ᠯᠢ ᠺᠸ ᠴᠢᠶᠠᠩ ᠬᠢᠷᠢᠨ᠎ᠳᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠴᠢᠬᠤᠯᠠᠴᠢᠯᠠᠭᠰᠠᠨ᠎ᠨᠢ
ᠥᠭᠡᠷᠡᠴᠢᠯᠡᠯᠲᠡ ᠨᠡᠭᠡᠭᠡᠯᠲᠡ ᠵᠢ ᠶᠡᠬᠡᠪᠡᠷ ᠠᠬᠢᠭᠤᠯᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠢ᠌ᠷᠠᠭᠤᠯᠵᠤ
ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠡᠢ
6 ᠳ᠋ᠤᠭ᠋ᠠᠷ ᠰᠠᠷ᠎ᠠ ᠵᠢᠨ 15᠎ᠠᠴᠠ 16᠎ᠤ ᠡᠳᠦᠷ ᠪᠣᠯᠲᠠᠯ᠎ᠠ᠂ ᠳᠤᠮᠳᠠᠳᠤ ᠡᠣᠯᠣᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ ᠭᠢᠷᠢᠨ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠵᠢᠩ ᠵᠢᠶᠦ᠋ᠨ ᠬᠠᠶ᠂ ᠮᠤᠵᠢ ᠵᠢᠨ ᠳᠠᠷᠤᠭ᠎ᠠ ᠬᠠᠨ ᠵᠢᠶᠦ᠋ᠨ᠎ᠤ ᠪᠠᠷ᠎ᠠ ᠪᠣᠯᠣᠯᠭ᠎ᠠ᠎ᠪᠠᠷ ᠰᠥᠩᠶᠤᠸᠠᠨ᠂ ᠴᠠᠩᠴᠦ᠋ᠨ᠎ᠳᠤ ᠰᠢᠨᠵᠢᠯᠡᠨ ᠪᠠᠢ᠌ᠴᠠᠭ᠋ᠠᠪᠠ᠃ ᠲᠡᠷᠡ ᠴᠢᠬᠤᠯᠠᠴᠢᠯᠠᠬᠤ᠎ᠳᠤ᠎ᠪᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠩ ᠶᠡᠬᠡ ᠡᠷᠴᠢᠮ ᠵᠶ᠋ᠠᠷ ᠥᠭᠡᠷᠡᠴᠢᠯᠡᠯᠲᠡ ᠨᠡᠭᠡᠭᠡᠯᠳᠡ ᠵᠢ ᠠᠬᠢᠭᠤᠯᠵᠤ᠂ ᠨᠡᠩ ᠤᠯᠠᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠠᠵᠤ ᠠᠬᠤᠢ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠬᠤ ᠬᠡᠷᠡᠭᠲᠡᠢ ᠭᠡᠪᠡ᠃

ᠯᠢ ᠺᠸ ᠴᠢᠶᠠᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠮᠠᠰᠢ ᠠᠩᠬᠠᠷᠴᠤ ᠪᠠᠢ᠌ᠨ᠎ᠠ᠃ ᠰᠦᠩᠶᠤᠸᠠᠨ ᠬᠤᠳᠠ᠎ᠳᠤ᠂ ᠲᠡᠷᠡ ᠲᠠᠷᠢᠶᠠᠨ ᠭᠠᠵᠠᠷ᠎ᠲᠤ ᠬᠦᠷᠴᠦ ᠡᠷᠳᠡᠨᠢ ᠰᠢᠰᠢ ᠵᠢᠨ ᠤᠷᠭᠤᠯᠳᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠲᠠᠷᠢᠶᠠᠴᠢᠳ᠂ ᠲᠠᠷᠢᠶᠠᠯᠠᠩ᠎ᠤᠨ ᠮᠡᠷᠭᠡᠵᠢᠯᠲᠡᠳ᠎ᠲᠠᠢ ᠰᠠᠨᠠᠯ ᠵᠶ᠋ᠠᠨ ᠰᠣᠯᠢᠯᠴᠠᠪᠠ᠃ ᠣᠯᠠᠨ ᠵᠶ᠋ᠠᠷ ᠵᠶ᠋ᠠᠨ ᠶᠡᠷᠦᠩᠬᠡᠶ ᠰᠠᠶ᠋ᠢᠳ᠎ᠲᠤ᠂ ᠡᠨᠡ ᠵᠢᠯ᠎ᠤᠨ ᠴᠢᠭᠢᠭ᠎ᠤᠨ ᠪᠠᠶ᠋ᠢᠳᠠᠯ ᠪᠠ ᠠᠭᠤᠷ ᠠᠮᠢᠰᠬᠤᠯ ᠰᠠᠶ᠋ᠢᠨ ᠪᠠᠶ᠋ᠢᠵᠤ᠂ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠪᠣᠯᠤᠮᠵᠢ᠎ᠲᠠᠢ᠃ ᠭᠡᠪᠡᠴᠦ ᠰᠢᠭᠡᠰᠦᠯᠢᠭ ᠡᠳ᠋᠂ ᠴᠠᠢ᠌ᠶᠢᠦ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠶᠡᠬᠡ᠎ᠪᠠᠷ ᠥᠰᠴᠦ᠂ ᠣᠶ᠋ᠢᠷ᠎ᠠ ᠵᠢᠨ ᠬᠤᠭᠤᠴᠠᠭ᠋ᠠᠨ᠎ᠳᠤ ᠡᠷᠳᠡᠨᠢ ᠰᠢᠰᠢ ᠵᠢᠨ ᠦᠨ᠎ᠡ ᠪᠠᠭᠤᠷᠠᠵᠤ ᠪᠠᠢ᠌ᠭ᠎ᠠ᠎ᠳᠤ ᠰᠡᠳᠬᠢᠯ ᠠᠮᠤᠷ ᠥᠬᠡᠶ ᠪᠠᠶ᠋ᠢᠨ᠎ᠠ ᠭᠡᠵᠦ ᠬᠡᠯᠡᠪᠡ᠃ ᠯᠢ ᠺᠧ ᠴᠢᠶᠠᠩ᠂ ᠣᠳᠣᠬᠠᠨ ᠪᠣᠯ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠵᠠᠩᠭᠢᠯᠠᠭ᠎ᠠ ᠵᠢᠨ ᠬᠤᠭᠤᠴᠠᠭ᠎ᠠ ᠮᠥᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠵᠢ ᠲᠣᠭᠲᠠᠪᠤᠷᠢᠵᠢᠭᠤᠯᠬᠤ ᠬᠡᠷᠡᠭᠲᠡᠶ ᠭᠡᠵᠦ ᠬᠠᠮᠲᠤ ᠶᠠᠪᠤᠭ᠎ᠠ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠎ᠲᠤ ᠵᠠᠬᠢᠪᠠ᠃ ᠲᠡᠷᠡ᠂ ᠳᠤᠮᠳᠠᠳᠤ ᠤᠯᠤᠰ᠎ᠤᠨ ᠬᠥᠮᠦᠨ ᠠᠮᠠ ᠤᠯᠠᠨ᠂ ᠠᠮᠤ ᠪᠤᠳᠠᠭ᠎ᠠ ᠭᠦᠢ᠍ᠴᠡᠳ ᠪᠣᠯ ᠤᠯᠤᠰ ᠭᠦᠷᠦᠨ ᠠᠮᠤᠭᠤᠯᠠᠩ᠃ ᠠᠮᠤ ᠪᠤᠳᠠᠭ᠋ᠠᠨ᠎ᠤ ᠦᠨ᠎ᠡ ᠵᠢᠨ ᠵᠣᠬᠢᠰᠲᠠᠶ ᠲᠦᠪᠰᠢᠨ᠎ᠢ ᠪᠠᠲᠤᠯᠠᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠵᠢᠨ ᠥᠰᠥᠯᠲᠡ ᠵᠢ ᠬᠣᠷᠢᠭᠯᠠᠵᠤ᠂ ᠲᠠᠷᠢᠶᠠᠴᠢᠳ᠎ᠤᠨ ᠢᠳᠡᠪᠬᠢᠵᠢᠯ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠶ ᠭᠡᠵᠦ ᠬᠡᠯᠡᠪᠡ᠃ ᠲᠡᠷᠡ ᠴᠢᠬᠤᠯᠠᠴᠢᠯᠠᠬᠤ᠎ᠳᠤ᠎ᠪᠠᠨ᠂ ᠬᠣᠪᠣᠷ ᠨᠠᠨᠳᠢᠨ ᠬᠠᠷ᠎ᠠ ᠰᠢᠷᠣᠢ ᠵᠢ ᠰᠠᠶ᠋ᠢᠲᠤᠷ ᠰᠠᠬᠢᠨ ᠬᠠᠮᠠᠭ᠋ᠠᠯᠠᠵᠤ᠂ ᠨᠡᠩ ᠤᠯᠠᠨ ᠰᠠᠢ᠍ᠢ᠍ᠨ ᠡᠭᠦᠯᠳᠡᠷ᠎ᠢ ᠪᠣᠶ᠋ᠢᠵᠢᠭᠤᠯᠵᠤ᠂ ᠵᠡᠭᠦᠨ ᠬᠣᠶ᠋ᠢᠲᠤ ᠣᠷᠣᠨ᠎ᠤ ᠡᠨᠡ ᠬᠦ᠌ ᠠᠮᠤ ᠪᠤᠳᠠᠭ᠋ᠠᠨ᠎ᠤ ᠲᠤᠮᠤ ᠬᠥᠮᠥᠷᠭᠡ ᠵᠢ ᠨᠡᠩ ᠳᠦᠭᠦᠷᠡᠩ ᠪᠣᠯᠭ᠋ᠠᠬᠤ ᠬᠡᠷᠡᠭᠲᠡᠢ ᠭᠡᠪᠡ᠃

ᠯᠢ ᠺᠸ ᠴᠢᠶᠠᠩ ᠴᠠᠭ᠋ᠠᠨ ᠨᠠᠭᠤᠷ᠎ᠲᠤ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠨᠵᠢᠯᠡᠨ ᠪᠠᠶ᠋ᠢᠴᠠᠭ᠋ᠠᠪᠠ᠃ ᠲᠡᠷᠡ ᠬᠡᠯᠡᠬᠦ᠎ᠳᠤ᠎ᠪᠠᠨ᠂ ᠡᠨᠡ ᠶᠡᠬᠡ ᠨᠠᠭᠤᠷ ᠡᠷᠬᠢᠨ ᠲᠣᠭᠣᠷᠢᠨ᠎ᠤ ᠠᠮᠢ ᠠᠬᠤᠶ ᠵᠢ ᠵᠣᠬᠢᠴᠠᠭᠤᠯᠤᠨ ᠰᠠᠶ᠋ᠢᠵᠢᠷᠠᠭᠤᠯᠬᠤ ᠴᠢᠬᠤᠯᠠ ᠦᠢ᠍ᠯᠡᠳᠦᠯ᠎ᠲᠠᠢ ᠶᠤᠮ᠃ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠦᠷᠭᠦᠯᠵᠢᠯᠡᠨ ᠴᠥᠬᠥᠷᠡᠰᠢ ᠦᠭᠡᠢ ᠠᠳᠬᠤᠵᠤ᠂ ᠰᠠᠢ᠍ᠢ᠍ᠨ ᠠᠮᠢ ᠠᠬᠤᠢ᠎ᠪᠠᠷ ᠵᠢᠭ᠋ᠠᠰᠤᠨ ᠠᠵᠤ ᠠᠬᠤᠢ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠲᠠᠢ᠍ᠢ᠍ᠴᠢᠯᠠᠵᠤ᠂ ᠴᠠᠭ᠋ᠠᠨ ᠨᠠᠭᠤᠷ᠎ᠤᠨ ᠠᠯᠳᠠᠷ ᠨᠡᠷ᠎ᠡ ᠵᠢ ᠬᠠᠮᠠᠭ᠋ᠠᠯᠠᠬᠤ ᠬᠡᠷᠡᠭᠲᠡᠢ ᠭᠡᠵᠡᠢ᠃

ᠭᠢᠷᠢᠨ᠎ᠤ ᠫᠠᠨ ᠫᠠᠨ ᠢᠳᠡᠭᠡᠨ ᠤᠮᠳᠠᠭ᠋ᠠᠨ᠎ᠤ ᠺᠣᠮᠫᠠᠨᠢ ᠵᠢ ᠵᠡᠭᠦᠨ ᠬᠡᠰᠡᠭ᠎ᠤᠨ ᠠᠵᠤ ᠠᠬᠤᠶ᠋ᠢᠯᠠᠯ ᠪᠡᠯᠡ ᠣᠷᠣᠭᠤᠯᠤᠨ ᠪᠠᠢ᠌ᠭᠤᠯᠪᠠ᠃ ᠯᠢ ᠺᠸ ᠴᠢᠶᠠᠩ ᠠᠵᠤ ᠠᠬᠤᠶ᠋ᠢᠯᠠᠯ᠎ᠤᠨ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠬᠠᠷᠠᠭ᠋ᠠᠯᠵᠠᠯ᠎ᠢ ᠬᠦᠷᠲᠡᠵᠦ ᠪᠠᠢ᠌ᠭ᠎ᠠ ᠪᠠᠶ᠋ᠢᠳᠠᠯ᠎ᠢ ᠯᠠᠪᠯᠠᠨ ᠠᠰᠠᠭᠤᠵᠤ᠂ ᠰᠢᠨ᠎ᠡ ᠦᠢ᠍ᠯᠡᠳᠬᠦᠨ᠎ᠢ ᠪᠠᠶ᠋ᠢᠴᠠᠭ᠋ᠠᠨ ᠦᠵᠡᠭᠰᠡᠨ ᠪᠥᠭᠡᠳ ᠠᠵᠢᠯᠴᠢᠳ᠎ᠲᠠᠢ ᠰᠠᠨᠠᠯ ᠵᠶ᠋ᠠᠨ ᠰᠣᠯᠢᠯᠴᠠᠪᠠ᠃ ᠲᠡᠷᠡ ᠬᠡᠯᠡᠬᠦ᠎ᠳᠤ᠎ᠪᠠᠨ᠂ ᠢᠳᠡᠭᠡᠨ᠎ᠤ ᠦᠢ᠍ᠯᠡᠰ ᠪᠣᠯ ᠥᠨᠢ ᠡᠭᠦᠷᠢᠳᠡ ᠵᠢᠨ ᠥᠭᠡᠳᠡᠷᠬᠡᠭ ᠠᠵᠤ ᠦᠢ᠍ᠯᠡᠰ ᠮᠥᠨ᠂ ᠵᠠᠬ᠎ᠠ ᠳᠡᠯᠭᠡᠭᠦᠷ᠎ᠤᠨ ᠨᠠᠷᠢᠯᠢᠭᠵᠢᠭᠤᠯᠬᠤ ᠣᠷᠣᠨ ᠵᠠᠶ ᠮᠠᠰᠢ ᠶᠡᠬᠡ ᠪᠠᠶ᠋ᠢᠳᠠᠭ᠃ ᠲᠠ ᠨᠠᠷ᠎ᠤᠨ ᠣᠯᠠᠨ ᠡᠰᠢᠲᠦ ᠬᠡᠷᠡᠭᠯᠡᠭᠡ ᠵᠢᠨ ᠬᠡᠷᠡᠭᠴᠡᠭᠡ᠎ᠳᠤ ᠳᠣᠭᠢᠷᠠᠬᠤ ᠠᠮᠤᠷ ᠲᠦᠪᠰᠢᠨ ᠢᠳᠡᠭᠡᠨ᠎ᠢ ᠨᠠᠩ ᠣᠯᠠᠨ ᠨᠡᠭᠡᠭᠡᠨ ᠬᠥᠭᠵᠢᠭᠦᠯᠬᠦ ᠵᠢ ᠬᠦᠰᠡᠵᠦ ᠪᠠᠶ᠋ᠢᠨ᠎ᠠ ᠭᠡᠵᠡᠶ᠃ ᠠᠵᠤ ᠠᠬᠤᠶ᠋ᠢᠯᠠᠯ᠎ᠤᠳ᠎ᠤᠨ ᠡᠨᠳᠡ ᠪᠡᠯᠡ ᠣᠷᠣᠭᠤᠯᠤᠯᠲᠠ᠎ᠪᠠᠨ ᠥᠷᠭᠡᠳᠬᠡᠬᠦ ᠰᠠᠨᠠᠭ᠎ᠠ᠎ᠲᠠᠢ ᠪᠠᠢ᠌ᠬᠤ ᠵᠢ ᠰᠣᠨᠣᠰᠤᠭ᠋ᠠᠳ ᠯᠢ ᠺᠸ ᠴᠢᠶᠠᠩ᠂ ᠵᠡᠭᠦᠨ ᠬᠣᠶ᠋ᠢᠲᠤ ᠣᠷᠣᠨ ᠪᠣᠯ ᠦᠢ᠍ᠯᠡᠰ ᠵᠶ᠋ᠠᠨ ᠮᠠᠨᠳᠤᠭᠤᠯᠤᠨ ᠬᠥᠭᠵᠢᠭᠦᠯᠬᠦ ᠪᠠ ᠠᠮᠢᠳᠤᠷᠠᠬᠤ ᠰᠠᠢ᠍ᠢ᠍ᠨ ᠭᠠᠵᠠᠷ ᠶᠤᠮ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ ᠬᠢᠷᠢ ᠲᠡᠩᠴᠡᠪᠡᠯ᠂ ᠨᠡᠩ ᠤᠯᠠᠨ ᠪᠡᠯᠡ ᠣᠷᠣᠭᠤᠯᠤᠯᠲᠠ ᠱᠠᠨᠠᠭ᠎ᠠ ᠪᠣᠭᠣᠮᠲᠠ ᠵᠢ ᠳᠠᠪᠠᠬᠤ ᠪᠣᠯᠤᠨ᠎ᠠ᠃ ᠥᠭᠡᠷᠡᠴᠢᠯᠡᠯᠲᠡ ᠵᠢ ᠬᠦᠴᠦᠯᠡᠨ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠬᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠶ᠋ᠢᠵᠢᠭᠤᠯᠬᠤ᠎ᠳᠤ ᠶᠡᠬᠡ ᠬᠦᠴᠦ ᠣᠷᠣᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠵᠤ ᠠᠬᠤᠶ᠋ᠢᠯᠠᠯ᠎ᠢ ᠵᠡᠭᠦᠨ ᠬᠣᠶ᠋ᠢᠲᠤ ᠣᠷᠣᠨ᠎ᠳᠤ ᠪᠡᠯᠡ ᠣᠷᠣᠭᠤᠯᠬᠤ᠎ᠳᠤ ᠨᠡᠩ ᠢᠲᠡᠭᠡᠯ᠎ᠲᠠᠢ ᠪᠣᠯᠭ᠋ᠠᠵᠤ᠂ ᠵᠡᠭᠦᠨ ᠬᠣᠶ᠋ᠢᠲᠤ ᠣᠷᠣᠨ᠎ᠤ ᠬᠥᠭᠵᠢᠯᠲᠡ ᠵᠢᠨ ᠶᠡᠬᠡ ᠬᠦᠰᠡᠯ ᠶᠡᠬᠡ ᠡᠷᠡᠮᠡᠯᠵᠡᠯ᠎ᠲᠠᠢ ᠢᠷᠡᠭᠡᠳᠦᠢ ᠵᠢ ᠨᠡᠩ ᠰᠠᠶ᠋ᠢᠲᠤᠷ ᠢᠯᠡᠷᠡᠭᠦᠯᠬᠦ ᠬᠡᠷᠡᠭᠲᠡᠢ ᠭᠡᠵᠦ ᠬᠡᠯᠡᠪᠡ᠃

ᠯᠢ ᠺᠸ ᠴᠢᠶᠠᠩ ᠬᠢᠷᠢᠨ ᠮᠤᠵᠢ ᠵᠢᠨ ᠬᠥᠭᠵᠢᠭᠦᠯᠦᠨ ᠮᠠᠨᠳᠤᠭᠤᠯᠬᠤ ᠪᠠ ᠨᠡᠬᠡᠬᠡᠯᠳᠡ ᠬᠢᠵᠦ ᠬᠠᠮᠲᠤᠷᠠᠯᠴᠠᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠲᠡᠷᠡ ᠳᠤᠮᠳᠠᠳᠤ ᠺᠣᠷᠢᠶᠠ ᠵᠢᠨ ᠴᠠᠩᠴᠦ᠋ᠨ᠎ᠤ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠵᠢᠱ᠌ᠢᠶ᠎ᠡ ᠦᠵᠡᠭᠦᠯᠬᠦ ᠲᠣᠭᠣᠷᠢᠭ᠎ᠲᠤ ᠬᠦᠷᠴᠦ ᠲᠡᠨᠳᠡ ᠰᠠᠭᠤᠭ᠎ᠠ ᠠᠵᠤ ᠠᠬᠤᠶ᠋ᠢᠯᠠᠯ᠎ᠢ ᠰᠢᠨᠵᠢᠯᠡᠨ ᠪᠠᠶ᠋ᠢᠴᠠᠭ᠋ᠠᠵᠤ᠂ ᠳᠡᠳᠡᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠤᠨ ᠲᠤᠬᠠᠢ ᠲᠦᠷᠦᠭᠳᠡᠯ ᠪᠠ ᠰᠠᠨᠠᠭᠤᠯᠭ᠎ᠠ ᠵᠢ ᠯᠠᠪᠯᠠᠨ ᠠᠰᠠᠭᠤᠪᠠ᠃ ᠲᠡᠷᠡ᠂ ᠪᠢᠳᠡ ᠲᠤᠮᠤ ᠠᠵᠤ ᠠᠬᠤᠶ᠋ᠢᠯᠠᠯ᠎ᠤᠨ ᠪᠡᠯᠡ ᠣᠷᠣᠭᠤᠯᠤᠨ ᠠᠳᠠᠯ ᠦᠢ᠍ᠯᠡᠰ ᠴᠣᠭᠴᠠᠯᠠᠬᠤ ᠵᠢ ᠪᠠᠶᠠᠷᠯᠠᠨ ᠤᠭᠲᠤᠬᠤ᠎ᠪᠠᠷ ᠪᠠᠷᠠᠬᠤ ᠦᠭᠡᠢ ᠳᠤᠮᠳᠠ ᠵᠢᠵᠢᠭ ᠠᠵᠤ ᠠᠬᠤᠶ᠋ᠢᠯᠠᠯ᠎ᠤᠨ ᠬᠠᠮᠲᠤᠷᠠᠯᠴᠠᠨ ᠬᠥᠭᠵᠢᠬᠦ ᠵᠢ ᠴᠦ᠍ ᠪᠠᠶᠠᠷᠯᠠᠨ ᠤᠭᠲᠤᠨ᠎ᠠ᠃ ᠮᠠᠰᠢ ᠤᠯᠠᠨ ᠳᠤᠮᠳᠠ ᠵᠢᠵᠢᠭ ᠠᠵᠤ ᠠᠬᠤᠶ᠋ᠢᠯᠠᠯ᠎ᠨᠢ ᠲᠤᠰᠬᠠᠢ᠂ ᠨᠠᠷᠢᠯᠢᠭ᠂ ᠣᠨᠴᠠ᠂ ᠰᠢᠨ᠎ᠡ ᠮᠡᠷᠭᠡᠵᠢᠯ᠎ᠲᠠᠢ ᠪᠣᠯᠬᠣᠷ ᠥᠪᠡᠷᠮᠢᠴᠡ ᠲᠦᠷᠦᠯ ᠠᠩᠭᠢᠯᠠᠭᠰᠠᠨ ᠦᠢ᠍ᠯᠡᠴᠢᠯᠡᠭᠡ ᠬᠠᠩᠭ᠋ᠠᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠨᠡᠩ ᠣᠯᠠᠨ ᠪᠣᠯᠭ᠋ᠠᠵᠤ᠂ ᠲᠤᠮᠤ ᠠᠵᠤ ᠠᠬᠤᠶ᠋ᠢᠯᠠᠯ᠎ᠤᠨ ᠬᠥᠭᠵᠢᠨ ᠮᠠᠨᠳᠤᠬᠤ᠎ᠳᠤ ᠲᠤᠯᠭ᠋ᠠᠭᠤᠷᠢᠯᠠᠭᠤᠯᠬᠤ ᠬᠡᠷᠡᠭᠲᠡᠢ᠃ ᠵᠡᠭᠦᠨ ᠬᠣᠶ᠋ᠢᠲᠤ ᠣᠷᠣᠨ᠎ᠨᠢ ᠬᠢᠯᠢ ᠳᠠᠭ᠋ᠠᠤ ᠲᠠᠯᠠᠢ ᠳᠠᠭ᠋ᠠᠤ ᠵᠢᠨ ᠳᠠᠪᠠᠭᠤᠯᠢᠭ᠎ᠲᠠᠢ ᠪᠠᠢ᠌ᠵᠤ᠂ ᠨᠡᠬᠡᠬᠡᠯᠳᠡ ᠬᠢᠬᠦ ᠢᠯᠠᠩᠭᠤᠶ᠎ᠠ ᠵᠡᠭᠦᠨ ᠬᠣᠶ᠋ᠢᠲᠤ ᠠᠽᠢᠶ᠎ᠠ᠎ᠳᠤ ᠨᠡᠬᠡᠬᠡᠯᠳᠡ ᠬᠢᠬᠦ ᠵᠢ ᠬᠦᠴᠦᠯᠡᠨ ᠥᠷᠭᠡᠳᠬᠡᠵᠦ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠵᠥᠪᠳᠡᠯᠴᠡᠭᠡᠷ (RCEP)᠎ᠤᠨ ᠠᠵᠠ ᠲᠣᠬᠢᠶᠠᠯ᠎ᠢ ᠠᠮᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠠᠮᠲᠤ᠎ᠳᠤ᠎ᠪᠠᠨ ᠬᠦᠷᠲᠡᠬᠦ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠵᠡᠭᠦᠨ ᠬᠣᠶ᠋ᠢᠲᠤ ᠣᠷᠣᠨ᠎ᠤ ᠬᠥᠭᠵᠢᠯᠲᠡ ᠵᠢᠨ ᠲᠣᠯᠣᠭ᠋ᠠᠢ᠌ᠯᠠᠭᠴᠢ ᠵᠢ ᠬᠥᠭᠵᠢᠭᠡᠵᠦ᠂ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠬᠡᠯᠡᠪᠡ᠃

ᠠᠷᠠᠳ᠎ᠤᠨ ᠡᠵᠡᠩᠨᠡᠭᠰᠡᠨ ᠠᠵᠤ ᠠᠬᠤᠶ᠋ᠢᠯᠠᠯ᠎ᠤᠨ ᠡᠭᠦᠰᠭᠡᠨ ᠪᠠᠶ᠋ᠢᠭᠤᠯᠤᠭᠰᠠᠨ 《ᠪᠠᠢ ᠳ᠋ᠦ᠋》 ᠰᠢᠨ᠎ᠡ ᠵᠢ ᠡᠭᠦᠳᠬᠦ ᠦᠢ᠍ᠯᠡᠳᠪᠦᠷᠢ᠎ᠳᠤ᠂ ᠯᠢ ᠺᠸ ᠴᠢᠶᠠᠩ ᠡᠨᠳᠡᠬᠢ ᠵᠢᠨ ᠨᠡᠪᠴᠢᠭᠦᠯᠦᠯᠲᠡ ᠪᠠ ᠲᠦᠭᠰᠢᠭᠦᠷᠢᠲᠦ ᠪᠡᠯᠡ ᠣᠷᠣᠭᠤᠯᠤᠯᠲᠠ ᠵᠢ ᠤᠶᠠᠯᠳᠤᠭᠤᠯᠬᠤ᠎ᠪᠠᠷ ᠳᠠᠮᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠵᠠᠰᠠᠭ᠎ᠤᠨ ᠣᠷᠳᠣᠨ ᠲᠤᠬᠠᠢ ᠵᠢᠨ ᠲᠠᠯᠠᠪᠠᠢ᠎ᠳᠤ ᠲᠦᠬᠦᠮ ᠦᠵᠡᠭᠦᠯᠬᠦ ᠦᠢ᠍ᠯᠡᠴᠢᠯᠡᠭᠡ ᠬᠠᠩᠭ᠋ᠠᠭᠰᠠᠨ᠎ᠢ ᠨᠤᠲᠠᠯᠠᠪᠠ᠃ ᠲᠡᠷᠡ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠰᠣᠨᠢᠷᠬᠠᠵᠤ᠂ ᠵᠢᠵᠢᠭ ᠪᠦᠲᠦᠭᠡᠭᠳᠡᠬᠦᠨ᠎ᠨᠢ ᠶᠡᠬᠡ ᠬᠥᠭᠡᠭᠡᠴᠡᠯᠳᠦᠯ ᠪᠠᠢ᠌ᠬᠤ ᠵᠢ ᠮᠠᠭᠲᠠᠪᠠ᠃ ᠯᠢ ᠺᠸ ᠴᠢᠶᠠᠩ ᠰᠢᠨ᠎ᠡ ᠵᠢ ᠡᠭᠦᠳᠦᠭᠴᠢᠳ᠎ᠤᠨ ᠠᠳᠠᠯ ᠦᠢ᠍ᠯᠡᠰ ᠴᠣᠭᠴᠠᠯᠠᠭᠰᠠᠨ ᠥᠩᠭᠡᠷᠡᠯᠲᠡ ᠪᠠ ᠶᠠᠮᠠᠷ ᠶᠠᠮᠠᠷ ᠳᠡᠮᠵᠢᠯᠭᠡ ᠬᠡᠷᠡᠭᠰᠡᠬᠦ ᠵᠢ ᠯᠠᠪᠯᠠᠨ ᠠᠰᠠᠭᠤᠪᠠ᠃ ᠲᠡᠷᠡ᠂ ᠪᠢᠳᠠ ᠤᠯᠠᠨ ᠵᠶ᠋ᠠᠷ ᠵᠶ᠋ᠠᠨ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ ᠪᠠᠶ᠋ᠢᠭ᠎ᠠ᠎ᠨᠢ ᠳᠠᠷᠤᠢ ᠨᠡᠶ᠋ᠢᠭᠡᠮ᠎ᠤᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠨᠡᠩ ᠶᠡᠬᠡᠪᠡᠷ ᠬᠥᠭᠵᠢᠭᠡᠬᠦ ᠵᠢᠨ ᠲᠥᠯᠥᠭᠡ ᠶᠤᠮ᠃ ᠤᠯᠠᠨ ᠵᠶ᠋ᠠᠷ ᠵᠶ᠋ᠠᠨ ᠬᠦᠴᠦᠨ ᠵᠶ᠋ᠡᠨ ᠨᠢᠭᠡᠳᠬᠡᠪᠡᠯ᠂ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠬᠤ᠎ᠪᠠᠷ ᠪᠠᠷᠠᠬᠤ ᠦᠭᠡᠢ ᠪᠠᠰᠠ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠦ᠂ ᠰᠢᠨ᠎ᠡ ᠵᠢ ᠡᠭᠦᠳᠬᠦ ᠵᠢᠨ ᠶᠡᠬᠡ ᠬᠥᠯᠭᠡ ᠵᠢ ᠠᠮᠵᠢᠯᠲᠠ ᠵᠢᠨ ᠡᠷᠭᠢ᠎ᠳᠤ ᠬᠦᠷᠦᠭᠦᠯᠵᠦ ᠴᠢᠳᠠᠨ᠎ᠠ ᠭᠡᠵᠡᠢ᠃
ᠯᠢ ᠺᠸ ᠴᠢᠶᠠᠩ ᠭᠢᠷᠢᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠣᠯᠤᠭᠰᠠᠨ ᠠᠮᠵᠢᠯᠲᠠ ᠵᠢ ᠭᠦᠢ᠍ᠴᠡᠳ ᠨᠤᠲᠠᠯᠠᠵᠤ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠮ ᠨᠡᠭᠡᠭᠡᠨ ᠰᠢᠨ᠎ᠡ ᠵᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠵᠤ᠂ ᠵᠡᠭᠦᠨ ᠬᠣᠶ᠋ᠢᠲᠤ ᠣᠷᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠳᠤᠮᠳᠠ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠪᠡ᠃
ᠰᠢᠶᠤᠤ ᠵᠢᠶᠸ᠂ ᠡᡁᠸ ᠯᠢ ᠹᠸᠩ ᠪᠠᠷ᠎ᠠ ᠪᠤᠯᠵᠤ ᠰᠢᠨᠵᠢᠯᠡᠨ ᠪᠠᠶ᠋ᠢᠴᠠᠭ᠋ᠠᠪᠠ᠃