ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠶ ᠪᠣᠳᠠᠲᠤ ᠲᠡᠮᠳᠡᠭᠯᠡᠯ᠄ ᠥᠨᠳᠥᠷ ᠲᠩᠷᠢ ᠵᠤᠵᠠᠭ᠋ᠠᠨ ᠬᠥᠷᠥᠰᠥᠨ᠎ᠳᠤ ᠦᠵᠡᠰᠬᠦᠯᠡᠩᠲᠦ ᠰᠠᠶ᠋ᠢᠬᠠᠨ ᠵᠢᠷᠤᠭ᠎ᠢ ᠳᠡᠯᠭᠡᠪᠡ
ᠨᠡᠶ᠋ᠢᠲᠡᠯᠡᠭᠰᠡᠨ ᠴᠠᠭ᠄ 2021-06-21

      ᠰᠢᠨᠬᠤᠸᠠ ᠬᠣᠷᠢᠶᠠᠨ᠎ᠤ ᠰᠢᠨᠢᠩ᠎ᠤᠨ 6 ᠳ᠋ᠤᠭ᠋ᠠᠷ ᠰᠠᠷ᠎ᠠ ᠵᠢᠨ 10᠎ᠤ ᠡᠳᠦᠷ᠎ᠤᠨ ᠴᠠᠬᠢᠯᠭ᠋ᠠᠨ   ᠭᠠᠷᠴᠠᠭ᠄ ᠥᠨᠳᠥᠷ ᠲᠡᠭᠷᠢ ᠵᠤᠵᠠᠭ᠋ᠠᠨ ᠬᠥᠷᠥᠰᠥᠨ᠎ᠳᠤ ᠦᠵᠡᠰᠬᠦᠯᠡᠩᠲᠦ ᠰᠠᠶ᠋ᠢᠬᠠᠨ ᠵᠢᠷᠤᠭ᠎ᠢ ᠳᠡᠯᠭᠡᠪᠡ — ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠭᠰᠠᠨ ᠲᠤᠬᠠᠢ ᠪᠣᠳᠠᠲᠤ ᠲᠡᠮᠳᠡᠭᠯᠡᠯ
      ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠠᠩ ᠰᠢᠶᠤᠤ ᠰᠦᠩ᠂ ᠵᠦ᠍ ᠵᠢᠢ ᠴᠠᠢ  ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠳ᠋ᠦ᠋ ᠱᠠᠩ ᠽᠸ᠂ ᠶᠤᠸᠠᠢ ᠰᠢᠶᠤᠤ ᠴᠢᠶᠣᠤ
      ᠬᠥᠬᠡᠨᠠᠭᠤᠷ᠂ ᠳᠡᠯᠡᠬᠡᠢ ᠵᠢᠨ ᠨᠢᠷᠤᠭᠤᠨ᠎ᠳᠤ ᠰᠡᠬᠦᠶ᠋ᠢᠨ᠂ ᠤᠮᠠᠷᠠᠰᠢ᠎ᠪᠠᠨ ᠥᠨᠳᠥᠷ ᠰᠦᠷᠯᠢᠭ ᠴᠢ ᠯᠢᠶᠠᠨ ᠱᠠᠨ ᠠᠭᠤᠯᠠ ᠵᠢ ᠲᠦᠰᠢᠨ᠂ ᠳᠤᠮᠳᠠᠭᠤᠷ ᠵᠶ᠋ᠠᠨ ᠨᠡᠯᠦᠭᠡᠷ ᠶᠡᠬᠡ ᠺᠦᠨᠯᠦ᠋ᠨ ᠠᠭᠤᠯᠠ᠎ᠲᠠᠢ ᠬᠣᠯᠪᠣᠯᠳᠤᠵᠤ᠂ ᠡᠮᠦᠨ᠎ᠡ᠎ᠨᠢ ᠲᠠᠩᠭᠤᠯᠠ ᠠᠭᠤᠯᠠ ᠰᠦᠨᠳᠡᠷᠯᠡᠵᠦ᠂ 《ᠳᠤᠮᠳᠠᠳᠤ ᠵᠢᠨ ᠤᠰᠤᠨ ᠰᠤᠪᠤᠷᠭ᠎ᠠ》 ᠪᠠ ᠭᠤᠷᠪᠠᠨ ᠮᠥᠷᠡᠨ᠎ᠤ ᠡᠬᠢ ᠵᠢ ᠬᠠᠮᠠᠭ᠋ᠠᠯᠠᠬᠤ ᠴᠢᠬᠤᠯᠠ ᠶᠡᠬᠡ ᠡᠭᠦᠷᠭᠡ ᠵᠢ ᠡᠭᠦᠷᠭᠡᠯᠡᠵᠦ᠂ ᠳᠤᠮᠳᠠᠳᠤ ᠤᠯᠤᠰ ᠴᠢᠨᠠᠭᠰᠢᠯᠠᠪᠠᠯ ᠵᠡᠭᠦᠨ ᠠᠽᠢᠶ᠎ᠠ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠵᠤ ᠪᠠᠢ᠌ᠨ᠎ᠠ᠃
      ᠬᠥᠬᠡᠨᠠᠭᠤᠷ ᠪᠠᠰᠠ ᠴᠤ᠌ ᠨᠢᠭᠡᠨ ᠬᠡᠰᠡᠭ ᠪᠦᠯᠬᠦᠮᠳᠡᠯ ᠨᠢᠭᠲᠠᠷᠠᠯ᠎ᠤᠨ ᠬᠠᠯᠠᠭᠤᠨ ᠥᠯᠥᠭᠡᠢ ᠮᠥᠨ᠃ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠥᠮᠦᠨ ᠠᠮᠠ ᠵᠢᠨ ᠬᠠᠷᠢᠴᠠᠯ ᠨᠡᠯᠢᠶᠡᠳ ᠥᠨᠳᠥᠷ ᠪᠠᠶ᠋ᠢᠭ᠎ᠠ ᠡᠨᠡ ᠬᠦ᠌ ᠮᠤᠵᠢ᠎ᠳᠤ᠂ ᠦᠨᠳᠦᠰᠦᠲᠡᠨ᠎ᠨᠦᠭᠦᠳ ᠬᠠᠷᠢᠯᠴᠠᠨ ᠳᠣᠲᠣᠨᠣᠴᠢᠯᠠᠨ᠂ ᠰᠣᠯᠢᠯᠴᠠᠨ ᠠᠭᠤᠰᠤᠯᠴᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠮᠤᠵᠢ ᠵᠢ ᠬᠠᠮᠤᠭ᠎ᠤᠨ ᠤᠷᠢᠳ ᠵᠶ᠋ᠠᠷ ᠡᠭᠦᠳᠦᠨ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠠᠮᠢᠨ ᠰᠤᠳᠠᠰᠤ ᠵᠢ ᠲᠠᠰᠤᠷᠠᠯᠲᠠ ᠦᠭᠡᠢ ᠪᠡᠬᠢᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠪᠠ᠃
      ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ᠂ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠲᠠᠰᠢᠷᠠᠮ ᠵᠶ᠋ᠠᠷ᠂ 6 ᠳ᠋ᠤᠭ᠋ᠠᠷ ᠰᠠᠷ᠎ᠠ ᠵᠢᠨ 7᠎ᠠᠴᠠ 9᠎ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠥᠨᠳᠥᠷᠯᠢᠭ᠎ᠲᠤ ᠭᠠᠷᠴᠤ᠂ ᠠᠵᠤ ᠠᠬᠤᠶ᠋ᠢᠯᠠᠯ᠎ᠢ ᠦᠵᠡᠬᠦ᠂ ᠨᠡᠶ᠋ᠢᠭᠡᠮ ᠲᠣᠭᠣᠷᠢᠭ ᠵᠶ᠋ᠠᠷ ᠰᠤᠷᠪᠤᠯᠵᠢᠯᠠᠬᠤ᠂ ᠬᠥᠳᠡᠭᠡ ᠲᠣᠰᠬᠣᠨ᠎ᠳᠤ ᠬᠦᠷᠬᠦ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠰᠢᠨᠵᠢᠯᠡᠨ ᠪᠠᠶ᠋ᠢᠴᠠᠭ᠋ᠠᠵᠤ᠂ ᠴᠢᠬᠤᠯᠠ ᠶᠠᠷᠢᠶ᠎ᠠ ᠲᠠᠯᠪᠢᠨ᠂ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠲᠣᠳᠣᠷᠬᠠᠢ ᠴᠢᠭᠯᠡᠯ᠎ᠢ ᠵᠢᠭ᠋ᠠᠵᠠᠢ᠃
      ᠥᠨᠳᠥᠷ ᠲᠩᠷᠢ ᠵᠤᠵᠠᠭ᠋ᠠᠨ ᠬᠥᠷᠥᠰᠥᠨ᠎ᠳᠤ᠂ ᠨᠢᠭᠡᠨ ᠦᠵᠡᠰᠬᠦᠯᠡᠩᠲᠦ ᠰᠠᠶ᠋ᠢᠬᠠᠨ ᠵᠢᠷᠤᠭ ᠳᠡᠯᠭᠡᠭᠳᠡᠪᠡ᠃
      《ᠬᠠᠮᠤᠭ᠎ᠤᠨ ᠥᠪᠡᠷᠮᠢᠴᠡ ᠣᠨᠴᠠᠯᠢᠭ᠎ᠲᠠᠢ ᠠᠵᠤ ᠦᠢ᠍ᠯᠡᠰ᠂ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ ᠠᠵᠤ ᠠᠬᠤᠶ᠋ᠢᠯᠠᠯ᠎ᠢ ᠠᠳᠬᠤᠬᠤ᠎ᠳᠤ᠎ᠪᠠᠨ ᠴᠢᠳᠠᠮᠠᠭ᠋ᠠᠢ ᠪᠠᠶ᠋ᠢᠬᠤ ᠬᠡᠷᠡᠭᠲᠡᠢ》
      7᠎ᠤ ᠡᠳᠦᠷ᠎ᠤᠨ ᠦᠳᠡ ᠵᠢᠨ ᠬᠣᠶ᠋ᠢᠨ᠎ᠠ᠂ ᠬᠥᠬᠡᠨᠠᠭᠤᠷ᠎ᠤᠨ ᠱᠧᠩ ᠶᠤᠸᠠᠨ ᠬᠡᠪᠢᠰ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠲᠠᠰᠤᠭ᠎ᠲᠤ ᠮᠠᠰᠢᠨ ᠲᠦᠷᠴᠢᠭᠢᠨᠡᠵᠦ᠂ ᠠᠵᠢᠯᠴᠢᠳ ᠶᠠᠭ᠋ᠠᠷᠠᠯᠲᠠᠢ ᠠᠵᠢᠯᠯᠠᠵᠤ ᠪᠠᠢ᠌ᠭ᠎ᠠ ᠪᠠᠶ᠋ᠢᠳᠠᠯ ᠬᠠᠷᠠᠭᠳᠠᠨ᠎ᠠ᠃
      ᠠᠳᠠᠯᠢ ᠪᠤᠰᠤ ᠬᠡᠮᠵᠢᠶ᠎ᠡ᠎ᠲᠠᠢ᠂ ᠠᠳᠠᠯᠢ ᠪᠤᠰᠤ ᠥᠩᠭᠡ ᠵᠢᠨ ᠬᠡᠰᠡᠭ ᠬᠡᠰᠡᠭ ᠲᠥᠪᠡᠳ ᠬᠡᠪᠢᠰ᠎ᠢ ᠬᠡᠷᠡᠮ ᠳᠦᠭᠦᠷᠡᠩ ᠡᠯᠭᠦᠵᠦ᠂ ᠳᠡᠭᠡᠷ᠎ᠡ᠎ᠨᠢ ᠦᠰᠦᠭ᠂ ᠴᠡᠴᠡᠭ ᠰᠢᠪᠠᠭᠤ᠂ ᠥᠩᠭᠡ ᠦᠵᠡᠮᠵᠢ ᠵᠡᠷᠭᠡ ᠡᠯᠳᠡᠪ ᠶᠠᠩᠵᠤ ᠵᠢᠨ ᠬᠡ ᠤᠭ᠋ᠠᠯᠵᠠ ᠵᠢ ᠨᠡᠬᠡᠵᠦ᠂ ᠪᠣᠳᠠᠲᠤ᠂ ᠬᠡᠶ᠋ᠢᠰᠪᠦᠷᠢ᠂ ᠤᠯᠠᠮᠵᠢᠯᠠᠯᠲᠤ᠂ ᠣᠳᠣ ᠦᠶ᠎ᠡ ᠵᠢᠨ᠂ ᠤᠷᠠᠯᠢᠭ ᠰᠠᠢ᠌ᠬᠠᠨ ᠤᠭ᠋ᠠᠯᠵᠠ ᠬᠡ᠎ᠪᠠᠷ ᠵᠶ᠋ᠡᠨ ᠤᠯᠤᠰ ᠣᠯᠠᠨ᠎ᠤ ᠪᠠᠬ᠎ᠠ ᠵᠢ ᠲᠠᠲᠠᠨ᠎ᠠ᠃
      《ᠦᠨᠡᠬᠡᠷ ᠨᠢᠳᠦ ᠳᠦᠭᠦᠷᠡᠩ ᠨᠠᠯ ᠡᠷᠳᠡᠨᠢ ᠪᠠᠢ᠌ᠨ᠎ᠠ》 ᠭᠡᠵᠦ ᠶᠡᠷᠦᠩᠬᠡᠢ ᠱᠦᠵᠢ ᠰᠢ ᠵᠢᠨ ᠫᠢᠩ ᠰᠣᠨᠢᠷᠬᠠᠯ ᠲᠥᠷᠥᠵᠦ ᠣᠢ᠌ᠷᠠᠲᠤᠨ ᠦᠵᠡᠵᠦ᠂ ᠲᠥᠪᠡᠳ ᠬᠡᠪᠢᠰ᠎ᠤᠨ ᠴᠢᠨᠠᠷ ᠴᠢᠨᠰᠠᠭ᠎ᠠ ᠵᠢ ᠪᠠᠶ᠋ᠢᠨ ᠪᠠᠶ᠋ᠢᠨ ᠲᠡᠮᠲᠡᠷᠢᠨ ᠦᠵᠡᠨ᠎ᠡ᠃
      ᠤᠢ᠍ᠢ᠍ᠷ᠎ᠠ ᠵᠢᠨ ᠵᠢᠯ᠎ᠤᠳ᠎ᠲᠤ᠂ ᠰᠢᠯᠢᠳᠡᠭ ᠲᠦᠭᠦᠬᠡᠢ ᠮᠠᠲ᠋ᠧᠷᠢᠶᠠᠯ᠂ ᠥᠪᠡᠷᠮᠢᠴᠡ ᠣᠨᠴᠠᠯᠢᠭ᠎ᠲᠠᠢ ᠦᠨᠳᠦᠰᠦᠲᠡᠨ᠎ᠤ ᠬᠡᠪ ᠨᠠᠮᠪᠠ ᠪᠣᠯᠤᠨ ᠨᠠᠷᠢᠯᠢᠭ ᠬᠢᠴᠡ᠎ᠲᠠᠢ ᠭᠠᠷ ᠤᠷᠠᠯᠠᠯ᠎ᠳᠤ᠎ᠪᠠᠨ ᠲᠦᠰᠢᠭᠯᠡᠨ ᠲᠥᠪᠡᠳ ᠬᠡᠪᠢᠰ᠎ᠨᠢ ᠥᠨᠳᠥᠷᠯᠢᠭ᠎ᠠᠴᠠ ᠪᠠᠭᠤᠵᠤ᠂ ᠳᠡᠯᠡᠬᠡᠢ ᠳ᠋ᠠᠬᠢᠨ᠎ᠢ ᠵᠣᠷᠢᠪᠠ᠃
      《ᠲᠠᠨ᠎ᠤ ᠠᠵᠤ ᠠᠬᠤᠶ᠋ᠢᠯᠠᠯ ᠶᠠᠮᠠᠷ ᠣᠨᠴᠠᠯᠢᠭ ᠪᠠ ᠳᠠᠪᠠᠭᠤᠯᠢᠭ᠎ᠲᠠᠢ ᠪᠤᠶ?》 ᠭᠡᠵᠦ ᠶᠡᠷᠦᠩᠬᠡᠢ ᠱᠦᠵᠢ ᠠᠰᠠᠭᠤᠭᠰᠠᠨ᠎ᠳᠤ᠂
      《ᠮᠠᠨ᠎ᠤ ᠺᠣᠮᠫᠠᠨᠢ ᠵᠢᠨ ᠬᠠᠮᠤᠭ᠎ᠤᠨ ᠶᠡᠬᠡ ᠣᠨᠴᠠᠯᠢᠭ ᠪᠣᠯ ᠲᠦᠭᠦᠬᠡᠶ ᠮᠠᠲ᠋ᠧᠷᠢᠶᠠᠯ᠎ᠤᠨ 90%᠎ᠠᠴᠠ ᠳᠡᠭᠡᠭᠰᠢᠬᠢ᠎ᠨᠢ ᠴᠣᠯ ᠪᠠᠢ᠌ᠭ᠋ᠠᠯᠢᠯᠢᠭ ᠶᠤᠮ》 ᠭᠡᠵᠦ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠤ᠎ᠪᠠᠨ᠂ ᠲᠡᠳᠡᠨ᠎ᠤ ᠬᠡᠷᠡᠭᠯᠡᠳᠡᠭ᠎ᠨᠢ ᠴᠥᠮ ᠬᠥᠬᠡᠨᠠᠭᠤᠷ᠎ᠠᠴᠠ ᠭᠠᠷᠤᠯᠲᠠ᠎ᠲᠠᠢ ᠪᠠᠢ᠌ᠭ᠋ᠠᠯᠢᠯᠢᠭ ᠬᠣᠨᠢᠨ᠎ᠤ ᠨᠣᠤᠰᠣ ᠪᠠᠢ᠌ᠵᠤ᠂ ᠡᠩ᠎ᠤᠨ ᠶᠠᠷᠢᠶᠠᠨ᠎ᠳᠤ 《ᠰᠢᠨᠢᠩ᠎ᠤᠨ ᠴᠠᠭ᠋ᠠᠨ ᠨᠣᠣᠰᠣ》 ᠭᠡᠳᠡᠭ᠃ ᠪᠠᠰᠠ ᠴᠢᠨᠠᠷᠯᠢᠭ ᠰᠠᠷᠯᠤᠭ᠎ᠤᠨ ᠨᠣᠣᠯᠣᠭᠤᠷ ᠪᠠᠢ᠌ᠵᠤ᠂ ᠨᠡᠬᠡᠵᠦ ᠭᠠᠷᠭ᠋ᠠᠭᠰᠠᠨ ᠲᠥᠪᠡᠳ ᠬᠡᠪᠢᠰ᠎ᠨᠢ ᠳᠠᠭ᠋ᠠᠭ᠋ᠠᠮᠠᠭ᠋ᠠᠶ ᠮᠥᠷᠲᠡᠭᠡᠨ ᠪᠣᠬᠢᠷᠲᠤᠯ ᠥᠬᠡᠶ ᠪᠠᠢ᠌ᠳᠠᠭ ᠭᠡᠵᠡᠢ᠃
      ᠲᠦᠭᠦᠬᠡᠢ ᠮᠠᠲ᠋ᠧᠷᠢᠶᠠᠯ᠎ᠤᠨ ᠳᠡᠯᠭᠡᠨ ᠦᠵᠡᠭᠦᠯᠬᠦ ᠬᠣᠷᠭᠣ ᠵᠢᠨ ᠡᠮᠦᠨ᠎ᠡ᠂ ᠶᠡᠷᠦᠩᠬᠡᠢ ᠱᠦᠵᠢ ᠬᠠᠷ᠎ᠠ ᠰᠠᠷᠯᠤᠭ᠎ᠤᠨ ᠨᠣᠣᠯᠣᠭᠤᠷ ᠂ ᠴᠠᠭ᠋ᠠᠨ ᠬᠤᠨᠢᠨ᠎ᠤ ᠨᠣᠣᠰᠣ ᠵᠢ ᠬᠤᠷᠤᠭᠤ᠎ᠪᠠᠷ ᠵᠶ᠋ᠠᠨ ᠬᠥᠩᠭᠡᠬᠡᠨ ᠢᠮᠡᠷᠦᠭᠡᠳ᠂ 《ᠦᠨᠡᠬᠡᠷ ᠰᠠᠢ᠌ᠬᠠᠨ ᠪᠠᠢ᠌ᠨ᠎ᠠ》 ᠭᠡᠯ᠎ᠡ᠃
      《ᠣᠳᠣ ᠲᠥᠪᠡᠳ ᠬᠡᠪᠢᠰ᠎ᠤᠨ ᠵᠠᠬ᠎ᠠ ᠳᠡᠯᠭᠡᠭᠦᠷ᠎ᠤᠨ ᠬᠡᠷᠡᠭᠴᠡᠭᠡ ᠬᠢᠷᠢ ᠵᠡᠷᠭᠡ? ᠲᠠ ᠨᠠᠷ ᠭᠣᠣᠯᠳᠠᠭᠤ ᠤᠯᠤᠰ᠎ᠤᠨ ᠳᠣᠲᠣᠭ᠋ᠠᠳᠤ᠎ᠳᠤ ᠪᠣᠷᠣᠯᠠᠭᠤᠯᠵᠤ ᠪᠠᠶ᠋ᠢᠬᠤ ᠶᠤᠮ ᠦᠦ᠂ ᠤᠯᠤᠰ᠎ᠤᠨ ᠭᠠᠳᠠᠭ᠋ᠠᠳᠤ᠎ᠳᠤ ᠪᠣᠷᠣᠯᠠᠭᠤᠯᠵᠤ ᠪᠠᠶ᠋ᠢᠬᠤ ᠶᠤᠮ ᠦᠦ?》 ᠭᠡᠵᠦ ᠶᠡᠷᠦᠩᠬᠡᠢ ᠱᠦᠵᠢ ᠵᠠᠯᠭ᠋ᠠᠭ᠋ᠠᠳ ᠠᠰᠠᠭᠤᠪᠠ᠃
      《ᠣᠳᠣᠬᠠᠨ᠎ᠳᠤ ᠮᠠᠰᠢ ᠣᠯᠠᠨ ᠬᠥᠮᠦᠰ ᠭᠡᠷ᠎ᠲᠤ᠎ᠪᠠᠨ ᠬᠡᠪᠢᠰ ᠡᠯᠭᠦᠵᠦ᠂ ᠤᠷᠠᠯᠢᠭ᠎ᠤᠨ ᠠᠭᠤᠷ ᠠᠮᠢᠰᠬᠤᠯ᠎ᠲᠠᠢ ᠪᠣᠯᠭ᠋ᠠᠬᠤ ᠳᠤᠷᠠᠲᠠᠢ ᠪᠣᠯᠪᠠ᠃ ᠡᠳᠡᠭᠡᠷ ᠵᠢᠯ᠎ᠤᠳ᠎ᠲᠤ ᠵᠠᠬ᠎ᠠ ᠳᠡᠯᠭᠡᠭᠦᠷ ᠤᠯᠠᠮ᠎ᠠᠴᠠ ᠤᠯᠠᠮ ᠰᠠᠶ᠋ᠢᠵᠢᠷᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠡᠷᠡᠭᠴᠡᠭᠡ ᠮᠠᠰᠢ ᠶᠡᠬᠡ ᠪᠣᠯᠵᠤ ᠪᠠᠶ᠋ᠢᠨ᠎ᠠ》᠃ ᠡᠨᠡ ᠬᠦ᠌ ᠠᠵᠤ ᠠᠬᠤᠶ᠋ᠢᠯᠠᠯ᠎ᠤᠨ ᠦᠢ᠍ᠯᠡᠳᠬᠦᠨ᠎ᠨᠢ ᠠᠯᠤᠰ ᠬᠤᠯᠠ ᠧᠦ᠋ᠷᠣᠫᠠ ᠠᠮᠧᠷᠢᠺᠠ᠂ ᠳᠤᠮᠳᠠᠳᠤ ᠳᠣᠷᠣᠨᠠᠲᠤ ᠵᠡᠷᠭᠡ 40 ᠭᠠᠷᠤᠢ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭᠳᠠᠵᠤ᠂ ᠨᠢᠳᠤᠨᠤᠨ 4200 ᠲᠦᠮᠡᠨ ᠲᠥᠭᠥᠷᠢᠭ᠎ᠤᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠵᠡᠢ᠃
      ᠬᠥᠬᠡᠨᠠᠭᠤᠷ ᠲᠥᠪᠡᠳ᠎ᠤᠨ ᠥᠨᠳᠥᠷᠯᠢᠭ᠎ᠲᠤ᠂ ᠲᠥᠪᠡᠳ ᠬᠡᠪᠢᠰ ᠨᠡᠬᠡᠭᠡᠳ ᠨᠢᠭᠡᠨᠲᠡ ᠮᠢᠩᠭ᠋ᠠᠨ ᠵᠢᠯ᠎ᠤᠨ ᠲᠡᠤᠬᠡ᠎ᠲᠠᠢ ᠪᠣᠯᠵᠠᠶ᠃ ᠦᠶ᠎ᠡ ᠵᠢᠨ ᠦᠶ᠎ᠡ᠎ᠳᠤ ᠤᠯᠠᠮᠵᠢᠯᠠᠭᠳᠠᠵᠤ᠂ ᠥᠭᠡᠷᠡᠴᠢᠯᠡᠨ ᠰᠠᠶ᠋ᠢᠵᠢᠷᠠᠭᠤᠯᠵᠤ ᠰᠢᠨ᠎ᠡ ᠵᠢ ᠡᠭᠦᠳᠬᠦ᠎ᠪᠠᠷ ᠳᠡᠮᠵᠢᠨ᠂ ᠤᠯᠠᠮᠵᠢᠯᠠᠯᠲᠤ ᠤᠷ᠎ᠠ ᠮᠡᠷᠭᠡᠵᠢᠯ ᠵᠶ᠋ᠠᠨ ᠬᠠᠳᠠᠭ᠋ᠠᠯᠠᠭᠰᠠᠨ ᠵᠶ᠋ᠠᠷ ᠪᠠᠷᠠᠬᠤ ᠥᠬᠡᠶ᠂ ᠰᠢᠨ᠎ᠡ ᠴᠣᠭ ᠵᠢᠪᠬᠤᠭ᠎ᠠ᠎ᠪᠠᠨ ᠪᠠᠳᠠᠷᠠᠭᠤᠯᠪᠠ᠃ 2006 ᠣᠨ᠎ᠳᠤ᠂ 《ᠭᠢᠶᠠᠶᠠ ᠲᠥᠪᠡᠳ ᠦᠨᠳᠦᠰᠦᠲᠡᠨ᠎ᠤ ᠬᠡᠪᠢᠰ ᠨᠡᠬᠡᠬᠦ ᠤᠷᠠᠯᠠᠯ》᠎ᠨᠢ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠨᠡᠷᠡᠰ᠎ᠲᠤ ᠵᠢᠭᠰᠠᠭ᠋ᠠᠭᠳᠠᠵᠠᠶ᠃
      ᠠᠵᠤ ᠠᠬᠤᠶ᠋ᠢᠯᠠᠯ᠎ᠤᠨ ᠦᠢ᠍ᠯᠡᠳᠪᠦᠷᠢ ᠵᠢᠨ ᠲᠠᠰᠤᠭ᠎ᠲᠤ᠂ ᠭᠢᠶᠠᠶᠠ ᠲᠥᠪᠡᠳ ᠬᠡᠪᠢᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ ᠶᠠᠩ ᠶᠦᠩ ᠯᠢᠶᠠᠩ ᠶᠠᠭ ᠰᠠᠶᠢᠬᠠᠨ ᠳᠡᠷᠭᠡᠳᠡᠬᠢ ᠱᠠᠪᠢ ᠨᠠᠷ᠎ᠲᠤ ᠵᠢᠭ᠋ᠠᠨ ᠤᠯᠠᠮᠵᠢᠯᠠᠵᠤ ᠪᠠᠢ᠌ᠯ᠎ᠠ᠃
      《ᠲᠠᠨ᠎ᠤ ᠡᠨᠡ ᠭᠠᠷ ᠤᠷᠠᠯᠠᠯ ᠴᠢᠨᠢ ᠳᠡᠭᠡᠳᠦᠰ᠎ᠠᠴᠠ᠎ᠪᠠᠨ ᠤᠯᠠᠮᠵᠢᠯᠠᠭᠰᠠᠨ ᠪᠢᠵᠡ? ᠬᠡᠳᠦᠳᠦᠭᠡᠷ ᠦᠶ᠎ᠡ ᠪᠣᠯᠵᠤ ᠪᠠᠢ᠌ᠨ᠎ᠠ?》 ᠭᠡᠵᠦ ᠶᠡᠷᠦᠩᠬᠡᠢ ᠱᠦᠵᠢ ᠵᠣᠭᠰᠣᠰᠬᠢᠨ᠂ ᠶᠠᠩ ᠪᠠᠭᠰᠢ᠎ᠲᠠᠢ ᠰᠠᠨᠠᠯ ᠵᠶ᠋ᠠᠨ ᠰᠣᠯᠢᠯᠴᠠᠨ᠎ᠠ᠃
      《ᠮᠢᠨᠦ ᠡᠨᠳᠡ ᠬᠦᠷᠦᠭᠡᠳ ᠳᠣᠯᠣᠳᠤᠭ᠋ᠠᠷ ᠦᠶ᠎ᠡ ᠪᠣᠯᠵᠤ ᠪᠠᠢ᠌ᠨ᠎ᠠ᠃ ᠪᠢ ᠨᠠᠢ᠍ᠮᠠᠨ ᠨᠠᠰᠤᠨ᠎ᠠᠴᠠ᠎ᠪᠠᠨ ᠡᠬᠢᠯᠡᠵᠦ ᠠᠪᠤ᠎ᠪᠠᠨ ᠳᠠᠭ᠋ᠠᠵᠤ ᠨᠣᠣᠰᠣ ᠤᠬᠢᠶᠠᠬᠤ᠂ ᠤᠲᠠᠰᠤ ᠲᠠᠮᠤᠬᠤ ᠵᠢ ᠰᠤᠷᠴᠠᠶ᠃》
      《ᠡᠶ᠋ᠢᠮᠦ ᠨᠢᠭᠡᠨ ᠲᠥᠪᠡᠳ ᠬᠡᠪᠢᠰ᠎ᠢ ᠨᠡᠬᠡᠬᠦ᠎ᠳᠤ ᠬᠡᠳᠦᠶ ᠴᠠᠭ ᠬᠡᠷᠡᠭᠰᠡᠬᠦ ᠪᠤᠶ?》
      《ᠨᠢᠭᠡ ᠬᠥᠮᠦᠨ ᠪᠠᠷᠤᠭ ᠨᠢᠭᠡ ᠰᠠᠷ᠎ᠠ ᠵᠢᠨ ᠴᠠᠭ ᠵᠠᠷᠤᠴᠠᠭᠤᠯᠤᠨ᠎ᠠ᠃》
      ᠶᠡᠷᠦᠩᠬᠡᠶ ᠱᠦᠵᠢ ᠲᠡᠭᠦᠨ᠎ᠢ᠄ 《ᠲᠠᠨ᠎ᠤ ᠡᠨᠡ ᠬᠦ᠌ ᠭᠠᠷ ᠤᠷᠠᠯᠠᠯ ᠮᠠᠰᠢ ᠨᠠᠨᠳᠢᠨ᠂ ᠮᠠᠰᠢ ᠤᠳᠬ᠎ᠠ ᠠᠭᠤᠯᠭ᠎ᠠ᠎ᠲᠠᠢ᠂ ᠵᠠᠪᠠᠯ ᠰᠠᠶ᠋ᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠶ》 ᠭᠡᠵᠦ ᠵᠣᠷᠢᠭᠵᠢᠭᠤᠯᠵᠠᠶ᠃
      ᠬᠡᠰᠡᠭ ᠬᠡᠰᠡᠭ ᠲᠥᠪᠡᠳ ᠬᠡᠪᠢᠰ᠎ᠨᠢ ᠠᠵᠢᠯ ᠣᠯᠭᠣᠯᠲᠠ ᠵᠢᠨ ᠬᠡᠯᠬᠢᠶ᠎ᠡ ᠵᠢ ᠳᠠᠢ᠌ᠴᠢᠯᠠᠪᠠ᠃
      ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠶᠡᠷᠦᠩᠬᠡᠶ ᠱᠦᠵᠢ᠎ᠳᠤ ᠬᠡᠯᠡᠬᠦ᠎ᠳᠤ᠎ᠪᠠᠨ᠂ ᠲᠡᠳᠡᠨᠦᠰ᠎ᠤᠨ ᠺᠣᠮᠫᠠᠨᠢ ᠵᠢᠨ ᠵᠣᠩᠬᠢᠯᠠᠬᠤ ᠣᠯᠠᠨ ᠲᠣᠭ᠋ᠠᠨ᠎ᠤ ᠠᠵᠢᠯᠲᠠᠨ ᠠᠵᠢᠯᠴᠢᠨ᠎ᠨᠢ ᠴᠥᠮ ᠲᠣᠰ ᠭᠠᠵᠠᠷ᠎ᠤᠨ ᠬᠥᠮᠥᠨ ᠮᠥᠨ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠠᠴᠠ ᠳᠣᠷᠣᠭᠰᠢᠬᠢ ᠰᠤᠷᠤᠯᠭ᠎ᠠ ᠵᠢᠨ ᠨᠠᠮᠲᠠᠷ᠎ᠲᠠᠢ᠎ᠨᠢ 80%᠎ᠠᠴᠠ ᠳᠡᠭᠡᠭᠰᠢᠬᠢ ᠵᠢ ᠡᠵᠡᠯᠡᠵᠦ ᠪᠤᠢ᠃ 《ᠣᠶ᠋ᠢᠷ᠎ᠠ ᠬᠠᠪᠢ᠎ᠳᠤ ᠰᠠᠭᠤᠭ᠎ᠠ ᠮᠠᠰᠢ ᠣᠯᠠᠨ ᠭᠡᠷ᠎ᠤᠨ ᠡᠵᠡᠭᠲᠡᠶ ᠠᠵᠤ ᠠᠬᠤᠶ᠋ᠢᠯᠠᠯ᠎ᠳᠤ ᠢᠷᠡᠵᠦ ᠪᠣᠯᠪᠠᠰᠤᠷᠠᠯ ᠬᠦᠷᠲᠡᠭᠰᠡᠨ᠎ᠠᠴᠠ ᠲᠠᠪᠤ ᠭᠤᠷᠪᠠᠨ ᠵᠢᠯ᠎ᠤᠨ ᠳᠠᠷᠠᠭ᠎ᠠ ᠴᠠᠭ᠋ᠠᠷᠠᠭᠰᠠᠨ ᠠᠵᠢᠯᠴᠢᠨ ᠪᠣᠯᠵᠤ᠂ ᠰᠠᠷ᠎ᠠ ᠵᠢᠨ ᠳᠤᠮᠳᠠᠴᠢ ᠴᠠᠯᠢᠩ᠎ᠨᠢ ᠳᠥᠷᠪᠡ ᠲᠠᠪᠤᠨ ᠮᠢᠩᠭ᠋ᠠᠨ ᠲᠥᠭᠥᠷᠢᠭ᠎ᠲᠤ ᠬᠦᠷᠴᠦ ᠪᠠᠢ᠌ᠨ᠎ᠠ》 ᠭᠡᠵᠡᠢ᠃
      《ᠠᠵᠤ ᠦᠢ᠍ᠯᠡᠰ᠎ᠢ ᠬᠥᠭᠵᠢᠭᠦᠯᠬᠦ᠎ᠨᠢ ᠳᠠᠷᠤᠶ ᠠᠵᠢᠯ ᠣᠯᠭᠣᠯᠲᠠ ᠵᠢ ᠳᠠᠶ᠋ᠢᠴᠢᠯᠠᠬᠤ ᠶᠠᠪᠤᠳᠠᠯ ᠮᠥᠨ》᠃ ᠶᠡᠷᠦᠩᠬᠡᠶ ᠱᠦᠵᠢ ᠲᠣᠯᠣᠭ᠋ᠠᠶ ᠳᠣᠬᠢᠨ᠄ 《ᠡᠨᠡ ᠲᠠᠯ᠎ᠠ᠎ᠠᠴᠠ ᠦᠵᠡᠪᠡᠯ᠂ ᠲᠥᠪᠡᠳ ᠬᠡᠪᠢᠰ᠎ᠤᠨ ᠠᠵᠤ ᠦᠢ᠍ᠯᠡᠰ᠎ᠨᠢ ᠶᠠᠳᠠᠭᠤ ᠵᠢ ᠲᠡᠳᠬᠦᠵᠦ ᠴᠢᠨᠡᠭᠡᠯᠢᠭᠵᠢᠬᠦ ᠵᠠᠮ ᠵᠶ᠋ᠠᠷ ᠵᠠᠮᠨᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠦᠢ᠍ᠯᠡᠳᠦᠯ᠎ᠲᠠᠢ ᠮᠥᠷᠲᠡᠭᠡᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠦᠢ᠍ᠯᠡᠳᠦᠯ᠎ᠲᠠᠢ ᠪᠠᠢ᠌ᠨ᠎ᠠ》 ᠭᠡᠵᠦ ᠨᠤᠲᠠᠯᠠᠯᠲᠠ ᠥᠭᠴᠦ ᠪᠠᠢ᠌ᠯ᠎ᠠ᠃
      ᠦᠢ᠍ᠯᠡᠳᠪᠦᠷᠢᠯᠡᠯ᠎ᠤᠨ ᠲᠠᠰᠤᠭ᠎ᠠᠴᠠ ᠴᠢᠳᠠᠮᠵᠢ ᠵᠢᠨ ᠴᠢᠨᠠᠷᠲᠠᠢ ᠰᠢᠯᠭ᠋ᠠᠨ ᠪᠠᠶ᠋ᠢᠴᠠᠭ᠋ᠠᠬᠤ ᠲᠠᠰᠤᠭ ᠬᠦᠷᠲᠡᠯ᠎ᠡ᠂ ᠲᠠᠬᠢᠨ ᠵᠢᠷᠤᠭ ᠲᠥᠯᠥᠪᠯᠡᠭᠡ ᠵᠢᠨ ᠰᠠᠯᠠᠭ᠎ᠠ ᠮᠥᠴᠢᠷ ᠬᠦᠷᠲᠡᠯ᠎ᠡ᠂ ᠶᠡᠷᠦᠩᠬᠡᠢ ᠱᠦᠵᠢ ᠵᠠᠮ ᠲᠤᠵᠢ ᠲᠣᠭᠣᠷᠢᠨ ᠦᠵᠡᠪᠡ᠃
      《ᠵᠠᠭᠤᠨᠲᠠ ᠰᠣᠨᠣᠰᠤᠭᠰᠠᠨ᠎ᠠᠴᠠ ᠨᠢᠭᠡ ᠦᠵᠡᠭᠰᠡᠨ᠎ᠨᠢ ᠳᠡᠭᠡᠷ᠎ᠡ ᠡ》 ᠭᠡᠵᠦ ᠺᠣᠮᠫᠠᠨᠢ᠎ᠠᠴᠠ ᠰᠠᠯᠬᠤ ᠵᠠᠭᠤᠷ᠎ᠠ᠂ ᠬᠦᠷᠢᠶᠡᠯᠡᠨ ᠢᠷᠡᠭᠰᠡᠨ ᠠᠵᠤ ᠠᠬᠤᠶ᠋ᠢᠯᠠᠯ᠎ᠤᠨ ᠠᠵᠢᠯᠳᠠᠨ ᠠᠵᠢᠯᠴᠢᠨ᠎ᠳᠤ ᠬᠠᠨᠳᠤᠵᠤ᠂ ᠶᠡᠷᠦᠩᠬᠡᠢ ᠱᠦᠵᠢ ᠰᠢ ᠵᠢᠨ ᠫᠢᠩ 《ᠲᠥᠪᠡᠳ ᠬᠡᠪᠢᠰ ᠪᠣᠯ ᠮᠠᠨ᠎ᠤ ᠲᠥᠪᠡᠳ ᠦᠨᠳᠦᠰᠦᠲᠡᠨ᠎ᠤ ᠨᠢᠭᠡᠨ ᠮᠠᠰᠢ ᠥᠪᠡᠷᠮᠢᠴᠡ ᠣᠨᠴᠠᠯᠢᠭ᠎ᠲᠠᠢ ᠠᠵᠤ ᠦᠢ᠍ᠯᠡᠰ ᠪᠣᠯᠤᠨ᠎ᠠ᠂ ᠲᠠᠨ᠎ᠤ ᠠᠵᠤ ᠠᠬᠤᠶ᠋ᠢᠯᠠᠯ ᠡᠨᠡ ᠬᠦ᠌ ᠬᠦᠷᠢᠶᠡᠨ᠎ᠳᠤ ᠨᠡᠷᠡᠳᠦ ᠳᠡᠮᠳᠡᠭ ᠵᠶ᠋ᠠᠨ ᠡᠭᠦᠳᠴᠦ᠂ ᠤᠯᠠᠮᠵᠢᠯᠠᠯᠲᠤ ᠭᠠᠷ ᠤᠷᠠᠯᠠᠯ ᠪᠣᠯᠤᠨ ᠤᠳᠤ ᠦᠶ᠎ᠡ ᠵᠢᠨ ᠭᠠᠷ ᠤᠷᠠᠯᠠᠯ᠎ᠢ ᠮᠠᠰᠢ ᠰᠠᠢ᠌ᠲᠤᠷ ᠤᠶᠠᠯᠳᠤᠭᠤᠯᠵᠤ᠂ ᠥᠪᠡᠷᠮᠢᠴᠡ ᠣᠨᠴᠠᠯᠢᠭ᠎ᠲᠠᠢ᠂ ᠤᠯᠠᠨ ᠶᠠᠩᠵᠤ ᠵᠢᠨ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠵᠣᠬᠢᠴᠠᠭᠤᠯᠤᠭᠰᠠᠨ ᠪᠠᠶ᠋ᠢᠨ᠎ᠠ》 ᠭᠡᠵᠦ ᠲᠥᠷᠥᠭᠳᠡᠯ ᠵᠶ᠋ᠡᠨ ᠶᠠᠷᠢᠪᠠ᠃
      ᠶᠡᠷᠦᠩᠬᠡᠢ ᠱᠦᠵᠢ ᠤᠯᠠᠮ ᠨᠢᠭᠡ ᠠᠯᠬᠤᠮ ᠴᠢᠬᠤᠯᠠᠴᠢᠯᠠᠬᠤ᠎ᠳᠤ᠎ᠪᠠᠨ᠂ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ᠂ ᠬᠠᠮᠤᠭ᠎ᠤᠨ ᠥᠪᠡᠷᠮᠢᠴᠡ ᠣᠨᠴᠠᠯᠢᠭ᠎ᠲᠠᠢ ᠠᠵᠤ ᠦᠢ᠍ᠯᠡᠰ᠂ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ ᠠᠵᠤ ᠠᠬᠤᠶ᠋ᠢᠯᠠᠯ᠎ᠢ ᠴᠢᠳᠠᠮᠠᠭ᠋ᠠᠢ ᠠᠳᠬᠤᠵᠤ᠂ ᠤᠨᠴᠠᠯᠢᠬᠳᠤ ᠠᠵᠤ ᠦᠢ᠍ᠯᠡᠰ ᠵᠶ᠋ᠠᠷ ᠰᠢᠯᠢᠳᠡᠭ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠠᠵᠤ ᠠᠬᠤᠶ᠋ᠢᠯᠠᠯ᠎ᠤᠨ ᠬᠥᠭᠵᠢᠯᠲᠡ᠎ᠪᠠᠷ ᠠᠵᠤ ᠦᠢ᠍ᠯᠡᠰ᠎ᠤᠨ ᠳᠡᠭᠡᠭᠰᠢᠯᠡᠯᠲᠡ ᠵᠢ ᠳᠠᠶ᠋ᠢᠴᠢᠯᠠᠬᠤ ᠬᠡᠷᠡᠭᠲᠡᠢ᠃ ᠬᠥᠬᠡᠨᠠᠭᠤᠷ᠎ᠤᠨ᠎ᠬᠢᠨ ᠡᠶ᠋ᠢᠮᠦᠷᠬᠦ ᠣᠷᠣᠨ ᠨᠤᠲᠤᠭ᠎ᠤᠨ ᠪᠣᠳᠠᠲᠤ ᠪᠠᠶ᠋ᠢᠳᠠᠯ᠎ᠳᠤ᠎ᠪᠠᠨ ᠨᠡᠢ᠌ᠴᠡᠭᠦᠯᠦᠭᠰᠡᠨ ᠤᠨᠴᠠᠯᠢᠭᠳᠤ ᠠᠵᠤ ᠦᠢ᠍ᠯᠡᠰ᠎ᠢ ᠨᠡᠩ ᠤᠯᠠᠨ ᠬᠥᠭᠵᠢᠭᠦᠯᠵᠦ᠂ ᠰᠢᠨ᠎ᠡ ᠵᠢ ᠡᠭᠦᠳᠬᠦ᠎ᠳᠤ ᠲᠦᠰᠢᠭᠯᠡᠨ ᠨᠡᠩ ᠰᠠᠢ᠍ᠢ᠍ᠨ ᠬᠥᠭᠵᠢᠯᠲᠡ ᠵᠢ ᠪᠡᠶᠡᠯᠡᠭᠦᠯᠬᠦ ᠵᠢ ᠬᠦᠰᠡᠵᠦ ᠪᠠᠶ᠋ᠢᠨ᠎ᠠ ᠭᠡᠵᠡᠢ᠃
      《ᠠᠷᠠᠳ ᠲᠦᠮᠡᠨ᠎ᠢ ᠨᠠᠩ ᠵᠣᠯ ᠵᠢᠷᠭ᠋ᠠᠯ᠎ᠲᠠᠢ ᠠᠮᠢᠳᠤᠷᠠᠭᠤᠯᠬᠤ ᠵᠢᠨ ᠲᠥᠯᠥᠭᠡ ᠪᠢᠳᠡ ᠪᠦᠬᠦ ᠬᠦᠴᠦᠨ ᠵᠶ᠋ᠡᠷ ᠵᠶ᠋ᠡᠨ ᠴᠢᠷᠮᠠᠶ᠋ᠢᠨ᠎ᠠ》
      《ᠪᠢ ᠣᠷᠣᠨ ᠨᠤᠲᠤᠭ᠎ᠲᠤ ᠬᠦᠷᠴᠦ ᠠᠵᠢᠯ ᠪᠠᠶ᠋ᠢᠴᠠᠭ᠋ᠠᠬᠤ᠎ᠳᠤ᠎ᠪᠠᠨ ᠶᠡᠷᠦ᠎ᠨᠢ ᠬᠥᠳᠡᠭᠡ ᠲᠣᠰᠬᠣᠨ ᠪᠠ ᠬᠣᠲᠠ ᠵᠢᠨ ᠨᠡᠶ᠋ᠢᠭᠡᠮ ᠲᠣᠭᠣᠷᠢᠭ᠎ᠲᠤ ᠬᠦᠷᠴᠦ᠂ ᠠᠷᠠᠳ ᠣᠯᠠᠨ ᠬᠢᠷᠢ ᠵᠡᠷᠭᠡ ᠠᠮᠢᠳᠤᠷᠠᠵᠤ ᠪᠠᠢ᠌ᠬᠤ᠂ ᠶᠠᠮᠠᠷ ᠰᠠᠶ᠋ᠢᠨ ᠲᠤᠷᠰᠢᠯᠭ᠎ᠠ ᠵᠢ ᠰᠣᠯᠢᠯᠴᠠᠨ ᠳᠡᠯᠭᠡᠷᠡᠭᠦᠯᠵᠦ ᠪᠣᠯᠬᠤ᠂ ᠣᠯᠠᠨ ᠲᠦᠮᠡᠨ᠎ᠤ ᠰᠡᠳᠬᠢᠯ᠎ᠢ ᠴᠢᠯᠡᠭᠡᠭᠰᠡᠨ ᠶᠠᠪᠤᠳᠠᠯ᠂ ᠶᠠᠮᠠᠷ ᠶᠠᠮᠠᠷ ᠰᠢᠢ᠍ᠳᠪᠦᠷᠢᠯᠡᠬᠦ ᠴᠢᠬᠤᠯᠠᠲᠠᠢ ᠶᠠᠪᠤᠳᠠᠯ ᠪᠠᠢ᠌ᠬᠤ ᠵᠢ ᠦᠵᠡᠳᠡᠭ》᠃
      7᠎ᠤ ᠡᠳᠦᠷ᠎ᠤᠨ ᠦᠳᠡ ᠵᠢᠨ ᠬᠣᠶ᠋ᠢᠨ᠎ᠠ᠂ ᠶᠡᠷᠦᠩᠬᠡᠢ ᠱᠦᠵᠢ ᠰᠢ ᠵᠢᠨ ᠫᠢᠩ ᠰᠢᠨᠢᠩ ᠬᠤᠳᠠ ᠵᠢᠨ ᠸᠸᠨ ᠬᠤᠢ ᠵᠠᠮ᠎ᠤᠨ ᠵᠡᠭᠡᠯᠢ ᠭᠤᠳᠤᠮᠵᠢ ᠵᠢᠨ ᠸᠸᠨ ᠲᠢᠩ ᠭᠤᠳᠤᠮᠵᠢ ᠵᠢᠨ ᠨᠡᠶ᠋ᠢᠭᠡᠮ ᠲᠣᠭᠣᠷᠢᠭ᠎ᠲᠤ ᠬᠦᠷᠪᠡ᠃
      ᠡᠨᠡ ᠪᠣᠯ ᠬᠥᠮᠦᠨ ᠠᠮᠠ ᠨᠢᠭᠲᠠᠷᠠᠭᠰᠠᠨ ᠲᠤᠮᠤ ᠨᠡᠶ᠋ᠢᠭᠡᠮ ᠲᠣᠭᠣᠷᠢᠭ ᠪᠠᠢ᠌ᠵᠤ᠂ 13 ᠣᠷᠣᠨ ᠰᠠᠭᠤᠴᠠ ᠵᠢᠨ ᠲᠣᠭᠣᠷᠢᠭ᠎ᠲᠠᠢ᠂ 2.2 ᠲᠦᠮᠡ ᠭᠠᠷᠤᠢ ᠰᠠᠭᠤᠭ᠋ᠠᠯᠢ ᠠᠷᠠᠳ᠎ᠲᠠᠢ; ᠡᠨᠡ᠎ᠨᠢ ᠮᠥᠨ ᠴᠦ᠍ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶ᠋ᠢᠭᠡᠮ ᠲᠣᠭᠣᠷᠢᠭ ᠪᠠᠢ᠌ᠵᠤ᠂ ᠲᠥᠪᠡᠳ᠂ ᠬᠣᠲᠣᠩ᠂ ᠮᠣᠩᠭᠣᠯ᠂ ᠰᠠᠯᠠᠷ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠰᠠᠭᠤᠭ᠋ᠠᠯᠢ ᠠᠷᠠᠳ ᠪᠠᠷᠤᠭ 1000 ᠭᠠᠷᠤᠶ ᠪᠠᠶ᠋ᠢᠨ᠎ᠠ᠃
      ᠨᠡᠶ᠋ᠢᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠱᠦᠵᠢ ᠯᠢᠦ ᠼᠦᠢ ᠴᠢᠩ ᠶᠡᠷᠦᠩᠬᠡᠢ ᠱᠦᠵᠢ᠎ᠳᠤ ᠬᠠᠷᠢᠭᠤ ᠮᠡᠳᠡᠭᠦᠯᠬᠦ᠎ᠳᠤ᠎ᠪᠠᠨ᠂ ᠤᠢ᠍ᠢ᠍ᠷ᠎ᠠ ᠵᠢᠨ ᠵᠢᠯ᠎ᠤᠳ᠎ᠠᠴᠠ᠂ ᠨᠡᠶ᠋ᠢᠭᠡᠮ ᠲᠣᠭᠣᠷᠢᠭ 《ᠡᠶ᠎ᠡ ᠨᠠᠶ᠋ᠢᠷᠲᠠᠢ》 ᠭᠡᠬᠦ ᠬᠣᠶᠠᠷ ᠦᠰᠦᠭ᠎ᠢ ᠴᠢᠩᠭ᠎ᠠ ᠣᠨᠢᠯᠠᠵᠤ᠂ 《ᠲᠠᠪᠤ ᠵᠢ ᠠᠭᠤᠰᠤᠯᠴᠠᠭᠤᠯᠤᠨ ᠲᠠᠪᠤ ᠵᠢ ᠴᠣᠭᠴᠠᠯᠠᠭᠰᠠᠨ ᠡᠶ᠎ᠡ ᠨᠠᠶ᠋ᠢᠷᠲᠠᠢ ᠭᠡᠷ ᠪᠦᠯᠢ》 ᠭᠡᠬᠦ ᠨᠡᠷ᠎ᠡ ᠲᠡᠮᠳᠡᠭᠲᠦ ᠵᠢᠨ ᠪᠠᠶ᠋ᠢᠭᠤᠯᠤᠯᠲᠠ᠎ᠪᠠᠷ ᠭᠣᠣᠯ ᠱᠤᠭᠤᠮ ᠪᠣᠯᠭ᠋ᠠᠵᠤ᠂ ᠬᠠᠷᠢᠶ᠎ᠠ ᠣᠷᠣᠨ ᠳᠣᠲᠣᠷᠠᠬᠢ ᠮᠤᠵᠢ᠂ ᠬᠤᠳᠠ᠂ ᠲᠣᠭᠣᠷᠢᠭ᠂ ᠵᠡᠭᠡᠯᠢ ᠭᠤᠳᠤᠮᠵᠢ᠂ ᠨᠡᠶ᠋ᠢᠭᠡᠮ ᠲᠣᠭᠣᠷᠢᠭ ᠵᠡᠷᠭᠡ ᠲᠠᠪᠤᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠬᠣᠯᠪᠣᠯᠳᠤᠭᠤᠯᠵᠤ᠂ ᠬᠡᠷᠡᠭ ᠶᠠᠪᠤᠳᠠᠯ᠎ᠢ ᠬᠠᠮᠲᠤ᠎ᠪᠠᠷ ᠵᠥᠪᠯᠡᠬᠦ᠂ ᠠᠵᠢᠯᠯᠠᠭ᠎ᠠ ᠵᠢ ᠬᠠᠮᠲᠤ᠎ᠪᠠᠷ ᠡᠷᠬᠢᠯᠡᠬᠦ᠂ ᠦᠢ᠍ᠯᠡᠴᠢᠯᠡᠭᠡ ᠵᠢ ᠬᠠᠮᠲᠤ᠎ᠪᠠᠷ ᠬᠢᠬᠦ᠂ ᠨᠠᠮ᠎ᠤᠨ ᠭᠡᠰᠢᠭᠦᠨ᠎ᠢ ᠬᠠᠮᠲᠤ᠎ᠪᠠᠷ ᠬᠥᠮᠦᠵᠢᠭᠦᠯᠬᠦ᠂ ᠵᠢᠭᠰᠠᠭ᠋ᠠᠯ᠎ᠤᠨ ᠭᠠᠵᠠᠷ᠎ᠢ ᠬᠠᠮᠲᠤ᠎ᠪᠠᠷ ᠬᠡᠷᠡᠭᠯᠡᠬᠦ ᠬᠣᠯᠪᠣᠭ᠋ᠠᠯᠠᠨ ᠬᠥᠳᠡᠯᠦᠯᠴᠡᠬᠦ ᠨᠠᠮ᠎ᠤᠨ ᠪᠠᠶ᠋ᠢᠭᠤᠯᠤᠯᠲᠠ ᠵᠢᠨ ᠶᠡᠬᠡ ᠪᠠᠶ᠋ᠢᠷᠢᠰᠢᠯ᠎ᠢ ᠪᠦᠷᠢᠯᠳᠦᠭᠦᠯᠵᠡᠢ ᠭᠡᠪᠡ᠃
      ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠎ᠲᠤ ᠬᠦᠷᠬᠦ᠎ᠳᠤ᠂ ᠤᠷᠠᠨ ᠪᠢᠴᠢᠯᠭᠡ ᠤᠷᠠᠨ ᠵᠢᠷᠤᠭ᠎ᠤᠨ ᠦᠷᠦᠭᠡ᠂ ᠪᠥᠵᠢᠭ᠎ᠤᠨ ᠦᠷᠦᠭᠡ᠂ ᠤᠩᠰᠢᠯᠭ᠎ᠠ ᠵᠢᠨ ᠦᠷᠦᠭᠡ᠂ ᠡᠷᠡᠭᠦᠯᠵᠢᠯ᠎ᠤᠨ ᠦᠷᠦᠭᠡ ᠵᠡᠷᠭᠡ᠎ᠨᠢ ᠪᠦᠷᠢᠨ ᠲᠥᠬᠥᠷ ᠪᠠᠶ᠋ᠢᠵᠤ᠂ ᠠᠶᠠᠯᠭᠤ ᠰᠠᠢ᠌ᠬᠠᠨ ᠳᠠᠭᠤᠤ ᠡᠭᠡᠰᠢᠭᠯᠡᠵᠦ᠂ ᠪᠡᠬᠡ ᠪᠤᠳᠤᠭ᠎ᠤᠨ ᠦᠨᠦᠷ ᠬᠠᠩᠬᠤᠯᠤᠨ᠎ᠠ᠃
      ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡᠨ᠎ᠤ ᠴᠣᠩᠬᠣᠪᠴᠢ ᠵᠢᠨ ᠡᠮᠦᠨ᠎ᠡ᠂ ᠶᠡᠷᠦᠩᠬᠡᠢ ᠱᠦᠵᠢ 65 ᠨᠠᠰᠤᠲᠠᠢ ᠲᠥᠪᠡᠳ ᠡᠵᠢ ᠳᠣᠷᠵᠢᠷᠣᠯᠮ᠎ᠠ᠎ᠲᠠᠢ ᠠᠭᠤᠯᠵᠠᠵᠠᠢ᠃
      ᠲᠡᠷᠡ ᠶᠡᠷᠦᠩᠬᠡᠢ ᠱᠦᠵᠢ᠎ᠳᠤ᠂ ᠨᠡᠶ᠋ᠢᠭᠡᠮ ᠲᠣᠭᠣᠷᠢᠭ᠎ᠲᠤ 《ᠨᠠᠰᠤᠲᠠᠨ ᠵᠶ᠋ᠠᠨ ᠬᠠᠶ᠋ᠢᠷᠠᠯᠠᠬᠤ ᠵᠢᠷᠭ᠋ᠠᠯᠠᠩᠲᠤ ᠬᠣᠭᠣᠯᠠᠨ ᠭᠡᠷ》 ᠪᠤᠢ᠂ ᠥᠨᠥᠳᠦᠷ ᠲᠤᠰᠬᠠᠶ᠋ᠢᠯᠠᠨ ᠬᠣᠭᠣᠯᠠ ᠢᠳᠡᠬᠦ ᠺᠠᠷᠲ ᠠᠪᠬᠤ᠎ᠪᠠᠷ ᠢᠷᠡᠵᠠᠢ ᠭᠡᠵᠦ ᠶᠠᠷᠢᠵᠤ ᠪᠠᠢ᠌ᠯ᠎ᠠ᠃
      《ᠶᠠᠮᠠᠷ ᠬᠥᠮᠦᠨ ᠬᠣᠭᠣᠯᠠ ᠢᠳᠡᠵᠦ ᠪᠣᠯᠬᠤ ᠪᠤᠶ?》 ᠭᠡᠵᠦ ᠶᠡᠷᠦᠩᠬᠡᠢ ᠱᠦᠵᠢ ᠠᠰᠠᠭᠤᠭᠰᠠᠨ᠎ᠳᠤ
      《ᠣᠳᠣᠬᠠᠨ᠎ᠳᠤ ᠭᠣᠣᠯᠳᠠᠭᠤ ᠡᠷᠦᠬᠡ ᠠᠮᠠ ᠵᠢᠨ ᠳᠠᠩᠰᠠ᠎ᠨᠢ ᠨᠡᠶ᠋ᠢᠭᠡᠮ ᠲᠣᠭᠣᠷᠢᠭ᠎ᠲᠤ ᠪᠠᠶ᠋ᠢᠭ᠎ᠠ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ᠎ᠲᠤ ᠬᠠᠨᠳᠤᠭᠤᠯᠵᠤ ᠪᠠᠶ᠋ᠢᠨ᠎ᠠ》 ᠭᠡᠵᠦ ᠠᠵᠢᠯᠲᠠᠳ ᠬᠠᠷᠢᠭᠤᠯᠪᠠ᠃
      ᠶᠡᠷᠦᠩᠬᠡᠢ ᠱᠦᠵᠢ ᠰᠢ ᠵᠢᠨ ᠫᠢᠩ ᠲᠤᠰᠬᠠᠶ᠋ᠢᠯᠠᠨ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠎ᠤᠨ ᠬᠣᠶᠠᠳᠤᠭ᠋ᠠᠷ ᠳᠠᠪᠬᠤᠷᠯᠢᠭ᠎ᠤᠨ     《ᠨᠠᠰᠤᠲᠠᠨ ᠵᠶ᠋ᠠᠨ ᠬᠠᠶ᠋ᠢᠷᠠᠯᠠᠬᠤ ᠵᠢᠷᠭ᠋ᠠᠯᠠᠩᠲᠤ ᠬᠣᠭᠣᠯᠠᠨ ᠬᠡᠷ》᠎ᠳᠤ ᠬᠦᠷᠪᠡ᠃
      《ᠬᠣᠭᠣᠯᠠᠨ᠎ᠤ ᠰᠦᠢ᠍ᠳᠬᠡᠯ ᠥᠨᠳᠥᠷ ᠦᠦ ᠦᠭᠡᠶ ᠦᠦ?》 ᠭᠡᠵᠦ ᠶᠡᠷᠦᠩᠬᠡᠢ ᠱᠦᠵᠢ ᠠᠰᠠᠭᠤᠪᠠ᠃
      《ᠠᠳᠠᠯᠢ ᠪᠤᠰᠤ ᠡᠲᠡᠭᠡᠳ᠎ᠲᠤ ᠠᠳᠠᠯᠢ ᠪᠤᠰᠤ ᠬᠠᠷᠠᠭ᠋ᠠᠯᠵᠠᠯ᠎ᠲᠠᠢ᠂ ᠨᠢᠭᠡ ᠮᠢᠬ᠎ᠠ ᠬᠣᠶᠠᠷ ᠬᠠᠷᠠᠰᠤ ᠵᠢᠨ ᠵᠠᠭᠤᠰᠢ᠎ᠨᠢ ᠵᠠᠬ᠎ᠠ ᠳᠡᠯᠭᠡᠭᠦᠷ᠎ᠲᠤ 18 ᠲᠥᠭᠥᠷᠢᠭ ᠪᠠᠢ᠌ᠳᠠᠭ᠃ 60 ᠨᠠᠰᠤᠨ᠎ᠠᠴᠠ ᠳᠡᠭᠡᠭᠰᠢᠬᠢ ᠨᠠᠰᠤᠲᠠᠨ 6 ᠲᠥᠭᠥᠷᠢᠭ᠎ᠤᠨ ᠵᠣᠯ ᠵᠢᠷᠭ᠋ᠠᠯᠲᠤ ᠦᠨ᠎ᠡ ᠵᠢᠨ ᠬᠠᠷᠠᠭ᠋ᠠᠯᠵᠠᠯ ᠬᠦᠷᠲᠡᠵᠦ᠂ 80 ᠨᠠᠰᠤᠨ᠎ᠠᠴᠠ ᠳᠡᠭᠡᠭᠰᠢᠬᠢ ᠨᠠᠰᠤᠲᠠᠨ 3 ᠲᠥᠭᠥᠷᠢᠭ᠎ᠤᠨ ᠥᠨᠳᠥᠷ ᠨᠠᠰᠤᠨ᠎ᠤ ᠦᠨ᠎ᠡ ᠵᠢᠨ ᠬᠠᠷᠠᠭ᠋ᠠᠯᠵᠠᠯ ᠬᠦᠷᠲᠡᠵᠦ ᠪᠣᠯᠣᠨ᠎ᠠ᠃ ᠡᠭᠦᠨ᠎ᠳᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠵᠡᠷᠭᠡ ᠳᠥᠷᠪᠡᠨ ᠲᠥᠷᠥᠯ᠎ᠤᠨ ᠨᠠᠰᠤᠲᠠᠨ᠎ᠠᠴᠠ 1 ᠲᠥᠭᠥᠷᠢᠭ ᠯᠡ ᠬᠤᠷᠢᠶᠠᠳᠠᠭ》 ᠭᠡᠵᠦ ᠯᠢᠦ ᠼᠦᠢ ᠴᠢᠩ ᠨᠢᠭᠡᠳ ᠨᠢᠭᠡ᠎ᠪᠠᠷ ᠲᠠᠨᠢᠯᠴᠠᠭᠤᠯᠪᠠ᠃
      《ᠲᠤᠩ ᠨᠠᠷᠢᠨ ᠬᠤᠪᠢᠶᠠᠭᠰᠠᠨ ᠪᠠᠢ᠌ᠨ᠎ᠠ᠃ ᠠᠵᠢᠯ ᠵᠶ᠋ᠠᠨ ᠢᠩᠭᠢᠵᠦ ᠰᠠᠢ᠍ᠢ᠍ᠨ ᠬᠢᠬᠦ ᠬᠡᠷᠡᠭᠲᠡᠶ》 ᠭᠡᠵᠦ ᠶᠡᠷᠦᠩᠬᠡᠢ ᠱᠦᠵᠢ ᠲᠠᠭ᠋ᠠᠰᠢᠶᠠᠨ ᠶᠠᠷᠢᠯ᠎ᠠ᠃
      《ᠮᠠᠨ᠎ᠤ ᠡᠨᠳᠡ ᠳᠥᠭᠥᠮ ᠮᠥᠷᠲᠡᠭᠡᠨ ᠴᠡᠪᠡᠷ ᠪᠠᠶ᠋ᠢᠳᠠᠭ᠂ ᠲᠥᠪ ᠲᠣᠭᠣᠭ᠋ᠠᠨ ᠭᠡᠷ ᠨᠢᠭᠡᠳᠦᠯᠲᠡᠶ ᠲᠣᠬᠢᠷᠠᠭᠤᠯᠤᠨ ᠬᠦᠷᠭᠡᠵᠦ᠂ ᠬᠣᠭᠣᠯᠠ ᠨᠣᠭᠣᠭ᠎ᠠ᠎ᠪᠠᠨ ᠴᠥᠮ ᠦᠯᠢᠭᠡᠷ ᠦᠯᠡᠳᠡᠭᠡᠨ ᠰᠢᠯᠭ᠋ᠠᠨ ᠪᠠᠶ᠋ᠢᠴᠠᠭ᠋ᠠᠵᠤ᠂ ᠢᠳᠡᠭᠡᠨ᠎ᠤ ᠠᠮᠤᠷ ᠲᠦᠪᠰᠢᠨ᠎ᠢ ᠪᠠᠲᠤᠯᠠᠳᠠᠭ》 ᠭᠡᠵᠦ ᠯᠢᠦ ᠼᠦᠢ ᠴᠢᠩ᠄ 《ᠤᠳᠤ ᠡᠳᠦᠷ ᠪᠦᠷᠢ 40 ᠭᠠᠷᠤᠢ ᠨᠠᠰᠤᠲᠠᠨ ᠬᠣᠭᠣᠯᠠ ᠢᠳᠡᠳᠡᠭ᠃ ᠲᠡᠳᠡᠨ᠎ᠤ ᠳᠣᠲᠣᠷ᠎ᠠ ᠭᠠᠭᠴᠠᠭ᠋ᠠᠷ ᠰᠠᠭᠤᠭ᠎ᠠ ᠨᠠᠰᠤᠲᠠᠨ ᠴᠥᠭᠡᠨ ᠪᠤᠰᠤ ᠪᠠᠶ᠋ᠢᠨ᠎ᠠ᠃ ᠨᠢᠭᠡ ᠨᠠᠰᠤᠲᠠᠨ᠂ ᠨᠡᠶ᠋ᠢᠭᠡᠮ ᠵᠢᠷᠤᠮ᠎ᠤᠨ ᠰᠠᠢ᠍ᠢ᠍ᠨ᠎ᠲᠠᠢ ᠲᠠᠯ᠎ᠠ ᠵᠢ ᠡᠨᠡ ᠨᠠᠰᠤᠨ᠎ᠳᠤ᠎ᠪᠠᠨ ᠵᠠᠪᠳᠤᠵᠤ ᠡᠳ᠋ᠯᠡᠪᠡ! ᠭᠡᠵᠦ ᠰᠡᠳᠬᠢᠯ ᠳᠣᠭᠳᠣᠯᠤᠨ ᠶᠠᠷᠢᠪᠠ》 ᠭᠡᠵᠦ ᠣᠮᠣᠷᠬᠠᠭᠯᠠᠨ ᠬᠡᠯᠡᠪᠡ᠃
      《ᠨᠡᠶ᠋ᠢᠭᠡᠮ ᠵᠢᠷᠤᠮ᠎ᠤᠨ ᠵᠣᠯ ᠵᠢᠷᠭ᠋ᠠᠯᠲᠤ ᠠᠮᠢᠳᠤᠷᠠᠯ ᠡᠶ᠋ᠢᠮᠦ ᠪᠠᠶ᠋ᠢᠬᠤ ᠶᠣᠰᠣᠲᠠᠶ》 ᠭᠡᠵᠦ ᠶᠡᠷᠦᠩᠬᠡᠢ ᠱᠦᠵᠢ ᠰᠢ ᠵᠢᠨ ᠫᠢᠩ᠄ 《ᠲᠠ ᠨᠠᠷ ᠮᠠᠰᠢ ᠰᠠᠶ᠋ᠢᠨ ᠬᠢᠵᠦ ᠪᠠᠢ᠌ᠨ᠎ᠠ᠃ ᠨᠠᠰᠤᠲᠠᠨ᠎ᠢ ᠬᠦᠨᠳᠦᠯᠡᠵᠦ ᠮᠡᠷᠭᠡᠳ᠎ᠢ ᠬᠦᠨᠳᠦᠳᠬᠡᠬᠦ ᠪᠣᠯ ᠮᠠᠨ᠎ᠤ ᠰᠢᠯᠢᠳᠡᠭ ᠤᠯᠠᠮᠵᠢᠯᠠᠯ ᠮᠥᠨ》 ᠭᠡᠵᠦ ᠵᠣᠷᠢᠭᠵᠢᠭᠤᠯᠵᠠᠶ᠃
      ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠲᠥᠪ᠎ᠤᠨ ᠨᠢᠭᠡᠳᠦᠭᠡᠷ ᠳᠠᠪᠬᠤᠷᠯᠢᠭ᠎ᠤᠨ ᠤᠩᠰᠢᠯᠭ᠎ᠠ ᠵᠢᠨ ᠲᠠᠰᠤᠭ᠎ᠲᠤ᠂ ᠰᠠᠶᠢᠬᠠᠨ ᠰᠤᠷᠭ᠋ᠠᠭᠤᠯᠢ ᠲᠠᠷᠬᠠᠭᠰᠠᠨ ᠬᠡᠦᠬᠡᠳ᠎ᠤᠳ 《ᠲᠦᠷᠪᠡᠨ ᠴᠠᠭ ᠬᠠᠭ᠋ᠠᠰ᠎ᠤᠨ ᠬᠢᠴᠢᠶᠡᠯ᠎ᠤᠨ ᠲᠠᠩᠬᠢᠮ》᠎ᠳᠤ ᠳᠠᠰᠬᠠᠯ ᠬᠢᠵᠦ᠂ ᠭᠠᠷ ᠤᠷᠠᠯᠠᠯ ᠬᠢᠵᠦ ᠪᠠᠶ᠋ᠢᠯ᠎ᠠ᠃ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ ᠪᠣᠯᠬᠤ᠎ᠳᠤ᠂ ᠰᠢᠷᠡᠭᠡᠨ ᠳᠡᠭᠡᠷ᠎ᠡ ᠡᠯᠳᠡᠪ ᠥᠩᠭᠡ ᠵᠢᠨ ᠴᠠᠭ᠋ᠠᠰᠤᠨ ᠯᠤᠤᠲᠤ ᠣᠩᠭᠣᠴᠠ ᠪᠣᠯᠤᠨ ᠦᠨᠦᠷᠲᠦ ᠬᠠᠪᠲᠠᠭ᠎ᠠ ᠲᠠᠯᠪᠢᠭᠰᠠᠨ᠎ᠢ ᠦᠵᠡᠭᠡᠳ᠂ ᠶᠡᠷᠦᠩᠬᠡᠢ ᠱᠦᠵᠢ ᠬᠡᠦᠬᠡᠳ᠎ᠤᠳ᠎ᠤᠨ ᠤᠷ᠎ᠠ ᠮᠡᠷᠭᠡᠵᠢᠯ᠎ᠢ ᠮᠠᠰᠢ ᠭᠠᠢ᠌ᠬᠠᠨ ᠮᠠᠭᠲᠠᠵᠠᠢ᠃
      《ᠬᠡᠦᠬᠡᠳ᠎ᠤᠳ ᠰᠤᠷᠭ᠋ᠠᠭᠤᠯᠢ ᠲᠠᠷᠬᠠᠭᠰᠠᠨ᠎ᠤ ᠳᠠᠷᠠᠭ᠎ᠠ ᠲᠣᠰᠴᠤ ᠠᠪᠬᠤ ᠬᠥᠮᠦᠨ ᠪᠠᠶ᠋ᠢᠬᠤ ᠬᠡᠷᠡᠭᠲᠡᠶ ᠰᠢᠤ》 ᠭᠡᠪᠡ᠃
      ᠶᠡᠷᠦᠩᠬᠡᠶ ᠱᠦᠵᠢ ᠰᠢ ᠵᠢᠨ ᠫᠢᠩ ᠵᠢᠭ᠋ᠠᠬᠤ᠎ᠳᠤ᠎ᠪᠠᠨ᠄ 《ᠶᠠᠭᠤᠨ᠎ᠤ ᠡᠮᠦᠨ᠎ᠡ ᠡᠨᠡ ᠶᠠᠪᠤᠳᠠᠯ᠎ᠢ ᠰᠤᠷᠭ᠋ᠠᠭᠤᠯᠢ ᠡᠷᠬᠢᠯᠡᠨ᠎ᠡ᠃ ᠰᠤᠷᠭ᠋ᠠᠭᠤᠯᠢ᠎ᠨᠢ ᠰᠤᠷᠤᠭᠴᠢᠳ᠎ᠤᠨ ᠬᠢᠴᠢᠶᠡᠯ᠎ᠤᠨ ᠳᠠᠷᠠᠭ᠋ᠠᠬᠢ ᠴᠠᠭ᠎ᠢ ᠪᠥᠬᠥᠳᠡ ᠵᠢ ᠨᠡᠶ᠋ᠢᠭᠡᠮ᠎ᠳᠤ ᠲᠦᠯᠬᠢᠵᠦ ᠪᠣᠯᠬᠤ ᠦᠭᠡᠢ᠂ ᠰᠤᠷᠤᠭᠴᠢᠳ᠎ᠤᠨ ᠦᠨᠳᠦᠰᠦᠨ ᠰᠤᠷᠤᠯᠴᠠᠯᠭ᠎ᠠ ᠵᠢ ᠰᠤᠷᠭ᠋ᠠᠭᠤᠯᠢ ᠵᠢᠨ ᠪᠠᠭᠰᠢ ᠨᠠᠷ ᠡᠭᠦᠷᠭᠡᠯᠡᠪᠡᠯ ᠵᠣᠬᠢᠨ᠎ᠠ᠃ ᠰᠤᠷᠭ᠋ᠠᠭᠤᠯᠢ᠎ᠳᠤ᠎ᠪᠠᠨ ᠬᠢᠬᠦ ᠦᠭᠡᠢ ᠬᠠᠷᠢᠨ ᠭᠠᠳᠠᠨ᠎ᠠ ᠭᠠᠷᠤᠭ᠋ᠠᠳ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ ᠡᠷᠬᠢᠯᠡᠵᠦ ᠪᠣᠯᠬᠤ ᠦᠭᠡᠢ᠂ ᠢᠩᠭᠢᠪᠡᠯ ᠡᠬᠢ ᠠᠳᠠᠭ᠎ᠢ ᠲᠣᠩᠭᠣᠷᠠᠭᠤᠯᠤᠭᠰᠠᠨ ᠶᠠᠪᠤᠳᠠᠯ ᠪᠣᠯᠤᠨ᠎ᠠ᠂ ᠤᠳᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠶᠠᠭ ᠡᠨᠡ ᠬᠦ᠌ ᠦᠵᠡᠭᠳᠡᠯ᠎ᠢ ᠵᠠᠯᠠᠷᠠᠭᠤᠯᠵᠤ ᠪᠠᠶ᠋ᠢᠨ᠎ᠠ》 ᠭᠡᠵᠡᠶ᠃
      ᠶᠡᠷᠦᠩᠬᠡᠶ ᠱᠦᠵᠢ ᠪᠠᠰᠠ᠄ 《ᠶᠠᠷᠢᠶᠠᠨ ᠦᠭᠡᠶ᠂ ᠬᠡᠷᠪᠡ ᠬᠡᠦᠬᠡᠳ᠎ᠤᠳ᠎ᠲᠤ ᠴᠠᠭ ᠪᠠ ᠳᠤᠷ᠎ᠠ ᠰᠣᠨᠢᠷᠬᠠᠯ ᠪᠠᠢ᠌ᠪᠠᠯ᠂ ᠨᠡᠶ᠋ᠢᠭᠡᠮ ᠲᠣᠭᠣᠷᠢᠭ᠎ᠲᠤ ᠢᠷᠡᠵᠦ᠂ ᠲᠡᠳᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠳᠤᠷ᠎ᠠ ᠰᠣᠨᠢᠷᠬᠠᠯ᠎ᠳᠤ ᠨᠡᠶ᠋ᠢᠴᠡᠭᠰᠡᠨ ᠶᠠᠪᠤᠳᠠᠯ᠎ᠢ ᠬᠢᠯᠭᠡᠬᠦ᠎ᠨᠢ ᠴᠦ᠍ ᠮᠠᠰᠢ ᠰᠠᠶ᠋ᠢᠨ ᠶᠤᠮ》 ᠭᠡᠵᠦ ᠤᠯᠠᠮ ᠨᠢᠭᠡ ᠠᠯᠬᠤᠮ ᠵᠢᠭ᠋ᠠᠵᠤ ᠭᠠᠷᠭ᠋ᠠᠪᠠ᠃
      ᠤᠶᠠᠩᠭ᠎ᠠ ᠳᠠᠭᠤᠤ ᠵᠢᠨ ᠳᠤᠮᠳᠠ᠂ ᠶᠡᠷᠦᠩᠬᠡᠢ ᠱᠦᠵᠢ ᠰᠢ ᠵᠢᠨ ᠫᠢᠩ ᠪᠠᠰᠠ ᠪᠥᠵᠢᠭ᠎ᠤᠨ ᠳᠠᠰᠤᠭ᠎ᠲᠤ ᠬᠦᠷᠴᠦ ᠢᠷᠡᠪᠡ᠃
      《ᠳᠠᠭᠤᠤ ᠵᠢᠨ ᠪᠠᠷᠢᠯᠳᠤᠯᠭ᠎ᠠ ᠨᠠᠶ᠋ᠢᠷᠠᠯ ᠳᠠᠭᠤᠤ ᠵᠢᠨ ᠪᠦᠯᠬᠦᠮ》 ᠣᠲᠣ ᠶᠠᠭ ᠡᠨᠳᠡ 《ᠲᠤᠯᠤᠭ᠋ᠠᠨ ᠰᠠᠷ᠎ᠠ ᠵᠢᠨ ᠨᠢᠭᠡᠨ》᠎ᠤ ᠪᠠᠶᠠᠷ ᠵᠶ᠋ᠠᠨ ᠪᠡᠯᠭᠡᠯᠡᠬᠦ ᠬᠤᠪᠢᠰᠬᠠᠯ᠎ᠤᠨ ᠤᠯᠠᠭ᠋ᠠᠨ ᠳᠠᠭᠤᠤ᠎ᠪᠠᠨ ᠪᠣᠯᠪᠠᠰᠤᠷᠠᠵᠤ ᠪᠠᠶ᠋ᠢᠨ᠎ᠠ᠃ 61 ᠨᠠᠰᠤᠲᠠᠶ ᠷᠣᠯᠮᠠᠰᠧᠷᠡᠩ ᠨᠢᠭᠡᠳᠦᠭᠡᠷ ᠮᠥᠷ᠎ᠲᠤ ᠵᠣᠭᠰᠣᠵᠤ᠂ ᠡᠭᠡᠰᠢᠭᠲᠦ ᠰᠠᠶ᠋ᠢᠬᠠᠨ ᠲᠥᠪᠡᠳ ᠬᠡᠯᠡ᠎ᠪᠠᠷ᠄ 《ᠪᠡᠭᠡᠵᠢᠩ᠎ᠤᠨ ᠵᠢᠨᠱ᠌ᠠᠨ ᠠᠭᠤᠯᠠᠨ᠎ᠳᠤ ᠭᠡᠷᠡᠯ ᠰᠠᠴᠤᠷᠠᠨ᠎ᠠ ᠁》 ᠭᠡᠵᠦ ᠳᠠᠭ᠋ᠠᠭᠤᠯᠤᠨ ᠳᠠᠭᠤᠯᠠᠪᠠ᠃
      ᠶᠡᠷᠦᠩᠬᠡᠢ ᠱᠦᠵᠢ ᠲᠦᠷᠦᠭᠦᠯᠡᠨ ᠠᠯᠠᠭ᠎ᠠ ᠲᠠᠰᠢᠵᠤ᠄ 《〈ᠪᠡᠭᠡᠵᠢᠩ᠎ᠤᠨ ᠵᠢᠨᠱ᠌ᠠᠨ ᠠᠭᠤᠯᠠᠨ᠎ᠳᠤ〉 ᠭᠡᠰᠡᠨ ᠳᠠᠭᠤᠤ᠎ᠨᠢ ᠠᠷᠠᠳ ᠲᠦᠮᠡᠨ ᠢᠯᠠᠩᠭᠤᠶ᠎ᠠ ᠲᠥᠪᠡᠳ ᠦᠨᠳᠦᠰᠦᠲᠡᠨ᠎ᠤ ᠠᠬ᠎ᠠ ᠳᠡᠭᠦᠦ ᠨᠡᠷ᠎ᠤᠨ ᠨᠠᠮ᠂ ᠡᠬᠡ ᠤᠯᠤᠰ᠂ ᠨᠡᠶ᠋ᠢᠭᠡᠮ ᠵᠢᠷᠤᠮ᠎ᠳᠠᠬᠢ ᠬᠠᠶ᠋ᠢᠷ᠎ᠠ ᠰᠡᠳᠬᠢᠯᠭᠡ᠎ᠪᠠᠨ ᠮᠠᠭᠲᠠᠨ ᠳᠠᠭᠤᠯᠠᠪᠠ᠃ 〈ᠲᠤᠯᠤᠭ᠋ᠠᠨ ᠰᠠᠷ᠎ᠠ ᠵᠢᠨ ᠨᠢᠭᠡᠨ〉᠎ᠤ ᠨᠠᠮ ᠪᠠᠢ᠌ᠭᠤᠯᠤᠭᠳᠠᠭᠰᠠᠨ ᠣᠢ ᠵᠢᠨ ᠪᠠᠶᠠᠷ᠎ᠤᠨ ᠦᠶ᠎ᠡ᠎ᠳᠤ ᠳᠠᠭᠤᠯᠠᠪᠠᠯ ᠮᠠᠰᠢ ᠤᠳᠬ᠎ᠠ ᠠᠭᠤᠯᠭ᠎ᠠ᠎ᠲᠠᠢ ᠶᠤᠮ》 ᠭᠡᠵᠦ ᠶᠠᠷᠢᠵᠤ ᠪᠠᠢ᠌ᠯ᠎ᠠ᠃
      ᠳᠠᠭᠤᠤ ᠵᠢᠨ ᠠᠶᠠᠰ᠎ᠲᠤ ᠠᠷᠠᠳ ᠲᠦᠮᠡᠨ᠎ᠤ ᠴᠢᠩ ᠦᠨᠡᠨᠴᠢ ᠰᠡᠳᠬᠢᠯᠭᠡ ᠰᠢᠩᠭᠡᠵᠦ᠂ ᠬᠥᠮᠦᠰ᠎ᠤᠨ ᠰᠡᠳᠬᠢᠯ ᠵᠣᠯ ᠵᠢᠷᠭ᠋ᠠᠯ ᠵᠶ᠋ᠠᠷ ᠪᠢᠯᠬᠠᠨ᠎ᠠ᠃
      ᠨᠡᠶ᠋ᠢᠭᠡᠮ ᠲᠣᠭᠣᠷᠢᠭ᠎ᠠᠴᠠ ᠰᠠᠯᠬᠤ ᠦᠶ᠎ᠡ᠎ᠳᠤ᠂ ᠰᠠᠭᠤᠭ᠋ᠠᠯᠢ ᠠᠷᠠᠳ ᠶᠡᠷᠦᠩᠬᠡᠢ ᠱᠦᠵᠢ ᠵᠢ ᠬᠦᠷᠢᠶᠡᠯᠡᠨ ᠵᠣᠭᠰᠣᠵᠤ᠂ ᠰᠠᠯᠵᠤ ᠶᠠᠳᠠᠭᠰᠠᠨ ᠰᠡᠳᠬᠢᠯᠭᠡ᠎ᠪᠠᠷ ᠦᠳᠡᠨ ᠮᠣᠷᠳᠠᠭᠤᠯᠪᠠ᠃
      ᠶᠡᠷᠦᠩᠬᠡᠢ ᠱᠦᠵᠢ ᠰᠢ ᠵᠢᠨ ᠫᠢᠩ ᠤᠯᠠᠨ᠎ᠳᠤ᠄ 《ᠨᠢᠭᠡ ᠨᠡᠶ᠋ᠢᠭᠡᠮ ᠲᠣᠭᠣᠷᠢᠭ᠎ᠢ ᠰᠠᠶ᠋ᠢᠲᠤᠷ ᠡᠷᠬᠢᠯᠡᠬᠦ᠎ᠳᠤ᠂ ᠵᠠᠪᠠᠯ ᠲᠤᠶ᠋ᠢᠯ᠎ᠤᠨ ᠴᠢᠩᠭ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠳᠣᠣᠷᠠᠬᠢ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ᠎ᠲᠠᠢ ᠪᠠᠢ᠌ᠬᠤ ᠬᠡᠷᠡᠭᠲᠡᠢ᠂ ᠨᠡᠶ᠋ᠢᠭᠡᠮ ᠲᠣᠭᠣᠷᠢᠭ᠎ᠤᠨ ᠡᠯ᠎ᠡ ᠲᠠᠯ᠎ᠠ ᠵᠢᠨ ᠦᠢ᠍ᠯᠡᠴᠢᠯᠡᠭᠡ ᠵᠢ ᠭᠦᠢ᠍ᠴᠡᠳ ᠪᠥᠭᠡᠳ ᠰᠠᠢ᠌ᠲᠤᠷ ᠬᠢᠵᠦ᠂ ᠤᠯᠠᠨ ᠲᠦᠮᠡᠨ᠎ᠤ ᠥᠪᠡᠷᠲᠡᠭᠡᠨ ᠵᠠᠰᠠᠬᠤ ᠴᠢᠨᠠᠷᠲᠠᠶ ᠶᠠᠪᠤᠳᠠᠯ᠎ᠢ ᠰᠠᠶ᠋ᠢᠲᠤᠷ ᠵᠣᠬᠢᠶᠠᠨ ᠪᠠᠶ᠋ᠢᠭᠤᠯᠬᠤ ᠬᠡᠷᠡᠭᠲᠡᠶ》 ᠭᠡᠵᠦ ᠬᠡᠯᠡᠵᠡᠶ᠃
      《ᠠᠮᠤᠷ ᠵᠢᠮᠦᠷ ᠠᠮᠢᠳᠤᠷᠠᠪᠠᠯ ᠰᠠᠶᠢ ᠠᠵᠤ ᠲᠥᠷᠥᠵᠦ ᠴᠢᠳᠠᠨ᠎ᠠ᠃ ᠢᠷᠡᠭᠡᠳᠦᠢ᠎ᠳᠤ ᠪᠢᠳᠡ ᠨᠡᠩ ᠵᠣᠯ ᠵᠢᠷᠭ᠋ᠠᠯᠲᠤ ᠠᠮᠢᠳᠤᠷᠠᠯ᠎ᠢ ᠡᠳ᠋ᠯᠡᠬᠦ ᠶᠤᠮ》᠃ ᠬᠥᠮᠦᠰ᠎ᠤᠨ ᠳᠤᠮᠳᠠᠬᠢ ᠬᠡᠦᠬᠡᠳ᠎ᠤᠳ᠎ᠢ ᠬᠠᠷᠠᠭ᠋ᠠᠳ ᠶᠡᠷᠦᠩᠬᠡᠶ ᠱᠦᠵᠢ ᠵᠢᠨ ᠨᠢᠭᠤᠷ᠎ᠲᠤ ᠢᠨᠢᠶᠡᠮᠰᠦᠭᠯᠡᠯ ᠲᠣᠳᠣᠷᠠᠵᠤ᠄ 《ᠡᠳᠡᠭᠡᠷ ᠬᠡᠦᠬᠡᠳ᠎ᠤᠳ ᠲᠣᠮᠣ ᠪᠣᠯᠤᠭᠰᠠᠨ᠎ᠤ ᠬᠣᠢ᠌ᠨ᠎ᠠ ᠮᠠᠨ᠎ᠤ ᠤᠯᠤᠰ ᠣᠷᠣᠨ ᠪᠠᠰᠠ ᠠᠳᠠᠯᠢ ᠦᠭᠡᠶ ᠪᠣᠯᠵᠤ᠂ ᠮᠠᠨ᠎ᠤ ᠠᠷᠠᠳ᠎ᠤᠨ ᠠᠮᠢᠳᠤᠷᠠᠯ ᠪᠠᠰᠠ ᠨᠢᠭᠡᠨ ᠲᠦᠪᠰᠢᠨ᠎ᠳᠤ ᠬᠦᠷᠬᠦ ᠪᠣᠯᠣᠨ᠎ᠠ᠃ ᠣᠳᠣ᠎ᠠᠴᠠ ᠡᠬᠢᠯᠡᠨ᠂ ᠠᠷᠠᠳ ᠲᠦᠮᠡᠨ᠎ᠤ ᠠᠮᠢᠳᠤᠷᠠᠯ᠎ᠢ ᠨᠡᠩ ᠵᠣᠯ ᠵᠢᠷᠭ᠋ᠠᠯᠲᠠᠶ ᠪᠣᠯᠭ᠋ᠠᠬᠤ ᠵᠢᠨ ᠲᠥᠯᠥᠭᠡ ᠪᠢᠳᠡ ᠴᠥᠬᠥᠷᠡᠰᠢ ᠦᠭᠡᠢ ᠴᠢᠷᠮᠠᠢ᠌ᠬᠤ ᠬᠡᠷᠡᠭᠲᠡᠢ!》 ᠭᠡᠪᠡ᠃
      《ᠬᠥᠬᠡᠨᠠᠭᠤᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠪᠣᠯ 〈ᠲᠥᠷᠥ ᠵᠢᠨ ᠶᠡᠬᠡ ᠶᠠᠪᠤᠳᠠᠯ〉 ᠮᠥᠨ》
      《ᠬᠥᠬᠡᠨᠠᠭᠤᠷ᠎ᠤᠨ ᠬᠠᠮᠤᠭ᠎ᠤᠨ ᠶᠡᠬᠡ ᠦᠨ᠎ᠡ ᠥᠷᠲᠡᠭ᠎ᠨᠢ ᠠᠮᠢ ᠠᠬᠤᠶ᠎ᠳᠤ ᠪᠤᠶ᠂ ᠬᠠᠮᠤᠭ᠎ᠤᠨ ᠶᠡᠬᠡ ᠬᠠᠷᠢᠭᠤᠴᠠᠯᠭ᠎ᠠ᠎ᠨᠢ ᠠᠮᠢ ᠠᠬᠤᠶ ᠵᠢ ᠬᠠᠮᠠᠭ᠋ᠠᠯᠠᠬᠤ᠎ᠳᠤ ᠪᠤᠶ᠂ ᠬᠠᠮᠤᠭ᠎ᠤᠨ ᠶᠡᠬᠡ ᠳᠠᠯᠳᠠ ᠬᠦᠴᠦᠨ᠎ᠨᠢ ᠴᠦ᠍ ᠠᠮᠢ ᠠᠬᠤᠶ᠎ᠳᠤ᠎ᠪᠠᠨ ᠪᠤᠶ》᠃ 2016 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠲᠤ ᠰᠢᠨᠵᠢᠯᠡᠨ ᠪᠠᠶ᠋ᠢᠴᠠᠭ᠋ᠠᠬᠤ᠎ᠳᠤ᠎ᠪᠠᠨ ᠶᠠᠷᠢᠭᠰᠠᠨ ᠡᠨᠡ ᠬᠦ᠌ ᠴᠢᠬᠤᠯᠠ ᠵᠢᠭ᠋ᠠᠪᠤᠷᠢ᠎ᠨᠢ ᠤᠳᠤ ᠪᠣᠯᠲᠠᠯ᠎ᠠ ᠬᠥᠮᠦᠰ᠎ᠢ ᠰᠡᠩᠬᠡᠷᠡᠭᠦᠯᠦᠭᠰᠡᠭᠡᠷ ᠪᠠᠶ᠋ᠢᠨ᠎ᠠ᠃
      《ᠪᠢ ᠡᠮᠦᠨ᠎ᠡ᠎ᠨᠢ ᠭᠤᠷᠪᠠᠨ ᠮᠥᠷᠡᠨ᠎ᠤ ᠡᠬᠢ᠂ ᠴᠢ ᠯᠢᠶᠠᠨ ᠱᠠᠨ ᠠᠭᠤᠯᠠ ᠵᠢ ᠦᠵᠡᠬᠦ᠎ᠪᠠᠷ ᠣᠴᠢᠭᠰᠠᠨ ᠶᠤᠮ᠂ ᠡᠨᠡ ᠤᠳᠠᠭ᠎ᠠ ᠲᠤᠰᠬᠠᠶ᠋ᠢᠯᠠᠨ ᠬᠥᠬᠡ ᠨᠠᠭᠤᠷ᠎ᠢ ᠦᠵᠡᠬᠦ᠎ᠪᠠᠷ ᠢᠷᠡᠵᠡᠢ᠃》
      ᠬᠥᠬᠡ ᠨᠠᠭᠤᠷ ᠪᠣᠯ ᠳᠤᠮᠳᠠᠳᠤ ᠤᠯᠤᠰ᠎ᠤᠨ ᠬᠠᠮᠤᠭ᠎ᠤᠨ ᠶᠡᠬᠡ ᠳᠣᠲᠣᠭ᠋ᠠᠳᠤ ᠬᠠᠭᠤᠷᠠᠶ ᠵᠢᠨ ᠱᠣᠷᠪᠣᠭ ᠨᠠᠭᠤᠷ ᠪᠠᠢ᠌ᠵᠤ᠂ ᠶᠡᠷᠦᠩᠬᠡᠶ ᠲᠠᠯᠠᠪᠠᠶ᠎ᠨᠢ 70 ᠭᠠᠷᠤᠶ ᠲᠦᠮᠡᠨ ᠺᠦᠸᠠᠲ ᠺᠢᠯᠣᠮᠧᠲᠷ᠎ᠤᠨ ᠬᠥᠬᠡᠨᠠᠭᠤᠷ ᠮᠤᠵᠢ ᠵᠢᠨ ᠨᠡᠷ᠎ᠡ᠎ᠨᠢ ᠡᠭᠦᠨ᠎ᠠᠴᠠ ᠢᠷᠡᠯᠲᠡ᠎ᠲᠠᠢ ᠶᠤᠮ᠃
      ᠰᠢᠨᠢᠩ᠎ᠠᠴᠠ ᠮᠣᠷᠳᠠᠨ᠂ ᠭᠠᠯᠲᠤ ᠲᠡᠷᠭᠡᠨ᠎ᠳᠤ ᠰᠠᠭᠤᠵᠤ᠂ ᠳᠠᠬᠢᠨ ᠮᠠᠰᠢᠨ ᠲᠡᠷᠭᠡ ᠰᠣᠯᠢᠭ᠋ᠠᠳ᠂ 8᠎ᠤ ᠡᠳᠦᠷ᠎ᠤᠨ ᠦᠳᠡ ᠵᠢᠨ ᠬᠣᠶ᠋ᠢᠨ᠎ᠠ᠂ ᠶᠡᠷᠦᠩᠬᠡᠶ ᠱᠦᠵᠢ ᠰᠢ ᠵᠢᠨ ᠫᠢᠩ ᠲᠡᠯᠡᠶ ᠵᠢᠨ ᠲᠦᠪᠰᠢᠨ᠎ᠠᠴᠠ 3200 ᠭᠠᠷᠤᠶ ᠮᠧᠲᠷ ᠡᠷᠭᠦᠭᠳᠡᠭᠰᠡᠨ ᠬᠥᠬᠡ ᠨᠠᠭᠤᠷ᠎ᠤᠨ ᠰᠢᠶᠠᠨ ᠨᠢᠤᠢ ᠸᠠᠨ ᠪᠤᠯᠤᠩ᠎ᠳᠤ ᠬᠦᠷᠴᠦ᠂ ᠡᠨᠳᠡᠬᠢ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠶ᠋ᠢᠳᠠᠯ᠎ᠢ ᠲᠤᠬᠠᠶ ᠵᠢᠨ ᠭᠠᠵᠠᠷ᠎ᠲᠤ᠎ᠨᠢ ᠰᠢᠨᠵᠢᠯᠡᠨ ᠪᠠᠶ᠋ᠢᠴᠠᠭ᠋ᠠᠪᠠ᠃
      ᠰᠢᠶᠠᠨ ᠨᠢᠦᠢ ᠸᠠᠨ ᠪᠤᠯᠤᠩ᠎ᠨᠢ ᠬᠥᠬᠡ ᠨᠠᠭᠤᠷ᠎ᠤᠨ ᠪᠠᠷᠠᠭᠤᠨ ᠬᠣᠶ᠋ᠢᠲᠤ ᠵᠠᠬ᠎ᠠ᠎ᠳᠤ ᠪᠠᠶ᠋ᠢᠷᠢᠯᠠᠵᠤ᠂ ᠬᠥᠬᠡ ᠨᠠᠭᠤᠷ᠎ᠤᠨ ᠤᠯᠤᠰ᠎ᠤᠨ ᠳᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠣᠷᠣᠨ᠎ᠳᠤ ᠬᠠᠷᠢᠶᠠᠯᠠᠭᠳᠠᠨ᠎ᠠ᠃ ᠵᠤᠨ᠎ᠤ ᠦᠶᠡᠰ ᠨᠡᠷᠡᠨ᠎ᠤ ᠭᠡᠷᠡᠯ ᠨᠠᠭᠤᠷ᠎ᠤᠨ ᠤᠰᠤᠨ᠎ᠳᠤ ᠲᠤᠰᠬᠤ᠎ᠳᠤ ᠭᠢᠯᠠᠯᠵᠠᠨ ᠳᠣᠯᠭᠢᠶᠠᠯᠠᠵᠤ᠂ ᠬᠥᠪᠡᠭᠡ ᠬᠢᠵᠠᠭ᠋ᠠᠷ᠎ᠨᠢ ᠬᠠᠷᠠᠭᠳᠠᠬᠤ ᠦᠭᠡᠶ ᠪᠣᠯᠳᠠᠭ᠃
      ᠲᠤᠬᠠᠢ ᠵᠢᠨ ᠭᠠᠵᠠᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠶᠡᠷᠦᠩᠬᠡᠢ ᠱᠦᠵᠢ᠎ᠳᠤ᠂ ᠤᠢ᠍ᠢ᠍ᠷ᠎ᠠ ᠵᠢᠨ 15 ᠵᠢᠯ᠎ᠤᠨ ᠲᠤᠷᠰᠢ᠂ ᠬᠥᠬᠡ ᠨᠠᠭᠤᠷ᠎ᠤᠨ ᠤᠰᠤᠨ᠎ᠤ ᠲᠦᠪᠰᠢᠨ 3 ᠮᠧᠲᠷ ᠭᠠᠷᠤᠢ ᠳᠡᠭᠡᠭᠰᠢᠯᠡᠵᠦ᠂ ᠲᠠᠯᠠᠪᠠᠢ᠎ᠨᠢ 300 ᠭᠠᠷᠤᠢ ᠲᠡᠭᠰᠢ ᠳᠥᠷᠪᠡᠯᠵᠢᠨ ᠺᠢᠯᠣᠮᠧᠲᠷ ᠥᠷᠭᠡᠳᠪᠡ ᠭᠡᠵᠦ ᠲᠠᠨᠢᠯᠴᠠᠭᠤᠯᠪᠠ᠃
      《ᠣᠳᠣ ᠤᠰᠤ᠎ᠨᠢ ᠬᠡᠳᠦᠶ ᠭᠦᠨ ᠪᠠᠢ᠌ᠬᠤ ᠪᠤᠶ?》 ᠭᠡᠵᠦ ᠶᠡᠷᠦᠩᠬᠡᠢ ᠱᠦᠵᠢ ᠠᠰᠠᠭᠤᠪᠠ᠃
      《ᠳᠤᠮᠳᠠᠴᠢ᠎ᠪᠠᠷ 18 ᠮᠧᠲᠷ᠂ ᠬᠠᠮᠤᠭ᠎ᠤᠨ ᠭᠦᠨ᠎ᠳᠤ᠎ᠪᠠᠨ 28 ᠮᠧᠲᠷ᠃》
      ᠬᠥᠬᠡ ᠨᠠᠭᠤᠷ᠎ᠤᠨ ᠤᠰᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠡᠷᠬᠢᠨ ᠲᠣᠭᠣᠷᠢᠨ᠎ᠤ ᠠᠭᠤᠷ ᠠᠮᠢᠰᠬᠤᠯ᠎ᠤᠨ ᠴᠢᠭᠢᠭᠲᠦᠵᠦ ᠳᠤᠯᠠᠭ᠋ᠠᠷᠠᠬᠤ᠎ᠳᠤ ᠠᠰᠢᠭᠲᠠᠶ ᠪᠠᠶ᠋ᠢᠵᠤ᠂ ᠲᠤᠬᠠᠶ ᠵᠢᠨ ᠭᠠᠵᠠᠷ᠎ᠤᠨ ᠬᠡᠭᠡᠷ᠎ᠡ ᠵᠢᠨ ᠠᠮᠢᠲᠠᠨ ᠤᠷᠭᠤᠮᠠᠯ ᠪᠠ ᠰᠢᠪᠠᠭᠤᠳ᠎ᠤᠨ ᠣᠷᠣᠰᠢᠨ ᠠᠮᠢᠳᠤᠷᠠᠬᠤ ᠣᠷᠴᠢᠨ ᠲᠣᠭᠣᠷᠢᠨ ᠵᠢᠴᠢ ᠪᠦᠬᠦᠶ᠋ᠢᠯᠡ ᠨᠠᠭᠤᠷ᠎ᠢ ᠲᠣᠭᠣᠷᠢᠭᠰᠠᠨ ᠭᠠᠵᠠᠷ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠵᠣᠬᠢᠬᠤ ᠬᠡᠮᠵᠢᠶ᠎ᠡ᠎ᠪᠠᠷ ᠰᠠᠢ᠌ᠵᠢᠷᠠᠭᠤᠯᠪᠠ᠃
      ᠰᠢᠶᠠᠨ ᠨᠢᠦᠢ ᠸᠠᠨ ᠪᠤᠯᠤᠩ᠎ᠠᠴᠠ ᠡᠷᠭᠢᠨ ᠲᠣᠭᠣᠷᠢᠨ᠎ᠢ ᠪᠠᠷᠠᠯᠠᠬᠤ᠎ᠳᠤ᠂ ᠤᠰᠤᠨ ᠰᠢᠰᠲ᠋ᠧᠮ᠂ ᠭᠣᠣᠯ᠎ᠤᠨ ᠰᠠᠶ᠋ᠢᠷᠭ᠋ᠠᠯ᠂ ᠤᠰᠤᠨ᠎ᠤ ᠤᠷᠭᠤᠮᠠᠯ ᠵᠡᠷᠭᠡ ᠠᠮᠢ ᠠᠬᠤᠶ ᠵᠢᠨ ᠦᠵᠡᠮᠵᠢ ᠵᠢᠨ ᠲᠥᠷᠥᠯ ᠵᠦᠢ᠍ᠯ ᠪᠠᠶᠠᠯᠢᠭ ᠪᠠᠶ᠋ᠢᠵᠤ᠂ ᠨᠣᠮᠢᠨ ᠳᠣᠯᠭᠢᠶᠠᠨ ᠳᠣᠯᠭᠢᠶᠠᠯᠠᠨ᠂ ᠰᠢᠪᠠᠭᠤᠳ ᠬᠠᠯᠢᠨ ᠨᠢᠰᠴᠦ᠂ ᠨᠡᠶ᠋ᠢᠲᠡᠯᠢᠭ ᠨᠤᠭᠤ ᠭᠠᠵᠠᠷ᠎ᠤᠨ ᠥᠩᠭᠡ ᠦᠵᠡᠮᠵᠢ ᠵᠢ ᠢᠯᠡᠷᠡᠭᠦᠯᠵᠦ ᠪᠠᠢ᠌ᠯ᠎ᠠ᠃
      《ᠡᠨᠳᠡᠬᠢ ᠵᠢᠨ ᠤᠰᠤᠨ᠎ᠤ ᠴᠢᠨᠠᠷ ᠶᠠᠮᠠᠷ ᠪᠤᠶ?》 《ᠰᠢᠪᠠᠭᠤᠨ᠎ᠤ ᠲᠥᠷᠥᠯ ᠬᠡᠳᠦᠶ ᠵᠦᠢ᠍ᠯ ᠪᠠᠢ᠌ᠬᠤ ᠪᠣᠢ?》 《ᠵᠢᠭ᠋ᠠᠰᠤ ᠠᠩᠨᠠᠬᠤ ᠵᠢ ᠴᠠᠭ᠋ᠠᠵᠠᠯᠠᠬᠤ ᠠᠵᠢᠯᠯᠠᠭ᠎ᠠ ᠵᠢ ᠶᠠᠭ᠋ᠠᠬᠢᠵᠤ ᠬᠢᠵᠦ ᠪᠠᠢ᠌ᠭ᠎ᠠ ᠪᠤᠢ?》 ᠭᠡᠵᠦ  ᠬᠥᠬᠡ ᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠣᠳᠣᠬᠢ ᠪᠠᠶ᠋ᠢᠳᠠᠯ ᠪᠣᠯᠤᠨ ᠬᠠᠮᠠᠭ᠋ᠠᠯᠠᠯᠲᠠ ᠵᠢᠨ ᠠᠵᠢᠯ᠎ᠤᠨ ᠲᠣᠭᠣᠷᠢᠨ᠎ᠳᠤ ᠶᠡᠷᠦᠩᠬᠡᠢ ᠱᠦᠵᠢ ᠮᠠᠰᠢ ᠨᠠᠷᠢᠯᠢᠭ ᠠᠰᠠᠭᠤᠪᠠ᠃
      3 ᠰᠠᠷ᠎ᠠ ᠵᠢᠨ ᠡᠮᠦᠨ᠎ᠡ᠂ ᠪᠦᠬᠦ ᠤᠯᠤᠰ᠎ᠤᠨ ᠬᠣᠶᠠᠷ ᠬᠤᠷᠠᠯ᠎ᠤᠨ ᠬᠥᠬᠡᠨᠠᠭᠤᠷ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ ᠲᠤᠬᠠᠢ ᠵᠢᠨ ᠲᠠᠯᠠᠪᠠᠢ᠎ᠳᠤ᠂ ᠬᠠᠷᠠᠬᠠᠨ ᠪᠠᠭ᠎ᠠ᠎ᠠᠴᠠ᠎ᠪᠠᠨ ᠴᠢ ᠯᠢᠶᠠᠨ ᠱᠠᠨ ᠠᠭᠤᠯᠠ ᠵᠢᠨ ᠬᠣᠷᠮᠣᠢ᠎ᠳᠤ ᠲᠦᠷᠦᠭᠰᠡᠨ ᠬᠠᠢ᠍ᠢ᠍ᠪᠸᠢ ᠵᠧᠦ ᠵᠢᠨ ᠮᠸᠨ ᠶᠤᠸᠠᠨ ᠰᠢᠶᠠᠨ᠎ᠤ ᠺᠦᠩ ᠴᠢᠩ ᠵᠢᠤᠢ ᠲᠥᠯᠥᠭᠡᠯᠡᠭᠴᠢ ᠶᠡᠷᠦᠩᠬᠡᠢ ᠱᠦᠵᠢ᠎ᠳᠤ ᠤᠢ᠍ᠢ᠍ᠷ᠎ᠠ ᠵᠢᠨ ᠵᠢᠯ᠎ᠤᠳ᠎ᠤᠨ ᠴᠢ ᠯᠢᠶᠠᠨ ᠱᠠᠨ ᠠᠭᠤᠯᠠ ᠵᠢᠨ ᠡᠮᠦᠨ᠎ᠡ ᠬᠣᠷᠮᠣᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠤᠪᠢᠷᠠᠯᠲᠠ ᠵᠢ ᠲᠠᠨᠢᠯᠴᠠᠭᠤᠯᠪᠠ᠃
      ᠡᠨᠡ ᠤᠳᠠᠭ᠎ᠠ᠂ ᠬᠥᠬᠡ ᠨᠠᠭᠤᠷ᠎ᠤᠨ ᠬᠥᠪᠡᠭᠡᠨ᠎ᠡ ᠴᠢ ᠯᠢᠶᠠᠨ ᠱᠠᠨ ᠠᠭᠤᠯᠠ ᠵᠢ ᠪᠠᠷᠠᠯᠠᠨ᠂ ᠶᠡᠷᠦᠩᠬᠡᠢ ᠱᠦᠵᠢ ᠰᠢ ᠵᠢᠨ ᠫᠢᠩ ᠲᠤᠰᠬᠠᠢ᠌ᠯᠠᠨ ᠬᠥᠬᠡᠨᠠᠭᠤᠷ ᠮᠤᠵᠢ ᠵᠢᠨ ᠴᠢ ᠯᠢᠶᠠᠨ ᠱᠠᠨ ᠠᠭᠤᠯᠠᠨ᠎ᠤ ᠪᠠᠶ᠋ᠢᠭ᠋ᠠᠯᠢ ᠵᠢᠨ ᠠᠮᠢ ᠠᠬᠤᠢ ᠵᠢᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠴᠢ ᠯᠢᠶᠠᠨ ᠱᠠᠨ ᠠᠭᠤᠯᠠᠨ᠎ᠤ ᠮᠥᠰᠥᠨ ᠭᠣᠣᠯ ᠪᠣᠯᠤᠨ ᠬᠥᠬᠡ ᠨᠠᠭᠤᠷ᠎ᠤᠨ ᠤᠰᠤᠨ᠎ᠤ ᠡᠬᠢ ᠰᠤᠷᠪᠤᠯᠵᠢ ᠵᠢᠨ ᠬᠣᠭᠣᠷᠣᠨᠳᠣᠬᠢ ᠬᠣᠯᠪᠣᠭ᠎ᠠ ᠵᠢ ᠣᠨᠴᠠᠭ᠋ᠠᠶ᠋ᠢᠯᠠᠨ ᠠᠩᠬᠠᠷᠤᠨ ᠠᠰᠠᠭᠤᠪᠠ᠃
      ᠮᠣᠳᠣᠨ ᠬᠥᠭᠥᠷᠭᠡ ᠵᠢᠨ ᠵᠠᠮ ᠵᠶ᠋ᠠᠷ᠂ ᠶᠡᠷᠦᠩᠬᠡᠢ ᠱᠦᠵᠢ ᠰᠢ ᠵᠢᠨ ᠫᠢᠩ ᠡᠷᠬᠢᠨ ᠲᠣᠭᠣᠷᠢᠨ᠎ᠢ ᠶᠠᠪᠠᠭ᠋ᠠᠨ ᠵᠶ᠋ᠠᠷ ᠪᠠᠶ᠋ᠢᠴᠠᠭ᠋ᠠᠨ ᠦᠵᠡᠵᠡᠢ᠄ ᠠᠭᠤᠯᠠ᠎ᠨᠢ ᠬᠥᠬᠡ᠂ ᠤᠰᠤ᠎ᠨᠢ ᠲᠤᠩᠭ᠋ᠠᠯᠠᠭ᠂ ᠬᠥᠳᠡᠭᠡ ᠲᠠᠯ᠎ᠠ᠎ᠳᠤ᠎ᠨᠢ ᠬᠤᠨᠢ ᠮᠠᠯ ᠰᠦᠷᠦᠭᠯᠡᠵᠦ᠂ ᠬᠥᠬᠡ ᠣᠭᠲᠠᠷᠭᠤᠢ᠎ᠳᠤ ᠵᠢᠭᠦᠷᠲᠡᠨ ᠰᠢᠪᠠᠭᠤᠳ ᠨᠢᠰᠦᠯᠴᠡᠨ᠎ᠡ ᠁
      《ᠡᠶ᠋ᠢᠮᠦ ᠦᠵᠡᠮᠵᠢ ᠵᠢ ᠬᠠᠷᠠᠬᠤ᠎ᠳᠤ ᠸᠠᠩ ᠯᠦᠸᠧ ᠪᠢᠨ᠎ᠤ ᠬᠥᠬᠡᠨᠠᠭᠤᠷ᠎ᠲᠤ ᠵᠣᠬᠢᠶᠠᠭᠰᠠᠨ 〈ᠠᠯᠤᠰ᠎ᠤᠨ ᠭᠠᠵᠠᠷ᠎ᠲᠤ〉 ᠭᠡᠳᠡᠭ ᠠᠷᠠᠳ᠎ᠤᠨ ᠳᠠᠭᠤᠤ ᠰᠠᠨᠠᠭ᠋ᠠᠨ᠎ᠳᠤ ᠣᠷᠣᠳᠠᠭ᠃ ᠶᠠᠭ ᠡᠨᠳᠡᠬᠢ ᠵᠢᠨ ᠣᠬᠢ ᠰᠢᠮ᠎ᠡ ᠵᠢ ᠭᠦᠢ᠍ᠴᠡᠳ ᠰᠢᠩᠭᠡᠭᠡᠭᠰᠡᠨ᠎ᠠᠴᠠ ᠰᠠᠶᠢ ᠬᠥᠮᠦᠨ ᠲᠥᠷᠥᠯᠬᠢᠲᠡᠨ᠎ᠤ ᠤᠷᠠᠯᠢᠭ᠎ᠤᠨ ᠰᠠᠩ᠎ᠳᠤ ᠡᠶ᠋ᠢᠮᠦ ᠰᠠᠶ᠋ᠢᠬᠠᠨ ᠪᠦᠲᠦᠭᠡᠯ᠎ᠢ ᠨᠡᠮᠡᠷᠢᠯᠡᠭᠰᠡᠨ ᠶᠤᠮ》᠃
      ᠶᠡᠷᠦᠩᠬᠡᠢ ᠱᠦᠵᠢ ᠵᠢᠨ ᠰᠡᠳᠬᠢᠯ᠎ᠳᠤ᠂ ᠬᠥᠬᠡ ᠠᠭᠤᠯᠠ᠎ᠨᠢ ᠳᠠᠷᠤᠢ ᠭᠣᠶᠣ ᠦᠵᠡᠮᠵᠢ᠂ ᠴᠡᠩᠬᠡᠷ ᠲᠡᠭᠷᠢ᠎ᠨᠢ ᠴᠤ᠌ ᠵᠣᠯ ᠵᠢᠷᠭ᠋ᠠᠯ ᠪᠠᠢ᠌ᠳᠠᠭ᠃
      ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ ᠠᠮᠢ ᠠᠬᠤᠶ ᠪᠣᠯ ᠡᠬᠢ ᠪᠠᠶᠠᠯᠢᠭ ᠪᠠ ᠡᠳ᠋ ᠬᠥᠷᠥᠩᠭᠡ᠂ ᠮᠠᠨ᠎ᠤ ᠡᠷᠳᠡᠨᠢᠰ᠎ᠤᠨ ᠰᠠᠩ ᠮᠥᠨ ᠭᠡᠪᠡ᠃ ᠡᠷᠬᠢᠨ ᠲᠣᠭᠣᠷᠢᠨ᠎ᠢ ᠠᠵᠢᠭᠯᠠᠵᠤ᠂ ᠲᠡᠷᠡ ᠲᠤᠬᠠᠢ ᠵᠢᠨ ᠭᠠᠵᠠᠷ᠎ᠤᠨ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ᠎ᠲᠤ᠂ ᠬᠥᠬᠡᠨᠠᠭᠤᠷ᠎ᠤᠨ ᠠᠮᠢ ᠠᠬᠤᠢ ᠵᠢᠨ ᠪᠣᠯᠪᠠᠰᠤᠨ᠎ᠤ ᠲᠠᠯ᠎ᠠ᠎ᠪᠠᠷ᠎ᠬᠢ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠰᠠᠭᠤᠷᠢ ᠲᠤᠶ᠋ᠢᠯ᠎ᠤᠨ ᠴᠢᠬᠤᠯᠠ᠂ ᠬᠤᠪᠢ ᠵᠢᠨ ᠵᠢᠩ ᠮᠠᠰᠢ ᠬᠦᠨᠳᠦ ᠪᠠᠢ᠌ᠳᠠᠭ᠃ ᠬᠥᠬᠡᠨᠠᠭᠤᠷ᠎ᠤᠨ ᠠᠮᠢ ᠠᠬᠤᠢ ᠵᠢᠨ ᠪᠣᠯᠪᠠᠰᠤᠨ᠎ᠢ ᠰᠠᠶ᠋ᠢᠲᠤᠷ ᠪᠠᠶ᠋ᠢᠭᠤᠯᠵᠤ᠂ ᠠᠮᠢ ᠠᠬᠤᠢ ᠵᠢᠨ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠵᠠᠬᠢᠪᠠ᠃
      9᠎ᠤ ᠡᠳᠦᠷ᠎ᠤᠨ ᠦᠳᠡ ᠵᠢᠨ ᠡᠮᠦᠨ᠎ᠡ᠂ ᠬᠥᠬᠡᠨᠠᠭᠤᠷ ᠮᠤᠵᠢ ᠵᠢᠨ ᠨᠠᠮ᠎ᠤᠨ ᠬᠣᠷᠢᠶ᠎ᠠ ᠪᠣᠯᠤᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠠ ᠬᠥᠬᠡᠨᠠᠭᠤᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ᠎ᠪᠠᠷ ᠵᠣᠷᠢᠭ ᠰᠢᠭᠤᠳᠤᠭᠰᠠᠨ ᠪᠠᠶ᠋ᠢᠯᠳᠤᠬᠤ ᠪᠤᠳᠤᠯᠭ᠎ᠠ ᠵᠢᠨ ᠪᠣᠳᠣᠯᠬᠢᠯᠠᠯ᠎ᠢ ᠶᠠᠷᠢᠪᠠ᠃
      ᠲᠡᠷᠡ ᠵᠢᠭ᠋ᠠᠬᠤ᠎ᠳᠤ᠎ᠪᠠᠨ᠂ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ᠂ ᠬᠥᠬᠡᠨᠠᠭᠤᠷ᠎ᠤᠨ ᠠᠮᠢ ᠠᠬᠤᠢ ᠵᠢᠨ ᠠᠮᠤᠷ ᠲᠦᠪᠰᠢᠨ᠎ᠤ ᠪᠠᠶ᠋ᠢᠷᠢ ᠰᠠᠭᠤᠷᠢ᠂ ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ᠎ᠤ ᠪᠠᠶ᠋ᠢᠷᠢ ᠰᠠᠭᠤᠷᠢ᠂ ᠡᠬᠢ ᠪᠠᠶᠠᠯᠢᠭ ᠡᠨᠧᠷᠭᠢ ᠵᠢᠨ ᠠᠮᠤᠷ ᠲᠦᠪᠰᠢᠨ᠎ᠤ ᠪᠠᠶ᠋ᠢᠷᠢ ᠰᠠᠭᠤᠷᠢ ᠨᠡᠩ ᠴᠢᠬᠤᠯᠠ ᠪᠣᠯᠪᠠ᠃
      《ᠬᠥᠬᠡᠨᠠᠭᠤᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠪᠣᠯ 〈ᠲᠥᠷᠥ ᠵᠢᠨ ᠶᠡᠬᠡ ᠶᠠᠪᠤᠳᠠᠯ〉 ᠮᠥᠨ》 ᠭᠡᠵᠦ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ ᠬᠥᠬᠡᠨᠠᠭᠤᠷ ᠪᠣᠯ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠠᠶ᠋ᠢᠯᠳᠤᠬᠤ ᠪᠤᠳᠤᠯᠭ᠎ᠠ ᠵᠢᠨ ᠴᠢᠬᠤᠯᠠ ᠭᠠᠵᠠᠷ ᠪᠠᠢ᠌ᠵᠤ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠭᠤᠷᠪᠠᠨ ᠮᠥᠷᠡᠨ᠎ᠤ ᠡᠬᠢ ᠵᠢ ᠬᠠᠮᠠᠭ᠋ᠠᠯᠠᠬᠤ᠂ 《ᠳᠤᠮᠳᠠᠳᠤ ᠵᠢᠨ ᠤᠰᠤᠨ ᠰᠤᠪᠤᠷᠭ᠎ᠠ》 ᠵᠢ ᠬᠠᠮᠠᠭ᠋ᠠᠯᠠᠬᠤ ᠴᠢᠬᠤᠯᠠ ᠶᠡᠬᠡ ᠡᠭᠦᠷᠭᠡ ᠵᠢ ᠰᠠᠶ᠋ᠢᠲᠤᠷ ᠡᠭᠦᠷᠭᠡᠯᠡᠬᠦ ᠬᠡᠷᠡᠭᠲᠡᠢ ᠭᠡᠵᠡᠢ᠃
      ᠶᠡᠷᠦᠩᠬᠡᠢ ᠱᠦᠵᠢ ᠰᠢ ᠵᠢᠨ ᠫᠢᠩ ᠪᠠᠰᠠ᠂ ᠬᠥᠬᠡᠨᠠᠭᠤᠷ᠎ᠲᠤ ᠥᠪᠡᠷ᠎ᠤᠨ ᠭᠡᠰᠡᠨ ᠣᠨᠴᠠᠯᠢᠭ᠎ᠲᠠᠢ ᠪᠠᠢ᠌ᠵᠤ᠂ ᠡᠷᠬᠡᠪᠰᠢ ᠥᠪᠡᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠪᠥᠬᠥ ᠤᠯᠤᠰ᠎ᠤᠨ ᠶᠡᠬᠡ ᠲᠠᠯ᠎ᠠ᠎ᠠᠴᠠ ᠥᠪᠡᠷ᠎ᠤᠨ ᠪᠠᠶ᠋ᠢᠷᠢ ᠲᠣᠭᠲᠠᠭ᠋ᠠᠯᠲᠠ᠎ᠪᠠᠨ ᠣᠨᠣᠪᠴᠢᠲᠠᠶ ᠡᠷᠢᠵᠦ ᠤᠯᠬᠤ ᠬᠡᠷᠡᠭᠲᠡᠶ᠃ ᠬᠥᠬᠡᠨᠠᠭᠤᠷ᠎ᠤᠨ 90%᠎ᠠᠴᠠ ᠳᠡᠭᠡᠭᠰᠢᠬᠢ ᠨᠤᠲᠤᠭ ᠳᠡᠪᠢᠰᠬᠡᠷ᠎ᠨᠢ ᠨᠡᠭᠡᠭᠡᠨ ᠬᠥᠭᠵᠢᠭᠦᠯᠬᠦ ᠵᠢ ᠬᠢᠵᠠᠭ᠋ᠠᠷᠯᠠᠬᠤ ᠣᠷᠣᠨ ᠪᠤᠶᠤ ᠨᠡᠭᠡᠭᠡᠨ ᠬᠥᠭᠵᠢᠭᠦᠯᠬᠦ ᠵᠢ ᠴᠠᠭ᠋ᠠᠵᠠᠯᠠᠬᠤ ᠣᠷᠣᠨ᠎ᠳᠤ ᠬᠠᠷᠢᠶᠠᠯᠠᠭᠳᠠᠬᠤ ᠤᠴᠢᠷ᠎ᠠᠴᠠ ᠡᠷᠬᠡᠪᠰᠢ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠨᠣᠯᠵᠢᠬᠤᠨ᠎ᠢ ᠪᠠᠲᠤᠳᠬᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠨᠠᠷᠯᠢᠭ ᠬᠥᠭᠵᠢᠯᠲᠡ ᠵᠢᠨ ᠦᠨᠳᠦᠰᠦᠨ ᠤᠷᠢᠲᠠᠯ ᠪᠠ ᠵᠠᠪᠠᠯ ᠪᠠᠢ᠌ᠬᠤ ᠬᠢᠵᠠᠭ᠋ᠠᠷᠯᠠᠯ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠥᠬᠡᠨᠠᠭᠤᠷ ᠮᠤᠵᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠠᠵᠢᠯ᠎ᠤᠨ ᠬᠠᠷᠢᠭᠤ ᠮᠡᠳᠡᠭᠦᠯᠦᠯᠲᠡ ᠬᠢᠬᠦ᠎ᠳᠤ᠎ᠪᠠᠨ᠂ ᠬᠥᠬᠡᠨᠠᠭᠤᠷ ᠤᠳᠤ ᠶᠠᠭ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠥᠰᠥ ᠵᠢᠨ ᠰᠢᠰᠲ᠋ᠧᠮ᠎ᠤᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶ᠋ᠢᠨ᠎ᠠ ᠭᠡᠵᠡᠢ᠃
      ᠡᠭᠦᠨ᠎ᠤ ᠲᠤᠬᠠᠶ ᠶᠡᠷᠦᠩᠬᠡᠶ ᠱᠦᠵᠢ ᠰᠢ ᠵᠢᠨ ᠫᠢᠩ᠄ 《ᠲᠠ ᠨᠠᠷ᠎ᠤᠨ 〈ᠮᠥᠰᠥ〉 ᠭᠡᠰᠡᠨ ᠦᠰᠦᠭ᠎ᠢ ᠨᠡᠮᠡᠭᠰᠡᠨ᠎ᠨᠢ ᠬᠥᠬᠡᠨᠠᠭᠤᠷ᠎ᠤᠨ ᠠᠮᠢ ᠠᠬᠤᠶ ᠵᠢᠨ ᠣᠨᠴᠠᠭ᠋ᠠᠶ ᠴᠢᠨᠠᠷ᠎ᠢ ᠬᠠᠷᠠᠭᠤᠯᠵᠤ ᠪᠠᠶ᠋ᠢᠬᠤ ᠵᠢ ᠪᠢ ᠠᠩᠬᠠᠷᠴᠤ ᠣᠯᠪᠠ᠂ ᠡᠨᠡ ᠬᠦ᠌ 〈ᠮᠥᠰᠥ〉 ᠭᠡᠰᠡᠨ ᠦᠰᠦᠭ᠎ᠢ ᠭᠠᠵᠠᠷ ᠪᠣᠯᠭ᠋ᠠᠨ᠎ᠳᠤ ᠨᠡᠮᠡᠵᠦ ᠪᠣᠯᠳᠠᠭ ᠦᠭᠡᠶ ᠶᠤᠮ》 ᠭᠡᠵᠦ ᠨᠤᠲᠠᠯᠠᠪᠠ᠃
      ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠮᠢ ᠠᠬᠤᠶ ᠵᠢᠨ ᠣᠷᠴᠢᠨ ᠲᠣᠭᠣᠷᠢᠨ᠎ᠢ ᠡᠪᠳᠡᠭᠰᠡᠨ ᠵᠠᠷᠢᠮ ᠬᠡᠷᠡᠭ᠎ᠲᠤ ᠶᠡᠷᠦᠩᠬᠡᠶ ᠱᠦᠵᠢ ᠰᠢ ᠵᠢᠨ ᠫᠢᠩ ᠢᠮᠠᠭᠲᠠ ᠳᠡᠭᠡᠳᠦ ᠬᠡᠮᠵᠢᠶᠡᠨ᠎ᠤ ᠠᠩᠬᠠᠷᠤᠯ ᠲᠠᠯᠪᠢᠭᠰᠠᠭ᠋ᠠᠷ ᠢᠷᠡᠵᠡᠶ᠃
      2014 ᠣᠨ᠎ᠤ 8 ᠳ᠋ᠤᠭ᠋ᠠᠷ ᠰᠠᠷ᠎ᠠ᠂ 9 ᠳ᠋ᠦ᠍ᠭᠡᠷ ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠥᠬᠡᠨᠠᠭᠤᠷ᠎ᠤᠨ ᠴᠢ ᠯᠢᠶᠠᠨ ᠱᠠᠨ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠠ ᠮᠦᠷᠢ ᠠᠭᠤᠷᠬᠠᠶ ᠵᠢᠨ ᠣᠷᠣᠨ᠎ᠤ ᠡᠪᠳᠡᠯᠭᠡ ᠵᠢᠨ ᠴᠢᠨᠠᠷᠲᠠᠶ ᠨᠡᠭᠡᠭᠡᠨ ᠮᠠᠯᠲᠠᠯᠲᠠ᠎ᠳᠤ ᠴᠣᠬᠣᠯᠠᠪᠤᠷᠢ ᠥᠭᠪᠡ᠃
      ᠡᠨᠡ ᠤᠳᠠᠭ᠎ᠠ ᠬᠥᠬᠡᠨᠠᠭᠤᠷ ᠮᠤᠵᠢ ᠵᠢᠨ ᠨᠠᠮ᠎ᠤᠨ ᠬᠣᠷᠢᠶ᠎ᠠ ᠪᠣᠯᠤᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ ᠳᠠᠬᠢᠨᠲᠠ ᠴᠢᠬᠤᠯᠠᠴᠢᠯᠠᠭᠰᠠᠨ᠎ᠨᠢ᠂ ᠮᠦᠷᠢ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠰᠡᠭᠦᠯ ᠦᠯᠡᠳᠡᠭᠡᠬᠦ ᠦᠭᠡᠢ᠂ ᠬᠠᠷᠠᠮᠰᠠᠯ ᠦᠯᠡᠳᠡᠭᠡᠬᠦ ᠦᠭᠡᠢ ᠪᠠᠶ᠋ᠢᠬᠤ ᠬᠡᠷᠡᠭᠲᠡᠢ᠃ ᠬᠣᠶ᠋ᠢᠰᠢᠳᠠ ᠡᠶ᠋ᠢᠮᠦᠷᠬᠦ ᠠᠰᠠᠭᠤᠳᠠᠯ᠎ᠢ ᠨᠢᠭᠡ ᠵᠢ ᠮᠡᠳᠡᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠵᠥᠪᠬᠡᠨ 《ᠳᠠᠬᠢᠵᠤ ᠢᠩᠭᠢᠵᠦ ᠪᠣᠯᠬᠤ ᠤᠢ᠍ᠭᠡᠢ》 ᠭᠡᠵᠦ ᠥᠩᠭᠡᠷᠡᠭᠡᠵᠦ ᠪᠣᠯᠬᠤ ᠤᠢ᠍ᠭᠡᠢ ᠭᠡᠪᠡ᠃
      《ᠨᠢᠭᠡᠨ ᠵᠣᠯ ᠵᠢᠷᠭ᠋ᠠᠯᠲᠤ ᠤᠯᠤᠰ᠂ ᠨᠢᠭᠡᠨ ᠣᠳᠣᠬᠢᠴᠢᠯᠠᠭᠰᠠᠨ ᠤᠯᠤᠰ᠎ᠢ ᠯᠠᠪᠲᠠᠢ ᠪᠦᠳᠦᠭᠡᠨ ᠪᠠᠢ᠌ᠭᠤᠯᠵᠤ ᠴᠢᠳᠠᠨ᠎ᠠ》
      ᠭᠠᠩᠼᠠ ᠰᠢᠶᠠᠨ᠎ᠤ ᠱᠠ ᠯᠢᠦ ᠾᠧ ᠪᠠᠯᠭ᠋ᠠᠰᠤᠨ᠎ᠤ ᠭᠣᠯᠣᠭ ᠲᠥᠪᠡᠳ ᠦᠨᠳᠦᠰᠦᠲᠡᠨ᠎ᠤ ᠭᠦᠩᠮᠠ ᠲᠣᠰᠬᠣᠨ ᠪᠣᠯ ᠲᠥᠪᠡᠳ ᠦᠨᠳᠦᠰᠦᠲᠡᠨ᠎ᠤ ᠮᠠᠯᠵᠢᠯ᠎ᠤᠨ ᠲᠣᠰᠬᠣᠨ ᠪᠣᠯᠤᠨ᠎ᠠ᠃ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ᠂ ᠮᠠᠯᠴᠢᠳ ᠠᠯᠤᠰ ᠬᠤᠯᠠ ᠪᠠᠶ᠋ᠢᠭ᠎ᠠ ᠪᠡᠯᠴᠢᠭᠡᠷ᠎ᠠᠴᠠ᠎ᠪᠠᠨ ᠡᠨᠳᠡ ᠨᠡᠭᠦᠨ ᠢᠷᠡᠵᠦ ᠣᠷᠣᠰᠢᠨ ᠰᠠᠭᠤᠪᠠ᠃
      8᠎ᠤ ᠡᠳᠦᠷ᠎ᠤᠨ ᠦᠳᠡ ᠵᠢᠨ ᠬᠣᠶ᠋ᠢᠨ᠎ᠠ᠂ ᠶᠡᠷᠦᠩᠬᠡᠶ ᠱᠦᠵᠢ ᠰᠢ ᠵᠢᠨ ᠫᠢᠩ ᠳᠤᠮᠳᠠᠴᠢ᠎ᠪᠠᠷ ᠳᠠᠯᠠᠶ ᠵᠢᠨ ᠲᠦᠪᠰᠢᠨ᠎ᠠᠴᠠ 3300 ᠮᠧᠲᠷ ᠡᠷᠭᠦᠭᠳᠡᠭᠰᠡᠨ ᠡᠨᠡ ᠬᠦ᠌ ᠲᠣᠰᠬᠣᠨ᠎ᠳᠤ ᠬᠦᠷᠴᠦ ᠢᠷᠡᠪᠡ᠃
      ᠬᠦᠬᠡ ᠲᠩᠷᠢ ᠴᠠᠭ᠋ᠠᠨ ᠡᠭᠦᠯᠡᠨ᠎ᠤ ᠳᠣᠣᠷ᠎ᠠ᠂ ᠤᠯᠠᠭ᠋ᠠᠨ ᠸᠠᠭ᠋ᠠᠷ ᠰᠢᠷ᠎ᠠ ᠬᠠᠨᠠᠲᠤ ᠭᠡᠷ᠎ᠤᠳ ᠳᠡᠷᠢ ᠲᠡᠭᠰᠢ ᠵᠢᠭᠰᠠᠵᠤ᠂ ᠲᠣᠰᠬᠣᠨ᠎ᠤ ᠵᠠᠮ᠎ᠤᠨ ᠬᠣᠶᠠᠷ ᠲᠠᠯ᠎ᠠ᠎ᠪᠠᠷ ᠨᠡᠷᠡᠨ ᠡᠨᠧᠷᠭᠢ ᠵᠢᠨ ᠵᠠᠮ᠎ᠤᠨ ᠳ᠋ᠧᠩ ᠪᠣᠰᠬᠠᠭᠳᠠᠪᠠ᠃
      《ᠶᠡᠷᠦᠩᠬᠡᠢ ᠱᠦᠵᠢ ᠵᠢ ᠪᠠᠶᠠᠷᠯᠠᠨ ᠤᠭᠲᠤᠶ᠎ᠠ!》 ᠭᠡᠵᠦ 50 ᠨᠠᠰᠤᠲᠠᠢ ᠲᠣᠰᠬᠣᠨ᠎ᠤ ᠠᠷᠠᠳ  ᠰᠣᠳᠨᠠᠮᠰᠧᠷᠡᠩ ᠭᠤᠷᠪᠠᠨ ᠦᠶ᠎ᠡ ᠵᠢᠨ᠎ᠬᠢᠨ ᠵᠶ᠋ᠠᠨ ᠳᠠᠭ᠋ᠠᠭᠤᠯᠤᠨ ᠡᠭᠦᠳᠡᠨ ᠡᠮᠦᠨ᠎ᠡ᠎ᠪᠠᠨ ᠵᠣᠭᠰᠣᠵᠤ᠂ ᠶᠡᠷᠦᠩᠬᠡᠢ ᠱᠦᠵᠢ᠎ᠳᠤ ᠠᠷᠢᠭᠤᠨ ᠴᠠᠭ᠋ᠠᠨ ᠬᠠᠳᠠᠭ ᠡᠷᠭᠦᠵᠡᠢ᠃
      ᠰᠣᠳᠨᠠᠮᠰᠧᠷᠡᠩ᠎ᠤᠨ 5 ᠰᠠᠷ᠎ᠠ᠎ᠲᠠᠢ ᠵᠢᠭᠡ ᠣᠮᠪᠣᠯᠣ᠎ᠨᠢ ᠮᠠᠨᠴᠤᠢ᠎ᠳᠤ᠎ᠪᠠᠨ ᠪᠠᠢ᠌ᠭᠰᠠᠨ᠎ᠢ ᠶᠡᠷᠦᠩᠬᠡᠢ ᠱᠦᠵᠢ ᠬᠠᠷᠠᠭ᠋ᠠᠳ᠄ 《ᠪᠢᠴᠢᠬᠠᠨ ᠬᠡᠦᠬᠡᠳ ᠨᠡᠯᠢᠶᠡᠳ ᠰᠠᠢ᠌ᠬᠠᠨ ᠲᠥᠷᠥᠵᠡᠢ᠂ ᠦᠵᠡᠬᠦ᠎ᠳᠤ ᠮᠠᠰᠢ ᠰᠡᠴᠡᠨ ᠰᠡᠷᠭᠦᠯᠡᠩ ᠪᠠᠢ᠌ᠨ᠎ᠠ》 ᠲᠠᠭ᠋ᠠᠰᠢᠶᠠᠨ ᠬᠡᠯᠡᠪᠡ᠃
      ᠬᠦᠷᠢᠶᠡᠨ᠎ᠳᠤ ᠣᠷᠣᠬᠤ᠎ᠳᠤ ᠰᠢᠯ ᠪᠠᠶ᠋ᠢᠰᠢᠩ ᠬᠠᠷᠠᠭᠳᠠᠵᠤ᠂ ᠨᠡᠷᠡᠨ᠎ᠤ ᠭᠡᠷᠡᠯ ᠰᠢᠯ᠎ᠢ ᠨᠡᠪᠲᠡᠯᠦᠨ ᠭᠡᠷ᠎ᠲᠤ ᠤᠷᠢᠨ ᠳᠤᠯᠠᠭ᠋ᠠᠬᠠᠨ ᠪᠢᠯᠬᠠᠨ᠎ᠠ᠃
      《ᠲᠦᠭᠡᠭᠡᠯ ᠤᠰᠤ ᠵᠢ ᠬᠡᠷᠡᠭᠯᠡᠵᠦ ᠪᠠᠶ᠋ᠢᠨ᠎ᠠ ᠦᠦ? ᠪᠣᠬᠢᠷ ᠤᠰᠤ᠎ᠪᠠᠨ ᠬᠡᠷᠬᠢᠨ ᠰᠢᠢ᠍ᠳᠪᠦᠷᠢᠯᠡᠳᠡᠭ ᠪᠣᠢ?》 ᠭᠡᠵᠦ ᠥᠩᠭᠡᠷᠡᠭᠰᠡᠨ᠎ᠲᠠᠢ᠎ᠪᠠᠨ ᠠᠳᠠᠯᠢ᠎ᠪᠠᠷ᠂ ᠶᠡᠷᠦᠩᠬᠡᠢ ᠱᠦᠵᠢ ᠬᠥᠳᠡᠭᠡ ᠲᠣᠰᠬᠣᠨ᠎ᠤ ᠵᠣᠷᠯᠣᠩ᠎ᠢ ᠥᠭᠡᠷᠡᠴᠢᠯᠡᠬᠦ ᠠᠵᠢᠯ᠎ᠢ ᠮᠠᠰᠢ ᠠᠩᠬᠠᠷᠤᠨ ᠠᠰᠠᠭᠤᠪᠠ᠃
      《ᠣᠳᠣ ᠲᠣᠰᠬᠣᠨ᠎ᠳᠤ ᠴᠥᠮ ᠲᠦᠭᠡᠭᠡᠯ ᠤᠰᠤ ᠬᠡᠷᠡᠭᠯᠡᠬᠦ ᠪᠣᠯᠵᠠᠢ᠃ ᠪᠣᠬᠢᠷ ᠤᠰᠤ᠎ᠪᠠᠨ ᠴᠥᠮ ᠨᠢᠭᠡᠳᠦᠯᠲᠡᠶ ᠪᠣᠬᠢᠷ ᠤᠰᠤᠨ᠎ᠤ ᠬᠣᠭᠣᠯᠠᠶ᠎ᠳᠤ ᠲᠥᠪᠯᠡᠷᠡᠭᠦᠯᠦᠨ ᠰᠢᠢ᠍ᠳᠪᠦᠷᠢᠯᠡᠵᠦ ᠪᠠᠢ᠌ᠨ᠎ᠠ》 ᠭᠡᠵᠦ ᠭᠠᠴᠠᠭ᠋ᠠᠨ᠎ᠤ ᠺᠠᠳ᠋ᠷ ᠬᠠᠷᠢᠭᠤᠯᠪᠠ᠃
      ᠤᠨᠲᠠᠯᠭ᠎ᠠ ᠵᠢᠨ ᠦᠷᠦᠭᠡ᠂ ᠵᠣᠴᠢᠳ᠎ᠤᠨ ᠥᠷᠥᠭᠡᠨ᠎ᠳᠤ ᠣᠷᠣᠬᠤ᠎ᠳᠤ᠂ ᠭᠡᠷ᠎ᠲᠤ ᠡᠯᠭᠦᠮᠡᠯ ᠳᠡᠭᠡᠪᠦᠷ ᠤᠭᠰᠠᠷᠠᠨ᠂ ᠬᠠᠨ᠎ᠠ ᠵᠢᠨ ᠴᠠᠭ᠋ᠠᠰᠤ ᠨᠠᠭ᠋ᠠᠵᠤ᠂ ᠬᠤᠪᠴᠠᠰᠤᠨ᠎ᠤ ᠬᠣᠷᠭᠣ᠂ ᠲᠧᠯᠸᠢᠰ ᠵᠡᠷᠭᠡ ᠭᠡᠷ᠎ᠤᠨ ᠡᠳ᠋ᠯᠡᠯ ᠬᠡᠷᠡᠭᠰᠡᠯ ᠪᠦᠷᠢᠨ ᠲᠥᠬᠥᠷ ᠪᠠᠶ᠋ᠢᠬᠤ ᠵᠢ ᠦᠵᠡᠭᠡᠳ ᠶᠡᠷᠦᠩᠬᠡᠢ ᠱᠦᠵᠢ᠄ 《ᠭᠡᠷ ᠵᠶ᠋ᠠᠨ ᠮᠠᠰᠢ ᠨᠠᠷᠢᠯᠢᠭ ᠵᠠᠰᠠᠨ ᠴᠢᠮᠡᠭᠰᠡᠨ ᠪᠠᠢ᠌ᠨ᠎ᠠ》 ᠭᠡᠵᠦ ᠢᠨᠢᠶᠡᠮᠰᠦᠭᠯᠡᠨ ᠬᠡᠯᠡᠪᠡ᠃
      ᠵᠣᠴᠢᠳ᠎ᠤᠨ ᠥᠷᠥᠭᠡᠨ᠎ᠳᠤ ᠲᠣᠭᠣᠷᠢᠨ ᠰᠠᠭᠤᠵᠠᠭ᠋ᠠᠵᠤ᠂ ᠶᠡᠷᠦᠩᠬᠡᠢ ᠱᠦᠵᠢ ᠣᠯᠠᠨ᠎ᠲᠠᠢ ᠵᠣᠭᠣᠭ ᠳᠡᠯᠭᠡᠪᠡ᠃
       ᠰᠣᠳᠨᠠᠮᠰᠧᠷᠡᠩ ᠶᠡᠷᠦᠩᠬᠡᠢ ᠱᠦᠵᠢ᠎ᠳᠤ 17 ᠺᠢᠯᠣᠮᠧᠲᠷ᠎ᠤᠨ ᠭᠠᠳᠠᠨᠠᠬᠢ ᠪᠡᠯᠴᠢᠭᠡᠷ᠎ᠤᠨ ᠬᠠᠭᠤᠴᠢᠨ ᠪᠠᠢ᠌ᠰᠢᠩ᠎ᠤᠨ ᠰᠡᠭᠦᠳᠡᠷ ᠦᠵᠡᠭᠦᠯᠪᠡ᠂ ᠲᠡᠷᠡ᠎ᠨᠢ ᠬᠣᠶᠠᠷ ᠲᠠᠰᠤᠯᠭ᠎ᠠ ᠪᠣᠭᠣᠨᠢ ᠰᠢᠪᠠᠷ ᠪᠠᠢ᠌ᠰᠢᠩ ᠪᠠᠢ᠌ᠪᠠ᠃

      ᠶᠡᠷᠦᠩᠬᠡᠢ ᠱᠦᠵᠢ ᠰᠡᠭᠦᠳᠡᠷ᠎ᠢ ᠲᠣᠰᠣᠨ ᠠᠪᠴᠤ ᠨᠠᠷᠢᠨ ᠠᠵᠢᠭᠯᠠᠭ᠋ᠠᠳ᠄ 《ᠥᠩᠭᠡᠷᠡᠭᠰᠡᠨ᠎ᠤ ᠨᠥᠬᠥᠴᠡᠯ ᠬᠠᠷᠢᠴᠠᠩᠭᠤᠢ ᠬᠠᠲᠠᠭᠤᠵᠢᠯᠲᠠᠢ ᠪᠠᠶ᠋ᠢᠭᠰᠠᠨ᠂ ᠤᠳᠤ ᠨᠡᠯᠢᠶᠡᠳ ᠰᠠᠶ᠋ᠢᠵᠢᠷᠠᠵᠠᠢ》 ᠭᠡᠪᠡ᠃
       ᠰᠣᠳᠨᠠᠮᠰᠧᠷᠡᠩ ᠶᠡᠷᠦᠩᠬᠡᠶ ᠱᠦᠵᠢ᠎ᠳᠤ ᠬᠡᠯᠡᠬᠦ᠎ᠳᠤ᠎ᠪᠠᠨ᠂ 2014 ᠣᠨ᠎ᠤ ᠡᠴᠦᠰ᠎ᠲᠤ᠂ ᠵᠠᠰᠠᠭ᠎ᠤᠨ ᠣᠷᠳᠣᠨ 4.7 ᠲᠦᠮᠡᠨ ᠲᠥᠭᠥᠷᠢᠭ᠎ᠤᠨ ᠨᠥᠬᠥᠪᠥᠷᠢ ᠥᠭᠴᠦ᠂ ᠥᠪᠡᠰᠦᠪᠡᠨ 1.5 ᠲᠦᠮᠡᠨ ᠲᠥᠭᠥᠷᠢᠭ ᠵᠠᠷᠤᠴᠠᠭᠤᠯᠵᠤ᠂ ᠣᠳᠣ ᠵᠢᠨ ᠡᠨᠡ ᠬᠦ᠌ ᠠᠭᠤᠵᠢᠭᠤ ᠲᠣᠭᠣᠰᠬᠠᠨ ᠪᠠᠶ᠋ᠢᠰᠢᠩ᠎ᠢ ᠪᠠᠷᠢᠪᠠ ᠭᠡᠵᠡᠢ᠃
      《ᠨᠡᠭᠦᠵᠦ ᠢᠷᠡᠭᠰᠡᠨ᠎ᠠᠴᠠ᠎ᠪᠠᠨ ᠨᠠᠭ᠋ᠠᠰᠢ ᠶᠠᠭᠤ ᠶᠠᠭᠤ ᠬᠢᠪᠡ?》 ᠭᠡᠵᠦ ᠶᠡᠷᠦᠩᠬᠡᠢ ᠱᠦᠵᠢ ᠠᠰᠠᠭᠤᠭᠰᠠᠨ᠎ᠳᠤ᠂
      《ᠪᠢ ᠪᠣᠯ ᠲᠠᠯ᠎ᠠ ᠨᠤᠲᠤᠭ᠎ᠤᠨ ᠬᠠᠮᠢᠶᠠᠷᠤᠭᠴᠢ᠂ ᠰᠠᠷ᠎ᠠ᠎ᠳᠤ 1200 ᠲᠥᠭᠥᠷᠢᠭ᠎ᠤᠨ ᠴᠠᠯᠢᠩ᠎ᠲᠠᠢ; ᠮᠢᠨᠤ ᠥᠬᠢᠨ ᠪᠣᠯ ᠴᠡᠪᠡᠷᠯᠡᠭᠴᠢ᠂ ᠰᠠᠷ᠎ᠠ᠎ᠳᠤ 2400 ᠲᠥᠭᠥᠷᠢᠭ᠎ᠤᠨ ᠴᠠᠯᠢᠩ᠎ᠲᠠᠢ; ᠬᠦᠷᠭᠡᠨ ᠰᠢᠶᠠᠨ᠎ᠤ ᠲᠧᠯᠸᠢᠰ ᠬᠣᠷᠢᠶᠠᠨ᠎ᠳᠤ ᠠᠵᠢᠯᠯᠠᠵᠤ᠂ ᠰᠠᠷ᠎ᠠ᠎ᠳᠤ 2700 ᠲᠥᠭᠥᠷᠢᠭ᠎ᠤᠨ ᠣᠷᠣᠯᠭ᠎ᠠ᠎ᠲᠠᠢ ᠁》 ᠭᠡᠵᠦ  ᠰᠣᠳᠨᠠᠮᠰᠧᠷᠡᠩ ᠶᠡᠷᠦᠩᠬᠡᠶ ᠱᠦᠵᠢ᠎ᠳᠤ ᠨᠠᠷᠢᠨ ᠲᠠᠩᠰᠠ ᠪᠤᠳᠤᠵᠤ ᠥᠭᠴᠡᠶ᠄ ᠡᠲᠡᠭᠡᠷ ᠲᠣᠭᠲᠠᠮᠠᠯ ᠴᠠᠯᠢᠩ᠎ᠤᠨ ᠣᠷᠣᠯᠭ᠎ᠠ ᠵᠢ ᠭᠠᠷᠭ᠋ᠠᠪᠠᠯ᠂ ᠬᠡᠷ᠎ᠲᠤ᠎ᠨᠢ ᠪᠠᠰᠠ 80 ᠬᠣᠨᠢ᠂ 20 ᠦᠬᠡᠷ ᠪᠠᠶ᠋ᠢᠨ᠎ᠠ᠂ ᠨᠢᠳᠤᠨᠤᠨ ᠵᠥᠪᠬᠡᠨ ᠦᠬᠡᠷ ᠬᠣᠨᠢ᠎ᠪᠠᠨ ᠬᠤᠳᠠᠯᠳᠤᠭ᠋ᠠᠳ 2.5 ᠲᠦᠮᠡᠨ ᠲᠥᠭᠥᠷᠢᠭ ᠣᠯᠪᠠ ᠁
      ᠵᠣᠯ ᠵᠢᠷᠭ᠋ᠠᠯᠲᠤ ᠢᠨᠢᠶᠡᠮᠰᠦᠭᠯᠡᠯ᠎ᠨᠢ ᠨᠢᠭᠡ ᠭᠡᠷ᠎ᠤᠨ ᠬᠥᠮᠦᠰ᠎ᠤᠨ ᠴᠢᠷᠠᠶ᠎ᠳᠤ ᠲᠣᠳᠣᠷᠠᠨ᠎ᠠ᠃
      ᠶᠡᠬᠡ ᠰᠠᠢ᠌ᠨ ᠪᠠᠢ᠌ᠨ᠎ᠠ! ᠶᠡᠷᠦᠩᠬᠡᠢ ᠱᠦᠵᠢ ᠮᠠᠰᠢ ᠪᠠᠶᠠᠷᠯᠠᠨ᠄ 《ᠳᠠᠷᠠᠭ᠋ᠠᠴᠢ ᠵᠢᠨ ᠠᠯᠬᠤᠮ᠎ᠳᠤ᠂ ᠲᠠ ᠨᠠᠷ᠎ᠤᠨ ᠠᠮᠢᠳᠤᠷᠠᠯ᠎ᠳᠤ ᠪᠠᠰᠠ ᠥᠭᠡᠷ᠎ᠡ ᠡᠷᠡᠮᠡᠯᠵᠡᠯ ᠪᠠ ᠲᠥᠯᠥᠪᠯᠡᠭᠡ ᠪᠠᠢ᠌ᠨ᠎ᠠ ᠦᠦ?》
      ᠢᠩᠭᠢᠵᠦ ᠠᠰᠠᠭᠤᠭᠰᠠᠨ᠎ᠳᠤ ᠰᠣᠳᠨᠠᠮᠰᠡᠷᠡᠩ ᠶᠠᠭ᠋ᠠᠬᠢᠵᠤ ᠬᠠᠷᠢᠭᠤᠯᠬᠤ᠎ᠪᠠᠨ ᠴᠤ᠌ ᠣᠯᠬᠤ ᠦᠭᠡᠶ ᠪᠣᠯᠵᠤ ᠨᠢᠭᠡ ᠯᠡ ᠠᠮᠢᠰᠬᠤᠭ᠎ᠠ᠎ᠪᠠᠷ᠄ 《ᠪᠠᠶ᠋ᠢᠬᠤ ᠦᠭᠡᠶ᠂ ᠪᠠᠶ᠋ᠢᠬᠤ ᠦᠭᠡᠶ》 ᠭᠡᠵᠦ ᠬᠡᠯᠡᠭᠰᠡᠨ᠎ᠳᠤ ᠣᠯᠠᠨ ᠵᠶ᠋ᠠᠷ ᠵᠶ᠋ᠠᠨ ᠴᠥᠮ ᠢᠨᠢᠶᠡᠯᠴᠡᠪᠡ᠃
      《ᠮᠠᠯᠴᠢᠳ᠎ᠤᠨ ᠠᠮᠢᠳᠤᠷᠠᠯ ᠡᠨᠡ ᠮᠡᠲᠦ᠎ᠪᠠᠷ ᠰᠠᠢ᠌ᠵᠢᠷᠠᠭᠰᠠᠨ᠎ᠨᠢ ᠪᠦᠷ ᠨᠠᠮ᠎ᠤᠨ ᠲᠦᠷᠦ ᠵᠢᠨ ᠪᠤᠳᠤᠯᠭ᠎ᠠ ᠵᠢᠨ ᠰᠠᠢ᠍ᠢ᠍ᠨ᠎ᠳᠤ ᠲᠦᠰᠢᠭᠯᠡᠪᠡ᠃ ᠨᠠᠮ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ᠂ ᠶᠡᠷᠦᠩᠬᠡᠢ ᠱᠦᠵᠢ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ》 ᠭᠡᠬᠦ ᠪᠣᠷᠣᠭᠵᠢᠭᠤᠨ ᠶᠠᠷᠢᠶ᠎ᠠ᠎ᠨᠢ ᠲᠡᠭᠦᠨ᠎ᠤ ᠰᠡᠳᠬᠢᠯ᠎ᠤᠨ ᠡᠴᠢᠨ᠎ᠡ ᠭᠦᠨ᠎ᠳᠠᠬᠢ ᠪᠠᠶᠠᠷ ᠲᠠᠯᠠᠷᠬᠠᠯ᠎ᠤᠨ ᠰᠡᠳᠬᠢᠯᠭᠡ ᠵᠢ᠎ᠨᠢ ᠲᠤᠰᠬᠠᠵᠤ ᠪᠠᠢ᠌ᠯ᠎ᠠ᠃
      ᠶᠡᠷᠦᠩᠬᠡᠢ ᠱᠦᠵᠢ᠄ 《ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭ᠋ᠠᠳ ᠵᠠᠭᠤᠨ ᠵᠢᠯ ᠪᠣᠯᠵᠠᠢ᠃ ᠮᠠᠨ᠎ᠤ ᠨᠠᠮ ᠬᠥᠭᠵᠢᠨ ᠪᠤᠵᠠᠭ᠋ᠠᠢ᠌ᠷᠠᠭᠰᠠᠨ᠎ᠨᠢ ᠲᠡᠢ᠌ᠮᠦ ᠬᠢᠯᠪᠡᠷ ᠶᠠᠪᠤᠳᠠᠯ ᠪᠢᠰᠢ᠂ ᠵᠠᠰᠠᠭ᠎ᠤᠨ ᠡᠷᠬᠡ ᠵᠢ ᠲᠡᠮᠡᠴᠡᠨ ᠣᠯᠣᠭᠰᠠᠨ᠎ᠨᠢ ᠬᠢᠯᠪᠠᠷ ᠪᠤᠰᠤ ᠶᠤᠮ᠂ ᠰᠢᠨ᠎ᠡ ᠳᠤᠮᠳᠠᠳᠤ ᠤᠯᠤᠰ᠎ᠢ ᠪᠦᠲᠦᠭᠡᠨ ᠪᠠᠢ᠌ᠭᠤᠯᠤᠭᠰᠠᠨ᠎ᠨᠢ ᠬᠢᠯᠪᠡᠷ ᠪᠤᠰᠤ ᠶᠤᠮ᠃ ᠠᠷᠠᠳ ᠲᠦᠮᠡᠨ ᠶᠠᠭᠤᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠴᠢᠩ ᠰᠡᠳᠬᠢᠯ᠎ᠠᠴᠠ᠎ᠪᠠᠨ ᠬᠦᠷᠢᠶᠡᠯᠡᠵᠦ ᠪᠠᠶ᠋ᠢᠬᠤ ᠪᠤᠢ? ᠭᠡᠪᠡᠯ ᠮᠠᠨ᠎ᠤ ᠨᠠᠮ ᠢᠮᠠᠭᠲᠠ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠵᠦ᠂ ᠦᠨᠳᠦᠰᠦᠲᠡᠨ᠎ᠨᠦᠭᠦᠳ᠎ᠲᠤ ᠵᠣᠯ ᠵᠢᠷᠭ᠋ᠠᠯ᠎ᠢ ᠡᠳ᠋ᠯᠡᠭᠦᠯᠳᠡᠭ》 ᠭᠡᠵᠦ ᠰᠡᠳᠬᠢᠯ ᠬᠥᠳᠡᠯᠦᠨ ᠬᠡᠯᠡᠪᠡ᠃
      《ᠤᠷᠲᠤ ᠵᠠᠮ᠎ᠤᠨ ᠠᠶᠠᠨ ᠳᠠᠶ᠋ᠢᠨ᠎ᠤ ᠦᠶ᠎ᠡ᠎ᠳᠤ᠂ ᠤᠯᠠᠭ᠋ᠠᠨ ᠴᠡᠷᠢᠭ ᠴᠥᠭᠡᠨ ᠲᠣᠭ᠋ᠠᠲᠤ ᠦᠨᠳᠦᠰᠦᠲᠡᠨ᠎ᠤ ᠣᠷᠣᠰᠢᠨ ᠰᠠᠭᠤᠭ᠎ᠠ ᠭᠠᠵᠠᠷ ᠣᠷᠣᠨ ᠵᠶ᠋ᠠᠷ ᠥᠩᠭᠡᠷᠡᠬᠦ᠎ᠳᠤ᠎ᠪᠠᠨ ᠮᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠣᠯᠠᠨ ᠲᠦᠮᠡᠨ᠎ᠲᠠᠢ ᠲᠥᠷᠥᠭᠰᠡᠨ ᠠᠬ᠎ᠠ ᠳᠡᠭᠦᠦ ᠨᠡᠷ ᠰᠢᠭ᠋ ᠮᠠᠰᠢ ᠣᠯᠠᠨ ᠰᠡᠳᠬᠢᠯ᠎ᠢ ᠬᠥᠳᠡᠯᠭᠡᠮ᠎ᠡ ᠦᠯᠢᠭᠡᠷ᠎ᠢ ᠦᠯᠡᠳᠡᠭᠡᠭᠰᠡᠨ ᠶᠤᠮ》᠃ ᠶᠡᠷᠦᠩᠬᠡᠢ ᠱᠦᠵᠢ ᠵᠠᠯᠭ᠋ᠠᠭ᠋ᠠᠳ᠄ 《ᠤᠳᠤ ᠮᠠᠨ᠎ᠤ ᠡᠪ ᠬᠠᠮᠲᠤ ᠨᠠᠮ᠎ᠤᠨ ᠡᠯ᠎ᠡ ᠱᠠᠲᠤᠨ᠎ᠤ ᠺᠠᠳ᠋ᠷᠴᠤᠳ ᠬᠠᠮᠢᠭ᠎ᠠ ᠣᠴᠢᠭᠰᠠᠨ ᠴᠤ᠌ ᠨᠤᠲᠤᠭ᠎ᠤᠨ ᠠᠬ᠎ᠠ ᠳᠡᠭᠦᠦ ᠨᠡᠷ᠎ᠠᠴᠠ᠄ ᠪᠠᠰᠠ ᠶᠠᠮᠠᠷ ᠰᠠᠢ᠌ᠬᠠᠨ ᠠᠮᠢᠳᠤᠷᠠᠯ᠎ᠢ ᠥᠩᠭᠡᠷᠡᠭᠡᠶ᠎ᠡ ᠭᠡᠵᠦ ᠪᠤᠳᠤᠵᠤ ᠪᠠᠶ᠋ᠢᠬᠤ ᠪᠤᠢ? ᠨᠡᠩ ᠰᠠᠢ᠌ᠬᠠᠨ ᠠᠮᠢᠳᠤᠷᠠᠯ᠎ᠢ ᠪᠢᠳᠡ ᠬᠠᠮᠲᠤ᠎ᠪᠠᠷ ᠴᠣᠭᠴᠠᠯᠠᠨ᠂ ᠪᠡᠶᠡᠯᠡᠭᠦᠯᠦᠶ᠎ᠡ ᠭᠡᠵᠦ ᠶᠠᠷᠢᠬᠤ ᠪᠣᠯᠵᠠᠢ》 ᠭᠡᠵᠦ ᠶᠠᠷᠢᠵᠤ ᠪᠠᠢ᠌ᠯ᠎ᠠ᠃
      ᠶᠡᠷᠦᠩᠬᠡᠢ ᠱᠦᠵᠢ ᠪᠣᠰᠴᠤ ᠰᠠᠯᠤᠯᠴᠠᠬᠤ ᠪᠣᠯᠣᠭᠰᠠᠨ᠎ᠳᠤ ᠲᠡᠳᠡᠨ᠎ᠤ ᠨᠢᠭᠡ ᠭᠡᠷ᠎ᠤᠨ᠎ᠬᠢᠨ ᠰᠠᠯᠵᠤ ᠶᠠᠳᠠᠵᠤ ᠪᠠᠢ᠌ᠯ᠎ᠠ᠃
      《ᠶᠡᠷᠦᠩᠬᠡᠢ ᠱᠦᠵᠢ ᠰᠠᠢ᠍ᠢ᠍ᠨ ᠪᠠᠶ᠋ᠢᠨ᠎ᠠ ᠦᠦ! ᠲᠡᠷᠢᠭᠦᠯᠡᠭᠴᠢ ᠰᠢ ᠵᠢᠨ ᠫᠢᠩ ᠰᠠᠢ᠍ᠢ᠍ᠨ ᠪᠠᠶ᠋ᠢᠨ᠎ᠠ ᠦᠦ!》 ᠰᠣᠳᠨᠠᠮᠰᠧᠷᠡᠩ᠎ᠤᠨ ᠡᠭᠦᠳᠡᠨ ᠡᠮᠦᠨᠡᠬᠢ ᠵᠠᠮ᠎ᠤᠨ ᠬᠣᠶᠠᠷ ᠲᠠᠯ᠎ᠠ᠎ᠪᠠᠷ ᠲᠣᠰᠬᠣᠨ᠎ᠤ ᠠᠷᠠᠳ ᠳᠦᠭᠦᠷᠲᠡᠯ᠎ᠡ ᠵᠣᠭᠰᠣᠵᠤ᠂ ᠤᠯᠠᠨ ᠵᠶ᠋ᠠᠷ ᠵᠶ᠋ᠠᠨ ᠠᠷᠢᠭᠤᠨ ᠴᠠᠭ᠋ᠠᠨ ᠬᠠᠳᠠᠭ ᠡᠷᠭᠦᠨ᠂ ᠬᠠᠯᠠᠭᠤᠨ ᠠᠯᠠᠭ᠎ᠠ ᠲᠠᠰᠢᠵᠤ᠂ ᠥᠨᠳᠥᠷ ᠲᠠᠭᠤᠨ ᠵᠶ᠋ᠠᠷ ᠶᠡᠷᠦᠩᠬᠡᠢ ᠱᠦᠵᠢ ᠵᠢᠨ ᠠᠮᠤᠷ᠎ᠢ ᠠᠰᠠᠭᠤᠯ᠎ᠠ᠃
      ᠬᠠᠯᠠᠭᠤᠨ ᠰᠡᠳᠬᠢᠯᠲᠦ ᠨᠤᠲᠤᠭ᠎ᠤᠨ ᠠᠬ᠎ᠠ ᠳᠡᠭᠦᠦ ᠨᠡᠷ᠎ᠤᠨ ᠡᠮᠦᠨ᠎ᠡ᠂ ᠶᠡᠷᠦᠩᠬᠡᠢ ᠱᠦᠵᠢ ᠭᠦᠨ ᠰᠡᠳᠬᠢᠯᠭᠡ᠎ᠲᠠᠢ᠎ᠪᠠᠷ᠄ 《ᠲᠠ ᠨᠠᠷ᠎ᠢ ᠦᠵᠡᠭᠡᠳ ᠪᠢ ᠮᠠᠰᠢ ᠪᠠᠶᠠᠷᠯᠠᠵᠤ᠂ ᠮᠠᠰᠢ ᠳᠣᠲᠣᠨᠣᠰᠣᠭ ᠰᠠᠨᠠᠭᠳᠠᠵᠤ ᠪᠠᠢ᠌ᠨ᠎ᠠ᠃ ᠪᠢᠳᠡ ᠪᠣᠯ ᠪᠦᠷ ᠨᠢᠭᠡ ᠭᠡᠷ᠎ᠤᠨ ᠬᠥᠮᠦᠨ᠂ ᠪᠦᠷ ᠠᠬ᠎ᠠ ᠳᠡᠭᠦᠦ ᠰᠠᠳᠤᠨ ᠮᠥᠨ᠃ ᠲᠠᠨ᠎ᠤ ᠲᠣᠰᠬᠣᠨ᠎ᠤ ᠬᠤᠪᠢᠷᠠᠯᠲᠠ ᠮᠠᠰᠢ ᠶᠡᠬᠡ᠂ ᠤᠯᠠᠨ ᠵᠶ᠋ᠠᠷ ᠵᠶ᠋ᠠᠨ ᠮᠠᠰᠢ ᠵᠣᠯ ᠵᠢᠷᠭ᠋ᠠᠯ᠎ᠲᠠᠢ ᠠᠮᠢᠳᠤᠷᠠᠵᠤ ᠪᠠᠶ᠋ᠢᠬᠤ ᠵᠢ ᠦᠵᠡᠭᠡᠳ ᠪᠢᠳᠡ ᠮᠠᠰᠢ ᠪᠠᠶᠠᠷᠯᠠᠵᠤ ᠪᠠᠢ᠌ᠨ᠎ᠠ᠃ ᠤᠯᠠᠨ ᠵᠶ᠋ᠠᠷ ᠵᠶ᠋ᠠᠨ ᠨᠠᠮ ᠪᠣᠯᠤᠨ ᠵᠠᠰᠠᠭ᠎ᠤᠨ ᠣᠷᠳᠣᠨ᠎ᠳᠤ ᠭᠦᠨ ᠵᠤᠵᠠᠭ᠋ᠠᠨ ᠰᠡᠳᠬᠢᠯᠭᠡ᠎ᠲᠠᠢ ᠪᠠᠶ᠋ᠢᠬᠤ ᠵᠢ ᠮᠡᠳᠡᠷᠡᠵᠦ ᠪᠠᠶ᠋ᠢᠨ᠎ᠠ》 ᠭᠡᠵᠦ ᠤᠯᠠᠨ᠎ᠳᠤ ᠬᠡᠯᠡᠪᠡ᠃
      ᠶᠡᠷᠦᠩᠬᠡᠢ ᠱᠦᠵᠢ ᠤᠯᠠᠨ᠎ᠳᠤ 《ᠠᠨᠠᠷ᠎ᠤᠨ ᠦᠷ᠎ᠡ》 ᠭᠡᠬᠦ ᠵᠦᠢ᠍ᠷᠯᠡᠯ᠎ᠤᠨ ᠢᠷᠡᠯᠳᠡ ᠵᠢᠨ ᠲᠤᠬᠠᠢ ᠶᠠᠷᠢᠪᠠ᠄
      《ᠤᠶ᠋ᠢᠭᠤᠷ ᠦᠨᠳᠦᠰᠦᠲᠡᠨ᠎ᠤ ᠠᠬ᠎ᠠ ᠳᠡᠭᠦᠦ ᠨᠡᠷ ᠪᠢᠳᠡ ᠠᠨᠠᠷ᠎ᠤᠨ ᠦᠷ᠎ᠡ ᠰᠢᠭ ᠨᠢᠭᠲᠠᠷᠠᠯᠴᠠᠶ᠎ᠠ ᠭᠡᠪᠡ᠃ ᠡᠨᠡ ᠦᠭᠡ ᠮᠠᠰᠢ ᠳᠦᠷᠰᠦᠯᠢᠭ ᠪᠢᠯᠡ᠃ ᠡᠯ᠎ᠡ ᠦᠨᠳᠦᠰᠦᠲᠡᠨ ᠶᠠᠭ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠶ᠃ ᠪᠢᠳᠡ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠨᠢᠭᠡ ᠪᠦᠷᠢᠯᠳᠦᠬᠦᠨ ᠮᠥᠨ》᠃
      ᠶᠡᠷᠦᠩᠬᠡᠢ ᠱᠦᠵᠢ ᠢᠷᠡᠭᠡᠳᠦᠶ ᠵᠢ ᠪᠠᠷᠠᠯᠠᠨ ᠢᠯᠡᠷᠬᠡᠢ᠌ᠯᠡᠬᠦ᠎ᠳᠤ᠎ᠪᠠᠨ᠄
      《ᠤᠳᠤ ᠪᠢᠳᠡ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠪᠠᠨ ᠤᠳᠠᠯ ᠦᠭᠡᠢ ᠪᠡᠶᠡᠯᠡᠭᠦᠯᠬᠦ ᠭᠡᠵᠦ ᠪᠠᠶ᠋ᠢᠨ᠎ᠠ᠂ ᠳᠠᠷᠠᠭ᠎ᠠ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠶᠠᠭ ᠡᠮᠦᠨ᠎ᠡ ᠪᠠᠢ᠌ᠨ᠎ᠠ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ ᠵᠠᠭᠤᠨ ᠵᠢᠯ᠎ᠤᠨ ᠤᠢ ᠪᠣᠯᠬᠤ ᠦᠶ᠎ᠡ᠎ᠳᠤ᠂ ᠳᠤᠮᠳᠠᠳᠤ ᠵᠢᠨ ᠦᠨᠳᠦᠰᠦᠲᠡᠨ ᠯᠠᠪᠳᠠᠶ᠎ᠠ ᠳᠡᠯᠡᠬᠡᠶ ᠵᠢᠨ ᠦᠨᠳᠦᠰᠦᠲᠡᠨ᠎ᠤ ᠡᠩᠨᠡᠭᠡᠨ᠎ᠳᠤ ᠨᠡᠩ ᠡᠷᠡᠰ ᠴᠢᠩᠭ᠎ᠠ᠎ᠪᠠᠷ ᠰᠦᠨᠳᠡᠷᠯᠡᠵᠦ ᠴᠢᠳᠠᠬᠤ ᠶᠤᠮ᠂ ᠲᠡᠷᠡ ᠦᠶ᠎ᠡ ᠪᠣᠯᠬᠤ᠎ᠳᠤ ᠨᠢᠭᠡᠨ ᠵᠣᠯ ᠵᠢᠷᠭ᠋ᠠᠯᠲᠤ ᠤᠯᠤᠰ᠂ ᠨᠢᠭᠡᠨ ᠣᠳᠣᠬᠢᠴᠢᠯᠠᠭᠰᠠᠨ ᠤᠯᠤᠰ ᠯᠠᠪᠳᠠᠶ᠎ᠠ ᠪᠦᠳᠦᠭᠡᠨ ᠪᠠᠶ᠋ᠢᠭᠤᠯᠤᠯᠲᠠ᠎ᠪᠠᠨ ᠪᠡᠶᠡᠯᠡᠭᠦᠯᠵᠦ ᠴᠢᠳᠠᠨ᠎ᠠ ᠭᠡᠳᠡᠭ᠎ᠲᠤ ᠪᠢ ᠪᠠᠲᠤ ᠢᠲᠡᠭᠡᠯ᠎ᠲᠠᠢ ᠪᠠᠶ᠋ᠢᠨ᠎ᠠ》 ᠭᠡᠵᠡᠢ᠃
      《ᠮᠠᠷᠭ᠋ᠠᠰᠢ ᠨᠡᠩ ᠰᠠᠢ᠌ᠨ ᠪᠣᠯᠤᠨ᠎ᠠ ᠭᠡᠳᠡᠭ᠎ᠢ ᠪᠠᠲᠤ ᠢᠲᠡᠭᠡᠬᠦ ᠬᠡᠷᠡᠭᠲᠡᠶ!》 ᠶᠡᠷᠦᠩᠬᠡᠢ ᠱᠦᠵᠢ ᠵᠢᠨ ᠦᠭᠡ ᠶᠠᠷᠢᠶ᠎ᠠ ᠡᠷᠡᠰ ᠪᠠᠲᠤ ᠪᠠᠢ᠌ᠪᠠ᠃
      ᠠᠯᠠᠭ᠎ᠠ ᠲᠠᠰᠢᠯᠳᠠ ᠵᠢᠨ ᠲᠠᠭᠤᠨ᠂ ᠤᠤᠬᠠᠢ᠌ᠯᠠᠬᠤ ᠲᠠᠭᠤᠨ ᠦᠵᠡᠰᠬᠦᠯᠡᠩᠲᠦ ᠰᠠᠶ᠋ᠢᠬᠠᠨ ᠬᠥᠬᠡᠨᠠᠭᠤᠷ ᠲᠥᠪᠡᠳ᠎ᠤᠨ ᠥᠨᠳᠥᠷᠯᠢᠭ᠎ᠲᠤ ᠴᠤᠤᠷᠢᠶᠠᠲᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠨᠡ ᠵᠢᠯ᠎ᠠᠴᠠ ᠨᠠᠭ᠋ᠠᠰᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠨᠡᠯᠢᠶᠡᠳ ᠲᠦᠷᠭᠡᠨ ᠥᠰᠴᠦ ᠪᠠᠢ᠌ᠭ᠎ᠠ ᠪᠠᠢ᠌ᠳᠠᠯ᠎ᠳᠤ ᠴᠢᠭᠯᠡᠭᠦᠯᠦᠨ ᠪᠣᠳᠠᠲᠠᠢ᠎ᠪᠠᠷ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ᠎ᠳᠤ ᠥᠭᠬᠦ ᠨᠥᠬᠥᠪᠦᠷᠢ ᠣᠯᠭᠣᠬᠤ ᠵᠡᠷᠭᠡ ᠵᠢ ᠰᠢᠢ᠍ᠳᠪᠡ
ᠰᠢ ᠵᠢᠨ ᠫᠢᠩ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠲᠠᠨᠽᠠᠨᠢᠶ᠎ᠠ ᠵᠢᠨ ᠶᠡᠷᠦᠩᠬᠡᠶ᠋ᠢᠯᠡᠭᠴᠢ ᠬᠠᠰᠠᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠺᠤᠩᠭᠣ᠋ (ᠪᠦ᠊) ᠵᠢᠨ ᠶᠡᠷᠦᠩᠭᠡᠢ᠍ᠢ᠍ᠯᠡᠭᠴᠢ ᠰᠠᠰᠦ᠋᠎ᠲᠠᠢ ᠤᠲᠠᠰᠤ᠎ᠪᠠᠷ ᠶᠠᠷᠢᠯᠴᠠᠵᠠᠢ
ᠯᠢ ᠺᠸ ᠴᠢᠶᠠᠩ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠢᠰᠷᠧᠯ᠎ᠤᠨ ᠶᠡᠷᠦᠩᠬᠡᠢ ᠰᠠᠶ᠋ᠢᠳ ᠪᠸᠨ᠋ᠸᠢᠢ᠍ᠳ᠋ᠸ᠎ᠳᠤ ᠪᠠᠶᠠᠷ᠎ᠤᠨ ᠴᠠᠬᠢᠯᠭ᠋ᠠᠨ ᠶᠠᠪᠤᠭᠤᠯᠪᠠ
 
            