ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠪᠸᠢ ᠵᠢᠨ ᠱ᠌ᠢ ᠶᠠᠨ ᠬᠤᠳᠠ ᠵᠢᠨ ᠵᠠᠩ ᠸᠠᠨ ᠲᠣᠭᠣᠷᠢᠭ᠎ᠤᠨ ᠶᠠᠨ ᠬᠤ᠌ ᠨᠡᠶ᠋ᠢᠭᠡᠮ ᠲᠣᠭᠣᠷᠢᠭ᠎ᠤᠨ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠤᠨ ᠪᠠᠢ᠍ᠢ᠍ᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠵᠢᠨ ᠡᠨᠳᠡᠯ᠎ᠳᠤ ᠴᠢᠬᠤᠯᠠ ᠵᠢᠭ᠋ᠠᠪᠤᠷᠢ ᠥᠭᠴᠤ ᠱᠠᠭ᠋ᠠᠷᠲᠠᠬᠰᠠᠨ᠎ᠨᠢ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠤᠭᠤᠬ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠵᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠣᠶ᠎ᠳᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠭᠡᠷᠡᠭᠳᠠᠢ
ᠨᠡᠶ᠋ᠢᠲᠡᠯᠡᠭᠰᠡᠨ ᠴᠠᠭ᠄ 2021-06-15

               ᠯᠢ ᠺᠸ ᠴᠢᠶᠠᠩ ᠠᠪᠤᠷᠠᠨ ᠲᠤᠰᠠᠯᠠᠬᠤ ᠠᠵᠢᠯ᠎ᠳᠤ ᠴᠣᠬᠣᠯᠠᠪᠤᠷᠢ ᠦᠭᠴᠠᠢ

      6 ᠰᠠᠷ᠎ᠠ ᠵᠢᠨ 13᠎ᠤ ᠡᠳᠦᠷ᠎ᠤᠨ 6 ᠴᠠᠭ 40 ᠮᠢᠨᠦ᠋ᠲ᠎ᠤᠨ ᠦᠶ᠎ᠡ᠎ᠪᠠᠷ᠂ ᠬᠤᠪᠸᠢ ᠵᠢᠨ ᠱ᠌ᠢ ᠶᠠᠨ ᠬᠤᠳᠠ ᠵᠢᠨ ᠵᠠᠩ ᠸᠠᠨ ᠲᠣᠭᠣᠷᠢᠭ᠎ᠤᠨ ᠶᠠᠨ ᠬᠤ᠌ ᠨᠡᠶ᠋ᠢᠭᠡᠮ ᠲᠣᠭᠣᠷᠢᠭ᠎ᠤᠨ ᠴᠤᠭᠯᠠᠭ᠎ᠠ ᠮᠠᠶ᠋ᠢᠮᠠᠢ ᠵᠢᠨ ᠵᠠᠬ᠎ᠠ ᠳᠡᠯᠭᠡᠭᠦᠷ᠎ᠲᠤ ᠪᠠᠢ᠍ᠢ᠍ᠭ᠋ᠠᠯᠢ ᠵᠢᠨ ᠰᠢᠲᠠᠮᠠᠬᠠᠢ ᠬᠡᠢ ᠵᠢᠨ ᠳᠡᠯᠪᠡᠷᠡᠯᠲᠡ ᠡᠭᠦᠰᠪᠡ᠃ ᠣᠳᠣᠬᠠᠨ ᠪᠣᠯᠲᠠᠯ᠎ᠠ 12 ᠬᠥᠮᠦᠨ ᠡᠨᠳᠡᠵᠦ᠂ 37 ᠬᠥᠮᠦᠨ ᠬᠦᠨᠳᠦ ᠰᠢᠷᠬᠠᠲᠤᠵᠤ᠂ ᠬᠡᠰᠡᠭ ᠬᠦᠮᠦᠰ ᠠᠳᠠᠯᠢ ᠪᠤᠰᠤ ᠬᠡᠮᠵᠢᠶ᠎ᠡ᠎ᠪᠠᠷ ᠰᠢᠷᠬᠠᠲᠤᠪᠠ᠃

      ᠡᠨᠳᠡᠯ ᠭᠠᠷᠤᠭᠰᠠᠨ᠎ᠤ ᠳᠠᠷᠠᠭ᠎ᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠲᠡᠷᠡ ᠳᠠᠷᠤᠶ᠎ᠳᠤᠨᠢ ᠴᠢᠬᠤᠯᠠ ᠵᠢᠭ᠋ᠠᠪᠤᠷᠢ ᠥᠭᠴᠦ᠂ ᠬᠤᠪᠧᠶ ᠵᠢᠨ ᠱ᠌ᠢ ᠶᠠᠨ ᠬᠣᠲᠠ ᠵᠢᠨ ᠪᠠᠢ᠍ᠢ᠍ᠭ᠋ᠠᠯᠢ ᠵᠢᠨ ᠰᠢᠲᠠᠮᠠᠬᠠᠶ ᠬᠡᠶ ᠵᠢᠨ ᠳᠡᠯᠪᠡᠷᠡᠯᠲᠡ ᠵᠢᠨ ᠡᠨᠳᠡᠯ᠎ᠳᠤ ᠬᠦᠨᠳᠦ ᠶᠡᠬᠡ ᠬᠥᠮᠦᠨ ᠬᠠᠷ᠎ᠠ ᠡᠨᠳᠡᠵᠦ ᠰᠢᠷᠬᠠᠲᠤᠪᠠ᠂ ᠬᠦᠨᠵᠡᠭᠡᠢ ᠰᠤᠷᠭ᠋ᠠᠮᠵᠢ ᠠᠪᠬᠤ ᠭᠡᠷᠡᠭᠲᠡᠢ! ᠰᠢᠷᠬᠠᠲᠤᠭᠰᠠᠳ᠎ᠢ ᠪᠦᠬᠦ ᠬᠦᠴᠦᠨ ᠵᠶ᠋ᠠᠷ ᠵᠶ᠋ᠠᠨ ᠠᠪᠤᠷᠠᠵᠤ᠂ ᠡᠨᠳᠡᠵᠤ ᠰᠢᠷᠬᠠᠲᠤᠭᠰᠠᠨ ᠬᠥᠮᠦᠰ᠎ᠤᠨ ᠲᠦᠷᠦᠯ ᠰᠠᠳᠤᠨ᠎ᠢ ᠲᠣᠬᠣᠨᠢᠭᠤᠯᠬᠤ ᠵᠡᠷᠭᠡ ᠬᠣᠶ᠋ᠢᠲᠤᠬᠢ ᠶᠠᠪᠤᠳᠠᠯ᠎ᠢ ᠰᠠᠶ᠋ᠢᠲᠤᠷ ᠬᠢᠵᠦ᠂ ᠰᠢᠯᠲᠠᠭ᠋ᠠᠨ᠎ᠢ ᠠᠯᠢ ᠲᠦᠷᠭᠡᠨ ᠵᠶ᠋ᠠᠷ ᠪᠠᠶ᠋ᠢᠴᠠᠭ᠋ᠠᠨ ᠲᠤᠳᠤᠯᠠᠵᠤ᠂ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠢ ᠬᠡᠪᠡ᠃ ᠰᠢ ᠵᠢᠨ ᠫᠢᠩ᠂ ᠤᠢ᠍ᠢ᠍ᠷ᠎ᠠ ᠵᠢᠨ ᠬᠤᠭᠤᠴᠠᠭ᠋ᠠᠨ᠎ᠳᠤ ᠪᠦᠬᠦ ᠤᠯᠤᠰ᠎ᠤᠨ ᠤᠯᠠᠨ ᠭᠠᠵᠠᠷ᠎ᠲᠤ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠡᠷᠡᠭ ᠡᠬᠦᠰᠪᠠ᠂ ᠡᠯ᠎ᠡ ᠭᠠᠵᠠᠷ ᠣᠷᠣᠨ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠢᠭᠡ᠎ᠠᠴᠠ ᠨᠦᠬᠦᠭᠡ ᠵᠢ ᠵᠦᠢ᠍ᠴᠢᠯᠡᠨ ᠮᠡᠳᠡᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠤᠯᠤᠰ ᠲᠦᠷᠦ ᠵᠢᠨ ᠰᠡᠷᠭᠡᠭ ᠴᠢᠨᠠᠷ ᠵᠶ᠋ᠠᠨ ᠴᠢᠩᠭ᠋ᠠᠳᠬᠠᠵᠤ᠂ ᠡᠯ᠎ᠡ ᠲᠦᠷᠦᠯ᠎ᠤᠨ ᠠᠮᠤᠷ ᠲᠦᠪᠰᠢᠨ᠎ᠤ ᠬᠡᠮ ᠰᠤᠭᠤᠬ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠬᠦᠨᠳᠦ ᠶᠡᠬᠡ ᠭᠡᠨᠡᠳᠲᠡ ᠵᠢᠨ ᠬᠡᠷᠡᠭ ᠡᠭᠦᠰᠬᠦ ᠵᠢ ᠰᠡᠷᠭᠡᠶ᠋ᠢᠯᠡᠵᠦ᠂ ᠠᠷᠠᠳ ᠤᠯᠠᠨ᠎ᠤ ᠠᠮᠢ ᠨᠠᠰᠤ ᠪᠣᠯᠤᠨ ᠡᠳ᠋ ᠬᠦᠷᠦᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠬᠠᠮᠠᠭ᠋ᠠᠯᠠᠨ᠂ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ᠎ᠳᠤ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠶ᠋ᠢᠳ ᠯᠢ ᠺᠸ ᠴᠢᠶᠠᠩ ᠴᠣᠬᠣᠯᠠᠪᠤᠷᠢ ᠥᠭᠴᠦ᠂ ᠠᠶᠤᠯ᠎ᠠᠴᠠ ᠠᠪᠤᠷᠠᠵᠤ ᠠᠪᠤᠷᠠᠨ ᠲᠤᠰᠠᠯᠠᠬᠤ ᠪᠠ ᠰᠢᠷᠬᠠᠲᠤᠭᠰᠠᠳ᠎ᠢ ᠠᠪᠤᠷᠠᠨ ᠡᠮᠨᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠵᠣᠬᠢᠶᠠᠨ ᠪᠠᠶ᠋ᠢᠭᠤᠯᠵᠤ᠂ ᠬᠠᠮᠤᠭ᠎ᠤᠨ ᠶᠡᠬᠡ ᠴᠢᠷᠮᠠᠶ᠋ᠢᠯᠭ᠎ᠠ᠎ᠪᠠᠷ ᠡᠨᠳᠡᠯ ᠰᠢᠷᠬᠠᠲᠤᠯ᠎ᠢ ᠪᠠᠭ᠋ᠠᠰᠬᠠᠵᠤ᠂ ᠡᠨᠳᠡᠯ᠎ᠤᠨ ᠰᠢᠯᠲᠠᠭ᠋ᠠᠨ᠎ᠢ ᠨᠠᠷᠢᠨ ᠬᠢᠨᠠᠮᠠᠭ᠋ᠠᠢ ᠪᠠᠶ᠋ᠢᠴᠠᠭ᠋ᠠᠨ ᠲᠤᠳᠤᠯᠠᠵᠤ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶ᠋ᠢᠷ᠎ᠠ ᠵᠢᠨ ᠬᠤᠭᠤᠴᠠᠭ᠋ᠠᠨ᠎ᠳᠤ ᠠᠮᠤᠷ ᠲᠦᠪᠰᠢᠨ᠎ᠤ ᠡᠨᠳᠡᠯ ᠮᠥᠨ ᠬᠦ᠌ ᠣᠯᠠᠨ ᠡᠭᠦᠰᠬᠦ ᠬᠠᠨᠳᠤᠰᠢ᠎ᠲᠠᠢ ᠪᠠᠶ᠋ᠢᠨ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯᠬᠦᠢ ᠦᠢ᠍ᠯᠡᠳᠪᠦᠷᠢᠯᠡᠯ᠎ᠤᠨ ᠵᠥᠪᠯᠡᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠠᠴᠠ ᠡᠯ᠎ᠡ ᠭᠠᠵᠠᠷ᠎ᠤᠨ᠎ᠬᠢᠨ᠎ᠢ ᠱᠠᠯᠠᠪᠳᠠᠭᠤᠯᠤᠨ ᠭᠤᠤᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠬᠡᠮ ᠰᠤᠭᠤᠬ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠦᠨᠡᠨ ᠬᠦ᠌ ᠴᠢᠩᠭ᠋ᠠᠳᠬᠠᠵᠤ᠂ ᠬᠦᠨᠳᠦ ᠣᠨᠴᠠ ᠶᠡᠬᠡ ᠡᠨᠳᠡᠯ ᠭᠠᠷᠬᠤ ᠵᠢ ᠡᠷᠡᠰ ᠬᠣᠷᠢᠬᠯᠠᠬᠤ ᠬᠡᠷᠡᠭᠲᠡᠶ ᠭᠡᠵᠤ ᠱᠠᠭ᠋ᠠᠷᠳᠠᠪᠠ᠃

      ᠰᠢ ᠵᠢᠨ ᠫᠢᠩ᠎ᠤᠨ ᠵᠢᠭ᠋ᠠᠪᠤᠷᠢ ᠪᠣᠯᠤᠨ ᠯᠢ ᠺᠸ ᠴᠢᠶᠠᠩ᠎ᠤᠨ ᠱᠠᠭ᠋ᠠᠷᠳᠠᠯᠭ᠎ᠠ ᠶᠤᠰᠤᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠨᠢᠭᠡᠨᠲᠡ ᠠᠵᠢᠯᠯᠠᠬᠤ ᠳᠤᠭᠤᠶ᠋ᠢᠯᠠᠩ ᠲᠣᠮᠢᠯᠠᠨ ᠲᠤᠬᠠᠢ ᠵᠢᠨ ᠲᠠᠯᠠᠪᠠᠢ᠎ᠳᠤ ᠣᠴᠢᠭᠤᠯᠵᠤ ᠡᠨᠳᠡᠯ᠎ᠢ ᠰᠢᠢ᠍ᠳᠪᠦᠷᠢᠯᠡᠬᠦ ᠠᠵᠢᠯ᠎ᠢ ᠵᠢᠯᠣᠭᠣᠳᠴᠤ ᠪᠠᠶ᠋ᠢᠨ᠎ᠠ᠃ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠦᠨᠳᠦ ᠡᠪᠡᠳᠴᠢᠨ᠎ᠤ ᠠᠨᠠᠭ᠋ᠠᠬᠤ ᠤᠬᠠᠭ᠋ᠠᠨ᠂ ᠲᠦᠯᠡᠭᠳᠡᠭᠰᠡᠨ ᠰᠢᠷᠬ᠎ᠠ᠂ ᠰᠡᠳᠬᠢᠴᠡ ᠵᠢᠨ ᠵᠢᠯᠤᠭᠤᠳᠤᠯᠭ᠎ᠠ ᠵᠢᠨ ᠲᠤᠰᠬᠠᠶ ᠮᠡᠷᠭᠡᠵᠢᠯᠲᠡᠨ ᠵᠡᠷᠭᠡ ᠵᠢ ᠰᠢᠯᠵᠢᠬᠦᠯᠤᠨ ᠲᠤᠮᠢᠯᠠᠵᠤ ᠤᠯᠤᠰ᠎ᠤᠨ ᠲᠠᠰ᠎ᠤᠨ ᠡᠮᠴᠢᠯᠡᠭᠡᠨ᠎ᠤ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠤᠨ ᠲᠤᠬᠠᠶ ᠵᠢᠨ ᠭᠠᠵᠠᠷ᠎ᠲᠤ ᠬᠦᠷᠴᠦ ᠡᠨᠳᠡᠯ᠎ᠤᠨ ᠪᠠᠴᠢᠮ ᠠᠨᠠᠭ᠋ᠠᠬᠤ ᠤᠬᠠᠭ᠋ᠠᠨ᠎ᠤ ᠠᠪᠤᠷᠠᠨ ᠲᠤᠰᠠᠯᠠᠯᠲᠠ ᠵᠢ ᠰᠠᠶ᠋ᠢᠲᠤᠷ ᠬᠢᠬᠦ ᠵᠢ ᠵᠢᠯᠣᠭᠣᠳᠤᠭᠤᠯᠪᠠ᠃ ᠬᠤᠪᠸᠢ ᠮᠤᠵᠢ᠂ ᠱ᠌ᠢ ᠶᠠᠨ ᠬᠣᠲᠠ ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠨᠢᠭᠡᠨᠲᠡ ᠲᠤᠬᠠᠶ ᠵᠢᠨ ᠲᠠᠯᠠᠪᠠᠶ᠎ᠳᠤ ᠵᠢᠯᠣᠭᠣᠳᠤᠨ ᠰᠢᠢ᠍ᠳᠪᠦᠷᠢᠯᠡᠵᠦ ᠪᠤᠢ᠃ ᠣᠳᠣᠬᠠᠨ᠎ᠳᠤ᠂ ᠲᠤᠬᠠᠶ ᠵᠢᠨ ᠲᠠᠯᠠᠪᠠᠶ ᠵᠢᠨ ᠠᠪᠤᠷᠠᠨ ᠲᠤᠰᠠᠯᠠᠬᠤ᠂ ᠰᠢᠷᠬᠠᠲᠤᠭᠰᠠᠳ᠎ᠢ ᠠᠪᠤᠷᠠᠨ ᠡᠮᠨᠡᠬᠦ ᠵᠡᠷᠭᠡ ᠠᠵᠢᠯ ᠶᠠᠭ ᠪᠠᠴᠢᠮ ᠶᠠᠭ᠋ᠠᠷᠠᠯᠳᠠᠢ ᠪᠥᠭᠡᠳ ᠡᠮᠬᠢ ᠵᠢᠷᠤᠮ᠎ᠲᠠᠢ ᠶᠠᠪᠤᠭᠳᠠᠵᠤ ᠪᠠᠶ᠋ᠢᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠎ᠤᠨ ᠪᠦᠬᠦ ᠤᠯᠤᠰ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠦᠴᠦᠯᠡᠨ ᠪᠣᠶ᠋ᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷᠡᠬᠢ ᠶᠠᠷᠢᠶ᠎ᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ 《ᠲᠡᠦᠬᠡ᠎ᠪᠠᠷ ᠲᠣᠯᠢ ᠪᠣᠯᠭ᠋ᠠᠵᠤ ᠲᠡᠦᠬᠡ᠎ᠪᠠᠷ ᠵᠤᠷᠢᠭ ᠵᠶ᠋ᠠᠨ ᠬᠦᠪᠴᠢᠯᠠᠵᠤ ᠲᠡᠦᠬᠡ ᠵᠢ ᠤᠢ᠍ᠢ᠍ᠯᠠᠭ᠋ᠠᠨ ᠨᠠᠮ ᠵᠶ᠋ᠠᠨ ᠬᠠᠶ᠋ᠢᠷᠠᠯᠠᠵᠤ ᠲᠡᠦᠬᠡ ᠵᠢ ᠤᠢ᠍ᠢ᠍ᠯᠠᠭ᠋ᠠᠨ ᠤᠯᠤᠰ ᠵᠶ᠋ᠠᠨ ᠬᠠᠶ᠋ᠢᠷᠠᠯᠠᠶ᠎ᠡ》 ᠭᠡᠬᠦ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠯᠢ ᠺᠧ ᠴᠢᠶᠠᠩ ᠭᠢᠷᠢᠨ᠎ᠳᠤ ᠬᠦᠷᠴᠦ᠄ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ᠎ᠨᠢ ᠳᠠᠷᠤᠢ ᠱᠠᠨᠠᠭ᠎ᠠ ᠪᠣᠭᠣᠮᠲᠠ ᠵᠢ ᠳᠠᠪᠠᠵᠤ ᠴᠢᠳᠠᠨ᠎ᠠ ᠭᠡᠵᠡᠢ
ᠯᠢ ᠺᠧ ᠴᠢᠶᠠᠩ᠄ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠬᠢᠬᠦ᠎ᠳᠤ ᠲᠦᠰᠢᠭᠯᠡᠬᠦ ᠬᠡᠷᠡᠭᠲᠡᠢ
ᠯᠢ ᠺᠸ ᠴᠢᠶᠠᠩ ᠭᠢᠷᠢᠨ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠨᠡᠬᠡᠬᠡᠯᠳᠡ ᠵᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠡᠢ
 
            