ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ 《〈ᠤᠬ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ᠄ ᠲᠡᠮᠡᠴᠡᠯ᠎ᠤᠨ ᠥᠩᠭᠡᠷᠡᠯᠲᠡ᠎ᠪᠠᠨ ᠪᠠᠲᠤ ᠴᠡᠭᠡᠵᠢᠯᠡᠨ ᠲᠡᠦᠬᠡ ᠵᠢᠨ ᠡᠬᠥᠷᠭᠡ ᠬᠠᠷᠢᠭᠤᠴᠠᠯᠭ᠎ᠠ᠎ᠪᠠᠨ ᠡᠭᠦᠷᠭᠡᠯᠡᠵᠤ ᠨᠠᠮ᠎ᠤᠨ ᠲᠡᠮᠡᠴᠡᠯ᠎ᠤᠨ ᠲᠡᠦᠬᠡ᠎ᠠᠴᠠ ᠤᠷᠤᠭᠰᠢᠯᠠᠯᠲᠠ ᠵᠢᠨ ᠬᠦᠴᠦᠨ᠎ᠢ ᠰᠢᠩᠬᠡᠬᠡᠨ ᠠᠪᠬᠤ ᠬᠡᠷᠡᠭᠳᠠᠢ
ᠨᠡᠶ᠋ᠢᠲᠡᠯᠡᠭᠰᠡᠨ ᠴᠠᠭ᠄ 2021-06-21

      ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠲᠠᠰᠢᠷᠠᠮ ᠵᠶ᠋ᠠᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 18᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ᠂ 《〈ᠤᠬ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠭᠰᠡᠨ ᠪᠥᠭᠡᠳ ᠨᠠᠮ᠎ᠤᠨ ᠭᠡᠰᠢᠭᠦᠨ ᠤᠳᠤᠷᠢᠳᠬᠤ ᠨᠥᠬᠥᠳ᠎ᠢ ᠳᠠᠭ᠋ᠠᠭᠤᠯᠤᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠳᠠᠬᠢᠨ ᠡᠷᠭᠢᠴᠡᠭᠦᠯᠦᠨ ᠤᠩᠰᠢᠵᠠᠢ᠃ ᠲᠡᠷᠡ᠂ ᠨᠠᠮ᠎ᠤᠨ ᠲᠡᠦᠬᠡ ᠪᠣᠯ ᠬᠠᠮᠤᠭ᠎ᠤᠨ ᠠᠮᠢᠳᠤᠯᠢᠭ᠂ ᠬᠠᠮᠤᠭ᠎ᠤᠨ ᠢᠲᠡᠭᠡᠭᠦᠯᠬᠦ ᠬᠦᠴᠦᠨ᠎ᠲᠠᠢ ᠬᠢᠴᠢᠶᠡᠯ᠎ᠤᠨ ᠪᠢᠴᠢᠭ ᠮᠥᠨ᠃ ᠮᠠᠨ᠎ᠤ ᠨᠠᠮ᠎ᠤᠨ ᠵᠠᠭᠤᠨ ᠵᠢᠯ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠳᠤ ᠴᠢᠩᠭ᠎ᠠ ᠦᠢ᠍ᠯᠡᠳᠦᠯᠭᠡᠵᠢᠭᠦᠯᠦᠭᠰᠡᠨ ᠵᠠᠭᠤᠨ ᠵᠢᠯ ᠮᠥᠨ᠂ ᠰᠢᠷᠭ᠋ᠠᠭᠤ ᠬᠠᠳᠠᠭᠤᠵᠢᠯᠳᠠᠢ᠎ᠪᠠᠷ ᠰᠠᠭᠤᠷᠢ ᠵᠢ ᠴᠤᠬ᠍ᠴᠠᠯᠠᠨ ᠦᠢ᠍ᠯᠡᠰ ᠪᠤᠰᠬᠠᠭᠰᠠᠨ ᠵᠠᠭᠤᠨ ᠵᠢᠯ ᠮᠥᠨ᠂ ᠭᠡᠷᠡᠯ ᠰᠠᠴᠤᠷᠠᠩᠭᠤᠢ ᠠᠮᠵᠢᠯᠲᠠ ᠵᠢ ᠡᠭᠦᠳᠦᠨ ᠢᠷᠡᠭᠡᠳᠦᠢ ᠵᠢ ᠨᠡᠭᠡᠭᠡᠭᠰᠡᠨ ᠵᠠᠭᠤᠨ ᠵᠢᠯ ᠮᠥᠨ᠃ ᠥᠩᠭᠡᠷᠡᠭᠰᠡᠨ᠎ᠤ ᠲᠡᠮᠡᠴᠡᠯ᠎ᠤᠨ ᠵᠠᠮ ᠵᠶ᠋ᠠᠨ ᠡᠷᠭᠢᠴᠡᠭᠦᠯᠦᠨ᠂ ᠤᠷᠤᠭᠰᠢᠯᠠᠯᠲᠠ ᠵᠢᠨ ᠵᠠᠮ ᠵᠶ᠋ᠠᠨ ᠪᠠᠷᠠᠯᠠᠬᠤ᠎ᠳᠤ᠂ ᠡᠷᠬᠡᠪᠰᠢ ᠨᠠᠮ᠎ᠤᠨ ᠲᠡᠦᠬᠡ ᠵᠢ ᠰᠠᠶ᠋ᠢᠲᠤᠷ ᠰᠤᠷᠤᠯᠴᠠᠵᠤ᠂ ᠰᠠᠶ᠋ᠢᠲᠤᠷ ᠳ᠋ᠦᠩᠨᠡᠵᠦ᠂ ᠨᠠᠮ᠎ᠤᠨ ᠡᠷᠬᠢᠮ ᠨᠠᠨᠳᠢᠨ ᠲᠤᠷᠰᠢᠯᠭ᠎ᠠ ᠵᠢ ᠰᠠᠶ᠋ᠢᠲᠤᠷ ᠤᠯᠠᠮᠵᠢᠯᠠᠵᠤ᠂ ᠰᠠᠶ᠋ᠢᠲᠤᠷ ᠪᠠᠳᠠᠷᠠᠭᠤᠯᠵᠤ᠂ ᠲᠡᠮᠡᠴᠡᠯ᠎ᠤᠨ ᠥᠩᠭᠡᠷᠡᠯᠲᠡ ᠵᠢ ᠪᠠᠲᠤ ᠴᠡᠭᠡᠵᠢᠯᠡᠵᠦ᠂ ᠲᠡᠦᠬᠡᠨ ᠬᠠᠷᠢᠭᠤᠴᠠᠯᠭ᠎ᠠ ᠵᠢ ᠡᠭᠦᠷᠭᠡᠯᠡᠵᠦ᠂ ᠨᠠᠮ᠎ᠤᠨ ᠲᠡᠮᠡᠴᠡᠯ᠎ᠤᠨ ᠲᠡᠦᠬᠡ᠎ᠠᠴᠠ ᠤᠷᠤᠭᠰᠢᠯᠠᠯᠲᠠ ᠵᠢᠨ ᠬᠦᠴᠦᠨ᠎ᠢ ᠰᠢᠩᠭᠡᠭᠡᠨ ᠠᠪᠬᠤ ᠬᠡᠷᠡᠭᠲᠡᠢ᠃ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷᠴᠤᠳ᠎ᠢ ᠰᠤᠷᠭ᠋ᠠᠨ ᠬᠥᠮᠦᠵᠢᠭᠦᠯᠵᠦ ᠬᠥᠲᠥᠯᠥᠨ ᠵᠢᠯᠣᠭᠣᠳᠴᠤ ᠪᠠᠢ᠍ᠢ᠍ᠭ᠋ᠠᠳ ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠭᠤᠯᠤᠨ᠂ ᠨᠠᠩ ᠤᠬᠠᠮᠰᠠᠷ᠎ᠠᠴᠠ᠎ᠪᠠᠨ ᠤᠭ ᠰᠠᠨᠠᠭ᠎ᠠ᠎ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢ᠍ᠢ᠍ᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠤᠨ ᠰᠢᠨ᠎ᠡ ᠵᠢ ᠡᠭᠦᠳᠦᠭᠰᠡᠨ ᠣᠨᠣᠯ᠎ᠢ ᠰᠠᠶ᠋ᠢᠲᠤᠷ ᠰᠤᠷᠤᠯᠴᠠᠨ ᠰᠠᠶ᠋ᠢᠲᠤᠷ ᠬᠡᠷᠡᠭᠯᠡᠵᠤ᠂ ᠬᠤᠪᠢᠰᠬᠠᠯ᠎ᠤᠨ ᠠᠮᠢᠨ ᠰᠤᠳᠠᠰᠤ ᠵᠢ ᠵᠠᠯᠭ᠋ᠠᠮᠵᠢᠯᠠᠵᠤ᠂ ᠦᠩᠭᠡ ᠭᠡᠷᠡᠯᠳᠤ ᠤᠯᠠᠮᠵᠢᠯᠠᠯ᠎ᠢ ᠪᠠᠳᠠᠷᠠᠭᠤᠯᠵᠤ᠂ ᠬᠣᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠪᠠᠳᠠᠷᠠᠭᠤᠯᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠨᠠᠩ ᠰᠠᠶ᠋ᠢᠨ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢ᠍ᠯ᠎ᠤᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠠᠤᠭ᠎ᠠ ᠬᠦᠴᠦᠨ᠎ᠢ ᠨᠢᠭᠳᠠᠷᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃

      ᠯᠢ ᠺᠸ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠠᠵᠢᠯᠯᠠᠭ᠎ᠠ᠎ᠳᠤ ᠣᠷᠣᠯᠴᠠᠪᠠ᠃

1.jpg

 

      6 ᠰᠠᠷ᠎ᠠ ᠵᠢᠨ 18᠎ᠤ ᠡᠳᠦᠷ᠂ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ 《〈ᠤᠬ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠪᠡ᠃

      ᠰᠢᠨᠬᠤᠧᠠ ᠬᠤᠷᠢᠶᠠᠨ᠎ᠤ ᠰᠤᠷᠪᠤᠯᠵᠢᠯᠠᠬ᠍ᠴᠢ ᠵᠢᠦᠢ ᠫᠧᠩ ᠰᠡᠬᠦᠳᠡᠷᠯᠡᠪᠡ


2.jpg

 

      6 ᠰᠠᠷ᠎ᠠ ᠵᠢᠨ 18᠎ᠤ ᠡᠳᠦᠷ᠂ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠦ᠍᠂ ᠸᠠᠩ ᠶᠠᠩ᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠳᠤ 《〈ᠤᠬ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ》᠎ᠢ ᠲᠣᠭᠣᠷᠢᠨ ᠦᠵᠡᠪᠡ᠃ ᠡᠨᠡ ᠪᠤᠯ ᠲᠤᠭᠤᠷᠢᠨ ᠦᠵᠡᠭᠰᠡᠨ᠎ᠤ ᠲᠠᠷᠠᠭ᠎ᠠ᠂ ᠰᠢ ᠵᠢᠨ ᠫᠢᠩ ᠨᠠᠮ᠎ᠤᠨ ᠭᠡᠰᠢᠭᠦᠨ ᠤᠳᠤᠷᠢᠳᠬᠤ ᠨᠥᠬᠥᠳ᠎ᠢ ᠳᠠᠭ᠋ᠠᠭᠤᠯᠤᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠳᠠᠬᠢᠨ ᠡᠷᠭᠢᠴᠡᠭᠦᠯᠦᠨ ᠤᠩᠰᠢᠵᠤ ᠪᠠᠢ᠍ᠢ᠍ᠭ᠎ᠠ᠎ᠨᠢ᠃

      ᠰᠢᠨᠬᠤᠧᠠ ᠬᠤᠷᠢᠶᠠᠨ᠎ᠤ ᠰᠤᠷᠪᠤᠯᠵᠢᠯᠠᠬ᠍ᠴᠢ ᠯᠢ ᠰᠢᠤᠧᠠᠢ ᠷᠧᠨ ᠰᠡᠬᠦᠳᠡᠷᠯᠡᠪᠡ

     

      ᠰᠢᠨ᠎ᠡ᠎ᠪᠠᠷ ᠪᠠᠶ᠋ᠢᠭᠤᠯᠤᠭᠳᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ ᠰᠡᠬᠦᠶ᠋ᠢᠨ ᠰᠦᠨᠳᠡᠷᠯᠡᠵᠦ᠂ ᠰᠦᠷᠯᠢᠭ ᠶᠡᠭᠡᠮᠰᠦᠭ ᠪᠠᠢ᠍ᠢ᠍ᠯ᠎ᠠ᠃ ᠦᠳᠡ ᠵᠢᠨ ᠬᠣᠶ᠋ᠢᠨᠠᠬᠢ 3 ᠴᠠᠭ 20 ᠮᠢᠨᠦ᠋ᠲ᠎ᠤᠨ ᠦᠶ᠎ᠡ᠎ᠪᠠᠷ᠂ ᠰᠢ ᠵᠢᠨ ᠫᠢᠩ ᠵᠡᠷᠭᠡ ᠨᠠᠮ ᠪᠠ ᠲᠦᠷᠦ ᠵᠢᠨ ᠤᠳᠤᠷᠢᠳᠬᠤ ᠨᠥᠬᠥᠳ ᠡᠨᠳᠡ ᠢᠷᠡᠵᠦ᠂ ᠦᠵᠡᠭᠦᠯᠭᠡ ᠵᠢᠨ ᠲᠢᠩᠬᠢᠮ᠎ᠳᠤ ᠣᠷᠣᠵᠤ ᠦᠵᠡᠰᠬᠦᠯᠡᠩ᠎ᠢ ᠲᠣᠭᠣᠷᠢᠨ ᠦᠵᠡᠪᠡ᠃ ᠦᠵᠡᠰᠬᠦᠯᠡᠩ᠎ᠨᠢ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠠ》᠎ᠪᠠᠷ ᠭᠤᠤᠯ ᠰᠡᠳᠦᠪ ᠪᠣᠯᠭ᠋ᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠠᠶ᠋ᠢᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠢᠯᠠᠯᠲᠠ ᠵᠢ ᠲᠡᠮᠡᠴᠡᠨ ᠣᠯᠤᠭᠰᠠᠨ᠎ᠨᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠢ ᠪᠠᠶ᠋ᠢᠭᠤᠯᠵᠤ ᠨᠡᠶ᠋ᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶ᠋ᠢᠭᠤᠯᠤᠯᠲᠠ ᠬᠢᠭᠰᠡᠨ᠎ᠨᠢ》᠂ 《ᠥᠭᠡᠷᠡᠴᠢᠯᠡᠯᠲᠡ ᠨᠡᠭᠡᠭᠡᠯᠲᠡ ᠬᠢᠵᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠡᠭᠦᠳᠦᠨ ᠬᠥᠭᠵᠢᠭᠦᠯᠦᠭᠰᠡᠨ᠎ᠨᠢ》᠂ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠬᠤ ᠵᠢ ᠠᠬᠢᠭᠤᠯᠵᠤ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠵᠦ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠦᠭᠰᠡᠨ᠎ᠨᠢ》 ᠵᠡᠷᠭᠡ 4 ᠬᠡᠰᠡᠭ᠎ᠢ ᠨᠠᠷᠢᠨ ᠨᠢᠮᠪᠠᠢ ᠲᠦᠯᠦᠪᠯᠡᠨ ᠵᠤᠬᠢᠶᠠᠵᠤ᠂ 2600 ᠭᠠᠷᠤᠶ ᠬᠡᠷᠡᠯ ᠵᠢᠷᠤᠭ᠂ 3500 ᠭᠠᠷᠤᠢ ᠢᠵᠢ ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠠᠷ ᠳᠠᠮᠵᠢᠭᠤᠯᠤᠨ ᠠᠩᠬ᠎ᠠ ᠤᠲᠠᠭ᠎ᠠ ᠪᠦᠬᠦ ᠲᠠᠯ᠎ᠠ᠎ᠪᠠᠷ᠂ ᠪᠦᠬᠦ ᠶᠠᠪᠤᠴᠠ ᠵᠢᠨ᠂ ᠪᠦᠬᠦ ᠦᠵᠡᠮᠵᠢ ᠵᠢᠨ ᠬᠡᠯᠪᠡᠷᠢ᠎ᠪᠠᠷ ᠲᠤᠮᠲᠠᠲᠤ ᠤᠯᠤᠰ᠎ᠤᠨ ᠡᠪ ᠬᠠᠮᠲᠤ ᠨᠠᠮ᠎ᠤᠨ ᠰᠦᠷ ᠳᠠᠯᠠᠶ᠋ᠢᠴᠠᠲᠠᠶ ᠵᠠᠭᠤᠨ ᠵᠢᠯ᠎ᠤᠨ ᠥᠩᠭᠡᠷᠡᠯᠲᠡ ᠵᠢ ᠲᠤᠤᠯᠢᠰᠯᠢᠭ ᠢᠯᠡᠷᠡᠭᠦᠯᠵᠦ᠂ ᠨᠠᠮ᠎ᠤᠨ ᠴᠥᠬᠥᠷᠡᠰᠢ ᠦᠭᠡᠢ ᠲᠡᠮᠡᠴᠡᠭᠰᠡᠨ ᠲᠡᠦᠬᠡ᠂ ᠦᠷᠡᠭᠳᠡᠯ ᠰᠦᠢ᠍ᠳᠦᠯ᠎ᠠᠴᠠ ᠠᠶᠤᠬᠤ ᠦᠭᠡᠢ ᠲᠡᠤᠬᠡ᠂ ᠤᠨᠤᠯ᠎ᠤᠨ ᠰᠦᠪᠡᠭᠴᠢᠯᠡᠯᠲᠡ ᠵᠢᠨ ᠲᠡᠦᠬᠡ᠂ ᠠᠷᠠᠳ ᠲᠦᠮᠡᠨ᠎ᠳᠤ ᠪᠤᠶᠠᠨ ᠦᠢ᠍ᠯᠡᠳᠦᠭᠰᠡᠨ ᠲᠡᠦᠬᠡ᠂ ᠲᠤᠰ ᠪᠡᠶ᠎ᠡ ᠵᠢᠨ ᠪᠠᠶ᠋ᠢᠭᠤᠯᠤᠯᠲᠠ ᠵᠢᠨ ᠲᠡᠦᠬᠡ ᠵᠢ ᠬᠦᠢ᠍ᠴᠡᠳ ᠬᠦᠨᠵᠡᠭᠡᠢ ᠲᠤᠰᠬᠠᠵᠦ᠂ ᠬᠥᠮᠦᠰ᠎ᠲᠤ ᠬᠤᠪᠢᠰᠬᠠᠯᠳᠤ ᠵᠠᠰᠠᠭ᠎ᠤᠨ ᠡᠷᠬᠡ ᠬᠢᠯᠪᠠᠷ ᠪᠤᠰᠤ᠎ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ᠎ᠪᠠᠷ ᠢᠷᠡᠭᠰᠡᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠬᠢᠯᠪᠠᠷ ᠪᠤᠰᠤ᠎ᠪᠠᠷ ᠢᠷᠡᠭᠰᠡᠨ ᠭᠡᠳᠡᠭ᠎ᠢ ᠭᠦᠨᠵᠡᠭᠡᠶ ᠲᠠᠨᠢᠭᠤᠯᠪᠠ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ ᠴᠢᠳᠠᠬᠤ᠂ ᠮᠠᠷᠺᠰ᠎ᠤᠨ ᠦᠵᠡᠯ ᠶᠠᠭ᠋ᠠᠬᠢᠭ᠋ᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠶᠠᠭ᠋ᠠᠬᠢᠭ᠋ᠠᠳ ᠰᠠᠶ᠋ᠢᠨ ᠪᠠᠶ᠋ᠢᠳᠠᠭ᠎ᠢ ᠭᠦᠨᠵᠡᠭᠡᠶ ᠲᠠᠨᠢᠭᠤᠯᠪᠠ᠃

      ᠰᠦᠷ ᠵᠢᠪᠬᠤᠭ᠋ᠠᠲᠠᠢ ᠤᠷᠲᠤ ᠴᠠᠭ᠋ᠠᠨ ᠬᠡᠷᠡᠮ᠎ᠤᠨ ᠭᠤᠤᠯ ᠰᠡᠳᠦᠪᠲᠦ ᠰᠢᠷ ᠪᠤᠳᠤᠬᠳᠤ ᠵᠢᠷᠤᠭ᠂ ᠮᠠᠷᠺᠰ᠎ᠤᠨ 《ᠪᠷᠦ᠋ᠰᠧᠯ᠎ᠤᠨ ᠲᠡᠮᠳᠡᠭᠯᠡᠯ》᠎ᠤᠨ ᠳᠥᠷᠪᠡᠳᠦᠭᠡᠷ ᠲᠡᠮᠳᠡᠭᠯᠡᠯ᠎ᠤᠨ ᠳᠡᠪᠲᠡᠷ᠎ᠤᠨ ᠡᠬᠡ ᠪᠢᠴᠢᠮᠡᠯ᠂ ᠠᠩᠬᠠᠲᠤᠭ᠋ᠠᠷ ᠶᠡᠬᠡ ᠬᠤᠷᠠᠯ᠎ᠤᠨ ᠭᠠᠵᠠᠷ᠎ᠤᠨ ᠤᠤᠯ ᠪᠠᠢ᠍ᠢ᠍ᠳᠠᠯ᠎ᠢ ᠰᠡᠷᠭᠦᠭᠡᠭᠰᠡᠨ ᠦᠵᠡᠭᠳᠡᠯ᠂ ᠬᠤᠪᠢᠰᠬᠠᠯ᠎ᠤᠨ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠤᠬᠰᠠᠨ ᠦᠵᠡᠭᠦᠯᠭᠡ ᠵᠢᠨ ᠰᠠᠮᠪᠠᠷ᠎ᠠ᠂ ᠽᠦᠨ ᠢ ᠵᠢᠨ ᠬᠤᠷᠠᠯ᠎ᠤᠨ ᠤᠤᠯ ᠪᠠᠢ᠍ᠢ᠍ᠳᠠᠯ᠎ᠢ ᠰᠡᠷᠭᠦᠭᠡᠭᠰᠡᠨ ᠦᠵᠡᠮᠵᠢ᠂ ᠨᠠᠮ᠎ᠤᠨ ᠳᠣᠯᠣᠲᠤᠭ᠋ᠠᠷ ᠶᠡᠬᠡ ᠬᠤᠷᠠᠯ᠎ᠤᠨ ᠪᠢᠯᠧᠲ ᠥᠭᠬᠦ ᠬᠠᠶ᠋ᠢᠷᠴᠠᠭ᠂ ᠤᠯᠤᠰ ᠪᠠᠶ᠋ᠢᠭᠤᠯᠤᠭᠳᠠᠭᠰᠠᠨ ᠦᠪᠡᠳᠡᠭᠰᠢ ᠶᠣᠰᠣᠯᠠᠯ᠎ᠤᠨ ᠬᠡᠷᠡᠯ ᠵᠢᠷᠤᠭ᠂ ᠠᠮᠧᠷᠢᠺᠠ ᠵᠢ ᠡᠰᠡᠷᠭᠦᠴᠡᠨ ᠰᠣᠯᠣᠩᠭᠣᠰ᠎ᠢ ᠲᠤᠰᠠᠯᠠᠬᠰᠠᠨ ᠲᠠᠢ᠍ᠢ᠍ᠨ᠎ᠳᠤ ᠬᠡᠷᠡᠭᠯᠡᠵᠦ ᠥᠩᠭᠡᠷᠡᠭᠰᠡᠨ ᠵᠡᠪᠰᠡᠭ᠂ 《ᠦᠵᠡᠯ ᠰᠠᠨᠠᠭ᠎ᠠ᠎ᠪᠠᠨ ᠴᠢᠯᠥᠭᠡᠯᠡᠵᠦ᠂ ᠦᠨᠡᠨ᠎ᠢ ᠪᠠᠷᠢᠮᠳᠠᠯᠠᠨ ᠪᠤᠳᠠᠳᠠᠢ ᠵᠢ ᠡᠷᠬᠢᠮᠯᠡᠵᠦ᠂ ᠪᠦᠯᠬᠦᠮᠳᠡᠨ ᠨᠢᠭᠡᠳᠴᠦ ᠤᠷᠤᠬᠰᠢᠯᠠᠰᠤᠭ᠋ᠠᠢ》 ᠭᠡᠰᠡᠡ ᠶᠠᠷᠢᠶᠠᠨ᠎ᠤ ᠲᠣᠪᠴᠢᠯᠠᠯ᠂ ᠠᠵᠤ ᠠᠬᠤᠢ ᠵᠢᠨ ᠣᠨᠴᠠᠭ᠋ᠠᠢ ᠣᠷᠣᠨ᠎ᠢ ᠡᠭᠦᠳᠦᠨ ᠪᠠᠶ᠋ᠢᠭᠤᠯᠤᠬᠰᠠᠨ ᠭᠡᠷᠡᠯ ᠵᠢᠷᠤᠭ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠬᠰᠠᠨ ᠲᠣᠭ᠎ᠠ ᠪᠠᠷᠢᠮᠲᠠ ᠵᠢᠷᠤᠭ ᠬᠦᠰᠦᠨᠦᠭᠲᠦ᠂ ᠾᠦᠸᠸ ᠱᠸᠨ ᠱᠠᠨ᠂ ᠯᠸᠢ ᠱᠸᠨ ᠱᠠᠨ ᠡᠮᠨᠡᠯᠭᠡ ᠵᠢᠨ ᠬᠣᠷᠢᠶ᠎ᠠ ᠵᠢᠨ ᠵᠠᠭᠪᠤᠷ ᠁ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠳ᠋ ᠪᠤᠳᠠᠰ᠂ ᠨᠠᠷᠢᠨ ᠪᠣᠳᠠᠲᠠᠶ ᠳᠠᠩᠰᠠ ᠡᠪᠬᠡᠮᠡᠯ᠎ᠤᠨ ᠮᠠᠲ᠋ᠧᠷᠢᠶᠠᠯ᠂ ᠠᠮᠢᠳᠤ ᠲᠦᠷᠰᠦᠯᠢᠭ ᠭᠡᠷᠡᠯ ᠵᠢᠷᠤᠭ ᠸᠢᠳᠢᠣ᠋᠂ ᠤᠤᠯ ᠪᠠᠢ᠍ᠢ᠍ᠳᠠᠯ᠎ᠢ ᠰᠡᠷᠭᠦᠭᠡᠭᠰᠡᠨ ᠦᠪ ᠦᠨᠡᠨ ᠬᠡᠮᠡᠷᠬᠡᠨ ᠦᠵᠡᠮᠵᠢ᠎ᠨᠢ ᠰᠢ ᠵᠢᠨ ᠫᠢᠩ ᠵᠡᠷᠭᠡ ᠤᠳᠤᠷᠢᠳᠬᠤ ᠨᠥᠬᠥᠳ᠎ᠤᠨ ᠠᠩᠬᠠᠷᠤᠯ᠎ᠢ ᠲᠠᠲᠠᠪᠠ᠃ ᠲᠡᠳᠡ ᠪᠠᠶ᠋ᠢᠨ ᠪᠠᠶ᠋ᠢᠨ ᠵᠣᠭᠰᠣᠵᠤ ᠨᠠᠷᠢᠨ ᠬᠢᠨᠠᠮᠠᠭ᠋ᠠᠢ ᠦᠵᠡᠵᠦ᠂ ᠲᠠᠶ᠋ᠢᠯᠤᠮᠵᠢ ᠵᠢ ᠨᠠᠷᠢᠨ ᠬᠢᠨᠠᠮᠠᠭ᠋ᠠᠢ ᠰᠣᠨᠣᠰᠴᠤ᠂ ᠬᠣᠯᠪᠣᠭᠳᠠᠯ ᠪᠦᠬᠦᠢ ᠪᠠᠶ᠋ᠢᠳᠠᠯ᠎ᠢ ᠨᠢᠮᠪᠠᠢ ᠠᠰᠠᠭᠤᠵᠤ ᠪᠠᠶ᠋ᠢᠯ᠎ᠠ᠃

      ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠰᠢ ᠵᠢᠨ ᠫᠢᠩ ᠵᠡᠷᠭᠡ ᠨᠠᠮ᠎ᠤᠨ ᠭᠡᠰᠢᠭᠦᠨ ᠤᠳᠤᠷᠢᠳᠬᠤ ᠨᠥᠬᠥᠳ ᠨᠠᠮ᠎ᠤᠨ ᠲᠡᠦᠬᠡ ᠵᠢᠨ ᠦᠵᠡᠰᠬᠦᠯᠡᠩ᠎ᠤᠨ ᠣᠷᠳᠣᠨ᠎ᠤ ᠬᠤᠪᠢᠰᠬᠠᠯ᠎ᠤᠨ ᠶᠡᠬᠡ ᠲᠢᠩᠬᠢᠮ᠎ᠳᠤ ᠬᠦᠷᠴᠦ ᠢᠷᠡᠪᠡ᠃ ᠭᠠᠯ ᠤᠯᠠᠭ᠋ᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠭ᠎ᠲᠤ ᠬᠠᠨᠳᠤᠵᠤ᠂ ᠰᠢ ᠵᠢᠨ ᠫᠢᠩ ᠪᠠᠷᠠᠭᠤᠨ ᠨᠢᠳᠤᠷᠭ᠎ᠠ᠎ᠪᠠᠨ ᠵᠠᠩᠭᠢᠳᠴᠤ᠂ ᠤᠳᠤᠷᠢᠳᠬᠤ ᠨᠥᠬᠥᠳ ᠵᠶ᠋ᠠᠨ ᠳᠠᠭ᠋ᠠᠭᠤᠯᠤᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠲᠠᠬᠢᠨ ᠤᠩᠰᠢᠬᠤ᠎ᠳᠤ ᠴᠢᠩᠭ᠎ᠠ ᠬᠦᠴᠦᠲᠡᠢ ᠲᠠᠩᠭ᠋ᠠᠷᠢᠬᠯᠠᠬᠤ ᠲᠠᠭᠤᠨ ᠶᠡᠬᠡ ᠲᠢᠩᠬᠢᠮ᠎ᠳᠤ ᠴᠤᠤᠷᠢᠶᠠᠲᠤᠪᠠ᠃

      ᠪᠡᠭᠡᠵᠢᠩ᠎ᠳᠤ ᠪᠠᠶ᠋ᠢᠭ᠎ᠠ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠪᠠᠶ᠋ᠢᠴᠠᠭ᠋ᠠᠬᠤ ᠳᠠᠷᠤᠭ᠎ᠠ᠂ ᠪᠡᠭᠡᠵᠢᠩ᠎ᠳᠤ ᠪᠠᠶ᠋ᠢᠭ᠎ᠠ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠭᠡᠰᠢᠭᠦᠳ ᠦᠵᠡᠰᠬᠦᠯᠡᠩ᠎ᠢ ᠲᠣᠭᠣᠷᠢᠨ ᠦᠵᠡᠵᠠᠢ᠃

            

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠶ ᠪᠣᠳᠠᠲᠤ ᠲᠡᠮᠳᠡᠭᠯᠡᠯ᠄ ᠥᠨᠳᠥᠷ ᠲᠩᠷᠢ ᠵᠤᠵᠠᠭ᠋ᠠᠨ ᠬᠥᠷᠥᠰᠥᠨ᠎ᠳᠤ ᠦᠵᠡᠰᠬᠦᠯᠡᠩᠲᠦ ᠰᠠᠶ᠋ᠢᠬᠠᠨ ᠵᠢᠷᠤᠭ᠎ᠢ ᠳᠡᠯᠭᠡᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠨᠡ ᠵᠢᠯ᠎ᠠᠴᠠ ᠨᠠᠭ᠋ᠠᠰᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠨᠡᠯᠢᠶᠡᠳ ᠲᠦᠷᠭᠡᠨ ᠥᠰᠴᠦ ᠪᠠᠢ᠌ᠭ᠎ᠠ ᠪᠠᠢ᠌ᠳᠠᠯ᠎ᠳᠤ ᠴᠢᠭᠯᠡᠭᠦᠯᠦᠨ ᠪᠣᠳᠠᠲᠠᠢ᠎ᠪᠠᠷ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ᠎ᠳᠤ ᠥᠭᠬᠦ ᠨᠥᠬᠥᠪᠦᠷᠢ ᠣᠯᠭᠣᠬᠤ ᠵᠡᠷᠭᠡ ᠵᠢ ᠰᠢᠢ᠍ᠳᠪᠡ
ᠰᠢ ᠵᠢᠨ ᠫᠢᠩ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠲᠠᠨᠽᠠᠨᠢᠶ᠎ᠠ ᠵᠢᠨ ᠶᠡᠷᠦᠩᠬᠡᠶ᠋ᠢᠯᠡᠭᠴᠢ ᠬᠠᠰᠠᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠺᠤᠩᠭᠣ᠋ (ᠪᠦ᠊) ᠵᠢᠨ ᠶᠡᠷᠦᠩᠭᠡᠢ᠍ᠢ᠍ᠯᠡᠭᠴᠢ ᠰᠠᠰᠦ᠋᠎ᠲᠠᠢ ᠤᠲᠠᠰᠤ᠎ᠪᠠᠷ ᠶᠠᠷᠢᠯᠴᠠᠵᠠᠢ
 
            