ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-06-23

      ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 22᠎ᠤᠨ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 6 ᠰᠠᠷ᠎ᠠ ᠵᠢᠨ 21᠎ᠤ ᠡᠳᠦᠷ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ ᠭᠠᠳᠠᠭ᠋ᠠᠳᠤ ᠵᠢᠨ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠵᠦ᠂ ᠲᠡᠳᠡᠨ᠎ᠢ ᠦᠨᠡᠨ ᠪᠣᠳᠠᠲᠠᠢ ᠳᠤᠮᠳᠠᠳᠤ ᠤᠯᠤᠰ᠎ᠢ ᠨᠡᠩ ᠭᠦᠨᠵᠡᠭᠡᠢ ᠣᠶ᠋ᠢᠯᠠᠭ᠋ᠠᠵᠤ᠂ ᠪᠤᠳᠤᠯ ᠪᠣᠯᠤᠨ ᠲᠦᠷᠦᠭᠳᠡᠯ ᠵᠶ᠋ᠠᠨ ᠨᠡᠩ ᠤᠯᠠᠨ ᠬᠥᠮᠦᠨ᠎ᠳᠤ ᠲᠠᠨᠢᠯᠴᠠᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠤ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠭᠡᠷᠡᠢ ᠭᠡᠵᠦ ᠵᠣᠷᠢᠭᠵᠢᠭᠤᠯᠪᠠ᠃

      ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠲᠠ ᠨᠠᠷ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢ ᠰᠠᠨᠠᠭ᠋ᠠᠴᠢᠯᠠᠭ᠎ᠠ᠎ᠠᠴᠠ᠎ᠪᠠᠨ ᠣᠶ᠋ᠢᠯᠠᠭ᠋ᠠᠵᠤ ᠪᠠᠢ᠍ᠢ᠍ᠬᠤ᠎ᠨᠢ ᠳᠤᠮᠳᠠᠳᠤ ᠤᠯᠤᠰ᠎ᠤᠨ ᠥᠩᠭᠡᠷᠡᠭᠰᠡᠨ᠂ ᠤᠳᠤ᠂ ᠢᠷᠡᠭᠡᠳᠦᠢ ᠵᠢ ᠣᠶ᠋ᠢᠯᠠᠭ᠋ᠠᠬᠤ᠎ᠳᠤ ᠲᠤᠶ᠋ᠢᠯ᠎ᠤᠨ ᠲᠤᠰᠠᠳᠠᠢ ᠶᠤᠮ ᠭᠡᠵᠤ ᠬᠡᠯᠡᠵᠠᠢ᠃

      ᠰᠢ ᠵᠢᠨ ᠫᠢᠩ᠂ ᠥᠨᠥᠳᠦᠷ᠎ᠤᠨ ᠳᠤᠮᠳᠠᠳᠤ ᠤᠯᠤᠰ᠎ᠢ ᠣᠶ᠋ᠢᠯᠠᠭ᠋ᠠᠬᠤ᠎ᠳᠤ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠣᠶ᠋ᠢᠯᠠᠭ᠋ᠠᠬᠤ ᠬᠡᠷᠡᠭᠲᠡᠢ᠃ ᠲᠠ ᠨᠠᠷ᠂ ᠳᠤᠮᠳᠠᠳᠤ ᠤᠯᠤᠰ᠎ᠤᠨ ᠡᠪ ᠬᠠᠮᠲᠤ ᠨᠠᠮ ᠠᠵᠤ ᠠᠬᠤᠶ ᠵᠢ ᠬᠥᠭᠵᠢᠭᠦᠯᠵᠦ᠂ ᠶᠠᠳᠠᠭᠤ ᠬᠦᠴᠢᠷᠳᠡᠯ᠎ᠢ ᠠᠷᠢᠯᠭ᠋ᠠᠬᠤ᠎ᠪᠠᠷ ᠬᠦᠴᠦᠯᠡᠨ ᠴᠢᠷᠮᠠᠶ᠋ᠢᠵᠤ᠂ ᠪᠤᠰᠤᠳ ᠤᠯᠤᠰ᠎ᠢ ᠢᠳᠡᠪᠬᠢᠲᠡᠶ ᠬᠠᠪᠰᠤᠷᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠲᠠᠢ ᠲᠡᠮᠡᠴᠡᠵᠦ ᠪᠠᠶ᠋ᠢᠨ᠎ᠠ ᠭᠡᠵᠦ ᠳᠤᠷᠠᠳᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠡᠳᠡᠭᠡᠷ ᠶᠠᠪᠤᠳᠠᠯ᠎ᠢ ᠬᠢᠵᠦ ᠪᠠᠶ᠋ᠢᠬᠤ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠬᠦᠯᠬᠦ ᠲᠦᠷᠦ ᠵᠢᠨ ᠨᠠᠮ ᠪᠤᠯᠤᠨ᠎ᠠ᠂ ᠮᠦᠨ ᠴᠤ᠌ ᠬᠥᠮᠦᠨ ᠲᠥᠷᠥᠯᠬᠢᠲᠡᠨ᠎ᠤ ᠲᠠᠪᠰᠢᠯᠳᠠ ᠵᠢᠨ ᠦᠢ᠍ᠯᠡᠰ᠎ᠢ ᠠᠬᠢᠭᠤᠯᠬᠤ ᠵᠢᠨ ᠲᠥᠯᠥᠭᠡ ᠲᠡᠮᠡᠴᠡᠬᠦ ᠲᠦᠷᠦ ᠵᠢᠨ ᠨᠠᠮ ᠪᠤᠯᠤᠨ᠎ᠠ ᠭᠡᠵᠤ ᠵᠢᠭ᠋ᠠᠵᠤ ᠭᠠᠷᠭ᠋ᠠᠵᠠᠢ᠃

      ᠰᠢ ᠵᠢᠨ ᠫᠢᠩ᠂ ᠳᠤᠮᠳᠠᠳᠤ ᠤᠯᠤᠰ᠎ᠤᠨ ᠶᠡᠷᠦ ᠵᠢᠨ ᠦᠬᠡᠨ᠎ᠳᠤ᠄ ᠵᠠᠭᠤᠨᠲᠠ ᠰᠣᠨᠣᠰᠤᠭᠰᠠᠨ᠎ᠠᠴᠠ ᠨᠢᠭᠡᠨᠳᠡ ᠦᠵᠡᠭᠰᠡᠨ᠎ᠨᠢ ᠳᠡᠭᠡᠷ᠎ᠡ ᠬᠡᠳᠡᠭ᠃ ᠲᠠ ᠨᠠᠷ᠎ᠤᠨ ᠳᠤᠮᠳᠠᠳᠤ ᠤᠯᠤᠰ᠎ᠤᠨ ᠡᠯ᠎ᠡ ᠭᠠᠵᠠᠷ ᠵᠶ᠋ᠠᠷ ᠢᠯᠡᠭᠦᠬᠡᠨ ᠶᠠᠪᠤᠵᠤ ᠢᠯᠡᠬᠦᠬᠡᠨ ᠦᠵᠡᠵᠤ᠂ ᠦᠨᠡᠨ ᠪᠣᠳᠠᠲᠠᠢ ᠳᠤᠮᠳᠠᠳᠤ ᠤᠯᠤᠰ᠎ᠢ ᠨᠡᠩ ᠭᠦᠨᠵᠡᠭᠡᠢ ᠣᠶ᠋ᠢᠯᠠᠭ᠋ᠠᠬᠤ ᠵᠢᠨ ᠵᠡᠷᠬᠡ᠎ᠪᠠᠷ᠂ ᠲᠠ ᠨᠠᠷ᠎ᠤᠨ ᠪᠤᠳᠤᠯ ᠪᠠ ᠲᠦᠷᠦᠭᠳᠡᠯ ᠵᠶ᠋ᠠᠨ ᠨᠡᠩ ᠤᠯᠠᠨ ᠬᠥᠮᠦᠨ᠎ᠳᠤ ᠲᠠᠨᠢᠯᠴᠠᠭᠤᠯᠤᠨ ᠥᠭᠴᠦ᠂ ᠡᠯ᠎ᠡ ᠤᠯᠤᠰ᠎ᠤᠨ ᠠᠷᠠᠳ ᠲᠦᠮᠡᠨ᠎ᠤ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠵᠶ᠋ᠠᠨ ᠪᠠᠳᠠᠷᠠᠭᠤᠯᠬᠤ ᠵᠢ ᠤᠭᠲᠤᠵᠦ ᠪᠠᠢ᠍ᠢ᠍ᠨ᠎ᠠ ᠭᠡᠵᠦ ᠢᠯᠡᠷᠬᠡᠢ᠍ᠢ᠍ᠯᠡᠪᠡ᠃

      ᠤᠢ᠍ᠢ᠍ᠷ᠎ᠠ᠎ᠳᠤ᠂ ᠪᠡᠭᠡᠵᠢᠩ ᠶᠡᠬᠡ ᠰᠤᠷᠭ᠋ᠠᠭᠤᠯᠢ᠎ᠳᠤ ᠰᠤᠷᠤᠯᠴᠠᠵᠤ ᠪᠠᠢ᠍ᠢ᠍ᠭ᠎ᠠ 32 ᠤᠯᠤᠰ᠎ᠤᠨ 45 ᠭᠠᠳᠠᠭ᠋ᠠᠳᠤ ᠵᠢᠨ ᠰᠤᠷᠤᠬ᠍ᠴᠢᠳ᠎ᠤᠨ ᠲᠥᠯᠥᠭᠡᠯᠡᠭᠴᠢ ᠰᠢ ᠵᠢᠨ ᠫᠢᠩ᠎ᠳᠤ ᠵᠠᠬᠢᠳᠠᠯ ᠪᠢᠴᠢᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠤᠢ᠎ᠳᠤ ᠰᠠᠢ᠍ᠢ᠍ᠨ ᠰᠠᠶ᠋ᠢᠬᠠᠨ ᠵᠥᠩᠨᠡᠯ ᠪᠡᠯᠭᠡᠲᠡᠯ ᠵᠶ᠋ᠠᠨ ᠳᠡᠪᠰᠢᠭᠦᠯᠪᠡ᠃ ᠵᠠᠬᠢᠳᠠᠯ᠎ᠳᠠᠭᠠᠨ ᠲᠡᠳᠡᠨ᠎ᠤ ᠳᠤᠮᠳᠠᠳᠤ ᠤᠯᠤᠰ᠎ᠲᠤ ᠰᠤᠷᠤᠯᠴᠠᠵᠤ ᠠᠮᠢᠳᠤᠷᠠᠵᠤ ᠪᠠᠶ᠋ᠢᠭ᠎ᠠ ᠲᠥᠷᠥᠭᠳᠡᠯ ᠤᠢ᠍ᠢ᠍ᠯᠠᠭ᠋ᠠᠯᠲᠠ᠎ᠪᠠᠨ ᠶᠠᠷᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠳᠤᠮᠳᠠᠳᠤ ᠤᠯᠤᠰ ᠠᠭᠤᠤ ᠶᠡᠬᠡ ᠠᠮᠵᠢᠯᠲᠠ ᠪᠦᠲᠦᠮᠵᠢ ᠣᠯᠤᠭᠰᠠᠨ᠎ᠢ ᠴᠢᠩ ᠰᠡᠳᠬᠢᠯ᠎ᠠᠴᠠ᠎ᠪᠠᠨ ᠮᠠᠭᠲᠠᠨ ᠰᠠᠶ᠋ᠢᠰᠢᠶᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠳᠡᠭᠡᠳᠦ ᠬᠡᠮᠵᠢᠶ᠎ᠡ᠎ᠪᠠᠷ ᠮᠡᠳᠡᠷᠡᠵᠦ ᠪᠠᠶ᠋ᠢᠬᠤ᠎ᠪᠠᠨ ᠢᠯᠡᠳᠬᠡᠪᠡ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠠᠨᠽᠠᠨᠢᠶ᠎ᠠ ᠵᠢᠨ ᠶᠡᠷᠦᠩᠬᠡᠶ᠋ᠢᠯᠡᠭᠴᠢ ᠬᠠᠰᠠᠩ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠺᠤᠩᠭᠣ᠋ (ᠪᠦ᠊) ᠵᠢᠨ ᠶᠡᠷᠦᠩᠭᠡᠢ᠍ᠢ᠍ᠯᠡᠭᠴᠢ ᠰᠠᠰᠦ᠋᠎ᠲᠠᠢ ᠤᠲᠠᠰᠤ᠎ᠪᠠᠷ ᠶᠠᠷᠢᠯᠴᠠᠵᠠᠢ
ᠯᠢ ᠺᠸ ᠴᠢᠶᠠᠩ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠢᠰᠷᠧᠯ᠎ᠤᠨ ᠶᠡᠷᠦᠩᠬᠡᠢ ᠰᠠᠶ᠋ᠢᠳ ᠪᠸᠨ᠋ᠸᠢᠢ᠍ᠳ᠋ᠸ᠎ᠳᠤ ᠪᠠᠶᠠᠷ᠎ᠤᠨ ᠴᠠᠬᠢᠯᠭ᠋ᠠᠨ ᠶᠠᠪᠤᠭᠤᠯᠪᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠠᠭᠤᠨ ᠣᠷᠣᠨ᠎ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ 《ᠨᠢᠭᠡ ᠪᠦᠰᠡ ᠨᠢᠭᠡ ᠵᠠᠮ》᠎ᠤᠨ ᠠᠽᠢᠶ᠎ᠠ ᠲᠢᠪ ᠨᠣᠮᠣᠬᠠᠨ ᠲᠡᠯᠡᠶ ᠵᠢᠨ ᠣᠷᠣᠨ᠎ᠤ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠳᠡᠭᠡᠳᠦ ᠲᠠᠰ᠎ᠤᠨ ᠬᠤᠷᠠᠯ᠎ᠳᠤ ᠪᠢᠴᠢᠭ᠎ᠤᠨ ᠬᠡᠯᠪᠡᠷᠢ᠎ᠪᠠᠷ ᠪᠠᠶᠠᠷ᠎ᠤᠨ ᠦᠭᠡ ᠬᠡᠯᠡᠪᠡ
 
            