ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ 《ᠬᠥᠲᠥᠯᠪᠦᠷᠢ》᠎ᠳᠤ ᠲᠣᠭᠲᠠᠭ᠋ᠠᠭᠰᠠᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠬᠤ᠂ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠴᠠᠯᠢᠩ ᠬᠥᠯᠥᠰᠥ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠮᠨᠡᠯᠭᠡ ᠵᠢᠨ ᠠᠵᠢᠯᠲᠠᠨ᠎ᠤ ᠢᠳᠡᠪᠬᠢᠵᠢᠯ᠎ᠢ ᠨᠠᠩ ᠰᠠᠶ᠋ᠢᠲᠤᠷ ᠳᠠᠶ᠋ᠢᠴᠢᠯᠠᠨ ᠠᠷᠠᠳ ᠣᠯᠠᠨ᠎ᠳᠤ ᠨᠠᠩ ᠰᠠᠢ᠌ᠨ ᠦᠢ᠍ᠯᠡᠴᠢᠯᠡᠭᠦᠯᠬᠦ᠎ᠪᠠᠷ ᠪᠠᠢ᠌ᠷᠢᠯᠠᠭᠤᠯᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 6 ᠳ᠋ᠤᠭ᠋ᠠᠷ ᠰᠠᠷ᠎ᠠ ᠵᠢᠨ 9᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ 《ᠬᠥᠲᠥᠯᠪᠦᠷᠢ》᠎ᠳᠤ ᠲᠣᠭᠲᠠᠭ᠋ᠠᠭᠰᠠᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠬᠤ᠂ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠴᠠᠯᠢᠩ ᠬᠥᠯᠥᠰᠥ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠮᠨᠡᠯᠭᠡ ᠵᠢᠨ ᠠᠵᠢᠯᠲᠠᠨ᠎ᠤ ᠢᠳᠡᠪᠬᠢᠵᠢᠯ᠎ᠢ ᠨᠠᠩ ᠰᠠᠶ᠋ᠢᠲᠤᠷ ᠳᠠᠶ᠋ᠢᠴᠢᠯᠠᠨ ᠠᠷᠠᠳ ᠣᠯᠠᠨ᠎ᠳᠤ ᠨᠠᠩ ᠰᠠᠢ᠌ᠨ ᠦᠢ᠍ᠯᠡᠴᠢᠯᠡᠭᠦᠯᠬᠦ᠎ᠪᠠᠷ ᠪᠠᠢ᠌ᠷᠢᠯᠠᠭᠤᠯᠪᠠ
ᠬᠤᠷᠠᠯ᠎ᠠᠴᠠ ᠵᠢᠭ᠋ᠠᠬᠤ᠎ᠳᠤ᠎ᠪᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ 《ᠬᠥᠲᠥᠯᠪᠦᠷᠢ》᠎ᠳᠤ ᠨᠢᠭᠡ ᠪᠦᠯᠦᠭ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ᠂ ᠰᠠᠭᠤᠷᠢ ᠴᠢᠨᠠᠷᠲᠠᠢ᠂ ᠬᠦᠳᠦᠯᠦᠨ ᠳᠠᠭ᠋ᠠᠭᠤᠯᠬᠤ ᠴᠢᠨᠠᠷᠲᠠᠢ ᠴᠢᠬᠤᠯᠠ ᠶᠡᠬᠡ ᠢᠨᠵᠧᠨᠧᠷᠢᠩ᠎ᠤᠨ ᠲᠦᠷᠦᠯ ᠵᠦᠢ᠍ᠯ᠎ᠢ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠪᠲᠤᠯᠤᠯᠲᠠ᠂ ᠰᠠᠭᠤᠷᠢ ᠲᠥᠬᠥᠭᠡᠷᠦᠮᠵᠢ᠂ ᠠᠮᠢ ᠠᠬᠤᠢ ᠵᠢᠨ ᠣᠷᠴᠢᠨ ᠲᠣᠭᠣᠷᠢᠨ᠎ᠤ ᠪᠦᠳᠦᠭᠡᠨ ᠪᠠᠶ᠋ᠢᠭᠤᠯᠤᠯᠲᠠ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠬᠦ᠂ ᠰᠣᠶᠣᠯ᠎ᠢ ᠤᠯᠠᠮᠵᠢᠯᠠᠨ ᠬᠥᠭᠵᠢᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠳᠤ ᠬᠣᠯᠪᠣᠭᠳᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ᠎ᠨᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠲᠦᠷᠦᠯ ᠵᠦᠢ᠍ᠯ᠎ᠢ ᠬᠡᠷᠡᠭᠵᠢᠭᠦᠯᠬᠦ ᠪᠡᠯᠡᠳᠬᠡᠯ᠎ᠢ ᠡᠮᠬᠢ ᠵᠢᠷᠤᠮ᠎ᠲᠠᠢ ᠰᠠᠶ᠋ᠢᠲᠤᠷ ᠬᠢᠵᠦ᠂ ᠳᠡᠮᠵᠢᠬᠦ ᠲᠦᠷᠦ ᠵᠢᠨ ᠪᠤᠳᠤᠯᠭ᠎ᠠ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠵᠣᠩᠬᠢᠯᠠᠬᠤ ᠤᠯᠠᠨ ᠲᠦᠷᠦᠯ ᠵᠦᠢ᠍ᠯ᠎ᠢ ᠵᠠᠯᠭ᠋ᠠᠭ᠎ᠠ᠎ᠪᠠᠷ ᠡᠬᠢᠯᠡᠭᠦᠯᠪᠡ᠃ ᠣᠳᠣᠬᠠᠨ᠎ᠳᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠠᠬᠤᠶ ᠵᠢᠨ ᠲᠣᠭᠲᠠᠪᠤᠷᠢᠲᠤ ᠪᠤᠰᠤ ᠲᠣᠭᠲᠠᠭᠤᠨ ᠪᠤᠰᠤ ᠬᠦᠴᠦᠨ ᠵᠦᠢ᠍ᠯ ᠨᠡᠯᠢᠶᠡᠳ ᠤᠯᠠᠨ ᠪᠠᠶ᠋ᠢᠬᠤ ᠤᠴᠢᠷ᠎ᠠᠴᠠ 《ᠪᠢᠯᠬᠠᠲᠠᠯ᠎ᠠ ᠤᠰᠤᠯᠠᠬᠤ》 ᠦᠭᠡᠢ ᠪᠠᠶ᠋ᠢᠬᠤ ᠵᠢ ᠪᠠᠷᠢᠮᠲᠠᠯᠠᠵᠤ᠂ ᠬᠣᠷᠸ᠎ᠠ ᠲᠦᠷᠦ ᠵᠢᠨ ᠪᠤᠳᠤᠯᠭ᠎ᠠ ᠵᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ᠎ᠢ ᠪᠠᠲᠤᠯᠠᠵᠤ᠂ ᠬᠠᠨᠳᠤᠯᠭ᠋ᠠᠲᠤ ᠴᠢᠨᠠᠷ᠎ᠢ ᠴᠢᠩᠭ᠋ᠠᠷᠠᠭᠤᠯᠤᠨ᠂ ᠠᠵᠤ ᠠᠬᠤᠶ ᠵᠢᠨ ᠠᠵᠢᠯᠯᠠᠭ᠋ᠠᠨ᠎ᠢ ᠵᠣᠬᠢᠰᠲᠠᠶ ᠣᠷᠣᠨ᠎ᠳᠤ ᠪᠠᠶ᠋ᠢᠯᠭ᠋ᠠᠬᠤ ᠵᠢ ᠪᠠᠲᠤᠯᠠᠬᠤ ᠬᠡᠷᠡᠭᠲᠡᠶ ᠭᠡᠪᠡ᠃ ᠬᠤᠷᠠᠯ᠎ᠠᠴᠠ ᠱᠠᠭ᠋ᠠᠷᠳᠠᠬᠤ᠎ᠳᠤ᠎ᠪᠠᠨ᠂ ᠠᠵᠤ ᠠᠬᠤᠢ ᠵᠢᠨ ᠵᠢᠮ᠎ᠡ ᠶᠣᠰᠣ ᠵᠢ ᠬᠦᠨᠳᠦᠳᠬᠡᠵᠦ᠂ ᠵᠠᠬ᠎ᠠ ᠳᠡᠯᠭᠡᠭᠦᠷᠴᠢᠯᠡᠬᠦ ᠵᠠᠷᠴᠢᠮ᠎ᠢ ᠵᠢᠷᠤᠮᠯᠠᠵᠤ᠂ ᠰᠠᠭᠤᠷᠢ ᠵᠢ ᠪᠠᠲᠤᠳᠬᠠᠬᠤ᠂ ᠴᠢᠳᠠᠮᠵᠢ ᠵᠢ ᠨᠡᠮᠡᠭᠳᠡᠭᠦᠯᠬᠦ᠂ ᠠᠯᠤᠰ ᠬᠡᠳᠤ᠎ᠳᠤ ᠠᠰᠢᠭᠲᠠᠢ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠬᠡ ᠢᠨᠵᠧᠨᠧᠷᠢᠩ᠎ᠤᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠡᠷᠡᠭᠯᠡᠭᠡᠨ᠎ᠤ ᠰᠠᠭᠤᠷᠢ ᠪᠣᠯᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ ᠵᠢᠨ ᠬᠠᠮᠲᠤ᠂ ᠪᠦᠲᠦᠮᠵᠢᠲᠡᠢ ᠪᠡᠯᠡ ᠣᠷᠣᠭᠤᠯᠤᠯᠲᠠ ᠵᠢᠨ ᠵᠠᠩᠭᠢᠯᠠᠭ᠎ᠠ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠨᠢᠭᠡ᠎ᠳᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠳᠠᠬᠢ ᠴᠢᠬᠤᠯᠠ ᠶᠡᠬᠡ ᠢᠨᠵᠧᠨᠧᠷᠢᠩ᠎ᠢ ᠪᠣᠳᠠᠲᠠᠶ ᠲᠥᠷᠥᠯ ᠵᠦᠢ᠍ᠯ᠎ᠳᠤ ᠨᠠᠶ᠋ᠢᠳᠠᠪᠤᠷᠢᠵᠢᠭᠤᠯᠵᠤ᠂ ᠡᠯ᠎ᠡ ᠬᠦᠷᠢᠶᠡᠨ᠎ᠤ ᠲᠥᠯᠥᠪᠵᠢᠭᠦᠯᠭᠡ᠎ᠳᠤ ᠤᠷᠢᠳᠠᠪᠠᠷ ᠣᠷᠣᠭᠤᠯᠤᠨ᠂ ᠬᠡᠷᠡᠭᠵᠢᠭᠦᠯᠬᠦ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠵᠢᠯ ᠬᠤᠪᠢᠶᠠᠨ ᠡᠮᠬᠢ ᠵᠢᠷᠤᠮ᠎ᠲᠠᠢ᠎ᠪᠠᠷ ᠠᠬᠢᠭᠤᠯᠵᠤ᠂ ᠨᠢᠭᠡ ᠪᠦᠯᠦᠭ᠎ᠢ ᠠᠵᠢᠯ ᠡᠬᠢᠯᠡᠭᠦᠯᠬᠦ᠂ ᠨᠢᠭᠡ ᠪᠦᠯᠦᠭ᠎ᠢ ᠠᠰᠢᠭᠯᠠᠯᠲᠠ᠎ᠳᠤ ᠣᠷᠣᠭᠤᠯᠬᠤ᠂ ᠨᠢᠭᠡ ᠪᠦᠯᠦᠭ᠎ᠢ ᠨᠥᠭᠡᠴᠡᠯᠡᠬᠦ ᠰᠠᠢ᠍ᠢ᠍ᠨ ᠣᠷᠴᠢᠯ᠎ᠢ ᠪᠦᠷᠢᠳᠦᠭᠦᠯᠬᠦ ᠬᠡᠷᠡᠭᠲᠡᠢ᠃ ᠲᠠᠩ ᠴᠣᠭᠴᠠᠲᠤ ᠴᠢᠬᠤᠯᠠ ᠶᠡᠬᠡ ᠲᠦᠷᠦᠯ ᠵᠦᠢ᠍ᠯ᠎ᠳᠤ ᠪᠦᠳᠦᠭᠡᠨ ᠪᠠᠶ᠋ᠢᠭᠤᠯᠤᠯᠲᠠ ᠵᠢᠨ ᠵᠠᠩᠭᠢᠯᠠᠭ᠎ᠠ ᠵᠢᠨ ᠴᠡᠭ᠎ᠢ ᠲᠣᠩᠭᠣᠷᠠᠭᠤᠯᠤᠨ ᠪᠠᠶ᠋ᠢᠷᠢᠯᠠᠭᠤᠯᠵᠤ᠂ ᠴᠡᠭ ᠵᠶ᠋ᠠᠷ ᠤᠯᠠᠨ ᠬᠡᠪᠴᠢᠶ᠎ᠡ᠎ᠪᠠᠷ ᠥᠷᠭᠡᠨ ᠪᠠᠷᠢᠯᠭ᠎ᠠ ᠵᠢᠨ ᠲᠦᠷᠦᠯ ᠵᠦᠢ᠍ᠯ᠎ᠳᠤ ᠭᠣᠣᠯᠳᠠᠯᠭ᠎ᠠ ᠵᠢ ᠲᠤᠪᠤᠢ᠍ᠢ᠍ᠯᠭ᠋ᠠᠨ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠪᠦᠳᠦᠭᠡᠨ ᠪᠠᠶ᠋ᠢᠭᠤᠯᠬᠤ᠎ᠳᠤ ᠬᠦᠴᠢᠷ ᠶᠡᠬᠡᠲᠡᠢ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ᠎ᠪᠠᠷ ᠥᠨᠳᠥᠷ ᠴᠢᠬᠤᠯᠠ ᠶᠡᠬᠡ ᠢᠨᠵᠧᠨᠧᠷᠢᠩ᠎ᠳᠤ ᠬᠠᠶ᠋ᠢᠨ ᠪᠠᠶ᠋ᠢᠴᠠᠭ᠋ᠠᠬᠤ᠂ ᠲᠥᠰᠦᠯ᠎ᠢ ᠬᠠᠷᠢᠴᠠᠭᠤᠯᠤᠨ ᠰᠣᠩᠭᠣᠬᠤ ᠪᠠ ᠪᠣᠯᠣᠮᠵᠢᠲᠤ ᠰᠤᠳᠤᠯᠭ᠋ᠠᠨ᠎ᠢ ᠭᠦᠨᠵᠡᠭᠡᠶ᠋ᠢᠷᠡᠭᠦᠯᠬᠦ ᠬᠡᠷᠡᠭᠲᠡᠢ᠃ ᠬᠣᠶᠠᠷ᠎ᠲᠤ᠂ ᠳᠤᠮᠳᠠ ᠤᠷᠲᠤ ᠬᠤᠭᠤᠴᠠᠭ᠋ᠠᠨ᠎ᠤ ᠬᠥᠭᠵᠢᠯᠲᠡ ᠪᠠ ᠣᠨ᠎ᠤ ᠠᠵᠤ ᠠᠬᠤᠶ ᠵᠢᠨ ᠠᠵᠢᠯᠯᠠᠭ᠋ᠠᠨ᠎ᠢ ᠨᠢᠭᠡᠳᠦᠯᠲᠡᠶ ᠲᠥᠯᠥᠪᠯᠡᠵᠦ᠂ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠨ᠂ ᠲᠦᠷᠦ ᠵᠢᠨ ᠪᠤᠳᠤᠯᠭ᠎ᠠ ᠵᠢᠨ ᠲᠤᠯᠭ᠋ᠠᠭᠤᠷᠢᠯᠠᠯ ᠪᠠ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠵᠤ᠂ ᠡᠨᠡ ᠵᠢᠯ ᠪᠠ ᠢᠷᠡᠬᠦ ᠵᠢᠯ᠎ᠤᠨ ᠪᠡᠯᠡ ᠣᠷᠣᠭᠤᠯᠤᠯᠲᠠ ᠵᠢᠨ ᠡᠷᠴᠢᠮ᠎ᠢ ᠵᠣᠬᠢᠰᠲᠠᠶ ᠡᠵᠡᠮᠳᠡᠬᠦ ᠵᠢᠨ ᠬᠠᠮᠲᠤ ᠪᠠᠶ᠋ᠢᠳᠠᠯ᠎ᠤᠨ ᠬᠤᠪᠢᠷᠠᠯᠲᠠ ᠵᠢ ᠦᠨᠳᠦᠰᠦᠯᠡᠨ ᠴᠠᠭᠲᠤᠨᠢ ᠲᠠᠭ᠋ᠠᠷᠠᠭᠤᠯᠤᠨ ᠵᠣᠬᠢᠰᠲᠠᠶ ᠲᠣᠬᠢᠷᠠᠭᠤᠯᠬᠤ ᠬᠡᠷᠡᠭᠲᠡᠢ᠃ ᠭᠤᠷᠪᠠ᠎ᠳᠤ᠂ ᠵᠠᠰᠠᠭ᠎ᠤᠨ ᠣᠷᠳᠣᠨ ᠪᠣᠯᠤᠨ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠶ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠢᠨᠠᠨ ᠵᠥᠪᠰᠢᠶᠡᠷᠡᠬᠦ ᠬᠠᠷᠭᠤᠭᠤᠯᠤᠨ ᠵᠥᠪᠰᠢᠶᠡᠷᠡᠬᠦ ᠲᠠᠰ ᠳᠠᠷᠠᠭ᠋ᠠᠯᠠᠯ᠎ᠢ ᠰᠢᠯᠢᠳᠡᠭᠵᠢᠭᠦᠯᠦᠨ᠂ ᠴᠢᠬᠤᠯᠠ ᠪᠤᠰᠤ ᠬᠢᠨᠠᠨ ᠵᠥᠪᠰᠢᠶᠡᠷᠡᠬᠦ ᠵᠢ ᠪᠠᠭ᠋ᠠᠰᠬᠠᠵᠤ᠂ ᠲᠥᠷᠥᠯ ᠵᠦᠢ᠍ᠯ᠎ᠢ ᠡᠷᠲᠡᠬᠡᠨ ᠠᠵᠢᠯ ᠡᠬᠢᠯᠡᠭᠦᠯᠬᠦ᠂ ᠪᠠᠯᠠ ᠮᠥᠩᠭᠥ ᠵᠢ ᠥᠨᠳᠥᠷ ᠦᠷ᠎ᠡ ᠪᠦᠲᠦᠮᠵᠢᠲᠡᠶ᠎ᠪᠠᠷ ᠬᠡᠷᠡᠭᠯᠡᠬᠦ ᠵᠢ ᠪᠠᠲᠤᠯᠠᠬᠤ ᠬᠡᠷᠡᠭᠲᠡᠢ᠃ ᠲᠦᠷᠪᠡ᠎ᠳᠤ᠂ ᠲᠥᠪ᠎ᠤᠨ ᠲᠥᠰᠦᠪ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠥᠷᠢ ᠥᠭᠴᠡᠭᠡ ᠵᠡᠷᠭᠡ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ᠂ ᠨᠡᠶ᠋ᠢᠭᠡᠮ᠎ᠤᠨ ᠬᠦᠴᠦᠨ᠎ᠢ ᠨᠡᠩ ᠭᠦᠢ᠍ᠴᠡᠳ ᠲᠠᠢ᠍ᠢ᠍ᠴᠢᠯᠠᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠳᠤ ᠣᠷᠣᠯᠴᠠᠭᠤᠯᠬᠤ ᠬᠡᠷᠡᠭᠲᠡᠢ᠃ ᠲᠠᠪᠤ᠎ᠳᠤ᠂ ᠱᠠᠯᠠᠪᠳᠠᠭᠤᠯᠤᠨ ᠵᠢᠯᠣᠭᠣᠳᠴᠤ ᠵᠣᠬᠢᠴᠠᠭᠤᠯᠬᠤ ᠵᠢ ᠴᠢᠩᠭ᠋ᠠᠳᠬᠠᠵᠤ᠂ ᠦᠨᠡᠨ ᠬᠦ᠌ ᠪᠣᠳᠠᠲᠠᠢ ᠠᠵᠢᠯᠯᠠᠭᠰᠠᠨ᠂ ᠦᠷ᠎ᠡ ᠪᠦᠲᠦᠮᠵᠢ᠎ᠪᠠᠷ ᠢᠯᠡᠷᠬᠡᠢ ᠭᠠᠵᠠᠷ ᠣᠷᠣᠨ᠎ᠢ ᠤᠷᠮᠠᠰᠢᠭᠤᠯᠤᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠦᠷᠦᠯ ᠵᠦᠢ᠍ᠯ᠎ᠢ ᠠᠬᠢᠭᠤᠯᠤᠭᠰᠠᠨ ᠵᠶ᠋ᠠᠷ ᠠᠨᠠᠢ᠎ᠳᠤᠨᠢ ᠱᠠᠯᠠᠪᠳᠠᠭᠤᠯᠬᠤ᠎ᠪᠠᠨ ᠴᠢᠩᠭ᠋ᠠᠳᠬᠠᠵᠤ᠂ ᠪᠦᠳᠦᠭᠡᠨ ᠪᠠᠶ᠋ᠢᠭᠤᠯᠤᠯᠲᠠ ᠳᠤᠮᠳᠠᠬᠢ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠨ᠎ᠠ ᠭᠡᠵᠡᠢ᠃
ᠬᠤᠷᠠᠯ᠎ᠠᠴᠠ ᠵᠢᠭ᠋ᠠᠬᠤ᠎ᠳᠤ᠎ᠪᠠᠨ᠂ ᠥᠷᠭᠡᠨ ᠤᠯᠠᠨ ᠡᠮᠨᠡᠯᠭᠡ ᠵᠢᠨ ᠠᠵᠢᠯᠲᠠᠳ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠤ ᠵᠢ ᠰᠠᠬᠢᠨ ᠬᠠᠮᠠᠭ᠋ᠠᠯᠠᠵᠤ᠂ ᠬᠢᠵᠢᠭ᠎ᠲᠠᠢ ᠲᠡᠮᠡᠴᠡᠬᠦ ᠳᠤᠮᠳᠠ ᠳᠤᠪᠤᠢ᠍ᠢ᠍ᠮ᠎ᠠ ᠬᠤᠪᠢ ᠨᠡᠮᠡᠷᠢ ᠦᠵᠡᠭᠦᠯᠪᠡ᠃ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠴᠠᠯᠢᠩ ᠬᠥᠯᠥᠰᠥ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠮᠨᠡᠯᠭᠡ ᠵᠢᠨ ᠠᠵᠢᠯᠲᠠᠨ᠎ᠤ ᠵᠣᠬᠢᠰᠲᠠᠶ ᠴᠠᠯᠢᠩ ᠣᠯᠭᠣᠮᠵᠢ ᠵᠢ ᠪᠠᠲᠤᠯᠠᠨ᠂ ᠡᠮᠨᠡᠯᠭᠡ ᠵᠢᠨ ᠠᠵᠢᠯᠲᠠᠨ᠎ᠤ ᠣᠯᠠᠨ ᠲᠦᠮᠡᠨ᠎ᠳᠤ ᠦᠢ᠍ᠯᠡᠴᠢᠯᠡᠬᠦ ᠢᠳᠡᠪᠬᠢᠵᠢᠯ᠎ᠢ᠎ᠨᠢ ᠤᠯᠠᠮ ᠨᠢᠭᠡ ᠠᠯᠬᠤᠮ ᠳᠠᠶ᠋ᠢᠴᠢᠯᠠᠬᠤ ᠬᠡᠷᠡᠭᠲᠡᠶ᠃ ᠨᠢᠭᠡ᠎ᠳᠤ᠂ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠴᠠᠯᠢᠩ ᠬᠥᠯᠥᠰᠥ ᠵᠢᠨ ᠲᠦᠪᠰᠢᠨ᠎ᠢ ᠲᠣᠭᠲᠠᠭ᠋ᠠᠬᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠣᠯᠠᠨ ᠲᠦᠮᠡᠨ᠎ᠤ ᠡᠪᠡᠳᠴᠢᠨ ᠦᠵᠡᠭᠦᠯᠬᠦ ᠪᠦᠬᠦᠯᠢ ᠴᠣᠭᠴᠠ ᠵᠢᠨ ᠳᠠᠷᠤᠭ᠋ᠠᠰᠤ ᠵᠢ ᠨᠡᠮᠡᠭᠳᠡᠭᠦᠯᠬᠦ ᠥᠬᠡᠶ ᠪᠠᠶ᠋ᠢᠬᠤ ᠵᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ᠂ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠴᠠᠯᠢᠩ ᠬᠥᠯᠥᠰᠥ ᠵᠢᠨ ᠲᠦᠪᠰᠢᠨ᠎ᠢ ᠬᠥᠳᠡᠯᠦᠩᠭᠦᠶ᠎ᠪᠠᠷ ᠳᠣᠭᠢᠷᠠᠭᠤᠯᠬᠤ ᠬᠡᠷᠡᠭᠲᠡᠶ᠃ ᠨᠡᠶ᠋ᠢᠲᠡ ᠵᠢᠨ ᠠᠰᠠᠷᠠᠮᠵᠢ ᠵᠢᠨ ᠡᠭᠦᠷᠭᠡ ᠬᠦᠨᠳᠦ᠂ ᠰᠢᠨᠵᠢᠯᠡᠬᠦ ᠤᠬᠠᠭ᠋ᠠᠨ᠎ᠤ ᠰᠤᠳᠤᠯᠤᠯ ᠵᠢᠭ᠋ᠠᠨ ᠰᠤᠷᠭ᠋ᠠᠯᠲᠠ ᠵᠢᠨ ᠡᠭᠦᠷᠭᠡ ᠵᠢ ᠡᠭᠦᠷᠭᠡᠯᠡᠵᠦ ᠪᠠᠶ᠋ᠢᠭ᠎ᠠ ᠵᠡᠷᠭᠡ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶ᠎ᠠ᠎ᠳᠤ ᠵᠣᠬᠢᠰᠲᠠᠢ ᠬᠠᠷᠠᠭ᠋ᠠᠯᠵᠠᠯ ᠬᠦᠷᠲᠡᠭᠡᠬᠦ ᠬᠡᠷᠡᠭᠲᠡᠢ᠃ ᠡᠯ᠎ᠡ ᠭᠠᠵᠠᠷ ᠠᠳᠠᠯᠢ ᠪᠤᠰᠤ ᠲᠠᠰ ᠳᠠᠪᠬᠤᠷᠭ᠎ᠠ ᠠᠳᠠᠯᠢ ᠪᠤᠰᠤ ᠰᠢᠨᠵᠢ ᠴᠢᠨᠠᠷᠲᠠᠢ ᠡᠮᠨᠡᠯᠭᠡ ᠵᠢᠨ ᠬᠣᠷᠢᠶ᠎ᠠ ᠵᠢᠨ ᠠᠵᠢᠯ᠎ᠤᠨ ᠬᠡᠮᠵᠢᠶ᠎ᠡ᠂ ᠦᠢ᠍ᠯᠡᠴᠢᠯᠡᠭᠡᠨ᠎ᠤ ᠶᠠᠰᠤ ᠴᠢᠨᠠᠷ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠴᠠᠯᠢᠩ ᠬᠥᠯᠥᠰᠥ ᠵᠢᠨ ᠶᠡᠷᠦᠩᠬᠡᠶ ᠬᠡᠮᠵᠢᠶ᠎ᠡ ᠵᠢ ᠵᠣᠬᠢᠰᠲᠠᠶ ᠨᠡᠮᠡᠭᠳᠡᠭᠦᠯᠬᠦ ᠬᠡᠷᠡᠭᠲᠡᠶ᠃ ᠬᠣᠶᠠᠷ᠎ᠲᠤ᠂ ᠠᠯᠪᠠᠨ᠎ᠤ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠳᠣᠲᠣᠭ᠋ᠠᠳᠤ ᠬᠤᠪᠢᠶᠠᠷᠢᠯᠠᠯᠲᠠ ᠵᠢᠨ ᠡᠵᠡᠨ ᠮᠡᠳᠡᠬᠦ ᠡᠷᠬᠡ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠴᠠᠯᠢᠩ ᠬᠥᠯᠥᠰᠥ ᠵᠢᠨ ᠶᠡᠷᠦᠩᠬᠡᠶ ᠬᠡᠮᠵᠢᠶ᠎ᠡ ᠵᠢᠴᠢ ᠬᠣᠯᠪᠣᠭᠳᠠᠯ ᠪᠥᠬᠥᠶ ᠬᠦᠴᠦᠨ ᠵᠦᠢ᠍ᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠵᠢᠯ᠎ᠤᠨ ᠪᠠᠶ᠋ᠢᠷᠢ ᠵᠢᠨ ᠠᠵᠢᠯ᠎ᠤᠨ ᠪᠦᠲᠦᠮᠵᠢ ᠵᠢᠨ ᠴᠠᠯᠢᠩ᠎ᠤᠨ ᠲᠦᠷᠢᠮ᠎ᠢ ᠦᠷᠭᠦᠯᠵᠢᠯᠡᠨ ᠪᠦᠷᠢᠨᠰᠢᠭᠦᠯᠬᠦ ᠬᠡᠷᠡᠭᠲᠡᠢ᠃ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠪᠤᠰᠤᠳ ᠨᠠᠩ ᠪᠦᠲᠦᠮᠵᠢᠲᠡᠶ ᠳᠣᠲᠣᠭ᠋ᠠᠳᠤ ᠬᠤᠪᠢᠶᠠᠷᠢᠯᠠᠯᠲᠠ ᠵᠢᠨ ᠵᠠᠭᠪᠤᠷ᠎ᠢ ᠡᠵᠡᠨ ᠮᠡᠳᠡᠨ ᠲᠣᠭᠲᠠᠭ᠋ᠠᠵᠤ᠂ ᠵᠠᠩᠭᠢᠯᠠᠭ᠎ᠠ ᠵᠢᠨ ᠪᠠ ᠣᠯᠠᠨ ᠲᠦᠮᠡᠨ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠠᠵᠢᠯ᠎ᠤᠨ ᠪᠠᠶ᠋ᠢᠷᠢ᠂ ᠠᠵᠢᠯ᠎ᠤᠨ ᠪᠦᠲᠦᠮᠵᠢ᠎ᠪᠠᠷ ᠲᠣᠪᠣᠶ᠋ᠢᠮ᠎ᠠ ᠡᠮᠨᠡᠯᠭᠡ ᠵᠢᠨ ᠠᠵᠢᠯᠲᠠᠨ ᠵᠡᠷᠭᠡ ᠳᠠᠰᠢ ᠬᠡᠯᠪᠡᠶ᠋ᠢᠯᠭᠡᠵᠦ᠂ ᠬᠦᠨᠳᠦ ᠡᠪᠡᠳᠴᠢᠨ ᠵᠡᠷᠭᠡ ᠲᠠᠯ᠎ᠠ ᠵᠢᠨ ᠡᠪᠡᠳᠴᠢᠨ ᠦᠵᠡᠭᠦᠯᠬᠦ᠎ᠳᠤ ᠬᠦᠴᠢᠷᠲᠡᠶ ᠪᠠᠶ᠋ᠢᠬᠤ ᠠᠰᠠᠭᠤᠳᠠᠯ᠎ᠢ ᠨᠠᠩ ᠰᠠᠶ᠋ᠢᠲᠤᠷ ᠰᠢᠢ᠍ᠳᠪᠦᠷᠢᠯᠡᠬᠦ ᠵᠢ ᠠᠬᠢᠭᠤᠯᠵᠤ ᠴᠤ᠌ ᠪᠣᠯᠤᠨ᠎ᠠ᠃ ᠠᠵᠢᠯᠯᠠᠭᠰᠠᠨ ᠣᠨ᠎ᠨᠢ ᠣᠬᠣᠷ ᠡᠮᠴᠢ ᠵᠢᠨ ᠬᠥᠯᠥᠰᠥ ᠣᠯᠭᠣᠮᠵᠢ ᠵᠢᠨ ᠲᠦᠪᠰᠢᠨ᠎ᠢ ᠵᠣᠬᠢᠰᠲᠠᠶ ᠳᠡᠭᠡᠭᠰᠢᠯᠡᠭᠦᠯᠵᠦ᠂ ᠣᠷᠣᠨ ᠲᠣᠭ᠎ᠠ ᠵᠢᠨ ᠳᠣᠲᠣᠨ᠎ᠠ ᠭᠠᠳᠠᠨᠠᠬᠢ ᠬᠥᠮᠦᠰ᠎ᠤᠨ ᠬᠥᠯᠥᠰᠥ ᠣᠯᠭᠣᠮᠵᠢ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠬᠡᠷᠡᠭᠲᠡᠢ᠃
ᠬᠤᠷᠠᠯ᠎ᠳᠤ ᠪᠠᠰᠠ ᠪᠤᠰᠤᠳ ᠵᠦᠢ᠍ᠯ᠎ᠢ ᠰᠤᠳᠤᠯᠵᠠᠢ᠃