
6 ᠰᠠᠷ᠎ᠠ ᠵᠢᠨ 7᠎ᠠᠴᠠ 9᠎ᠤ ᠡᠳᠦᠷ ᠪᠣᠯᠲᠠᠯ᠎ᠠ᠂ ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠪᠠ᠃ ᠵᠢᠷᠤᠬ ᠪᠤᠯ 8᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠬᠠᠢ᠍ᠢ᠍ᠪᠸᠢ ᠵᠢᠨ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠵᠢᠨ ᠭᠠᠩᠼᠠ ᠰᠢᠶᠠᠨ᠎ᠤ ᠱᠠ ᠯᠢᠦ ᠾᠧ ᠪᠠᠯᠭ᠋ᠠᠰᠤᠨ᠎ᠤ ᠭᠤᠯᠤᠬ ᠲᠦᠪᠡᠳ ᠦᠨᠳᠤᠰᠤᠳᠠᠨ᠎ᠤ ᠬᠦᠩᠮᠠ ᠲᠣᠰᠬᠣᠨ᠎ᠳᠤ ᠰᠢᠨᠵᠢᠯᠡᠨ ᠪᠠᠢ᠍ᠢ᠍ᠴᠠᠭ᠋ᠠᠬᠤ᠎ᠳᠠᠭᠠᠨ᠂ ᠲᠤᠰᠬᠤᠨ᠎ᠤ ᠠᠷᠠᠳ᠎ᠲᠠᠢ ᠲᠤᠳᠤᠨᠤ᠎ᠪᠠᠷ ᠶᠠᠷᠢᠯᠴᠠᠵᠦ ᠪᠠᠢ᠍ᠢ᠍ᠭ᠎ᠠ᠎ᠨᠢ᠃
ᠰᠢᠨᠬᠤᠧᠠ ᠬᠤᠷᠢᠶᠠᠨ᠎ᠤ ᠰᠤᠷᠪᠤᠯᠵᠢᠯᠠᠬ᠍ᠴᠢ ᠰᠢᠶᠧ ᠬᠤᠧᠠᠨ ᡂᠢ ᠰᠡᠬᠦᠳᠡᠷᠯᠡᠪᠡ

6 ᠰᠠᠷ᠎ᠠ ᠵᠢᠨ 7᠎ᠠᠴᠠ 9᠎ᠤ ᠡᠳᠦᠷ ᠪᠣᠯᠲᠠᠯ᠎ᠠ᠂ ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠪᠠ᠃ ᠵᠢᠷᠤᠬ ᠪᠤᠯ 7᠎ᠤ ᠦᠳᠡ ᠵᠢᠨ ᠬᠤᠢ᠍ᠢ᠍ᠨ᠎ᠠ᠂ ᠰᠢ ᠵᠢᠨ ᠫᠢᠩ ᠰᠢᠨᠢᠩ ᠬᠤᠳᠠ ᠵᠢᠨ ᠴᠧᠩ ᠰᠢ ᠲᠣᠭᠣᠷᠢᠭ᠎ᠤᠨ ᠸᠸᠨ ᠬᠤᠢ ᠵᠠᠮ ᠵᠡᠭᠡᠯᠢ ᠭᠤᠳᠤᠮᠵᠢ ᠵᠢᠨ ᠸᠸᠨ ᠲᠢᠩ ᠰᠢᠶᠠᠩ ᠨᠡᠶ᠋ᠢᠭᠡᠮ ᠲᠣᠭᠣᠷᠢᠭ᠎ᠤᠨ ᠤᠩᠰᠢᠯᠭ᠎ᠠ ᠵᠢᠨ ᠲᠠᠰᠤᠬ᠎ᠲᠤ᠂ ᠨᠡᠢ᠍ᠢ᠍ᠬᠡᠮ ᠲᠤᠭᠤᠷᠢᠬ᠎ᠠᠴᠠ ᠵᠠᠯᠠᠭᠤᠴᠤᠳ ᠪᠠᠭ᠋ᠠᠴᠤᠳ᠎ᠲᠤ ᠨᠡᠢ᠍ᠢ᠍ᠳᠡ ᠵᠢᠨ ᠠᠰᠠᠷᠠᠮᠵᠢ ᠵᠢᠨ ᠴᠢᠨᠠᠷᠳᠠᠢ ᠬᠢᠴᠢᠶᠡᠯ᠎ᠤᠨ ᠲᠠᠷᠠᠭ᠋ᠠᠬᠢ ᠨᠠᠢ᠍ᠢ᠍ᠳᠠᠨ ᠬᠠᠮᠢᠶᠠᠷᠤᠭᠤᠯᠬᠤ ᠦᠢ᠍ᠯᠡᠴᠢᠯᠡᠬᠡ ᠬᠠᠩᠭ᠋ᠠᠵᠦ ᠪᠠᠢ᠍ᠢ᠍ᠭ᠎ᠠ ᠪᠠᠢ᠍ᠢ᠍ᠳᠠᠯ᠎ᠢ ᠤᠢ᠍ᠢ᠍ᠯᠠᠭ᠋ᠠᠵᠦ ᠪᠠᠢ᠍ᠢ᠍ᠭ᠎ᠠ᠎ᠨᠢ᠃
ᠰᠢᠨᠬᠤᠧᠠ ᠬᠤᠷᠢᠶᠠᠨ᠎ᠤ ᠰᠤᠷᠪᠤᠯᠵᠢᠯᠠᠬ᠍ᠴᠢ ᠯᠢ ᠰᠢᠤᠧᠠᠢ ᠷᠧᠨ ᠰᠡᠬᠦᠳᠡᠷᠯᠡᠪᠡ
ᠰᠢᠨᠬᠤᠸᠠ ᠬᠤᠷᠢᠶᠠᠨ᠎ᠤ ᠰᠢᠨᠢᠩ᠎ᠤᠨ 6 ᠰᠠᠷ᠎ᠠ ᠵᠢᠨ 9᠎ᠤ ᠴᠠᠬᠢᠯᠭ᠋ᠠᠨ ᠮᠡᠳᠡᠬᠡ ᠨᠠᠮ᠎ᠤᠨ ᠲᠦᠪ ᠬᠤᠷᠢᠶᠠᠨ᠎ᠤ ᠶᠠᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠤᠢ᠍ᠢ᠍ᠷ᠎ᠠ᠎ᠳᠤ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠠᠭᠠᠨ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ᠎ᠪᠠᠷ ᠲᠤᠭᠤᠰᠢᠯᠠᠭᠤᠯᠵᠦ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠨ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠦᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠦᠯᠤᠪᠵᠢᠬᠦᠯᠦᠨ᠂ ᠬᠦᠴᠢᠷ᠎ᠢ ᠲᠠᠪᠠᠵᠤ ᠪᠡᠷᠬᠡ ᠵᠢ ᠲᠤᠭᠤᠯᠤᠨ᠂ ᠵᠠᠮ ᠨᠡᠭᠡᠭᠡᠨ ᠰᠢᠨ᠎ᠡ ᠵᠢ ᠡᠭᠦᠳᠴᠤ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ ᠠᠮᠵᠢᠯᠲᠠ ᠪᠦᠲᠦᠮᠵᠢ ᠤᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠥᠬᠡᠨᠠᠭᠤᠷ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠭᠡᠷᠡᠭᠳᠠᠢ ᠬᠡᠵᠤ ᠴᠢᠬᠤᠯᠠᠴᠢᠯᠠᠪᠠ᠃
6 ᠰᠠᠷ᠎ᠠ ᠵᠢᠨ 7᠎ᠠᠴᠠ 9᠎ᠤ ᠡᠳᠦᠷ ᠪᠣᠯᠲᠠᠯ᠎ᠠ᠂ ᠰᠢ ᠵᠢᠨ ᠫᠢᠩ ᠬᠥᠬᠡᠨᠠᠭᠤᠷ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠵᠢᠶᠠᠨ ᠵᠢᠶᠦ᠋ᠨ᠂ ᠮᠤᠵᠢ ᠵᠢᠨ ᠳᠠᠷᠤᠭ᠎ᠠ ᠰᠢᠨ ᠴᠠᠩ ᠰᠢᠩ᠎ᠤᠨ ᠪᠠᠷ᠎ᠠ ᠪᠤᠯᠤᠯᠭ᠎ᠠ᠎ᠲᠠᠢ᠎ᠪᠠᠷ᠂ ᠤᠷᠢᠳ ᠬᠣᠵᠢᠳ ᠰᠢᠨᠢᠩ ᠬᠤᠳᠠ᠂ ᠬᠠᠢ᠍ᠢ᠍ᠪᠸᠢ ᠵᠢᠨ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠵᠡᠷᠭᠡ ᠭᠠᠵᠠᠷ᠎ᠲᠤ ᠬᠦᠷᠴᠦ᠂ ᠠᠵᠤ ᠠᠬᠤᠶ᠋ᠢᠯᠠᠯ᠂ ᠨᠡᠶ᠋ᠢᠭᠡᠮ ᠲᠣᠭᠣᠷᠢᠭ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠬᠥᠳᠡᠭᠡ ᠲᠣᠰᠬᠣᠨ ᠵᠡᠷᠭᠡ ᠭᠠᠵᠠᠷ ᠵᠶ᠋ᠠᠷ ᠭᠦᠨᠵᠡᠭᠡᠶ᠋ᠢᠷᠡᠵᠦ ᠪᠠᠶ᠋ᠢᠴᠠᠭ᠋ᠠᠨ ᠰᠤᠳᠤᠯᠪᠠ᠃
7᠎ᠤ ᠦᠳᠡ ᠵᠢᠨ ᠬᠣᠶ᠋ᠢᠨ᠎ᠠ᠂ ᠰᠢ ᠵᠢᠨ ᠫᠢᠩ ᠰᠢᠨᠢᠩ ᠬᠤᠳᠠ ᠵᠢᠨ ᠴᠸᠩ ᠵᠦᠩ ᠲᠣᠭᠣᠷᠢᠭ᠎ᠲᠤ ᠪᠠᠶ᠋ᠢᠷᠢᠯᠠᠵᠦ ᠪᠠᠢ᠍ᠢ᠍ᠭ᠎ᠠ ᠬᠥᠬᠡᠨᠠᠭᠤᠷ᠎ᠤᠨ ᠱᠧᠩ ᠶᠤᠸᠠᠨ ᠬᠡᠪᠢᠰ᠎ᠤᠨ ᠪᠦᠯᠦᠭᠯᠡᠯ ᠬᠢᠵᠠᠭ᠋ᠠᠷᠲᠤ ᠺᠣᠮᠫᠠᠨᠢ᠎ᠳᠤ ᠰᠢᠨᠵᠢᠯᠡᠨ ᠪᠠᠶ᠋ᠢᠴᠠᠭ᠋ᠠᠪᠠ᠃ ᠦᠢ᠍ᠯᠡᠳᠪᠦᠷᠢᠯᠡᠯ᠎ᠤᠨ ᠲᠠᠰᠤᠭ᠎ᠲᠤ᠂ ᠰᠢ ᠵᠢᠨ ᠫᠢᠩ ᠲᠦᠬᠦᠭᠡᠢ ᠮᠠᠲ᠋ᠧᠷᠢᠶᠠᠯ᠂ ᠦᠢ᠍ᠯᠡᠳᠪᠦᠷᠢᠯᠡᠯ᠎ᠤᠨ ᠶᠠᠪᠤᠴᠠ᠂ ᠦᠢ᠍ᠯᠡᠳᠬᠦᠨ᠎ᠤ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠣᠯᠬᠤ ᠬᠢᠶᠠᠶᠠ ᠲᠦᠪᠡᠳ ᠬᠡᠪᠢᠰ᠎ᠤᠨ ᠭᠠᠷ ᠨᠡᠬᠡᠮᠡᠯ᠎ᠤᠨ ᠤᠷ᠎ᠠ ᠮᠡᠷᠭᠡᠵᠢᠯ᠎ᠢ ᠬᠠᠮᠠᠭ᠋ᠠᠯᠠᠨ ᠤᠯᠠᠮᠵᠢᠯᠠᠵᠤ ᠪᠠᠶ᠋ᠢᠭ᠎ᠠ ᠪᠠᠢ᠍ᠢ᠍ᠳᠠᠯ᠎ᠢ ᠣᠶ᠋ᠢᠯᠠᠭ᠋ᠠᠵᠤ᠂ ᠠᠵᠤ ᠠᠬᠤᠶ᠋ᠢᠯᠠᠯ᠎ᠤᠨ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠠᠵᠢᠯ ᠣᠯᠭᠣᠯᠳᠠ ᠵᠢ ᠲᠠᠢ᠍ᠢ᠍ᠴᠢᠯᠠᠵᠤ ᠣᠷᠣᠯᠭ᠎ᠠ ᠵᠢ᠎ᠨᠢ ᠨᠡᠮᠡᠭᠳᠡᠭᠦᠯᠦᠭᠰᠡᠨᠢ ᠨᠤᠲᠠᠯᠠᠵᠤ ᠪᠠᠶ᠋ᠢᠬᠤ᠎ᠪᠠᠨ ᠢᠯᠡᠳᠬᠡᠪᠡ᠃ ᠠᠵᠤ ᠠᠬᠤᠶ᠋ᠢᠯᠠᠯ᠎ᠤᠨ ᠰᠢᠯᠭ᠋ᠠᠨ ᠪᠠᠶ᠋ᠢᠴᠠᠭ᠋ᠠᠬᠤ᠂ ᠵᠢᠷᠤᠵᠤ ᠲᠦᠯᠦᠪᠯᠡᠬᠦ ᠰᠠᠯᠠᠭ᠎ᠠ ᠮᠥᠴᠢᠷ᠎ᠲᠤ᠂ ᠰᠢ ᠵᠢᠨ ᠫᠢᠩ ᠦᠢ᠍ᠯᠡᠳᠬᠦᠨ᠎ᠤ ᠡᠯᠡᠭᠳᠡᠯ᠎ᠤᠨ ᠪᠠᠢ᠍ᠢ᠍ᠳᠠᠯ᠎ᠢ ᠬᠡᠮᠵᠢᠨ ᠰᠢᠯᠭ᠋ᠠᠬᠤ᠂ ᠦᠢ᠍ᠯᠡᠳᠬᠦᠨ᠎ᠤ ᠵᠢᠷᠤᠭ ᠲᠥᠯᠥᠪᠯᠡᠭᠡ ᠵᠢᠨ ᠦᠯᠢᠭᠡᠷ ᠵᠢᠷᠤᠭ᠎ᠢ ᠨᠠᠷᠢᠨ ᠦᠵᠡᠵᠦ᠂ ᠦᠢ᠍ᠯᠡᠳᠬᠦᠨ᠎ᠤ ᠪᠣᠷᠣᠯᠠᠭᠤᠯᠭ᠎ᠠ ᠵᠢᠨ ᠵᠠᠮ ᠪᠣᠯᠤᠨ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠳᠠᠯ᠎ᠢ ᠯᠠᠪᠯᠠᠨ ᠠᠰᠠᠭᠤᠪᠠ᠃ ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ᠂ ᠬᠠᠮᠤᠭ᠎ᠤᠨ ᠦᠪᠡᠷᠮᠢᠴᠠ ᠣᠨᠴᠠᠯᠢᠭ᠎ᠲᠠᠢ ᠠᠵᠤ ᠦᠢ᠍ᠯᠡᠰ᠂ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ ᠠᠵᠤ ᠠᠬᠤᠶ᠋ᠢᠯᠠᠯ᠎ᠢ ᠠᠳᠬᠤᠬᠤ᠎ᠳᠠᠭᠠᠨ ᠴᠢᠳᠠᠮᠠᠭ᠋ᠠᠢ ᠪᠠᠶ᠋ᠢᠵᠤ᠂ ᠤᠨᠴᠠᠯᠢᠬᠳᠤ ᠠᠵᠤ ᠦᠢ᠍ᠯᠡᠰ ᠵᠶ᠋ᠠᠷ ᠰᠢᠯᠢᠳᠡᠭ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠠᠵᠤ ᠠᠬᠤᠶ᠋ᠢᠯᠠᠯ᠎ᠤᠨ ᠬᠥᠭᠵᠢᠯᠲᠡ᠎ᠪᠠᠷ ᠠᠵᠤ ᠦᠢ᠍ᠯᠡᠰ᠎ᠤᠨ ᠳᠡᠭᠡᠭᠰᠢᠯᠡᠯᠲᠡ ᠵᠢ ᠳᠠᠶ᠋ᠢᠴᠢᠯᠠᠬᠤ ᠬᠡᠷᠡᠭᠲᠡᠢ᠃ ᠬᠥᠬᠡᠨᠠᠭᠤᠷ᠎ᠤᠨ᠎ᠬᠢᠨ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠬᠦ ᠲᠠᠯ᠎ᠠ᠎ᠪᠠᠷ ᠶᠡᠬᠡᠭᠡᠨ ᠠᠵᠢᠯ ᠬᠢᠵᠦ ᠪᠤᠯᠬᠤ ᠪᠥᠭᠡᠳ ᠶᠡᠬᠡ ᠤᠯᠤᠯᠳᠠ᠎ᠲᠠᠢ ᠪᠠᠢ᠍ᠢ᠍ᠨ᠎ᠠ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢ ᠵᠣᠷᠢᠭᠵᠢᠭᠤᠯᠬᠤ᠂ ᠳᠡᠮᠵᠢᠬᠦ᠂ ᠬᠦᠳᠦᠯᠦᠨ ᠵᠢᠯᠣᠭᠣᠳᠬᠤ ᠲᠦᠷᠦ ᠵᠢᠨ ᠪᠤᠳᠤᠯᠭ᠎ᠠ ᠵᠢᠨ ᠣᠷᠴᠢᠨ ᠨᠦᠬᠦᠴᠡᠯ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠦᠢ᠍ᠯᠡᠴᠢᠯᠡᠭᠡᠨ᠎ᠤ ᠰᠢᠰᠲ᠋ᠧᠮ᠎ᠢ ᠲᠦᠷᠭᠡᠳᠬᠡᠨ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠵᠣᠷᠢᠭᠵᠢᠭᠤᠯᠵᠤ᠂ ᠤᠯᠠᠮᠵᠢᠯᠠᠯᠲᠤ ᠭᠠᠷ ᠤᠷᠠᠯᠠᠯ ᠪᠠ ᠤᠳᠤ ᠦᠶ᠎ᠡ ᠵᠢᠨ ᠮᠡᠷᠭᠡᠵᠢᠯ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠭᠣᠣᠯᠯᠠᠬᠤ ᠦᠷᠢᠰᠦᠯᠳᠦᠬᠦ ᠬᠦᠴᠦᠨ᠎ᠢ ᠴᠢᠩᠭ᠋ᠠᠷᠠᠭᠤᠯᠬᠤ ᠬᠡᠷᠡᠭᠲᠡᠢ᠃ ᠠᠵᠤ ᠦᠢ᠍ᠯᠡᠰ᠎ᠤᠨ ᠪᠤᠢ᠍ᠢ᠍ᠵᠢᠯᠳᠠ᠂ ᠠᠵᠤ ᠠᠬᠤᠶ᠋ᠢᠯᠠᠯ᠎ᠤᠨ ᠬᠥᠭᠵᠢᠯᠳᠠ ᠵᠢ ᠤᠯᠠᠨ ᠲᠦᠮᠡᠨ᠎ᠤ ᠠᠵᠢᠯ ᠣᠯᠭᠣᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ᠎ᠤ ᠪᠦᠯᠬᠦᠮᠳᠡᠯ᠎ᠲᠠᠢ ᠨᠡᠩ ᠰᠠᠶ᠋ᠢᠳᠤᠷ ᠨᠢᠭᠡᠳᠦᠯᠲᠡᠢ ᠲᠥᠯᠥᠪᠵᠢᠭᠦᠯᠵᠦ᠂ ᠬᠠᠷᠢᠯᠴᠠᠨ ᠠᠬᠢᠭᠤᠯᠵᠤ᠂ ᠬᠠᠮᠵᠢᠯᠴᠡᠨ ᠬᠠᠪᠰᠤᠷᠤᠯᠴᠠᠵᠤ ᠬᠠᠷᠢᠯᠴᠠᠨ ᠨᠥᠬᠥᠪᠥᠷᠢᠯᠡᠬᠦ ᠬᠡᠷᠡᠭᠲᠡᠢ ᠬᠡᠵᠤ ᠴᠢᠬᠤᠯᠠᠴᠢᠯᠠᠪᠠ᠃
ᠲᠠᠷᠠᠭ᠎ᠠ᠎ᠳᠤᠨᠢ᠂ ᠰᠢ ᠵᠢᠨ ᠫᠢᠩ ᠰᠢᠨᠢᠩ ᠬᠤᠳᠠ ᠵᠢᠨ ᠴᠧᠩ ᠰᠢ ᠲᠣᠭᠣᠷᠢᠭ᠎ᠤᠨ ᠸᠸᠨ ᠬᠤᠢ ᠵᠠᠮ ᠵᠡᠭᠡᠯᠢ ᠭᠤᠳᠤᠮᠵᠢ ᠵᠢᠨ ᠸᠸᠨ ᠲᠢᠩ ᠰᠢᠶᠠᠩ ᠨᠡᠶ᠋ᠢᠭᠡᠮ ᠲᠣᠭᠣᠷᠢᠭ᠎ᠲᠤ ᠢᠷᠡᠵᠤ᠂ ᠲᠡᠳᠡᠨ᠎ᠤ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠰᠠᠨ᠂ ᠦᠨᠳᠦᠰᠦᠨ ᠱᠠᠲᠤᠨ᠎ᠤ ᠵᠠᠰᠠᠯᠲᠠ ᠵᠢ ᠲᠡᠭᠦᠯᠳᠡᠷᠵᠢᠭᠦᠯᠦᠭᠰᠡᠨ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠤᠬᠰᠠᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠤᠬᠠᠢ ᠵᠢᠨ ᠲᠠᠯᠠᠪᠠᠢ᠎ᠳᠤ ᠶᠠᠪᠤᠳᠠᠯ ᠬᠦᠢ᠍ᠴᠡᠳᠬᠡᠬᠦ᠎ᠪᠠᠷ ᠢᠷᠡᠭᠰᠡᠨ ᠤᠯᠠᠨ ᠲᠦᠮᠡᠨ᠎ᠲᠠᠢ ᠶᠠᠷᠢᠯᠴᠠᠪᠠ᠃ ᠰᠢ ᠵᠢᠨ ᠫᠢᠩ ᠤᠷᠢᠳ ᠬᠣᠵᠢᠳ ᠨᠡᠶ᠋ᠢᠭᠡᠮ ᠲᠣᠭᠣᠷᠢᠭ᠎ᠤᠨ ᠤᠷᠠᠨ ᠪᠢᠴᠢᠯᠭᠡ ᠤᠷᠠᠨ ᠵᠢᠷᠤᠭ᠎ᠤᠨ ᠲᠠᠰᠤᠭ᠂ ᠵᠣᠯ ᠵᠢᠷᠭ᠋ᠠᠯᠲᠤ ᠬᠣᠭᠣᠯᠠᠨ ᠬᠡᠷ᠂ ᠡᠷᠡᠭᠦᠯᠵᠢᠯ᠎ᠤᠨ ᠲᠠᠰᠤᠭ᠂ ᠪᠥᠵᠢᠭ᠎ᠤᠨ ᠲᠠᠰᠤᠭ᠂ ᠤᠩᠰᠢᠯᠭ᠎ᠠ ᠵᠢᠨ ᠲᠠᠰᠤᠭ᠎ᠲᠤ ᠤᠷᠤᠵᠤ᠂ ᠠᠵᠢᠯ᠎ᠠᠴᠠ᠎ᠪᠠᠨ ᠠᠮᠠᠷᠠᠭᠰᠠᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠪᠣᠯᠪᠠᠰᠤᠷᠠᠯ᠂ ᠳᠠᠭᠤᠤ ᠬᠥᠭᠵᠢᠮ᠎ᠤᠨ ᠪᠣᠯᠪᠠᠰᠤᠷᠠᠯ᠎ᠢ ᠰᠣᠨᠢᠷᠬᠠᠨ᠂ ᠨᠡᠶ᠋ᠢᠭᠡᠮ ᠲᠣᠭᠣᠷᠢᠭ᠎ᠠᠴᠠ ᠨᠠᠰᠤᠲᠠᠶ᠋ᠢᠴᠤᠳ᠎ᠲᠤ ᠢᠳᠡᠭᠡᠨ ᠤᠮᠳᠠᠭ᠋ᠠᠨ᠂ ᠡᠷᠡᠭᠦᠯ ᠮᠡᠨᠳᠦ ᠵᠢᠨ ᠦᠢ᠍ᠯᠡᠴᠢᠯᠡᠭᠡ ᠬᠠᠩᠭ᠋ᠠᠵᠤ᠂ ᠵᠠᠯᠠᠭᠤᠴᠤᠳ ᠪᠠᠭ᠋ᠠᠴᠤᠳ᠎ᠲᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠬᠢᠴᠢᠶᠡᠯ᠎ᠤᠨ ᠳᠠᠷᠠᠭ᠋ᠠᠬᠢ ᠨᠠᠶ᠋ᠢᠳᠠᠨ ᠬᠠᠮᠢᠶᠠᠷᠤᠭᠤᠯᠬᠤ ᠦᠢ᠍ᠯᠡᠴᠢᠯᠡᠭᠡ ᠬᠠᠩᠭ᠋ᠠᠵᠤ ᠪᠠᠢ᠍ᠢ᠍ᠬᠤ ᠵᠡᠷᠭᠡ ᠠᠷᠭ᠎ᠠ ᠬᠢᠳᠡᠯ᠎ᠢ ᠣᠶ᠋ᠢᠯᠠᠭ᠋ᠠᠪᠠ᠃ ᠨᠡᠶ᠋ᠢᠭᠡᠮ ᠲᠣᠭᠣᠷᠢᠭ᠎ᠤᠨ ᠠᠭᠤᠳᠠᠮ ᠲᠠᠯᠠᠪᠠᠢ᠎ᠳᠤ᠂ ᠰᠢ ᠵᠢᠨ ᠫᠢᠩ ᠬᠦᠷᠢᠶᠡᠯᠡᠨ ᠢᠷᠡᠭᠰᠡᠨ ᠤᠯᠠᠨ ᠲᠦᠮᠡᠨ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠨᠡᠶ᠋ᠢᠭᠡᠮ ᠲᠣᠭᠣᠷᠢᠭ᠎ᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠴᠢᠬᠤᠯᠠ ᠵᠢᠭᠰᠠᠭ᠋ᠠᠯ᠎ᠤᠨ ᠭᠠᠵᠠᠷ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠭᠠᠷ ᠭᠠᠷ ᠵᠶ᠋ᠠᠨ ᠬᠤᠯᠪᠤᠯᠴᠠᠨ᠂ ᠰᠡᠳᠬᠢᠯ ᠵᠢᠷᠦᠬᠡ᠎ᠪᠠᠨ ᠬᠣᠯᠪᠣᠬᠤ ᠰᠠᠶ᠋ᠢᠬᠠᠨ ᠤᠯᠠᠮᠵᠢᠯᠠᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠪᠦᠯᠢ ᠮᠡᠲᠦ ᠳᠣᠲᠣᠨᠣ ᠪᠠᠢ᠍ᠢ᠍ᠬᠤ ᠡᠶ᠎ᠡ ᠵᠣᠬᠢᠴᠠᠩᠭᠤᠶ ᠬᠡᠷ ᠣᠷᠣᠨ᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠬᠡᠷᠡᠭᠲᠡᠶ᠃ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠰᠠᠢ᠍ᠢ᠍ᠨ ᠡᠰᠡᠬᠦ ᠵᠢᠨ ᠵᠠᠩᠭᠢᠯᠠᠭ᠎ᠠ᠎ᠨᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠂ ᠥᠷᠭᠡᠨ ᠤᠯᠠᠨ ᠨᠠᠮ᠎ᠤᠨ ᠭᠡᠰᠢᠭᠦᠨ᠎ᠳᠤ ᠪᠠᠶ᠋ᠢᠨ᠎ᠠ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠬᠡᠰᠡᠨ ᠡᠨᠡ ᠬᠦ᠌ ᠲᠠᠢ᠍ᠢ᠍ᠴᠢᠨ ᠪᠡᠬᠢᠯᠡᠯᠲᠡ ᠵᠢ ᠨᠡᠩ ᠬᠦᠴᠦᠷᠭᠡᠭ ᠪᠤᠯᠭ᠋ᠠᠨ ᠪᠠᠢ᠍ᠢ᠍ᠭᠤᠯᠵᠤ᠂ ᠨᠡᠶ᠋ᠢᠭᠡᠮ ᠲᠣᠭᠣᠷᠢᠭ᠎ᠤᠨ ᠨᠠᠮ᠎ᠤᠨ ᠭᠡᠰᠢᠭᠦᠨ᠂ ᠺᠡᠳ᠋ᠷᠴᠤᠳ᠎ᠤᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠪᠠᠳᠠᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠣᠭᠲᠡᠴᠡ ᠵᠢ ᠪᠦᠷᠢᠨᠰᠢᠬᠦᠯᠵᠤ᠂ ᠨᠡᠶ᠋ᠢᠭᠡᠮ ᠲᠣᠭᠣᠷᠢᠭ᠎ᠤᠨ ᠠᠵᠢᠯ᠎ᠢ ᠦᠨᠡᠨ ᠬᠦ᠌ ᠪᠣᠳᠠᠲᠠᠢ᠂ ᠪᠦᠬᠦ ᠬᠦᠴᠦ᠎ᠪᠠᠨ ᠰᠢᠪᠬᠠᠨ ᠬᠢᠵᠤ᠂ ᠤᠯᠠᠨ ᠲᠦᠮᠡᠨ᠎ᠤ ᠰᠠᠨᠠᠭ᠋ᠠᠰᠢᠷᠠᠵᠤ ᠪᠠᠶ᠋ᠢᠭ᠎ᠠ ᠶᠠᠪᠤᠳᠠᠯ᠂ ᠲᠦᠪᠡᠭᠳᠡᠵᠤ ᠪᠠᠶ᠋ᠢᠭ᠎ᠠ ᠶᠠᠪᠤᠳᠠᠯ᠎ᠤᠳ᠎ᠢ ᠰᠠᠶ᠋ᠢᠲᠤᠷ ᠰᠢᠢ᠍ᠳᠪᠦᠷᠢᠯᠡᠬᠦ ᠲᠤᠮᠳᠠ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠳᠡᠭᠡᠭᠰᠢᠯᠡᠭᠦᠯᠬᠦ ᠬᠡᠷᠡᠭᠲᠡᠢ᠃ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠪᠠᠲᠤ ᠴᠡᠭᠡᠵᠢᠯᠡᠵᠦ᠂ ᠠᠷᠠᠳ ᠲᠦ᠍ᠮᠡᠨᠢ ᠨᠡᠩ ᠵᠤᠯ ᠵᠢᠷᠭ᠋ᠠᠯ᠎ᠲᠠᠢ ᠠᠮᠢᠳᠤᠷᠠᠭᠤᠯᠬᠤ ᠵᠢᠨ ᠲᠦᠯᠦᠬᠡ ᠴᠢᠷᠮᠠᠢ᠍ᠢ᠍ᠬᠰᠠᠨ ᠳᠡᠭᠡᠷ᠎ᠠ᠎ᠪᠠᠨ ᠴᠢᠷᠮᠠᠢ᠍ᠢ᠍ᠵᠦ᠂ ᠴᠤᠴᠠᠯᠲᠠ ᠦᠭᠡᠢ ᠲᠡᠮᠡᠴᠡᠬᠦ ᠬᠡᠷᠡᠭᠲᠡᠢ ᠬᠡᠵᠤ ᠵᠢᠭ᠋ᠠᠵᠤ ᠭᠠᠷᠭ᠋ᠠᠪᠠ᠃
8᠎ᠤ ᠡᠳᠦᠷ᠂ ᠰᠢ ᠵᠢᠨ ᠫᠢᠩ ᠬᠠᠢ᠍ᠢ᠍ᠪᠸᠢ ᠵᠢᠨ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠵᠢᠨ ᠭᠠᠩᠼᠠ ᠰᠢᠶᠠᠨ᠎ᠳᠤ ᠰᠢᠨᠵᠢᠯᠡᠨ ᠪᠠᠶ᠋ᠢᠴᠠᠭ᠋ᠠᠪᠠ᠃ ᠲᠡᠷᠡ ᠡᠩ ᠲᠡᠷᠢᠭᠦᠨ᠎ᠳᠤ ᠬᠥᠬᠡᠨᠠᠭᠤᠷ᠎ᠤᠨ ᠰᠢᠶᠠᠨ ᠨᠢᠤᠢ ᠸᠠᠨ᠎ᠳᠤ ᠢᠷᠡᠵᠤ᠂ ᠬᠥᠬᠡᠨᠠᠭᠤᠷ ᠮᠤᠵᠢ ᠵᠢᠨ ᠴᠢ ᠯᠢᠶᠠᠨ ᠱᠠᠨ᠎ᠤ ᠠᠭᠤᠯᠠᠷᠬᠠᠭ ᠣᠷᠣᠨ ᠪᠣᠯᠤᠨ ᠬᠥᠬᠡᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠭᠰᠠᠨ ᠪᠠᠶ᠋ᠢᠳᠠᠯ᠎ᠤᠨ ᠲᠤᠬᠠᠢ ᠲᠠᠨᠢᠯᠴᠠᠭᠤᠯᠭ᠎ᠠ ᠵᠢ ᠰᠣᠨᠣᠰᠪᠠ᠃ ᠳᠠᠷᠠᠭ᠎ᠠ᠎ᠨᠢ᠂ ᠮᠣᠳᠣᠨ ᠬᠦᠬᠦᠷᠬᠡᠨ ᠵᠠᠮ ᠵᠶ᠋ᠠᠷ ᠠᠯᠬᠤᠯᠠᠵᠤ ᠪᠠᠶ᠋ᠢᠴᠠᠭ᠋ᠠᠨ ᠦᠵᠡᠪᠡ᠃ ᠦᠷᠬᠡᠨ ᠶᠡᠬᠡ ᠨᠠᠭᠤᠷ᠎ᠤᠨ ᠤᠰᠤ᠎ᠨᠢ ᠴᠡᠪᠡᠷ ᠲᠤᠩᠭ᠋ᠠᠯᠠᠭ ᠪᠠᠢ᠍ᠢ᠍ᠵᠤ᠂ ᠰᠢᠪᠠᠭᠤᠳ ᠲᠡᠬᠦᠯᠢᠨ ᠨᠢᠰᠤᠨ᠎ᠠ᠃ ᠰᠢ ᠵᠢᠨ ᠫᠢᠩ᠂ ᠬᠥᠬᠡᠨᠠᠭᠤᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠣᠷᠴᠢᠨ ᠲᠣᠭᠣᠷᠢᠨ᠎ᠤ ᠵᠠᠰᠠᠯᠲᠠ ᠵᠢᠨ ᠣᠯᠤᠭᠰᠠᠨ ᠦᠷ᠎ᠡ ᠪᠦᠲᠦᠮᠵᠢ ᠪᠣᠯ ᠬᠢᠯᠪᠠᠷ ᠪᠤᠰᠤ᠎ᠪᠠᠷ ᠢᠷᠡᠭᠰᠡᠨ ᠶᠤᠮ᠂ ᠬᠤᠪᠢ ᠲᠠᠬᠢᠨ ᠨᠠᠨᠳᠢᠩᠨᠠᠵᠤ᠂ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠠᠮᠢ ᠠᠬᠤᠶ ᠪᠣᠯ ᠮᠠᠨ᠎ᠤ ᠡᠷᠬᠢᠮ ᠨᠠᠨᠳᠢᠨ ᠡᠬᠢ ᠪᠠᠶᠠᠯᠢᠭ ᠪᠠ ᠦᠪ ᠬᠦᠷᠦᠩᠭᠡ ᠮᠥᠨ᠃ ᠤᠯᠤᠰ᠎ᠤᠨ ᠠᠮᠢ ᠠᠬᠤᠶ ᠵᠢᠨ ᠪᠠᠶ᠋ᠢᠯᠳᠤᠬᠤ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠭᠤᠷᠪᠠᠨ ᠮᠥᠷᠡᠨ᠎ᠤ ᠡᠬᠢ ᠵᠡᠷᠭᠡ ᠤᠯᠤᠰ᠎ᠤᠨ ᠴᠡᠴᠡᠷᠯᠢᠭ᠎ᠤᠨ ᠪᠠᠶ᠋ᠢᠭᠤᠯᠤᠮᠵᠢ ᠵᠢᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠳ᠋ᠦᠩᠨᠡᠵᠦ᠂ ᠤᠯᠤᠰ᠎ᠤᠨ ᠴᠡᠴᠡᠷᠯᠢᠭ ᠵᠶ᠋ᠠᠷ ᠭᠤᠤᠯ ᠴᠣᠭᠴᠠ ᠪᠣᠯᠭ᠋ᠠᠭᠰᠠᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠶ᠋ᠠᠷ ᠰᠠᠭᠤᠷᠢ ᠪᠣᠯᠭ᠋ᠠᠭᠰᠠᠨ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠴᠡᠴᠡᠷᠯᠢᠭ ᠵᠶ᠋ᠠᠷ ᠨᠥᠬᠥᠪᠥᠷᠢ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠠᠶ᠋ᠢᠭ᠋ᠠᠯᠢ ᠵᠢᠨ ᠠᠮᠢ ᠠᠬᠤᠶ ᠵᠢ ᠰᠠᠶ᠋ᠢᠲᠤᠷ ᠰᠠᠬᠢᠨ ᠬᠠᠮᠠᠭ᠋ᠠᠯᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠨ ᠪᠣᠶ᠋ᠢᠵᠢᠭᠤᠯᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠶ ᠬᠡᠵᠤ ᠴᠢᠬᠤᠯᠠᠴᠢᠯᠠᠪᠠ᠃
ᠱᠠ ᠯᠢᠦ ᠾᠧ ᠪᠠᠯᠭ᠋ᠠᠰᠤᠨ᠎ᠤ ᠭᠤᠯᠤᠬ ᠲᠦᠪᠡᠳ ᠦᠨᠳᠤᠰᠤᠳᠠᠨ᠎ᠤ ᠬᠦᠩᠮᠠ ᠲᠣᠰᠬᠣᠨ ᠪᠣᠯ ᠮᠠᠯᠴᠢᠳ᠎ᠢ ᠲᠥᠪᠯᠡᠷᠡᠭᠦᠯᠦᠨ ᠲᠥᠪᠬᠢᠨᠡᠭᠦᠯᠦᠭᠰᠡᠨ ᠰᠢᠨ᠎ᠡ ᠲᠣᠰᠬᠣᠨ ᠪᠤᠯᠤᠨ᠎ᠠ᠂ 2017 ᠣᠨ᠎ᠳᠤ ᠦᠬᠡᠷ ᠬᠣᠨᠢ ᠲᠡᠵᠢᠭᠡᠨ ᠦᠷᠡᠵᠢᠭᠦᠯᠬᠦ ᠦᠢ᠍ᠯᠡᠰ ᠵᠡᠷᠭᠡ ᠠᠵᠤ ᠦᠢ᠍ᠯᠡᠰ᠎ᠲᠤ ᠲᠦᠰᠢᠭᠯᠡᠨ ᠪᠥᠬᠥ ᠲᠣᠰᠬᠣᠨ ᠵᠶ᠋ᠠᠷ ᠵᠶ᠋ᠠᠨ ᠶᠠᠳᠠᠭᠤ᠎ᠠᠴᠠ᠎ᠪᠠᠨ ᠠᠩᠭᠢᠵᠢᠷᠠᠪᠡ᠃ ᠰᠢ ᠵᠢᠨ ᠫᠢᠩ ᠡᠨᠳᠡ ᠢᠷᠡᠬᠦ᠎ᠳᠤ᠂ ᠲᠥᠪᠡᠳ ᠮᠠᠯᠴᠢᠨ ᠰᠤᠳᠨᠠᠮᠰᠧᠷᠡᠩ ᠭᠡᠷ ᠪᠦᠯᠢ ᠵᠢᠨ᠎ᠬᠢᠨ ᠵᠶ᠋ᠠᠨ ᠳᠠᠭ᠋ᠠᠭᠤᠯᠤᠨ ᠶᠡᠷᠦᠩᠬᠡᠢ ᠱᠦᠵᠢ ᠵᠢ ᠭᠡᠷ᠎ᠲᠡᠭᠡᠨ ᠬᠠᠯᠠᠭᠤᠮᠰᠤᠬ ᠵᠶ᠋ᠠᠷ ᠤᠷᠢᠬᠤ ᠵᠢᠨ ᠬᠠᠮᠲᠤ ᠬᠠᠳᠠᠭ ᠪᠠᠷᠢᠪᠠ᠃ ᠰᠢ ᠵᠢᠨ ᠫᠢᠩ ᠬᠡᠷ᠎ᠲᠤ᠎ᠨᠢ ᠣᠷᠣᠵᠤ᠂ ᠬᠡᠷ᠎ᠤᠨ ᠳᠣᠲᠣᠨ᠎ᠠ ᠭᠠᠳᠠᠨᠠᠬᠢ ᠵᠢ᠎ᠨᠢ ᠨᠠᠷᠢᠯᠢᠬ ᠪᠠᠶ᠋ᠢᠴᠠᠭ᠋ᠠᠨ ᠦᠵᠡᠵᠤ ᠬᠡᠷ᠎ᠤᠨ ᠬᠥᠮᠦᠰ᠎ᠲᠠᠢ᠎ᠨᠢ ᠵᠣᠴᠢᠨ᠎ᠤ ᠥᠷᠥᠭᠡ᠎ᠳᠤ ᠲᠣᠭᠣᠷᠢᠨ ᠰᠠᠭᠤᠯᠴᠠᠵᠤ ᠵᠣᠭᠣᠭᠳᠠᠪᠠ᠃ ᠰᠤᠳᠨᠠᠮᠰᠧᠷᠡᠩ᠂ ᠮᠠᠯᠴᠢᠳ᠎ᠤᠨ ᠠᠮᠢᠳᠤᠷᠠᠯ ᠰᠠᠢ᠍ᠢ᠍ᠵᠢᠷᠠᠬᠰᠠᠨᠨᠢ ᠴᠦᠮ ᠨᠠᠮ᠎ᠤᠨ ᠲᠦᠷᠦ ᠵᠢᠨ ᠪᠤᠳᠤᠯᠭ᠎ᠠ ᠰᠠᠢ᠍ᠢ᠍ᠨ᠎ᠳᠤ ᠪᠠᠶ᠋ᠢᠬᠤ ᠶᠤᠮ᠂ ᠡᠪ ᠬᠠᠮᠲᠤ ᠨᠠᠮ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ᠂ ᠶᠡᠷᠦᠩᠬᠡᠢ ᠱᠦᠵᠢ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ ᠬᠡᠵᠤ ᠰᠡᠳᠬᠢᠯ ᠲᠤᠬᠳᠤᠯᠤᠨ ᠬᠡᠯᠡᠪᠡ᠃ ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠪᠣᠯᠤᠨ᠎ᠠ᠂ ᠮᠠᠨ᠎ᠤ ᠨᠠᠮ ᠬᠥᠭᠵᠢᠨ ᠪᠤᠵᠠᠭ᠋ᠠᠢ᠍ᠢ᠍ᠷᠠᠬᠰᠠᠨᠨᠢ ᠬᠢᠯᠪᠠᠷ ᠪᠤᠰᠤ ᠶᠤᠮ᠂ ᠵᠠᠰᠠᠭ᠎ᠤᠨ ᠡᠷᠬᠡ ᠵᠢ ᠲᠡᠮᠡᠴᠡᠨ ᠤᠯᠤᠬᠰᠠᠨ᠎ᠨᠢ ᠬᠢᠯᠪᠠᠷ ᠪᠤᠰᠤ ᠶᠤᠮ᠂ ᠰᠢᠨ᠎ᠡ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠤᠬᠰᠠᠨ᠎ᠨᠢ ᠬᠢᠯᠪᠠᠷ ᠪᠤᠰᠤ ᠶᠤᠮ᠃ ᠠᠷᠠᠳ ᠤᠯᠠᠨ ᠵᠶ᠋ᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠴᠢᠩ ᠰᠡᠳᠬᠢᠯ᠎ᠠᠴᠠ᠎ᠪᠠᠨ ᠬᠦᠷᠢᠶᠡᠯᠡᠵᠦ ᠪᠠᠶ᠋ᠢᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭᠲᠠ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠵᠦ᠂ ᠦᠨᠳᠦᠰᠦᠲᠡᠨ᠎ᠨᠦᠭᠦᠳ᠎ᠲᠤ ᠵᠣᠯ ᠵᠢᠷᠭ᠋ᠠᠯ ᠡᠳ᠋ᠯᠡᠬᠦᠯᠦᠭᠰᠡᠨ᠎ᠠᠴᠠ ᠪᠣᠯᠤᠭᠰᠠᠨ ᠶᠤᠮ ᠬᠡᠵᠤ ᠵᠢᠭ᠋ᠠᠵᠤ ᠭᠠᠷᠭ᠋ᠠᠪᠠ᠃
ᠰᠤᠳᠨᠠᠮᠰᠧᠷᠡᠩᠤᠨ ᠭᠡᠷ᠎ᠠᠴᠠ ᠭᠠᠷᠬᠤ᠎ᠳᠤ᠂ ᠲᠣᠰᠬᠣᠨ᠎ᠤ ᠠᠷᠠᠳ ᠶᠡᠷᠦᠩᠬᠡᠢ ᠱᠦᠵᠢ ᠢᠷᠡᠭᠰᠡᠨ᠎ᠢ ᠤᠯᠵᠤ ᠦᠵᠡᠬᠡᠳ ᠵᠠᠮ᠎ᠤᠨ ᠬᠠᠵᠠᠭᠤ᠎ᠳᠤ ᠬᠠᠯᠠᠭᠤᠮᠰᠤᠬ ᠵᠶ᠋ᠠᠷ ᠬᠦᠷᠢᠶᠠᠯᠠᠨ ᠠᠪᠴᠤ᠂ ᠪᠠᠶᠠᠷᠯᠠᠯᠲᠤᠨ ᠬᠥᠬᠡᠷᠤᠯᠲᠤᠵᠤ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ ᠪᠠᠶ᠋ᠢᠯ᠎ᠠ᠃ ᠰᠢ ᠵᠢᠨ ᠫᠢᠩ᠂ ᠨᠤᠲᠤᠭ᠎ᠤᠨ ᠠᠬ᠎ᠠ ᠳᠡᠭᠦᠦ ᠨᠡᠷ ᠵᠣᠯ ᠵᠢᠷᠭ᠋ᠠᠯ᠎ᠲᠠᠢ ᠠᠮᠢᠳᠤᠷᠠᠵᠤ ᠪᠠᠶ᠋ᠢᠬᠤ ᠵᠢ ᠦᠵᠡᠭᠡᠳ ᠪᠢ ᠮᠠᠰᠢ ᠪᠠᠶᠠᠷᠯᠠᠵᠤ ᠪᠠᠶ᠋ᠢᠨ᠎ᠠ᠃ ᠪᠢᠳᠡ ᠦᠷᠭᠦᠯᠵᠢᠯᠡᠨ ᠲᠡᠮᠡᠴᠡᠵᠦ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠪᠣᠯᠬᠤ ᠦᠶ᠎ᠡ᠎ᠳᠤ ᠳᠤᠮᠳᠠᠳᠤ ᠵᠢᠨ ᠦᠨᠳᠦᠰᠦᠲᠡᠨ ᠯᠠᠪᠲᠠᠢ ᠳᠡᠯᠡᠬᠡᠢ ᠵᠢᠨ ᠦᠨᠳᠦᠰᠦᠲᠡᠨ᠎ᠤ ᠡᠩᠨᠡᠭᠡᠨ᠎ᠳᠤ ᠨᠡᠩ ᠡᠷᠡᠰ ᠪᠠᠲᠤ ᠰᠡᠬᠦᠶ᠋ᠢᠨ ᠰᠦᠨᠳᠡᠷᠯᠡᠬᠦ ᠶᠤᠮ᠃ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ᠎ᠳᠤ ᠨᠢᠭᠡ ᠦᠨᠳᠦᠰᠦᠲᠡᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠳᠤᠮᠳᠠᠳᠤ ᠵᠢᠨ ᠦᠨᠳᠦᠰᠦᠲᠡᠨ᠎ᠤ ᠲᠤᠮᠤ ᠬᠡᠷ ᠪᠦᠯᠢ᠎ᠳᠤ᠂ ᠣᠯᠠᠨ ᠵᠶ᠋ᠠᠷ ᠵᠶ᠋ᠠᠨ ᠠᠨᠠᠷ᠎ᠤᠨ ᠥᠷ᠎ᠡ ᠰᠢᠭ ᠨᠢᠭᠲᠠᠷᠠᠨ ᠪᠦᠯᠬᠦᠮᠳᠡᠵᠦ᠂ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠪᠠᠯ ᠰᠠᠶᠢ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠬᠦᠰᠡᠯ ᠵᠡᠭᠦᠳᠦ ᠵᠢ ᠪᠡᠶᠡᠯᠡᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠴᠡᠴᠡᠭ ᠰᠠᠶᠢ ᠥᠨᠢᠳᠡ ᠵᠤᠯᠭ᠋ᠠᠷᠠᠰᠢ ᠦᠬᠡᠢ ᠪᠠᠳᠠᠷᠠᠨ ᠲᠡᠯᠬᠡᠷᠡᠵᠤ ᠴᠢᠳᠠᠨ᠎ᠠ ᠬᠡᠵᠤ ᠰᠡᠳᠬᠢᠯ ᠲᠤᠬᠳᠤᠯᠤᠨ ᠬᠡᠯᠡᠪᠡ᠃ ᠰᠢ ᠵᠢᠨ ᠫᠢᠩ ᠤᠯᠠᠨ᠎ᠢ 《ᠵᠠ ᠰᠢ ᠳ᠋ᠧ ᠯᠧ》 ᠬᠡᠵᠦ ᠵᠦᠩᠨᠠᠨ ᠢᠷᠤᠬᠡᠪᠡ᠃
9᠎ᠤ ᠦᠳᠡ ᠵᠢᠨ ᠡᠮᠦᠨ᠎ᠡ᠂ ᠰᠢ ᠵᠢᠨ ᠫᠢᠩ ᠬᠥᠬᠡᠨᠠᠭᠤᠷ ᠮᠤᠵᠢ ᠵᠢᠨ ᠨᠠᠮ᠎ᠤᠨ ᠬᠣᠷᠢᠶ᠎ᠠ ᠪᠣᠯᠤᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠥᠬᠡᠨᠠᠭᠤᠷ᠎ᠤᠨ ᠡᠯ᠎ᠡ ᠵᠦᠢ᠍ᠯ᠎ᠤᠨ ᠠᠵᠢᠯ᠎ᠤᠨ ᠤᠯᠤᠭᠰᠠᠨ ᠠᠮᠵᠢᠯᠲᠠ ᠵᠢ ᠨᠤᠲᠠᠯᠠᠵᠤ᠂ ᠬᠥᠬᠡᠨᠠᠭᠤᠷ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠵᠠᠮ ᠨᠡᠭᠡᠭᠡᠨ ᠰᠢᠨ᠎ᠡ ᠵᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠵᠢ ᠪᠡᠯᠭᠡᠯᠡᠬᠦ ᠵᠢ ᠬᠦᠰᠡᠪᠡ᠃
ᠰᠢ ᠵᠢᠨ ᠫᠢᠩ᠂ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠢ᠍ᠢ᠍ᠭᠤᠯᠬᠤ᠎ᠳᠤ ᠬᠥᠬᠡᠨᠠᠭᠤᠷ᠎ᠤᠨ ᠠᠮᠢ ᠠᠬᠤᠢ ᠵᠢᠨ ᠠᠮᠤᠷ ᠲᠦᠪᠰᠢᠨ᠎ᠤ ᠪᠠᠶ᠋ᠢᠷᠢ ᠰᠠᠭᠤᠷᠢ᠂ ᠤᠯᠤᠰ᠎ᠤᠨ ᠭᠠᠵᠠᠷ ᠰᠢᠷᠦᠢ ᠵᠢᠨ ᠠᠮᠤᠷ ᠲᠦᠪᠰᠢᠨ᠎ᠤ ᠪᠠᠶ᠋ᠢᠷᠢ ᠰᠠᠭᠤᠷᠢ᠂ ᠡᠬᠢ ᠪᠠᠶᠠᠯᠢᠭ ᠡᠨᠧᠷᠭᠢ ᠵᠢᠨ ᠠᠮᠤᠷ ᠲᠦᠪᠰᠢᠨ᠎ᠤ ᠪᠠᠶ᠋ᠢᠷᠢ ᠰᠠᠭᠤᠷᠢ ᠨᠡᠩ ᠴᠢᠬᠤᠯᠠ ᠪᠣᠯᠪᠠ᠃ ᠤᠯᠤᠰ᠎ᠤᠨ ᠭᠠᠵᠠᠷ ᠰᠢᠷᠦᠢ ᠵᠢᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ᠎ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠪᠠᠷᠢᠮᠲᠠᠯᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠳᠠᠪᠠᠭᠤᠯᠢᠭ ᠵᠶ᠋ᠠᠨ ᠪᠠᠳᠠᠷᠠᠭᠤᠯᠤᠨ ᠳᠤᠲᠠᠭᠤᠳᠠᠯ ᠵᠶ᠋ᠠᠨ ᠨᠦᠬᠦᠪᠤᠷᠢᠯᠡᠵᠤ᠂ ᠣᠷᠣᠨ ᠨᠤᠲᠤᠭ᠎ᠤᠨ ᠣᠨᠴᠠᠯᠢᠭ᠎ᠲᠠᠢ ᠴᠢᠨᠠᠷ ᠰᠠᠶ᠋ᠢᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ᠃ ᠥᠨᠳᠥᠷᠯᠢᠭ᠎ᠤᠨ ᠣᠨᠴᠠᠭ᠋ᠠᠢ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠢᠳᠡᠪᠬᠢᠲᠡᠶ ᠬᠦᠭᠵᠢᠬᠦᠯᠵᠤ᠂ ᠳᠡᠯᠡᠬᠡᠶ ᠵᠢᠨ ᠲᠠᠰ᠎ᠤᠨ ᠳᠠᠪᠤᠰᠤᠨ ᠨᠠᠭᠤᠷ᠎ᠤᠨ ᠠᠵᠤ ᠦᠢ᠍ᠯᠡᠰ᠎ᠤᠨ ᠰᠠᠭᠤᠷᠢᠨ᠎ᠤ ᠪᠥᠲᠥᠬᠡᠨ ᠪᠠᠢ᠍ᠢ᠍ᠭᠤᠯᠤᠯᠲᠠ ᠵᠢ ᠲᠦᠷᠭᠡᠳᠬᠡᠵᠦ ᠪᠦᠲᠦᠬᠡᠨ᠂ ᠤᠯᠤᠰ᠎ᠤᠨ ᠴᠡᠪᠡᠷ ᠡᠨᠧᠷᠭᠢ ᠵᠢᠨ ᠠᠵᠤ ᠦᠢ᠍ᠯᠡᠰ᠎ᠤᠨ ᠥᠨᠳᠥᠷᠯᠢᠭ᠂ ᠣᠯᠠᠨ ᠤᠯᠤᠰ᠎ᠤᠨ ᠠᠮᠢ ᠠᠬᠤᠶ ᠵᠢᠨ ᠵᠢᠭᠤᠯᠴᠢᠯᠠᠯ᠎ᠤᠨ ᠬᠠᠷᠠᠯᠳᠠᠳᠤ ᠤᠷᠤᠨ᠂ ᠪᠣᠬᠢᠷᠲᠤᠯ ᠥᠬᠡᠶ ᠣᠷᠭ᠋ᠠᠨᠢᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠰᠢ ᠭᠠᠷᠭ᠋ᠠᠬᠤ ᠤᠷᠤᠨ᠎ᠢ ᠡᠬᠦᠳᠦᠨ ᠪᠠᠢ᠍ᠢ᠍ᠭᠤᠯᠬᠤ ᠬᠡᠷᠡᠭᠳᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠠᠶ᠋ᠢᠭᠤᠯᠤᠮᠵᠢ ᠲᠣᠭᠲᠡᠴᠡ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ ᠵᠢ ᠡᠭᠦᠳᠬᠦ ᠬᠡᠯᠪᠡᠷᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠲᠦᠷᠭᠡᠳᠬᠡᠵᠦ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠰᠢᠨ᠎ᠡ ᠴᠠᠭ ᠦᠶ᠎ᠡ᠎ᠳᠤ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠵᠤ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠨᠠᠮ᠎ᠤᠨ ᠲᠥᠪ ᠬᠣᠷᠢᠶᠠᠨ᠎ᠤ ᠪᠠᠶ᠋ᠢᠯᠳᠤᠬᠤ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠥᠬᠡᠮᠥ᠋ᠷᠡᠨ᠎ᠤ ᠠᠵᠤ ᠠᠬᠤᠶ ᠵᠢᠨ ᠤᠷᠤᠨ ᠪᠦᠰᠡ ᠵᠢᠨ ᠬᠥᠭᠵᠢᠯᠲᠡ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠡᠷᠭᠡ ᠣᠷᠣᠨ ᠪᠦᠰᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠯᠴᠠᠭᠤᠯᠵᠤ᠂ ᠠᠵᠤ ᠠᠬᠤᠶ ᠵᠢᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ ᠵᠶ᠋ᠠᠨ ᠴᠢᠩᠭ᠋ᠠᠳᠬᠠᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠢᠯᠠᠩᠭᠤᠶ᠎ᠠ ᠭᠣᠣᠯ ᠬᠠᠷᠢᠭᠤᠴᠠᠯᠭ᠋ᠠᠲᠠᠨ ᠨᠥᠬᠥᠳ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠡᠳ᠋᠎ᠤᠨ ᠵᠠᠰᠠᠭ᠂ ᠭᠠᠶ᠋ᠢᠯᠢ᠂ ᠬᠢᠨᠠᠨ ᠪᠤᠳᠤᠯᠳᠠ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠡᠯ᠎ᠡ ᠲᠠᠯ᠎ᠠ ᠵᠢᠨ ᠪᠡᠯᠡ ᠮᠥᠩᠭᠥ ᠵᠢ ᠰᠠᠶ᠋ᠢᠲᠤᠷ ᠬᠠᠮᠢᠶᠠᠷᠤᠨ ᠰᠠᠶ᠋ᠢᠲᠤᠷ ᠬᠡᠷᠡᠭᠯᠡᠵᠦ᠂ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠦᠨᠡᠨ ᠬᠦ᠌ ᠰᠡᠷᠭᠡᠶ᠋ᠢᠯᠡᠵᠦ᠂ ᠡᠳ᠋᠎ᠤᠨ ᠵᠠᠰᠠᠭ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠦᠷᠦ ᠵᠢᠨ ᠪᠤᠳᠤᠯᠭ᠎ᠠ ᠪᠣᠯᠤᠨ ᠠᠵᠢᠯ᠎ᠤᠨ ᠪᠠᠶ᠋ᠢᠷᠢᠯᠠᠭᠤᠯᠤᠯᠲᠠ ᠵᠢ ᠴᠢᠩᠭ᠎ᠠ ᠬᠡᠷᠡᠭᠵᠢᠭᠦᠯᠵᠦ᠂ ᠠᠷᠪᠢᠴᠢ ᠭᠠᠮᠲᠠᠢ ᠠᠮᠢᠳᠤᠷᠠᠬᠤ ᠱᠠᠭ᠋ᠠᠷᠳᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠥᠬᠡᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠪᠣᠯ 《ᠤᠯᠤᠰ᠎ᠤᠨ ᠶᠡᠬᠡ ᠶᠠᠪᠤᠳᠠᠯ ᠮᠥᠨ》᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠳᠡᠯᠡᠬᠡᠢ ᠵᠢᠨ ᠪᠥᠮᠪᠥᠷᠴᠡᠭ᠎ᠤᠨ ᠭᠤᠷᠪᠠᠳᠤᠭ᠋ᠠᠷ ᠲᠤᠶ᠋ᠢᠯ᠎ᠤᠨ ᠠᠮᠢ ᠠᠬᠤᠢ ᠵᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠭᠤᠷᠪᠠᠨ ᠮᠥᠷᠡᠨ᠎ᠤ ᠡᠬᠢ ᠵᠢ ᠬᠠᠮᠠᠭ᠋ᠠᠯᠠᠬᠤ ᠵᠢ ᠬᠥᠬᠡᠨᠠᠭᠤᠷ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠭᠤᠷᠪᠠᠨ ᠮᠥᠷᠡᠨ᠎ᠤ ᠡᠬᠢ ᠵᠢ ᠬᠠᠮᠠᠭ᠋ᠠᠯᠠᠬᠤ᠂ 《ᠳᠤᠮᠳᠠᠳᠤ ᠵᠢᠨ ᠤᠰᠤᠨ ᠰᠤᠪᠤᠷᠭ᠎ᠠ》 ᠵᠢ ᠬᠠᠮᠠᠭ᠋ᠠᠯᠠᠬᠤ ᠴᠢᠬᠤᠯᠠ ᠶᠡᠬᠡ ᠡᠭᠦᠷᠭᠡ ᠵᠢ ᠰᠠᠶ᠋ᠢᠲᠤᠷ ᠡᠭᠦᠷᠭᠡᠯᠡᠬᠦ ᠬᠡᠷᠡᠭᠲᠡᠢ᠃ ᠤᠯᠤᠰ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠰᠢᠯᠤᠭᠤᠳᠬᠠᠵᠤ᠂ ᠠᠵᠢᠯᠯᠠᠭ᠋ᠠᠨ᠎ᠤ ᠲᠣᠭᠲᠡᠴᠡ ᠵᠢᠨ ᠰᠢᠨ᠎ᠡ ᠵᠢ ᠡᠭᠦᠳᠴᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠲᠡᠷᠡ ᠬᠡᠪ ᠵᠶ᠋ᠠᠷ᠎ᠨᠢ ᠳᠡᠯᠭᠡᠷᠡᠭᠦᠯᠵᠦ ᠪᠣᠯᠬᠤ ᠨᠠᠩ ᠣᠯᠠᠨ ᠲᠤᠷᠰᠢᠯᠭ᠎ᠠ ᠵᠢ ᠰᠦᠪᠡᠭᠴᠢᠯᠡᠬᠦ ᠬᠡᠷᠡᠭᠲᠡᠶ᠃ ᠴᠠᠰᠤᠲᠤ ᠠᠭᠤᠯᠠ ᠮᠥᠰᠤ᠎ᠲᠤ ᠲᠠᠯ᠎ᠠ᠂ ᠮᠥᠷᠡᠨ᠎ᠤ ᠡᠬᠢ ᠵᠢᠨ ᠰᠠᠪᠠ ᠭᠠᠵᠠᠷ᠂ ᠨᠠᠭᠤᠷ ᠪᠦᠷᠢ᠎ᠳᠤ᠂ ᠨᠤᠲᠤᠭ ᠪᠡᠯᠴᠢᠭᠡᠷ ᠨᠤᠭᠤ ᠭᠠᠵᠠᠷ᠂ ᠡᠯᠡᠰᠦᠷᠬᠡᠭ ᠭᠠᠵᠠᠷ ᠴᠦᠯᠯᠡᠷᠭᠡᠭᠵᠢᠭᠰᠡᠨ ᠭᠠᠵᠠᠷ ᠵᠡᠷᠭᠡ ᠵᠢᠨ ᠠᠮᠢ ᠠᠬᠤᠢ ᠵᠢ ᠵᠠᠰᠠᠵᠤ ᠰᠡᠷᠭᠦᠭᠡᠬᠦ ᠵᠢ ᠴᠢᠩᠭ᠋ᠠᠳᠬᠠᠵᠤ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠵᠤ᠂ ᠤᠰᠤ ᠬᠦᠷᠦᠰᠦᠨ᠎ᠤ ᠢᠳᠡᠭᠳᠡᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠵᠤ᠂ ᠤᠰᠤᠨ᠎ᠤ ᠰᠤᠷᠪᠤᠯᠵᠢ ᠵᠢ ᠬᠠᠳᠠᠭ᠋ᠠᠯᠠᠬᠤ ᠴᠢᠳᠠᠪᠤᠷᠢ ᠵᠢ ᠪᠡᠬᠢᠵᠢᠭᠦᠯᠦᠨ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠬᠯᠠᠬᠤ ᠵᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃
ᠰᠢ ᠵᠢᠨ ᠫᠢᠩ᠂ ᠠᠷᠠᠳ ᠲᠦᠮᠡᠨ᠎ᠤ ᠬᠠᠶ᠋ᠢᠷ᠎ᠠ ᠰᠡᠳᠬᠢᠯᠭᠡ ᠵᠢ ᠪᠠᠲᠤ ᠰᠠᠬᠢᠵᠤ᠂ ᠠᠷᠠᠳ ᠲᠦᠮᠡᠨ᠎ᠳᠤ ᠨᠢᠭᠲᠠ ᠲᠦᠰᠢᠭᠯᠡᠵᠦ᠂ ᠠᠷᠠᠳ ᠲᠦᠮᠡᠨ᠎ᠳᠤ ᠲᠠᠰᠤᠷᠠᠯᠳᠠ ᠦᠭᠡᠢ ᠪᠤᠶᠠᠨ ᠦᠢ᠍ᠯᠡᠳᠴᠦ᠂ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠦᠲᠦᠮᠵᠢᠲᠡᠢ ᠠᠷᠭ᠎ᠠ ᠬᠡᠮᠵᠢᠶ᠎ᠡ᠎ᠪᠠᠷ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ᠂ ᠣᠷᠣᠯᠭ᠎ᠠ ᠵᠢᠨ ᠬᠤᠪᠢᠶᠠᠷᠢᠯᠠᠯᠲᠠ᠂ ᠰᠤᠷᠭ᠋ᠠᠨ ᠬᠥᠮᠦᠵᠢᠯ᠂ ᠨᠡᠶ᠋ᠢᠭᠡᠮ᠎ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ᠂ ᠨᠠᠶ᠋ᠢᠳᠠᠨ ᠬᠥᠮᠦᠵᠢᠭᠦᠯᠬᠦ᠂ ᠢᠳᠡᠭᠡᠨ᠎ᠤ ᠠᠮᠤᠷ ᠲᠦᠪᠰᠢᠨ᠂ ᠨᠡᠶ᠋ᠢᠭᠡᠮ᠎ᠤᠨ ᠠᠮᠤᠷ ᠲᠥᠪᠰᠢᠨ ᠵᠡᠷᠭᠡ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠰᠢᠢ᠍ᠳᠪᠦᠷᠢᠯᠡᠵᠦ᠂ ᠠᠮᠢ ᠠᠬᠤᠢ ᠪᠣᠯᠤᠨ ᠠᠷᠠᠳ᠎ᠤᠨ ᠠᠮᠢᠳᠤᠷᠠᠯ᠎ᠤᠨ ᠬᠠᠷᠢᠴᠠᠭ᠎ᠠ ᠵᠢ ᠵᠣᠬᠢᠰᠲᠠᠢ ᠰᠢᠢ᠍ᠳᠪᠦᠷᠢᠯᠡᠵᠦ᠂ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠠᠷᠢᠯᠴᠠᠨ ᠵᠣᠬᠢᠴᠠᠩᠭᠤᠢ ᠪᠠᠢ᠍ᠢ᠍ᠬᠤ ᠵᠢ ᠪᠡᠶᠡᠯᠡᠭᠦᠯᠬᠦ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠵᠤ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠪᠠᠷᠢᠮᠵᠢᠶᠠᠵᠢᠭᠰᠠᠨ ᠪᠣᠬᠢᠷᠲᠤᠯ ᠦᠭᠡᠢ ᠦᠢ᠍ᠯᠡᠳᠪᠦᠷᠢᠯᠡᠯ᠎ᠢ ᠴᠢᠩᠭ᠋ᠠᠳᠬᠠᠵᠤ᠂ ᠣᠷᠭ᠋ᠠᠨᠢᠭ ᠤᠨᠴᠠᠯᠢᠬᠳᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠣᠨ᠎ᠤ ᠪᠦᠳᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠶ᠋ᠢᠵᠢᠷᠠᠭᠤᠯᠵᠤ᠂ ᠮᠠᠯᠴᠢᠨ ᠲᠠᠷᠢᠶᠠᠴᠢᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃ ᠰᠢ ᠵᠢᠨ ᠫᠢᠩ ᠬᠥᠬᠡᠨᠠᠭᠤᠷ ᠮᠤᠵᠢ ᠵᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠶ᠋ᠠᠷ ᠳᠠᠮᠵᠢᠭᠤᠯᠤᠨ ᠮᠠᠳᠦᠢ ᠵᠢᠨ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠴᠢᠩ ᠰᠡᠳᠬᠢᠯ᠎ᠠᠴᠠ᠎ᠪᠠᠨ ᠲᠣᠬᠣᠨᠢᠭᠤᠯᠵᠤ᠂ ᠭᠠᠮᠰᠢᠭ᠎ᠤᠨ ᠳᠠᠷᠠᠭ᠋ᠠᠬᠢ ᠰᠡᠷᠭᠦᠭᠡᠵᠦ ᠲᠠᠬᠢᠨ ᠪᠦᠳᠦᠭᠡᠨ ᠪᠠᠶ᠋ᠢᠭᠤᠯᠬᠤ ᠠᠵᠢᠯ᠎ᠢ ᠦᠨᠡᠨ ᠬᠦ᠌ ᠰᠠᠶ᠋ᠢᠲᠤᠷ ᠠᠳᠬᠤᠵᠤ᠂ ᠤᠯᠠᠨ ᠲᠦᠮᠡᠨ᠎ᠤ ᠬᠦᠴᠢᠷᠳᠡᠯ᠎ᠢ ᠰᠢᠢ᠍ᠳᠪᠦᠷᠢᠯᠡᠵᠦ᠂ ᠤᠯᠠᠨ ᠲᠦᠮᠡᠨ᠎ᠤ ᠰᠡᠳᠬᠢᠯ᠎ᠢ ᠠᠮᠤᠷᠵᠢᠭᠤᠯᠵᠦ᠂ ᠤᠯᠠᠨ ᠲᠦᠮᠡᠨ᠎ᠤ ᠰᠡᠳᠬᠢᠯ᠎ᠢ ᠳᠤᠯᠠᠭ᠋ᠠᠴᠡᠭᠤᠯᠵᠤ᠂ ᠵᠣᠯ ᠵᠢᠷᠭ᠋ᠠᠯᠲᠤ ᠰᠠᠢ᠍ᠢ᠍ᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠬᠤ ᠬᠡᠷᠡᠭᠲᠡᠢ ᠭᠡᠵᠦ ᠱᠠᠭ᠋ᠠᠷᠳᠠᠪᠠ᠃
ᠰᠢ ᠵᠢᠨ ᠫᠢᠩ᠂ ᠬᠥᠬᠡᠨᠠᠭᠤᠷ ᠪᠣᠯ ᠰᠢᠨᠵᠢᠶᠠᠩ᠎ᠢ ᠲᠣᠭᠲᠠᠪᠤᠷᠢᠵᠢᠭᠤᠯᠵᠤ ᠲᠥᠪᠡᠳ᠎ᠢ ᠪᠠᠳᠤᠳᠬᠠᠬᠤ ᠪᠠᠶ᠋ᠢᠯᠳᠤᠬᠤ ᠪᠤᠳᠤᠯᠭ᠎ᠠ ᠵᠢᠨ ᠴᠢᠬᠤᠯᠠ ᠭᠠᠵᠠᠷ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠮᠤᠵᠢ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠬᠦ ᠬᠡᠷᠡᠭᠲᠡᠶ᠃ ᠱᠠᠰᠢᠨ ᠰᠤᠷᠲᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠨ᠂ ᠱᠠᠰᠢᠨ ᠰᠤᠷᠲᠠᠬᠤᠨ᠎ᠢ ᠢᠳᠡᠪᠬᠢᠲᠡᠢ ᠬᠦᠳᠦᠯᠦᠨ ᠵᠢᠯᠣᠭᠣᠳᠴᠤ ᠨᠡᠶ᠋ᠢᠭᠡᠮ ᠵᠢᠷᠤᠮᠳᠤ ᠨᠡᠶ᠋ᠢᠭᠡᠮ᠎ᠯᠦᠭᠡ ᠵᠣᠬᠢᠴᠠᠭᠤᠯᠬᠤ ᠬᠡᠷᠡᠭᠲᠡᠢ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠤᠯᠤᠰ᠎ᠤᠨ ᠠᠮᠤᠷ ᠲᠦᠪᠰᠢᠨ᠎ᠢ ᠡᠷᠡᠰ ᠬᠠᠮᠠᠭ᠋ᠠᠯᠠᠬᠤ ᠬᠡᠷᠡᠭᠲᠡᠢ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠵᠢ ᠤᠬᠲᠤ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠬᠦᠨᠳᠦ ᠣᠨᠴᠠ ᠶᠡᠬᠡ ᠠᠶᠤᠯᠭᠦᠢ ᠦᠢ᠍ᠯᠡᠳᠪᠦᠷᠢᠯᠡᠯ᠎ᠤᠨ ᠡᠨᠳᠡᠯ᠎ᠢ ᠪᠦᠲᠦᠮᠵᠢᠲᠡᠢ ᠬᠣᠷᠢᠬᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠵᠢᠯ᠎ᠢ ᠪᠠᠶ᠋ᠢᠩᠭᠤᠵᠢᠭᠤᠯᠬᠤ ᠵᠢ ᠠᠬᠢᠭᠤᠯᠵᠤ᠂ ᠤᠯᠤᠰ ᠲᠦᠷᠦ ᠬᠠᠤᠯᠢ ᠴᠠᠭ᠋ᠠᠵᠠ ᠵᠢᠨ ᠡᠩᠨᠡᠭᠡᠨ᠎ᠤ ᠬᠥᠮᠦᠵᠢᠯ ᠴᠡᠭᠴᠡᠯᠡᠯᠲᠡ ᠵᠢ ᠭᠦᠨᠵᠡᠭᠡᠶ᠋ᠢᠷᠡᠭᠦᠯᠵᠦ᠂ ᠨᠡᠶ᠋ᠢᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠮᠠᠨ᠎ᠤ ᠨᠠᠮ ᠵᠠᠭᠤᠨ ᠵᠢᠯ᠎ᠤᠨ ᠲᠡᠮᠡᠴᠡᠯ᠎ᠤᠨ ᠳᠤᠮᠳᠠ᠂ ᠠᠯᠢ ᠤᠯᠠᠨ ᠲᠤᠰ ᠲᠤᠰ᠎ᠤᠨ ᠣᠨᠴᠠᠯᠢᠭ᠎ᠲᠠᠢ ᠬᠤᠪᠢᠰᠬᠠᠯᠲᠤ ᠵᠣᠷᠢᠭ ᠰᠠᠨᠠᠭ᠎ᠠ ᠵᠢ ᠪᠤᠢ ᠪᠣᠯᠭ᠋ᠠᠵᠤ᠂ ᠨᠠᠮ᠎ᠤᠨ ᠡᠷᠡᠰ ᠪᠠᠲᠤ ᠢᠲᠡᠭᠡᠯ ᠪᠢᠰᠢᠷᠡᠯ᠂ ᠦᠨᠳᠦᠰᠦᠨ ᠵᠣᠷᠢᠯᠲᠠ᠂ ᠰᠢᠯᠢᠳᠡᠭ ᠰᠤᠷᠲᠠᠯ᠎ᠢ ᠲᠥᠪᠯᠡᠷᠡᠩᠭᠦᠢ ᠢᠯᠡᠷᠡᠭᠦᠯᠵᠡᠢ᠂ ᠡᠨᠡ ᠪᠣᠯ ᠪᠢᠳᠡᠨ᠎ᠢ ᠤᠷᠮᠠᠰᠢᠭᠤᠯᠤᠨ ᠵᠣᠷᠢᠭᠵᠢᠭᠤᠯᠵᠤ ᠴᠥᠬᠥᠷᠡᠰᠢ ᠦᠭᠡᠢ ᠲᠡᠮᠡᠴᠡᠭᠦᠯᠬᠦ ᠡᠷᠬᠢᠮ ᠨᠠᠨᠳᠢᠨ ᠤᠶᠤᠨ ᠰᠠᠨᠠᠭ᠋ᠠᠨ᠎ᠤ ᠥᠪ ᠬᠦᠷᠦᠩᠭᠡ ᠮᠥᠨ᠃ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠳᠤᠮᠳᠠ ᠲᠡᠦᠬᠡ ᠵᠢ ᠰᠤᠷᠤᠯᠴᠠᠵᠤ ᠶᠣᠰᠣ ᠰᠤᠷᠲᠠᠬᠤᠨ᠎ᠢ ᠲᠡᠬᠡᠲᠤᠯᠡᠬᠥ ᠵᠢ ᠪᠡᠶᠡᠯᠡᠭᠦᠯᠬᠦ᠎ᠳᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠥᠨ ᠳᠠᠭ᠋ᠠᠭᠤᠯᠵᠤ ᠬᠤᠪᠢᠰᠬᠠᠯ᠎ᠤᠨ ᠤᠯᠠᠮᠵᠢᠯᠡᠯᠢ ᠤᠯᠠᠮᠵᠢᠯᠠᠵᠤ᠂ ᠡᠷᠬᠢᠮ ᠳᠡᠭᠡᠳᠦ ᠶᠣᠰᠣ ᠰᠤᠷᠲᠠᠬᠤᠨ ᠵᠠᠩ ᠴᠢᠨᠠᠷ᠎ᠢ ᠬᠥᠮᠦᠵᠢᠭᠦᠯᠬᠦ ᠬᠡᠷᠡᠭᠲᠡᠢ᠃ ᠨᠢᠭᠡ᠎ᠳᠤ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠶᠡᠬᠡ ᠮᠣᠷᠠᠯ᠎ᠢ ᠳᠡᠭᠡᠳᠦᠯᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠨᠠᠮ᠎ᠳᠤ ᠣᠷᠣᠬᠤ ᠦᠶ᠎ᠡ ᠵᠢᠨ ᠨᠠᠮ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠨᠠᠮ᠎ᠠᠴᠠ ᠡᠭᠦᠷᠢᠳᠡ ᠤᠷᠪᠠᠬᠤ ᠦᠭᠡᠢ ᠪᠠᠶ᠋ᠢᠬᠤ ᠲᠠᠩᠭ᠋ᠠᠷᠢᠭ ᠵᠶ᠋ᠠᠨ ᠡᠭᠦᠷᠢᠳᠡ ᠴᠡᠭᠡᠵᠢᠯᠡᠵᠦ᠂ ᠢᠮᠠᠭᠲᠠ ᠨᠠᠮ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠨᠠᠮ᠎ᠤᠨ ᠦᠢ᠍ᠯᠡᠰ᠎ᠲᠤ ᠦᠨᠡᠨᠴᠢ ᠰᠢᠳᠤᠷᠭᠤ ᠪᠠᠶ᠋ᠢᠵᠤ᠂ ᠰᠡᠳᠬᠢᠯ ᠰᠢᠭᠤᠳᠤᠨ ᠨᠠᠮ ᠵᠶ᠋ᠠᠨ ᠲᠠᠭ᠋ᠠᠵᠤ᠂ ᠤᠬᠲᠤ ᠭᠤᠢ᠍ᠢ᠍ᠪᠢᠯᠵᠠᠬᠤ ᠦᠭᠡᠢ ᠪᠠᠶ᠋ᠢᠬᠤ ᠬᠡᠷᠡᠭᠲᠡᠢ᠃ ᠬᠣᠶᠠᠷ᠎ᠲᠤ᠂ ᠠᠷᠠᠳ ᠲᠦᠮᠡᠨ᠎ᠳᠤ ᠪᠤᠶᠠᠨ ᠦᠢ᠍ᠯᠡᠳᠬᠦ ᠨᠡᠶ᠋ᠢᠲᠡ ᠵᠢᠨ ᠶᠣᠰᠣ ᠰᠤᠷᠲᠠᠬᠤᠨ᠎ᠢ ᠳᠡᠭᠡᠳᠦᠯᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠠᠷᠠᠳ ᠲᠦᠮᠡᠨ᠎ᠤ ᠵᠣᠭᠰᠣᠯᠲᠠ᠎ᠪᠠᠨ ᠪᠠᠳᠤ ᠰᠠᠬᠢᠵᠤ᠂ ᠢᠮᠠᠭᠲᠠ ᠠᠷᠠᠳ ᠲᠦᠮᠡᠨ᠎ᠲᠠᠢ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠦᠬᠦᠵᠦ ᠰᠡᠭᠡᠬᠦ᠎ᠪᠠᠨ ᠬᠠᠮᠲᠤᠳᠬᠠᠵᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠠᠷᠠᠳ ᠲᠦᠮᠡᠨ᠎ᠳᠤ ᠪᠤᠶᠠᠨ ᠦᠢ᠍ᠯᠡᠳᠬᠦ ᠵᠢ ᠦᠨᠡᠨ ᠬᠦ᠌ ᠬᠠᠮᠤᠭ᠎ᠤᠨ ᠦᠨᠳᠦᠰᠦᠨ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠬᠤ ᠬᠡᠷᠡᠭᠲᠡᠢ᠃ ᠭᠤᠷᠪᠠ᠎ᠳᠤ᠂ ᠪᠡᠶ᠎ᠡ᠎ᠪᠠᠨ ᠴᠢᠩᠭ᠎ᠠ ᠱᠠᠭ᠋ᠠᠷᠳᠠᠬᠤ ᠵᠠᠩ ᠮᠣᠷᠠᠯ᠎ᠢ ᠲᠡᠬᠡᠲᠤᠯᠡᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠪᠡᠶ᠎ᠡ᠎ᠪᠠᠨ ᠴᠢᠨᠭᠭ᠎ᠡ ᠱᠠᠭ᠋ᠠᠷᠳᠠᠨ ᠬᠢᠨᠠᠭᠤᠷ ᠪᠤᠯᠭᠤᠮᠵᠢᠳᠠᠢ ᠪᠠᠢ᠍ᠢ᠍ᠵᠦ᠂ ᠠᠷᠢᠭᠤᠨ ᠴᠢᠬᠡᠴᠢ ᠬᠥᠮᠦᠨ ᠪᠤᠯᠵᠤ᠂ ᠠᠷᠢᠭᠤᠨ ᠴᠢᠬᠡᠴᠢ᠎ᠪᠠᠷ ᠠᠵᠢᠯᠯᠠᠵᠤ᠂ ᠨᠢᠬᠡᠨ ᠡᠷᠬᠢᠮ ᠳᠡᠭᠡᠳᠦ ᠬᠥᠮᠦᠨ᠂ ᠠᠷᠢᠭᠤᠨ ᠴᠢᠭᠡᠴᠢ ᠬᠥᠮᠦᠨ᠂ ᠶᠣᠰᠣ ᠰᠤᠷᠲᠠᠬᠤᠨ᠎ᠲᠠᠢ ᠬᠥᠮᠦᠨ᠂ ᠲᠤᠤᠷᠠᠳᠤ ᠳᠤᠷᠠᠰᠢᠯ᠎ᠠᠴᠠ ᠠᠩᠭᠢᠵᠢᠷᠠᠭᠰᠠᠨ ᠬᠥᠮᠦᠨ᠂ ᠠᠷᠠᠳ ᠲᠦᠮᠡᠨ᠎ᠳᠤ ᠲᠤᠰᠠᠳᠠᠢ ᠬᠥᠮᠦᠨ ᠪᠣᠯᠬᠤ᠎ᠪᠠᠷ ᠴᠢᠷᠮᠠᠶ᠋ᠢᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡ ᠵᠢ ᠪᠠᠶ᠋ᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠨᠠᠮ᠎ᠤᠨ ᠪᠡᠶ᠎ᠡ ᠴᠣᠭᠴᠠ ᠵᠢᠨ ᠡᠷᠡᠭᠦᠯ ᠮᠡᠨᠳᠦ ᠵᠢ ᠪᠠᠲᠤᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃
ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠵᠠᠢ᠃