ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ 《ᠲᠡᠦᠬᠡ᠎ᠪᠠᠷ ᠲᠣᠯᠢ ᠪᠣᠯᠭ᠋ᠠᠵᠤ ᠲᠡᠦᠬᠡ᠎ᠪᠠᠷ ᠵᠤᠷᠢᠭ ᠵᠶ᠋ᠠᠨ ᠬᠦᠪᠴᠢᠯᠠᠵᠤ ᠲᠡᠦᠬᠡ ᠵᠢ ᠤᠢ᠍ᠢ᠍ᠯᠠᠭ᠋ᠠᠨ ᠨᠠᠮ ᠵᠶ᠋ᠠᠨ ᠬᠠᠶ᠋ᠢᠷᠠᠯᠠᠵᠤ ᠲᠡᠦᠬᠡ ᠵᠢ ᠤᠢ᠍ᠢ᠍ᠯᠠᠭ᠋ᠠᠨ ᠤᠯᠤᠰ ᠵᠶ᠋ᠠᠨ ᠬᠠᠶ᠋ᠢᠷᠠᠯᠠᠶ᠎ᠡ》 ᠭᠡᠬᠦ ᠴᠢᠬᠤᠯᠠ ᠵᠤᠬᠢᠶᠠᠯ᠎ᠢ ᠨᠡᠢ᠍ᠢ᠍ᠳᠡᠯᠡᠪᠡ
ᠨᠡᠶ᠋ᠢᠲᠡᠯᠡᠭᠰᠡᠨ ᠴᠠᠭ᠄ 2021-06-16

      ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 15᠎ᠤ ᠴᠠᠬᠢᠯᠭ᠋ᠠᠨ ᠮᠡᠳᠡᠭᠡ 6 ᠰᠠᠷ᠎ᠠ ᠵᠢᠨ 16᠎ᠤ ᠡᠳᠦᠷ ᠬᠡᠪᠯᠡᠭᠳᠡᠭᠰᠡᠨ 12 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ᠎ᠤᠨ 《ᠲᠡᠦᠬᠡ᠎ᠪᠠᠷ ᠲᠤᠯᠢ ᠪᠣᠯᠭ᠋ᠠᠵᠤ᠂ ᠲᠡᠦᠬᠡ᠎ᠪᠠᠷ ᠵᠤᠷᠢᠭ ᠵᠶ᠋ᠠᠨ ᠬᠦᠪᠴᠢᠯᠠᠵᠤ᠂ ᠲᠡᠦᠬᠡ ᠵᠢ ᠤᠢ᠍ᠢ᠍ᠯᠠᠭ᠋ᠠᠨ ᠨᠠᠮ ᠵᠶ᠋ᠠᠨ ᠬᠠᠶ᠋ᠢᠷᠠᠯᠠᠵᠤ᠂ ᠲᠡᠦᠬᠡ ᠵᠢ ᠤᠢ᠍ᠢ᠍ᠯᠠᠭ᠋ᠠᠨ ᠤᠯᠤᠰ ᠵᠶ᠋ᠠᠨ ᠬᠠᠶ᠋ᠢᠷᠠᠯᠠᠶ᠎ᠠ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃

      ᠵᠣᠬᠢᠶᠠᠯ᠎ᠳᠤ᠂ ᠲᠡᠦᠬᠡ ᠪᠣᠯ ᠬᠠᠮᠤᠭ᠎ᠤᠨ ᠰᠠᠢ᠍ᠢ᠍ᠨ ᠰᠤᠷᠬᠤ ᠪᠢᠴᠢᠭ ᠮᠥᠨ᠃ ᠮᠠᠨ᠎ᠤ ᠨᠠᠮ ᠪᠠ ᠤᠯᠤᠰ᠎ᠤᠨ ᠠᠵᠢᠯ ᠦᠢ᠍ᠯᠡᠰ᠎ᠤᠨ ᠦᠩᠭᠡᠷᠡᠭᠰᠡᠨ ᠤᠳᠤ ᠢᠷᠡᠭᠡᠳᠦᠢ ᠵᠢ ᠣᠶ᠋ᠢᠯᠠᠭ᠋ᠠᠵᠤ᠂ ᠮᠠᠨ᠎ᠤ ᠨᠠᠮ ᠪᠠ ᠤᠯᠤᠰ᠎ᠤᠨ ᠲᠡᠦᠬᠡᠨ ᠲᠤᠷᠰᠢᠯᠭ᠎ᠠ ᠵᠢ ᠰᠢᠩᠭᠡᠭᠡᠨ ᠠᠪᠴᠤ᠂ ᠨᠠᠮ ᠪᠠ ᠤᠯᠤᠰ᠎ᠤᠨ ᠲᠡᠦᠬᠡᠨ ᠳᠡᠭᠡᠷᠡᠬᠢ ᠴᠢᠬᠤᠯᠠ ᠶᠡᠬᠡ ᠬᠡᠷᠡᠭ ᠶᠠᠪᠤᠳᠠᠯ ᠪᠠ ᠴᠢᠬᠤᠯᠠ ᠬᠥᠮᠦᠰ᠎ᠢ ᠵᠥᠪ ᠣᠶ᠋ᠢᠯᠠᠭ᠋ᠠᠬᠤ ᠬᠡᠷᠡᠭᠲᠡᠢ᠃ ᠡᠨᠡ᠎ᠨᠢ ᠨᠠᠮ᠎ᠤᠨ ᠪᠠᠶ᠋ᠢᠳᠠᠯ᠂ ᠤᠯᠤᠰ᠎ᠤᠨ ᠪᠠᠶ᠋ᠢᠳᠠᠯ᠎ᠢ ᠵᠥᠪ ᠵᠶ᠋ᠠᠷ ᠲᠠᠨᠢᠬᠤ᠎ᠳᠤ ᠲᠤᠶ᠋ᠢᠯ᠎ᠤᠨ ᠴᠢᠬᠤᠯᠨ ᠪᠥᠭᠡᠳ ᠢᠷᠡᠭᠡᠳᠦᠢ ᠵᠢ ᠴᠤᠬ᠍ᠴᠠᠯᠠᠬᠤ᠎ᠳᠤ ᠴᠦ᠍ ᠲᠤᠶ᠋ᠢᠯ᠎ᠤᠨ ᠴᠢᠬᠤᠯᠠ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠤᠨ᠎ᠤ ᠤᠴᠢᠷ᠎ᠠᠴᠠ 《ᠲᠠᠢ᠍ᠢ᠍ᠯᠬᠦ》᠂ ᠮᠠᠷᠺᠰ᠎ᠤᠨ ᠦᠵᠡᠯ ᠶᠠᠭᠤᠨ᠎ᠤ ᠤᠴᠢᠷ᠎ᠠᠴᠠ 《ᠪᠣᠯᠬᠤ》᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠶᠠᠭᠤᠨ᠎ᠤ ᠤᠴᠢᠷ᠎ᠠᠴᠠ 《ᠰᠠᠢ᠍ᠢ᠍ᠨ》 ᠪᠠᠶ᠋ᠢᠬᠤ ᠵᠡᠷᠭᠡ ᠴᠢᠬᠤᠯᠠ ᠶᠡᠬᠡ ᠠᠰᠠᠭᠤᠳᠠᠯ᠎ᠤᠨ ᠲᠤᠭᠤᠷᠢᠨ᠎ᠳᠤ᠂ ᠤᠬᠠᠭᠤᠯᠭ᠎ᠠ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ᠎ᠤ ᠵᠢᠯᠤᠭᠤᠳᠤᠯᠭ᠎ᠠ ᠵᠢ ᠴᠢᠩᠭ᠋ᠠᠳᠬᠠᠨ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢ᠎ᠨᠢ ᠪᠠᠲᠤᠳᠬᠠᠵᠤ᠂ ᠪᠦᠬᠦ ᠠᠷᠠᠳ ᠲᠦᠮᠡᠨ᠎ᠤ ᠨᠠᠮ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ᠂ ᠨᠡᠶ᠋ᠢᠭᠡᠮ ᠵᠢᠷᠤᠮ᠎ᠢ ᠬᠠᠶ᠋ᠢᠷᠠᠯᠠᠬᠤ ᠯᠤᠲᠤ ᠶᠡᠬᠡ ᠬᠠᠯᠠᠭᠤᠨ ᠰᠡᠳᠬᠢᠯᠭᠡ ᠵᠢ ᠤᠯᠠᠮ ᠴᠢᠨᠠᠬᠰᠢᠳᠠ ᠬᠥᠭᠵᠢᠭᠡᠬᠦ ᠬᠡᠷᠡᠭᠲᠡᠢ ᠭᠡᠵᠤ ᠴᠢᠬᠤᠯᠠᠴᠢᠯᠠᠪᠠ᠃

      ᠵᠣᠬᠢᠶᠠᠯ᠎ᠳᠤ᠂ ᠳᠤᠮᠳᠠᠳᠤ ᠤᠯᠤᠰ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ ᠲᠦᠷᠦ ᠪᠠᠷᠢᠭᠰᠠᠨ᠎ᠨᠢ ᠳᠤᠮᠳᠠᠳᠤ ᠤᠯᠤᠰ᠂ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ ᠵᠢᠨ ᠦᠨᠳᠦᠰᠦᠲᠡᠨ᠎ᠤ ᠨᠢᠭᠡᠨ ᠠᠵᠠ᠎ᠲᠠᠢ ᠶᠠᠪᠤᠳᠠᠯ ᠪᠣᠯᠤᠨ᠎ᠠ᠃ ᠪᠢᠳᠠ ᠳᠤᠮᠳᠠᠳᠤ ᠤᠯᠤᠰ᠎ᠤᠨ ᠣᠷᠴᠢᠨ ᠦᠶ᠎ᠡ ᠵᠢᠨ ᠲᠡᠦᠬᠡ᠂ ᠳᠤᠮᠳᠠᠳᠤ ᠤᠯᠤᠰ᠎ᠤᠨ ᠤᠳᠦ ᠦᠶ᠎ᠡ ᠵᠢᠨ ᠲᠡᠦᠬᠡ᠂ ᠳᠤᠮᠳᠠᠳᠤ ᠤᠯᠤᠰ᠎ᠤᠨ ᠬᠤᠪᠢᠰᠬᠠᠯ᠎ᠤᠨ ᠲᠡᠦᠬᠡ ᠵᠢ ᠭᠦᠨᠵᠡᠭᠡᠢ ᠣᠶ᠋ᠢᠯᠠᠭ᠋ᠠᠳᠠᠭ ᠯᠠ ᠶᠤᠮ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠᠶ᠋ᠢᠭᠰᠠᠨ ᠤᠢ᠍ᠭᠡᠢ ᠪᠣᠯ ᠮᠠᠨ᠎ᠤ ᠤᠯᠤᠰ᠂ ᠮᠠᠨ᠎ᠤ ᠦᠨᠳᠦᠰᠦᠲᠡᠨ ᠥᠨᠥᠳᠦᠷ᠎ᠤᠨ ᠰᠢᠭ ᠡᠶ᠋ᠢᠮᠦ ᠠᠮᠵᠢᠯᠲᠠ ᠪᠦᠲᠦᠮᠵᠢ ᠣᠯᠵᠤ ᠴᠢᠳᠠᠬᠤ ᠤᠢ᠍ᠭᠡᠢ᠂ ᠥᠨᠥᠳᠦᠷ᠎ᠤᠨ ᠰᠢᠭ ᠡᠶ᠋ᠢᠮᠦ ᠳᠡᠯᠡᠬᠡᠢ ᠵᠢᠨ ᠪᠠᠶ᠋ᠢᠷᠢ ᠰᠠᠭᠤᠷᠢ᠎ᠲᠠᠢ ᠪᠠᠶ᠋ᠢᠵᠤ ᠴᠤ᠌ ᠴᠢᠳᠠᠬᠤ ᠤᠢ᠍ᠭᠡᠢ ᠭᠡᠳᠡᠭ᠎ᠢ ᠠᠮᠠᠷᠬᠠᠨ ᠮᠡᠳᠡᠵᠦ ᠪᠣᠯᠤᠨ᠎ᠠ᠃ ᠨᠠᠮ᠎ᠤᠨ ᠶᠠᠪᠤᠵᠤ ᠥᠩᠭᠡᠷᠡᠭᠰᠡᠨ ᠤᠷᠪᠠᠭ᠋ᠠᠨ ᠬᠥᠷᠪᠡᠭᠡᠨ᠎ᠲᠠᠢ ᠲᠡᠦᠬᠡ ᠵᠢᠨ ᠳᠤᠮᠳᠠ᠎ᠠᠴᠠ᠂ ᠨᠠᠮ᠎ᠤᠨ ᠡᠭᠦᠳᠦᠨ ᠨᠡᠭᠡᠭᠡᠭᠰᠡᠨ ᠪᠠ ᠲᠡᠰᠦᠷᠡᠯᠳᠠ ᠤᠢ᠍ᠭᠡᠢ ᠠᠬᠢᠭᠤᠯᠤᠭᠰᠠᠨ ᠠᠭᠤᠤ ᠶᠡᠬᠡ ᠦᠢ᠍ᠯᠡᠰ᠎ᠤᠨ ᠳᠤᠮᠳᠠ᠎ᠠᠴᠠ᠂ ᠨᠠᠮ᠎ᠤᠨ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠪᠣᠯᠤᠨ ᠤᠷᠳᠦ ᠬᠤᠭᠤᠴᠠᠭ᠋ᠠᠨ᠎ᠤ ᠦᠢ᠍ᠯᠡᠳᠦᠯᠭᠡ ᠵᠢᠨ ᠳᠤᠮᠳᠠ᠎ᠠᠴᠠ ᠨᠠᠮ᠎ᠤᠨ ᠲᠤᠬᠠᠢ ᠢᠲᠡᠭᠡᠯ ᠨᠠᠶ᠋ᠢᠳᠠᠪᠤᠷᠢ᠎ᠪᠠᠨ ᠭᠦᠨᠵᠡᠭᠡᠶ᠋ᠢᠷᠡᠭᠦᠯᠵᠦ᠂ ᠨᠠᠮ᠎ᠤᠨ ᠤᠳᠤᠷᠢᠳᠤᠯᠭ᠎ᠠ ᠵᠢᠨ ᠲᠤᠬᠠᠢ ᠢᠲᠡᠭᠡᠯ ᠵᠣᠷᠢᠭ ᠵᠶ᠋ᠠᠨ ᠪᠠᠲᠤᠳᠬᠠᠬᠤ᠎ᠪᠠᠷ ᠴᠢᠷᠮᠠᠶ᠋ᠢᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠡᠨᠡ ᠬᠦ᠌ ᠴᠢᠬᠤᠯᠠ ᠶᠡᠬᠡ ᠵᠠᠷᠴᠢᠮ᠎ᠤᠨ ᠠᠰᠠᠭᠤᠳᠠᠯ ᠳᠡᠭᠡᠷ᠎ᠡ᠂ ᠪᠢᠳᠡ ᠲᠠᠷᠢᠬᠢ ᠲᠣᠯᠣᠭ᠋ᠠᠢ᠎ᠪᠠᠨ ᠣᠨᠴᠠᠭ᠋ᠠᠢ ᠰᠡᠷᠭᠡᠭ ᠪᠠᠶ᠋ᠢᠯᠭ᠋ᠠᠵᠤ᠂ ᠨᠢᠳᠦ᠎ᠪᠠᠨ ᠣᠨᠴᠠᠭ᠋ᠠᠢ ᠬᠢᠷᠠᠬᠠᠢ ᠪᠠᠶ᠋ᠢᠯᠭ᠋ᠠᠵᠤ᠂ ᠵᠣᠭᠰᠣᠯᠲᠠ᠎ᠪᠠᠨ ᠣᠨᠴᠠᠭ᠋ᠠᠢ ᠡᠷᠡᠰ ᠪᠠᠲᠤ ᠪᠠᠶ᠋ᠢᠯᠭ᠋ᠠᠬᠤ ᠬᠡᠷᠡᠭᠲᠡᠢ᠂ ᠶᠠᠭ᠋ᠠᠬᠢᠭᠰᠠᠨ ᠴᠤ᠌ ᠬᠠᠰᠢ ᠶᠠᠰᠢ ᠪᠠᠶ᠋ᠢᠵᠤ ᠪᠣᠯᠬᠤ ᠦᠭᠡᠢ ᠪᠥᠭᠡᠳ ᠭᠤᠶ᠋ᠢᠪᠢᠯᠵᠠᠵᠤ ᠪᠣᠯᠬᠤ ᠦᠭᠡᠢ ᠭᠡᠵᠤ ᠵᠢᠭ᠋ᠠᠵᠤ ᠭᠠᠷᠭ᠋ᠠᠪᠠ᠃

      ᠵᠣᠬᠢᠶᠠᠯ᠎ᠳᠤ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠢ ᠥᠷᠭᠡᠨ ᠵᠶ᠋ᠠᠷ ᠥᠷᠨᠢᠭᠦᠯᠵᠦ᠂ ᠲᠡᠦᠬᠡ ᠪᠠ ᠠᠷᠠᠳ ᠲᠦᠮᠡᠨ ᠶᠠᠭᠤᠨ᠎ᠤ ᠤᠴᠢᠷ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠭᠰᠠᠨ᠂ ᠶᠠᠭᠤᠨ᠎ᠳᠤ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢ ᠬᠥᠮᠦᠰ᠎ᠲᠤ ᠭᠦᠨᠵᠡᠭᠡᠢ ᠤᠢ᠍ᠢ᠍ᠯᠠᠭ᠋ᠠᠭᠤᠯᠬᠤ ᠬᠡᠷᠡᠭᠲᠡᠢ᠃ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ ᠪᠣᠯᠤᠨ ᠠᠷᠠᠳ ᠤᠯᠠᠨ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ ᠵᠢ ᠰᠠᠶ᠋ᠢᠲᠤᠷ ᠰᠤᠷᠤᠯᠴᠠᠨ ᠣᠶ᠋ᠢᠯᠠᠭ᠋ᠠᠵᠤ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠡᠭᠦᠳᠦᠨ ᠪᠠᠶ᠋ᠢᠭᠤᠯᠤᠭᠰᠠᠨ ᠨᠡᠶ᠋ᠢᠭᠡᠮ ᠵᠢᠷᠤᠮ᠎ᠤᠨ ᠠᠭᠤᠤ ᠶᠡᠬᠡ ᠦᠢ᠍ᠯᠡᠰ᠎ᠢ ᠰᠠᠬᠢᠨ ᠬᠠᠮᠠᠭ᠋ᠠᠯᠠᠵᠤ᠂ ᠦᠶ᠎ᠡ ᠵᠢᠨ ᠦᠶ᠎ᠡ᠎ᠳᠡᠭᠡᠨ ᠤᠯᠠᠮᠵᠢᠯᠠᠨ ᠵᠠᠯᠭ᠋ᠠᠮᠵᠢᠯᠠᠬᠤ ᠬᠡᠷᠡᠭᠲᠡᠢ ᠭᠡᠵᠤ ᠵᠢᠭ᠋ᠠᠵᠤ ᠭᠠᠷᠭ᠋ᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠭᠢᠷᠢᠨ᠎ᠳᠤ ᠬᠦᠷᠴᠦ᠄ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠬᠢᠷᠢ ᠲᠡᠩᠴᠡᠪᠡᠯ᠂ ᠪᠡᠯᠡ ᠣᠷᠣᠭᠤᠯᠤᠯᠲᠠ᠎ᠨᠢ ᠳᠠᠷᠤᠢ ᠱᠠᠨᠠᠭ᠎ᠠ ᠪᠣᠭᠣᠮᠲᠠ ᠵᠢ ᠳᠠᠪᠠᠵᠤ ᠴᠢᠳᠠᠨ᠎ᠠ ᠭᠡᠵᠡᠢ
ᠯᠢ ᠺᠧ ᠴᠢᠶᠠᠩ᠄ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠬᠢᠬᠦ᠎ᠳᠤ ᠲᠦᠰᠢᠭᠯᠡᠬᠦ ᠬᠡᠷᠡᠭᠲᠡᠢ
ᠯᠢ ᠺᠸ ᠴᠢᠶᠠᠩ ᠭᠢᠷᠢᠨ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ᠄ ᠥᠭᠡᠷᠡᠴᠢᠯᠡᠯᠲᠡ ᠨᠡᠬᠡᠬᠡᠯᠳᠡ ᠵᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠡᠢ
ᠰᠢ ᠵᠢᠨ ᠫᠢᠩ 《〈ᠤᠬ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ᠄ ᠲᠡᠮᠡᠴᠡᠯ᠎ᠤᠨ ᠥᠩᠭᠡᠷᠡᠯᠲᠡ᠎ᠪᠠᠨ ᠪᠠᠲᠤ ᠴᠡᠭᠡᠵᠢᠯᠡᠨ ᠲᠡᠦᠬᠡ ᠵᠢᠨ ᠡᠬᠥᠷᠭᠡ ᠬᠠᠷᠢᠭᠤᠴᠠᠯᠭ᠎ᠠ᠎ᠪᠠᠨ ᠡᠭᠦᠷᠭᠡᠯᠡᠵᠤ ᠨᠠᠮ᠎ᠤᠨ ᠲᠡᠮᠡᠴᠡᠯ᠎ᠤᠨ ᠲᠡᠦᠬᠡ᠎ᠠᠴᠠ ᠤᠷᠤᠭᠰᠢᠯᠠᠯᠲᠠ ᠵᠢᠨ ᠬᠦᠴᠦᠨ᠎ᠢ ᠰᠢᠩᠬᠡᠬᠡᠨ ᠠᠪᠬᠤ ᠬᠡᠷᠡᠭᠳᠠᠢ
ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠶ ᠪᠣᠳᠠᠲᠤ ᠲᠡᠮᠳᠡᠭᠯᠡᠯ᠄ ᠥᠨᠳᠥᠷ ᠲᠩᠷᠢ ᠵᠤᠵᠠᠭ᠋ᠠᠨ ᠬᠥᠷᠥᠰᠥᠨ᠎ᠳᠤ ᠦᠵᠡᠰᠬᠦᠯᠡᠩᠲᠦ ᠰᠠᠶ᠋ᠢᠬᠠᠨ ᠵᠢᠷᠤᠭ᠎ᠢ ᠳᠡᠯᠭᠡᠪᠡ
 
            