

ᠯᠢ ᠺᠸ ᠴᠢᠶᠠᠩ 6 ᠳ᠋ᠤᠭ᠋ᠠᠷ ᠰᠠᠷ᠎ᠠ ᠵᠢᠨ 16᠎ᠤ ᠡᠳᠦᠷ ᠭᠢᠷᠢᠨ᠎ᠤ ᠴᠠᠩᠴᠦ᠋ᠨ᠎ᠳᠤ ᠳᠤᠮᠳᠠᠳᠤ ᠺᠣᠷᠢᠶᠠ (ᠴᠠᠩᠴᠦ᠋ᠨ) ᠵᠢᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠵᠢᠱ᠌ᠢᠶ᠎ᠡ ᠦᠵᠡᠭᠦᠯᠬᠦ ᠲᠣᠭᠣᠷᠢᠭ᠎ᠲᠤ ᠰᠢᠨᠵᠢᠯᠡᠨ ᠪᠠᠶ᠋ᠢᠴᠠᠭ᠋ᠠᠪᠠ᠃ ᠲᠣᠰ ᠲᠣᠭᠣᠷᠢᠭ᠎ᠢ 2020 ᠣᠨ᠎ᠤ 4 ᠳ᠋ᠦ᠍ᠭᠡᠷ ᠰᠠᠷ᠎ᠠ᠎ᠳᠤ ᠪᠠᠶ᠋ᠢᠭᠤᠯᠵᠤ᠂ ᠣᠳᠣᠬᠠᠨ᠎ᠳᠤ ᠳᠤᠮᠳᠠᠳᠤ ᠭᠠᠳᠠᠭ᠋ᠠᠳᠤ ᠵᠢᠨ ᠠᠵᠤ ᠠᠬᠤᠶ᠋ᠢᠯᠠᠯ ᠨᠡᠶ᠋ᠢᠲᠡ 700 ᠰᠢᠬᠠᠮ ᠪᠠᠶ᠋ᠢᠨ᠎ᠠ᠃ ᠶᠡᠷᠦᠩᠬᠡᠶ ᠰᠠᠶ᠋ᠢᠳ ᠬᠦᠷᠢᠶᠡᠯᠡᠩ ᠲᠣᠭᠣᠷᠢᠭ᠎ᠲᠠᠬᠢ ᠺᠣᠷᠢᠶᠠ ᠵᠢᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠠᠴᠠ ᠶᠠᠭᠤᠨ᠎ᠳᠤ ᠡᠨᠳᠡ ᠢᠷᠡᠵᠦ ᠪᠠᠯᠠ ᠣᠷᠣᠭᠤᠯᠬᠤ ᠵᠠᠮ᠎ᠢ ᠰᠣᠩᠭᠣᠭᠰᠠᠨ ᠪᠣᠶ ᠭᠡᠵᠦ ᠠᠰᠠᠭᠤᠭᠰᠠᠨ᠎ᠳᠤ᠂ ᠲᠡᠷᠡ ᠶᠡᠷᠦᠩᠬᠡᠶ ᠰᠠᠶ᠋ᠢᠳ᠎ᠲᠤ ᠴᠠᠩᠴᠦ᠋ᠨ ᠪᠣᠯᠤᠨ ᠺᠣᠷᠢᠶᠠ ᠵᠢᠨ ᠬᠣᠭᠣᠷᠣᠨᠳᠣᠬᠢ ᠭᠠᠵᠠᠷ ᠵᠦᠶ ᠵᠢᠨ ᠵᠠᠶ᠎ᠨᠢ ᠣᠶ᠋ᠢᠷ᠎ᠠ᠂ ᠮᠠᠰᠢᠨ ᠲᠡᠷᠭᠡᠨ᠎ᠤ ᠠᠵᠤ ᠦᠢ᠍ᠯᠡᠰ᠎ᠤᠨ ᠬᠡᠯᠬᠢᠶ᠎ᠡ᠎ᠨᠢ ᠪᠦᠷᠢᠨ᠂ ᠰᠤᠷᠭ᠋ᠠᠨ ᠬᠥᠮᠦᠵᠢᠯ ᠪᠣᠯᠤᠨ ᠴᠢᠳᠠᠪᠤᠷᠢᠲᠠᠨ᠎ᠤ ᠡᠬᠢ ᠪᠠᠶᠠᠯᠢᠭ᠎ᠨᠢ ᠴᠤ᠌ ᠨᠡᠯᠢᠶᠡᠳ ᠪᠠᠶᠠᠯᠢᠭ ᠪᠠᠢ᠌ᠵᠤ᠂ ᠡᠨᠳᠡ ᠪᠠᠯᠠ ᠣᠷᠣᠭᠤᠯᠬᠤ ᠪᠣᠯ ᠮᠠᠰᠢ ᠰᠠᠶ᠋ᠢᠨ ᠰᠣᠩᠭᠣᠯᠲᠠ ᠮᠥᠨ ᠭᠡᠵᠦ ᠬᠠᠷᠢᠭᠤᠯᠪᠠ᠃
ᠶᠡᠷᠦᠩᠬᠡᠶ ᠰᠠᠶ᠋ᠢᠳ ᠪᠠᠰᠠ ᠣᠳᠣᠬᠠᠨ᠎ᠳᠤ ᠰᠢᠢ᠍ᠳᠪᠦᠷᠢᠯᠡᠬᠦ ᠴᠢᠬᠤᠯᠠᠲᠠᠢ ᠶᠠᠮᠠᠷ ᠬᠦᠴᠢᠷᠳᠡᠯ ᠪᠠᠢ᠌ᠬᠤ ᠲᠤᠬᠠᠢ ᠠᠰᠠᠭᠤᠪᠠ᠃ ᠺᠣᠷᠢᠶᠠ ᠵᠢᠨ ᠡᠨᠡ ᠬᠦ᠌ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠂ ᠭᠠᠳᠠᠭ᠋ᠠᠳᠤ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠬᠤ᠎ᠳᠤ ᠨᠡᠩ ᠤᠯᠠᠨ ᠲᠦᠷᠦ ᠵᠢᠨ ᠪᠤᠳᠤᠯᠭ᠎ᠠ ᠵᠢᠨ ᠵᠢᠯᠤᠭᠤᠳᠤᠯᠭ᠎ᠠ ᠪᠠ ᠳᠡᠮᠵᠢᠯᠭᠡ ᠬᠠᠩᠭ᠋ᠠᠬᠤ ᠵᠢ ᠬᠦᠰᠡᠵᠦ ᠪᠠᠶ᠋ᠢᠨ᠎ᠠ ᠭᠡᠪᠡ᠃ ᠯᠢ ᠺᠸ ᠴᠢᠶᠠᠩ ᠬᠡᠯᠡᠬᠦ᠎ᠳᠤ᠎ᠪᠠᠨ᠂ ᠳᠤᠮᠳᠠᠳᠤ ᠤᠯᠤᠰ ᠭᠠᠳᠠᠭ᠋ᠠᠳᠤ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠤᠨ ᠠᠳᠠᠯ ᠦᠢ᠍ᠯᠡᠰ ᠴᠣᠭᠴᠠᠯᠠᠬᠤ ᠵᠢ ᠪᠠᠶᠠᠷᠯᠠᠨ ᠤᠭᠲᠤᠵᠤ ᠪᠠᠢ᠌ᠨ᠎ᠠ᠃ ᠪᠢᠳᠡ ᠯᠠᠪᠲᠠᠢ ᠨᠢᠭᠡ ᠯᠡ ᠠᠳᠠᠯᠢ᠎ᠪᠠᠷ ᠬᠠᠨᠳᠤᠵᠤ ᠳᠡᠮᠵᠢᠯᠭᠡ ᠬᠠᠷᠠᠭ᠋ᠠᠯᠵᠠᠯ ᠦᠵᠡᠭᠦᠯᠦᠨ᠎ᠡ᠃ ᠳᠤᠮᠳᠠ ᠵᠢᠵᠢᠭ ᠠᠵᠤ ᠠᠬᠤᠶ᠋ᠢᠯᠠᠯ ᠨᠡᠩ ᠣᠯᠠᠨ ᠪᠣᠯᠪᠠᠯ ᠲᠤᠮᠤ ᠠᠵᠤ ᠠᠬᠤᠶ᠋ᠢᠯᠠᠯ ᠰᠠᠶᠢ ᠬᠥᠭᠵᠢᠨ ᠮᠠᠨᠳᠤᠵᠤ ᠴᠢᠳᠠᠨ᠎ᠠ᠃ ᠵᠠᠰᠠᠭ᠎ᠤᠨ ᠣᠷᠳᠣᠨ ᠠᠷᠭ᠎ᠠ ᠪᠤᠳᠤᠵᠤ ᠪᠠᠶ᠋ᠢᠭ᠋ᠠᠳ ᠳᠤᠮᠳᠠ ᠵᠢᠵᠢᠭ ᠠᠵᠤ ᠠᠬᠤᠶ᠋ᠢᠯᠠᠯ᠎ᠤᠳ᠎ᠲᠤ ᠲᠤᠯᠭ᠋ᠠᠷᠠᠭᠰᠠᠨ ᠨᠡᠶ᠋ᠢᠲᠡᠯᠢᠭ ᠴᠢᠨᠠᠷᠲᠠᠢ ᠠᠰᠠᠭᠤᠳᠠᠯ᠎ᠤᠳ᠎ᠢ ᠰᠢᠢ᠍ᠳᠪᠦᠷᠢᠯᠡᠨ ᠥᠭᠴᠦ᠂ ᠲᠡᠳᠡᠨ᠎ᠤ ᠦᠷᠭᠦᠯᠵᠢᠯᠡᠨ ᠬᠥᠭᠵᠢᠬᠦ᠎ᠳᠤ ᠬᠥᠳᠡᠯᠭᠡᠬᠦ ᠬᠦᠴᠦᠨ᠎ᠢ ᠬᠤᠷᠠᠮᠳᠤᠭᠤᠯᠤᠨ᠎ᠠ ᠭᠡᠵᠡᠢ᠃
ᠯᠢ ᠺᠸ ᠴᠢᠶᠠᠩ ᠢᠯᠡᠳᠬᠡᠬᠦ᠎ᠳᠤ᠎ᠪᠠᠨ᠂ ᠬᠢᠷᠢᠨ ᠮᠤᠵᠢ᠎ᠨᠢ ᠵᠡᠭᠦᠨ ᠬᠣᠶ᠋ᠢᠲᠤ ᠠᠽᠢᠶ᠎ᠠ᠎ᠳᠤ ᠬᠠᠨᠳᠤᠭᠤᠯᠵᠤ᠂ ᠨᠡᠬᠡᠬᠡᠯᠳᠡ᠎ᠪᠠᠨ ᠳᠠᠰᠤᠷᠠᠯᠳᠠ ᠦᠬᠡᠢ ᠥᠷᠭᠡᠳᠬᠡᠬᠦ ᠬᠡᠷᠡᠭᠲᠡᠢ᠃ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠥᠨ ᠯᠡ ᠥᠭᠡᠷᠡᠴᠢᠯᠡᠯᠲᠡ ᠨᠡᠭᠡᠭᠡᠯᠳᠡ ᠬᠢᠬᠦ᠎ᠳᠤ ᠲᠦᠰᠢᠭᠯᠡᠵᠦ᠂ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠡᠯ᠎ᠡ ᠲᠠᠯ᠎ᠠ ᠵᠢᠨ ᠴᠢᠳᠠᠪᠤᠷᠢᠲᠠᠳ ᠪᠠ ᠮᠡᠷᠭᠡᠵᠢᠯ᠎ᠢ ᠣᠷᠣᠭᠤᠯᠤᠨ ᠠᠪᠴᠢᠷᠠᠬᠤ᠎ᠪᠠᠷ ᠳᠠᠮᠵᠢᠭᠤᠯᠤᠨ᠂ ᠵᠡᠭᠦᠨ ᠬᠣᠶ᠋ᠢᠲᠤ ᠠᠽᠢᠶ᠎ᠠ ᠴᠢᠨᠠᠭᠰᠢᠯᠠᠪᠠᠯ ᠪᠦᠬᠦ ᠳᠡᠯᠡᠬᠡᠢ ᠵᠢᠨ ᠨᠡᠭᠦᠳᠡᠯ ᠲᠤᠮᠤ ᠵᠠᠬ᠎ᠠ ᠳᠡᠯᠭᠡᠭᠦᠷ᠎ᠲᠠᠬᠢ ᠵᠡᠭᠦᠨ ᠬᠣᠶ᠋ᠢᠲᠤ ᠣᠷᠣᠨ᠎ᠤ ᠲᠤᠰ ᠪᠡᠶ᠎ᠡ ᠵᠢᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠵᠡᠭᠦᠨ ᠬᠣᠶ᠋ᠢᠲᠤ ᠣᠷᠣᠨ ᠭᠡᠬᠦ 《ᠲᠣᠯᠣᠭ᠋ᠠᠢ᠌ᠯᠠᠭᠴᠢ》 ᠵᠢᠨ ᠦᠢ᠍ᠯᠡᠳᠦᠯ ᠵᠶ᠋ᠡᠨ ᠪᠠᠳᠠᠷᠠᠭᠤᠯᠵᠤ᠂ ᠥᠭᠡᠷᠡᠴᠢᠯᠡᠯᠲᠡ ᠨᠡᠭᠡᠭᠡᠯᠳᠡ ᠵᠢᠨ ᠳᠤᠮᠳᠠ ᠰᠢᠨ᠎ᠡ ᠴᠤᠭ ᠵᠢᠪᠬᠤᠭ᠎ᠠ᠎ᠪᠠᠨ ᠢᠯᠡᠷᠡᠭᠦᠯᠬᠦ ᠬᠡᠷᠡᠭᠲᠡᠶ ᠭᠡᠵᠡᠢ᠃