ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ᠎ᠤᠨ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶ᠎ᠠ
ᠨᠡᠶ᠋ᠢᠲᠡᠯᠡᠭᠰᠡᠨ ᠴᠠᠭ᠄ 2021-06-15

      ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶ᠎ᠠ

      ᠯᠢ ᠺᠧ ᠴᠢᠶᠠᠩ

      (2021 ᠣᠨ᠎ᠤ 6 ᠳ᠋ᠤᠭ᠋ᠠᠷ ᠰᠠᠷ᠎ᠠ ᠵᠢᠨ 2᠎ᠤᠨ ᠡᠳᠦᠷ)

      ᠡᠨᠡ ᠤᠳᠠᠭ᠎ᠠ ᠵᠢᠨ ᠬᠤᠷᠠᠯ ᠪᠣᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠨᠡ ᠵᠢᠯ᠎ᠤᠨ ᠬᠤᠷᠠᠯᠳᠤᠭᠤᠯᠤᠭᠰᠠᠨ ᠨᠢᠭᠡ ᠤᠳᠠᠭ᠎ᠠ ᠵᠢᠨ ᠴᠢᠬᠤᠯᠠ ᠬᠤᠷᠠᠯ ᠪᠣᠯᠤᠨ᠎ᠠ᠃ ᠡᠭᠦᠨ᠎ᠤ ᠭᠣᠣᠯ ᠡᠭᠦᠷᠭᠡ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠭᠰᠡᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠦᠭᠰᠡᠨ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠣᠶ᠋ᠢᠵᠢᠭᠤᠯᠬᠤ ᠪᠠ ᠬᠥᠭᠵᠢᠭᠡᠭᠰᠡᠨ ᠠᠵᠢᠯ᠎ᠢ ᠳ᠋ᠦᠩᠨᠡᠵᠦ᠂ ᠲᠠᠷᠠᠭ᠋ᠠᠴᠢ ᠵᠢᠨ ᠱᠠᠲᠤᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠨᠢᠭᠡ ᠴᠤᠭᠴᠠᠵᠢᠭᠤᠯᠤᠨ ᠠᠬᠢᠭᠤᠯᠬᠤ ᠭᠣᠤᠯᠳᠠᠯᠭ᠎ᠠ᠎ᠲᠠᠢ ᠡᠭᠦᠷᠭᠡ ᠵᠢ ᠪᠠᠶ᠋ᠢᠷᠢᠯᠠᠭᠤᠯᠤᠨ᠎ᠠ᠃

      ᠨᠢᠭᠡ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠰᠢᠭᠤᠳ ᠬᠠᠨᠳᠤᠭᠤᠯᠤᠨ᠂ ᠬᠣᠷᠸ᠎ᠠ ᠲᠥᠷᠥ ᠵᠢᠨ ᠪᠣᠳᠣᠯᠭ᠎ᠠ᠎ᠳᠤ ᠰᠢᠨ᠎ᠡ ᠵᠢ ᠡᠭᠦᠳᠦᠨ ᠬᠡᠷᠡᠭᠵᠢᠭᠦᠯᠬᠦ ᠵᠢᠨ ᠬᠠᠮᠲᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠯᠦᠭᠡ ᠬᠠᠷᠢᠯᠴᠠᠨ ᠤᠶᠠᠯᠳᠤᠭᠤᠯᠵᠤ ᠢᠯᠡᠳᠲᠡ ᠦᠷ᠎ᠡ ᠪᠦᠲᠦᠮᠵᠢ ᠣᠯᠣᠨ᠎ᠠ

      2020 ᠣᠨ᠎ᠳᠤ᠂ ᠣᠯᠠᠨ ᠳᠠᠪᠬᠤᠷ ᠬᠦᠨᠳᠦ ᠨᠣᠴᠢᠲᠠᠶ ᠳᠠᠭ᠋ᠠᠷᠢᠯᠲᠠ ᠵᠢᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠬᠢᠵᠢᠭ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠵᠦ᠂ ᠴᠠᠭ ᠲᠤᠬᠠᠶ᠎ᠳᠤ᠎ᠨᠢ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠤᠭᠰᠠᠨ ᠮᠥᠷᠲᠡᠭᠡᠨ ᠲᠣᠭᠲᠠᠯ ᠬᠦᠴᠦᠨ ᠵᠶ᠋ᠠᠨ ᠪᠠᠲᠤᠯᠠᠵᠤ᠂ 《ᠪᠢᠯᠬᠠᠲᠠᠯ᠎ᠠ ᠤᠰᠤᠯᠠᠬᠤ》 ᠮᠠᠶᠢᠭ ᠵᠶ᠋ᠠᠷ ᠬᠦᠴᠦᠲᠡᠶ ᠰᠡᠳᠡᠯᠲᠡ ᠥᠭᠬᠦ ᠦᠭᠡᠢ ᠪᠠᠶ᠋ᠢᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠠᠴᠢᠮ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ᠂ ᠬᠣᠷᠸ᠎ᠠ ᠲᠦᠷᠦ ᠵᠢᠨ ᠪᠤᠳᠤᠯᠭ᠎ᠠ ᠵᠢ ᠰᠢᠨ᠎ᠡ ᠵᠢ ᠡᠭᠦᠳᠦᠨ ᠬᠡᠷᠡᠭᠵᠢᠭᠦᠯᠦᠭᠰᠡᠨ᠎ᠤ ᠬᠠᠮᠲᠤ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ᠂ ᠲᠠᠯᠪᠢᠬᠤ ᠪᠠ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠲᠠᠢ ᠤᠶᠠᠯᠳᠤᠭᠤᠯᠵᠤ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠪᠠ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠬᠦ ᠵᠢ ᠵᠡᠷᠭᠡ᠎ᠳᠤ᠎ᠨᠢ ᠴᠢᠬᠤᠯᠠᠴᠢᠯᠠᠵᠤ᠂ ᠠᠵᠤ ᠠᠬᠤᠶ ᠵᠢᠨ ᠨᠡᠯᠢᠶᠡᠳ ᠲᠦᠷᠭᠡᠨ ᠵᠶ᠋ᠡᠷ ᠰᠡᠷᠭᠦᠨ ᠬᠥᠭᠵᠢᠬᠦ ᠵᠢ ᠬᠦᠴᠦᠲᠡᠶ ᠠᠬᠢᠭᠤᠯᠪᠠ᠃

      (ᠨᠢᠭᠡ) ᠬᠣᠷᠸ᠎ᠠ ᠲᠥᠷᠥ ᠵᠢᠨ ᠪᠣᠳᠣᠯᠭ᠎ᠠ ᠵᠢ ᠰᠢᠨ᠎ᠡ ᠵᠢ ᠡᠭᠦᠳᠦᠨ ᠬᠡᠷᠡᠭᠵᠢᠭᠦᠯᠬᠦ ᠳᠤᠮᠳᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠰᠡᠳᠬᠢᠮᠵᠢ ᠪᠠ ᠠᠷᠭ᠎ᠠ ᠵᠢ ᠬᠡᠷᠡᠭᠯᠡᠨ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠦᠴᠢᠷ ᠪᠡᠷᠬᠡᠰᠢᠶᠡᠯ᠎ᠢ ᠲᠤᠭᠤᠯᠬᠤ᠎ᠳᠤ ᠬᠠᠪᠰᠤᠷᠤᠮᠵᠢ ᠦᠵᠡᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠨᠢ ᠬᠡᠮᠵᠢᠶ᠎ᠡ ᠶᠡᠬᠡ ᠬᠡᠪᠴᠢᠶ᠎ᠡ ᠥᠷᠭᠡᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠰᠢᠭᠤᠳ ᠳᠠᠭ᠋ᠠᠷᠢᠯᠲᠠ᠎ᠳᠤ ᠤᠴᠠᠷᠠᠭᠤᠯᠵᠤ᠂ ᠠᠵᠢᠯ ᠣᠯᠭᠣᠯᠲᠠ ᠪᠠ ᠦᠨᠳᠦᠰᠦᠨ ᠠᠷᠠᠳ᠎ᠤᠨ ᠠᠮᠢᠳᠤᠷᠠᠯ᠎ᠳᠤ ᠬᠦᠨᠳᠦ ᠨᠣᠴᠢᠲᠠᠶ ᠨᠥᠯᠥᠭᠡ ᠦᠵᠡᠭᠦᠯᠪᠡ᠃ ᠪᠢᠳᠡ 《ᠵᠢᠷᠭᠤᠭ᠎ᠠ ᠵᠢ ᠲᠣᠭᠲᠠᠪᠤᠷᠢᠵᠢᠭᠤᠯᠬᠤ》 ᠰᠠᠭᠤᠷᠢᠨ ᠳᠡᠭᠡᠷ᠎ᠡ 《ᠵᠢᠷᠭᠤᠭ᠎ᠠ ᠵᠢ ᠪᠠᠲᠤᠯᠠᠬᠤ》 ᠵᠢ ᠲᠣᠳᠣᠷᠬᠠᠶ ᠳᠤᠷᠠᠳᠤᠨ ᠭᠠᠷᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠠᠲᠤᠯᠠᠬᠤ᠎ᠪᠠᠷ ᠴᠢᠬᠤᠯᠠ᠎ᠠᠴᠠ ᠴᠢᠬᠤᠯᠠ ᠶᠠᠪᠤᠳᠠᠯ ᠪᠣᠯᠭ᠋ᠠᠵᠤ᠂ ᠡᠭᠦᠨ ᠵᠶ᠋ᠠᠷ ᠠᠵᠢᠯ ᠣᠯᠭᠣᠯᠲᠠ ᠪᠠ ᠠᠷᠠᠳ᠎ᠤᠨ ᠠᠮᠢᠳᠤᠷᠠᠯ᠎ᠢ ᠪᠠᠲᠤᠯᠠᠪᠠ᠃ ᠡᠳ᠋᠎ᠤᠨ ᠵᠠᠰᠠᠭ᠂ ᠵᠣᠭᠣᠰ᠂ ᠠᠵᠢᠯ ᠣᠯᠭᠣᠯᠲᠠ ᠵᠢᠨ ᠲᠦᠷᠦ ᠵᠢᠨ ᠪᠤᠳᠤᠯᠭ᠎ᠠ᠎ᠨᠢ ᠴᠥᠮ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭᠣᠷᠢᠨ᠎ᠳᠤ᠂ ᠬᠣᠷᠸ᠎ᠠ ᠲᠦᠷᠦ ᠵᠢᠨ ᠪᠤᠳᠤᠯᠭ᠎ᠠ ᠪᠠ ᠬᠤᠮᠠᠬᠢ ᠭᠣᠣᠯ ᠴᠣᠭᠴᠠ ᠵᠢ ᠨᠢᠭᠲᠠ ᠤᠶᠠᠯᠳᠤᠭᠤᠯᠵᠤ᠂ ᠰᠢᠭᠤᠳ ᠬᠡᠷᠡᠭᠯᠡᠭᠦᠰᠢᠲᠡᠢ᠂ ᠨᠠᠷᠢᠯᠢᠭ ᠣᠨᠣᠴᠠᠲᠠᠶ ᠪᠥᠭᠡᠳ ᠥᠨᠳᠥᠷ ᠪᠦᠲᠦᠮᠵᠢᠲᠡᠶ ᠪᠠᠶ᠋ᠢᠯᠭ᠋ᠠᠵᠤ᠂ 《ᠤᠰᠤᠯᠠᠵᠤ ᠪᠤᠷᠳᠤᠭᠤᠷ ᠣᠷᠣᠭᠤᠯᠬᠤ》 ᠵᠢ ᠦᠨᠳᠦᠰᠦᠨ᠎ᠠᠴᠠ᠎ᠨᠢ ᠪᠡᠶᠡᠯᠡᠭᠦᠯᠪᠡ᠃ ᠪᠦᠬᠦ ᠵᠢᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠰᠢᠨ᠎ᠡ᠎ᠪᠠᠷ ᠨᠡᠮᠡᠭᠳᠡᠭᠰᠡᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠤᠭᠰᠠᠨ ᠬᠡᠮᠵᠢᠶ᠎ᠡ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠰᠠᠨ᠎ᠤ ᠬᠠᠮᠲᠤ ᠮᠥᠩᠭᠥᠨ ᠭᠦᠢ᠍ᠯᠭᠡᠭᠡᠨ᠎ᠤ ᠰᠢᠰᠲ᠋ᠧᠮ᠎ᠤᠨ ᠪᠣᠳᠠᠲᠤ ᠴᠣᠭᠴᠠ ᠵᠢᠨ ᠠᠵᠤ ᠠᠬᠤᠶ᠎ᠳᠤ 1.5 ᠲᠦᠮᠡᠨ ᠳ᠋ᠦᠩᠰᠢᠭᠤᠷ ᠲᠥᠭᠥᠷᠢᠭ᠎ᠤᠨ ᠵᠦᠢ ᠵᠣᠬᠢᠰᠲᠠᠶ ᠠᠰᠢᠭ ᠣᠯᠭᠣᠬᠤ ᠵᠢ ᠠᠬᠢᠭᠤᠯᠪᠠ᠃ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠪᠣᠯ ᠬᠠᠮᠤᠭ᠎ᠤᠨ ᠰᠢᠭᠤᠳ᠂ ᠬᠠᠮᠤᠭ᠎ᠤᠨ ᠪᠦᠲᠦᠮᠵᠢᠲᠡᠶ᠂ ᠬᠠᠮᠤᠭ᠎ᠤᠨ ᠭᠣᠣᠯᠴᠢ ᠠᠷᠭ᠎ᠠ ᠬᠡᠮᠵᠢᠶ᠎ᠡ ᠪᠠᠢ᠌ᠵᠤ᠂ ᠪᠡᠷᠬᠡ ᠪᠣᠭᠣᠮᠲᠠ ᠵᠢ ᠲᠤᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ ᠭᠡᠵᠦ ᠠᠵᠤ ᠠᠬᠤᠢ᠌ᠯᠠᠯ᠎ᠤᠳ ᠨᠡᠢ᠌ᠳᠡᠮ᠎ᠳᠤ᠎ᠪᠠᠨ ᠲᠤᠰᠬᠠᠵᠤ ᠪᠠᠢ᠌ᠨ᠎ᠠ᠃ ᠪᠢᠳᠡ ᠪᠠᠰᠠ ᠲᠥᠪ᠎ᠤᠨ ᠰᠢᠨ᠎ᠡ᠎ᠪᠠᠷ ᠨᠡᠮᠡᠭᠳᠡᠭᠰᠡᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠰᠢᠭᠤᠳ ᠬᠦᠷᠭᠡᠬᠦ ᠲᠣᠭᠲᠠᠴᠠ ᠵᠢ ᠰᠢᠨ᠎ᠡ᠎ᠪᠠᠷ ᠡᠭᠦᠳᠦᠨ ᠪᠠᠶ᠋ᠢᠭᠤᠯᠵᠤ᠂ ᠪᠡᠯᠡ ᠮᠥᠩᠭᠥ ᠵᠢ 《ᠢᠷᠤᠭ᠋ᠠᠷ᠎ᠲᠤ᠎ᠨᠢ ᠲᠤᠯᠭ᠋ᠠᠵᠤ》᠂ ᠵᠠᠪᠰᠠᠷ᠎ᠤᠨ ᠭᠣᠭᠴᠣᠭ᠎ᠠ ᠵᠢ ᠶᠡᠬᠡ᠎ᠪᠠᠷ ᠪᠠᠭ᠋ᠠᠰᠬᠠᠵᠤ᠂ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠢ ᠲᠥᠪ᠎ᠤᠨ ᠰᠢᠨ᠎ᠡ᠎ᠪᠠᠷ ᠨᠡᠮᠡᠭᠳᠡᠭᠰᠡᠨ ᠡᠳ᠋᠎ᠤᠨ ᠬᠦᠴᠦᠨ᠎ᠤ ᠲᠠᠯ᠎ᠠ᠎ᠪᠠᠷ ᠵᠥᠪᠬᠡᠨ 《ᠵᠣᠭᠣᠰ ᠳᠠᠮᠵᠢᠭᠤᠯᠤᠭᠴᠢ》 ᠪᠣᠯᠭ᠋ᠠᠵᠤ᠂ ᠣᠷᠣᠨ ᠨᠤᠲᠤᠭ᠎ᠤᠨ ᠡᠳ᠋᠎ᠤᠨ ᠬᠦᠴᠦᠨ᠎ᠤ ᠲᠠᠯ᠎ᠠ᠎ᠪᠠᠷ 《ᠬᠠᠷᠢᠭᠤᠴᠠᠯᠭ᠎ᠠ ᠦᠭᠡᠢ ᠳᠠᠷᠤᠭ᠎ᠠ》 ᠪᠣᠯᠭ᠋ᠠᠬᠤ ᠦᠭᠡᠢ ᠵᠢ ᠭᠦᠢ᠍ᠴᠡᠳᠬᠡᠵᠦ᠂ ᠬᠣᠲᠠ ᠰᠢᠶᠠᠨ᠎ᠤ ᠦᠨᠳᠦᠰᠦᠨ ᠱᠠᠲᠤᠨ᠎ᠤ ᠠᠵᠤ ᠠᠬᠤᠶ᠋ᠢᠯᠠᠯ᠎ᠳᠤ ᠠᠰᠢᠭ ᠣᠯᠭᠣᠵᠤ ᠠᠷᠠᠳ᠎ᠲᠤ ᠠᠰᠢᠭ ᠬᠦᠷᠲᠡᠭᠡᠬᠦ᠎ᠳᠤ ᠬᠠᠮᠲᠤ᠎ᠪᠠᠷ ᠡᠳ᠋᠎ᠤᠨ ᠬᠦᠴᠦᠨ᠎ᠢ ᠲᠦᠷᠭᠡᠨ ᠨᠥᠬᠥᠪᠥᠷᠢᠯᠡᠪᠡ᠃ ᠥᠩᠭᠡᠷᠡᠭᠰᠡᠨ᠎ᠳᠤ ᠲᠥᠪ᠎ᠤᠨ ᠡᠳ᠋᠎ᠤᠨ ᠵᠠᠰᠠᠭ᠎ᠤᠨ ᠪᠠᠯᠠ ᠮᠥᠩᠭᠥ ᠵᠢ ᠦᠨᠳᠦᠰᠦᠨ ᠱᠠᠲᠤᠨ᠎ᠳᠤ ᠱᠠᠲᠤ ᠱᠠᠲᠤ᠎ᠪᠠᠷ ᠰᠠᠯᠭ᠋ᠠᠨ ᠪᠠᠭᠤᠯᠭ᠋ᠠᠬᠤ᠎ᠳᠤ ᠬᠡᠷᠡᠭᠰᠡᠬᠦ ᠴᠠᠭ᠎ᠨᠢ ᠳᠤᠮᠳᠠᠴᠢ᠎ᠪᠠᠷ 120 ᠡᠳᠦᠷ᠎ᠢ ᠬᠡᠲᠦᠷᠡᠵᠦ᠂ ᠨᠢᠳᠤᠨᠤᠨ ᠬᠠᠮᠤᠭ᠎ᠤᠨ ᠲᠦᠷᠭᠡᠨ᠎ᠳᠤ᠎ᠪᠠᠨ 7 ᠡᠳᠦᠷ ᠬᠡᠷᠡᠭᠯᠡᠵᠦ᠂ ᠲᠥᠷᠥ ᠵᠢᠨ ᠪᠣᠳᠣᠯᠭ᠎ᠠ ᠵᠢᠨ ᠰᠠᠶ᠋ᠢᠨ᠎ᠲᠠᠢ ᠲᠠᠯ᠎ᠠ ᠵᠢ ᠬᠠᠮᠤᠭ᠎ᠤᠨ ᠲᠦᠷᠭᠡᠨ ᠵᠶ᠋ᠠᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠬᠦᠷᠲᠡᠭᠡᠪᠡ᠃ ᠰᠢᠭᠤᠳ ᠬᠦᠷᠭᠡᠬᠦ ᠪᠡᠯᠡ ᠮᠥᠩᠭᠥ ᠵᠢ ᠰᠠᠶ᠋ᠢᠲᠤᠷ ᠬᠠᠮᠢᠶᠠᠷᠴᠤ ᠬᠡᠷᠡᠭᠯᠡᠬᠦ ᠵᠢᠨ ᠲᠥᠯᠥᠭᠡ᠂ ᠪᠢᠳᠡ ᠪᠦᠬᠦ ᠬᠡᠯᠬᠢᠶ᠎ᠡ ᠵᠢᠨ ᠬᠢᠨᠠᠯᠲᠠ ᠡᠵᠡᠮᠳᠡᠯ᠎ᠢ ᠴᠢᠩᠭ᠋ᠠᠳᠬᠠᠵᠤ᠂ ᠪᠡᠯᠡ ᠮᠥᠩᠭᠥ ᠵᠢ ᠮᠡᠬᠡᠯᠡᠨ ᠠᠪᠬᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ᠎ᠢ ᠰᠡᠷᠭᠡᠶ᠋ᠢᠯᠡᠪᠡ᠃ ᠬᠢᠨᠠᠨ ᠪᠤᠳᠤᠭᠰᠠᠨ ᠦᠷ᠎ᠡ ᠳ᠋ᠦᠩ᠎ᠠᠴᠠ ᠦᠵᠡᠪᠡᠯ᠂ ᠰᠢᠭᠤᠳ ᠬᠦᠷᠭᠡᠬᠦ ᠪᠠᠯᠠ ᠮᠥᠩᠭᠥ ᠵᠢᠨ ᠬᠡᠷᠡᠭᠯᠡᠯᠲᠡ ᠵᠢᠨ ᠪᠠᠶ᠋ᠢᠳᠠᠯ ᠨᠡᠯᠢᠶᠡᠳ ᠰᠠᠶ᠋ᠢᠨ ᠪᠠᠶ᠋ᠢᠨ᠎ᠠ᠃ ᠪᠢᠳᠡ ᠪᠠᠰᠠ ᠵᠣᠭᠣᠰᠣᠨ᠎ᠤ ᠲᠥᠷᠥ ᠵᠢᠨ ᠪᠣᠳᠣᠯᠭ᠎ᠠ ᠵᠢᠨ ᠰᠢᠭᠤᠳ ᠬᠦᠷᠭᠡᠬᠦ ᠪᠠᠭ᠋ᠠᠵᠢ᠎ᠪᠠᠷ ᠳᠠᠮᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠣᠨᠣᠴᠠᠲᠠᠶ ᠪᠥᠭᠡᠳ ᠲᠦᠷᠭᠡᠨ ᠳᠡᠮᠵᠢᠪᠡ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠠᠴᠢᠮ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ ᠬᠦᠴᠢᠷᠳᠡᠯ᠎ᠢ ᠰᠢᠢ᠍ᠳᠪᠦᠷᠢᠯᠡᠬᠦ᠂ ᠰᠢᠭᠤᠳ ᠬᠦᠷᠭᠡᠬᠦ ᠲᠣᠭᠲᠠᠴᠠ ᠪᠠ ᠪᠠᠭ᠋ᠠᠵᠢ ᠵᠢ ᠪᠠᠢ᠌ᠭᠤᠯᠤᠨ ᠲᠣᠬᠢᠷᠠᠭᠤᠯᠬᠤ ᠪᠣᠯ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠬᠦᠷᠢᠶᠡᠨ᠎ᠳᠠᠬᠢ ᠰᠢᠨ᠎ᠡ ᠵᠢ ᠡᠭᠦᠳᠦᠭᠰᠡᠨ ᠦᠢ᠍ᠯᠡᠳᠦᠯᠭᠡ ᠪᠠᠢ᠌ᠵᠤ᠂ ᠬᠣᠷᠸ᠎ᠠ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢᠨ 《ᠲᠦᠷᠭᠡᠳᠬᠡᠭᠦᠷ》 ᠪᠠ ᠦᠷ᠎ᠡ ᠪᠦᠲᠦᠮᠵᠢ ᠵᠢᠨ 《ᠨᠡᠮᠡᠭᠳᠡᠭᠦᠯᠦᠭᠴᠢ》 ᠵᠢᠨ ᠦᠢ᠍ᠯᠡᠳᠦᠯ᠎ᠢ ᠪᠠᠳᠠᠷᠠᠭᠤᠯᠤᠭᠰᠠᠨ ᠶᠤᠮ ᠭᠡᠵᠦ ᠬᠡᠯᠡᠵᠦ ᠪᠣᠯᠤᠨ᠎ᠠ᠃

      (ᠬᠣᠶᠠᠷ) ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠲᠣᠰ ᠪᠡᠶ᠎ᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠨᠠᠩ ᠶᠡᠬᠡ ᠡᠷᠴᠢᠮ ᠵᠶ᠋ᠠᠷ ᠭᠦᠨᠵᠡᠭᠡᠢ᠌ᠷᠡᠭᠦᠯᠪᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠣᠯ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠴᠢᠬᠤᠯᠠ ᠠᠭᠤᠯᠭ᠎ᠠ ᠪᠠᠢ᠌ᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠬᠤ ᠭᠣᠤᠯ ᠭᠠᠷᠳᠠᠴᠠ ᠮᠥᠨ᠃ ᠡᠳ᠋᠎ᠤᠨ ᠵᠠᠰᠠᠭ᠂ ᠵᠣᠭᠣᠰᠣᠨ᠎ᠤ ᠲᠥᠷᠥ ᠵᠢᠨ ᠪᠣᠳᠣᠯᠭ᠎ᠠ᠎ᠲᠠᠢ ᠬᠠᠷᠢᠴᠠᠭᠤᠯᠪᠠᠯ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠳᠤ ᠦᠨᠳᠦᠰᠦᠨ᠎ᠳᠤ᠎ᠪᠠᠨ ᠵᠣᠭᠣᠰ ᠵᠠᠷᠤᠴᠠᠭᠤᠯᠬᠤ ᠥᠬᠡᠶ ᠪᠤᠶᠤ ᠮᠠᠰᠢ ᠪᠠᠭ᠎ᠠ ᠵᠣᠭᠣᠰ ᠵᠠᠷᠤᠴᠠᠭᠤᠯᠬᠤ ᠮᠥᠷᠲᠡᠭᠡᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠠᠯ᠎ᠠ᠎ᠪᠠᠷ ᠪᠠᠭ᠎ᠠ ᠬᠦᠴᠦ ᠣᠷᠣᠭᠤᠯᠵᠤ ᠶᠡᠬᠡ ᠠᠮᠵᠢᠯᠲᠠ ᠤᠯᠬᠤ᠂ ᠨᠢᠭᠡ ᠯᠡ ᠳᠡᠭᠡᠷ᠎ᠡ ᠣᠯᠠᠨ ᠠᠮᠵᠢᠯᠲᠠ ᠣᠯᠵᠤ ᠴᠢᠳᠠᠬᠤ ᠦᠢ᠍ᠯᠡᠳᠦᠯ᠎ᠲᠠᠢ ᠶᠤᠮ᠃ ᠵᠠᠰᠠᠭ ᠳᠥᠭᠥᠮ ᠪᠣᠯ ᠬᠡᠷᠡᠭᠵᠢᠭᠦᠯᠬᠦ᠎ᠳᠤ ᠬᠢᠯᠪᠠᠷ᠂ ᠵᠠᠰᠠᠭ ᠲᠦᠪᠡᠭ ᠪᠣᠯ ᠭᠦᠢ᠍ᠴᠡᠳᠬᠡᠬᠦ᠎ᠳᠤ ᠬᠦᠴᠢᠷ᠃ ᠪᠢᠳᠡ         《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠦᠷᠢᠮ》᠎ᠢ ᠭᠦᠨᠵᠡᠭᠡᠶ ᠬᠡᠷᠡᠭᠵᠢᠭᠦᠯᠵᠦ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠵᠢ ᠪᠠᠭ᠋ᠠᠰᠬᠠᠵᠤ᠂ ᠦᠨᠡᠮᠯᠡᠯ ᠠᠪᠬᠤ᠂ ᠪᠣᠭᠣᠮᠲᠠ᠎ᠪᠠᠷ ᠥᠩᠭᠡᠷᠡᠬᠦ᠂ ᠴᠠᠬᠢᠯᠭ᠋ᠠᠨ ᠭᠠᠷᠭ᠋ᠠᠬᠤ᠂ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠡᠷᠭᠡ ᠴᠠᠭ᠎ᠢ ᠬᠠᠰᠤᠵᠤ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠯᠲᠠ ᠵᠢ ᠢᠯᠭ᠋ᠠᠷᠠᠭᠤᠯᠤᠨ ᠵᠢᠷᠤᠮᠵᠢᠭᠤᠯᠵᠤ᠂ ᠲᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠦᠷᠳᠡᠭ᠎ᠢ ᠪᠠᠭᠤᠷᠠᠭᠤᠯᠪᠠ᠃ ᠵᠠᠰᠠᠭ ᠳᠥᠭᠥᠮ ᠪᠣᠯ ᠬᠠᠮᠢᠶᠠᠷᠬᠤ᠎ᠳᠤ ᠬᠢᠯᠪᠠᠷ᠂ ᠵᠠᠰᠠᠭ ᠲᠦᠪᠡᠭ ᠪᠣᠯ ᠢᠯᠵᠢᠷᠡᠬᠦ᠎ᠳᠤ ᠬᠢᠯᠪᠠᠷ᠃ ᠪᠢᠳᠠ ᠲᠠᠯᠪᠢᠬᠤ ᠬᠠᠮᠢᠶᠠᠷᠬᠤ ᠵᠢ ᠤᠶᠠᠯᠳᠤᠭᠤᠯᠬᠤ ᠪᠠ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠢᠳᠡᠭᠡᠨ᠂ ᠡᠮ᠎ᠤᠨ ᠵᠦᠢ᠍ᠯᠡᠰ᠂ ᠸᠠᠺᠼᠢᠨ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠶᠠᠰᠤ ᠴᠢᠨᠠᠷ ᠪᠣᠯᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠡᠷᠡᠰ ᠪᠠᠲᠤ ᠰᠠᠬᠢᠪᠠ; ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠵᠢ ᠴᠢᠩᠭ᠋ᠠᠳᠬᠠᠵᠤ᠂ 《ᠬᠣᠶᠠᠷ᠎ᠢ ᠲᠠᠰᠢᠷᠠᠮ᠎ᠪᠠᠷ ᠪᠠᠢ᠌ᠴᠠᠭ᠋ᠠᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠡᠷᠭᠡ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢ ᠭᠦᠨᠵᠡᠭᠡᠶ ᠠᠬᠢᠭᠤᠯᠵᠤ᠂ ᠭᠣᠣᠯᠴᠢ ᠥᠷᠢᠰᠥᠯᠳᠦᠭᠡᠨ᠎ᠢ ᠬᠦᠴᠦᠲᠡᠶ ᠬᠠᠮᠠᠭ᠋ᠠᠯᠠᠪᠠ᠃ ᠵᠠᠰᠠᠭ ᠳᠥᠭᠥᠮ ᠪᠣᠯ ᠠᠷᠠᠳ᠎ᠲᠤ ᠳᠥᠭᠥᠮ᠂ ᠵᠠᠰᠠᠭ ᠲᠦᠪᠡᠭ ᠪᠣᠯ ᠠᠷᠠᠳ᠎ᠲᠤ ᠶᠠᠷᠰᠢᠭ᠃ ᠪᠢᠳᠡ ᠨᠡᠩ ᠤᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠠᠯᠠᠭ᠋ᠠᠨ ᠳᠡᠭᠡᠷ᠎ᠡ ᠭᠦᠢ᠍ᠴᠡᠳᠬᠡᠬᠦ ᠵᠢ ᠠᠬᠢᠭᠤᠯᠵᠤ᠂ ᠬᠠᠮᠤᠭ᠎ᠤᠨ ᠶᠡᠬᠡ᠎ᠪᠠᠷ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠲᠦᠬᠦᠮ ᠦᠵᠡᠭᠦᠯᠪᠡ᠃ ᠡᠳᠡᠭᠡᠷ ᠥᠭᠡᠷᠡᠴᠢᠯᠡᠯᠲᠡ᠎ᠨᠢ ᠵᠠᠩᠭᠢᠯᠠᠭ᠎ᠠ ᠵᠢᠨ ᠴᠡᠭ᠎ᠢ ᠠᠳᠬᠤᠵᠤ᠂ ᠴᠢᠬᠤᠯᠠ ᠭᠠᠵᠠᠷ᠎ᠢ ᠬᠥᠨᠳᠡᠭᠡᠭᠰᠡᠨ ᠮᠥᠷᠲᠡᠭᠡᠨ ᠢᠯᠡ ᠲᠣᠳᠣ᠂ ᠳᠥᠭᠥᠮ ᠳᠥᠲᠡ᠂ ᠬᠡᠷᠡᠭᠵᠢᠭᠦᠯᠬᠦ᠎ᠳᠤ ᠬᠢᠯᠪᠡᠷ ᠪᠠᠶ᠋ᠢᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠠᠯ᠎ᠠ᠎ᠪᠠᠷ ᠦᠷ᠎ᠡ ᠪᠦᠲᠦᠮᠵᠢ᠎ᠨᠢ ᠡᠳ᠋᠎ᠤᠨ ᠵᠠᠰᠠᠭ ᠵᠣᠭᠣᠰᠣᠨ᠎ᠤ ᠲᠦᠷᠦ ᠵᠢᠨ ᠪᠤᠳᠤᠯᠭ᠎ᠠ᠎ᠳᠤ ᠣᠷᠣᠭᠤᠯᠤᠭᠰᠠᠨ ᠪᠡᠯᠡ ᠮᠥᠩᠭᠥ᠎ᠠᠴᠠ ᠳᠣᠣᠷ᠎ᠠ ᠦᠭᠡᠢ ᠪᠠᠢ᠌ᠵᠤ᠂ ᠡᠭᠦᠨ᠎ᠢ ᠮᠠᠰᠢ ᠪᠦᠲᠦᠮᠵᠢᠲᠡᠶ 《ᠵᠥᠭᠡᠯᠡᠨ ᠣᠷᠣᠭᠤᠯᠤᠯᠲᠠ》 ᠭᠡᠵᠦ ᠬᠡᠯᠡᠵᠦ ᠪᠣᠯᠤᠨ᠎ᠠ᠃

      《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠨᠢ ᠬᠢᠵᠢᠭ᠎ᠲᠠᠢ ᠲᠡᠮᠡᠴᠡᠬᠦ ᠳᠤᠮᠳᠠ ᠴᠢᠬᠤᠯᠠ ᠦᠢ᠍ᠯᠡᠳᠦᠯ ᠦᠵᠡᠭᠦᠯᠪᠡ᠃ ᠨᠢᠳᠤᠨᠤᠨ ᠬᠢᠵᠢᠭ᠎ᠤᠨ ᠪᠠᠢ᠌ᠳᠠᠯ ᠬᠠᠮᠤᠭ᠎ᠤᠨ ᠪᠠᠴᠢᠮ ᠪᠠᠶ᠋ᠢᠭᠰᠠᠨ ᠦᠶ᠎ᠡ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠢᠵᠢᠭ᠎ᠢ ᠰᠡᠷᠭᠡᠶ᠋ᠢᠯᠡᠬᠦ ᠪᠠ ᠡᠮᠴᠢᠯᠡᠭᠡᠨ᠎ᠤ ᠡᠳ᠋ ᠪᠣᠳᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠵᠥᠪᠰᠢᠶᠡᠷᠡᠯ᠎ᠢ ᠦᠳᠲᠡᠷ ᠲᠦᠷᠭᠡᠨ ᠡᠬᠢᠯᠡᠭᠦᠯᠦᠭᠰᠡᠨ ᠪᠥᠭᠡᠳ ᠬᠢᠷᠢ ᠲᠡᠩᠴᠡᠬᠦ ᠦᠭᠡᠢ ᠦᠢ᠍ᠯᠡᠳᠬᠦᠨ ᠪᠠ ᠬᠠᠤᠯᠢ ᠪᠤᠰᠤ᠎ᠪᠠᠷ ᠡᠵᠡᠩᠨᠡᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠠᠪᠴᠢ᠂ ᠬᠠᠮᠠᠭ᠋ᠠᠯᠠᠯᠲᠠ ᠵᠢᠨ ᠬᠤᠪᠴᠠᠰᠤ ᠵᠡᠷᠭᠡ ᠵᠢᠨ ᠦᠢ᠍ᠯᠡᠳᠪᠦᠷᠢᠯᠡᠬᠦ ᠴᠢᠳᠠᠪᠤᠷᠢ ᠵᠢᠨ ᠦᠳᠲᠡᠷ ᠲᠦᠷᠭᠡᠨ ᠨᠡᠮᠡᠭᠳᠡᠬᠦ ᠵᠢ ᠠᠬᠢᠭᠤᠯᠪᠠ᠃ ᠬᠢᠵᠢᠭ᠎ᠤᠨ ᠪᠠᠢ᠌ᠳᠠᠯ᠎ᠤᠨ ᠡᠬᠢᠨ᠎ᠤ ᠬᠤᠭᠤᠴᠠᠭ᠋ᠠᠨ᠎ᠳᠤ ᠠᠮᠠᠪᠴᠢ ᠵᠢᠨ ᠡᠳᠦᠷ᠎ᠤᠨ ᠭᠠᠷᠤᠯᠲᠠ 600 ᠲᠦᠮᠡ ᠯᠡ ᠪᠠᠶ᠋ᠢᠭᠰᠠᠨ ᠪᠣᠯᠪᠠᠴᠤ ᠤᠳᠠᠯ ᠦᠭᠡᠶ ᠨᠡᠮᠡᠭᠳᠡᠵᠦ᠂ ᠣᠳᠣᠬᠠᠨ᠎ᠳᠤ ᠡᠳᠦᠷ᠎ᠤᠨ ᠦᠢ᠍ᠯᠡᠳᠪᠦᠷᠢᠯᠡᠬᠦ ᠴᠢᠳᠠᠪᠤᠷᠢ᠎ᠨᠢ ᠨᠢᠭᠡᠨᠲᠡ 12 ᠳ᠋ᠦᠩᠰᠢᠭᠤᠷ᠎ᠢ ᠳᠠᠪᠠᠵᠠᠶ᠃ ᠣᠯᠠᠨ ᠵᠢᠯ᠎ᠤᠨ ᠲᠤᠷᠰᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠡᠷᠭᠡ ᠭᠣᠤᠯᠳᠠᠯᠭ᠎ᠠ᠎ᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠪᠠᠶ᠋ᠢᠳᠠᠯ ᠰᠢᠨ᠎ᠡ ᠵᠠᠭᠪᠤᠷ᠎ᠤᠨ ᠲᠦᠷᠭᠡᠨ ᠪᠣᠶ᠋ᠢᠵᠢᠯᠲᠠ᠎ᠳᠤ ᠬᠦᠴᠦᠨ ᠨᠡᠮᠡᠷᠢᠯᠡᠵᠦ᠂ ᠰᠦᠯᠵᠢᠶ᠎ᠡ᠎ᠪᠠᠷ ᠪᠠᠷᠠᠭ᠎ᠠ ᠬᠤᠳᠠᠯᠳᠤᠨ ᠠᠪᠬᠤ᠂ ᠠᠯᠤᠰ᠎ᠠᠴᠠ ᠠᠯᠪᠠᠯᠠᠬᠤ᠂ ᠰᠦᠯᠵᠢᠶᠡᠨ ᠳᠡᠭᠡᠷ᠎ᠡ ᠵᠢᠭ᠋ᠠᠨ ᠰᠤᠷᠭ᠋ᠠᠯᠲᠠ ᠬᠢᠭᠡᠳ ᠡᠮᠴᠢᠯᠡᠭᠡ ᠵᠡᠷᠭᠡ ᠲᠠᠯ᠎ᠠ᠎ᠪᠠᠷ ᠦᠯᠦ ᠬᠦᠷᠦᠯᠴᠡᠬᠦ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ ᠠᠮᠢᠳᠤᠷᠠᠯ᠂ ᠠᠵᠢᠯ ᠪᠠ ᠰᠤᠷᠤᠯᠴᠠᠯᠭ᠎ᠠ᠎ᠳᠤ ᠲᠥᠬᠥᠮ ᠦᠵᠡᠭᠦᠯᠪᠡ᠃ ᠡᠳᠡᠭᠡᠷ᠎ᠨᠢ ᠬᠢᠵᠢᠭ᠎ᠲᠠᠢ ᠲᠡᠮᠡᠴᠡᠭᠰᠡᠨ ᠪᠠ ᠰᠡᠷᠭᠡᠶ᠋ᠢᠯᠡᠨ ᠬᠣᠷᠢᠭᠯᠠᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠵᠢ ᠬᠦᠴᠦᠲᠡᠶ ᠠᠬᠢᠭᠤᠯᠵᠤ᠂ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠬᠠᠮᠠᠭ᠋ᠠᠯᠠᠪᠠ᠃

      ᠡᠯ᠎ᠡ ᠭᠠᠵᠠᠷ ᠣᠷᠣᠨ᠎ᠨᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠢᠳᠡᠪᠬᠢᠲᠡᠶ ᠬᠠᠶ᠋ᠢᠨ ᠰᠦᠪᠡᠭᠴᠢᠯᠡᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠪᠠᠷ ᠨᠡᠶ᠋ᠢᠳᠡᠮ᠎ᠳᠤ᠎ᠪᠠᠨ ᠠᠵᠢᠯ᠎ᠤᠨ ᠭᠣᠤᠯᠳᠠᠯᠭ᠎ᠠ᠎ᠪᠠᠨ ᠪᠣᠯᠭ᠋ᠠᠵᠤ᠂ ᠮᠠᠰᠢ ᠣᠯᠠᠨ ᠬᠦᠷᠢᠶᠡᠨ᠎ᠳᠤ 《ᠭᠠᠭᠴᠠ ᠵᠦᠢ᠍ᠯ᠎ᠤᠨ ᠮᠠᠩᠯᠠᠶ》᠂ 《ᠨᠢᠭᠡ ᠠᠵᠢᠯ᠎ᠳᠤ ᠨᠢᠭᠡ ᠦᠨᠡᠮᠯᠡᠯ》᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ 《ᠭᠤᠶᠤᠴᠢᠯᠠᠬᠤ ᠥᠬᠡᠶ᠎ᠪᠠᠷ ᠡᠳ᠋ᠯᠡᠬᠦ》᠂ ᠲᠦᠭᠰᠢᠭᠦᠷᠢ ᠶᠣᠰᠣᠭ᠋ᠠᠷ ᠲᠠᠰ ᠬᠤᠪᠢᠶᠠᠨ ᠲᠥᠷᠥᠯ ᠠᠩᠭᠢᠯᠠᠵᠤ ᠬᠢᠨᠠᠨ ᠬᠠᠮᠢᠶᠠᠷᠬᠤ ᠵᠡᠷᠭᠡ ᠰᠢᠨ᠎ᠡ ᠠᠷᠭ᠎ᠠ ᠬᠡᠮᠵᠢᠶ᠎ᠡ ᠵᠢ ᠡᠭᠦᠳᠴᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠥᠷᠭᠡᠨ ᠬᠦᠷᠢᠶᠡᠯᠡᠯ᠎ᠢ ᠣᠯᠪᠠ᠃

      (ᠭᠤᠷᠪᠠ) ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠪᠠ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠬᠦ ᠵᠢ ᠵᠡᠷᠭᠡ᠎ᠪᠠᠷ ᠴᠢᠬᠤᠯᠠᠴᠢᠯᠠᠵᠤ᠂ ᠶᠡᠬᠡ ᠬᠡᠮᠵᠢᠶᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠦᠴᠦᠲᠡᠶ ᠪᠠᠲᠤᠯᠠᠵᠤ ᠨᠡᠮᠡᠭᠳᠡᠭᠦᠯᠪᠡ᠃ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠠᠵᠢᠯ ᠣᠯᠭᠣᠯᠲᠠ ᠪᠠ ᠠᠵᠤ ᠠᠬᠤᠶ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠬᠤ ᠬᠦᠴᠦᠲᠡᠶ ᠲᠦᠰᠢᠭ ᠮᠥᠨ᠃ ᠨᠢᠳᠤᠨᠤᠨ᠎ᠤ ᠲᠡᠶ᠋ᠢᠮᠦ ᠬᠦᠴᠢᠷ᠎ᠲᠠᠢ ᠪᠠᠶ᠋ᠢᠳᠠᠯ ᠳᠣᠣᠷ᠎ᠠ᠂ ᠰᠢᠨ᠎ᠡ᠎ᠪᠠᠷ ᠪᠠᠢ᠌ᠭᠤᠯᠤᠭᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭ᠎ᠠ ᠨᠢᠭᠡᠳᠦᠭᠡᠷ ᠤᠯᠠᠷᠢᠯ᠎ᠳᠤ ᠢᠯᠡᠳᠲᠡ ᠪᠠᠭᠤᠷᠠᠭᠰᠠᠨ ᠪᠣᠯᠪᠠᠴᠤ ᠪᠦᠬᠦ ᠵᠢᠯ᠎ᠳᠤ ᠮᠥᠨ 2500 ᠭᠠᠷᠤᠶ ᠲᠦᠮᠡᠨ ᠡᠷᠦᠭᠡ᠎ᠳᠤ ᠬᠦᠷᠴᠦ᠂ ᠰᠥᠷᠭᠡᠦ ᠨᠡᠮᠡᠭᠳᠡᠯ ᠢᠯᠡᠷᠡᠪᠡ; ᠡᠨᠡ ᠵᠢᠯ᠎ᠤᠨ ᠲᠦᠷᠦᠭᠦᠦ 4 ᠰᠠᠷ᠎ᠠ᠎ᠳᠤ ᠦᠷᠭᠦᠯᠵᠢᠯᠡᠨ ᠳᠡᠭᠡᠳᠦ ᠬᠤᠷᠳᠤᠴᠠ᠎ᠪᠠᠷ ᠨᠡᠮᠡᠭᠳᠡᠬᠦ ᠵᠢ ᠪᠠᠲᠤᠯᠠᠵᠤ᠂ 900 ᠲᠦᠮᠡ ᠰᠢᠬᠠᠮ ᠵᠠᠬ᠎ᠠ ᠳᠡᠯᠭᠡᠭᠦᠷ᠎ᠤᠨ ᠭᠣᠣᠯ ᠴᠣᠭᠴᠠ ᠰᠢᠨ᠎ᠡ᠎ᠪᠠᠷ ᠪᠠᠢ᠌ᠭᠤᠯᠤᠭᠳᠠᠪᠠ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠠᠲᠤᠯᠠᠪᠠᠯ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠴᠢᠳᠠᠨ᠎ᠠ᠃ ᠨᠢᠳᠤᠨᠤᠨ ᠬᠤᠲᠠ ᠪᠠᠯᠭ᠋ᠠᠰᠤᠨ᠎ᠤ 1186 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠵᠤ᠂ ᠬᠤᠲᠠ ᠪᠠᠯᠭ᠋ᠠᠰᠤᠨ᠎ᠤ ᠪᠠᠢ᠌ᠴᠠᠭ᠋ᠠᠭᠰᠠᠨ ᠠᠵᠢᠯ ᠠᠯᠳᠠᠭᠰᠠᠨ ᠨᠤᠷᠮ᠎ᠠ ᠬᠠᠮᠤᠭ᠎ᠤᠨ ᠥᠨᠳᠥᠷ ᠦᠶ᠎ᠡ ᠪᠣᠯᠬᠤ 2 ᠳ᠋ᠤᠭ᠋ᠠᠷ ᠰᠠᠷ᠎ᠠ᠎ᠳᠤ 6.2% ᠪᠠᠶ᠋ᠢᠭᠰᠠᠨ᠎ᠠᠴᠠ᠎ᠪᠠᠨ ᠵᠢᠯ᠎ᠤᠨ ᠡᠴᠦᠰ᠎ᠲᠤ 5.2% ᠪᠤᠯᠵᠤ ᠪᠠᠭᠤᠷᠠᠪᠠ᠃ ᠠᠵᠢᠯ ᠣᠯᠪᠠᠯ ᠣᠷᠣᠯᠭ᠎ᠠ ᠣᠯᠣᠨ᠎ᠠ᠃ ᠨᠢᠳᠤᠨᠤᠨ ᠪᠦᠬᠦ ᠤᠯᠤᠰ᠎ᠤᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠪᠣᠳᠠᠲᠠᠢ᠎ᠪᠠᠷ 2.1%᠎ᠪᠠᠷ ᠨᠡᠮᠡᠭᠳᠡᠵᠦ᠂ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠤ᠎ᠪᠠᠨ ᠠᠯᠬᠤᠮ ᠨᠢᠭᠡᠳᠴᠡᠢ᠃ ᠰᠢᠨ᠎ᠡ᠎ᠪᠠᠷ ᠪᠠᠢ᠌ᠭᠤᠯᠤᠭᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠨᠢ ᠮᠠᠰᠢ ᠲᠦᠷᠭᠡᠨ ᠵᠶ᠋ᠠᠷ ᠭᠠᠶ᠋ᠢᠯᠢ ᠲᠠᠲᠠᠪᠤᠷᠢ ᠵᠢᠨ ᠴᠢᠬᠤᠯᠠ ᠢᠷᠡᠯᠳᠡ ᠪᠣᠯᠪᠠ᠃ 2013 ᠣᠨ᠎ᠳᠤ᠂ ᠪᠥᠬᠥ ᠤᠯᠤᠰ᠎ᠤᠨ ᠰᠢᠨ᠎ᠡ᠎ᠪᠠᠷ ᠡᠷᠭᠢᠯᠡᠭᠰᠡᠨ ᠭᠠᠶ᠋ᠢᠯᠢ᠎ᠳᠤ ᠬᠣᠯᠪᠣᠭᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠲᠣᠰ ᠵᠢᠯ᠎ᠳᠤ᠎ᠪᠠᠨ 1600 ᠳ᠋ᠦᠩᠰᠢᠭᠤᠷ ᠲᠥᠭᠥᠷᠢᠭ᠎ᠤᠨ ᠭᠠᠶ᠋ᠢᠯᠢ ᠲᠤᠰᠢᠶᠠᠵᠠᠶ; ᠨᠢᠳᠤᠨᠤᠨ ᠪᠣᠯᠬᠤ᠎ᠳᠤ᠂ ᠣᠶ᠋ᠢᠷ᠎ᠠ ᠵᠢᠨ ᠬᠡᠳᠦᠨ ᠵᠢᠯ᠎ᠳᠤ ᠰᠢᠨ᠎ᠡ᠎ᠪᠠᠷ ᠡᠷᠭᠢᠯᠡᠭᠰᠡᠨ ᠭᠠᠶ᠋ᠢᠯᠢ᠎ᠳᠤ ᠬᠣᠯᠪᠣᠭᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠭᠠᠶ᠋ᠢᠯᠢ ᠲᠤᠰᠢᠶᠠᠭᠰᠠᠨ ᠬᠡᠮᠵᠢᠶ᠎ᠡ ᠨᠡᠶ᠋ᠢᠲᠡ 3.82 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠨᠢᠳᠤᠨᠤᠨ᠎ᠤ ᠪᠥᠬᠥ ᠤᠯᠤᠰ᠎ᠤᠨ ᠭᠠᠶ᠋ᠢᠯᠢ ᠵᠢᠨ ᠣᠷᠣᠯᠭ᠎ᠠ ᠵᠢᠨ 1/4 ᠵᠢ ᠳᠠᠪᠠᠭᠰᠠᠨ ᠪᠥᠭᠡᠳ ᠨᠢᠳᠤᠨᠤᠨ᠎ᠤ ᠰᠢᠨ᠎ᠡ᠎ᠪᠠᠷ ᠨᠡᠮᠡᠭᠳᠡᠭᠰᠡᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠤᠭᠰᠠᠨ ᠬᠡᠪᠴᠢᠶ᠎ᠡ᠎ᠠᠴᠠ ᠴᠦ᠍ ᠳᠠᠪᠠᠪᠠ᠃ ᠤᠯᠠᠨ ᠳᠠᠪᠬᠤᠷ ᠬᠦᠨᠳᠦ ᠨᠣᠴᠢᠲᠠᠢ ᠲᠠᠭ᠋ᠠᠷᠢᠯᠳᠠ ᠵᠢᠨ ᠡᠮᠦᠨ᠎ᠡ᠂ ᠳ᠋ᠦᠩᠰᠢᠭᠤᠷ ᠭᠠᠷᠤᠢ ᠵᠠᠬ᠎ᠠ ᠳᠡᠯᠭᠡᠭᠦᠷ᠎ᠤᠨ ᠭᠣᠣᠯ ᠴᠣᠭᠴᠠ᠎ᠨᠢ ᠬᠦᠴᠦᠷᠬᠡᠭ ᠶᠡᠬᠡ ᠤᠶᠠᠨ ᠬᠠᠳᠠᠨ ᠴᠢᠨᠠᠷ᠎ᠢ ᠢᠯᠡᠷᠡᠭᠦᠯᠪᠡ᠃ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠬᠦᠴᠦᠨ ᠪᠠᠢ᠌ᠵᠤ᠂ ᠠᠷᠠᠳ ᠲᠦᠮᠡᠨ ᠪᠣᠯ ᠵᠢᠩᠬᠢᠨᠢ ᠪᠠᠭ᠋ᠠᠲᠤᠷ ᠮᠥᠨ ᠭᠡᠳᠡᠭ᠎ᠢ ᠦᠢ᠍ᠯᠡᠳᠦᠯᠭᠡ ᠭᠡᠷᠡᠴᠢᠯᠡᠪᠡ᠃

      ᠡᠨᠡ ᠵᠢᠯ᠎ᠠᠴᠠ ᠨᠠᠭ᠋ᠠᠰᠢ ᠮᠠᠨ᠎ᠤ ᠤᠯᠤᠰ᠎ᠤᠨ ᠠᠵᠤ ᠠᠬᠤᠶ ᠵᠢᠨ ᠠᠵᠢᠯᠯᠠᠭ᠋ᠠᠨ ᠦᠷᠭᠦᠯᠵᠢᠯᠡᠨ ᠲᠣᠭᠲᠠᠭᠤᠨ ᠳᠤᠮᠳᠠ ᠪᠡᠬᠢᠵᠢᠵᠦ᠂ ᠲᠣᠭᠲᠠᠭᠤᠨ ᠳᠤᠮᠳᠠ ᠰᠠᠶ᠋ᠢᠵᠢᠷᠠᠭᠰᠠᠨ ᠪᠣᠯᠪᠠᠴᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ ᠮᠥᠨ ᠬᠦ᠌ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶ᠋ᠢᠨ᠎ᠠ᠃ ᠪᠦᠬᠦ ᠪᠥᠮᠪᠥᠷᠴᠡᠭ᠎ᠤᠨ ᠬᠢᠵᠢᠭ᠎ᠤᠨ ᠪᠠᠶ᠋ᠢᠳᠠᠯ ᠮᠥᠨ ᠯᠡ ᠦᠷᠭᠦᠯᠵᠢᠯᠡᠵᠦ᠂ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠥᠰᠴᠦ᠂ ᠵᠣᠭᠣᠰ ᠮᠠᠭᠤᠳᠠᠯ ᠵᠢᠱ᠌ᠢᠯᠲᠡ᠎ᠠᠴᠠ ᠳᠡᠭᠡᠭᠰᠢᠯᠡᠵᠦ ᠪᠠᠶ᠋ᠢᠨ᠎ᠠ᠃ ᠤᠯᠤᠰ᠎ᠤᠨ ᠳᠣᠲᠣᠭ᠋ᠠᠳᠤ ᠵᠢᠨ ᠠᠵᠤ ᠠᠬᠤᠶ ᠵᠢᠨ ᠰᠡᠷᠭᠦᠯᠲᠡ ᠪᠠᠰᠠ ᠲᠡᠩᠴᠡᠭᠦᠷᠢ ᠦᠭᠡᠢ ᠪᠠᠶ᠋ᠢᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠴᠥᠭᠡᠨ ᠪᠤᠰᠤ ᠬᠦᠴᠢᠷᠳᠡᠯ᠎ᠳᠤ ᠲᠤᠯᠭ᠋ᠠᠷᠠᠭᠰᠠᠭ᠋ᠠᠷ ᠪᠠᠶ᠋ᠢᠨ᠎ᠠ᠃ ᠠᠵᠢᠯ ᠣᠯᠭᠣᠯᠲᠠ ᠵᠢᠨ ᠳᠠᠷᠤᠯᠲᠠ ᠮᠥᠨ ᠯᠡ ᠨᠡᠯᠢᠶᠡᠳ ᠶᠡᠬᠡ ᠪᠠᠶ᠋ᠢᠵᠤ᠂ ᠵᠥᠪᠬᠡᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠣᠷᠣᠭᠴᠢ 909 ᠲᠦᠮᠡ᠎ᠳᠤ ᠬᠦᠷᠴᠡᠶ᠃ ᠬᠡᠳᠦᠶ᠋ᠢᠪᠡᠷ 4 ᠳ᠋ᠦ᠍ᠭᠡᠷ ᠰᠠᠷ᠎ᠠ᠎ᠳᠤ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠪᠠᠶ᠋ᠢᠴᠠᠭ᠋ᠠᠯᠲᠠ ᠵᠢᠨ ᠠᠵᠢᠯ ᠠᠯᠳᠠᠭᠰᠠᠨ ᠨᠣᠷᠮ᠎ᠠ ᠨᠢᠭᠡᠨᠲᠡ 5.1% ᠪᠣᠯᠲᠠᠯ᠎ᠠ ᠪᠠᠭᠤᠷᠠᠭᠰᠠᠨ ᠴᠤ᠌ 8 ᠮᠤᠵᠢ ᠣᠷᠣᠨ᠎ᠳᠤ 6% ᠵᠢ ᠳᠠᠪᠠᠪᠠ᠃ ᠪᠢᠳᠡ ᠦᠷᠭᠦᠯᠵᠢᠯᠡᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠩᠬᠠᠷᠤᠯ᠎ᠤᠨ ᠲᠣᠭᠣᠷᠢᠨ᠎ᠳᠤ ᠬᠣᠷᠸ᠎ᠠ ᠲᠦᠷᠦ ᠵᠢᠨ ᠪᠤᠳᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠶ ᠬᠡᠷᠡᠭᠵᠢᠭᠦᠯᠵᠦ᠂ ᠪᠠᠶ᠋ᠢᠩᠭᠤᠵᠢᠭᠰᠠᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠰᠢᠭᠤᠳ ᠬᠦᠷᠭᠡᠬᠦ ᠲᠣᠭᠲᠠᠴᠠ ᠪᠠ ᠵᠣᠭᠣᠰᠣᠨ᠎ᠤ ᠲᠦᠷᠦ ᠵᠢᠨ ᠪᠤᠳᠤᠯᠭ᠎ᠠ ᠵᠢᠨ ᠰᠢᠭᠤᠳ ᠬᠦᠷᠭᠡᠬᠦ ᠪᠠᠭ᠋ᠠᠵᠢ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠳᠠᠭ᠋ᠠᠤ᠎ᠳᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠡᠷᠭᠡ ᠭᠣᠣᠯᠳᠠᠯᠭ᠎ᠠ᠎ᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠠᠪᠰᠤᠷᠤᠨ ᠤᠯᠠᠮ ᠨᠢᠭᠡ ᠠᠯᠬᠤᠮ ᠲᠠᠮᠢᠷ ᠲᠡᠩᠬᠡᠭᠡ ᠵᠢ᠎ᠨᠢ ᠰᠡᠷᠭᠦᠭᠡᠵᠦ᠂ ᠠᠵᠤ ᠠᠬᠤᠶ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠵᠤ᠂ ᠠᠵᠤ ᠠᠬᠤᠶ ᠵᠢᠨ ᠠᠵᠢᠯᠯᠠᠭ᠋ᠠᠨ᠎ᠢ ᠵᠦᠢ ᠵᠣᠬᠢᠰᠲᠠᠶ ᠣᠷᠣᠨ ᠪᠠᠶ᠋ᠢᠷᠢ᠎ᠳᠤ ᠪᠠᠶ᠋ᠢᠯᠭ᠋ᠠᠬᠤ ᠵᠢ ᠪᠠᠲᠤᠯᠠᠬᠤ ᠵᠢᠨ ᠬᠠᠮᠲᠤ ᠬᠣᠶ᠋ᠢᠰᠢᠳᠠ ᠵᠢᠨ ᠬᠥᠭᠵᠢᠯᠲᠡ᠎ᠳᠤ ᠪᠠᠲᠤ ᠪᠡᠬᠢ ᠰᠠᠭᠤᠷᠢ ᠵᠢ ᠲᠠᠯᠪᠢᠬᠤ ᠬᠡᠷᠡᠭᠲᠡᠢ᠃ ᠠᠵᠤ ᠠᠬᠤᠶ ᠵᠢᠨ ᠨᠡᠮᠡᠭᠳᠡᠯ᠎ᠤᠨ ᠲᠣᠭᠲᠠᠭᠤᠨ ᠰᠡᠷᠭᠦᠯᠲᠡ ᠵᠢ ᠦᠨᠳᠦᠰᠦᠯᠡᠨ᠂ ᠡᠨᠡ ᠵᠢᠯ ᠪᠢᠳᠡ ᠱᠠᠳᠤᠴᠢ ᠴᠢᠨᠠᠷᠲᠠᠶ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠡᠰᠡᠭ ᠲᠦᠷᠦ ᠵᠢᠨ ᠪᠤᠳᠤᠯᠭ᠎ᠠ ᠵᠢ ᠳᠠᠬᠢᠵᠤ ᠬᠡᠷᠡᠭᠵᠢᠭᠦᠯᠬᠦ ᠦᠭᠡᠢ᠂ ᠭᠡᠪᠡᠴᠦ ᠣᠭᠵᠣᠮ ᠡᠷᠭᠢᠯᠲᠡ ᠬᠢᠭᠰᠡᠨ ᠶᠠᠪᠤᠳᠠᠯ ᠪᠢᠰᠢ᠂ ᠬᠠᠷᠢᠨ ᠪᠦᠲᠦᠴᠡ ᠵᠢᠨ ᠴᠢᠨᠠᠷᠲᠠᠶ᠎ᠪᠠᠷ ᠭᠠᠶ᠋ᠢᠯᠢ ᠵᠢ ᠬᠥᠩᠭᠡᠯᠡᠬᠦ ᠵᠡᠷᠭᠡ ᠲᠤᠯᠭ᠋ᠠᠨ ᠬᠠᠰᠤᠬᠤ ᠰᠢᠨ᠎ᠡ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠨ ᠪᠥᠭᠡᠳ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠦᠵᠡᠭᠦᠯᠬᠦ ᠲᠦᠭᠡᠮᠡᠯ ᠬᠠᠷᠠᠭ᠋ᠠᠯᠵᠠᠯᠳᠤ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠨᠡᠮᠡᠭᠳᠡᠭᠦᠯᠪᠡ᠃ ᠶᠡᠷᠦᠩᠬᠡᠶ᠎ᠳᠤ᠎ᠨᠢ ᠦᠵᠡᠪᠡᠯ ᠡᠳᠡᠭᠡᠷ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠭᠰᠠᠨ᠎ᠨᠢ ᠨᠡᠯᠢᠶᠡᠳ ᠰᠠᠢ᠍ᠢ᠍ᠨ ᠪᠠᠶ᠋ᠢᠨ᠎ᠠ᠂ ᠭᠡᠪᠡᠴᠦ ᠠᠵᠤ ᠠᠬᠤᠶ᠋ᠢᠯᠠᠯ᠎ᠤᠳ᠎ᠤᠨ ᠲᠤᠰᠬᠠᠭᠰᠠᠨ ᠵᠶ᠋ᠡᠷ᠂ ᠲᠦᠷᠦ ᠵᠢᠨ ᠪᠤᠳᠤᠯᠭ᠎ᠠ ᠵᠢ ᠮᠡᠳᠡᠬᠦ ᠦᠭᠡᠢ᠂ ᠭᠤᠶᠤᠴᠢᠯᠠᠬᠤ ᠭᠠᠷᠳᠠᠮ ᠬᠠᠷᠢᠴᠠᠩᠭᠤᠢ ᠪᠤᠳᠤᠯᠢᠶᠠᠨᠲᠠᠶ ᠵᠡᠷᠭᠡ ᠰᠢᠯᠲᠠᠭ᠋ᠠᠨ᠎ᠠᠴᠠ ᠪᠤᠯᠵᠤ᠂ ᠲᠦᠷᠦ ᠵᠢᠨ ᠪᠤᠳᠤᠯᠭ᠎ᠠ ᠵᠢᠨ ᠠᠰᠢᠭᠲᠠᠢ ᠲᠠᠯ᠎ᠠ ᠵᠢ ᠣᠯᠵᠤ ᠡᠳ᠋ᠯᠡᠬᠦ ᠦᠭᠡᠢ ᠪᠠᠢ᠌ᠨ᠎ᠠ ᠭᠡᠪᠡ᠃ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠨᠠᠭᠰᠢᠳᠠ ᠴᠢᠩᠭ᠋ᠠᠳᠬᠠᠵᠤ᠂ ᠲᠦᠷᠦ ᠵᠢᠨ ᠪᠤᠳᠤᠯᠭ᠎ᠠ ᠵᠢ ᠤᠬᠠᠭᠤᠯᠤᠨ ᠲᠠᠨᠢᠯᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ ᠲᠣᠭᠲᠠᠴᠠ ᠵᠢ ᠰᠢᠯᠢᠳᠡᠭᠵᠢᠭᠦᠯᠵᠦ᠂ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠢ ᠰᠠᠶ᠋ᠢᠲᠤᠷ ᠬᠡᠷᠡᠭᠯᠡᠵᠦ᠂ 《ᠬᠥᠮᠦᠨ᠎ᠨᠢ ᠲᠦᠷᠦ ᠵᠢᠨ ᠪᠤᠳᠤᠯᠭ᠎ᠠ ᠵᠢ ᠡᠷᠢᠬᠦ》 ᠵᠢ 《ᠲᠦᠷᠦ ᠵᠢᠨ ᠪᠤᠳᠤᠯᠭ᠎ᠠ᠎ᠨᠢ ᠬᠥᠮᠦᠨ᠎ᠢ ᠡᠷᠢᠬᠦ》 ᠪᠣᠯᠭ᠋ᠠᠬᠤ᠎ᠪᠠᠷ ᠴᠢᠷᠮᠠᠶ᠋ᠢᠵᠤ᠂ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠲᠦᠷᠦ ᠵᠢᠨ ᠪᠤᠳᠤᠯᠭ᠎ᠠ ᠵᠢ ᠡᠳ᠋ᠯᠡᠪᠡᠰᠦ ᠵᠣᠬᠢᠬᠤ᠎ᠳᠤ᠎ᠨᠢ ᠪᠦᠬᠦᠨ᠎ᠢ ᠡᠳ᠋ᠯᠡᠭᠦᠯᠬᠦ᠂ ᠲᠦᠷᠭᠡᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃

      ᠬᠣᠶᠠᠷ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠢ᠌ᠷᠠᠭᠤᠯᠬᠤ ᠲᠠᠯ᠎ᠠ᠎ᠪᠠᠷ ᠬᠦᠴᠦᠯᠡᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠨᠡᠩ ᠶᠡᠬᠡ᠎ᠪᠠᠷ ᠬᠥᠭᠵᠢᠭᠡᠨ᠎ᠡ

      ᠠᠵᠤ ᠠᠬᠤᠢ ᠵᠢᠨ ᠬᠥᠭᠵᠢᠯᠲᠡ ᠵᠢᠨ ᠰᠠᠭᠤᠷᠢ᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠪᠤᠢ᠃ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢ ᠬᠥᠭᠵᠢᠭᠦᠯᠬᠦ᠎ᠳᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠪᠣᠶ᠋ᠢᠵᠢᠭᠤᠯᠤᠨ ᠬᠥᠭᠵᠢᠭᠡᠬᠦ ᠬᠡᠷᠡᠭᠲᠡᠶ᠃ ᠶᠠᠮᠠᠷ ᠬᠦᠴᠢᠷᠳᠡᠯ ᠥᠷᠢᠰᠥᠯᠳᠦᠭᠡᠨ᠎ᠳᠤ ᠲᠤᠯᠭ᠋ᠠᠷᠠᠭᠰᠠᠨ ᠴᠤ᠌᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠠᠮᠠᠭ᠋ᠠᠯᠠᠵᠤ᠂ 《ᠬᠥᠬᠡᠮᠳᠦᠭ ᠠᠭᠤᠯᠠ ᠵᠢ ᠦᠯᠡᠳᠡᠭᠡᠵᠦ》᠂ ᠲᠡᠷᠡᠴᠢᠯᠡᠨ ᠴᠢᠷᠮᠠᠶ᠋ᠢᠵᠤ ᠪᠠᠶ᠋ᠢᠭ᠋ᠠᠳ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠨᠡᠩ ᠬᠥᠭᠵᠢᠶᠡᠨᠲᠡᠢ ᠪᠣᠯᠭ᠋ᠠᠵᠤ᠂ 《ᠬᠥᠬᠡᠮᠳᠦᠭ ᠠᠭᠤᠯᠠ ᠵᠢ ᠡᠭᠦᠷᠢᠳᠡ ᠪᠠᠶ᠋ᠢᠯᠭ᠋ᠠᠬᠤ》᠎ᠳᠤ ᠬᠦᠷᠪᠡᠯ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠲᠠᠰᠤᠷᠠᠯᠳᠡ ᠦᠭᠡᠢ ᠬᠥᠳᠡᠯᠭᠡᠬᠦ ᠬᠦᠴᠦᠨ᠎ᠲᠠᠢ ᠪᠣᠯᠵᠤ ᠴᠢᠳᠠᠨ᠎ᠠ᠃

      (ᠨᠢᠭᠡ) ᠵᠠᠬ᠎ᠠ ᠳᠡᠯᠭᠡᠭᠦᠷ᠎ᠤᠨ ᠭᠣᠣᠯ ᠴᠣᠭᠴᠠ ᠬᠥᠭᠵᠢᠨ ᠪᠤᠵᠠᠭ᠋ᠠᠶ᠋ᠢᠷᠠᠵᠤ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠯ᠎ᠤᠨ ᠪᠠᠢ᠌ᠭᠤᠯᠤᠭᠳᠠᠨ ᠲᠡᠭᠦᠯᠳᠡᠷᠵᠢᠬᠦ ᠵᠢ ᠬᠦᠴᠦᠲᠡᠶ ᠠᠬᠢᠭᠤᠯᠪᠠ᠃ ᠲᠥᠯᠥᠪᠯᠡᠭᠡᠲᠦ ᠠᠵᠤ ᠠᠬᠤᠶ ᠵᠢᠨ ᠦᠶ᠎ᠡ᠎ᠳᠤ᠂ ᠦᠢ᠍ᠯᠡᠳᠪᠦᠷᠢᠯᠡᠯ᠎ᠤᠨ ᠴᠢᠬᠤᠯᠠ ᠬᠦᠴᠦᠨ ᠵᠦᠢ᠍ᠯ ᠪᠠ ᠠᠵᠤ ᠠᠬᠤᠶ ᠵᠢᠨ ᠠᠵᠢᠯᠯᠠᠭ᠎ᠠ ᠵᠢ ᠦᠨᠳᠦᠰᠦᠨ᠎ᠳᠤ᠎ᠪᠠᠨ ᠤᠯᠤᠰ᠎ᠤᠨ ᠲᠥᠯᠥᠪᠯᠡᠭᠡ᠎ᠳᠤ ᠲᠦᠰᠢᠭᠯᠡᠨ ᠲᠣᠬᠢᠷᠠᠭᠤᠯᠵᠤ ᠪᠠᠢ᠌ᠪᠠ᠃ ᠥᠭᠡᠷᠡᠴᠢᠯᠡᠯᠲᠡ ᠨᠡᠭᠡᠭᠡᠯᠳᠡ ᠬᠢᠭᠰᠡᠨ᠎ᠤ ᠲᠠᠷᠠᠭ᠎ᠠ᠂ ᠡᠷᠤᠭᠡ᠎ᠳᠤ ᠳᠠᠭ᠋ᠠᠭ᠋ᠠᠴᠢᠯᠠᠭᠤᠯᠬᠤ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠬᠦ᠎ᠪᠠᠷ ᠲᠠᠮᠵᠢᠨ᠂ ᠲᠠᠷᠢᠶᠠᠴᠢᠨ ᠡᠷᠤᠭᠡ ᠦᠢ᠍ᠯᠡᠳᠪᠦᠷᠢᠯᠡᠯ ᠡᠵᠡᠩᠨᠡᠯᠲᠡ ᠵᠢᠨ ᠭᠣᠣᠯ ᠴᠣᠭᠴᠠ ᠪᠤᠯᠵᠤ᠂ ᠬᠥᠳᠡᠭᠡ ᠲᠣᠰᠬᠣᠨ᠎ᠤ ᠦᠯᠡᠭᠦᠦ ᠬᠥᠳᠡᠯᠮᠦᠷᠢ ᠬᠦᠴᠦᠨ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠣᠯᠬᠤ ᠪᠣᠯᠤᠭᠰᠠᠨ᠎ᠠᠴᠠ ᠢᠳᠡᠵᠦ ᠴᠠᠳᠬᠤ ᠦᠭᠡᠢ ᠠᠰᠠᠭᠤᠳᠠᠯ᠎ᠢ ᠮᠠᠰᠢ ᠲᠦᠷᠭᠡᠨ ᠰᠢᠢ᠍ᠳᠪᠦᠷᠢᠯᠡᠭᠰᠡᠨ ᠪᠥᠭᠡᠳ ᠦᠢ᠍ᠯᠡᠳᠪᠦᠷᠢᠯᠡᠯ᠎ᠤᠨ ᠬᠥᠭᠵᠢᠯᠲᠡ ᠳᠤᠮᠳᠠ ᠠᠮᠢᠳᠤᠷᠠᠯ᠎ᠤᠨ ᠲᠦᠪᠰᠢᠨ ᠵᠶ᠋ᠡᠨ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠡᠶ; ᠬᠤᠳᠠ᠎ᠳᠤ᠎ᠪᠠᠨ ᠪᠤᠴᠠᠭᠰᠠᠨ ᠰᠡᠬᠡᠭᠡᠲᠡᠳ᠎ᠤᠨ ᠥᠪᠡᠷ ᠵᠶ᠋ᠠᠨ ᠠᠵᠢᠯ ᠤᠯᠬᠤ ᠵᠢ ᠵᠣᠷᠢᠭᠵᠢᠭᠤᠯᠵᠤ᠂ ᠬᠤᠪᠢ ᠵᠢᠨ ᠠᠵᠤ ᠠᠬᠤᠶ᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ᠎ᠪᠠᠷ ᠲᠡᠮᠵᠢᠵᠤ᠂ ᠲᠡᠳᠡᠨ᠎ᠢ ᠮᠠᠰᠢ ᠲᠦᠷᠭᠡᠨ ᠵᠶ᠋ᠠᠷ ᠮᠠᠨ᠎ᠤ ᠤᠯᠤᠰ᠎ᠤᠨ ᠠᠵᠤ ᠠᠬᠤᠶ ᠵᠢᠨ ᠴᠢᠬᠤᠯᠠ ᠪᠦᠷᠢᠯᠳᠦᠬᠦᠨ ᠬᠡᠰᠡᠭ ᠪᠣᠯᠭ᠋ᠠᠪᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠳ ᠤᠷᠢᠳ ᠵᠶ᠋ᠠᠷ ᠡᠵᠡᠩᠨᠡᠯᠲᠡ ᠵᠢᠨ ᠡᠵᠡᠨ ᠮᠡᠳᠡᠬᠦ ᠡᠷᠬᠡ ᠵᠢ ᠲᠠᠯᠪᠢᠵᠤ᠂ ᠠᠵᠤ ᠠᠬᠤᠶ ᠵᠢᠨ ᠬᠠᠷᠢᠭᠤᠴᠠᠯᠭ᠎ᠠ ᠵᠢᠨ ᠲᠤᠢ᠍ᠷᠢᠮ᠎ᠢ ᠬᠡᠷᠡᠭᠵᠢᠭᠦᠯᠦᠨ᠂ 《ᠠᠰᠢᠭ᠎ᠢ ᠭᠠᠢ᠌ᠯᠢᠴᠢᠯᠠᠬᠤ》 ᠵᠢ ᠬᠡᠷᠡᠭᠵᠢᠭᠦᠯᠦᠭᠡᠳ᠂ ᠲᠡᠬᠢᠠ ᠤᠳᠦ ᠦᠶ᠎ᠡ ᠵᠢᠨ ᠠᠵᠤ ᠠᠬᠤᠶ᠋ᠢᠯᠠᠯ᠎ᠤᠨ ᠲᠤᠢ᠍ᠷᠢᠮ ᠲᠡᠢ᠌ᠰᠢ ᠤᠷᠤᠭᠰᠢᠯᠠᠭᠰᠠᠨ᠎ᠠᠴᠠ᠂ ᠥᠭᠡᠷᠡᠴᠢᠯᠡᠯᠲᠡ ᠳᠤᠮᠳᠠ ᠠᠮᠢᠳᠤ ᠬᠦᠴᠦᠨ ᠪᠦᠬᠦᠢ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠪᠠ᠃ ᠭᠠᠳᠠᠭ᠋ᠠᠳᠤ᠎ᠲᠠᠢ ᠴᠢᠯᠥᠭᠡᠲᠡᠶ ᠶᠠᠪᠤᠯᠴᠠᠬᠤ ᠶᠠᠪᠤᠴᠠ᠎ᠳᠤ ᠭᠠᠳᠠᠭ᠋ᠠᠳᠤ ᠵᠢᠨ ᠶᠡᠬᠡ ᠬᠡᠮᠵᠢᠶᠡᠨ᠎ᠤ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶ᠋ᠢᠯᠠᠯ᠎ᠤᠳ ᠪᠡᠯᠡ ᠮᠥᠩᠭᠥ᠂ ᠲᠧᠭᠨᠢᠭ ᠮᠡᠷᠭᠡᠵᠢᠯ ᠪᠠ ᠬᠠᠮᠢᠶᠠᠷᠤᠯᠲᠠ ᠵᠢᠨ ᠲᠤᠷᠰᠢᠯᠭ᠎ᠠ ᠵᠢ ᠠᠪᠴᠢᠷᠠᠵᠤ ᠤᠯᠤᠰ᠎ᠤᠨ ᠳᠣᠲᠣᠭ᠋ᠠᠳᠤ ᠵᠢᠨ ᠠᠵᠤ ᠠᠬᠤᠶ᠋ᠢᠯᠠᠯ᠎ᠲᠠᠢ ᠥᠷᠢᠰᠥᠯᠳᠦᠬᠦ ᠪᠠ ᠬᠠᠮᠲᠤᠷᠠᠨ ᠠᠵᠢᠯᠯᠠᠬᠤ ᠶᠠᠪᠤᠴᠠ᠎ᠳᠤ ᠬᠠᠮᠲᠤ᠎ᠪᠠᠷ ᠬᠥᠭᠵᠢᠨ ᠪᠤᠵᠠᠭ᠋ᠠᠶ᠋ᠢᠷᠠᠵᠠᠶ᠃ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠢᠴᠢᠯ ᠰᠠᠭᠤᠷᠢ ᠮᠥᠨ᠃ ᠶᠠᠮᠠᠷ ᠨᠢᠭᠡᠨ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ ᠮᠠᠨ᠎ᠤ ᠤᠯᠤᠰ᠎ᠤᠨ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠬᠥᠭᠵᠢᠯᠲᠡ ᠵᠢᠨ ᠶᠠᠪᠤᠴᠠ ᠪᠣᠯ ᠪᠠᠰᠠ ᠴᠤ᠌ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠦᠨ᠎ᠤ ᠲᠠᠰᠤᠷᠠᠯᠳᠠ ᠦᠭᠡᠢ ᠬᠥᠭᠵᠢᠨ ᠪᠤᠵᠠᠭ᠋ᠠᠶ᠋ᠢᠷᠬᠠᠰᠠᠨ ᠶᠠᠪᠤᠴᠠ ᠮᠥᠨ᠃

      ᠤᠢ᠍ᠢ᠍ᠷ᠎ᠠ ᠵᠢᠨ ᠵᠢᠯ᠎ᠤᠳ᠎ᠲᠤ᠂ ᠪᠢᠳᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠬᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠬᠥᠭᠵᠢᠭᠡᠬᠦ᠎ᠠᠴᠠ ᠡᠭᠦᠰᠦᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠡᠷᠭᠡ ᠭᠣᠣᠯᠳᠠᠯᠭ᠎ᠠ᠎ᠲᠠᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠤᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠬᠦ ᠬᠡᠷᠡᠭᠴᠡᠭᠡ᠎ᠳᠤ ᠵᠣᠬᠢᠴᠠᠭᠰᠠᠨ ᠵᠶ᠋ᠠᠷ ᠪᠠᠷᠠᠬᠤ ᠦᠭᠡᠢ ᠠᠷᠠᠳ ᠤᠯᠠᠨ᠎ᠤ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠬᠡᠷᠡᠭᠴᠡᠭᠡ᠎ᠳᠤ ᠵᠣᠬᠢᠴᠠᠪᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠣᠯ ᠵᠠᠬ᠎ᠠ ᠳᠡᠯᠭᠡᠭᠦᠷ᠎ᠤᠨ ᠬᠠᠨᠳᠤᠯᠭ᠎ᠠ ᠵᠢ ᠪᠠᠷᠢᠮᠲᠠᠯᠠᠬᠤ ᠥᠭᠡᠷᠡᠴᠢᠯᠡᠯᠲᠡ ᠪᠠᠶ᠋ᠢᠵᠤ᠂ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠤᠨ ᠳᠤᠬᠢᠷᠠᠭᠤᠯᠤᠯᠳᠠ᠎ᠳᠠᠬᠢ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ᠎ᠢ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ᠎ᠪᠠᠷ ᠵᠣᠷᠢᠯᠲᠠ ᠪᠣᠯᠭ᠋ᠠᠪᠠ᠃ ᠳᠡᠭᠡᠷ᠎ᠡ ᠬᠤᠭᠤᠴᠠᠭ᠋ᠠᠨ᠎ᠤ ᠵᠠᠰᠠᠭ᠎ᠤᠨ ᠣᠷᠳᠣᠨ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ᠂ ᠪᠢᠳᠡ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ᠎ᠪᠠᠷ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠬᠤᠪᠢᠷᠠᠭᠤᠯᠬᠤ᠂ ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠵᠢ ᠠᠷᠭ᠋ᠠᠴᠠᠭ᠋ᠠᠬᠤ ᠵᠢᠨ 《ᠲᠡᠷᠢᠭᠦᠨ ᠰᠢᠲᠠᠷ᠎ᠠ》 ᠪᠣᠯᠭ᠋ᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠳᠦᠷᠢᠮ ᠵᠡᠷᠭᠡ ᠵᠢᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠯᠢᠶᠡᠰᠦ ᠵᠢ ᠰᠤᠯᠠᠯᠠᠨ ᠳᠠᠷᠤᠭ᠋ᠠᠰᠤ ᠵᠢ ᠬᠥᠩᠭᠡᠷᠡᠭᠦᠯᠬᠦ᠎ᠪᠠᠷ ᠬᠦᠴᠦᠯᠡᠵᠦ᠂ ᠲᠡᠳᠡᠨ᠎ᠤ ᠬᠥᠭᠵᠢᠨ ᠪᠤᠵᠠᠭ᠋ᠠᠢ᠍ᠢ᠍ᠷᠠᠬᠤ ᠬᠥᠷᠥᠰᠥ ᠰᠢᠷᠣᠢ ᠵᠢ ᠰᠢᠮᠡᠵᠢᠭᠦᠯᠦᠭᠰᠡᠨ᠎ᠤ ᠬᠠᠮᠲᠤ ᠠᠵᠢᠯ ᠶᠠᠪᠤᠳᠠᠯ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠡᠷᠬᠡ ᠲᠡᠭᠰᠢ ᠲᠥᠪ ᠭᠣᠣᠯᠴᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠪᠠ᠃ ᠡᠳᠡᠭᠡᠷ ᠵᠢᠯ᠎ᠤᠳ᠎ᠤᠨ ᠰᠢᠨᠲᠠᠷᠠᠰᠢ ᠦᠭᠡᠢ ᠴᠢᠷᠮᠠᠶ᠋ᠢᠯᠭ᠎ᠠ᠎ᠪᠠᠷ ᠳᠠᠮᠵᠢᠭ᠋ᠠᠳ ᠠᠵᠤ ᠠᠬᠤᠶ᠋ᠢᠯᠠᠯ ᠪᠠ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠵᠦ ᠠᠳᠠᠯ ᠦᠢ᠍ᠯᠡᠰ ᠴᠣᠭᠴᠠᠯᠠᠬᠤ᠎ᠳᠤ ᠲᠤᠶ᠋ᠢᠯ᠎ᠤᠨ ᠶᠡᠬᠡ ᠲᠦᠬᠦᠮ ᠦᠵᠡᠭᠦᠯᠦᠭᠰᠡᠨ ᠪᠠᠶ᠋ᠢᠨ᠎ᠠ᠃ ᠡᠭᠦᠨ᠎ᠤ ᠳᠤᠪᠤᠢ᠍ᠢ᠍ᠮ᠎ᠠ ᠢᠯᠡᠷᠡᠯ᠎ᠨᠢ ᠭᠡᠪᠡᠯ᠂ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠲᠣᠭᠲᠠᠯᠴᠠᠭ᠎ᠠ ᠵᠢᠨ ᠳᠠᠰᠤᠷᠠᠯᠳᠠ ᠦᠬᠡᠢ ᠬᠥᠭᠵᠢᠨ ᠲᠡᠭᠦᠯᠳᠡᠷᠵᠢᠬᠦ ᠶᠠᠪᠤᠴᠠ᠎ᠳᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠠᠶ᠋ᠢᠭᠤᠯᠤᠭᠰᠠᠨ ᠶᠠᠪᠤᠳᠠᠯ ᠪᠣᠯᠤᠨ᠎ᠠ᠃ ᠲᠦᠷᠦᠭᠦᠬᠡᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠳᠤ 《ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠡᠩᠰᠡᠯᠡᠨ ᠬᠠᠮᠢᠶᠠᠷᠬᠤ ᠲᠦᠷᠢᠮ》᠎ᠢ ᠪᠠᠲᠤᠯᠠᠪᠠ᠃ ᠲᠦᠷᠢᠮ᠎ᠢ ᠦᠨᠳᠦᠰᠦᠯᠡᠪᠡᠯ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠡᠯ᠎ᠡ ᠲᠦᠷᠦᠯ᠎ᠤᠨ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠠ ᠲᠠᠷᠢᠶᠠᠴᠢᠨ᠎ᠤ ᠲᠤᠰᠬᠠᠢ ᠬᠣᠷᠰᠢᠶᠠᠵᠢᠯ ᠵᠡᠷᠭᠡ ᠪᠠᠭᠲᠠᠨ᠎ᠠ᠃ ᠪᠦᠷᠢᠳᠬᠡᠯ᠎ᠢ ᠦᠨᠳᠦᠰᠦᠯᠡᠪᠡᠯ᠂ 2013 ᠣᠨ᠎ᠠᠴᠠ ᠨᠠᠭ᠋ᠠᠰᠢ ᠵᠢᠯ ᠪᠦᠷᠢ ᠳᠤᠮᠳᠠᠴᠢ᠎ᠪᠠᠷ ᠰᠢᠨ᠎ᠡ᠎ᠪᠠᠷ ᠨᠡᠮᠡᠭᠳᠡᠭᠰᠡᠨ ᠵᠠᠬ᠎ᠠ ᠳᠡᠯᠭᠡᠭᠦᠷ᠎ᠤᠨ ᠭᠣᠣᠯ ᠴᠣᠭᠴᠠ ᠮᠢᠩᠭ᠋ᠠᠨ ᠲᠦᠮᠡ ᠵᠢ ᠳᠠᠪᠠᠵᠤ᠂ ᠳᠠᠩᠰᠠᠯᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠶᠡᠷᠦᠩᠬᠡᠢ ᠲᠣᠭ᠎ᠠ 2012 ᠣᠨ᠎ᠳᠤ 5500 ᠲᠦᠮᠡ ᠰᠢᠬᠠᠮ ᠡᠷᠦᠬᠡ ᠪᠠᠶ᠋ᠢᠭᠰᠠᠨ᠎ᠠᠴᠠ᠎ᠪᠠᠨ ᠡᠨᠡ ᠵᠢᠯ᠎ᠤᠨ 4 ᠰᠠᠷ᠎ᠠ᠎ᠳᠤ 1.43 ᠳ᠋ᠦᠩᠰᠢᠭᠤᠷ ᠡᠷᠦᠬᠡ ᠪᠣᠯᠵᠤ᠂ 1.6 ᠳᠠᠬᠢᠨ ᠵᠶ᠋ᠠᠷ ᠨᠡᠮᠡᠭᠳᠡᠵᠡᠢ᠃ ᠡᠭᠦᠨ᠎ᠤ ᠳᠣᠲᠣᠷ᠎ᠠ᠂ ᠠᠵᠤ ᠠᠬᠤᠶ᠋ᠢᠯᠠᠯ 1300 ᠭᠠᠷᠤᠶ ᠲᠦᠮᠡᠨ ᠡᠷᠦᠬᠡ ᠪᠠᠶ᠋ᠢᠭᠰᠠᠨ᠎ᠠᠴᠠ᠎ᠪᠠᠨ ᠨᠡᠮᠡᠭᠳᠡᠭᠡᠳ 4500 ᠭᠠᠷᠤᠶ ᠲᠦᠮᠡᠨ ᠡᠷᠦᠬᠡ ᠪᠤᠯᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ 4000 ᠭᠠᠷᠤᠶ ᠲᠦᠮᠡᠨ ᠡᠷᠦᠬᠡ ᠪᠠᠶ᠋ᠢᠭᠰᠠᠨ᠎ᠠᠴᠠ᠎ᠪᠠᠨ ᠨᠡᠮᠡᠭᠳᠡᠭᠡᠳ 9600 ᠲᠦᠮᠡ ᠰᠢᠬᠠᠮ ᠡᠷᠦᠬᠡ ᠪᠤᠯᠵᠤ᠂ ᠲᠠᠷᠢᠶᠠᠴᠢᠨ᠎ᠤ ᠲᠤᠰᠬᠠᠶ ᠬᠣᠷᠰᠢᠶᠠᠵᠢᠯ 70 ᠲᠦᠮᠡ ᠰᠢᠬᠠᠮ ᠡᠷᠦᠬᠡ ᠪᠠᠶ᠋ᠢᠭᠰᠠᠨ᠎ᠠᠴᠠ᠎ᠪᠠᠨ ᠨᠡᠮᠡᠭᠳᠡᠭᠡᠳ 220 ᠭᠠᠷᠤᠶ ᠲᠦᠮᠡᠨ ᠡᠷᠦᠬᠡ ᠪᠣᠯᠵᠠᠶ᠃ ᠡᠨᠡ᠎ᠨᠢ 《ᠲᠦᠷᠪᠡᠨ ᠠᠵᠤ ᠠᠬᠤᠶ ᠵᠢ ᠲᠦᠭᠡᠮᠡᠯᠵᠢᠭᠦᠯᠬᠦ》᠎ᠳᠤ ᠲᠤᠰᠬᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠨᠡᠯᠢᠶᠡᠳ ᠲᠦᠷᠭᠡᠨ ᠨᠡᠮᠡᠭᠳᠡᠯ᠎ᠤᠨ ᠪᠠᠶ᠋ᠢᠳᠠᠯ᠎ᠲᠠᠢ ᠨᠢᠭᠡᠳᠦᠯᠲᠡᠶ ᠶᠤᠮ᠃ ᠬᠡᠯᠡᠯᠭᠡᠨ ᠦᠭᠡᠢ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠦᠵᠡᠬᠦ᠎ᠳᠤ ᠵᠥᠪᠬᠡᠨ ᠲᠣᠭ᠎ᠠ ᠵᠢ᠎ᠨᠢ ᠦᠵᠡᠭᠡᠳ ᠪᠣᠯᠬᠤ ᠦᠭᠡᠢ᠂ ᠪᠠᠰᠠ ᠢᠳᠡᠪᠬᠢᠵᠢᠯ᠎ᠢ᠎ᠨᠢ ᠦᠵᠡᠬᠦ ᠬᠡᠷᠡᠭᠲᠡᠶ᠂ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠨᠥᠬᠥᠴᠡᠯ ᠳᠣᠣᠷ᠎ᠠ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ 《ᠣᠷᠣᠰᠢᠵᠤ ᠤᠰᠠᠳᠬᠤ》 ᠪᠣᠯ ᠬᠡᠪ᠎ᠤᠨ ᠶᠠᠪᠤᠳᠠᠯ ᠮᠥᠨ᠂ ᠣᠳᠣᠬᠠᠨ᠎ᠤ ᠢᠳᠡᠪᠬᠢᠵᠢᠯ᠎ᠤᠨ ᠬᠡᠮᠵᠢᠶ᠎ᠡ᠎ᠨᠢ ᠶᠡᠬᠡ ᠲᠥᠯᠥᠪ 70% ᠣᠷᠴᠢᠮ ᠪᠠᠶ᠋ᠢᠨ᠎ᠠ᠃

      (ᠬᠣᠶᠠᠷ) ᠳ᠋ᠦᠩᠰᠢᠭᠤᠷ ᠭᠠᠷᠤᠶ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠬᠦᠴᠦᠨ ᠮᠥᠨ᠃ ᠤᠯᠠᠨ ᠵᠢᠯ᠎ᠤᠨ ᠬᠥᠭᠵᠢᠯᠲᠡ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭ᠎ᠠ ᠨᠡᠮᠡᠭᠳᠡᠵᠦ᠂ ᠡᠳᠦᠷ ᠢᠷᠡᠬᠦᠶ᠎ᠡ ᠤᠯᠠᠨ ᠶᠠᠩᠵᠤ ᠵᠢᠨ ᠪᠤᠯᠵᠤ ᠪᠠᠶ᠋ᠢᠬᠤ᠎ᠪᠠᠷ ᠪᠠᠷᠠᠬᠤ ᠦᠭᠡᠢ᠂ ᠥᠷᠢᠰᠥᠯᠳᠦᠬᠦ ᠬᠦᠴᠦᠨ ᠪᠠ ᠪᠣᠳᠠᠲᠤ ᠬᠦᠴᠦᠨ᠎ᠨᠢ ᠴᠦ᠍ ᠲᠠᠰᠤᠷᠠᠯᠳᠠ ᠦᠭᠡᠢ ᠳᠡᠭᠡᠭᠰᠢᠯᠡᠵᠦ᠂ ᠪᠠᠳᠠᠷᠠᠭᠤᠯᠬᠤ ᠦᠢ᠍ᠯᠡᠳᠦᠯ᠎ᠨᠢ ᠤᠯᠠᠮ᠎ᠠᠴᠠ ᠤᠯᠠᠮ ᠶᠡᠬᠡᠰᠴᠦ ᠪᠠᠶ᠋ᠢᠨ᠎ᠠ᠃

      ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠠᠵᠢᠯ ᠣᠯᠭᠣᠯᠲᠠ ᠵᠢ ᠥᠷᠭᠡᠳᠬᠡᠬᠦ 《ᠲᠤᠯᠭ᠋ᠠᠭᠤᠷᠢ》 ᠮᠥᠨ᠃ ᠵᠥᠪᠬᠡᠨ ᠡᠳ᠋᠎ᠤᠨ ᠵᠠᠰᠠᠭ᠎ᠤᠨ ᠬᠣᠭᠣᠯᠠ᠎ᠳᠤ ᠲᠦᠰᠢᠭᠯᠡᠪᠡᠯ ᠠᠵᠢᠯ ᠣᠯᠭᠣᠯᠲᠠ ᠵᠢ ᠲᠡᠳᠦᠢ ᠨᠡᠮᠡᠭᠳᠡᠭᠦᠯᠵᠦ ᠴᠢᠳᠠᠬᠤ ᠦᠭᠡᠢ ᠪᠥᠭᠡᠳ ᠠᠵᠢᠯ ᠣᠯᠭᠣᠯᠲᠠ ᠵᠢ ᠦᠷᠭᠦᠯᠵᠢᠯᠡᠭᠦᠯᠵᠦ ᠴᠦ᠍ ᠴᠢᠳᠠᠬᠤ ᠦᠭᠡᠢ ᠶᠤᠮ᠂ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠥᠷᠭᠡᠳᠬᠡᠬᠦ᠎ᠳᠤ ᠪᠠᠰᠠ ᠵᠠᠬ᠎ᠠ ᠳᠡᠯᠭᠡᠭᠦᠷ᠎ᠤᠨ ᠭᠣᠣᠯ ᠴᠣᠭᠴᠠ᠎ᠪᠠᠷ 《ᠭᠣᠣᠯ ᠳᠦᠷᠢ ᠵᠢ ᠲᠣᠭᠯᠠᠭᠤᠯᠬᠤ》 ᠬᠡᠷᠡᠭᠲᠡᠶ ᠭᠡᠳᠡᠭ᠎ᠢ ᠦᠢ᠍ᠯᠡᠳᠦᠯᠭᠡ ᠭᠡᠷᠡᠴᠢᠯᠡᠵᠡᠶ᠃ ᠤᠢ᠍ᠢ᠍ᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠬᠤᠳᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ ᠦᠨᠳᠦᠰᠦᠨ᠎ᠳᠤ᠎ᠪᠠᠨ ᠵᠢᠯ ᠪᠦᠷᠢ 1300 ᠲᠦᠮᠡ ᠵᠢ ᠳᠠᠪᠠᠵᠤ᠂ ᠡᠭᠦᠨ᠎ᠳᠤ ᠵᠣᠩᠬᠢᠯᠠᠬᠤ ᠤᠯᠠᠨ ᠲᠣᠭ᠎ᠠ ᠵᠢ᠎ᠨᠢ ᠭᠣᠣᠯᠳᠠᠭᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠰᠢᠩᠭᠡᠭᠡᠨ ᠠᠪᠬᠤ᠎ᠳᠤ ᠲᠦᠰᠢᠭᠯᠡᠭᠰᠡᠨ ᠶᠤᠮ᠃ ᠬᠣᠯᠪᠣᠭᠳᠠᠯ ᠪᠥᠬᠥᠶ ᠲᠥᠰᠥᠭᠡᠯᠡᠯ᠎ᠢ ᠦᠨᠳᠦᠰᠦᠯᠡᠪᠡᠯ᠂ ᠨᠢᠭᠡ ᠵᠠᠬ᠎ᠠ ᠳᠡᠯᠭᠡᠭᠦᠷ᠎ᠤᠨ ᠭᠣᠣᠯ ᠴᠣᠭᠴᠠ᠎ᠨᠢ ᠳᠤᠮᠳᠠᠴᠢ᠎ᠪᠠᠷ 8 — 10 ᠬᠥᠮᠦᠨ᠎ᠤ ᠠᠵᠢᠯ ᠣᠯᠭᠣᠯᠲᠠ ᠵᠢ ᠳᠠᠶ᠋ᠢᠴᠢᠯᠠᠵᠤ᠂ ᠪᠣᠳᠠᠲᠠᠶ᠎ᠪᠠᠷ ᠠᠵᠢᠯᠯᠠᠭᠤᠯᠤᠨ ᠡᠵᠡᠩᠨᠡᠵᠦ ᠪᠠᠶ᠋ᠢᠭ᠎ᠠ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ 1 ᠳ᠋ᠦᠩᠰᠢᠭᠤᠷ ᠡᠷᠦᠬᠡ᠎ᠠᠴᠠ ᠳᠡᠭᠡᠭᠰᠢ ᠪᠠᠶ᠋ᠢᠬᠤ ᠵᠢ ᠪᠠᠲᠤᠯᠠᠳᠠᠭ ᠯᠠ ᠶᠤᠮ ᠪᠣᠯ᠂ ᠮᠠᠨ᠎ᠤ ᠤᠯᠤᠰ᠎ᠤᠨ ᠬᠡᠪᠴᠢᠶ᠎ᠡ᠎ᠪᠠᠷ ᠯᠤᠲᠤ ᠶᠡᠬᠡ ᠬᠥᠳᠡᠯᠮᠦᠷᠢ ᠬᠦᠴᠦᠨ᠎ᠤ ᠠᠵᠢᠯ ᠣᠯᠭᠣᠯᠲᠠ᠎ᠨᠢ ᠳᠠᠷᠤᠶ ᠲᠣᠭᠲᠠᠭᠤᠨ ᠪᠥᠭᠡᠳ ᠨᠡᠯᠢᠶᠡᠳ ᠭᠦᠢ᠍ᠴᠡᠳ ᠪᠠᠶ᠋ᠢᠬᠤ ᠵᠢ ᠪᠠᠲᠤᠯᠠᠵᠤ ᠴᠢᠳᠠᠨ᠎ᠠ᠃ ᠢᠯᠠᠩᠭᠤᠶ᠎ᠠ ᠥᠷᠭᠡᠨ ᠣᠯᠠᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠪᠣᠯ ᠠᠵᠢᠯ ᠣᠯᠭᠣᠯᠲᠠ ᠵᠢᠨ 《ᠲᠣᠮᠣ ᠰᠠᠪᠠ》 ᠮᠥᠨ᠂ ᠲᠡᠳᠡ 85% ᠵᠢᠨ ᠬᠤᠳᠠ ᠪᠠᠯᠭ᠋ᠠᠰᠤᠨ᠎ᠤ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠬᠠᠩᠭ᠋ᠠᠵᠤ᠂ ᠬᠤᠳᠠ ᠪᠠᠯᠭ᠋ᠠᠰᠤᠨ᠎ᠤ 4.4 ᠳ᠋ᠦᠩᠰᠢᠭᠤᠷ ᠠᠵᠢᠯ ᠣᠯᠤᠭᠰᠠᠳ᠂ 2.9 ᠳ᠋ᠦᠩᠰᠢᠭᠤᠷ ᠰᠢᠬᠠᠮ ᠬᠥᠯᠥᠰᠥᠨ ᠠᠵᠢᠯᠴᠢᠨ᠎ᠤ ᠠᠵᠢᠯ ᠣᠯᠭᠣᠯᠲᠠ ᠵᠢ ᠨᠡᠯᠢᠶᠡᠳ ᠶᠡᠬᠡ ᠬᠡᠮᠵᠢᠶ᠎ᠡ᠎ᠪᠠᠷ ᠲᠤᠯᠭ᠋ᠠᠭᠤᠷᠢᠯᠠᠪᠠ᠃

      ᠠᠷᠠᠳ ᠤᠯᠠᠨ ᠪᠣᠯ ᠥᠮᠥᠭ ᠲᠦᠰᠢᠭ ᠮᠥᠨ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯ ᠡᠳ᠋ ᠪᠠᠶᠠᠯᠢᠭ᠎ᠢ ᠡᠭᠦᠳᠦᠨ ᠪᠦᠲᠦᠭᠡᠬᠦ ᠰᠢᠷᠭᠢᠰᠢ ᠦᠭᠡᠢ ᠪᠤᠯᠠᠭ ᠮᠥᠷᠲᠡᠭᠡᠨ ᠭᠠᠶ᠋ᠢᠯᠢ ᠲᠠᠲᠠᠪᠤᠷᠢ ᠬᠠᠩᠭ᠋ᠠᠬᠤ ᠭᠣᠣᠯ ᠢᠷᠡᠯᠳᠡ ᠮᠥᠨ᠃ ᠤᠢ᠍ᠢ᠍ᠷ᠎ᠠ ᠵᠢᠨ ᠵᠢᠯ᠎ᠤᠳ᠎ᠲᠤ᠂ ᠪᠢᠳᠡ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ᠎ᠪᠠᠷ ᠥᠷᠢᠰᠥᠯᠳᠦᠭᠡᠨ᠎ᠢ ᠠᠷᠭ᠋ᠠᠴᠠᠭ᠋ᠠᠬᠤ᠂ ᠠᠵᠤ ᠠᠬᠤᠢ ᠵᠢᠨ ᠲᠣᠭᠲᠠᠭᠤᠨ ᠬᠥᠭᠵᠢᠯᠲᠡ ᠵᠢ ᠪᠠᠲᠤᠯᠠᠬᠤ ᠬᠦᠴᠦᠲᠡᠢ ᠠᠷᠭ᠎ᠠ ᠬᠡᠮᠵᠢᠶ᠎ᠡ ᠪᠣᠯᠭ᠋ᠠᠵᠤ᠂ ᠲᠦᠷᠢᠮ᠎ᠤᠨ ᠴᠢᠨᠠᠷᠲᠠᠢ ᠲᠤᠬᠢᠷᠠᠭᠤᠯᠤᠯᠳᠠ ᠪᠣᠯᠤᠨ ᠱᠠᠳᠤᠴᠢ ᠴᠢᠨᠠᠷᠲᠠᠢ ᠲᠦᠷᠦ ᠵᠢᠨ ᠪᠤᠳᠤᠯᠭ᠎ᠠ ᠵᠢ ᠵᠡᠷᠭᠡ᠎ᠪᠠᠷ ᠬᠡᠷᠡᠭᠵᠢᠭᠦᠯᠬᠦ ᠵᠢ ᠪᠠᠷᠢᠮᠲᠠᠯᠠᠵᠤ᠂ ᠴᠡᠭ᠎ᠠᠴᠠ ᠲᠠᠯ᠎ᠠ᠎ᠳᠤ ᠬᠦᠷᠲᠡᠯ᠎ᠡ ᠡᠵᠡᠩᠨᠡᠯᠲᠡ ᠵᠢᠨ ᠭᠠᠶ᠋ᠢᠯᠢ ᠵᠢ ᠦᠷᠳᠡᠭ ᠨᠡᠮᠡᠭᠳᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠵᠢ ᠠᠬᠢᠭᠤᠯᠵᠤ᠂ ᠶᠡᠬᠡ ᠬᠡᠪᠴᠢᠶ᠎ᠡ᠎ᠪᠠᠷ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠢ ᠦᠷᠭᠦᠯᠵᠢᠯᠡᠨ ᠬᠡᠷᠡᠭᠵᠢᠭᠦᠯᠵᠦ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠨᠡᠮᠡᠭᠳᠡᠭᠰᠡᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠤᠭᠰᠠᠨ ᠬᠡᠮᠵᠢᠶ᠎ᠡ ᠨᠡᠢ᠍ᠢ᠍ᠳᠡ 7.6 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠡᠢ᠃ ᠡᠨᠡ ᠬᠦ᠌ ᠣᠬᠣᠷᠬᠠᠨ ᠬᠤᠭᠤᠴᠠᠭ᠋ᠠᠨ᠎ᠳᠤ ᠡᠳ᠋᠎ᠤᠨ ᠵᠠᠰᠠᠭ᠎ᠤᠨ ᠳᠠᠷᠤᠯᠲᠠ ᠵᠢ ᠨᠡᠮᠡᠭᠳᠡᠭᠦᠯᠦᠭᠰᠡᠨ ᠪᠣᠯᠪᠠᠴᠤ ᠣᠷᠳᠣ ᠬᠤᠭᠤᠴᠠᠭ᠋ᠠᠨ᠎ᠠᠴᠠ ᠠᠪᠴᠤ ᠦᠵᠡᠪᠡᠯ 《ᠤᠰᠤ ᠲᠠᠯᠪᠢᠨ ᠵᠢᠭ᠋ᠠᠰᠤ ᠲᠡᠵᠢᠭᠡᠵᠦ》᠂ ᠭᠠᠶ᠋ᠢᠯᠢ ᠵᠢᠨ ᠢᠷᠡᠯᠲᠡ ᠵᠢ ᠬᠠᠳᠠᠭ᠋ᠠᠯᠠᠨ᠂ ᠭᠠᠶ᠋ᠢᠯᠢ ᠵᠢᠨ ᠰᠠᠭᠤᠷᠢ ᠵᠢ ᠥᠷᠭᠡᠳᠬᠡᠵᠦ᠂ ᠨᠠᠩ ᠣᠯᠠᠨ ᠭᠠᠶ᠋ᠢᠯᠢ ᠲᠠᠲᠠᠪᠤᠷᠢ ᠬᠤᠷᠢᠶᠠᠬᠤ᠎ᠳᠤ ᠬᠤᠪᠢ ᠨᠡᠮᠡᠷᠢ ᠦᠵᠡᠭᠦᠯᠵᠦ᠂ 《ᠤᠰᠤ ᠠᠷᠪᠢᠨ ᠪᠣᠯ ᠵᠢᠭ᠋ᠠᠰᠤ ᠠᠷᠪᠢᠨ》 ᠭᠡᠵᠦ ᠬᠡᠯᠡᠵᠦ ᠪᠣᠯᠬᠤ ᠪᠥᠭᠡᠳ ᠰᠠᠶ᠋ᠢᠨ ᠣᠷᠴᠢᠯ᠎ᠢ ᠪᠦᠷᠢᠯᠳᠦᠭᠦᠯᠪᠡ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠰᠢᠨ᠎ᠡ᠎ᠪᠠᠷ ᠡᠷᠭᠢᠯᠡᠭᠰᠡᠨ ᠭᠠᠶ᠋ᠢᠯᠢ᠎ᠲᠠᠢ ᠬᠣᠯᠪᠣᠭᠳᠠᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠥᠩᠭᠡᠷᠡᠭᠰᠡᠨ ᠲᠠᠪᠤᠨ ᠵᠢᠯ᠎ᠤᠨ ᠭᠠᠢ᠌ᠯᠢ ᠲᠤᠰᠢᠶᠠᠭᠰᠠᠨ ᠬᠡᠮᠵᠢᠶ᠎ᠡ᠎ᠨᠢ ᠨᠡᠶ᠋ᠢᠲᠡ 7.8 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠠᠳᠠᠯᠢ ᠬᠤᠭᠤᠴᠠᠭ᠋ᠠᠨ᠎ᠤ ᠰᠢᠨ᠎ᠡ᠎ᠪᠠᠷ ᠨᠡᠮᠡᠭᠳᠡᠭᠰᠡᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠬᠡᠪᠴᠢᠶ᠎ᠡ᠎ᠠᠴᠠ ᠴᠦ᠍ ᠶᠡᠬᠡ ᠪᠣᠯᠵᠠᠶ᠃

      ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ᠎ᠨᠢ ᠠᠵᠤ ᠠᠬᠤᠶ ᠵᠢᠨ ᠪᠦᠲᠦᠴᠡ ᠵᠢ ᠰᠢᠯᠢᠳᠡᠭᠵᠢᠭᠦᠯᠵᠦ᠂ ᠰᠢᠨ᠎ᠡ ᠬᠥᠳᠡᠯᠭᠡᠭᠴᠢ ᠡᠨᠧᠷᠭᠢ ᠵᠢ ᠪᠤᠵᠠᠭ᠋ᠠᠶ᠋ᠢᠷᠠᠭᠤᠯᠵᠤ᠂ ᠠᠵᠤ ᠠᠬᠤᠶ ᠵᠢᠨ ᠣᠷᠴᠢᠯ᠎ᠤᠨ ᠰᠠᠭ᠋ᠠᠳ ᠦᠭᠡᠢ ᠨᠡᠪᠲᠡᠷᠡᠬᠦ ᠵᠢ ᠠᠬᠢᠭᠤᠯᠪᠠ᠃ ᠤᠢ᠍ᠢ᠍ᠷ᠎ᠠ ᠵᠢᠨ ᠵᠢᠯ᠎ᠤᠳ᠎ᠲᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭ᠎ᠠ ᠵᠢᠯ ᠪᠦᠷᠢ ᠮᠢᠩᠭ᠋ᠠᠨ ᠲᠦᠮᠡ ᠵᠢᠨ ᠳᠡᠰ ᠵᠶ᠋ᠠᠷ ᠨᠡᠮᠡᠭᠳᠡᠬᠦ ᠪᠠᠢ᠌ᠳᠠᠯ ᠢᠯᠡᠷᠡᠵᠦ᠂ ᠶᠡᠬᠡ ᠬᠡᠮᠵᠢᠶᠡᠨ᠎ᠤ ᠰᠢᠨ᠎ᠡ ᠪᠦᠲᠦᠮᠵᠢᠲᠡᠢ ᠬᠠᠩᠭ᠋ᠠᠯᠭ᠎ᠠ ᠪᠠ ᠪᠡᠯᠡ ᠣᠷᠣᠭᠤᠯᠤᠯᠲᠠ ᠵᠢᠨ ᠬᠡᠷᠡᠭᠯᠡᠭᠡ ᠱᠠᠭ᠋ᠠᠷᠳᠠᠯᠭ᠎ᠠ ᠵᠢ ᠪᠤᠢ ᠪᠣᠯᠭ᠋ᠠᠵᠠᠢ; ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠨᠡᠩ ᠴᠤ᠌ ᠥᠷᠨᠢᠨ ᠬᠥᠭᠵᠢᠵᠦ᠂ ᠲᠡᠳᠡᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ 《ᠬᠢᠯᠭ᠋ᠠᠰᠤᠨ ᠰᠤᠳᠠᠰᠤ》 ᠪᠠ ᠵᠠᠬ᠎ᠠ ᠳᠡᠯᠭᠡᠭᠦᠷ᠎ᠤᠨ         《ᠮᠡᠳᠡᠷᠡᠯ᠎ᠤᠨ ᠰᠡᠵᠢᠭᠦᠷ》 ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ ᠠᠵᠤ ᠦᠢ᠍ᠯᠡᠰ ᠪᠠ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠎ᠳᠤ ᠥᠪᠡᠷᠮᠢᠴᠡ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠠᠵᠤ ᠠᠬᠤᠶ ᠵᠢᠨ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢᠨ ᠲᠦᠷᠭᠡᠪᠴᠢᠯᠡᠨ ᠰᠣᠯᠢᠭᠳᠠᠬᠤ ᠵᠢ ᠠᠬᠢᠭᠤᠯᠤᠭᠰᠠᠨ᠎ᠢ ᠪᠠᠰᠠ ᠣᠯᠵᠤ ᠬᠠᠷᠠᠬᠤ ᠬᠡᠷᠡᠭᠲᠡᠶ᠃ ᠣᠳᠣᠬᠠᠨ᠎ᠳᠤ᠂ ᠮᠠᠨ᠎ᠤ ᠤᠯᠤᠰ᠎ᠤᠨ 《ᠭᠤᠷᠪᠠᠨ ᠰᠢᠨ᠎ᠡ》 ᠠᠵᠤ ᠠᠬᠤᠶ ᠵᠢᠨ ᠨᠡᠮᠡᠭᠳᠡᠯ ᠥᠷᠲᠡᠭ᠎ᠤᠨ GDP᠎ᠳᠤ ᠡᠵᠡᠯᠡᠬᠦ ᠬᠤᠪᠢ ᠵᠢᠨ ᠵᠢᠩ ᠨᠢᠭᠡᠨᠲᠡ 16% ᠵᠢ ᠳᠠᠪᠠᠵᠤ᠂ ᠮᠠᠰᠢ ᠣᠯᠠᠨ ᠤᠯᠠᠮᠵᠢᠯᠠᠯᠲᠤ ᠠᠵᠤ ᠦᠢ᠍ᠯᠡᠰ ᠴᠦ᠍ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠵᠶ᠋ᠠᠷ ᠳᠡᠮᠵᠢᠨ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠵᠦ ᠡᠵᠡᠩᠨᠡᠬᠦ ᠠᠷᠭ᠎ᠠ ᠮᠠᠶᠢᠭ᠎ᠢ ᠳᠠᠬᠢᠨ ᠪᠦᠲᠦᠭᠡᠪᠡ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠥᠬᠥ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 7.6 ᠲᠦᠮᠡ ᠪᠠᠶ᠋ᠢᠭᠰᠠᠨ᠎ᠠᠴᠠ᠎ᠪᠠᠨ 27.5 ᠲᠦᠮᠡ ᠪᠣᠯᠵᠣ ᠨᠡᠮᠡᠭᠳᠡᠪᠡ᠃ ᠭᠠᠳᠠᠭ᠋ᠠᠳᠤ ᠵᠢᠨ ᠪᠠᠶ᠋ᠢᠭᠤᠯᠤᠮᠵᠢ ᠵᠢᠨ ᠪᠦᠷᠢᠳᠬᠡᠭᠰᠡᠨ ᠵᠶ᠋ᠠᠷ᠂ ᠨᠢᠳᠤᠨᠤᠨ ᠪᠥᠬᠥ ᠳᠡᠯᠡᠬᠡᠶ ᠵᠢᠨ 500 ᠭᠠᠷᠤᠶ 《ᠭᠠᠭᠴᠠ ᠡᠪᠡᠷᠲᠦ》 ᠠᠵᠤ ᠠᠬᠤᠶ᠋ᠢᠯᠠᠯ ᠳᠣᠲᠣᠷ᠎ᠠ᠂ ᠮᠠᠨ᠎ᠤ ᠤᠯᠤᠰ᠎ᠤᠨ ᠡᠬᠡ ᠬᠠᠭᠤᠷᠠᠶ᠎ᠳᠤ ᠳᠠᠷᠤᠢ 112 ᠠᠵᠤ ᠠᠬᠤᠶ᠋ᠢᠯᠠᠯ ᠪᠠᠶ᠋ᠢᠵᠤ᠂ ᠲᠣᠭ᠎ᠠ ᠬᠡᠮᠵᠢᠶ᠎ᠡ᠎ᠪᠠᠷ ᠬᠣᠶᠠᠳᠤᠭ᠋ᠠᠷ᠎ᠲᠤ ᠤᠷᠤᠭᠰᠠᠨ ᠪᠠᠶ᠋ᠢᠨ᠎ᠠ᠃ 《ᠢᠨᠲ᠋ᠧᠷ ᠰᠦᠯᠵᠢᠶ᠎ᠡ +》 ᠵᠡᠷᠭᠡ ᠵᠢᠨ ᠲᠦᠷᠭᠡᠨ ᠬᠥᠭᠵᠢᠯᠲᠡ᠎ᠨᠢ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠰᠢᠯᠢᠳᠡᠭ ᠰᠤᠷᠭ᠋ᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ᠎ᠤᠨ ᠠᠮᠢᠳᠤᠷᠠᠯ᠎ᠤᠨ ᠡᠬᠢ ᠪᠠᠶᠠᠯᠢᠭ᠎ᠤᠨ ᠬᠥᠳᠡᠭᠡ ᠲᠣᠰᠬᠣᠨ᠂ ᠪᠣᠶ᠋ᠢᠳᠠ ᠪᠥᠭᠯᠡᠭᠦᠤ ᠭᠠᠵᠠᠷ ᠣᠷᠣᠨ ᠲᠡᠢ᠌ᠰᠢ ᠥᠷᠭᠡᠵᠢᠬᠦ ᠵᠢ ᠠᠬᠢᠭᠤᠯᠤᠭᠰᠠᠨ ᠵᠶ᠋ᠠᠷ ᠪᠠᠷᠠᠬᠤ ᠥᠬᠡᠶ᠂ ᠵᠠᠬ᠎ᠠ ᠳᠡᠯᠭᠡᠭᠦᠷ᠎ᠤᠨ ᠣᠷᠣᠨ ᠵᠠᠶ ᠵᠢ ᠥᠷᠭᠡᠳᠬᠡᠪᠡ᠃ ᠡᠨᠡ ᠵᠢᠯ᠎ᠤᠨ 1 — 4 ᠰᠠᠷ᠎ᠠ᠎ᠳᠤ ᠪᠥᠬᠥ ᠤᠯᠤᠰ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ ᠵᠢᠨ ᠨᠡᠶ᠋ᠢᠭᠡᠮ᠎ᠤᠨ ᠬᠡᠷᠡᠭᠯᠡᠭᠡ ᠵᠢᠨ ᠵᠦᠢ᠍ᠯᠡᠰ᠎ᠤᠨ ᠵᠢᠵᠢᠭᠯᠡᠨ ᠬᠤᠳᠠᠯᠳᠤᠭᠰᠠᠨ ᠪᠥᠬᠥ ᠲᠣᠭ᠋ᠠᠨ᠎ᠳᠠᠬᠢ ᠡᠵᠡᠯᠡᠬᠦ ᠬᠤᠪᠢ ᠵᠢᠨ ᠵᠢᠩ᠎ᠨᠢ 22%᠎ᠢ ᠳᠠᠪᠠᠵᠤ᠂ ᠨᠢᠳᠤᠨᠤᠨ᠎ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠠᠮᠢᠶᠠᠷᠤᠯᠲᠠ ᠵᠢᠨ ᠲᠠᠪᠴᠠᠩ᠎ᠤᠨ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 150%᠎ᠠᠴᠠ ᠳᠡᠭᠡᠭᠰᠢ ᠨᠡᠮᠡᠭᠳᠡᠵᠡᠶ᠂ ᠡᠨᠡ᠎ᠨᠢ ᠠᠵᠤ ᠦᠢ᠍ᠯᠡᠳᠪᠦᠷᠢ ᠲᠠᠷᠢᠶᠠᠯᠠᠩ᠎ᠤᠨ ᠦᠢ᠍ᠯᠡᠳᠪᠦᠷᠢᠯᠡᠯ ᠪᠠ ᠭᠠᠳᠠᠭ᠋ᠠᠳᠤ ᠠᠷᠠᠯᠵᠢᠶ᠎ᠠ᠎ᠳᠤ ᠵᠠᠬ᠎ᠠ ᠳᠡᠯᠭᠡᠭᠦᠷ᠎ᠤᠨ ᠰᠢᠨ᠎ᠡ ᠠᠷᠭ᠎ᠠ ᠵᠠᠮ᠎ᠢ ᠨᠡᠭᠡᠭᠡᠵᠦ ᠥᠭᠭᠦᠭᠰᠡᠨ ᠪᠠᠶ᠋ᠢᠨ᠎ᠠ᠃

      ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠠᠶ᠋ᠢᠳᠠᠯ᠎ᠨᠢ ᠪᠠᠰᠠ ᠣᠷᠣᠨ ᠪᠦᠰᠡ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ ᠪᠠ ᠰᠡᠯᠭᠦᠬᠦ ᠬᠦᠴᠦᠨ᠎ᠲᠠᠢ ᠬᠣᠯᠪᠣᠭᠳᠠᠳᠠᠭ᠃ ᠦᠢ᠍ᠯᠡᠳᠦᠯᠭᠡ ᠵᠢᠨ ᠢᠯᠡᠷᠡᠭᠦᠯᠦᠭᠰᠡᠨ ᠵᠶ᠋ᠡᠷ᠂ ᠠᠯᠢ ᠭᠠᠵᠠᠷ ᠣᠷᠣᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ᠎ᠨᠢ ᠰᠠᠢ᠍ᠢ᠍ᠨ ᠪᠠᠶ᠋ᠢᠪᠠᠯ᠂ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ᠎ᠨᠢ ᠳᠠᠷᠤᠶ ᠰᠠᠢ᠍ᠢ᠍ᠨ ᠪᠠᠶ᠋ᠢᠵᠤ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ᠎ᠨᠢ ᠳᠠᠷᠤᠶ ᠲᠦᠷᠭᠡᠨ ᠪᠣᠯᠵᠤ ᠴᠢᠳᠠᠨ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠤᠨ ᠭᠠᠵᠠᠷ ᠣᠷᠣᠨ᠎ᠤ ᠬᠥᠭᠵᠢᠯᠲᠡ᠎ᠳᠤ ᠵᠥᠷᠢᠶ᠎ᠡ ᠡᠭᠦᠰᠦᠭᠰᠡᠨ ᠨᠢᠭᠡᠨ ᠴᠢᠬᠤᠯᠠ ᠰᠢᠯᠲᠠᠭ᠋ᠠᠨ ᠪᠣᠯ ᠳᠠᠷᠤᠶ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠭᠵᠢᠯᠲᠡ ᠵᠢᠨ ᠪᠠᠶ᠋ᠢᠳᠠᠯ ᠠᠳᠠᠯᠢ ᠪᠤᠰᠤ ᠪᠠᠶ᠋ᠢᠬᠤ᠎ᠠᠴᠠ ᠪᠣᠯᠵᠠᠢ᠃ ᠵᠠᠷᠢᠮ ᠭᠠᠵᠠᠷ ᠣᠷᠣᠨ᠎ᠳᠤ ᠰᠢᠨ᠎ᠡ᠎ᠪᠠᠷ ᠪᠤᠢ ᠪᠣᠯᠤᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠴᠥᠭᠡᠨ ᠪᠠᠢ᠌ᠬᠤ᠎ᠪᠠᠷ ᠪᠠᠷᠠᠬᠤ ᠦᠭᠡᠢ᠂ ᠴᠢᠨᠠᠭᠰᠢᠯᠠᠪᠠᠯ ᠤᠤᠯ᠎ᠤᠨ ᠪᠠᠶ᠋ᠢᠭᠰᠠᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠨᠢ ᠴᠤ᠌ ᠲᠠᠰᠤᠷᠠᠯᠳᠠ ᠦᠭᠡᠢ ᠤᠬᠤᠷᠢᠨ ᠭᠠᠷᠤᠭᠰᠠᠨ᠎ᠠᠴᠠ᠂ ᠠᠵᠤ ᠠᠬᠤᠶ ᠵᠢᠨ ᠬᠥᠭᠵᠢᠯᠲᠡ᠎ᠨᠢ ᠠᠮᠢᠵᠢᠷᠠᠯ᠎ᠤᠨ ᠬᠦᠴᠦᠨ ᠳᠤᠲᠠᠵᠤ᠂ ᠰᠠᠭᠤᠭ᠋ᠠᠯᠢ ᠠᠷᠠᠳ᠎ᠤᠨ ᠠᠵᠢᠯ ᠣᠯᠭᠣᠯᠲᠠ᠂ ᠣᠷᠣᠯᠭ᠎ᠠ ᠵᠡᠷᠭᠡ᠎ᠨᠢ ᠴᠦ᠍ ᠨᠥᠯᠥᠭᠡᠯᠡᠭᠳᠡᠪᠡ᠃ ᠡᠨᠡ᠎ᠨᠢ ᠠᠳᠠᠯᠢ ᠪᠤᠰᠤ ᠭᠠᠵᠠᠷ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠵᠥᠷᠢᠶ᠎ᠡ ᠵᠢ ᠲᠤᠰᠬᠠᠵᠤ ᠪᠠᠶ᠋ᠢᠨ᠎ᠠ᠃ ᠬᠣᠯᠪᠣᠭᠳᠠᠯ ᠪᠦᠬᠦᠢ ᠭᠠᠵᠠᠷ ᠣᠷᠣᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠰᠠᠶ᠋ᠢᠵᠢᠷᠠᠯᠲᠠ ᠵᠢ ᠴᠢᠩᠭ᠎ᠠ ᠠᠳᠬᠤᠵᠤ᠂ ᠵᠥᠷᠢᠶ᠎ᠡ ᠵᠢ ᠳᠠᠯᠳᠠ ᠬᠦᠴᠦᠨ ᠪᠣᠯᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ᠎ᠪᠠᠷ ᠴᠢᠷᠮᠠᠶ᠋ᠢᠵᠤ᠂ ᠡᠭᠦᠨ ᠵᠶ᠋ᠠᠷ ᠳᠠᠮᠵᠢᠨ ᠭᠠᠵᠠᠷ ᠣᠷᠣᠨ᠎ᠤ ᠬᠥᠭᠵᠢᠯᠲᠡ ᠵᠢᠨ ᠦᠷᠢᠰᠦᠯᠳᠦᠬᠦ ᠬᠦᠴᠦᠨ ᠪᠣᠯᠤᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃

      ᠣᠳᠣᠬᠠᠨ᠎ᠳᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠳᠠᠯ ᠦᠢ᠍ᠯᠡᠰ ᠴᠣᠭᠴᠠᠯᠠᠬᠤ ᠬᠥᠭᠵᠢᠯᠲᠡ᠎ᠨᠢ ᠮᠥᠨ ᠬᠦ᠌ ᠪᠠᠭ᠎ᠠ ᠪᠤᠰᠤ ᠬᠠᠷᠰᠢ ᠰᠠᠭ᠋ᠠᠳ᠎ᠲᠤ ᠲᠤᠯᠭ᠋ᠠᠷᠠᠵᠤ ᠪᠠᠶ᠋ᠢᠨ᠎ᠠ᠂ ᠡᠷᠬᠡᠪᠰᠢ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠢᠷ ᠲᠦᠪᠡᠭᠲᠡᠢ ᠲᠠᠯ᠎ᠠ᠎ᠠᠴᠠ ᠭᠠᠷᠳᠠᠨ ᠬᠢᠬᠦ ᠵᠢ ᠪᠠᠷᠢᠮᠲᠠᠯᠠᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠦᠬᠦ ᠬᠡᠯᠬᠢᠶ᠎ᠡ᠎ᠪᠠᠷ ᠰᠢᠯᠢᠳᠡᠭᠵᠢᠭᠦᠯᠵᠦ ᠬᠢᠨᠠᠨ ᠵᠥᠪᠰᠢᠶᠡᠷᠡᠬᠦ᠂ ᠪᠦᠬᠦ ᠶᠠᠪᠤᠴᠠ᠎ᠳᠤ ᠲᠥᠪ ᠭᠣᠣᠯᠴᠢ᠎ᠪᠠᠷ ᠬᠢᠨᠠᠨ ᠬᠠᠮᠢᠶᠠᠷᠬᠤ᠂ ᠪᠦᠬᠦ ᠦᠶᠡᠯᠡᠯ ᠵᠶ᠋ᠠᠷ ᠦᠢ᠍ᠯᠡᠴᠢᠯᠡᠭᠡ ᠵᠢ ᠳᠡᠭᠡᠭᠰᠢᠯᠡᠭᠦᠯᠬᠦ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠨᠡᠩ ᠬᠥᠭᠵᠢᠶᠡᠨᠲᠡᠢ ᠪᠣᠯᠭ᠋ᠠᠵᠤ᠂ ᠡᠷᠬᠡ ᠲᠡᠭᠰᠢ᠎ᠪᠠᠷ ᠦᠷᠢᠰᠦᠯᠳᠦᠬᠦᠯᠵᠦ᠂ ᠰᠢᠨ᠎ᠡ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠳᠠᠰᠤᠷᠠᠯᠳᠠ ᠦᠬᠡᠢ ᠪᠤᠢ ᠪᠣᠯᠭ᠋ᠠᠬᠤ ᠬᠡᠷᠡᠭᠲᠡᠢ᠃ ᠵᠠᠰᠠᠭ᠎ᠤᠨ ᠣᠷᠳᠣᠨ ᠪᠠᠰᠠ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂        《ᠬᠣᠶᠠᠷ᠎ᠢ ᠬᠠᠩᠭ᠋ᠠᠬᠤ》 ᠲᠠᠯ᠎ᠠ᠎ᠪᠠᠷ ᠨᠡᠩ ᠶᠡᠬᠡ ᠬᠦᠴᠦ ᠵᠠᠷᠤᠴᠠᠭᠤᠯᠬᠤ ᠬᠡᠷᠡᠭᠲᠡᠶ᠃ ᠨᠢᠭᠡ ᠲᠠᠯ᠎ᠠ᠎ᠪᠠᠷ᠎ᠨᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠠ ᠨᠡᠶ᠋ᠢᠭᠡᠮ᠎ᠤᠨ ᠬᠦᠴᠦᠨ᠎ᠤ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠵᠤ᠂ ᠤᠰᠤ ᠴᠠᠬᠢᠯᠭ᠋ᠠᠨ ᠬᠡᠢ ᠢᠯᠴᠢ᠂ ᠵᠠᠮ ᠬᠠᠷᠢᠯᠴᠠᠭ᠎ᠠ᠂ ᠴᠠᠬᠢᠯᠭ᠋ᠠᠨ ᠬᠣᠯᠪᠣᠭ᠎ᠠ ᠵᠡᠷᠭᠡ ᠰᠠᠭᠤᠷᠢ ᠪᠡᠯᠡᠳᠬᠡᠮᠵᠢ ᠵᠢᠨ ᠲᠠᠯ᠎ᠠ᠎ᠪᠠᠷ ᠬᠠᠩᠭ᠋ᠠᠯᠭ᠎ᠠ ᠵᠢ ᠨᠡᠮᠡᠭᠳᠡᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠡᠵᠡᠩᠨᠡᠯᠲᠡ ᠬᠥᠭᠵᠢᠯᠲᠡ᠎ᠳᠤ ᠰᠠᠢ᠍ᠢ᠍ᠨ ᠰᠠᠢ᠌ᠬᠠᠨ ᠨᠥᠬᠥᠴᠡᠯ᠎ᠢ ᠪᠦᠷᠢᠯᠳᠦᠭᠦᠯᠵᠦ ᠥᠭᠬᠦ ᠬᠡᠷᠡᠭᠲᠡᠢ᠃ ᠨᠦᠭᠦᠭᠡ ᠲᠠᠯ᠎ᠠ᠎ᠪᠠᠷ᠎ᠨᠢ ᠠᠷᠠᠳ᠎ᠤᠨ ᠦᠨᠳᠦᠰᠦᠨ ᠠᠮᠢᠳᠤᠷᠠᠯ᠎ᠢ ᠰᠠᠶ᠋ᠢᠲᠤᠷ ᠪᠠᠲᠤᠯᠠᠵᠤ᠂ ᠴᠢᠳᠠᠯ᠎ᠤᠨ ᠵᠶ᠋ᠠᠨ ᠬᠢᠷᠢ᠎ᠪᠠᠷ ᠴᠢᠷᠮᠠᠶ᠋ᠢᠵᠤ᠂ ᠬᠦᠴᠦᠨ᠎ᠤ᠎ᠪᠠᠨ ᠬᠢᠷᠢ᠎ᠪᠠᠷ ᠬᠢᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮ ᠡᠮᠨᠡᠯᠭᠡ᠂ ᠦᠨᠳᠦᠰᠦᠨ ᠣᠷᠣᠨ ᠰᠠᠭᠤᠴᠠ ᠵᠡᠷᠭᠡ ᠵᠢᠨ ᠪᠠᠲᠤᠯᠠᠭ᠎ᠠ ᠵᠢ ᠭᠣᠣᠯᠳᠠᠯᠭ᠎ᠠ᠎ᠲᠠᠢ ᠴᠢᠩᠭ᠋ᠠᠳᠬᠠᠵᠤ᠂ ᠠᠵᠢᠯ ᠠᠯᠳᠠᠭᠰᠠᠳ᠎ᠤᠨ ᠪᠠᠲᠤᠯᠠᠭ᠎ᠠ᠂ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠦᠨᠳᠦᠰᠦᠨ ᠡᠷᠬᠡ ᠠᠰᠢᠭ᠎ᠤᠨ ᠪᠠᠲᠤᠯᠠᠭ᠎ᠠ ᠵᠡᠷᠭᠡ ᠲᠦᠷᠢᠮ᠎ᠢ ᠲᠡᠭᠦᠯᠳᠡᠷᠵᠢᠭᠦᠯᠵᠦ᠂ ᠪᠠᠲᠤᠯᠠᠭ᠎ᠠ ᠵᠢᠨ ᠬᠢᠷᠢ ᠲᠦᠪᠰᠢᠨ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠬᠡᠷᠡᠭᠲᠡᠢ᠃ ᠨᠡᠶ᠋ᠢᠭᠡᠮ᠎ᠤᠨ ᠪᠠᠲᠤᠯᠠᠭ᠎ᠠ ᠵᠢᠨ 《ᠠᠮᠤᠷ ᠲᠦᠪᠰᠢᠨ᠎ᠤ ᠲᠣᠣᠷ》᠎ᠢ ᠨᠢᠭᠲᠠ ᠪᠥᠭᠡᠳ ᠪᠠᠲᠤ ᠰᠦᠯᠵᠢᠬᠦ᠎ᠪᠠᠷ ᠳᠠᠮᠵᠢᠭᠤᠯᠵᠤ᠂ ᠬᠣᠶ᠋ᠢᠰᠢᠳᠠ ᠵᠢᠨ ᠵᠣᠪᠠᠨᠢᠯ᠎ᠢ ᠠᠷᠢᠯᠭ᠋ᠠᠵᠤ᠂ ᠠᠷᠠᠳ ᠤᠯᠠᠨ᠎ᠢ ᠵᠣᠷᠢᠭᠲᠠᠢ᠎ᠪᠠᠷ ᠠᠳᠠᠯ ᠦᠢ᠍ᠯᠡᠰ ᠴᠣᠭᠴᠠᠯᠠᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠷᠢᠭᠲᠠᠢ᠎ᠪᠠᠷ ᠰᠢᠨ᠎ᠡ ᠵᠢ ᠡᠭᠦᠳᠦᠨ ᠬᠥᠭᠵᠢᠭᠦᠯᠬᠦ ᠬᠡᠷᠡᠭᠲᠡᠢ᠃

      ᠭᠤᠷᠪᠠ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠩᠬᠠᠷᠤᠯ᠎ᠳᠤ ᠲᠥᠪᠯᠡᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠪᠣᠶ ᠪᠣᠯᠭ᠋ᠠᠨ᠎ᠠ

      ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠪᠣᠯ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠲᠤᠯᠭ᠋ᠠᠷᠠᠵᠤ ᠪᠠᠶ᠋ᠢᠭ᠎ᠠ ᠲᠦᠷᠢᠮ᠎ᠤᠨ ᠴᠢᠨᠠᠷᠲᠠᠶ ᠨᠥᠬᠥᠴᠡᠯ ᠮᠥᠨ᠂ ᠲᠡᠳᠡᠨ᠎ᠤ ᠣᠷᠣᠰᠢᠨ ᠲᠣᠭᠲᠠᠨᠢᠵᠤ ᠬᠥᠭᠵᠢᠬᠦ ᠵᠢᠨ ᠬᠥᠷᠥᠰᠥ ᠰᠢᠷᠣᠶ ᠮᠥᠨ᠃ ᠠᠰᠢᠭᠲᠠᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠪᠣᠯ ᠳᠠᠷᠤᠢ ᠦᠢ᠍ᠯᠡᠳᠪᠦᠷᠢᠯᠡᠯ᠎ᠤᠨ ᠬᠦᠴᠦᠨ᠂ ᠦᠷᠢᠰᠦᠯᠳᠦᠬᠦ ᠬᠦᠴᠦᠨ ᠪᠣᠯᠤᠨ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠣᠯ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠤᠨ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠬᠤ᠂ ᠣᠯᠠᠨ ᠤᠯᠤᠰᠴᠢᠯᠠᠬᠤ ᠵᠢ ᠪᠦᠬᠦᠯᠢ ᠴᠣᠭᠴᠠ᠎ᠪᠠᠷ ᠠᠬᠢᠭᠤᠯᠬᠤ ᠵᠢ ᠪᠠᠷᠢᠮᠲᠠᠯᠠᠵᠤ᠂ ᠲᠡᠷᠢᠭᠦᠨ᠎ᠤ ᠡᠵᠡᠩᠨᠡᠯᠲᠡ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ᠂ ᠲᠤᠮᠤ ᠠᠵᠤ ᠠᠬᠤᠶ᠋ᠢᠯᠠᠯ᠎ᠢ 《ᠨᠡᠩ ᠬᠥᠭᠵᠢᠭᠦᠯᠦᠨ ᠪᠤᠵᠠᠭ᠋ᠠᠢ᠌ᠷᠠᠭᠤᠯᠬᠤ》᠂ ᠵᠢᠵᠢᠭ ᠠᠵᠤ ᠠᠬᠤᠶ᠋ᠢᠯᠠᠯ᠎ᠢ 《ᠥᠷᠭᠡᠨ ᠳᠡᠯᠭᠡᠷ ᠪᠣᠢ᠌ᠵᠢᠭᠤᠯᠬᠤ》 ᠵᠢ ᠠᠬᠢᠭᠤᠯᠵᠤ᠂ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠬᠦ ᠬᠡᠷᠡᠭᠲᠡᠢ᠃

      (ᠨᠢᠭᠡ) ᠵᠠᠬ᠎ᠠ ᠳᠡᠯᠭᠡᠭᠦᠷᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭ᠋ᠠᠨ᠎ᠠ᠃ ᠵᠠᠰᠠᠭ᠎ᠢ ᠴᠣᠮᠬᠠᠳᠬᠠᠬᠤ ᠶᠣᠰᠣ ᠳᠦᠷᠢᠮ᠎ᠢ ᠬᠦᠴᠦᠯᠡᠨ ᠬᠡᠷᠡᠭᠵᠢᠭᠦᠯᠵᠦ᠂ ᠡᠷᠬᠡ ᠲᠡᠭᠰᠢ ᠲᠥᠪ ᠭᠣᠣᠯᠴᠢ᠎ᠪᠠᠷ ᠬᠢᠨᠠᠨ ᠬᠠᠮᠢᠶᠠᠷᠬᠤ ᠵᠢ ᠪᠠᠷᠢᠮᠲᠠᠯᠠᠨ᠂ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠲᠥᠪ ᠭᠣᠣᠯᠴᠢ᠎ᠪᠠᠷ ᠬᠠᠮᠢᠶᠠᠷᠴᠤ᠂ ᠦᠷ᠎ᠡ ᠪᠦᠲᠦᠮᠵᠢ᠎ᠲᠠᠢ᠎ᠪᠠᠷ ᠦᠢ᠍ᠯᠡᠴᠢᠯᠡᠬᠦ ᠬᠡᠷᠡᠭᠲᠡᠢ᠃

      ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠬᠡᠷᠡᠭᠲᠡᠶ᠃ ᠡᠨᠡ ᠵᠢᠯ ᠠᠵᠤ ᠠᠬᠤᠶ᠋ᠢᠯᠠᠯ᠎ᠳᠤ ᠬᠣᠯᠪᠣᠭᠳᠠᠭᠰᠠᠨ ᠬᠢᠨᠠᠨ ᠵᠥᠪᠰᠢᠶᠡᠷᠡᠬᠦ ᠭᠣᠭᠴᠣᠭ᠎ᠠ ᠵᠢ ᠪᠠᠭ᠋ᠠᠰᠬᠠᠬᠤ᠂ ᠮᠠᠲ᠋ᠧᠷᠢᠶᠠᠯ᠎ᠢ ᠪᠠᠭ᠋ᠠᠰᠬᠠᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ᠂ ᠵᠠᠷᠤᠳᠠᠯ᠎ᠢ ᠪᠠᠭ᠋ᠠᠰᠬᠠᠬᠤ ᠵᠢ ᠬᠦᠴᠦᠯᠡᠨ ᠠᠬᠢᠭᠤᠯᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ ᠵᠢ ᠱᠠᠯᠠᠪᠳᠠᠨ ᠨᠠᠶ᠋ᠢᠷᠠᠭᠤᠯᠤᠨ ᠵᠣᠬᠢᠶᠠᠵᠤ ᠨᠡᠢ᠌ᠲᠡᠯᠡᠬᠦ ᠬᠡᠷᠡᠭᠲᠡᠢ᠃ ᠣᠳᠣᠬᠠᠨ᠎ᠳᠤ᠂ ᠬᠡᠰᠡᠭ ᠬᠦᠷᠢᠶᠡᠨ᠎ᠳᠠᠬᠢ ᠵᠥᠪᠰᠢᠶᠡᠷᠡᠨ ᠣᠷᠣᠭᠤᠯᠬᠤ ᠪᠡᠬᠢᠯᠡᠯᠲᠡ ᠮᠥᠨ ᠬᠦ᠌ ᠴᠥᠭᠡᠨ ᠪᠤᠰᠤ ᠪᠠᠶ᠋ᠢᠵᠤ᠂ ᠪᠠᠰᠠ ᠵᠠᠷᠢᠮ ᠵᠠᠬ᠎ᠠ ᠳᠡᠯᠭᠡᠭᠦᠷ᠎ᠤᠨ ᠭᠣᠣᠯ ᠴᠣᠭᠴᠠ᠎ᠨᠢ ᠬᠦᠴᠦᠨ ᠥᠬᠡᠶ ᠪᠣᠯᠭ᠋ᠠᠬᠤ᠎ᠳᠤ ᠬᠦᠴᠢᠷᠲᠡᠶ᠎ᠠᠴᠠ ᠪᠣᠯᠵᠣ ᠤᠬᠤᠷᠢᠨ ᠭᠠᠷᠴᠤ ᠳᠡᠶ᠋ᠢᠯᠬᠦ ᠥᠬᠡᠶ ᠪᠠᠶ᠋ᠢᠨ᠎ᠠ᠃ 《ᠭᠡᠷᠡᠴᠢ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠦᠨᠡᠮᠯᠡᠯ ᠠᠪᠤᠭᠰᠠᠨ᠎ᠤ ᠳᠠᠷᠠᠭ᠎ᠠ ᠭᠡᠷᠡᠴᠢ ᠵᠢ ᠬᠠᠰᠤᠵᠤ ᠨᠡᠶ᠋ᠢᠯᠡᠭᠦᠯᠬᠦ ᠵᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ ᠢᠯᠠᠩᠭᠤᠶ᠎ᠠ ᠦᠢ᠍ᠯᠡᠳᠬᠡᠯ᠎ᠤᠨ ᠦᠢ᠍ᠯᠡᠰ᠂ ᠡᠩ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠵᠥᠪᠰᠢᠶᠡᠷᠡᠨ ᠣᠷᠣᠭᠤᠯᠬᠤ ᠵᠢ ᠨᠠᠩ ᠲᠥᠬᠥᠮ ᠪᠣᠯᠭ᠋ᠠᠬᠤ ᠬᠡᠷᠡᠭᠲᠡᠶ; ᠰᠠᠯᠠᠭ᠎ᠠ ᠮᠥᠴᠢᠷ᠎ᠤᠳ᠎ᠤᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠲᠦᠭᠦᠮ ᠵᠶ᠋ᠠᠷ ᠬᠦᠴᠦᠨ ᠦᠭᠡᠢ ᠪᠣᠯᠭ᠋ᠠᠬᠤ ᠬᠡᠪᠴᠢᠶ᠎ᠡ ᠵᠢ ᠥᠷᠭᠡᠳᠬᠡᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠤᠬᠤᠷᠢᠨ ᠭᠠᠷᠬᠤ ᠵᠢ ᠨᠡᠩ ᠰᠢᠯᠤᠭᠤᠳᠬᠠᠵᠤ᠂ ᠵᠠᠬ᠎ᠠ ᠳᠡᠯᠭᠡᠭᠦᠷ᠎ᠤᠨ ᠰᠢᠨ᠎ᠡ ᠬᠠᠭᠤᠴᠢᠨ᠎ᠤ ᠰᠣᠯᠢᠯᠴᠠᠭ᠎ᠠ ᠵᠢ ᠠᠬᠢᠭᠤᠯᠬᠤ ᠬᠡᠷᠡᠭᠲᠡᠢ᠃ ᠪᠡᠯᠡ ᠣᠷᠣᠭᠤᠯᠤᠯᠲᠠ ᠵᠢᠨ ᠪᠦᠳᠦᠭᠡᠨ ᠪᠠᠶ᠋ᠢᠭᠤᠯᠤᠯᠲᠠ ᠬᠦᠷᠢᠶᠡᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ᠎ᠢ ᠴᠣᠮᠬᠠᠳᠬᠠᠨ ᠨᠡᠢ᠌ᠯᠡᠭᠦᠯᠵᠦ᠂ ᠤᠯᠠᠨ ᠲᠥᠯᠥᠪᠵᠢᠭᠦᠯᠭᠡ ᠵᠢ ᠨᠢᠭᠡᠳᠬᠡᠬᠦ᠂ ᠤᠯᠠᠨ ᠵᠢᠷᠤᠭ᠎ᠢ ᠬᠠᠮᠲᠤᠷᠠᠨ ᠬᠢᠨᠠᠬᠤ᠂ ᠬᠠᠮᠲᠤᠷᠠᠨ ᠰᠢᠯᠭ᠋ᠠᠨ ᠬᠤᠷᠢᠶᠠᠨ ᠠᠪᠬᠤ ᠵᠡᠷᠭᠡ ᠠᠷᠭ᠎ᠠ ᠬᠢᠳᠡᠯ᠎ᠢ ᠬᠡᠷᠡᠭᠵᠢᠭᠦᠯᠵᠦ᠂ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠠᠮᠠᠯᠠᠯᠲᠠ ᠵᠢᠨ ᠲᠦᠷᠢᠮ᠎ᠢ ᠬᠡᠷᠡᠭᠵᠢᠭᠦᠯᠵᠦ᠂ ᠲᠦᠷᠦᠯ ᠵᠦᠢ᠍ᠯ᠎ᠢ ᠡᠷᠲᠡ ᠨᠠᠶ᠋ᠢᠳᠠᠪᠤᠷᠢᠵᠢᠭᠤᠯᠵᠤ᠂ ᠡᠷᠲᠡ ᠠᠰᠢᠭᠯᠠᠯᠲᠠ᠎ᠳᠤ ᠣᠷᠣᠭᠤᠯᠬᠤ ᠬᠡᠷᠡᠭᠲᠡᠢ᠃ ᠤᠯᠤᠰ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠭᠠᠷᠴᠠᠭ᠎ᠢ ᠬᠥᠳᠡᠯᠦᠩᠭᠦᠶ᠎ᠪᠠᠷ ᠰᠢᠯᠢᠳᠡᠭᠵᠢᠭᠦᠯᠵᠦ᠂ ᠠᠵᠢᠯ ᠤᠯᠬᠤ ᠪᠠ ᠠᠳᠠᠯ ᠦᠢ᠍ᠯᠡᠰ ᠴᠣᠭᠴᠠᠯᠠᠬᠤ ᠪᠠᠷᠢᠮᠵᠢᠶ᠎ᠠ ᠵᠢ ᠤᠯᠠᠮ ᠨᠢᠭᠡ ᠠᠯᠬᠤᠮ ᠳᠣᠷᠣᠭᠰᠢᠯᠠᠭᠤᠯᠬᠤ ᠬᠡᠷᠡᠭᠲᠡᠶ᠃

      ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠰᠢᠨ᠎ᠡ ᠵᠢ ᠡᠭᠦᠳᠦᠨ ᠬᠥᠭᠵᠢᠬᠦ ᠵᠢ ᠨᠡᠩ ᠬᠥᠭᠵᠢᠶᠡᠨᠲᠡᠢ ᠪᠣᠯᠭ᠋ᠠᠬᠤ ᠬᠡᠷᠡᠭᠲᠡᠢ᠃ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ᠂ ᠬᠠᠷᠰᠢ ᠰᠠᠭ᠋ᠠᠳ᠎ᠢ ᠠᠷᠢᠯᠭ᠋ᠠᠬᠤ᠂ ᠲᠠᠪᠴᠠᠩ ᠪᠠᠶ᠋ᠢᠭᠤᠯᠬᠤ ᠲᠠᠯ᠎ᠠ᠎ᠪᠠᠷ ᠬᠦᠴᠦ ᠲᠠᠯᠪᠢᠵᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠬᠤ ᠬᠡᠷᠡᠭᠲᠡᠢ᠃ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠵᠡᠷᠭᠡ ᠲᠦᠭᠡᠮᠡᠯ ᠬᠠᠷᠠᠭ᠋ᠠᠯᠵᠠᠯᠲᠤ ᠴᠢᠨᠠᠷᠲᠠᠶ ᠲᠦᠷᠦ ᠵᠢᠨ ᠪᠤᠳᠤᠯᠭ᠎ᠠ ᠵᠢ ᠴᠢᠬᠤᠯᠠᠴᠢᠯᠠᠨ ᠬᠡᠷᠡᠭᠯᠡᠵᠦ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠵᠦ ᠰᠢᠨ᠎ᠡ ᠵᠢ ᠡᠭᠦᠳᠬᠦ ᠵᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ 《ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ》 ᠵᠢ ᠳᠡᠮᠵᠢᠬᠦ ᠡᠷᠴᠢᠮ ᠵᠶ᠋ᠠᠨ ᠴᠢᠩᠭ᠋ᠠᠳᠬᠠᠵᠤ᠂ ᠲᠤᠮᠤ ᠳᠤᠮᠳᠠ ᠵᠢᠵᠢᠭ ᠠᠵᠤ ᠠᠬᠤᠶ᠋ᠢᠯᠠᠯ᠎ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠬᠦ ᠵᠢ ᠠᠬᠢᠭᠤᠯᠵᠤ᠂ ᠤᠯᠠᠨ᠎ᠤ ᠤᠶᠤᠨ ᠬᠦᠴᠦᠨ᠎ᠢ ᠬᠤᠷᠠᠮᠳᠤᠭᠤᠯᠵᠤ᠂ ᠰᠢᠨ᠎ᠡ ᠵᠢ ᠡᠭᠦᠳᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃

      ᠭᠣᠣᠯᠴᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃ ᠭᠣᠣᠯᠴᠢ᠎ᠪᠠᠷ ᠥᠷᠢᠰᠥᠯᠳᠦᠬᠦ ᠪᠣᠯ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠃ 《ᠬᠣᠶᠠᠷ ᠤᠭᠲᠤ ᠭᠤᠢ᠌ᠪᠠᠯᠵᠠᠭᠤᠯᠬᠤ ᠦᠭᠡᠢ》 ᠵᠢ ᠢᠮᠠᠭᠲᠠ ᠪᠠᠷᠢᠮᠲᠠᠯᠠᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠢ ᠪᠠᠭᠲᠠᠭ᠋ᠠᠭᠰᠠᠨ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠨᠢᠭᠡ ᠯᠡ ᠠᠳᠠᠯᠢ᠎ᠪᠠᠷ ᠬᠠᠨᠳᠤᠬᠤ ᠬᠡᠷᠡᠭᠲᠡᠶ᠃ ᠤᠯᠤᠰ᠎ᠨᠢ ᠲᠠᠪᠴᠠᠩ᠎ᠤᠨ ᠠᠵᠤ ᠠᠬᠤᠶ ᠵᠢᠨ ᠬᠥᠭᠵᠢᠯᠲᠡ ᠵᠢ ᠳᠡᠮᠵᠢᠬᠦ ᠪᠣᠯᠪᠠᠴᠤ ᠭᠠᠭᠴᠠᠭ᠋ᠠᠷ ᠡᠵᠡᠮᠰᠢᠯ ᠪᠠ ᠵᠦᠢ ᠪᠤᠰᠤ ᠥᠷᠢᠰᠥᠯᠳᠦᠭᠡᠨ᠎ᠢ ᠵᠢᠷᠤᠮᠵᠢᠭᠤᠯᠤᠨ ᠵᠠᠰᠠᠬᠤ ᠬᠡᠷᠡᠭᠲᠡᠶ᠃ ᠭᠠᠭᠴᠠᠭ᠋ᠠᠷ ᠡᠵᠡᠮᠰᠢᠯ᠎ᠨᠢ ᠭᠣᠣᠯᠴᠢ᠎ᠪᠠᠷ ᠥᠷᠢᠰᠥᠯᠳᠦᠬᠦ ᠵᠢ ᠬᠠᠷᠰᠢᠯᠠᠵᠤ᠂ ᠰᠢᠨ᠎ᠡ ᠵᠢ ᠡᠭᠦᠳᠬᠦ ᠪᠠ ᠠᠮᠢᠵᠢᠷᠠᠯ᠎ᠤᠨ ᠬᠦᠴᠦᠨ᠎ᠢ ᠬᠣᠷᠢᠭᠯᠠᠵᠤ᠂ ᠵᠠᠬ᠎ᠠ ᠳᠡᠯᠭᠡᠭᠦᠷ᠎ᠤᠨ ᠠᠵᠤ ᠠᠬᠤᠶ ᠵᠢ ᠬᠥᠭᠵᠢᠭᠦᠯᠬᠦ᠎ᠲᠠᠢ ᠡᠰᠡᠷᠭᠦ ᠲᠡᠰᠡᠷᠭᠦ ᠪᠠᠶ᠋ᠢᠳᠠᠭ᠃ ᠭᠠᠭᠴᠠᠭ᠋ᠠᠷ ᠡᠵᠡᠮᠰᠢᠯ ᠪᠠ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ᠎ᠨᠢ ᠲᠠᠪᠴᠠᠩ᠎ᠤᠨ ᠠᠵᠤ ᠠᠬᠤᠶ ᠵᠢᠨ ᠡᠷᠡᠭᠦᠯ ᠵᠶ᠋ᠠᠷ ᠬᠥᠭᠵᠢᠬᠦ᠎ᠳᠤ ᠠᠰᠢᠭᠲᠠᠶ ᠪᠠᠢ᠌ᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠬᠠᠤᠯᠢ ᠶᠣᠰᠣᠨ᠎ᠤ ᠡᠷᠬᠡ ᠠᠰᠢᠭ ᠪᠠ ᠬᠥᠭᠵᠢᠯᠲᠡ ᠵᠢᠨ ᠣᠷᠣᠨ ᠵᠠᠶ ᠵᠢ ᠬᠠᠮᠠᠭ᠋ᠠᠯᠠᠬᠤ᠎ᠳᠤ ᠠᠰᠢᠭᠲᠠᠶ ᠶᠤᠮ᠃ ᠣᠷᠣᠨ ᠨᠤᠲᠤᠭ᠎ᠤᠨ ᠬᠠᠮᠠᠭ᠋ᠠᠯᠠᠯᠲᠠ᠂ ᠠᠵᠢᠯ ᠲᠦᠷᠦᠯ᠎ᠤᠨ ᠭᠠᠭᠴᠠᠭ᠋ᠠᠷ ᠡᠵᠡᠮᠰᠢᠯ᠂ ᠵᠠᠬ᠎ᠠ ᠳᠡᠯᠭᠡᠭᠦᠷ᠎ᠤᠨ ᠬᠡᠰᠡᠭᠯᠡᠯᠲᠡ ᠵᠡᠷᠭᠡ ᠭᠣᠣᠯᠴᠢ ᠪᠤᠰᠤ ᠠᠷᠭ᠎ᠠ ᠬᠢᠳᠡᠯ᠎ᠢ ᠴᠡᠪᠡᠷᠯᠡᠨ ᠵᠠᠯᠠᠷᠠᠭᠤᠯᠬᠤ ᠬᠡᠷᠡᠭᠲᠡᠶ᠃

      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠳᠤ ᠰᠢᠨ᠎ᠡ ᠵᠢ ᠡᠭᠦᠳᠴᠦ ᠲᠡᠭᠦᠯᠳᠡᠷᠵᠢᠭᠦᠯᠬᠦ ᠬᠡᠷᠡᠭᠲᠡᠶ᠃ ᠡᠷᠬᠡ ᠵᠢ ᠲᠠᠯᠪᠢᠬᠤ᠎ᠨᠢ ᠬᠠᠮᠢᠶᠠᠷᠬᠤ ᠦᠭᠡᠢ ᠭᠡᠰᠡᠨ ᠶᠠᠪᠤᠳᠠᠯ ᠪᠢᠰᠢ᠂ ᠡᠷᠬᠡ ᠵᠢ ᠬᠠᠰᠤᠬᠤ᠎ᠨᠢ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠬᠠᠰᠤᠬᠤ ᠭᠡᠰᠡᠨ ᠶᠠᠪᠤᠳᠠᠯ ᠪᠢᠰᠢ᠂ 《ᠲᠠᠯᠪᠢᠬᠤ》 ᠪᠠ 《ᠬᠠᠮᠢᠶᠠᠷᠬᠤ》 ᠵᠢ ᠨᠢᠭᠡᠳᠬᠡᠬᠦ ᠵᠢ ᠪᠠᠷᠢᠮᠲᠠᠯᠠᠵᠤ᠂ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠪᠠᠷ ᠵᠠᠰᠠᠭ᠎ᠢ ᠴᠣᠮᠬᠠᠳᠬᠠᠨ ᠡᠷᠬᠡ ᠵᠢ ᠲᠠᠯᠪᠢᠬᠤ ᠵᠢᠨ ᠴᠢᠬᠤᠯᠠ ᠪᠦᠬᠦᠢ ᠪᠠᠲᠤᠯᠠᠭ᠎ᠠ ᠪᠣᠯᠭ᠋ᠠᠬᠤ ᠬᠡᠷᠡᠭᠲᠡᠶ ᠭᠡᠵᠦ ᠪᠢᠳᠡ ᠢᠮᠠᠭᠲᠠ ᠴᠢᠬᠤᠯᠠᠴᠢᠯᠠᠭᠰᠠᠭ᠋ᠠᠷ ᠢᠷᠡᠭᠰᠡᠨ ᠶᠤᠮ᠃ ᠡᠲᠡᠭᠡᠷ ᠵᠢᠯ᠎ᠤᠳ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠳᠤ᠂ 《ᠲᠠᠯᠪᠢᠬᠤ》᠎ᠨᠢ ᠭᠣᠤᠯᠳᠠᠭᠤ ᠠᠮᠤᠷ ᠲᠦᠪᠰᠢᠨ᠎ᠳᠤ ᠬᠣᠯᠪᠣᠭᠳᠠᠬᠤ ᠦᠭᠡᠢ ᠦᠢ᠍ᠯᠡᠳᠬᠡᠯ᠎ᠤᠨ ᠦᠢ᠍ᠯᠡᠰ ᠪᠠ ᠡᠩ᠎ᠤᠨ ᠦᠢ᠍ᠯᠡᠴᠢᠯᠡᠭᠡᠨ᠎ᠤ ᠦᠢ᠍ᠯᠡᠰ᠂ ᠠᠶᠤᠯ ᠦᠭᠡᠢ ᠦᠢ᠍ᠯᠡᠳᠪᠦᠷᠢᠯᠡᠯ᠂ ᠠᠷᠠᠳ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠳᠤ ᠬᠣᠯᠪᠣᠭᠳᠠᠬᠤ ᠬᠦᠷᠢᠶ᠎ᠡ ᠴᠠᠷᠠᠭ᠎ᠠ ᠪᠠ ᠬᠡᠷᠡᠭ ᠶᠠᠪᠤᠳᠠᠯ᠎ᠳᠤ ᠪᠢᠳᠡ ᠢᠮᠠᠭᠲᠠ ᠬᠡᠷᠰᠡᠤᠯᠡᠨ ᠪᠣᠯᠭᠣᠮᠵᠢᠯᠠᠵᠤ᠂ ᠪᠦᠬᠦᠨ᠎ᠢ ᠬᠠᠮᠤᠷᠤᠭᠰᠠᠨ ᠴᠢᠩᠭ᠎ᠠ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠥᠴᠦᠬᠡᠨ ᠴᠦ᠍ ᠰᠤᠯᠠᠷᠠᠭᠤᠯᠵᠤ ᠥᠬᠡᠶ ᠪᠠᠢ᠌ᠬᠤ ᠵᠢ ᠴᠢᠬᠤᠯᠠᠴᠢᠯᠠᠭᠰᠠᠭ᠋ᠠᠷ ᠢᠷᠡᠵᠡᠶ᠃ ᠲᠠᠷᠠᠭ᠋ᠠᠴᠢ ᠵᠢᠨ ᠠᠯᠬᠤᠮ᠎ᠳᠤ ᠪᠣᠭᠣᠮᠲᠠ ᠨᠢᠭᠡᠪᠦᠷᠢ ᠵᠢ ᠦᠷᠭᠦᠯᠵᠢᠯᠡᠨ ᠦᠨᠡᠨ ᠬᠦ᠌ ᠰᠠᠶ᠋ᠢᠲᠤᠷ ᠠᠳᠬᠤᠵᠤ᠂ ᠶᠠᠰᠤ ᠴᠢᠨᠠᠷ ᠪᠣᠯᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠪᠦᠷᠢᠨᠰᠢᠬᠦᠯᠵᠤ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ᠂ ᠠᠵᠢᠯ ᠶᠠᠪᠤᠳᠠᠯ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠵᠦ᠂ 《ᠬᠣᠶᠠᠷ᠎ᠢ ᠲᠠᠰᠢᠷᠠᠮ ᠵᠶ᠋ᠠᠷ ᠪᠠᠢ᠌ᠴᠠᠭ᠋ᠠᠬᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠪᠣᠯᠤᠨ ᠢᠲᠡᠭᠡᠮᠵᠢ ᠵᠢᠨ ᠲᠦᠭᠰᠢᠭᠦᠷᠢ ᠵᠢ ᠲᠦᠷᠦᠯ ᠬᠤᠪᠢᠶᠠᠨ ᠬᠢᠨᠠᠨ ᠬᠠᠮᠢᠶᠠᠷᠬᠤ ᠵᠢ ᠭᠦᠨᠵᠡᠭᠡᠢ ᠠᠬᠢᠭᠤᠯᠵᠤ᠂ ᠬᠢᠨᠠᠯᠲᠠ ᠬᠠᠮᠢᠶᠠᠷᠤᠯᠲᠠ ᠵᠢᠨ ᠨᠠᠷᠢᠯᠢᠭ ᠣᠨᠣᠪᠴᠢᠲᠤ ᠴᠢᠨᠠᠷ ᠪᠠ ᠪᠦᠳᠤᠮᠵᠢᠳᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠵᠠᠷᠢᠮ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ ᠵᠢ ᠲᠡᠷᠡ ᠶᠣᠰᠣᠭ᠋ᠠᠷ᠎ᠨᠢ ᠨᠠᠶ᠋ᠢᠳᠠᠪᠤᠷᠢᠵᠢᠭᠤᠯᠤᠭᠰᠠᠨ ᠦᠭᠡᠢ ᠪᠠᠶ᠋ᠢᠪᠠᠯ᠂ ᠦᠨᠳᠦᠰᠦᠨ ᠡᠭᠦᠷᠭᠡ ᠬᠠᠷᠢᠭᠤᠴᠠᠯᠭ᠎ᠠ ᠵᠢ᠎ᠨᠢ ᠲᠣᠳᠣᠷᠬᠠᠶ ᠪᠣᠯᠭ᠋ᠠᠵᠤ᠂ ᠬᠠᠷᠢᠭᠤᠴᠠᠯᠭ᠎ᠠ ᠡᠭᠦᠷᠭᠡᠯᠡᠯ᠎ᠢ᠎ᠨᠢ ᠴᠢᠩᠭ᠋ᠠᠷᠠᠭᠤᠯᠤᠨ᠂ ᠡᠨᠡ ᠲᠠᠯ᠎ᠠ ᠵᠢᠨ ᠠᠰᠠᠭᠤᠳᠠᠯ᠎ᠢ ᠤᠯᠠᠮ ᠨᠢᠭᠡ ᠠᠯᠬᠤᠮ ᠰᠢᠢ᠍ᠳᠪᠦᠷᠢᠯᠡᠬᠦ ᠬᠡᠷᠡᠭᠲᠡᠶ᠃ ᠪᠠᠰᠠ ᠬᠢᠨᠠᠯᠲᠠ ᠬᠠᠮᠢᠶᠠᠷᠤᠯᠲᠠ ᠵᠢ ᠦᠢ᠍ᠯᠡᠴᠢᠯᠡᠭᠡᠨ᠎ᠤ ᠳᠤᠮᠳᠠ ᠠᠬᠤᠭᠤᠯᠵᠤ᠂ ᠠᠵᠤ ᠠᠬᠤᠶ᠋ᠢᠯᠠᠯ᠎ᠤᠨ ᠵᠦᠢ ᠶᠣᠰᠣᠨ᠎ᠤ ᠬᠦᠰᠡᠯ ᠱᠠᠭ᠋ᠠᠷᠳᠠᠯᠭ᠎ᠠ ᠵᠢ ᠴᠢᠬᠤᠯᠠᠴᠢᠯᠠᠨ᠂ ᠬᠠᠪᠰᠤᠷᠤᠨ ᠲᠡᠳᠬᠦᠵᠦ ᠳᠡᠮᠵᠢᠬᠦ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠰᠠᠨᠠᠭ᠎ᠠ ᠠᠮᠤᠷ ᠬᠥᠭᠵᠢᠭᠦᠯᠵᠦ᠂ ᠨᠡᠩ ᠰᠠᠶ᠋ᠢᠲᠤᠷ ᠬᠥᠭᠵᠢᠭᠦᠯᠬᠦ ᠬᠡᠷᠡᠭᠲᠡᠢ᠃

      ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠢ ᠭᠦᠨᠵᠡᠭᠡᠢ᠌ᠷᠡᠭᠦᠯᠦᠨ ᠠᠬᠢᠭᠤᠯᠬᠤ ᠬᠡᠷᠡᠭᠲᠡᠢ᠃ ᠮᠠᠨ᠎ᠤ ᠤᠯᠤᠰ᠎ᠤᠨ ᠬᠥᠮᠦᠨ ᠪᠠ ᠡᠷᠦᠬᠡ ᠵᠢ ᠰᠠᠯᠭ᠋ᠠᠭᠰᠠᠨ ᠬᠥᠮᠦᠨ ᠠᠮᠠ ᠨᠢᠭᠡᠨᠲᠡ 4.9 ᠳ᠋ᠦᠩᠰᠢᠭᠤᠷ᠎ᠲᠤ ᠬᠦᠷᠴᠡᠶ᠂ ᠡᠭᠦᠨ᠎ᠳᠤ ᠮᠤᠵᠢ ᠠᠯᠤᠰᠯᠠᠨ ᠨᠡᠭᠦᠳᠡᠯᠯᠡᠭᠰᠡᠨ ᠬᠥᠮᠦᠨ ᠠᠮᠠ 1.2 ᠳ᠋ᠦᠩᠰᠢᠭᠤᠷ᠎ᠢ ᠳᠠᠪᠠᠵᠤ᠂ ᠮᠤᠵᠢ ᠵᠢᠨ ᠳᠣᠲᠣᠭ᠋ᠠᠳᠤ᠎ᠳᠤ ᠨᠡᠶ᠋ᠢᠳᠡᠮ ᠰᠢᠢ᠍ᠳᠪᠦᠷᠢᠯᠡᠬᠦ᠂ ᠮᠤᠵᠢ ᠠᠯᠤᠰᠯᠠᠨ ᠨᠡᠶ᠋ᠢᠳᠡᠮ ᠰᠢᠢ᠍ᠳᠪᠦᠷᠢᠯᠡᠬᠦ ᠵᠢ ᠦᠷᠭᠦᠯᠵᠢᠯᠡᠨ ᠠᠬᠢᠭᠤᠯᠵᠤ᠂ ᠬᠡᠳᠦᠨ ᠳ᠋ᠦᠩᠰᠢᠭᠤᠷ 《ᠨᠡᠭᠦᠳᠡᠯ ᠬᠥᠮᠦᠰ》᠎ᠤᠨ ᠬᠡᠷᠡᠭ ᠡᠷᠬᠢᠯᠡᠬᠦ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠤᠨ ᠳᠥᠭᠥᠮᠴᠢᠯᠡᠬᠦ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠰᠠᠶ᠋ᠢᠲᠤᠷ ᠬᠡᠷᠡᠭᠯᠡᠵᠦ᠂ ᠡᠯᠧᠺᠲᠷᠣᠨ ᠭᠡᠷᠡᠴᠢ ᠦᠨᠡᠮᠯᠡᠯ᠎ᠤᠨ ᠬᠡᠷᠡᠭᠯᠡᠯᠲᠡ ᠵᠢ ᠥᠷᠭᠡᠳᠬᠡᠬᠦ ᠪᠠ ᠪᠦᠬᠦ ᠤᠯᠤᠰ ᠵᠶ᠋ᠠᠷ ᠵᠶ᠋ᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠵᠢ ᠠᠬᠢᠭᠤᠯᠵᠤ᠂ ᠨᠡᠩ ᠤᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ᠂ ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ ᠵᠢ ᠪᠡᠶᠡᠯᠡᠭᠦᠯᠬᠦ ᠬᠡᠷᠡᠭᠲᠡᠢ᠃ ᠠᠵᠤ ᠠᠬᠤᠶ᠋ᠢᠯᠠᠯ ᠪᠠ ᠣᠯᠠᠨ ᠲᠦᠮᠡᠨ᠎ᠤ 《ᠵᠠᠩᠭᠢᠯᠠᠭ᠎ᠠ ᠵᠢᠨ ᠪᠠᠭ᠎ᠠ ᠶᠠᠪᠤᠳᠠᠯ》᠎ᠢ ᠦᠷᠭᠦᠯᠵᠢᠯᠡᠨ ᠵᠠᠰᠠᠭ᠎ᠤᠨ ᠣᠷᠳᠣᠨ᠎ᠤ 《ᠰᠡᠳᠬᠢᠯ᠎ᠤᠨ ᠶᠡᠬᠡ ᠶᠠᠪᠤᠳᠠᠯ》 ᠪᠣᠯᠭ᠋ᠠᠨ ᠰᠢᠢ᠍ᠳᠪᠦᠷᠢᠯᠡᠵᠦ᠂ ᠡᠨᠡ ᠵᠢᠯ ᠣᠨᠳᠣᠤ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠤᠨ ᠲᠠᠩᠰᠠ ᠲᠠᠶ᠋ᠢᠯᠬᠤ᠎ᠳᠤ ᠬᠦᠴᠢᠷ᠂ ᠮᠠᠰᠢᠨ ᠲᠡᠷᠭᠡᠨ᠎ᠤ ᠪᠠᠶ᠋ᠢᠴᠠᠭ᠋ᠠᠯᠲᠠ ᠬᠢᠬᠦ᠎ᠳᠤ ᠬᠦᠴᠢᠷ᠂ ᠠᠯᠪᠠᠨ ᠭᠡᠷᠡᠴᠢᠯᠡᠭᠡ ᠬᠢᠬᠦ᠎ᠳᠤ ᠬᠦᠴᠢᠷ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠤᠨ ᠡᠩ᠎ᠤᠨ ᠮᠡᠳᠡᠭᠡ ᠵᠠᠩᠭᠢ ᠵᠢ 《ᠬᠠᠮᠤᠭ ᠣᠯᠠᠨ᠎ᠳᠤ᠎ᠪᠠᠨ ᠨᠢᠭᠡ ᠯᠡ ᠤᠳᠠᠭ᠎ᠠ ᠮᠡᠳᠡᠭᠦᠯᠬᠦ》 ᠵᠢ ᠪᠡᠶᠡᠯᠡᠭᠦᠯᠵᠦ᠂ ᠣᠷᠣᠨ ᠨᠤᠲᠤᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠨᠡᠢ᠌ᠯᠡᠭᠦᠯᠦᠨ ᠨᠢᠭᠡᠳᠬᠡᠬᠦ ᠵᠢ ᠲᠥᠷᠥᠯ ᠬᠤᠪᠢᠶᠠᠨ ᠪᠡᠶᠡᠯᠡᠭᠦᠯᠬᠦ ᠬᠡᠷᠡᠭᠲᠡᠶ᠃ ᠪᠠᠭᠴᠠᠯᠠᠭ᠋ᠠᠳ ᠬᠡᠯᠡᠪᠡᠯ᠂ ᠲᠦᠷᠢᠮ ᠪᠠ ᠮᠡᠷᠭᠡᠵᠢᠯ᠎ᠤᠨ ᠠᠷᠭ᠎ᠠ᠎ᠪᠠᠷ ᠵᠠᠬ᠎ᠠ ᠳᠡᠯᠭᠡᠭᠦᠷ᠎ᠤᠨ ᠭᠣᠣᠯ ᠴᠣᠭᠴᠠ ᠪᠠ ᠤᠯᠠᠨ ᠲᠦᠮᠡᠨ᠎ᠢ ᠲᠦᠷᠢᠮ ᠲᠣᠭᠲᠠᠭ᠋ᠠᠯ ᠶᠣᠰᠣᠭ᠋ᠠᠷ ᠠᠵᠢᠯ ᠶᠠᠪᠤᠳᠠᠯ ᠰᠢᠢ᠍ᠳᠪᠦᠷᠢᠯᠡᠬᠦ᠎ᠳᠤ ᠬᠥᠮᠦᠨ᠎ᠢ ᠭᠤᠶᠤᠬᠤ ᠦᠭᠡᠢ ᠪᠣᠯᠭ᠋ᠠᠬᠤ ᠬᠡᠷᠡᠭᠲᠡᠶ᠃

      (ᠬᠣᠶᠠᠷ) ᠬᠠᠤᠯᠢᠵᠢᠭᠰᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭ᠋ᠠᠨ᠎ᠠ᠃ ᠵᠠᠬ᠎ᠠ ᠳᠡᠯᠭᠡᠭᠦᠷ᠎ᠤᠨ ᠠᠵᠤ ᠠᠬᠤᠶ᠎ᠨᠢ ᠮᠥᠨ ᠴᠤ᠌ ᠬᠠᠤᠯᠢ᠎ᠪᠠᠷ ᠵᠠᠰᠠᠬᠤ ᠠᠵᠤ ᠠᠬᠤᠶ ᠮᠥᠨ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ᠎ᠪᠠᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠲᠣᠭᠲᠠᠭᠤᠨ᠂ ᠲᠥᠪ ᠭᠣᠣᠯᠴᠢ᠂ ᠢᠯᠡ ᠲᠣᠳᠣ᠂ ᠵᠢᠱ᠌ᠢᠵᠦ ᠪᠣᠯᠬᠤᠶ᠋ᠢᠴᠠ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠶ᠃

      ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠰᠠᠢ᠌ᠨ ᠬᠠᠤᠯᠢ᠎ᠪᠠᠷ ᠰᠠᠢ᠌ᠲᠤᠷ ᠵᠠᠰᠠᠵᠤ ᠴᠢᠳᠠᠨ᠎ᠠ᠃ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠦᠷᠢᠮ》᠎ᠢ ᠨᠢᠭᠡᠨᠲᠡ ᠪᠥᠬᠥ ᠲᠠᠯ᠎ᠠ᠎ᠪᠠᠷ ᠬᠡᠷᠡᠭᠵᠢᠭᠦᠯᠵᠦ᠂ 《ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠡᠩᠰᠡᠯᠡᠨ ᠬᠠᠮᠢᠶᠠᠷᠬᠤ ᠲᠦᠷᠢᠮ》᠎ᠢ ᠤᠳᠠᠯ ᠥᠬᠡᠶ ᠨᠡᠶ᠋ᠢᠲᠡᠯᠡᠬᠦ ᠭᠡᠵᠦ ᠪᠠᠶ᠋ᠢᠨ᠎ᠠ᠂ ᠡᠭᠦᠨ᠎ᠢ ᠯᠠᠪᠳᠠᠭᠤᠨ ᠪᠠᠲᠤᠲᠠᠶ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠲᠠᠯ᠎ᠠ᠎ᠪᠠᠷ᠎ᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠣᠭᠲᠠᠭ᠋ᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭ᠋ᠠᠬᠤ᠂ ᠲᠠᠶ᠋ᠢᠯᠪᠤᠷᠢᠯᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠪᠦᠲᠦᠮᠵᠢᠲᠡᠢ ᠠᠷᠭ᠎ᠠ ᠬᠢᠳᠡᠯ᠎ᠢ ᠲᠦᠷᠢᠮ ᠵᠢᠷᠤᠮᠵᠢᠯ ᠪᠣᠯᠭ᠋ᠠᠨ ᠳᠡᠭᠡᠭᠰᠢᠯᠡᠭᠦᠯᠬᠦ ᠬᠡᠷᠡᠭᠲᠡᠢ᠂ ᠣᠳᠣᠬᠠᠨ᠎ᠳᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ᠂ ᠵᠠᠰᠠᠭ ᠵᠠᠬᠢᠷᠭ᠋ᠠᠨ᠎ᠤ ᠰᠦᠢ᠍ᠳᠬᠡᠯ ᠬᠤᠷᠢᠶᠠᠬᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠲᠣᠭ᠎ᠠ ᠪᠠᠷᠢᠮᠲᠠ ᠵᠢ ᠠᠮᠤᠷ ᠲᠦᠪᠰᠢᠨ ᠵᠶ᠋ᠠᠷ ᠬᠠᠮᠲᠤ᠎ᠳᠤ᠎ᠪᠠᠨ ᠬᠦᠷᠲᠡᠬᠦ ᠵᠡᠷᠭᠡ ᠬᠦᠷᠢᠶᠡᠨ᠎ᠤ ᠬᠠᠤᠯᠢ ᠲᠣᠭᠲᠠᠭ᠋ᠠᠯ᠎ᠤᠨ ᠪᠠᠶ᠋ᠢᠭᠤᠯᠤᠯᠲᠠ ᠵᠢ ᠭᠣᠣᠯᠳᠠᠯᠭ᠎ᠠ᠎ᠲᠠᠢ ᠰᠠᠶ᠋ᠢᠲᠤᠷ ᠠᠳᠬᠤᠬᠤ ᠬᠡᠷᠡᠭᠲᠡᠢ᠃

      ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠥᠮᠴᠢᠯᠡᠯ᠎ᠤᠨ ᠡᠷᠬᠡ ᠪᠠ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠲᠦᠷᠢᠮ᠎ᠢ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠥᠮᠴᠢᠯᠡᠯ᠎ᠤᠨ ᠡᠷᠬᠡ ᠵᠢ ᠬᠠᠤᠯᠢ ᠶᠣᠰᠣᠭ᠋ᠠᠷ ᠪᠦᠬᠦ ᠲᠠᠯ᠎ᠠ᠎ᠪᠠᠷ ᠬᠠᠮᠠᠭ᠋ᠠᠯᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ᠎ᠢ ᠵᠠᠯᠬᠠᠭ᠋ᠠᠨ ᠰᠢᠢ᠍ᠳᠬᠡᠬᠦ ᠴᠢᠨᠠᠷᠲᠠᠢ ᠲᠥᠯᠥᠪᠦᠷᠢ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠡᠷᠬᠡ᠎ᠳᠤ ᠬᠠᠯᠳᠠᠬᠤ ᠥᠪᠡᠷ᠎ᠤᠨ ᠦᠷᠳᠡᠭ ᠳᠣᠣᠷ᠎ᠠ᠂ ᠡᠷᠬᠡ᠎ᠪᠠᠨ ᠬᠠᠮᠠᠭ᠋ᠠᠯᠠᠬᠤ ᠥᠪᠡᠷ᠎ᠤᠨ ᠦᠷᠳᠡᠭ ᠥᠨᠳᠥᠷ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠵᠠᠰᠠᠭ᠎ᠤᠨ ᠣᠷᠳᠣᠨ ᠲᠦᠷᠦᠭᠦᠯᠡᠨ ᠢᠲᠡᠭᠡᠮᠵᠢ ᠵᠢ ᠰᠠᠬᠢᠵᠤ ᠠᠮᠠᠯᠠᠯᠲᠠ᠎ᠪᠠᠨ ᠭᠦᠢ᠍ᠴᠡᠳᠬᠡᠵᠦ᠂ ᠡᠯ᠎ᠡ ᠭᠠᠵᠠᠷ ᠣᠷᠣᠨ᠎ᠨᠤᠭᠤᠳ ᠵᠠᠰᠠᠭ᠎ᠤᠨ ᠣᠷᠳᠣᠨ᠎ᠤ ᠠᠵᠤ ᠠᠬᠤᠶ᠋ᠢᠯᠠᠯ᠎ᠤᠨ ᠬᠠᠤᠯᠢ ᠲᠣᠭᠲᠠᠭ᠋ᠠᠯ ᠶᠣᠰᠣᠭ᠋ᠠᠷ ᠠᠮᠠᠯᠠᠭᠰᠠᠨ ᠵᠦᠢ᠍ᠯᠡᠰ᠎ᠢ ᠡᠮᠬᠢᠯᠡᠨ ᠳᠢᠭᠯᠡᠵᠦ᠂ ᠲᠣᠭᠲᠠᠭᠰᠠᠨ ᠬᠤᠭᠤᠴᠠᠭ᠋ᠠᠨ᠎ᠳᠤ᠎ᠪᠠᠨ ᠭᠦᠢ᠍ᠴᠡᠳᠬᠡᠭᠰᠡᠨ ᠥᠬᠡᠶ ᠵᠢ᠎ᠨᠢ ᠬᠤᠭᠤᠴᠠᠭ᠎ᠠ ᠬᠢᠵᠠᠭ᠋ᠠᠷᠯᠠᠨ ᠰᠢᠢ᠍ᠳᠪᠦᠷᠢᠯᠡᠵᠦ᠂ ᠵᠠᠰᠠᠭ᠎ᠤᠨ ᠣᠷᠳᠣᠨ᠎ᠤ ᠢᠲᠡᠭᠡᠯ ᠠᠯᠳᠠᠭᠰᠠᠨ᠎ᠠᠴᠠ ᠪᠣᠯᠵᠣ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠬᠠᠤᠯᠢ ᠶᠣᠰᠣᠭ᠋ᠠᠷ ᠲᠥᠯᠥᠪᠦᠷᠢ ᠥᠭᠬᠦ ᠬᠡᠷᠡᠭᠲᠡᠶ᠂ ᠶᠠᠭ᠋ᠠᠬᠢᠭᠰᠠᠨ ᠴᠤ᠌ 《ᠰᠢᠨ᠎ᠡ ᠳᠠᠷᠤᠭ᠎ᠠ ᠬᠠᠭᠤᠴᠢᠨ ᠲᠠᠩᠰᠠ ᠵᠢ ᠬᠠᠮᠢᠶᠠᠷᠬᠤ ᠥᠬᠡᠶ》 ᠪᠠᠶ᠋ᠢᠵᠤ ᠪᠣᠯᠬᠤ ᠥᠬᠡᠶ᠃

      ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠬᠠᠤᠯᠢ ᠵᠢ ᠵᠢᠷᠤᠮᠵᠢᠭᠤᠨ ᠬᠡᠷᠡᠭᠵᠢᠭᠦᠯᠬᠦ ᠦᠭᠡᠢ ᠪᠣᠯ ᠵᠠᠬ᠎ᠠ ᠳᠡᠯᠭᠡᠭᠦᠷ᠎ᠤᠨ ᠢᠲᠡᠭᠡᠯ᠎ᠳᠤ ᠴᠣᠬᠢᠯᠲᠠ ᠪᠣᠯᠬᠤ᠎ᠪᠠᠷ ᠪᠠᠷᠠᠬᠤ ᠦᠭᠡᠢ᠂ ᠵᠠᠰᠠᠭ᠎ᠤᠨ ᠣᠷᠳᠣᠨ᠎ᠤ ᠨᠡᠶ᠋ᠢᠲᠡ ᠵᠢ ᠢᠲᠡᠭᠡᠭᠦᠯᠬᠦ ᠬᠦᠴᠦᠨ ᠪᠠ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠣᠬᠢᠷᠠᠭᠤᠯᠬᠤ ᠪᠣᠯᠤᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢ ᠱᠠᠯᠠᠪᠳᠠᠨ ᠰᠤᠳᠤᠯᠤᠨ ᠵᠢᠷᠤᠮᠵᠢᠭᠤᠯᠵᠤ᠂ ᠬᠠᠤᠯᠢ ᠵᠢ ᠴᠢᠩᠭ᠎ᠠ ᠬᠡᠷᠡᠭᠵᠢᠭᠦᠯᠬᠦ ᠦᠭᠡᠢ᠂ ᠳᠥᠭᠥᠮ ᠪᠦᠳᠦᠭᠦᠯᠢᠭ᠂ ᠬᠡᠳᠦ ᠬᠦᠩᠭᠡᠨ ᠬᠡᠳᠦ ᠬᠦᠨᠳᠦ ᠪᠣᠯᠭ᠋ᠠᠬᠤ ᠵᠡᠷᠭᠡ ᠦᠢ᠍ᠯᠡ ᠠᠵᠢᠯᠯᠠᠭ᠎ᠠ ᠵᠢ ᠵᠠᠯᠠᠷᠠᠭᠤᠯᠵᠤ᠂ ᠬᠠᠤᠯᠢ ᠬᠡᠷᠡᠭᠵᠢᠭᠦᠯᠬᠦ ᠲᠦᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠶ᠃ ᠳᠤᠷ᠎ᠠ᠎ᠪᠠᠷ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠣᠭᠣᠰ ᠵᠶ᠋ᠠᠷ ᠲᠣᠷᠭ᠋ᠠᠬᠤ᠂ ᠳᠤᠷ᠎ᠠ᠎ᠪᠠᠷ ᠲᠡᠰᠬᠡᠨ ᠲᠠᠲᠠᠪᠤᠷᠢᠯᠠᠬᠤ ᠶᠠᠪᠤᠳᠠᠯ᠎ᠢ ᠡᠬᠢ ᠦᠨᠳᠦᠰᠦ᠎ᠠᠴᠠ᠎ᠨᠢ ᠠᠷᠢᠯᠭ᠋ᠠᠵᠤ᠂ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠢᠵᠠᠭ᠋ᠠᠷ ᠪᠠ ᠵᠢᠷᠤᠮ᠎ᠢ ᠵᠥᠷᠢᠴᠡᠵᠦ ᠲᠣᠭᠲᠠᠭ᠋ᠠᠭᠰᠠᠨ ᠵᠣᠭᠣᠰ ᠵᠶ᠋ᠠᠷ ᠲᠣᠷᠭ᠋ᠠᠬᠤ ᠵᠦᠢ᠍ᠯᠡᠰ᠎ᠢ ᠬᠦᠴᠦᠨ ᠦᠭᠡᠢ ᠪᠣᠯᠭ᠋ᠠᠬᠤ ᠬᠡᠷᠡᠭᠲᠡᠶ᠃

      (ᠭᠤᠷᠪᠠ) ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠬᠦᠴᠦᠯᠡᠨ ᠪᠣᠶ ᠪᠣᠯᠭ᠋ᠠᠨ᠎ᠠ᠃ ᠡᠨᠡ ᠪᠣᠯ ᠮᠠᠨ᠎ᠤ ᠤᠯᠤᠰ᠎ᠤᠨ ᠭᠠᠳᠠᠭᠰᠢ ᠨᠡᠭᠡᠭᠡᠯᠲᠡ ᠬᠢᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠬᠤ ᠮᠥᠷᠲᠡᠭᠡᠨ ᠡᠳᠦᠷ ᠢᠷᠡᠬᠦᠶ᠎ᠡ ᠪᠤᠳᠤᠯᠢᠶᠠᠨᠲᠠᠢ ᠪᠤᠯᠵᠤ ᠪᠠᠶ᠋ᠢᠭ᠎ᠠ ᠳᠡᠯᠡᠬᠡᠶ ᠵᠢᠨ ᠪᠠᠶ᠋ᠢᠳᠠᠯ᠎ᠢ ᠠᠷᠭ᠋ᠠᠴᠠᠭ᠋ᠠᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠶᠤᠮ᠃ ᠬᠡᠳᠦᠶ᠋ᠢᠪᠡᠷ ᠠᠵᠤ ᠠᠬᠤᠢ ᠵᠢᠨ ᠣᠯᠠᠨ ᠤᠯᠤᠰᠴᠢᠯᠠᠯᠲᠠ ᠣᠬᠣᠷᠬᠠᠨ ᠬᠤᠭᠤᠴᠠᠭ᠋ᠠᠨ᠎ᠳᠤ ᠰᠥᠷᠭᠡᠦ ᠤᠷᠤᠰᠬᠠᠯ᠎ᠳᠤ ᠤᠴᠠᠷᠠᠭᠰᠠᠨ ᠪᠣᠯᠪᠠᠴᠤ ᠠᠯᠤᠰ ᠬᠡᠳᠦ᠎ᠠᠴᠠ ᠠᠪᠴᠤ ᠦᠵᠡᠪᠡᠯ ᠮᠥᠨ ᠯᠡ ᠲᠡᠦᠬᠡ ᠵᠢᠨ ᠤᠷᠤᠰᠬᠠᠯ ᠪᠠᠢ᠌ᠵᠤ᠂ ᠭᠠᠭᠴᠠ ᠲᠠᠯ᠎ᠠ ᠵᠢᠨ ᠦᠵᠡᠯ᠂ ᠬᠠᠮᠠᠭ᠋ᠠᠯᠠᠬᠤ ᠦᠵᠡᠯ᠎ᠢ ᠬᠡᠷᠡᠭᠵᠢᠭᠦᠯᠬᠦ᠎ᠨᠢ ᠭᠠᠷᠬᠤ ᠵᠠᠮ ᠦᠭᠡᠢ᠂ ᠦᠷᠭᠦᠯᠵᠢᠯᠡᠵᠦ ᠴᠢᠳᠠᠰᠢ ᠦᠭᠡᠢ ᠶᠤᠮ᠃ ᠳᠤᠮᠳᠠᠳᠤ ᠤᠯᠤᠰ᠎ᠤᠨ ᠠᠵᠤ ᠠᠬᠤᠢ ᠨᠢᠭᠡᠨᠲᠡ ᠳᠡᠯᠡᠬᠡᠢ ᠳ᠋ᠠᠬᠢᠨ᠎ᠲᠠᠢ ᠭᠦᠨᠵᠡᠭᠡᠢ ᠠᠭᠤᠰᠤᠯᠴᠠᠵᠤ᠂ 《ᠢᠨᠲᠸᠷ ᠰᠦᠯᠵᠢᠶ᠎ᠡ +》 ᠵᠢᠨ ᠭᠦᠨᠵᠡᠭᠡᠶ᠋ᠢᠷᠡᠨ ᠬᠥᠭᠵᠢᠬᠦ ᠵᠢ ᠲᠠᠭ᠋ᠠᠯᠳᠤᠨ᠂ ᠬᠤᠳᠠ ᠨᠢᠭᠡᠪᠦᠷᠢ ᠴᠢᠨᠠᠭᠰᠢᠯᠠᠪᠠᠯ ᠨᠡᠶ᠋ᠢᠭᠡᠮ ᠲᠣᠭᠣᠷᠢᠭ᠂ ᠲᠣᠰᠬᠣᠨ ᠨᠢᠭᠡᠪᠦᠷᠢ ᠴᠥᠮ ᠤᠯᠠᠨ ᠤᠯᠤᠰ᠎ᠤᠨ ᠵᠠᠬ᠎ᠠ ᠳᠡᠯᠭᠡᠭᠦᠷ᠎ᠲᠠᠢ ᠨᠡᠪᠳᠡᠷᠡᠵᠤ ᠮᠡᠳᠡᠨ᠎ᠠ᠃ ᠡᠭᠦᠳᠡ᠎ᠪᠠᠨ ᠲᠦᠭᠵᠢᠵᠦ ᠪᠢᠲᠡᠭᠦᠮᠵᠢᠯᠡᠪᠡᠯ ᠠᠵᠢᠯᠯᠠᠬᠤ ᠵᠢᠨ ᠠᠷᠭ᠎ᠠ ᠦᠭᠡᠢ ᠶᠤᠮ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠥᠪᠬᠡᠨ ᠵᠠᠰᠠᠭ᠎ᠤᠨ ᠣᠷᠳᠣᠨ᠎ᠤ ᠬᠠᠮᠠᠭ᠋ᠠᠯᠠᠯᠲᠠ ᠵᠢ ᠲᠦᠰᠢᠭᠯᠡᠬᠦ᠎ᠪᠠᠷ ᠭᠣᠷᠢᠳᠠᠬᠤ᠎ᠨᠢ ᠢᠷᠡᠭᠡᠳᠦᠢ᠎ᠳᠤ ᠵᠠᠮ ᠦᠭᠡᠢ ᠶᠤᠮ᠃ ᠳᠤᠮᠳᠠᠳᠤ ᠤᠯᠤᠰ᠎ᠤᠨ ᠬᠥᠮᠦᠨ᠎ᠤ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠳᠡᠯᠡᠬᠡᠶ ᠵᠢᠨ ᠵᠠᠬ᠎ᠠ ᠳᠡᠯᠭᠡᠭᠦᠷ᠎ᠲᠤ ᠵᠣᠷᠢᠭᠲᠠᠶ᠎ᠪᠠᠷ ᠥᠷᠢᠰᠥᠯᠳᠦᠨ ᠲᠡᠮᠡᠴᠡᠵᠦ᠂ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠢ ᠳᠡᠯᠡᠬᠡᠶ ᠵᠢᠨ ᠵᠠᠬ᠎ᠠ ᠳᠡᠯᠭᠡᠭᠦᠷ ᠪᠣᠯᠭ᠋ᠠᠨ ᠥᠷᠢᠰᠥᠯᠳᠦᠭᠦᠯᠬᠦ ᠬᠡᠷᠡᠭᠲᠡᠶ᠃ ᠳᠡᠯᠡᠬᠡᠶ ᠵᠢᠨ ᠣᠷᠴᠢᠨ ᠲᠣᠭᠣᠷᠢᠨ ᠬᠡᠷᠬᠢᠨ ᠬᠤᠪᠢᠷᠬᠠᠰᠠᠨ ᠴᠤ᠌ ᠪᠢᠳᠡ ᠴᠥᠮ ᠭᠠᠳᠠᠭᠰᠢ ᠨᠡᠭᠡᠭᠡᠯᠳᠡ ᠬᠢᠬᠦ᠎ᠪᠠᠨ ᠡᠷᠡᠰ ᠭᠤᠶ᠋ᠢᠪᠢᠰᠢ ᠦᠭᠡᠢ᠎ᠪᠠᠷ ᠥᠷᠭᠡᠳᠬᠡᠵᠦ᠂ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠰᠠᠶ᠋ᠢᠲᠤᠷ ᠠᠰᠢᠭᠯᠠᠵᠤ᠂ ᠤᠯᠠᠨ ᠤᠯᠤᠰ᠎ᠤᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠤ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠬᠡᠷᠡᠭᠲᠡᠶ᠃

      ᠤᠯᠠᠨ ᠤᠯᠤᠰ᠎ᠤᠨ ᠨᠡᠶ᠋ᠢᠳᠡᠮ ᠬᠡᠷᠡᠭᠯᠡᠵᠦ ᠪᠠᠶ᠋ᠢᠭ᠎ᠠ ᠬᠣᠯᠪᠣᠭᠳᠠᠯ ᠪᠦᠬᠦᠢ ᠳᠦᠷᠢᠮ ᠵᠢᠷᠤᠮ᠎ᠲᠠᠢ ᠵᠣᠯᠭ᠋ᠠᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ᠃ ᠪᠦᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠠᠪᠴᠤ ᠬᠡᠯᠡᠪᠡᠯ᠂ ᠬᠠᠮᠢᠭ᠋ᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠰᠠᠢ᠍ᠢ᠍ᠨ ᠪᠣᠯ ᠲᠡᠨᠳᠡᠬᠢ ᠵᠠᠬ᠎ᠠ ᠳᠡᠯᠭᠡᠭᠦᠷ ᠨᠡᠩ ᠢᠯᠡᠭᠦᠦ ᠲᠠᠲᠠᠬᠤ ᠬᠦᠴᠦᠨ᠎ᠲᠠᠢ ᠪᠠᠢ᠌ᠵᠤ᠂ ᠤᠯᠠᠨ ᠤᠯᠤᠰ᠎ᠤᠨ ᠥᠷᠢᠰᠥᠯᠳᠦᠭᠡᠨ ᠳᠤᠮᠳᠠ ᠨᠡᠩ ᠢᠯᠡᠭᠦᠦ ᠳᠠᠪᠠᠭᠤᠯᠢᠭ ᠪᠣᠯᠵᠤ ᠪᠣᠯᠤᠨ᠎ᠠ᠃ ᠤᠢ᠍ᠢ᠍ᠷ᠎ᠠ ᠵᠢᠨ ᠵᠢᠯ᠎ᠤᠳ᠎ᠲᠤ᠂ ᠪᠢᠳᠠ ᠳᠡᠯᠡᠬᠡᠢ ᠵᠢᠨ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠳᠡᠯᠡᠬᠡᠢ᠎ᠳᠠᠬᠢ ᠨᠡᠷᠡᠰ᠎ᠤᠨ ᠵᠢᠭᠰᠠᠭ᠋ᠠᠯᠲᠠ ᠶᠡᠬᠡ᠎ᠪᠠᠷ ᠳᠡᠭᠡᠭᠰᠢᠯᠡᠵᠡᠢ᠃ ᠭᠡᠪᠡᠴᠦ ᠬᠥᠭᠵᠢᠭᠰᠡᠨ ᠠᠵᠤ ᠠᠬᠤᠶ ᠵᠢᠨ ᠴᠣᠭᠴᠠ᠎ᠲᠠᠢ ᠬᠠᠷᠢᠴᠠᠭᠤᠯᠪᠠᠯ᠂ ᠮᠠᠨ᠎ᠤ ᠵᠠᠷᠢᠮ ᠬᠦᠷᠢᠶᠡᠨ᠎ᠳᠠᠬᠢ ᠬᠠᠮᠢᠶᠠᠷᠤᠯᠲᠠ ᠵᠢᠨ ᠪᠠᠢ᠌ᠭᠤᠯᠤᠯ ᠪᠠ ᠲᠦᠷᠢᠮ ᠪᠠᠰᠠ ᠵᠥᠷᠢᠶ᠎ᠡ᠎ᠲᠠᠢ ᠪᠠᠶ᠋ᠢᠨ᠎ᠠ᠃ ᠮᠠᠨ᠎ᠤ ᠤᠯᠤᠰ ᠨᠢᠭᠡᠨᠲᠡ 《ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ》᠎ᠲᠤ ᠣᠷᠣᠯᠴᠠᠬᠤ᠎ᠪᠠᠷ ᠵᠢᠩᠬᠢᠨᠢ᠎ᠪᠠᠷ ᠭᠠᠷ᠎ᠤᠨ ᠦᠰᠦᠭ ᠵᠢᠷᠤᠪᠠ᠂ ᠡᠭᠦᠨ ᠵᠶ᠋ᠠᠷ ᠠᠵᠠ ᠲᠣᠬᠢᠶᠠᠯ ᠪᠣᠯᠭ᠋ᠠᠵᠤ᠂ ᠠᠷᠠᠯᠵᠢᠶ᠎ᠠ ᠪᠡᠯᠡ ᠣᠷᠣᠭᠤᠯᠤᠯᠲᠠ ᠵᠢ ᠴᠢᠯᠥᠭᠡᠲᠡᠶ ᠪᠣᠯᠭ᠋ᠠᠬᠤ ᠪᠠ ᠳᠥᠭᠥᠮᠴᠢᠯᠡᠬᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠲᠠᠯ᠎ᠠ᠎ᠪᠠᠷ ᠨᠡᠩ ᠥᠨᠳᠥᠷ ᠪᠠᠷᠢᠮᠵᠢᠶ᠎ᠠ ᠪᠠ ᠳᠦᠷᠢᠮ ᠵᠢᠷᠤᠮ᠎ᠢ ᠬᠡᠷᠡᠭᠵᠢᠭᠦᠯᠬᠦ ᠬᠡᠷᠡᠭᠲᠡᠶ᠃ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠰᠢᠨ᠎ᠡ ᠵᠢ ᠡᠭᠦᠳᠦᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠲᠦᠷᠢᠮ᠎ᠤᠨ ᠬᠡᠯᠪᠡᠷᠢ ᠵᠢᠨ ᠨᠡᠬᠡᠬᠡᠯᠳᠡ ᠬᠢᠬᠦ ᠲᠠᠯ᠎ᠠ᠎ᠪᠠᠷ ᠨᠡᠩ ᠶᠡᠬᠡ ᠠᠯᠬᠤᠮ ᠳᠠᠪᠰᠢᠬᠤ ᠬᠡᠷᠡᠭᠲᠡᠢ᠃ ᠨᠡᠭᠡᠭᠡᠯᠳᠡ ᠬᠢᠬᠦ ᠶᠠᠪᠤᠴᠠ᠎ᠳᠤ ᠪᠠᠰᠠ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠶ᠋ᠢᠳᠠᠯ᠎ᠢ ᠰᠠᠶ᠋ᠢᠲᠤᠷ ᠬᠠᠮᠠᠭ᠋ᠠᠯᠠᠵᠤ᠂ ᠤᠯᠤᠰ᠎ᠤᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃

      ᠭᠠᠳᠠᠭ᠋ᠠᠳᠤ ᠪᠡᠯᠡ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠠᠬᠢᠭᠤᠯᠬᠤ ᠪᠠ ᠦᠢ᠍ᠯᠡᠴᠢᠯᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠬᠠᠤᠯᠢ ᠪᠠ ᠬᠣᠯᠪᠣᠭᠳᠠᠯ ᠪᠦᠬᠦᠢ ᠢᠵᠢ ᠪᠦᠷᠢᠨ ᠬᠠᠤᠯᠢ ᠲᠣᠭᠲᠠᠭ᠋ᠠᠯ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠵᠥᠪᠰᠢᠶᠡᠷᠡᠨ ᠣᠷᠣᠭᠤᠯᠬᠤ᠎ᠠᠴᠠ ᠡᠮᠦᠨᠡᠬᠢ ᠤᠯᠤᠰ ᠠᠷᠠᠳ᠎ᠤᠨ ᠬᠠᠷᠠᠭ᠋ᠠᠯᠵᠠᠯ᠎ᠤᠨ ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠨᠢᠭᠡᠨᠲᠡ ᠨᠡᠭᠡᠭᠡᠯᠲᠡᠲᠡᠶ ᠪᠣᠯᠤᠭᠰᠠᠨ ᠬᠦᠷᠢᠶᠡᠨ᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠷᠣᠬᠤ ᠵᠢ ᠪᠠᠲᠤᠯᠠᠵᠤ᠂ ᠮᠠᠨ᠎ᠤ ᠤᠯᠤᠰ ᠵᠶ᠋ᠠᠨ ᠤᠷᠳᠤ ᠬᠤᠭᠤᠴᠠᠭ᠎ᠠ᠎ᠪᠠᠷ ᠬᠦᠴᠦᠷᠬᠡᠭ ᠶᠡᠬᠡ ᠲᠠᠲᠠᠬᠤ ᠬᠦᠴᠦᠨ ᠪᠦᠬᠦᠢ ᠪᠡᠯᠡ ᠣᠷᠣᠭᠤᠯᠤᠯᠲᠠ ᠵᠢᠨ ᠵᠣᠷᠢᠭᠰᠠᠨ ᠭᠠᠵᠠᠷ ᠪᠣᠯᠭ᠋ᠠᠬᠤ ᠬᠡᠷᠡᠭᠲᠡᠢ᠃ ᠡᠭᠦᠨ᠎ᠤ ᠳᠠᠭ᠋ᠠᠤ᠎ᠳᠤ᠂ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠪᠦᠬᠦᠢ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠴᠢᠳᠠᠪᠤᠷᠢᠲᠠᠨ᠎ᠢ ᠬᠡᠷᠡᠭᠯᠡᠬᠦ ᠳᠦᠷᠢᠮ᠎ᠢ ᠪᠠᠶ᠋ᠢᠭᠤᠯᠵᠤ᠂ ᠳᠡᠭᠡᠳᠦ ᠳᠡᠰ ᠳᠠᠪᠬᠤᠷᠭ᠎ᠠ ᠵᠢᠨ ᠭᠠᠳᠠᠭ᠋ᠠᠳᠤ ᠵᠢᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠠᠳᠠᠯ ᠦᠢ᠍ᠯᠡᠰ ᠴᠣᠭᠴᠠᠯᠠᠨ ᠰᠢᠨ᠎ᠡ ᠵᠢ ᠡᠭᠦᠳᠬᠦ᠎ᠳᠤ ᠳᠦᠭᠦᠮ ᠦᠵᠡᠭᠦᠯᠬᠦ ᠬᠡᠷᠡᠭᠲᠡᠢ᠃

      ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ᠃ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠡᠵᠡᠩᠨᠡᠨ ᠬᠤᠳᠠᠯᠳᠤᠭ᠋ᠠᠯᠠᠬᠤ ᠥᠪᠡᠷ᠎ᠤᠨ ᠦᠷᠳᠡᠭ᠎ᠢ ᠪᠠᠭᠤᠷᠠᠭᠤᠯᠬᠤ ᠵᠢ ᠦᠷᠭᠦᠯᠵᠢᠯᠡᠨ ᠠᠬᠢᠭᠤᠯᠵᠤ᠂ ᠪᠣᠭᠣᠮᠲᠠ ᠵᠢᠨ ᠰᠦᠢ᠍ᠳᠬᠡᠯ ᠬᠤᠷᠢᠶᠠᠬᠤ ᠵᠦᠢ᠍ᠯᠡᠰ᠎ᠢ ᠢᠯᠭ᠋ᠠᠷᠠᠭᠤᠯᠤᠨ ᠵᠢᠷᠤᠮᠵᠢᠭᠤᠯᠵᠤ᠂ ᠤᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠣᠪᠴᠢ》 ᠵᠢᠨ ᠪᠦᠳᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠤᠯᠠᠨ ᠤᠯᠤᠰ᠎ᠤᠨ ᠡᠳ᠋ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠠᠬᠢᠭᠤᠯᠬᠤ ᠬᠡᠷᠡᠭᠲᠡᠢ᠃ ᠳᠤᠮᠳᠠ ᠵᠢᠵᠢᠭ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠢᠲᠡᠭᠡᠮᠵᠢᠲᠦ ᠵᠢᠭᠡᠯᠡᠯᠭᠡ᠂ ᠳᠠᠭ᠋ᠠᠳᠬᠠᠯ ᠵᠡᠷᠭᠡ᠎ᠳᠤ ᠦᠵᠡᠭᠦᠯᠬᠦ ᠳᠡᠮᠵᠢᠯᠭᠡ᠎ᠪᠠᠨ ᠨᠡᠮᠡᠭᠳᠡᠭᠦᠯᠵᠦ᠂ 《ᠭᠠᠳᠠᠭ᠋ᠠᠳᠤ᠎ᠳᠠᠬᠢ ᠬᠥᠮᠥᠷᠭᠡ》 ᠵᠢ ᠠᠬᠢᠭᠤᠯᠤᠨ ᠬᠥᠭᠵᠢᠭᠦᠯᠵᠦ᠂ ᠬᠣᠯᠪᠣᠭᠳᠠᠯ ᠪᠦᠬᠦᠢ ᠪᠠᠷᠢᠮᠵᠢᠶ᠎ᠠ ᠵᠢ ᠣᠯᠠᠨ ᠤᠯᠤᠰ ᠲᠡᠷᠢᠭᠦᠨ ᠪᠠᠷᠢᠮᠵᠢᠶ᠎ᠠ᠎ᠲᠠᠢ ᠬᠠᠷᠢᠴᠠᠭᠤᠯᠬᠤ ᠵᠢ ᠲᠦᠷᠭᠡᠳᠬᠡᠵᠦ᠂ ᠠᠵᠤ ᠠᠬᠤᠶ᠋ᠢᠯᠠᠯ᠎ᠢ ᠬᠠᠪᠰᠤᠷᠤᠨ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠩ ᠰᠠᠢ᠍ᠢ᠍ᠨ ᠨᠡᠭᠡᠭᠡᠬᠦ ᠬᠡᠷᠡᠭᠲᠡᠢ᠃

      ᠡᠴᠦᠰ᠎ᠲᠤ ᠴᠢᠬᠤᠯᠠᠴᠢᠯᠠᠬᠤ᠎ᠨᠢ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ᠎ᠨᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠤᠨ ᠠᠷᠠᠳ ᠲᠦᠮᠡᠨ᠎ᠤ ᠪᠤᠶᠠᠨ ᠵᠢᠷᠭ᠋ᠠᠯ᠎ᠲᠠᠢ ᠬᠣᠯᠪᠣᠭᠳᠠᠵᠤ᠂ ᠨᠢᠭᠡᠨ ᠤᠳᠠᠭ᠋ᠠᠨ᠎ᠤ ᠬᠢᠲᠤᠭ᠎ᠠ ᠵᠢᠨ ᠢᠷ᠎ᠢ ᠳᠣᠲᠣᠭᠰᠢ᠎ᠪᠠᠨ ᠬᠠᠨᠳᠤᠭᠤᠯᠵᠤ ᠵᠠᠰᠠᠭ᠎ᠤᠨ ᠣᠷᠳᠣᠨ᠎ᠤ ᠥᠪᠡᠷ᠎ᠤᠨ᠎ᠬᠢ᠎ᠳᠤ ᠬᠢᠭᠰᠡᠨ ᠬᠤᠪᠢᠰᠬᠠᠯ ᠪᠣᠯᠤᠨ᠎ᠠ᠃ ᠡᠨᠡ ᠤᠳᠠᠭ᠎ᠠ ᠵᠢᠨ ᠬᠤᠷᠠᠯ ᠪᠣᠯ ᠪᠢᠳᠡ ᠶᠢᠰᠦᠨ ᠵᠢᠯ ᠳᠠᠷᠠᠭ᠋ᠠᠯᠠᠨ ᠬᠤᠷᠠᠯᠳᠤᠭᠤᠯᠤᠭᠰᠠᠨ ᠶᠢᠰᠦᠳᠡᠬᠢ ᠤᠳᠠᠭ᠋ᠠᠨ᠎ᠤ          《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠠᠬᠢᠭᠤᠯᠬᠤ ᠲᠤᠬᠠᠶ ᠪᠥᠬᠥ ᠤᠯᠤᠰ᠎ᠤᠨ ᠲᠧᠯᠸᠢᠰ ᠤᠲᠠᠰᠤ ᠬᠤᠷᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠬᠠᠷᠢᠭᠤᠴᠠᠯᠭ᠋ᠠᠲᠤ ᠰᠡᠳᠬᠢᠯᠭᠡ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠶᠡᠬᠡ ᠲᠠᠯ᠎ᠠ ᠪᠣᠯᠤᠨ ᠠᠷᠠᠳ ᠤᠯᠠᠨ᠎ᠤ ᠦᠨᠳᠦᠰᠦᠨ ᠠᠰᠢᠭ ᠲᠤᠰᠠ᠎ᠠᠴᠠ ᠡᠭᠦᠰᠴᠦ᠂ ᠬᠡᠰᠡᠭ ᠲᠠᠯ᠎ᠠ ᠵᠢᠨ ᠠᠰᠢᠭ ᠲᠤᠰᠠ᠂ ᠰᠠᠯᠠᠭ᠎ᠠ ᠮᠥᠴᠢᠷ᠎ᠤᠨ ᠠᠰᠢᠭ ᠲᠤᠰᠠ ᠵᠢ ᠵᠣᠷᠢᠭᠲᠠᠢ᠎ᠪᠠᠷ ᠡᠪᠳᠡᠵᠦ᠂ ᠵᠣᠷᠢᠭᠲᠠᠢ᠎ᠪᠠᠷ 《ᠬᠦᠴᠢᠷ ᠠᠰᠠᠭᠤᠳᠠᠯ᠎ᠢ ᠰᠢᠢ᠍ᠳᠪᠦᠷᠢᠯᠡᠬᠦ》 ᠬᠡᠷᠡᠭᠲᠡᠢ᠃ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠤᠬᠠᠭ᠋ᠠᠯᠠᠬᠤ ᠵᠢ ᠴᠢᠩᠭ᠋ᠠᠳᠬᠠᠬᠤ ᠬᠡᠷᠡᠭᠲᠡᠢ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠣᠯ ᠨᠢᠭᠡ ᠵᠦᠢ᠍ᠯ᠎ᠤᠨ ᠰᠢᠰᠲ᠋ᠧᠮᠲᠦ ᠴᠢᠨᠠᠷᠲᠠᠶ ᠢᠨᠵᠧᠨᠧᠷᠢᠩ ᠪᠠᠢ᠌ᠵᠤ᠂ 《ᠲᠠᠯᠪᠢᠬᠤ》᠂ 《ᠬᠠᠮᠢᠶᠠᠷᠬᠤ》᠂ 《ᠦᠢ᠍ᠯᠡᠴᠢᠯᠡᠬᠦ》 ᠭᠤᠷᠪᠠ᠎ᠨᠢ ᠬᠠᠷᠢᠯᠴᠠᠨ ᠨᠥᠬᠥᠴᠡᠯᠳᠦᠵᠦ᠂ ᠬᠠᠷᠢᠯᠴᠠᠨ ᠲᠤᠯᠭ᠋ᠠᠭᠤᠷᠢᠯᠠᠳᠠᠭ ᠪᠣᠯᠬᠣᠷ ᠲᠠᠯᠪᠢᠬᠤ ᠶᠣᠰᠣᠲᠠᠶ ᠵᠢ᠎ᠨᠢ ᠲᠠᠯᠪᠢᠵᠤ᠂ ᠬᠠᠮᠢᠶᠠᠷᠬᠤ ᠶᠣᠰᠣᠲᠠᠶ ᠵᠢ᠎ᠨᠢ ᠰᠠᠶ᠋ᠢᠲᠤᠷ ᠬᠠᠮᠢᠶᠠᠷᠴᠤ᠂ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠡᠭᠦᠷᠭᠡ ᠴᠢᠳᠠᠪᠬᠢ ᠵᠢ ᠦᠨᠡᠨ ᠬᠦ᠌ ᠰᠠᠶ᠋ᠢᠲᠤᠷ ᠭᠦᠢ᠍ᠴᠡᠳᠬᠡᠵᠦ᠂ ᠥᠭᠡᠷᠡᠴᠢᠯᠡᠯᠲᠡ ᠵᠢᠨ ᠶᠡᠷᠦᠩᠬᠡᠶ᠋ᠢᠯᠡᠭᠰᠡᠨ ᠨᠥᠯᠥᠭᠡ ᠦᠢ᠍ᠯᠡᠳᠦᠯ᠎ᠢ ᠳᠡᠭᠡᠭᠰᠢᠯᠡᠭᠦᠯᠬᠦ ᠬᠡᠷᠡᠭᠲᠡᠶ᠃ ᠲᠥᠪ᠎ᠤᠨ ᠪᠠ ᠣᠷᠣᠨ ᠨᠤᠲᠤᠭ᠎ᠤᠨ ᠬᠣᠶᠠᠷ ᠲᠠᠯ᠎ᠠ ᠵᠢᠨ ᠢᠳᠡᠪᠬᠢᠵᠢᠯ᠎ᠢ ᠪᠠᠳᠠᠷᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠷᠣᠨ ᠨᠤᠲᠤᠭ᠎ᠲᠠᠬᠢ ᠵᠢᠯᠣᠭᠣᠳᠤᠯᠭ᠎ᠠ ᠪᠠ ᠰᠢᠮᠳᠠᠭᠤᠯᠤᠭ᠎ᠠ᠎ᠪᠠᠨ ᠴᠢᠩᠭ᠋ᠠᠳᠬᠠᠵᠤ᠂ ᠪᠦᠲᠦᠮᠵᠢᠲᠡᠢ ᠠᠷᠭ᠎ᠠ ᠬᠢᠳᠡᠯ᠎ᠢ ᠴᠠᠭ ᠲᠤᠬᠠᠢ᠎ᠳᠤ᠎ᠨᠢ ᠳ᠋ᠦᠩᠨᠡᠨ ᠳᠡᠯᠭᠡᠷᠡᠭᠦᠯᠵᠦ᠂ ᠵᠣᠷᠢᠭᠲᠠᠢ᠎ᠪᠠᠷ ᠥᠭᠡᠷᠡᠴᠢᠯᠡᠯᠲᠡ ᠬᠢᠭᠰᠡᠨ ᠭᠠᠵᠠᠷ ᠣᠷᠣᠨ ᠪᠠ ᠨᠢᠭᠡᠴᠢ ᠵᠢ ᠬᠥᠬᠢᠭᠦᠯᠦᠨ ᠵᠣᠷᠢᠭᠵᠢᠭᠤᠯᠵᠤ᠂ ᠥᠭᠡᠷᠡᠴᠢᠯᠡᠯᠲᠡ ᠵᠢ ᠠᠬᠢᠭᠤᠯᠤᠭᠰᠠᠨ ᠵᠶ᠋ᠠᠷ ᠤᠳᠠᠭ᠋ᠠᠨ᠂ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ ᠪᠣᠯ ᠴᠠᠭ ᠲᠤᠬᠠᠢ᠎ᠳᠤ᠎ᠨᠢ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠢ; ᠣᠷᠣᠨ ᠨᠤᠲᠤᠭ ᠪᠠ ᠦᠨᠳᠦᠰᠦᠨ ᠱᠠᠲᠤ᠎ᠨᠢ ᠦᠷᠭᠦᠯᠵᠢᠯᠡᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠠᠨᠠᠭ᠋ᠠᠴᠢᠯᠠᠭ᠎ᠠ᠎ᠠᠴᠠ᠎ᠪᠠᠨ ᠰᠦᠪᠡᠭᠴᠢᠯᠡᠵᠦ᠂ ᠪᠡᠶ᠎ᠡ᠎ᠪᠠᠨ ᠳᠠᠭ᠋ᠠᠭ᠋ᠠᠨ ᠥᠭᠡᠷᠡᠴᠢᠯᠡᠯᠲᠡ ᠬᠢᠵᠦ᠂ ᠥᠭᠡᠷᠡᠴᠢᠯᠡᠯᠲᠡ ᠵᠢᠨ 《ᠲᠤᠷᠰᠢᠯᠲᠠ ᠵᠢᠨ ᠲᠠᠷᠢᠶ᠎ᠠ》 ᠵᠢ ᠰᠠᠶ᠋ᠢᠲᠤᠷ ᠲᠠᠷᠢᠬᠤ ᠬᠡᠷᠡᠭᠲᠡᠶ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠦᠨᠡᠯᠡᠯᠲᠡ ᠵᠢ ᠵᠢᠷᠤᠮᠵᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠤᠨ ᠤᠯᠠᠨ ᠲᠦᠮᠡᠨ᠎ᠤ ᠪᠣᠳᠠᠲᠠᠢ ᠲᠦᠷᠦᠭᠳᠡᠯ ᠵᠶ᠋ᠠᠷ ᠦᠨᠡᠯᠡᠯᠲᠡ ᠬᠢᠬᠦ ᠭᠣᠣᠯ ᠦᠨᠳᠦᠰᠦᠯᠡᠯ ᠪᠣᠯᠭ᠋ᠠᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠣᠷᠣᠨ ᠨᠤᠲᠤᠭ ᠪᠣᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠠᠷᠤᠭ᠋ᠠᠰᠤ ᠵᠢ ᠨᠡᠮᠡᠭᠳᠡᠭᠦᠯᠬᠦ᠎ᠠᠴᠠ ᠰᠡᠷᠭᠡᠶ᠋ᠢᠯᠡᠬᠦ ᠬᠡᠷᠡᠭᠲᠡᠢ᠃

      ᠣᠳᠣᠬᠠᠨ᠎ᠳᠤ᠂ ᠪᠦᠬᠦ ᠨᠠᠮ ᠵᠶ᠋ᠠᠷ ᠵᠶ᠋ᠠᠨ ᠶᠠᠭ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ ᠪᠠᠶ᠋ᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠰᠤᠷᠤᠯᠴᠠᠯᠭ᠎ᠠ ᠬᠥᠮᠦᠵᠢᠯ ᠵᠶ᠋ᠠᠷ ᠬᠥᠳᠡᠯᠭᠡᠬᠦ ᠬᠦᠴᠦᠨ ᠪᠣᠯᠭ᠋ᠠᠨ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ ᠠᠬᠢᠭᠤᠯᠬᠤ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭ᠋ᠠᠨ ᠢᠯᠡᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠪᠣᠯᠤᠨ ᠠᠷᠠᠳ ᠤᠯᠠᠨ᠎ᠳᠤ ᠢᠳᠡᠪᠬᠢᠲᠡᠢ᠎ᠪᠠᠷ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠥᠭᠬᠦ ᠬᠡᠷᠡᠭᠲᠡᠢ᠃

      《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠨᠠᠩ ᠰᠠᠢ᠌ᠲᠤᠷ ᠬᠥᠭᠵᠢᠭᠡᠨ᠂ ᠵᠠᠬ᠎ᠠ ᠳᠡᠯᠭᠡᠭᠦᠷᠴᠢᠯᠡᠬᠦ ᠬᠠᠤᠯᠢᠵᠢᠬᠤ ᠣᠯᠠᠨ ᠤᠯᠤᠰᠴᠢᠯᠠᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠣᠶ ᠪᠣᠯᠭ᠋ᠠᠬᠤ᠎ᠳᠤ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠬᠠᠲᠠᠭᠤ ᠪᠡᠷᠬᠡ ᠪᠠᠶ᠋ᠢᠨ᠎ᠠ᠃ ᠪᠢᠳᠡ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠥᠭᠡᠳᠡᠯᠡᠨ ᠳᠠᠪᠰᠢᠵᠤ ᠦᠢ᠍ᠯᠡᠰ ᠪᠦᠲᠦᠭᠡᠵᠦ᠂ ᠪᠣᠳᠠᠲᠠᠢ᠎ᠪᠠᠷ ᠠᠵᠢᠯᠯᠠᠨ ᠰᠢᠨ᠎ᠡ ᠵᠢ ᠡᠭᠦᠳᠴᠦ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠵᠡᠷᠭᠡ ᠭᠣᠣᠯᠳᠠᠯᠭ᠎ᠠ᠎ᠲᠠᠢ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠴᠢᠷᠮᠠᠶ᠋ᠢᠨ ᠪᠡᠶᠡᠯᠡᠭᠦᠯᠵᠦ᠂ ᠰᠢᠯᠢᠳᠡᠭ ᠠᠮᠵᠢᠯᠲᠠ᠎ᠪᠠᠷ ᠵᠶ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠤᠢ ᠵᠢᠨ ᠪᠠᠶᠠᠷ᠎ᠢ ᠪᠡᠯᠭᠡᠯᠡᠶ᠎ᠡ᠃

     

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ 《ᠲᠡᠦᠬᠡ᠎ᠪᠠᠷ ᠲᠣᠯᠢ ᠪᠣᠯᠭ᠋ᠠᠵᠤ ᠲᠡᠦᠬᠡ᠎ᠪᠠᠷ ᠵᠤᠷᠢᠭ ᠵᠶ᠋ᠠᠨ ᠬᠦᠪᠴᠢᠯᠠᠵᠤ ᠲᠡᠦᠬᠡ ᠵᠢ ᠤᠢ᠍ᠢ᠍ᠯᠠᠭ᠋ᠠᠨ ᠨᠠᠮ ᠵᠶ᠋ᠠᠨ ᠬᠠᠶ᠋ᠢᠷᠠᠯᠠᠵᠤ ᠲᠡᠦᠬᠡ ᠵᠢ ᠤᠢ᠍ᠢ᠍ᠯᠠᠭ᠋ᠠᠨ ᠤᠯᠤᠰ ᠵᠶ᠋ᠠᠨ ᠬᠠᠶ᠋ᠢᠷᠠᠯᠠᠶ᠎ᠡ》 ᠭᠡᠬᠦ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠯᠢ ᠺᠧ ᠴᠢᠶᠠᠩ ᠭᠢᠷᠢᠨ᠎ᠳᠤ ᠬᠦᠷᠴᠦ᠄ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ᠎ᠨᠢ ᠳᠠᠷᠤᠢ ᠱᠠᠨᠠᠭ᠎ᠠ ᠪᠣᠭᠣᠮᠲᠠ ᠵᠢ ᠳᠠᠪᠠᠵᠤ ᠴᠢᠳᠠᠨ᠎ᠠ ᠭᠡᠵᠡᠢ
ᠯᠢ ᠺᠧ ᠴᠢᠶᠠᠩ᠄ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠬᠢᠬᠦ᠎ᠳᠤ ᠲᠦᠰᠢᠭᠯᠡᠬᠦ ᠬᠡᠷᠡᠭᠲᠡᠢ
ᠯᠢ ᠺᠸ ᠴᠢᠶᠠᠩ ᠭᠢᠷᠢᠨ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠨᠡᠬᠡᠬᠡᠯᠳᠡ ᠵᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠡᠢ
ᠰᠢ ᠵᠢᠨ ᠫᠢᠩ 《〈ᠤᠬ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ᠄ ᠲᠡᠮᠡᠴᠡᠯ᠎ᠤᠨ ᠥᠩᠭᠡᠷᠡᠯᠲᠡ᠎ᠪᠠᠨ ᠪᠠᠲᠤ ᠴᠡᠭᠡᠵᠢᠯᠡᠨ ᠲᠡᠦᠬᠡ ᠵᠢᠨ ᠡᠬᠥᠷᠭᠡ ᠬᠠᠷᠢᠭᠤᠴᠠᠯᠭ᠎ᠠ᠎ᠪᠠᠨ ᠡᠭᠦᠷᠭᠡᠯᠡᠵᠤ ᠨᠠᠮ᠎ᠤᠨ ᠲᠡᠮᠡᠴᠡᠯ᠎ᠤᠨ ᠲᠡᠦᠬᠡ᠎ᠠᠴᠠ ᠤᠷᠤᠭᠰᠢᠯᠠᠯᠲᠠ ᠵᠢᠨ ᠬᠦᠴᠦᠨ᠎ᠢ ᠰᠢᠩᠬᠡᠬᠡᠨ ᠠᠪᠬᠤ ᠬᠡᠷᠡᠭᠳᠠᠢ
 
            