᠰᠭᠡᠭᠰᠡᠨ ᠪᠠᠶ᠋ᠢᠨ᠎ᠠ᠃
ᠭᠠᠵᠠᠷ ᠰᠢᠷᠣᠶ ᠲᠠᠲᠠᠪᠤᠷᠢᠯᠠᠬᠤ ᠮᠡᠳᠡᠭᠡ ᠵᠠᠩᠭᠢ ᠬᠥᠮᠦᠰ᠎ᠤᠨ ᠠᠩᠬᠠᠷᠤᠯ᠎ᠢ ᠲᠠᠲᠠᠵᠤ ᠪᠠᠢ᠌ᠨ᠎ᠠ
2020 ᠣᠨ ᠤ ᠮᠡᠳᠡᠭᠦᠯᠦᠯᠲᠡ ᠳᠤ᠂ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠳᠤ ᠬᠣᠯᠪᠣᠭᠳᠠᠭᠰᠠᠨ ᠠᠭᠤᠯᠭ᠎ᠠ ᠵᠢᠴᠢ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠤ ᠲᠥᠪᠯᠡᠷᠡᠯ᠎ᠤᠨ ᠴᠡᠭ᠎ᠤᠨ ᠲᠤᠬᠠᠶ ᠱᠠᠨᠳᠦ᠋ᠩ᠂ ᠵᠧᠵᠢᠶᠠᠩ᠂ ᠱᠠᠨᠰᠢ᠂ ᠭᠦᠢ᠍ᠵᠸᠦ ᠳᠥᠷᠪᠡᠨ ᠮᠤᠵᠢ ᠡᠳᠦᠶ ᠲᠡᠳᠦᠶ ᠳᠤᠷᠠᠳᠤᠭᠰᠠᠨ ᠪᠠᠶ᠋ᠢᠨ᠎ᠠ᠃ ᠳᠡᠭᠡᠷᠡᠬᠢ ᠳᠥᠷᠪᠡᠨ ᠮᠤᠵᠢ ᠵᠢᠨ ᠣᠨ᠎ᠤ ᠮᠡᠳᠡᠭᠦᠯᠦᠯᠲᠡ᠎ᠠᠴᠠ ᠦᠵᠡᠪᠡᠯ᠂ ᠭᠠᠵᠠᠷ ᠰᠢᠷᠣᠶ ᠲᠠᠲᠠᠪᠤᠷᠢᠯᠠᠬᠤ ᠨᠤᠷᠠᠭ᠋ᠠᠵᠤ ᠨᠡᠭᠦᠯᠭᠡᠬᠦ ᠲᠠᠯ᠎ᠠ ᠵᠢᠨ ᠮᠡᠳᠡᠭᠡ ᠵᠠᠩᠭᠢ ᠪᠣᠯ ᠣᠯᠠᠨ ᠨᠡᠶ᠋ᠢᠲᠡ ᠵᠢᠨ ᠠᠩᠬᠠᠷᠤᠯ᠎ᠤᠨ ᠲᠥᠪ ᠪᠣᠯᠬᠤ ᠪᠥᠭᠡᠳ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠨᠡᠩ ᠠᠮᠠᠷᠬᠠᠨ ᠡᠭᠦᠰᠭᠡᠳᠡᠭ᠃
ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠮᠡᠳᠡᠭᠡ ᠵᠠᠩᠭᠢ ᠣᠯᠠᠨ᠎ᠤ ᠠᠩᠬᠠᠷᠤᠯ᠎ᠢ ᠲᠠᠲᠠᠵᠤ ᠪᠠᠢ᠌ᠬᠤ ᠵᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠰᠲ᠋ᠧᠮ᠎ᠤᠨ ᠣᠨ᠎ᠤ ᠮᠡᠳᠡᠭᠦᠯᠦᠯᠲᠡ᠎ᠠᠴᠠ ᠴᠦ᠍ ᠲᠣᠳᠣᠷᠬᠠᠶ ᠮᠡᠳᠡᠵᠦ ᠪᠣᠯᠤᠨ᠎ᠠ᠃ ᠪᠦᠷᠢᠳᠬᠡᠯ ᠳᠤ ᠢᠯᠡᠷᠡᠭᠦᠯᠦᠭᠰᠡᠨ ᠵᠶ᠋ᠠᠷ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ 3891 ᠬᠤᠪᠢ ᠭᠤᠶᠤᠴᠢᠯᠠᠯ ᠵᠶ᠋ᠠᠷ ᠡᠯ᠎ᠡ ᠰᠠᠯᠠᠭ᠎ᠠ ᠮᠥᠴᠢᠷ᠎ᠤᠨ ᠲᠡᠷᠢᠭᠦᠨ᠎ᠳᠤ ᠣᠷᠣᠵᠤ᠂ ᠭᠤᠶᠤᠴᠢᠯᠠᠯ᠎ᠤᠨ ᠬᠡᠮᠵᠢᠶ᠎ᠡ᠎ᠨᠢ 3000 ᠬᠤᠪᠢ ᠵᠢ ᠳᠠᠪᠠᠭᠰᠠᠨ ᠴᠣᠷ᠎ᠤᠨ ᠭᠠᠭᠴᠠ ᠰᠠᠯᠠᠭ᠎ᠠ ᠮᠥᠴᠢᠷ ᠪᠣᠯᠵᠠᠶ᠃
ᠸᠠᠩ ᠰᠢ ᠰᠢᠨ᠎ᠤ ᠲᠠᠨᠢᠯᠴᠠᠭᠤᠯᠤᠭᠰᠠᠨ ᠵᠶ᠋ᠠᠷ᠂ ᠬᠣᠲᠠᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ᠂ ᠢᠯᠠᠩᠭᠤᠶ᠎ᠠ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠂ ᠬᠠᠭᠤᠴᠢᠨ ᠬᠣᠲᠠ ᠵᠢᠨ ᠥᠭᠡᠷᠡᠴᠢᠯᠡᠯᠲᠡ ᠠᠴᠠ ᠪᠣᠯᠤᠭᠰᠠᠨ ᠭᠠᠵᠠᠷ ᠰᠢᠷᠣᠶ ᠲᠠᠲᠠᠪᠤᠷᠢᠯᠠᠬᠤ ᠠᠵᠢᠯᠯᠠᠭ᠎ᠠ᠎ᠨᠢ ᠦᠷᠭᠦᠯᠵᠢ ᠶᠡᠬᠡ ᠬᠡᠮᠵᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠡᠭᠦᠰᠭᠡᠳᠡᠭ᠂ ᠭᠤᠶᠤᠴᠢᠯᠠᠭᠴᠢ ᠵᠢᠨ ᠭᠣᠤᠯ ᠵᠣᠷᠢᠯᠭ᠎ᠠ ᠪᠣᠯ ᠮᠡᠳᠡᠭᠡ ᠵᠠᠩᠭᠢ ᠤᠯᠬᠤ᠎ᠪᠠᠷ ᠳᠠᠮᠵᠢᠭᠤᠯᠤᠨ᠂ ᠬᠣᠯᠪᠣᠭᠳᠠᠯ ᠪᠥᠬᠥᠶ ᠵᠠᠷᠭᠤ ᠬᠢᠵᠦ᠂ ᠡᠷᠬᠡ᠎ᠪᠠᠨ ᠬᠠᠮᠠᠭ᠋ᠠᠯᠠᠬᠤ ᠵᠢᠨ ᠲᠥᠯᠥᠭᠡ ᠶᠤᠮ᠃ ᠭᠠᠵᠠᠷ ᠰᠢᠷᠣᠶ ᠵᠢ ᠲᠠᠲᠠᠪᠤᠷᠢᠯᠠᠬᠤ ᠲᠦᠷᠦᠯ᠎ᠤᠨ ᠵᠠᠷᠭᠤ᠎ᠳᠤ᠂ ᠬᠣᠯᠪᠣᠭᠳᠠᠬᠤ ᠬᠥᠮᠦᠨ᠎ᠨᠢ ᠦᠷᠭᠦᠯᠵᠢ ᠲᠥᠯᠥᠪᠦᠷᠢ ᠵᠢᠨ ᠪᠠᠷᠢᠮᠵᠢᠶ᠎ᠠ᠂ ᠭᠠᠵᠠᠷ ᠰᠢᠷᠣᠶ ᠵᠢ ᠲᠠᠲᠠᠪᠤᠷᠢᠯᠠᠬᠤ ᠵᠢ ᠵᠥᠪᠰᠢᠶᠡᠷᠡᠭᠰᠡᠨ ᠪᠢᠴᠢᠭ᠂ ᠭᠠᠵᠠᠷ ᠰᠢᠷᠣᠶ ᠵᠢ ᠲᠠᠲᠠᠪᠤᠷᠢᠯᠠᠬᠤ᠎ᠳᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠭᠰᠠᠨ ᠬᠤᠷᠠᠯ᠎ᠤᠨ ᠲᠣᠪᠴᠢ ᠲᠡᠮᠳᠡᠭᠯᠡᠯ ᠴᠢᠨᠠᠭᠰᠢᠯᠠᠪᠠᠯ ᠳᠡᠭᠡᠳᠦ ᠱᠠᠲᠤᠨ᠎ᠠᠴᠠ ᠵᠥᠪᠰᠢᠶᠡᠷᠡᠭᠰᠡᠨ ᠪᠢᠴᠢᠭ ᠬᠠᠷ᠎ᠠ ᠵᠢᠨ ᠲᠤᠬᠠᠶ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ ᠭᠠᠷᠭ᠋ᠠᠳᠠᠭ᠂ ᠬᠠᠤᠯᠢᠴᠢ ᠴᠤ᠌ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠪᠠᠢ᠌ᠴᠠᠭ᠋ᠠᠨ ᠭᠡᠷᠡᠴᠢ ᠠᠪᠬᠤ ᠠᠷᠭ᠎ᠠ ᠪᠠᠷᠢᠯ ᠵᠶ᠋ᠠᠨ ᠪᠣᠯᠭ᠋ᠠᠳᠠᠭ᠃
ᠬᠢᠵᠢᠭ᠎ᠤᠨ ᠪᠠᠶ᠋ᠢᠳᠠᠯ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠳᠤ ᠬᠡᠳᠦᠶ ᠶᠡᠬᠡ ᠨᠥᠯᠥᠭᠡ ᠦᠵᠡᠭᠦᠯᠦᠭᠰᠡᠨ ᠪᠣᠶ
ᠪᠦᠷᠢᠳᠬᠡᠯ᠎ᠢ ᠦᠨᠳᠦᠰᠦᠯᠡᠪᠡᠯ᠂ 2020 ᠣᠨ᠎ᠳᠤ᠂ ᠪᠥᠬᠥ ᠤᠯᠤᠰ᠎ᠤᠨ ᠬᠡᠪᠴᠢᠶᠡᠨ᠎ᠳᠤ ᠬᠣᠷᠢᠶᠠᠨ ᠣᠯᠤᠭᠰᠠᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠨᠢ ᠲᠦᠷᠦᠭᠦᠤ ᠵᠢᠯ᠎ᠤᠨ᠎ᠬᠢ᠎ᠠᠴᠠ ᠪᠠᠭ᠎ᠠ ᠬᠡᠮᠵᠢᠶ᠎ᠡ᠎ᠪᠠᠷ ᠪᠠᠭᠤᠷᠠᠵᠤ᠂ 17 ᠮᠤᠵᠢ ᠣᠷᠣᠨ᠎ᠤ ᠭᠤᠶᠤᠴᠢᠯᠠᠭᠰᠠᠨ ᠲᠣᠭ᠎ᠠ᠎ᠨᠢ 2019 ᠣᠨ᠎ᠤ᠎ᠬᠢ᠎ᠠᠴᠠ ᠪᠠᠭ᠋ᠠᠰᠴᠤ᠂ 14 ᠮᠤᠵᠢ ᠣᠷᠣᠨ᠎ᠤ᠎ᠬᠢ ᠠᠳᠠᠯᠢ ᠬᠤᠭᠤᠴᠠᠭ᠋ᠠᠨ᠎ᠤ᠎ᠬᠢ᠎ᠠᠴᠠ ᠡᠳᠦᠶ ᠲᠡᠳᠦᠶ ᠨᠡᠮᠡᠭᠳᠡᠭᠰᠡᠨ ᠪᠠᠶ᠋ᠢᠨ᠎ᠠ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠠᠴᠠ ᠪᠣᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ ᠶᠡᠷᠦᠩᠬᠡᠶ᠎ᠳᠤ᠎ᠪᠠᠨ ᠳᠡᠭᠡᠷ᠎ᠡ ᠵᠢᠯ᠎ᠤᠨ᠎ᠬᠢ᠎ᠲᠠᠢ ᠠᠳᠠᠯᠢ ᠪᠣᠯᠤᠭᠰᠠᠨ ᠪᠣᠯᠪᠠᠴᠤ ᠠᠳᠠᠯᠢ ᠪᠤᠰᠤ ᠮᠤᠵᠢ ᠣᠷᠣᠨ᠎ᠤ ᠵᠥᠷᠢᠶ᠎ᠡ᠎ᠨᠢ ᠢᠯᠡᠷᠬᠡᠶ ᠪᠠᠶ᠋ᠢᠨ᠎ᠠ᠃ ᠪᠥᠬᠥ ᠤᠯᠤᠰ᠎ᠤᠨ 15 ᠮᠤᠵᠢ ᠣᠷᠣᠨ ᠵᠠᠰᠠᠭ᠎ᠤᠨ ᠣᠷᠳᠣᠨ᠎ᠤ ᠮᠡᠳᠡᠭᠡ ᠵᠠᠩᠭᠢ᠎ᠪᠠᠨ ᠢᠯᠡ ᠪᠣᠯᠭ᠋ᠠᠭᠰᠠᠨ᠎ᠠᠴᠠ ᠪᠣᠯᠵᠣ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠭᠳᠠᠭᠰᠠᠨ ᠪᠥᠬᠥ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠪᠠᠭ᠋ᠠᠰᠴᠤ᠂ 14 ᠮᠤᠵᠢ ᠣᠷᠣᠨ᠎ᠤ᠎ᠬᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠨ᠂ 2 ᠮᠤᠵᠢ ᠣᠷᠣᠨ᠎ᠤ᠎ᠬᠢ ᠠᠳᠠᠯᠢ ᠬᠤᠭᠤᠴᠠᠭ᠋ᠠᠨ᠎ᠤ᠎ᠬᠢ᠎ᠲᠠᠢ ᠲᠡᠩᠴᠡᠪᠡ᠃ ᠵᠠᠰᠠᠭ ᠵᠠᠬᠢᠷᠭ᠋ᠠᠨ᠎ᠤ ᠵᠠᠷᠭᠤ ᠵᠢᠨ ᠲᠠᠯ᠎ᠠ᠎ᠪᠠᠷ᠂ ᠪᠥᠬᠥ ᠤᠯᠤᠰ᠎ᠤᠨ 17 ᠮᠤᠵᠢ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠠᠴᠠ ᠪᠣᠯᠵᠣ ᠵᠠᠭ᠋ᠠᠯᠳᠤᠯᠭ᠎ᠠ ᠭᠠᠷᠭ᠋ᠠᠭᠰᠠᠨ ᠪᠥᠬᠥ ᠲᠣᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠪᠠᠭ᠋ᠠᠰᠴᠤ᠂ 12 ᠮᠤᠵᠢ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠠᠴᠠ ᠪᠣᠯᠵᠣ ᠵᠠᠭ᠋ᠠᠯᠳᠤᠯᠭ᠎ᠠ ᠭᠠᠷᠭ᠋ᠠᠭᠰᠠᠨ ᠪᠥᠬᠥ ᠲᠣᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ᠂ 2 ᠮᠤᠵᠢ ᠣᠷᠣᠨ᠎ᠤ᠎ᠬᠢ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢ ᠪᠣᠯᠵᠠᠶ᠃
ᠬᠤᠪᠸᠢ ᠮᠤᠵᠢ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠡᠷᠭᠢᠯᠡᠨ ᠬᠢᠵᠦ ᠪᠠᠶ᠋ᠢᠭ᠎ᠠ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠬᠤᠪᠸᠢ ᠮᠤᠵᠢ ᠵᠢᠨ ᠳᠡᠭᠡᠷ᠎ᠡ ᠬᠠᠭ᠋ᠠᠰ ᠵᠢᠯ᠎ᠤᠨ ᠭᠤᠶᠤᠴᠢᠯᠠᠯ᠎ᠤᠨ ᠬᠡᠮᠵᠢᠶ᠎ᠡ᠎ᠨᠢ ᠬᠠᠷᠢᠴᠠᠩᠭᠤᠶ᠎ᠪᠠᠷ ᠴᠥᠭᠡᠨ ᠰᠢᠭ᠂ ᠳᠣᠣᠷ᠎ᠠ ᠬᠠᠭ᠋ᠠᠰ ᠵᠢᠯ᠎ᠳᠤ ᠬᠠᠷᠢᠴᠠᠩᠭᠤᠶ᠎ᠪᠠᠷ ᠠᠷᠪᠢᠨ ᠪᠠᠶ᠋ᠢᠵᠤ᠂ ᠡᠨᠡ᠎ᠨᠢ ᠬᠢᠵᠢᠭ᠎ᠤᠨ ᠪᠠᠶ᠋ᠢᠳᠠᠯ᠎ᠲᠠᠢ ᠵᠣᠬᠢᠬᠤ ᠬᠠᠷᠢᠴᠠᠭ᠎ᠠ᠎ᠲᠠᠢ ᠪᠠᠶ᠋ᠢᠵᠤ ᠮᠡᠳᠡᠨ᠎ᠡ᠂ 《ᠭᠡᠪᠡᠴᠦ ᠮᠡᠳᠡᠭᠡ ᠵᠠᠩᠭᠢ ᠵᠢ ᠭᠤᠶᠤᠴᠢᠯᠠᠬᠤ ᠶᠣᠰᠣᠲᠠᠶ ᠪᠣᠯ ᠪᠠᠰᠠ ᠯᠠ ᠭᠤᠶᠤᠴᠢᠯᠠᠨ᠎ᠠ》᠃ ᠡᠭᠦᠨ᠎ᠠᠴᠠ ᠭᠠᠳᠠᠨ᠎ᠠ ᠲᠡᠷᠡ ᠬᠡᠯᠡᠬᠦ᠎ᠳᠤ᠎ᠪᠠᠨ᠂ ᠬᠢᠵᠢᠭ᠎ᠤᠨ ᠪᠠᠶ᠋ᠢᠳᠠᠯ᠎ᠲᠠᠢ ᠬᠣᠯᠪᠣᠭᠳᠠᠬᠤ ᠮᠡᠳᠡᠭᠡ ᠵᠠᠩᠭᠢ ᠵᠢᠨ ᠭᠤᠶᠤᠴᠢᠯᠠᠯ ᠲᠡᠶ᠋ᠢᠮᠦ ᠣᠯᠠᠨ ᠪᠢᠰᠢ᠂ 《ᠣᠯᠠᠨ ᠵᠶ᠋ᠠᠷ ᠵᠶ᠋ᠠᠨ ᠬᠢᠵᠢᠭ᠎ᠤᠨ ᠪᠠᠶ᠋ᠢᠳᠠᠯ᠎ᠤᠨ ᠮᠡᠳᠡᠭᠡ ᠵᠠᠩᠭᠢ᠂ ᠬᠢᠵᠢᠭ᠎ᠢ ᠰᠡᠷᠭᠡᠶ᠋ᠢᠯᠡᠬᠦ ᠮᠡᠳᠡᠭᠡ ᠵᠠᠩᠭᠢ ᠵᠢ ᠢᠯᠡ ᠲᠣᠳᠣ ᠪᠣᠯᠭ᠋ᠠᠬᠤ ᠬᠡᠷᠡᠭᠴᠡᠭᠡ᠎ᠲᠠᠢ ᠪᠣᠯᠪᠠᠴᠤ ᠳᠡᠯᠪᠡᠷᠡᠯᠲᠡ ᠵᠢᠨ ᠮᠠᠶᠢᠭ᠎ᠤᠨ ᠨᠡᠮᠡᠭᠳᠡᠯ ᠭᠠᠷᠤᠭᠰᠠᠨ ᠦᠭᠡᠶ》 ᠭᠡᠵᠡᠶ᠃
ᠣᠯᠠᠩᠬᠢ ᠬᠥᠭᠵᠢᠭᠰᠡᠨ ᠮᠤᠵᠢ ᠣᠷᠣᠨ᠎ᠤ᠎ᠬᠢᠨ ᠢᠯᠡᠷᠬᠡᠶ᠋ᠢᠯᠡᠬᠦ᠎ᠳᠤ᠎ᠪᠠᠨ᠂ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠨᠢ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠨᠡᠯᠢᠶᠡᠳ ᠪᠠᠭ᠎ᠠ ᠬᠦᠷᠲᠡᠵᠡᠢ ᠭᠡᠪᠡ᠃ ᠱᠠᠩᠬᠠᠶ ᠬᠣᠲᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠯᠪᠠᠨ ᠬᠡᠷ᠎ᠤᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠬᠢᠵᠢᠭ᠎ᠤᠨ ᠪᠠᠶ᠋ᠢᠳᠠᠯ᠎ᠨᠢ ᠮᠡᠳᠡᠭᠡ ᠵᠠᠩᠭᠢ ᠵᠢᠨ ᠭᠤᠶᠤᠴᠢᠯᠠᠯ᠎ᠳᠤ ᠵᠢᠭ᠋ᠠᠬᠠᠨ ᠨᠥᠯᠥᠭᠡ ᠦᠵᠡᠭᠦᠯᠦᠭᠰᠡᠨ ᠪᠣᠯᠪᠠᠴᠤ ᠳᠡᠮᠡᠶ ᠶᠡᠬᠡ ᠨᠥᠯᠥᠭᠡ ᠪᠣᠯᠣᠭᠰᠠᠨ ᠥᠬᠡᠶ᠂ 《ᠨᠢᠳᠤᠨᠤᠨ᠎ᠤ ᠬᠢᠵᠢᠭ᠎ᠤᠨ ᠪᠠᠶ᠋ᠢᠳᠠᠯ ᠬᠠᠮᠤᠭ᠎ᠤᠨ ᠬᠦᠨᠳᠦ ᠨᠣᠴᠢᠲᠠᠶ ᠪᠠᠶ᠋ᠢᠭᠰᠠᠨ ᠦᠶ᠎ᠡ᠎ᠳᠤ ᠬᠣᠯᠪᠣᠭᠳᠠᠬᠤ ᠴᠢᠨᠠᠷ ᠵᠶ᠋ᠠᠷ ᠶᠡᠬᠡ ᠪᠠᠶ᠋ᠢᠵᠤ ᠮᠡᠳᠡᠨ᠎ᠡ᠂ ᠳᠣᠤᠷ᠎ᠠ ᠬᠠᠭ᠋ᠠᠰ ᠵᠢᠯ ᠪᠣᠯᠬᠤ᠎ᠳᠤ ᠶᠠᠮᠠᠷ ᠴᠤ᠌ ᠨᠥᠯᠥᠭᠡ ᠦᠵᠡᠭᠦᠯᠬᠦ ᠥᠬᠡᠶ ᠪᠣᠯᠵᠠᠢ》 ᠭᠡᠵᠡᠶ᠃ ᠪᠡᠭᠡᠵᠢᠩ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠶᠡᠬᠡ ᠲᠢᠩᠬᠢᠮ᠎ᠤᠨ ᠠᠵᠢᠯᠲᠠᠨ ᠪᠠᠰᠠ ᠢᠯᠡᠷᠬᠡᠶ᠋ᠢᠯᠡᠬᠦ᠎ᠳᠤ᠎ᠪᠠᠨ᠂ ᠭᠤᠶᠤᠴᠢᠯᠠᠯ᠎ᠤᠨ ᠬᠡᠮᠵᠢᠶ᠎ᠡ ᠵᠢᠨ ᠲᠠᠯ᠎ᠠ᠎ᠠᠴᠠ ᠦᠵᠡᠪᠡᠯ᠂ ᠪᠡᠭᠡᠵᠢᠩ ᠬᠣᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠪᠠᠶ᠋ᠢᠳᠠᠯ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠬᠦᠷᠲᠡᠭᠰᠡᠨ᠎ᠨᠢ ᠨᠡᠯᠢᠶᠡᠳ ᠪᠠᠭ᠎ᠠ ᠪᠠᠢ᠌ᠵᠤ᠂ ᠲᠡᠭᠦᠨ ᠤ ᠲᠠᠭ᠋ᠠᠮᠠᠭᠯᠠᠯ ᠵᠶ᠋ᠠᠷ ᠪᠣᠯ ᠠᠵᠢᠯ ᠵᠶ᠋ᠠᠨ ᠰᠡᠷᠭᠦᠭᠡᠵᠦ᠂ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ᠎ᠤ ᠳᠠᠷᠠᠭ᠎ᠠ ᠭᠠᠵᠠᠷ ᠰᠢᠷᠣᠶ ᠲᠠᠲᠠᠪᠤᠷᠢᠯᠠᠬᠤ ᠲᠥᠷᠥᠯ ᠵᠦᠢ᠍ᠯ᠎ᠨᠢ ᠵᠣᠭᠰᠣᠭᠰᠠᠨ ᠥᠬᠡᠶ ᠮᠥᠷᠲᠡᠭᠡᠨ ᠭᠠᠵᠠᠷ ᠰᠢᠷᠣᠶ ᠲᠠᠲᠠᠪᠤᠷᠢᠯᠠᠬᠤ ᠨᠤᠷᠠᠭ᠋ᠠᠵᠤ ᠨᠡᠭᠦᠯᠭᠡᠬᠦ ᠲᠥᠷᠥᠯ ᠵᠦᠢ᠍ᠯ᠎ᠤᠨ ᠲᠠᠯ᠎ᠠ ᠵᠢᠨ ᠬᠦᠰᠡᠯ ᠱᠠᠭ᠋ᠠᠷᠳᠠᠯᠭ᠎ᠠ᠎ᠨᠢ ᠨᠡᠶ᠋ᠢᠳᠡᠮ᠎ᠳᠤ᠎ᠪᠠᠨ ᠣᠷᠳᠣ ᠬᠤᠭᠤᠴᠠᠭ᠎ᠠ ᠦᠷᠭᠦᠯᠵᠢᠯᠡᠵᠦ ᠮᠡᠳᠡᠨ᠎ᠡ ᠭᠡᠵᠡᠶ᠃
ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠬᠡᠮᠵᠢᠶ᠎ᠡ ᠪᠠᠭᠤᠷᠠᠪᠠ
2020 ᠣᠨ᠎ᠳᠤ᠂ ᠪᠥᠬᠥ ᠤᠯᠤᠰ᠎ᠤᠨ 5 ᠮᠤᠵᠢ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠭᠤᠶᠤᠴᠢᠯᠠᠭᠰᠠᠨ ᠲᠣᠭ᠎ᠠ ᠵᠠᠭᠤ ᠵᠢ ᠳᠠᠪᠠᠵᠤ᠂ ᠲᠣᠰ ᠲᠣᠰ ᠱᠠᠩᠬᠠᠶ᠂ ᠭᠤᠸᠠᠩᠳᠦ᠋ᠩ᠂ ᠪᠡᠭᠡᠵᠢᠩ᠂ ᠾᠧᠨᠠᠨ᠂ ᠬᠤᠨᠠᠨ ᠪᠣᠯᠤᠨ᠎ᠠ᠃ ᠡᠭᠦᠨ᠎ᠳᠤ᠂ ᠱᠠᠩᠬᠠᠶ 340 ᠬᠤᠪᠢ ᠭᠤᠶᠤᠴᠢᠯᠠᠯ᠎ᠤᠨ ᠲᠣᠭ᠎ᠠ᠎ᠪᠠᠷ ᠨᠢᠭᠡᠳᠦᠭᠡᠷ᠎ᠲᠤ ᠵᠢᠭᠰᠠᠭ᠋ᠠᠭᠳᠠᠵᠠᠶ᠃
ᠬᠢᠵᠢᠭ᠎ᠤᠨ ᠪᠠᠶ᠋ᠢᠳᠠᠯ ᠥᠷᠪᠢᠰᠦᠭᠰᠡᠨ ᠵᠢᠯ᠎ᠳᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠦᠯᠢᠶᠡᠨ ᠠᠪᠤᠭᠰᠠᠨ ᠮᠡᠳᠡᠭᠡ ᠵᠠᠩᠭᠢ ᠵᠢᠨ ᠭᠤᠶᠤᠴᠢᠯᠠᠯ᠎ᠨᠢ ᠨᠡᠮᠡᠭᠳᠡᠭᠰᠡᠨ ᠦᠦ? ᠪᠦᠷᠢᠳᠬᠡᠯ᠎ᠳᠤ ᠢᠯᠡᠷᠡᠭᠦᠯᠦᠭᠰᠡᠨ ᠵᠶ᠋ᠠᠷ᠂ 2020 ᠣᠨ᠎ᠳᠤ᠂ ᠪᠥᠬᠥ ᠤᠯᠤᠰ᠎ᠤᠨ ᠬᠡᠪᠴᠢᠶᠡᠨ ᠳᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠥᠯᠢᠶᠡᠨ ᠠᠪᠤᠭᠰᠠᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠨᠢ ᠲᠦᠷᠦᠭᠦᠤ ᠵᠢᠯ᠎ᠤᠨ᠎ᠬᠢ᠎ᠠᠴᠠ ᠪᠠᠭ᠎ᠠ ᠬᠡᠮᠵᠢᠶ᠎ᠡ᠎ᠪᠠᠷ ᠪᠠᠭᠤᠷᠠᠪᠠ᠃
2020 ᠣᠨ᠎ᠳᠤ᠂ ᠪᠥᠬᠥ ᠤᠯᠤᠰ᠎ᠤᠨ 14 ᠮᠤᠵᠢ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠪᠥᠬᠥ ᠲᠣᠭ᠎ᠠ᠎ᠨᠢ ᠳᠡᠭᠡᠷ᠎ᠡ ᠵᠢᠯ᠎ᠤᠨ᠎ᠬᠢ᠎ᠠᠴᠠ ᠡᠳᠦᠶ ᠲᠡᠳᠦᠶ ᠪᠠᠭ᠋ᠠᠰᠤᠭᠰᠠᠨ ᠪᠠᠶ᠋ᠢᠨ᠎ᠠ᠂ ᠡᠭᠦᠨ᠎ᠳᠤ ᠱᠠᠨᠳᠦ᠋ᠩ᠎ᠤᠨ ᠪᠠᠭᠤᠷᠠᠭᠰᠠᠨ ᠬᠡᠮᠵᠢᠶ᠎ᠡ᠎ᠨᠢ ᠬᠠᠮᠤᠭ᠎ᠤᠨ ᠶᠡᠬᠡ ᠪᠠᠶ᠋ᠢᠵᠤ᠂ ᠠᠳᠠᠯᠢ ᠬᠤᠭᠤᠴᠠᠭ᠋ᠠᠨ᠎ᠤ ᠬᠢ ᠠᠴᠠ 44.8% ᠪᠠᠷ ᠪᠠᠭᠤᠷᠠᠵᠠᠶ; ᠬᠤᠪᠧᠶ ᠡᠮᠦᠨ᠎ᠡ ᠲᠠᠪᠤᠨ ᠨᠡᠷᠡᠰ᠎ᠲᠤ ᠣᠷᠣᠵᠤ᠂ ᠪᠠᠭᠤᠷᠠᠯᠲᠠ ᠵᠢᠨ ᠬᠡᠮᠵᠢᠶ᠎ᠡ ᠨᠢ 39.6%᠎ᠳᠤ ᠭᠦᠷᠴᠡᠢ᠃
2020 ᠣᠨ᠎ᠳᠤ᠂ ᠬᠤᠪᠸᠢ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠢᠨ᠎ᠡ᠎ᠪᠠᠷ ᠬᠤᠷᠢᠶᠠᠭᠰᠠᠨ ᠭᠤᠶᠤᠴᠢᠯᠠᠯ 58 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 39.6%᠎ᠪᠠᠷ ᠪᠠᠭᠤᠷᠠᠪᠠ᠃ ᠰᠢᠢ᠍ᠳᠪᠦᠷᠢᠯᠡᠭᠰᠡᠨ 61 ᠬᠤᠪᠢ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠤᠨ ᠳᠣᠲᠣᠷ᠎ᠠ᠂ ᠬᠢᠵᠢᠭ᠎ᠤᠨ ᠪᠠᠶ᠋ᠢᠳᠠᠯ᠎ᠤᠨ ᠬᠣᠯᠪᠣᠭᠳᠠᠯ ᠪᠥᠬᠥᠶ ᠮᠡᠳᠡᠭᠡ ᠵᠠᠩᠭᠢ᠎ᠳᠤ ᠬᠣᠯᠪᠣᠭᠳᠠᠭᠰᠠᠨ᠎ᠨᠢ 9 ᠬᠤᠪᠢ᠂ ᠢᠳᠡᠭᠡᠨ᠎ᠤ ᠠᠮᠤᠷ ᠲᠦᠪᠰᠢᠨ᠎ᠤ ᠠᠵᠤ ᠠᠬᠤᠶ᠋ᠢᠯᠠᠯ᠎ᠤᠨ ᠳᠠᠩᠰᠠᠯᠠᠭᠤᠯᠬᠤ ᠪᠠᠷᠢᠮᠵᠢᠶ᠎ᠠ 7 ᠬᠤᠪᠢ᠂ ᠵᠢᠭᠤᠷᠠᠯᠳᠤᠭ᠋ᠠᠨ᠎ᠤ ᠬᠣᠯᠪᠣᠭᠳᠠᠯ ᠪᠥᠬᠥᠶ ᠡᠮᠴᠢᠯᠡᠭᠡᠨ᠎ᠤ ᠪᠠᠶ᠋ᠢᠭᠤᠯᠤᠮᠵᠢ ᠵᠢᠴᠢ ᠡᠮᠨᠡᠯᠭᠡ ᠵᠢᠨ ᠠᠵᠢᠯᠲᠠᠨ᠎ᠤ ᠬᠢᠷᠢ ᠬᠡᠮ᠂ ᠮᠡᠷᠭᠡᠵᠢᠯ᠎ᠤᠨ ᠬᠢᠷᠢ ᠬᠡᠮ ᠵᠢᠴᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠦᠷᠢᠶᠡᠨ᠎ᠳᠠᠬᠢ ᠲᠣᠭ᠎ᠠ ᠪᠠᠷᠢᠮᠲᠠ ᠵᠡᠷᠭᠡ ᠮᠡᠳᠡᠭᠡ ᠵᠠᠩᠭᠢ 32 ᠬᠤᠪᠢ᠂ ᠪᠤᠰᠤᠳ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ 13 ᠬᠤᠪᠢ ᠪᠠᠶ᠋ᠢᠨ᠎ᠠ᠃ 2020 ᠣᠨ᠎ᠳᠤ᠂ ᠬᠤᠪᠸᠢ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠡᠶ᠋ᠢᠲᠡᠯᠡᠭᠰᠡᠨ ᠨᠣᠷᠮ᠎ᠠ᠎ᠨᠢ 51.7% ᠪᠠᠶ᠋ᠢᠵᠤ᠂ 《ᠬᠠᠩᠭ᠋ᠠᠬᠤ ᠵᠢᠨ ᠠᠷᠭ᠎ᠠ ᠥᠬᠡᠶ》 ᠪᠣᠯᠬᠤ ᠬᠠᠷᠢᠴᠠᠯ᠎ᠨᠢ 30.0% ᠪᠠᠶ᠋ᠢᠪᠠ᠃ ᠬᠤᠪᠸᠢ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ 2018 ᠣᠨ᠂ 2019 ᠣᠨ᠎ᠤ ᠭᠤᠶᠤᠴᠢᠯᠠᠯ ᠵᠶ᠋ᠠᠷ ᠮᠡᠳᠡᠭᠡ ᠵᠠᠩᠭᠢ᠎ᠪᠠᠨ ᠢᠯᠡ ᠪᠣᠯᠭ᠋ᠠᠭᠰᠠᠨ ᠨᠣᠷᠮ᠎ᠠ᠎ᠨᠢ ᠲᠣᠰ ᠲᠣᠰ 87.4%᠂ 85.4% ᠪᠠᠶ᠋ᠢᠪᠠ᠃
ᠣᠶ᠋ᠢᠷ᠎ᠠ ᠵᠢᠨ ᠭᠤᠷᠪᠠᠨ ᠵᠢᠯ᠎ᠳᠤ᠂ ᠪᠥᠬᠥ ᠤᠯᠤᠰ᠎ᠤᠨ ᠬᠡᠪᠴᠢᠶᠡᠨ᠎ᠳᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠣᠷᠢᠶᠠᠨ ᠣᠯᠤᠭᠰᠠᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠨᠢ ᠶᠡᠷᠦᠩᠬᠡᠶ᠎ᠳᠤ᠎ᠪᠠᠨ ᠪᠠᠭᠤᠷᠠᠬᠤ ᠬᠠᠨᠳᠤᠰᠢ᠎ᠲᠠᠢ ᠪᠠᠶ᠋ᠢᠨ᠎ᠠ᠃ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠡ ᠵᠠᠩᠭᠢ ᠵᠢᠨ ᠭᠤᠶᠤᠴᠢᠯᠠᠯ᠎ᠤᠨ ᠲᠣᠭ᠎ᠠ ᠭᠤᠷᠪᠠᠨ ᠵᠢᠯ ᠳᠠᠷᠠᠭ᠋ᠠᠯᠠᠨ ᠪᠠᠭᠤᠷᠠᠵᠤ᠂ 2018 ᠣᠨ᠎ᠠᠴᠠ ᠨᠠᠭ᠋ᠠᠰᠢ ᠲᠣᠰ ᠲᠣᠰ 1390 ᠬᠤᠪᠢ᠂ 1185 ᠬᠤᠪᠢ ᠪᠠ 738 ᠬᠤᠪᠢ ᠪᠠᠭᠤᠷᠠᠵᠤ᠂ 2020 ᠣᠨ᠎ᠳᠤ ᠠᠳᠠᠯᠢ ᠬᠤᠭᠤᠴᠠᠭ᠋ᠠᠨ᠎ᠤ᠎ᠬᠢ᠎ᠠᠴᠠ 37.7%᠎ᠪᠠᠷ ᠪᠠᠭᠤᠷᠠᠪᠠ᠃ ᠡᠭᠦᠨ᠎ᠠᠴᠠ ᠭᠠᠳᠠᠨ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠤᠶᠤᠴᠢᠯᠠᠭᠰᠠᠨ ᠬᠡᠮᠵᠢᠶ᠎ᠡ ᠭᠤᠷᠪᠠᠨ ᠵᠢᠯ ᠳᠠᠷᠠᠭ᠋ᠠᠯᠠᠨ ᠪᠠᠭᠤᠷᠠᠭᠰᠠᠨ ᠮᠤᠵᠢ ᠣᠷᠣᠨ᠎ᠳᠤ ᠪᠠᠰᠠ ᠵᠧᠵᠢᠶᠠᠩ᠂ ᠱᠠᠨᠳᠦ᠋ᠩ᠂ ᠲᠢᠶᠠᠨᠵᠢᠨ᠂ ᠠᠨᠾᠦ᠋ᠢ᠂ ᠯᠢᠶᠣᠤᠨᠢᠩ᠂ ᠴᠦᠩᠴᠢᠩ ᠵᠡᠷᠭᠡ ᠭᠠᠵᠠᠷ ᠪᠣᠶ᠃
ᠣᠯᠠᠩᠬᠢ ᠮᠤᠵᠢ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠣᠯᠪᠣᠭᠳᠠᠯ ᠪᠥᠬᠥᠶ ᠠᠵᠢᠯᠲᠠᠨ ᠢᠯᠡᠳᠬᠡᠬᠦ᠎ᠳᠤ᠎ᠪᠠᠨ᠂ 2020 ᠣᠨ᠎ᠳᠤ ᠬᠢᠵᠢᠭ᠎ᠤᠨ ᠪᠠᠶ᠋ᠢᠳᠠᠯ᠎ᠲᠠᠢ ᠬᠣᠯᠪᠣᠭᠳᠠᠬᠤ ᠭᠤᠶᠤᠴᠢᠯᠠᠯ ᠳᠡᠮᠡᠶ ᠣᠯᠠᠨ ᠥᠬᠡᠶ ᠭᠡᠵᠡᠶ᠃ ᠠᠨᠾᠦ᠋ᠢ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠯᠪᠠᠨ ᠬᠡᠷ᠎ᠤᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠰᠢᠨ᠎ᠡ᠎ᠪᠠᠷ ᠨᠡᠮᠡᠭᠳᠡᠭᠰᠡᠨ ᠬᠢᠵᠢᠭ᠎ᠤᠨ ᠪᠠᠶ᠋ᠢᠳᠠᠯ᠂ ᠪᠣᠳᠠᠲᠠᠶ ᠡᠪᠡᠳᠴᠢᠨ᠎ᠤ ᠵᠢᠱ᠌ᠢᠶ᠎ᠡ ᠵᠡᠷᠭᠡ ᠮᠡᠳᠡᠭᠡ ᠵᠠᠩᠭᠢ ᠵᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠦᠯᠵᠢᠶ᠎ᠡ ᠬᠢᠵᠢᠭ᠎ᠤᠨ ᠪᠠᠶ᠋ᠢᠳᠠᠯ᠎ᠤᠨ ᠲᠤᠰᠬᠠᠶ ᠪᠤᠯᠤᠩ᠎ᠳᠤ ᠨᠠᠷᠢᠨ ᠲᠣᠳᠣᠷᠬᠠᠶ ᠢᠯᠡ ᠨᠡᠶ᠋ᠢᠲᠡᠯᠡᠵᠦ᠂ ᠬᠢᠵᠢᠭ᠎ᠤᠨ ᠪᠠᠶ᠋ᠢᠳᠠᠯ᠎ᠤᠨ ᠬᠣᠯᠪᠣᠭᠳᠠᠯ ᠪᠥᠬᠥᠶ ᠮᠡᠳᠡᠭᠡ ᠵᠠᠩᠭᠢ ᠵᠢ ᠳᠡᠮᠡᠶ ᠣᠯᠠᠨ ᠭᠤᠶᠤᠴᠢᠯᠠᠭᠰᠠᠨ ᠥᠬᠡᠶ ᠪᠠᠢ᠌ᠳᠠᠭ᠃ ᠲᠣᠰ ᠠᠵᠢᠯᠲᠠᠨ᠎ᠤ ᠡᠷᠭᠢᠴᠡᠭᠦᠯᠬᠦ᠎ᠪᠠᠷ᠂ 2020 ᠣᠨ᠎ᠳᠤ ᠵᠥᠪᠬᠡᠨ ᠬᠣᠶᠠᠷ ᠬᠤᠪᠢ ᠬᠢᠵᠢᠭ᠎ᠤᠨ ᠪᠠᠶ᠋ᠢᠳᠠᠯ᠎ᠤᠨ ᠬᠣᠯᠪᠣᠭᠳᠠᠯ ᠪᠥᠬᠥᠶ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠬᠣᠷᠢᠶᠠᠨ ᠣᠯᠵᠠᠶ᠂ ᠡᠨᠡ᠎ᠨᠢ ᠲᠣᠰ ᠲᠣᠰ ᠾᠸᠹᠸᠢ ᠬᠣᠲᠠ ᠵᠢᠨ ᠠᠩᠬᠠᠳᠠᠭᠴᠢ ᠡᠪᠡᠳᠴᠢᠲᠡᠨ᠎ᠤ ᠪᠠᠶ᠋ᠢᠳᠠᠯ ᠵᠢᠴᠢ ᠬᠤᠪᠸᠢ ᠵᠢ ᠲᠤᠰᠠᠯᠠᠬᠤ ᠡᠮᠴᠢ ᠰᠤᠪᠢᠯᠠᠭᠴᠢ ᠵᠢᠨ ᠨᠡᠷᠡᠰ ᠪᠣᠯᠤᠨ᠎ᠠ᠃ ᠡᠨᠡ ᠬᠣᠶᠠᠷ ᠵᠦᠢ᠍ᠯ᠎ᠨᠢ ᠲᠤᠬᠠᠶ ᠵᠢᠨ ᠦᠶ᠎ᠡ᠎ᠳᠤ ᠴᠥᠮ ᠨᠢᠭᠡᠨᠲᠡ ᠨᠡᠶ᠋ᠢᠲᠡᠯᠡᠭᠰᠡᠨ ᠮᠡᠳᠡᠭᠡ ᠵᠠᠩᠭᠢ᠎ᠳᠤ ᠲᠣᠭ᠋ᠠᠴᠠᠭᠳᠠᠨ᠎ᠠ᠃ ᠲᠢᠶᠠᠨᠵᠢᠨ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠯᠪᠠᠨ ᠬᠡᠷ᠎ᠤᠨ ᠠᠵᠢᠯᠲᠠᠨ ᠢᠯᠡᠳᠬᠡᠬᠦ᠎ᠳᠤ᠎ᠪᠠᠨ᠂ 2020 ᠣᠨ᠎ᠳᠤ ᠲᠢᠶᠠᠨᠵᠢᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠬᠣᠷᠢᠶᠠᠨ ᠣᠯᠤᠭᠰᠠᠨ 60 ᠬᠤᠪᠢ ᠮᠡᠳᠡᠭᠡ ᠵᠠᠩᠭᠢ ᠵᠢᠨ ᠭᠤᠶᠤᠴᠢᠯᠠᠯ᠎ᠳᠤ᠂ ᠬᠡᠳᠦᠶ᠋ᠢᠪᠡᠷ ᠬᠢᠵᠢᠭ᠎ᠤᠨ ᠪᠠᠶ᠋ᠢᠳᠠᠯ᠎ᠢ ᠲᠤᠰᠠᠭ᠋ᠠᠷ ᠪᠦᠷᠢᠳᠬᠡᠭᠰᠡᠨ ᠥᠬᠡᠶ ᠪᠣᠯᠪᠠᠴᠤ ᠡᠪᠡᠳᠴᠢᠨ ᠬᠢᠵᠢᠭ᠎ᠢ ᠬᠢᠵᠠᠭ᠋ᠠᠷᠯᠠᠬᠤ ᠲᠠᠯ᠎ᠠ᠎ᠪᠠᠷ 10 ᠬᠤᠪᠢ ᠣᠷᠴᠢᠮ ᠪᠠᠶ᠋ᠢᠨ᠎ᠠ ᠭᠡᠵᠡᠶ᠃
ᠠᠨᠾᠦ᠋ᠢ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠯᠪᠠᠨ ᠬᠡᠷ᠎ᠤᠨ ᠠᠵᠢᠯᠲᠠᠨ ᠢᠯᠡᠳᠬᠡᠬᠦ᠎ᠳᠤ᠎ᠪᠠᠨ᠂ ᠣᠶ᠋ᠢᠷ᠎ᠠ ᠵᠢᠨ ᠵᠢᠯ᠎ᠳᠤ ᠠᠨᠾᠦ᠋ᠢ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠥᠯᠢᠶᠡᠨ ᠠᠪᠤᠭᠰᠠᠨ ᠮᠡᠳᠡᠭᠡ ᠵᠠᠩᠭᠢ ᠵᠢᠨ ᠭᠤᠶᠤᠴᠢᠯᠠᠯ᠎ᠤᠨ ᠲᠣᠭ᠎ᠠ ᠦᠷᠭᠦᠯᠵᠢᠯᠡᠨ ᠪᠠᠭᠤᠷᠠᠵᠤ ᠪᠠᠶ᠋ᠢᠬᠤ ᠵᠢᠨ ᠰᠢᠯᠲᠠᠭ᠋ᠠᠨ᠎ᠨᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠶᠠᠪᠤᠳᠠᠯ ᠶᠠᠪᠤᠬᠤ ᠲᠤᠲᠤᠮ ᠣᠯᠠᠰᠢᠷᠠᠵᠤ ᠪᠠᠢ᠌ᠬᠤ᠎ᠲᠠᠢ ᠬᠣᠯᠪᠣᠭ᠎ᠠ᠎ᠲᠠᠢ᠃ ᠲᠡᠷᠡ ᠲᠠᠨᠢᠯᠴᠠᠭᠤᠯᠬᠤ ᠳᠤ ᠪᠠᠨ᠂ ᠥᠩᠭᠡᠷᠡᠭᠰᠡᠨ ᠳᠤ ᠨᠡᠯᠢᠶᠡᠳ ᠣᠯᠠᠨ ᠭᠤᠶᠤᠴᠢᠯᠠᠯ ᠭᠠᠷᠭ᠋ᠠᠭᠰᠠᠨ᠎ᠨᠢ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ ᠵᠢᠨ ᠳᠡᠩᠰᠡᠯᠡᠯᠲᠡ ᠪᠠᠶ᠋ᠢᠵᠤ᠂ ᠵᠢᠯ ᠪᠦᠷᠢ ᠬᠡᠳᠦᠨ ᠠᠷᠪᠠᠨ ᠬᠤᠪᠢ ᠬᠦᠯᠢᠶᠡᠳᠡᠭ ᠪᠠᠶ᠋ᠢᠪᠠ᠃ ᠣᠳᠣᠬᠠᠨ᠎ᠳᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠦᠯᠵᠢᠶᠡᠨ ᠳᠡᠭᠡᠷ᠎ᠡ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ ᠵᠢ ᠳᠠᠩᠰᠠᠯᠠᠭᠤᠯᠤᠭᠰᠠᠨ ᠬᠣᠯᠪᠣᠭᠳᠠᠯ ᠪᠥᠬᠥᠶ ᠲᠠᠪᠴᠠᠩ ᠪᠣᠶ᠂ ᠡᠭᠦᠨ᠎ᠢ ᠬᠣᠲᠠ ᠵᠢᠨ ᠠᠷᠠᠳ ᠥᠪᠡᠰᠦᠪᠡᠨ ᠯᠠᠪᠯᠠᠵᠤ ᠪᠣᠯᠤᠨ᠎ᠠ ᠭᠡᠵᠡᠢ᠃
2020 ᠣᠨ᠎ᠳᠤ᠂ ᠪᠥᠬᠥ ᠤᠯᠤᠰ᠎ᠤᠨ ᠡᠯ᠎ᠡ ᠮᠤᠵᠢ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ ᠵᠶ᠋ᠠᠷ ᠳᠤᠷᠠᠳᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠭ᠋ᠠᠯᠳᠤᠯᠭ᠎ᠠ᠎ᠨᠢ ᠴᠥᠮ ᠳᠠᠩ ᠲᠣᠭ᠎ᠠ ᠪᠣᠯᠤᠨ᠎ᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠳᠤ᠂ ᠪᠡᠭᠡᠵᠢᠩ᠂ ᠾᠸᠪᠸᠢ᠂ ᠡᠾᠧᠨᠠᠨ᠎ᠳᠤ ᠲᠤᠰ ᠲᠤᠰ 1 ᠬᠤᠪᠢ ᠪᠤᠷᠤᠭᠤ ᠵᠢ ᠵᠠᠯᠠᠷᠠᠭᠤᠯᠵᠤ᠂ ᠪᠤᠰᠤᠳ᠎ᠨᠢ ᠴᠥᠮ ᠪᠤᠷᠤᠭᠤ ᠵᠠᠯᠠᠷᠠᠭᠤᠯᠤᠭᠰᠠᠨ ᠪᠠᠢ᠌ᠳᠠᠯ ᠦᠭᠡᠶ᠃