ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠨᠡ ᠵᠢᠯ᠎ᠠᠴᠠ ᠨᠠᠭ᠋ᠠᠰᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠨᠡᠯᠢᠶᠡᠳ ᠲᠦᠷᠭᠡᠨ ᠥᠰᠴᠦ ᠪᠠᠢ᠌ᠭ᠎ᠠ ᠪᠠᠢ᠌ᠳᠠᠯ᠎ᠳᠤ ᠴᠢᠭᠯᠡᠭᠦᠯᠦᠨ ᠪᠣᠳᠠᠲᠠᠢ᠎ᠪᠠᠷ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ᠎ᠳᠤ ᠥᠭᠬᠦ ᠨᠥᠬᠥᠪᠦᠷᠢ ᠣᠯᠭᠣᠬᠤ ᠵᠡᠷᠭᠡ ᠵᠢ ᠰᠢᠢ᠍ᠳᠪᠡ
ᠨᠡᠶ᠋ᠢᠲᠡᠯᠡᠭᠰᠡᠨ ᠴᠠᠭ᠄ 2021-06-21

ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠨᠡ ᠵᠢᠯ᠎ᠠᠴᠠ ᠨᠠᠭ᠋ᠠᠰᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠨᠡᠯᠢᠶᠡᠳ ᠲᠦᠷᠭᠡᠨ ᠥᠰᠴᠦ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ ᠪᠣᠳᠠᠲᠠᠢ᠎ᠪᠠᠷ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ᠎ᠳᠤ ᠨᠥᠬᠥᠪᠦᠷᠢ ᠣᠯᠭᠣᠬᠤ᠎ᠪᠠᠷ ᠲᠣᠭᠲᠠᠪᠠ; ᠠᠮᠤ ᠪᠤᠳᠠᠭ᠋ᠠᠨ᠎ᠤ ᠲᠠᠷᠢᠮᠠᠯ᠎ᠤᠨ ᠪᠦᠷᠢᠨ ᠥᠪᠡᠷ᠎ᠤᠨ ᠥᠷᠲᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠵᠦ᠂ ᠲᠠᠷᠢᠶᠠᠴᠢᠳ᠎ᠤᠨ ᠲᠦᠭᠰᠢᠭᠦᠷᠢ ᠵᠢ ᠡᠰᠡᠷᠭᠦᠴᠡᠨ ᠬᠣᠷᠢᠭᠯᠠᠬᠤ ᠴᠢᠳᠠᠪᠤᠷᠢ ᠵᠢ ᠴᠢᠩᠭ᠋ᠠᠳᠬᠠᠬᠤ᠎ᠪᠠᠷ ᠲᠣᠭᠲᠠᠪᠠ; ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠰᠦᠢ᠍ᠳᠬᠡᠯ᠎ᠢ ᠪᠠᠭ᠋ᠠᠰᠬᠠᠨ ᠠᠰᠢᠭ ᠣᠯᠭᠣᠵᠤ ᠠᠵᠤ ᠠᠬᠤᠶ᠋ᠢᠯᠠᠯ ᠪᠣᠯᠤᠨ ᠠᠷᠠᠳ᠎ᠲᠤ ᠠᠰᠢᠭ ᠬᠦᠷᠲᠡᠭᠡᠬᠦ ᠶᠠᠪᠤᠳᠠᠯ᠎ᠢ ᠤᠯᠠᠮ ᠨᠢᠭᠡ ᠠᠯᠬᠤᠮ ᠪᠠᠢ᠌ᠷᠢᠯᠠᠭᠤᠯᠪᠠ; ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ ᠵᠢ ᠲᠦᠷᠭᠡᠳᠬᠡᠬᠦ ᠲᠥᠷᠥ ᠵᠢᠨ ᠪᠣᠳᠣᠯᠭ᠎ᠠ᠎ᠪᠠᠷ ᠬᠣᠲᠠ ᠵᠢᠨ ᠰᠢᠨ᠎ᠡ ᠠᠷᠠᠳ ᠪᠠ ᠵᠠᠯᠠᠭᠤᠴᠤᠳ ᠵᠡᠷᠭᠡ ᠬᠥᠮᠦᠰ᠎ᠤᠨ ᠣᠷᠣᠨ ᠰᠠᠭᠤᠴᠠ ᠵᠢᠨ ᠬᠦᠴᠢᠷᠳᠡᠯ᠎ᠢ ᠨᠠᠮᠳᠠᠭᠤᠯᠬᠤ᠎ᠪᠠᠷ ᠲᠣᠭᠲᠠᠭ᠋ᠠᠪᠠ; 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠮᠦᠨ ᠠᠮᠠ ᠪᠣᠯᠤᠨ ᠲᠥᠯᠥᠪᠯᠡᠭᠡᠲᠦ ᠦᠷᠡᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠦᠯ)》 ᠵᠢ ᠪᠠᠲᠤᠯᠠᠪᠠ᠃
      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 6 ᠳ᠋ᠤᠭ᠋ᠠᠷ ᠰᠠᠷ᠎ᠠ ᠵᠢᠨ 18᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠨᠡ ᠵᠢᠯ᠎ᠠᠴᠠ ᠨᠠᠭ᠋ᠠᠰᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠨᠡᠯᠢᠶᠡᠳ ᠲᠦᠷᠭᠡᠨ ᠥᠰᠴᠦ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ ᠪᠣᠳᠠᠲᠠᠢ᠎ᠪᠠᠷ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ᠎ᠳᠤ ᠨᠥᠬᠥᠪᠦᠷᠢ ᠣᠯᠭᠣᠬᠤ᠎ᠪᠠᠷ ᠲᠣᠭᠲᠠᠪᠠ᠂ ᠠᠮᠤ ᠪᠤᠳᠠᠭ᠋ᠠᠨ᠎ᠤ ᠲᠠᠷᠢᠮᠠᠯ᠎ᠤᠨ ᠪᠦᠷᠢᠨ ᠥᠪᠡᠷ᠎ᠤᠨ ᠥᠷᠲᠡᠭ᠎ᠤᠨ ᠳᠠᠭ᠋ᠠᠳᠬᠠᠯ ᠪᠠ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠤᠨ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠵᠦ᠂ ᠲᠠᠷᠢᠶᠠᠴᠢᠳ᠎ᠤᠨ ᠲᠦᠭᠰᠢᠭᠦᠷᠢ ᠵᠢ ᠡᠰᠡᠷᠭᠦᠴᠡᠨ ᠬᠣᠷᠢᠭᠯᠠᠬᠤ ᠴᠢᠳᠠᠪᠤᠷᠢ ᠵᠢ ᠴᠢᠩᠭ᠋ᠠᠳᠬᠠᠬᠤ᠎ᠪᠠᠷ ᠲᠣᠭᠲᠠᠪᠠ; ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠰᠦᠢ᠍ᠳᠬᠡᠯ᠎ᠢ ᠪᠠᠭ᠋ᠠᠰᠬᠠᠨ ᠠᠰᠢᠭ ᠣᠯᠭᠣᠵᠤ ᠠᠵᠤ ᠠᠬᠤᠶ᠋ᠢᠯᠠᠯ ᠪᠣᠯᠤᠨ ᠠᠷᠠᠳ᠎ᠲᠤ ᠠᠰᠢᠭ ᠬᠦᠷᠲᠡᠭᠡᠬᠦ ᠶᠠᠪᠤᠳᠠᠯ᠎ᠢ ᠤᠯᠠᠮ ᠨᠢᠭᠡ ᠠᠯᠬᠤᠮ ᠪᠠᠢ᠌ᠷᠢᠯᠠᠭᠤᠯᠪᠠ; ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠬᠥᠭᠵᠢᠯᠲᠡ ᠵᠢ ᠲᠦᠷᠭᠡᠳᠬᠡᠬᠦ ᠲᠥᠷᠥ ᠵᠢᠨ ᠪᠣᠳᠣᠯᠭ᠎ᠠ᠎ᠪᠠᠷ ᠰᠢᠨ᠎ᠡ ᠬᠣᠲᠠ ᠵᠢᠨ ᠠᠷᠠᠳ ᠪᠠ ᠵᠠᠯᠠᠭᠤᠴᠤᠳ ᠵᠡᠷᠭᠡ ᠬᠥᠮᠦᠰ᠎ᠤᠨ ᠣᠷᠣᠨ ᠰᠠᠭᠤᠴᠠ ᠵᠢᠨ ᠬᠦᠴᠢᠷᠳᠡᠯ᠎ᠢ ᠨᠠᠮᠳᠠᠭᠤᠯᠬᠤ᠎ᠪᠠᠷ ᠲᠣᠭᠲᠠᠭ᠋ᠠᠪᠠ; 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠮᠦᠨ ᠠᠮᠠ ᠪᠣᠯᠤᠨ ᠲᠥᠯᠥᠪᠯᠡᠭᠡᠲᠦ ᠦᠷᠡᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠦᠯ)》 ᠵᠢ ᠪᠠᠲᠤᠯᠠᠪᠠ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠲᠠᠷᠢᠶᠠᠯᠠᠩ ᠪᠣᠯ ᠠᠷᠠᠳ᠎ᠤᠨ ᠰᠡᠳᠬᠢᠯ᠎ᠢ ᠲᠣᠭᠲᠠᠪᠤᠷᠢᠵᠢᠭᠤᠯᠬᠤ ᠪᠠ ᠳᠡᠯᠡᠬᠡᠢ ᠳ᠋ᠠᠬᠢᠨ᠎ᠢ ᠠᠮᠤᠷᠵᠢᠭᠤᠯᠬᠤ ᠦᠢ᠍ᠯᠡᠰ ᠮᠥᠨ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠠᠷ ᠬᠦᠨᠳᠦᠳᠬᠡᠨ ᠦᠵᠡᠵᠦ ᠪᠠᠢ᠌ᠨ᠎ᠠ᠃ ᠡᠨᠡ ᠵᠢᠯ᠎ᠤᠨ ᠥᠷᠭᠡᠨ ᠬᠡᠷᠡᠭᠴᠡᠭᠡᠨ᠎ᠤ ᠲᠠᠸᠠᠷ᠎ᠤᠨ ᠦᠨ᠎ᠡ ᠵᠢᠨ ᠥᠰᠥᠯᠲᠡ ᠵᠢᠨ ᠨᠥᠯᠥᠭᠡ᠎ᠠᠴᠠ ᠪᠣᠯᠵᠤ᠂ ᠬᠢᠮᠢ ᠵᠢᠨ ᠪᠣᠷᠳᠣᠭᠤᠷ᠂ ᠴᠠᠶ᠋ᠢᠶᠢᠦ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠨ᠎ᠡ ᠢᠯᠡᠳᠲᠡ ᠥᠰᠴᠦ ᠪᠤᠢ᠂ ᠣᠳᠣ ᠶᠠᠭ ᠵᠤᠨ᠎ᠤ ᠬᠤᠷᠢᠶᠠᠯᠲᠠ ᠵᠤᠨ᠎ᠤ ᠲᠠᠷᠢᠶᠠᠯᠠᠭ᠎ᠠ ᠵᠢᠨ ᠵᠠᠩᠭᠢᠯᠠᠭ᠎ᠠ ᠵᠢᠨ ᠴᠠᠭ ᠪᠣᠯᠵᠤ ᠪᠠᠢ᠌ᠭ᠎ᠠ ᠪᠣᠯᠬᠣᠷ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠪᠠᠲᠤᠯᠠᠬᠤ ᠵᠢᠨ ᠲᠤᠰᠠᠳᠠ᠂ ᠬᠤᠷᠠᠯ᠎ᠳᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠵᠠᠬ᠎ᠠ ᠳᠡᠯᠭᠡᠭᠦᠷ᠎ᠤᠨ ᠳᠤᠬᠢᠷᠠᠭᠤᠯᠤᠯᠳᠠ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠯᠤᠰ᠎ᠤᠨ ᠳᠣᠲᠣᠭ᠋ᠠᠳᠤ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠨᠡᠮᠡᠭᠳᠡᠭᠦᠯᠬᠦ ᠵᠢᠨ ᠬᠠᠮᠲᠤ᠂ ᠮᠠᠨ᠎ᠤ ᠤᠯᠤᠰ᠎ᠤᠨ ᠬᠥᠭᠵᠢᠵᠦ ᠪᠠᠶ᠋ᠢᠭ᠎ᠠ ᠤᠯᠤᠰ ᠪᠣᠯᠬᠤ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠭᠣᠣᠯ ᠪᠣᠯᠬᠤ ᠠᠮᠤ ᠪᠤᠳᠠᠭ᠋ᠠᠨ᠎ᠤ ᠲᠠᠷᠢᠮᠠᠯ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ ᠵᠡᠷᠭᠡ ᠵᠢᠨ ᠦᠨ᠎ᠡ ᠥᠰᠦᠭᠰᠡᠨ ᠪᠠᠶ᠋ᠢᠳᠠᠯ᠎ᠢ ᠦᠨᠳᠦᠰᠦᠯᠡᠨ᠂ ᠲᠥᠪ᠎ᠤᠨ ᠡᠳ᠋᠎ᠤᠨ ᠵᠠᠰᠠᠭ 200 ᠳ᠋ᠦᠩᠰᠢᠭᠤᠷ ᠲᠥᠭᠥᠷᠢᠭ ᠣᠷᠴᠢᠮ᠎ᠤᠨ ᠪᠡᠯᠡ ᠮᠥᠩᠭᠥ ᠲᠣᠬᠢᠷᠠᠭᠤᠯᠵᠤ᠂ ᠪᠣᠳᠠᠲᠠᠢ᠎ᠪᠠᠷ ᠠᠮᠤ ᠪᠤᠳᠠᠭ᠎ᠠ ᠲᠠᠷᠢᠵᠤ ᠪᠠᠢ᠌ᠭ᠎ᠠ ᠲᠠᠷᠢᠶᠠᠴᠢᠳ᠎ᠲᠤ ᠨᠢᠭᠡ ᠯᠡ ᠤᠳᠠᠭ᠎ᠠ᠎ᠳᠤ ᠨᠥᠬᠥᠪᠦᠷᠢ ᠣᠯᠭᠣᠵᠤ᠂ ᠲᠠᠷᠢᠶᠠᠴᠢᠳ᠎ᠤᠨ ᠣᠷᠣᠯᠭ᠎ᠠ ᠵᠢ ᠲᠣᠭᠲᠠᠪᠤᠷᠢᠵᠢᠭᠤᠯᠤᠨ᠎ᠠ᠃ ᠨᠥᠬᠥᠪᠥᠷᠢ ᠵᠢᠨ ᠪᠡᠯᠡ ᠮᠥᠩᠭᠥ ᠵᠢ ᠴᠠᠭ ᠲᠤᠬᠠᠶ᠎ᠳᠤ᠎ᠨᠢ ᠭᠦᠢ᠍ᠴᠡᠳ ᠣᠯᠭᠣᠵᠤ᠂ ᠲᠠᠷᠢᠶᠠᠯᠠᠬᠤ ᠴᠠᠭ᠎ᠢ ᠰᠠᠭ᠋ᠠᠲᠠᠭ᠋ᠠᠵᠤ ᠪᠣᠯᠬᠤ ᠦᠭᠡᠶ ᠭᠡᠵᠦ ᠲᠣᠭᠲᠠᠭ᠋ᠠᠪᠠ᠃
      ᠲᠠᠷᠢᠶᠠᠴᠢᠳ᠎ᠢ ᠬᠠᠪᠰᠤᠷᠤᠨ ᠭᠠᠢ ᠭᠠᠮᠰᠢᠭ ᠵᠡᠷᠭᠡ ᠠᠶᠤᠯ ᠲᠦᠭᠰᠢᠭᠦᠷᠢ ᠵᠢ ᠡᠰᠡᠷᠭᠦᠴᠡᠨ ᠬᠣᠷᠢᠭᠯᠠᠵᠤ᠂ ᠠᠮᠤ ᠪᠤᠳᠠᠭ᠎ᠠ ᠲᠠᠷᠢᠬᠰᠠᠨ ᠠᠰᠢᠭ ᠣᠷᠣᠯᠭ᠎ᠠ ᠵᠢ ᠲᠣᠭᠲᠠᠪᠤᠷᠢᠵᠢᠭᠤᠯᠬᠤ ᠵᠢᠨ ᠲᠥᠯᠥᠭᠡ᠂ ᠬᠤᠷᠠᠯ᠎ᠳᠤ᠂ ᠡᠨᠡ ᠵᠢᠯ ᠪᠦᠬᠦ ᠤᠯᠤᠰ᠎ᠤᠨ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ 13 ᠮᠤᠵᠢ ᠵᠢᠨ᠂ ᠠᠮᠤ ᠪᠤᠳᠠᠭ᠋ᠠᠨ᠎ᠤ ᠭᠠᠷᠤᠯᠲᠠ ᠵᠢᠨ 500 ᠲᠤᠮᠤ ᠰᠢᠶᠠᠨ᠎ᠳᠤ ᠲᠤᠲᠤᠷᠭ᠎ᠠ᠂ ᠪᠤᠭᠤᠳᠠᠢ ᠲᠠᠷᠢᠬᠤ ᠪᠦᠷᠢᠨ ᠥᠪᠡᠷ᠎ᠤᠨ ᠦᠷᠳᠡᠭ᠎ᠤᠨ ᠳᠠᠭ᠋ᠠᠳᠬᠠᠯ᠎ᠢ ᠬᠡᠷᠡᠭᠵᠢᠭᠦᠯᠵᠦ᠂ ᠦᠷ᠎ᠡ᠂ ᠲᠠᠷᠢᠶᠠᠨ ᠡᠮ᠂ ᠬᠢᠮᠢ ᠵᠢᠨ ᠪᠤᠷᠳᠤᠭᠤᠷ ᠵᠡᠷᠭᠡ ᠰᠢᠭᠤᠳ ᠪᠣᠳᠠᠰᠵᠢᠭᠤᠯᠤᠭᠰᠠᠨ ᠥᠪᠡᠷ᠎ᠤᠨ ᠦᠷᠳᠡᠭ ᠪᠠ ᠭᠠᠵᠠᠷ ᠰᠢᠷᠣᠢ᠂ ᠬᠥᠮᠦᠨ᠎ᠤ ᠬᠦᠴᠦᠨ᠎ᠤ ᠥᠪᠡᠷ᠎ᠤᠨ ᠦᠷᠳᠡᠭ᠎ᠢ ᠬᠠᠮᠤᠷᠤᠭᠤᠯᠵᠤ᠂ ᠪᠠᠶ᠋ᠢᠭ᠋ᠠᠯᠢ ᠵᠢᠨ ᠭᠠᠮᠰᠢᠭ᠂ ᠡᠪᠡᠳᠴᠢᠨ ᠬᠣᠷᠣᠬᠠᠶ ᠵᠢᠨ ᠭᠠᠮᠰᠢᠭ ᠵᠡᠷᠭᠡ᠎ᠠᠴᠠ ᠪᠣᠯᠤᠭᠰᠠᠨ ᠬᠣᠬᠢᠷᠠᠯ᠎ᠢ ᠨᠥᠬᠥᠪᠦᠷᠢᠯᠡᠨ᠎ᠡ; ᠡᠷᠳᠡᠨᠢ ᠰᠢᠰᠢ ᠵᠢᠨ ᠲᠠᠷᠢᠮᠠᠯ᠎ᠤᠨ ᠣᠷᠣᠯᠭ᠎ᠠ ᠵᠢᠨ ᠳᠠᠭ᠋ᠠᠳᠬᠠᠯ᠎ᠢ ᠬᠡᠷᠡᠭᠵᠢᠭᠦᠯᠵᠦ᠂ ᠦᠨ᠎ᠡ ᠬᠠᠩᠰᠢ᠂ ᠤᠨᠠᠯᠲᠠ ᠵᠢᠨ ᠬᠡᠯᠪᠡᠯᠵᠡᠯ᠎ᠠᠴᠠ ᠪᠣᠯᠤᠭᠰᠠᠨ ᠬᠣᠬᠢᠷᠠᠯ᠎ᠢ ᠨᠥᠬᠥᠪᠦᠷᠢᠯᠡᠨ᠎ᠡ᠃ ᠬᠣᠶᠠᠷ ᠵᠦᠢ᠍ᠯ᠎ᠤᠨ ᠳᠠᠭ᠋ᠠᠳᠬᠠᠯ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠬᠠᠮᠤᠭ᠎ᠤᠨ ᠥᠨᠳᠥᠷ᠎ᠲᠤ᠎ᠪᠠᠨ ᠬᠠᠷᠠᠭ᠋ᠠᠯᠵᠠᠭᠰᠠᠨ ᠲᠥᠷᠥᠯ ᠵᠦᠢ᠍ᠯ᠎ᠤᠨ ᠲᠠᠷᠢᠮᠠᠯ᠎ᠤᠨ ᠣᠷᠣᠯᠭ᠎ᠠ ᠵᠢᠨ 80%᠎ᠳᠤ ᠬᠦᠷᠦᠭᠦᠯᠵᠦ᠂ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠪᠡᠯᠡ᠎ᠪᠠᠨ ᠪᠠᠲᠤᠯᠠᠵᠤ ᠪᠠᠭ᠎ᠠ ᠣᠯᠵᠠ ᠣᠯᠬᠤ ᠵᠠᠷᠴᠢᠮ ᠵᠶ᠋ᠠᠷ ᠲᠣᠭᠲᠠᠭ᠋ᠠᠨ᠎ᠠ᠃ ᠢᠷᠡᠬᠦ ᠵᠢᠯ ᠭᠣᠣᠯ ᠭᠠᠷᠤᠯᠲᠠ ᠵᠢᠨ ᠮᠤᠵᠢ ᠵᠢᠨ ᠠᠮᠤ ᠪᠤᠳᠠᠭ᠋ᠠᠨ᠎ᠤ ᠭᠠᠷᠤᠯᠲᠠ ᠵᠢᠨ ᠲᠤᠮᠤ ᠰᠢᠶᠠᠨ ᠪᠦᠬᠦᠨ᠎ᠳᠤ ᠳᠡᠯᠭᠡᠷᠡᠭᠦᠯᠦᠨ᠎ᠡ᠃ ᠳᠠᠭ᠋ᠠᠳᠬᠠᠯ᠎ᠤᠨ ᠰᠦᠢ᠍ᠳᠬᠡᠯ᠎ᠤᠨ ᠡᠳ᠋᠎ᠤᠨ ᠵᠠᠰᠠᠭ᠎ᠤᠨ ᠨᠥᠬᠥᠪᠥᠷᠢ ᠵᠢ ᠨᠡᠮᠡᠭᠳᠡᠭᠦᠯᠵᠦ᠂ ᠡᠭᠦᠨ᠎ᠳᠤ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠤᠨ ᠨᠥᠬᠥᠪᠥᠷᠢ ᠵᠢ 25%᠎ᠠᠴᠠ ᠳᠣᠣᠷ᠎ᠠ ᠪᠠᠢ᠌ᠯᠭ᠋ᠠᠬᠤ ᠦᠭᠡᠢ᠂ ᠲᠥᠪ᠎ᠤᠨ ᠡᠳ᠋᠎ᠤᠨ ᠵᠠᠰᠠᠭ ᠳᠤᠮᠳᠠ ᠪᠠᠷᠠᠭᠤᠨ ᠬᠡᠰᠡᠭ ᠵᠢᠴᠢ ᠵᠡᠭᠦᠨ ᠬᠣᠢ᠌ᠲᠤ ᠣᠷᠣᠨ᠎ᠳᠤ 45% ᠵᠢᠨ ᠨᠥᠬᠥᠪᠦᠷᠢ ᠣᠯᠭᠣᠨ᠎ᠠ ᠭᠡᠵᠦ ᠲᠣᠭᠲᠠᠭ᠋ᠠᠪᠠ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠨᠢᠳᠤᠨᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠰᠦᠢ᠍ᠳᠬᠡᠯ᠎ᠢ ᠪᠠᠭ᠋ᠠᠰᠬᠠᠵᠤ ᠠᠰᠢᠭ ᠣᠯᠭᠣᠭᠰᠠᠨ᠎ᠨᠢ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠦᠴᠢᠷᠳᠡᠯ᠎ᠪᠠᠨ ᠰᠢᠢ᠍ᠳᠪᠦᠷᠢᠯᠡᠵᠦ ᠬᠥᠭᠵᠢᠯᠲᠡ᠎ᠪᠠᠨ ᠪᠠᠲᠤᠯᠠᠬᠤ ᠵᠢ ᠪᠦᠲᠦᠮᠵᠢᠲᠡᠢ ᠳᠡᠮᠵᠢᠵᠡᠢ᠃ ᠡᠨᠡ ᠵᠢᠯ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ 6 ᠲᠠᠯ᠎ᠠ ᠵᠢᠨ ᠰᠦᠢ᠍ᠳᠬᠡᠯ᠎ᠢ ᠪᠠᠭ᠋ᠠᠰᠬᠠᠬᠤ ᠠᠷᠭ᠎ᠠ ᠬᠡᠮᠵᠢᠶ᠎ᠡ ᠠᠪᠴᠤ᠂ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠠᠪᠰᠤᠷᠤᠨ ᠥᠪᠡᠷ᠎ᠤᠨ ᠦᠷᠲᠡᠭ᠎ᠢ᠎ᠨᠢ ᠪᠠᠭᠤᠷᠠᠭᠤᠯᠵᠤ᠂ ᠳᠡᠭᠡᠳᠦ ᠤᠷᠤᠰᠬᠠᠯ᠎ᠤᠨ ᠥᠷᠭᠡᠨ ᠬᠡᠷᠡᠭᠯᠡᠭᠡᠨ᠎ᠤ ᠲᠠᠸᠠᠷ᠎ᠤᠨ ᠦᠨ᠎ᠡ ᠵᠢᠨ ᠥᠰᠥᠯᠲᠡ ᠵᠢᠨ ᠨᠥᠯᠥᠭᠡᠯᠡᠬᠦ ᠳᠠᠷᠤᠯᠲᠠ ᠵᠢ ᠬᠥᠩᠭᠡᠷᠡᠭᠦᠯᠦᠨ᠎ᠡ᠃ ᠡᠭᠦᠨ᠎ᠳᠤ᠄ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠵᠢᠨ ᠳᠥᠯᠥᠬᠦ ᠲᠠᠩᠰᠠᠨ ᠡᠷᠦᠬᠡ ᠵᠢᠨ ᠪᠡᠯᠡᠨ ᠵᠣᠭᠣᠰ ᠭᠠᠷᠭ᠋ᠠᠨ ᠠᠪᠬᠤ ᠭᠠᠷᠳᠠᠮ᠎ᠤᠨ ᠰᠦᠢ᠍ᠳᠬᠡᠯ ᠬᠤᠷᠢᠶᠠᠬᠤ᠎ᠠᠴᠠ ᠭᠡᠯᠳᠦᠷᠢᠭᠦᠯᠬᠦ ᠵᠢ ᠵᠣᠷᠢᠭᠵᠢᠭᠤᠯᠵᠤ᠂ ᠰᠦᠯᠵᠢᠶ᠎ᠡ᠎ᠪᠠᠷ ᠳᠥᠯᠥᠬᠦ ᠬᠤᠳᠠᠯᠳᠤᠭ᠋ᠠᠨ᠎ᠤ ᠡᠷᠦᠬᠡ ᠵᠢᠨ ᠭᠠᠷᠳᠠᠮ᠎ᠤᠨ ᠰᠦᠢ᠍ᠳᠬᠡᠯ᠎ᠢ 10%᠎ᠪᠠᠷ ᠪᠠᠭᠤᠷᠠᠭᠤᠯᠵᠤ᠂ ᠪᠠᠩᠬᠢ ᠵᠢᠨ ᠺᠠᠷᠲ᠎ᠪᠠᠷ ᠲᠥᠯᠥᠬᠦ ᠭᠠᠷᠳᠠᠮ᠎ᠤᠨ ᠰᠦᠢ᠍ᠳᠬᠡᠯ᠎ᠢ ᠪᠠᠭᠤᠷᠠᠭᠤᠯᠵᠤ᠂ ᠵᠢᠵᠢᠭ ᠪᠢᠴᠢᠯ ᠠᠵᠤ ᠠᠬᠤᠶ᠋ᠢᠯᠠᠯ᠎ᠤᠨ ᠪᠠᠩᠬᠢ ᠠᠯᠤᠰᠯᠠᠨ ᠲᠠᠩᠰᠠ ᠰᠢᠯᠵᠢᠭᠦᠯᠵᠦ ᠵᠣᠭᠣᠰ ᠭᠤᠪᠢᠭᠤᠯᠬᠤ ᠭᠠᠷᠳᠠᠮ᠎ᠤᠨ ᠰᠦᠢ᠍ᠳᠬᠡᠯ᠎ᠢ ᠬᠠᠰᠤᠵᠤ ᠭᠡᠯᠳᠦᠷᠢᠭᠦᠯᠬᠦ ᠵᠢ ᠠᠬᠢᠭᠤᠯᠵᠤ᠂ ᠠᠦ᠋ᠲ᠋ᠣ᠋ ᠵᠣᠭᠣᠰ ᠭᠠᠷᠭ᠋ᠠᠨ ᠠᠪᠬᠤ ᠮᠠᠰᠢᠨ᠎ᠤ ᠪᠠᠩᠬᠢ ᠠᠯᠤᠰᠯᠠᠨ ᠪᠡᠯᠡᠨ ᠵᠣᠭᠣᠰ ᠭᠠᠷᠭ᠋ᠠᠨ ᠠᠪᠬᠤ ᠭᠠᠷᠳᠠᠮ᠎ᠤᠨ ᠰᠦᠢ᠍ᠳᠬᠡᠯ᠎ᠢ ᠪᠠᠭᠤᠷᠠᠭᠤᠯᠬᠤ ᠵᠢ ᠠᠬᠢᠭᠤᠯᠬᠤ ᠵᠡᠷᠭᠡ ᠪᠠᠭᠲᠠᠨ᠎ᠠ᠃ ᠵᠢᠱ᠌ᠢᠯᠲᠡ᠎ᠪᠠᠷ ᠡᠳᠡᠭᠡᠷ ᠠᠷᠭ᠎ᠠ ᠬᠡᠮᠵᠢᠶ᠎ᠡ᠎ᠨᠢ ᠠᠵᠤ ᠠᠬᠤᠶ᠋ᠢᠯᠠᠯ ᠪᠣᠯᠤᠨ ᠤᠯᠠᠨ ᠲᠦᠮᠡᠨ᠎ᠳᠤ ᠵᠢᠯ ᠪᠦᠷᠢ 240 ᠳ᠋ᠦᠩᠰᠢᠭᠤᠷ ᠲᠥᠭᠥᠷᠢᠭ᠎ᠤᠨ ᠳᠠᠷᠤᠭ᠋ᠠᠰᠤ ᠵᠢ ᠬᠥᠩᠭᠡᠯᠡᠬᠦ ᠪᠣᠯᠤᠨ᠎ᠠ᠃
      ᠬᠣᠲᠠ ᠪᠠᠯᠭ᠋ᠠᠰᠤᠴᠢᠯᠠᠬᠤ ᠶᠠᠪᠤᠴᠠ᠎ᠳᠠᠬᠢ ᠬᠣᠲᠠ᠎ᠳᠤ ᠣᠷᠣᠵᠤ ᠬᠦᠴᠦ ᠶᠠᠪᠤᠭᠰᠠᠳ᠂ ᠰᠢᠨ᠎ᠡ᠎ᠪᠠᠷ ᠠᠵᠢᠯ ᠣᠯᠤᠭᠰᠠᠨ ᠣᠶᠤᠲᠠᠨ ᠵᠡᠷᠭᠡ ᠬᠣᠲᠠ ᠵᠢᠨ ᠰᠢᠨ᠎ᠡ ᠠᠷᠠᠳ᠂ ᠵᠠᠯᠠᠭᠤᠴᠤᠳ᠎ᠤᠨ ᠦᠨᠳᠦᠰᠦᠨ ᠣᠷᠣᠨ ᠰᠠᠭᠤᠴᠠ ᠵᠢᠨ ᠬᠡᠷᠡᠭᠴᠡᠭᠡ ᠵᠢ ᠪᠠᠲᠤᠯᠠᠬᠤ ᠵᠢᠨ ᠲᠤᠰᠠᠳᠠ᠂ ᠬᠤᠷᠠᠯ᠎ᠳᠤ᠂ ᠨᠢᠭᠡ᠎ᠳᠤ᠂ ᠬᠣᠲᠠ ᠵᠢᠨ ᠵᠠᠰᠠᠭ᠎ᠤᠨ ᠣᠷᠳᠣᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠬᠦᠴᠦᠨ᠎ᠤ ᠣᠷᠣᠯᠴᠠᠬᠤ ᠵᠢ ᠵᠣᠷᠢᠭᠵᠢᠭᠤᠯᠤᠨ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠵᠤ᠂ ᠲᠦᠷᠢᠶᠡᠰᠦᠨ ᠮᠥᠩᠭᠥ᠎ᠨᠢ ᠵᠠᠬ᠎ᠠ ᠳᠡᠯᠭᠡᠭᠦᠷ᠎ᠤᠨ ᠲᠦᠪᠰᠢᠨ᠎ᠠᠴᠠ ᠳᠣᠤᠷ᠎ᠠ ᠪᠠᠶ᠋ᠢᠭ᠎ᠠ ᠵᠢᠵᠢᠭ ᠬᠡᠯᠪᠡᠷᠢ ᠵᠢᠨ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠬᠣᠶᠠᠷ᠎ᠲᠤ᠂ ᠬᠥᠮᠦᠨ ᠠᠮᠠ᠎ᠨᠢ ᠴᠡᠪᠡᠷ ᠨᠡᠮᠡᠭᠳᠡᠯ᠎ᠲᠠᠢ ᠲᠣᠮᠣ ᠬᠣᠲᠠ ᠵᠡᠷᠭᠡ᠎ᠳᠤ᠂ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠥᠪᠡᠷ᠎ᠤᠨ ᠪᠠᠢ᠌ᠭ᠎ᠠ ᠭᠠᠵᠠᠷ ᠰᠢᠷᠣᠶ᠎ᠪᠠᠨ ᠠᠰᠢᠭᠯᠠᠨ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠᠶ᠋ᠢᠭᠤᠯᠵᠤ᠂ ᠰᠤᠯᠠ ᠪᠠᠢ᠌ᠭ᠎ᠠ ᠪᠠ ᠦᠷ᠎ᠡ ᠠᠰᠢᠭ ᠵᠶ᠋ᠠᠷ ᠳᠣᠤᠷ᠎ᠠ ᠬᠤᠳᠠᠯᠳᠤᠭ᠋ᠠᠨ᠎ᠤ ᠪᠠ ᠠᠯᠪᠠᠨ᠎ᠳᠤ ᠬᠡᠷᠡᠭᠯᠡᠬᠦ ᠭᠡᠷ ᠪᠠᠢ᠌ᠰᠢᠩ᠂ ᠦᠢ᠍ᠯᠡᠳᠪᠦᠷᠢ ᠵᠢᠨ ᠪᠠᠢ᠌ᠰᠢᠩ ᠵᠡᠷᠭᠡ ᠵᠢ ᠪᠠᠲᠤᠯᠠᠭ᠎ᠠ ᠵᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠣᠯᠭ᠋ᠠᠨ ᠥᠭᠡᠷᠡᠴᠢᠯᠡᠨ ᠪᠠᠶ᠋ᠢᠭᠤᠯᠬᠤ ᠵᠢ ᠵᠥᠪᠰᠢᠶᠡᠷᠡᠨ᠎ᠡ᠃ ᠭᠤᠷᠪᠠ᠎ᠳᠤ᠂ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠣᠷᠣᠨ ᠰᠠᠭᠤᠴᠠ ᠵᠢᠨ ᠲᠦᠷᠢᠶᠡᠰᠦᠯᠡᠯ᠎ᠤᠨ ᠠᠵᠤ ᠠᠬᠤᠶ᠋ᠢᠯᠠᠯ ᠬᠤᠪᠢ ᠬᠥᠮᠦᠨ᠎ᠳᠤ ᠣᠷᠣᠨ ᠰᠠᠭᠤᠴᠠ ᠲᠦᠷᠢᠶᠡᠰᠦᠯᠡᠭᠦᠯᠬᠦ᠎ᠳᠤ ᠭᠠᠶ᠋ᠢᠯᠢ ᠪᠤᠳᠤᠬᠤ ᠲᠥᠬᠥᠮ ᠠᠷᠭ᠎ᠠ ᠵᠢ ᠬᠡᠷᠡᠭᠯᠡᠵᠦ᠂ 5% ᠵᠢᠨ ᠲᠠᠲᠠᠪᠤᠷᠢᠯᠠᠬᠤ ᠨᠣᠷᠮ᠎ᠠ ᠶᠣᠰᠣᠭ᠋ᠠᠷ 1.5% ᠵᠢᠨ ᠥᠷᠲᠡᠭ ᠨᠡᠮᠡᠭᠳᠡᠯ᠎ᠤᠨ ᠭᠠᠶ᠋ᠢᠯᠢ ᠵᠢ ᠬᠠᠰᠤᠨ ᠬᠥᠩᠭᠡᠯᠡᠨ᠎ᠡ; ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ᠎ᠨᠢ ᠬᠤᠪᠢ ᠬᠥᠮᠦᠨ᠂ ᠲᠤᠰᠬᠠᠶ᠋ᠢᠵᠢᠭᠰᠠᠨ ᠬᠡᠪᠴᠢᠶᠡᠵᠢᠭᠰᠡᠨ ᠣᠷᠣᠨ ᠰᠠᠭᠤᠴᠠ ᠵᠢᠨ ᠲᠦᠷᠢᠶᠡᠰᠦᠯᠡᠯ᠎ᠤᠨ ᠠᠵᠤ ᠠᠬᠤᠶ᠋ᠢᠯᠠᠯ᠎ᠳᠤ ᠣᠷᠣᠨ ᠰᠠᠭᠤᠴᠠ ᠲᠦᠷᠢᠶᠡᠰᠦᠯᠡᠭᠦᠯᠬᠦ᠎ᠳᠤ᠂ 4% ᠵᠢᠨ ᠭᠠᠶ᠋ᠢᠯᠢ ᠵᠢᠨ ᠨᠤᠷᠮ᠎ᠠ᠎ᠪᠠᠷ ᠭᠡᠷ ᠬᠦᠷᠦᠩᠭᠡ ᠵᠢᠨ ᠭᠠᠶ᠋ᠢᠯᠢ ᠵᠢ ᠬᠠᠰᠤᠨ ᠲᠠᠲᠠᠪᠤᠷᠢᠯᠠᠨ᠎ᠠ ᠭᠡᠵᠡᠢ᠃
      ᠬᠤᠷᠠᠯ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠮᠦᠨ ᠠᠮᠠ ᠪᠣᠯᠤᠨ ᠲᠥᠯᠥᠪᠯᠡᠭᠡᠲᠦ ᠦᠷᠡᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠦᠯ)》 ᠵᠢ ᠪᠠᠲᠤᠯᠠᠵᠤ᠂ ᠲᠥᠰᠦᠯ᠎ᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠰᠢ ᠵᠢᠨ ᠫᠢᠩ ᠲᠠᠨᠽᠠᠨᠢᠶ᠎ᠠ ᠵᠢᠨ ᠶᠡᠷᠦᠩᠬᠡᠶ᠋ᠢᠯᠡᠭᠴᠢ ᠬᠠᠰᠠᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠺᠤᠩᠭᠣ᠋ (ᠪᠦ᠊) ᠵᠢᠨ ᠶᠡᠷᠦᠩᠭᠡᠢ᠍ᠢ᠍ᠯᠡᠭᠴᠢ ᠰᠠᠰᠦ᠋᠎ᠲᠠᠢ ᠤᠲᠠᠰᠤ᠎ᠪᠠᠷ ᠶᠠᠷᠢᠯᠴᠠᠵᠠᠢ
ᠯᠢ ᠺᠸ ᠴᠢᠶᠠᠩ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠢᠰᠷᠧᠯ᠎ᠤᠨ ᠶᠡᠷᠦᠩᠬᠡᠢ ᠰᠠᠶ᠋ᠢᠳ ᠪᠸᠨ᠋ᠸᠢᠢ᠍ᠳ᠋ᠸ᠎ᠳᠤ ᠪᠠᠶᠠᠷ᠎ᠤᠨ ᠴᠠᠬᠢᠯᠭ᠋ᠠᠨ ᠶᠠᠪᠤᠭᠤᠯᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
 
            